2022ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠣᠨᠴᠠ ᠮᠡᠳᠡᠭᠡᠯᠡᠯ

2022-03-09 11:39:34

ᠵᠣᠬᠢᠶᠠᠭ᠍ᠴᠢ᠄ ᠰᠦᠡᠭ ᠱᠤᠸᠠᠡᠭ ᠣᠩᠱᠢᠭ᠍ᠰᠠᠨ ᠣᠳᠠᠭ᠎ᠠ᠄ 3

ᠳ᠋ᠦ᠋ ᠮᠢᠩ ᠶᠠᠨ ᠭᠡᠱᠢᠭᠦᠨ᠄ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ 》 ᠤ᠋ ᠡᠷᠬᠢᠮ ᠳᠡᠭᠡᠳᠦ ᠢᠷᠠᠭᠤ ᠠᠯᠳᠠᠷ ᠢ᠋ ᠢᠮᠠᠭ᠍ᠲᠠ ᠰᠠᠢᠲᠤᠷ ᠬᠠᠮᠠᠭᠠᠯᠠᠨ᠎ᠠ

QQ截图20220309112951.png

ᠳ᠋ᠦ᠋ ᠮᠢᠩ ᠶᠠᠨ ᠭᠡᠱᠢᠭᠦᠨ


ᠶᠡᠷᠦᠩᠬᠡᠢ ᠱᠦᠵᠢ ᠰᠢ ᠵᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ ᠤ᠋ᠨ ᠠᠷᠠᠳ᠎ᠤ᠋ᠨ ᠲᠥᠯᠥᠭᠡᠯᠡᠭ᠌ᠴᠢᠳ᠎ᠦᠨ ᠶᠡᠬᠡ ᠬᠤᠷᠠᠯ ᠤ᠋ᠨ ᠲᠠᠪᠤᠳᠤᠭᠠᠷ ᠬᠤᠷᠠᠯ ᠤ᠋ᠨ ᠥᠪᠥᠷ ᠮᠣᠩᠭᠣᠯ ᠤ᠋ᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ᠂ ᠮᠠᠨ᠎ᠤ ᠤᠯᠤᠰ ᠪᠣᠯ ᠤᠯᠠᠨ ᠦᠨᠳᠦᠰᠦᠲᠡᠨ᠎ᠲᠡᠶ ᠨᠢᠭᠡᠳᠦᠭᠰᠡᠨ ᠤᠯᠤᠰ ᠮᠥᠨ᠂ ᠦᠨᠳᠦᠰᠦᠲᠡᠨ᠎ᠨᠦᠭᠦᠳ ᠪᠦᠯᠬᠦᠮᠳᠡᠯ᠎ᠲᠡᠶ ᠡᠶ᠎ᠡ ᠵᠣᠬᠢᠴᠠᠩᠭᠤᠢ ᠪᠠᠢᠪᠠᠯ ᠤᠯᠤᠰ ᠣᠷᠣᠨ ᠬᠥᠭ᠌ᠵᠢᠨ ᠮᠠᠨᠳᠤᠵᠤ᠂ ᠨᠡᠢᠭᠡᠮ ᠠᠮᠤᠷ ᠲᠣᠭ᠍ᠲᠠᠭᠤᠨ᠂ ᠠᠷᠠᠳ ᠲᠦᠮᠡᠨ ᠵᠣᠯ ᠵᠢᠷᠭᠠᠯ᠎ᠲᠠᠶ ᠠᠮᠢᠳᠤᠷᠠᠵᠤ ᠴᠢᠳᠠᠨ᠎ᠠ; ᠡᠭᠦᠨ᠎ᠦ ᠡᠰᠡᠷᠭᠦ᠎ᠪᠡᠷ ᠬᠢᠪᠡᠯ ᠤᠯᠤᠰ ᠣᠷᠣᠨ ᠲᠤᠷᠦᠢ᠌ᠳᠡᠵᠦ᠍᠂ ᠨᠡᠢᠭᠡᠮ ᠲᠣᠭ᠍ᠲᠠᠭᠤᠨ ᠤᠢ᠍ᠭᠡᠢ ᠪᠤᠯᠵᠦ᠍᠂ ᠠᠷᠠᠳ ᠲᠦᠮᠡᠨ ᠵᠣᠪᠠᠯᠠᠩ ᠠᠮᠰᠠᠬᠤ ᠪᠣᠯᠤᠨ᠎ᠠ ᠬᠡᠵᠤ ᠵᠢᠭᠠᠵᠤ ᠭᠠᠷᠭᠠᠪᠠ᠃

ᠶᠠᠷᠢᠶ᠎ᠠ ᠶ᠋ᠢ ᠨᠠᠷᠢᠨ ᠬᠢᠨᠠᠮᠠᠭᠠᠢ ᠰᠤᠳᠤᠯᠤᠨ ᠤᠩᠱᠢᠭᠰᠠᠨ ᠪᠦᠬᠦ᠌ ᠤᠯᠤᠰ ᠤ᠋ᠨ ᠤᠯᠤᠰ ᠲᠦᠷᠦ᠍ ᠢ᠋ᠢᠨ ᠵᠥᠪᠯᠡᠯᠭᠡᠨ᠎ᠦ ᠭᠡᠱᠢᠭᠦᠨ᠂ ᠬᠥᠯᠥᠨ ᠪᠤᠢ᠌ᠷ ᠬᠤᠳᠠ ᠢ᠋ᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠦᠨ ᠲᠤᠪᠴᠢᠶ᠎ᠠ ᠢ᠋ᠢᠨ ᠳᠡᠳ᠋ ᠳᠠᠷᠤᠭ᠎ᠠ ᠳ᠋ᠦ᠋ ᠮᠢᠩ ᠶᠠᠨ᠄《ᠮᠠᠨ᠎ᠤ ᠤᠯᠤᠰ ᠤ᠋ᠨ ᠬᠠᠮᠤᠭ ᠤ᠋ᠨ ᠡᠷᠲᠡ ᠪᠠᠢᠭᠤᠯᠤᠭ᠍ᠳᠠᠭ᠍ᠰᠠᠨ ᠦᠨᠳᠦᠰᠦᠲᠡᠨ᠎ᠦ ᠥᠪᠡᠷᠲᠡᠭᠡᠨ ᠵᠠᠰᠠᠬᠤ ᠣᠷᠣᠨ ᠪᠣᠯᠤᠭ᠍ᠰᠠᠨ᠎ᠤ ᠬᠤᠪᠢ᠎ᠳᠤ ᠥᠪᠥᠷ ᠮᠣᠩᠭᠣᠯ ᠨᠢ ᠦᠨᠳᠦᠰᠦᠲᠡᠨ᠎ᠦ ᠪᠦᠯᠬᠦᠮᠳᠡᠯ᠎ᠦᠨ ᠢᠷᠠᠭᠤ ᠠᠯᠳᠠᠷᠲᠤ ᠤᠯᠠᠮᠵᠢᠯᠠᠯ᠎ᠲᠠᠶ ᠶᠤᠮ᠂ 〈ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠪᠤᠭᠤᠲᠤ ᠢ᠋ᠢᠨ ᠪᠤᠯᠤᠳ ᠲᠡᠮᠤᠷ᠎ᠦᠨ ᠺᠣᠮᠫᠠᠨᠢ ᠢ᠋ᠢ ᠪᠠᠢᠭᠤᠯᠤᠭᠰᠠᠨ〉 〈ᠭᠤᠷᠪᠠᠨ ᠮᠢᠩᠭᠠᠨ ᠥᠨᠥᠴᠢᠨ ᠬᠡᠦᠬᠡᠳ ᠢ᠋ ᠥᠪᠥᠷ ᠮᠣᠩᠭᠣᠯ᠎ᠳᠤ ᠠᠪᠴᠢᠷᠠᠭᠰᠠᠨ〉 ᠵᠡᠷᠭᠡ ᠦᠨᠳᠦᠰᠦᠲᠡᠨ᠎ᠦ ᠪᠦᠯᠬᠦᠮᠳᠡᠯ᠎ᠦᠨ ᠰᠠᠢᠬᠠᠨ ᠳᠠᠭᠤᠷᠢᠰᠭᠠᠯ ᠢ᠋ ᠥᠷᠭᠡᠨ ᠲᠦᠮᠡᠨ ᠢ᠋ᠢᠡᠷ ᠢ᠋ᠢᠡᠨ ᠮᠠᠭ᠍ᠲᠠᠨ ᠳᠠᠭᠤᠯᠠᠳᠠᠭ᠃ ᠦᠨᠳᠦᠰᠦᠲᠡᠨ᠎ᠨᠦᠭᠦᠳ᠎ᠦᠨ ᠠᠷᠠᠳ ᠲᠦᠮᠡᠨ ᠨᠠᠮ ᠪᠠ ᠤᠯᠤᠰ ᠣᠷᠣᠨ᠎ᠢᠶᠠᠨ ᠴᠢᠩᠭ᠎ᠠ ᠮᠡᠳᠡᠷᠡᠬᠦ᠌ ᠰᠡᠳᠭᠢᠯᠭᠡ᠎ᠶ᠋ᠢ ᠡᠪᠦᠷᠯᠡᠨ᠂ ᠪᠦᠯᠬᠦᠮᠳᠡᠨ ᠨᠢᠭᠡᠳᠴᠦ᠍᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ᠂ ᠭᠠᠷ ᠭᠠᠷ᠎ᠵᠢᠡᠨ ᠬᠣᠯᠪᠣᠨ ᠵᠡᠷᠭᠡ᠎ᠪᠡᠷ ᠤᠷᠤᠭ᠍ᠰᠢᠯᠠᠵᠤ᠂ 〈ᠵᠢᠱ᠌ᠢᠶᠡᠴᠢ ᠥᠪᠡᠷᠲᠡᠭᠡᠨ ᠵᠠᠰᠠᠬᠤ ᠣᠷᠣᠨ〉 ᠤ᠋ ᠡᠷᠬᠢᠮ ᠳᠡᠭᠡᠳᠦ ᠢᠷᠠᠭᠤ ᠠᠯᠳᠠᠷ ᠢ᠋ ᠣᠯᠤᠭ᠍ᠰᠠᠨ ᠪᠥᠭᠡᠳ ᠤᠷᠲᠤ ᠬᠤᠭᠤᠴᠠᠭ᠎ᠠ᠎ᠪᠠᠷ ᠬᠠᠮᠠᠭᠠᠯᠠᠵᠤ᠂ ᠤᠷᠲᠤ ᠬᠤᠭᠤᠴᠠᠭ᠎ᠠ᠎ᠪᠠᠷ ᠨᠢᠭᠲᠠᠷᠠᠨ ᠪᠦᠯᠬᠦᠮᠳᠡᠭ᠌ᠰᠡᠨ ᠰᠠᠢᠨ ᠰᠠᠢᠬᠠᠨ ᠪᠠᠢᠳᠠᠯ ᠢ᠋ ᠪᠠᠲᠤᠯᠠᠵᠤ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠠᠭᠤᠤ ᠶᠡᠬᠡ ᠡᠬᠡ ᠤᠯᠤᠰ᠎ᠲᠠᠶ ᠪᠡᠨ ᠰᠡᠳᠭᠢᠯ ᠰᠠᠨᠠᠭ᠎ᠠ ᠪᠡᠨ ᠨᠢᠭᠡᠳᠭᠡᠨ ᠬᠤᠪᠢ ᠵᠠᠶᠠᠭ᠎ᠠ ᠪᠡᠨ ᠬᠠᠮᠲᠤᠳᠬᠠᠭᠰᠠᠨ ᠭᠦᠨ ᠵᠤᠵᠠᠭᠠᠨ ᠬᠠᠢᠷ᠎ᠠ ᠰᠡᠳᠭᠢᠯᠭᠡ᠎ᠶ᠋ᠢ ᠢᠯᠡᠷᠡᠭᠦᠯᠦᠭᠰᠡᠨ ᠶᠤᠮ》 ᠭᠡᠵᠤ ᠤᠯᠤᠯᠳᠠ ᠲᠦᠷᠦᠭᠳᠡᠯ᠎ᠵᠢᠡᠨ ᠬᠤᠪᠢᠶᠠᠯᠴᠠᠵᠤ ᠭᠠᠷᠤᠯ᠎ᠠ᠃

ᠦᠨᠳᠦᠰᠦᠲᠡᠨ᠎ᠦ ᠪᠦᠯᠬᠦᠮᠳᠡᠯ ᠪᠣᠯ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠠᠮᠢᠨ ᠰᠤᠳᠠᠰᠤ ᠮᠥᠨ᠃ ᠳ᠋ᠦ᠋ ᠮᠢᠩ ᠶᠠᠨ᠂ ᠶᠡᠷᠦᠩᠬᠡᠢ ᠱᠦᠵᠢ ᠰᠢ ᠵᠢᠨ ᠫᠢᠩ᠎ᠦᠨ ᠦᠨᠳᠦᠰᠦᠲᠡᠨ᠎ᠦ ᠠᠵᠢᠯ ᠢ᠋ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠣᠨᠣᠪᠴᠢᠲᠠᠢ ᠡᠵᠡᠮᠳᠡᠨ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠨᠠᠮ ᠤ᠋ᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ ᠤ᠋ᠨ᠎ᠬᠣᠷᠢᠶᠠᠨ᠎ᠤ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ ᠢ᠋ᠢᠨ ᠦᠨᠳᠦᠰᠦᠲᠡᠨ᠎ᠦ ᠬᠠᠮᠲᠤ ᠢ᠋ᠢᠨ ᠴᠣᠭ᠍ᠴᠠ ᠢ᠋ᠢᠨ ᠤᠬᠠᠮᠰᠠᠷ ᠢ᠋ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠵᠤ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠤ᠋ ᠡᠷᠬᠢᠮ ᠳᠡᠭᠡᠳᠦ ᠢᠷᠠᠭᠤ ᠠᠯᠳᠠᠷ ᠢ᠋ ᠢᠮᠠᠭ᠍ᠲᠠ ᠰᠠᠢᠲᠤᠷ ᠬᠠᠮᠠᠭᠠᠯᠠᠨ᠎ᠠ ᠭᠡᠯ᠎ᠠ᠃

ᠲᠡᠷᠡ᠂ ᠳᠤᠮᠳᠠᠳᠤ ᠢ᠋ᠢᠨ ᠦᠨᠳᠦᠰᠦᠲᠡᠨ᠎ᠦ ᠬᠠᠮᠲᠤ ᠢ᠋ᠢᠨ ᠴᠣᠭ᠍ᠴᠠ ᠢ᠋ᠢᠨ ᠤᠬᠠᠮᠰᠠᠷ ᠢ᠋ ᠪᠠᠲᠤ ᠴᠣᠭ᠍ᠴᠠᠯᠠᠬᠤ ᠲᠤᠬᠠᠢ ᠰᠤᠳᠤᠯᠭᠠᠨ ᠲᠠᠢᠯᠪᠤᠷᠢᠯᠠᠯᠲᠠ ᠪᠣᠯᠤᠨ ᠤᠬᠠᠭᠤᠯᠭ᠎ᠠ ᠬᠥᠮᠦᠵᠢᠯ ᠢ᠋ ᠭᠦᠨᠵᠡᠭᠡᠢ ᠥᠷᠨᠢᠭᠦᠯᠬᠦ᠌᠎ᠶ᠋ᠢ ᠪᠠᠷᠢᠮᠲᠠᠯᠠᠵᠤ᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ ᠢ᠋ᠢᠨ ᠬᠥᠮᠦᠵᠢᠯ ᠢ᠋ ᠰᠤᠷᠭᠠᠭᠤᠯᠢ ᠢ᠋ᠢᠨ ᠬᠥᠮᠦᠵᠢᠯ᠂ ᠭᠡᠷ ᠪᠦᠯᠢ ᠢ᠋ᠢᠨ ᠬᠥᠮᠦᠵᠢᠯ᠂ ᠨᠡᠢᠭᠡᠮ᠎ᠦᠨ ᠬᠥᠮᠦᠵᠢᠯ ᠪᠣᠯᠤᠨ ᠺᠠᠳ᠋ᠷ ᠤ᠋ᠨ ᠬᠥᠮᠦᠵᠢᠯ᠎ᠦᠨ ᠪᠦᠬᠦ᠌ ᠶᠠᠪᠤᠴᠠ᠎ᠳᠤ ᠲᠤᠭᠤᠱᠢᠯᠠᠭᠤᠯᠵᠤ᠂ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ᠎ᠦ ᠠᠭᠤᠤ ᠶᠡᠬᠡ ᠡᠬᠡ ᠤᠯᠤᠰ᠂ ᠳᠤᠮᠳᠠᠳᠤ ᠢ᠋ᠢᠨ ᠦᠨᠳᠦᠰᠦᠲᠡᠨ᠂ ᠳᠤᠮᠳᠠᠳᠤ ᠢ᠋ᠢᠨ ᠰᠣᠶᠣᠯ᠂ ᠳᠤᠮᠳᠠᠳᠤ ᠤᠯᠤᠰ ᠤ᠋ᠨ ᠡᠪ ᠬᠠᠮᠲᠤ ᠨᠠᠮ᠂ ᠳᠤᠮᠳᠠᠳᠤ ᠤᠯᠤᠰ ᠤ᠋ᠨ ᠣᠨᠴᠠᠯᠢᠭ᠎ᠲᠠᠶ ᠨᠡᠢᠭᠡᠮ ᠵᠢᠷᠤᠮ ᠤ᠋ᠨ ᠲᠤᠬᠠᠢ ᠬᠠᠮᠲᠤ ᠢ᠋ᠢᠨ ᠲᠠᠨᠢᠯᠲᠠ᠎ᠶ᠋ᠢ ᠴᠢᠩᠭᠠᠳᠭᠠᠬᠤ ᠬᠡᠷᠡᠭ᠌ᠲᠡᠢ᠃ ᠦᠨᠳᠦᠰᠦᠲᠡᠨ᠎ᠦ ᠪᠦᠯᠬᠦᠮᠳᠡᠯ᠎ᠦᠨ ᠲᠡᠷᠢᠭᠦᠨ᠎ᠦ ᠦᠢᠯᠡ ᠠᠵᠢᠯᠯᠠᠭ᠎ᠠ ᠪᠠ ᠨᠡᠢᠲᠡᠯᠢᠭ ᠵᠢᠱ᠌ᠢᠶ᠎ᠡ᠎ᠶ᠋ᠢ ᠶᠡᠬᠡ ᠪᠡᠷ ᠬᠥᠬᠢᠭᠦᠯᠦᠨ ᠱᠠᠩᠨᠠᠵᠤ ᠤᠬᠠᠭᠤᠯᠤᠨ᠂ ᠦᠨᠳᠦᠰᠦᠲᠡᠨ᠎ᠨᠦᠭᠦᠳ᠎ᠦᠨ ᠬᠠᠷᠢᠯᠴᠠᠨ ᠣᠢᠯᠠᠭᠠᠯᠴᠠᠬᠤ᠂ ᠬᠠᠷᠢᠯᠴᠠᠨ ᠬᠦᠨᠳᠦᠳᠭᠡᠬᠦ᠌᠂ ᠬᠠᠷᠢᠯᠴᠠᠨ ᠪᠠᠭ᠍ᠲᠠᠭᠠᠬᠤ᠂ ᠬᠠᠷᠢᠯᠴᠠᠨ ᠪᠠᠬᠠᠷᠬᠠᠬᠤ᠂ ᠬᠠᠷᠢᠯᠴᠠᠨ ᠰᠤᠷᠤᠯᠴᠠᠬᠤ᠂ ᠬᠠᠷᠢᠯᠴᠠᠨ ᠲᠣᠯᠢᠯᠠᠬᠤ᠂ ᠬᠠᠷᠢᠯᠴᠠᠨ ᠬᠠᠪᠰᠤᠷᠬᠤ ᠰᠠᠢᠨ ᠰᠠᠢᠬᠠᠨ ᠨᠡᠢᠭᠡᠮ᠎ᠦᠨ ᠠᠭᠤᠷ ᠠᠮᠢᠰᠭᠤᠯ ᠢ᠋ ᠪᠣᠶ ᠪᠣᠯᠭᠠᠬᠤ ᠬᠡᠷᠡᠭ᠌ᠲᠡᠶ ᠭᠡᠵᠤ ᠰᠠᠨᠠᠭᠤᠯᠪᠠ᠃

ᠳ᠋ᠦ᠋ ᠮᠢᠩ ᠶᠠᠨ᠂ ᠬᠣᠢᠱᠢᠳᠠ ᠢ᠋ᠢᠨ ᠠᠵᠢᠯ ᠤ᠋ᠨ ᠳᠤᠮᠳᠠ ᠪᠡᠨ ᠶᠡᠷᠦᠩᠬᠡᠢ ᠱᠦᠵᠢ ᠰᠢ ᠵᠢᠨ ᠫᠢᠩ ᠤ᠋ᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠳᠤᠮᠳᠠᠳᠤ ᠢ᠋ᠢᠨ ᠦᠨᠳᠦᠰᠦᠲᠡᠨ᠎ᠦ ᠬᠠᠮᠲᠤ ᠢ᠋ᠢᠨ ᠴᠣᠭ᠍ᠴᠠ ᠢ᠋ᠢᠨ ᠤᠬᠠᠮᠰᠠᠷ ᠢ᠋ ᠪᠠᠲᠤ ᠴᠣᠭ᠍ᠴᠠᠯᠠᠬᠤ ᠠᠵᠢᠯ ᠤ᠋ᠨ ᠱᠠᠭᠠᠷᠳᠠᠯᠭ᠎ᠠ᠎ᠶ᠋ᠢ ᠲᠡᠦᠬᠡ ᠰᠣᠶᠣᠯ ᠤ᠋ᠨ ᠤᠬᠠᠭᠤᠯᠭ᠎ᠠ ᠬᠥᠮᠦᠵᠢᠯ᠂ ᠤᠯᠠᠨ ᠨᠡᠢᠲᠡ ᠢ᠋ᠢᠨ ᠰᠣᠶᠣᠯ ᠤ᠋ᠨ ᠲᠥᠬᠥᠭᠡᠷᠦᠮᠵᠢ ᠢ᠋ᠢᠨ ᠪᠦᠳᠦᠭᠡᠨ ᠪᠠᠢᠭᠤᠯᠤᠯᠲᠠ᠂ ᠬᠤᠳᠠ ᠢ᠋ᠢᠨ ᠪᠡᠯᠭᠡ ᠲᠡᠮᠳᠡᠭ᠎ᠦᠨ ᠴᠢᠨᠠᠷᠲᠠᠢ ᠪᠠᠷᠢᠯᠭ᠎ᠠ ᠢ᠋ᠢᠨ ᠪᠦᠳᠦᠭᠡᠨ ᠪᠠᠢᠭᠤᠯᠤᠯᠲᠠ᠂ ᠵᠢᠭᠤᠯᠴᠢᠯᠠᠯ ᠤ᠋ᠨ ᠦᠵᠡᠮᠵᠢ ᠲᠡᠯᠬᠡᠨ ᠦᠵᠡᠭᠦᠯᠭᠡ ᠵᠡᠷᠭᠡ ᠬᠣᠯᠪᠣᠭ᠍ᠳᠠᠯ ᠪᠦᠬᠦᠢ ᠲᠠᠯ᠎ᠠ᠎ᠳᠤ ᠲᠤᠭᠤᠰᠢᠯᠠᠭᠤᠯᠤᠨ ᠨᠠᠢᠳᠠᠪᠤᠷᠢᠵᠢᠭᠤᠯᠤᠨ᠎ᠠ᠃ ᠡᠭᠦᠨ᠎ᠦ ᠬᠠᠮᠲᠤ᠂ ᠤᠯᠤᠰ ᠲᠥᠷᠥ ᠢ᠋ᠢᠨ ᠵᠥᠪᠯᠡᠯᠭᠡᠨ᠎ᠦ ᠭᠡᠱᠢᠭᠦᠨ ᠪᠣᠯᠤᠭ᠍ᠰᠠᠨ᠎ᠤ ᠬᠤᠪᠢ᠎ᠳᠤ᠂ ᠲᠣᠰ ᠪᠡᠶ᠎ᠡ ᠢ᠋ᠢᠨ ᠳᠠᠪᠠᠭᠤᠯᠢᠭ ᠪᠠ ᠢᠳᠡᠪᠬᠢ ᠦᠶ᠋ᠯᠡᠳᠦᠯ᠎ᠢᠶᠡᠨ ᠭᠦᠶ᠋ᠴᠡᠳ ᠪᠠᠳᠠᠷᠠᠭᠤᠯᠵᠤ᠂ ᠰᠠᠨᠠᠭᠠᠴᠢᠯᠠᠭ᠎ᠠ᠎ᠠᠴᠠ ᠪᠡᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠠᠷᠭ᠎ᠠ ᠤᠬᠠᠭᠠᠨ ᠭᠠᠷᠭᠠᠨ ᠵᠠᠰᠠᠭ᠎ᠲᠤ ᠲᠤᠰᠠᠯᠠᠬᠤ ᠪᠠ ᠬᠠᠮᠲᠤ ᠢ᠋ᠢᠨ ᠲᠠᠨᠢᠯᠲᠠ᠎ᠶ᠋ᠢ ᠨᠢᠭ᠍ᠲᠠᠷᠠᠭᠤᠯᠬᠤ ᠬᠤᠤᠰ ᠴᠢᠭ᠌ᠯᠡᠯ᠎ᠢᠶᠡᠷ ᠬᠦᠴᠦᠯᠡᠬᠦ᠌᠎ᠶ᠋ᠢ ᠪᠠᠷᠢᠮᠲᠠᠯᠠᠵᠤ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠤ᠋ ᠡᠷᠬᠢᠮ ᠳᠡᠭᠡᠳᠦ ᠢᠷᠠᠭᠤ ᠠᠯᠳᠠᠷ ᠢ᠋ ᠰᠠᠢᠲᠤᠷ ᠬᠠᠮᠠᠭᠠᠯᠠᠬᠤ ᠳ᠋ᠤ ᠥᠪᠡᠷ᠎ᠦᠨ ᠬᠤᠪᠢ ᠨᠡᠮᠡᠷᠢ᠎ᠪᠡᠨ ᠦᠵᠡᠭᠦᠯᠦᠨ᠎ᠡ ᠭᠡᠯ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面