2022-03-09 11:12:58

ᠪᠠᠶ ᠴᠢᠩ ᠶᠤᠸᠠᠨ ᠭᠡᠱᠢᠭᠦᠨ
《ᠶᠡᠷᠦᠩᠬᠡᠢ ᠱᠦᠵᠢ ᠰᠢ ᠵᠢᠨ ᠫᠢᠩ ᠤ᠋ᠨ ᠠᠷᠪᠠᠨ ᠭᠤᠷᠪᠠᠳᠤᠭᠠᠷ ᠬᠤᠭᠤᠴᠠᠭᠠᠨ ᠤ᠋ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠲᠠᠪᠤᠳᠤᠭᠠᠷ ᠬᠤᠷᠠᠯ ᠤ᠋ᠨ ᠥᠪᠥᠷ ᠮᠣᠩᠭᠣᠯ ᠤ᠋ᠨ ᠲᠥᠯᠥᠭᠡᠯᠡᠭ᠌ᠴᠢᠳ ᠤ᠋ᠨ ᠪᠦᠯᠬᠦᠮ ᠤ᠋ᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ᠎ᠶ᠋ᠢ ᠰᠤᠷᠤᠯᠴᠠᠭᠠᠳ᠂ ᠥᠪᠥᠷ ᠮᠣᠩᠭᠣᠯ ᠳ᠋ᠦ ᠠᠵᠢᠯᠯᠠᠵᠤ ᠪᠠᠢᠭ᠎ᠠ ᠪᠦᠬᠦ᠌ ᠤᠯᠤᠰ ᠤ᠋ᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ ᠪᠤᠯᠤᠭ᠍ᠰᠠᠨ ᠤ᠋ ᠬᠤᠪᠢ ᠳ᠋ᠦ᠂ ᠨᠠᠮ ᠪᠤᠯᠤᠨ ᠤᠯᠤᠰ ᠤ᠋ᠨ ᠠᠵᠢᠯ ᠤ᠋ᠨ ᠶᠡᠬᠡ ᠲᠠᠯ᠎ᠠ᠎ᠶ᠋ᠢᠨ ᠲᠣᠭᠣᠷᠢᠨ ᠳ᠋ᠦ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠢ᠋ ᠪᠠᠲᠤ ᠴᠣᠭ᠍ᠴᠠᠯᠠᠬᠤ ᠡᠨᠡ ᠬᠦ᠌ ᠭᠣᠣᠯ ᠰᠢᠵᠢᠮ ᠢ᠋ ᠪᠠᠲᠤ ᠡᠵᠡᠮᠳᠡᠵᠦ᠍᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠶ᠋ᠢᠨ ᠲᠠᠯ᠎ᠠ᠎ᠪᠠᠷ᠂ ᠦᠨᠳᠦᠰᠦᠲᠡᠨ᠎ᠦ ᠪᠦᠯᠬᠦᠮᠳᠡᠯ ᠤ᠋ᠨ ᠠᠬᠢᠭᠤᠯᠤᠬ᠍ᠴᠢ᠂ ᠰᠠᠬᠢᠭᠴᠢ᠂ ᠬᠠᠮᠠᠭᠠᠯᠠᠭ᠍ᠴᠢ ᠪᠤᠯᠬᠤ ᠬᠡᠷᠡᠭ᠌ᠲᠡᠢ ᠭᠡᠳᠡᠭ ᠢ᠋ ᠬᠦᠨᠵᠡᠭᠡᠢ ᠤᠢᠯᠠᠭᠠᠯ᠎ᠠ》 ᠭᠡᠵᠦ ᠪᠦᠬᠦ᠌ ᠤᠯᠤᠰ ᠤ᠋ᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠥᠪᠡᠷᠲᠡᠭᠡᠨ ᠵᠠᠰᠠᠬᠤ ᠣᠷᠣᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶᠠᠨ ᠤ᠋ ᠳᠠᠷᠤᠭ᠎ᠠ ᠪᠠᠢ ᠴᠢᠩ ᠶᠤᠸᠠᠨ ᠬᠡᠯᠡᠪᠡ᠃
ᠪᠠᠢ ᠴᠢᠩ ᠶᠤᠸᠠᠨ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠪᠠᠢᠯᠳᠤᠬᠤ ᠪᠤᠳᠤᠯᠭᠠᠶ᠋ᠢᠨᠦᠨᠳᠦᠷᠴᠡᠡᠴᠡᠳᠤᠮᠳᠠᠳᠤᠶ᠋ᠢᠨᠦᠨᠳᠦᠰᠦᠲᠡᠨᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠢ᠋ ᠪᠠᠲᠤ ᠴᠣᠭ᠍ᠴᠠᠯᠠᠬᠤ᠎ᠶ᠋ᠢᠨ ᠴᠢᠬᠤᠯᠠ ᠶᠡᠬᠡ ᠠᠴᠢ ᠬᠣᠯᠪᠣᠭ᠍ᠳᠠᠯ ᠢ᠋ ᠲᠠᠨᠢᠬᠤ ᠬᠡᠷᠡᠭ᠌ᠲᠡᠢ᠃ ᠳᠤᠮᠳᠠᠳᠤ ᠤᠯᠤᠰ ᠤ᠋ᠨ ᠲᠡᠦᠬᠡ ᠪᠤᠯ ᠦᠨᠳᠦᠰᠦᠲᠡᠨ᠎ᠨᠦᠭᠦᠳ ᠤ᠋ᠨ ᠠᠭᠤᠰᠤᠯᠴᠠᠭ᠍ᠰᠠᠨ ᠤᠯᠠᠨ ᠡᠱᠢᠲᠦ ᠨᠢᠭᠡ ᠴᠤᠬ᠍ᠴᠠᠵᠢᠬ᠍ᠰᠠᠨ ᠳᠤᠮᠳᠠᠳᠤ᠎ᠶ᠋ᠢᠨ ᠦᠨᠳᠦᠰᠦᠲᠡᠨ᠎ᠦ ᠬᠥᠭ᠌ᠵᠢᠯᠲᠡ᠎ᠶ᠋ᠢᠨ ᠲᠡᠦᠬᠡ ᠮᠥᠨ᠂ ᠦᠨᠳᠦᠰᠦᠲᠡᠨ᠎ᠨᠦᠭᠦᠳ ᠤ᠋ᠨ ᠬᠠᠮᠲᠤ᠎ᠪᠠᠷ ᠴᠣᠭ᠍ᠴᠠᠯᠠᠨ ᠪᠠᠢᠭᠤᠯᠵᠤ᠂ ᠬᠥᠭ᠌ᠵᠢᠭᠦᠯᠵᠦ᠍᠂ ᠪᠡᠬᠢᠵᠢᠭᠦᠯᠵᠦ᠍ ᠨᠢᠭᠡᠳᠦᠭ᠌ᠰᠡᠨ ᠠᠭᠤᠤ ᠶᠡᠬᠡ ᠡᠭᠡ ᠤᠯᠤᠰ ᠤ᠋ᠨ ᠲᠡᠦᠬᠡ ᠮᠥᠨ᠃ ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ ᠡᠴᠡ ᠨᠠᠭᠠᠰᠢ᠂ ᠳᠤᠮᠳᠠᠳᠤ ᠤᠯᠤᠰ ᠤ᠋ᠨ ᠠᠷᠠᠳ ᠲᠦᠮᠡᠨ ᠳᠡᠯᠡᠬᠡᠢ ᠳ᠋ᠠᠬᠢᠨ ᠤ᠋ ᠠᠩᠬᠠᠷᠤᠯ ᠢ᠋ ᠲᠠᠲᠠᠭ᠍ᠰᠠᠨ ᠠᠭᠤᠤ ᠶᠡᠬᠡ ᠠᠮᠵᠢᠯᠲᠠ ᠪᠦᠲᠦᠮᠵᠢ ᠣᠯᠵᠤ᠂ ᠳᠤᠮᠳᠠᠳᠤ᠎ᠶ᠋ᠢᠨ ᠦᠨᠳᠦᠰᠦᠲᠡᠨ ᠳᠡᠯᠡᠬᠡᠢ᠎ᠶ᠋ᠢᠨ ᠦᠨᠳᠦᠰᠦᠲᠡᠨ᠎ᠦ ᠡᠩᠨᠡᠭᠡᠨ᠎ᠳᠦ ᠯᠠᠪᠳᠠᠭᠤᠨ ᠪᠠᠲᠤᠲᠠᠢ ᠢᠲᠡᠭᠡᠯ ᠲᠡᠭᠦᠯᠳᠡᠷ ᠢ᠋ᠶ᠋ᠡᠷ ᠰᠡᠬᠦᠢᠨ ᠰᠦᠨᠳᠡᠷᠯᠡᠵᠦ᠍ ᠴᠢᠳᠠᠭ᠍ᠰᠠᠨ ᠨᠢ ᠳᠠᠷᠤᠢ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠦᠨᠳᠦᠰᠦᠲᠡᠨ᠎ᠨᠦᠭᠦᠳ ᠤ᠋ᠨ ᠠᠷᠠᠳ ᠲᠦᠮᠡᠨ ᠠᠭᠤᠤ ᠶᠡᠬᠡ ᠡᠬᠡ ᠤᠯᠤᠰ᠂ ᠳᠤᠮᠳᠠᠳᠤ᠎ᠶ᠋ᠢᠨ ᠦᠨᠳᠦᠰᠦᠲᠡᠨ᠂ ᠳᠤᠮᠳᠠᠳᠤ᠎ᠶ᠋ᠢᠨ ᠰᠣᠶᠣᠯ᠂ ᠳᠤᠮᠳᠠᠳᠤ ᠤᠯᠤᠰ ᠤ᠋ᠨ ᠡᠪ ᠬᠠᠮᠲᠤ ᠨᠠᠮ᠂ ᠳᠤᠮᠳᠠᠳᠤ ᠤᠯᠤᠰ ᠤ᠋ᠨ ᠣᠨᠴᠠᠯᠢᠭ᠎ᠲᠠᠶ ᠨᠡᠢᠭᠡᠮ ᠵᠢᠷᠤᠮ ᠤ᠋ᠨ ᠲᠤᠬᠠᠢ ᠳᠡᠭᠡᠳᠦ ᠬᠡᠮᠵᠢᠶ᠎ᠠ ᠪᠡᠷ ᠬᠦᠯᠢᠶᠡᠨ ᠵᠦᠪᠰᠢᠶᠡᠷᠡᠬᠦᠰᠡᠳᠬᠢᠯᠭᠡ ᠨᠢ ᠲᠠᠰᠤᠷᠠᠯᠲᠠ ᠦᠭᠡᠢ ᠴᠢᠩᠭᠠᠷᠠᠵᠦ᠂ ᠬᠠᠮᠲᠤ᠎ᠪᠠᠷ ᠪᠦᠯᠬᠦᠮᠳᠡᠨ ᠲᠡᠮᠡᠴᠡᠵᠦ᠍᠂ ᠬᠠᠮᠲᠤ᠎ᠪᠠᠷ ᠴᠡᠴᠡᠭ᠌ᠯᠡᠨ ᠬᠥᠭ᠌ᠵᠢᠵᠦ᠍᠂ ᠠᠵᠢᠯ ᠬᠢᠵᠦ᠍ ᠦᠢᠯᠡᠰ ᠪᠤᠰᠭᠠᠬᠤ ᠠᠤᠭ᠎ᠠ ᠬᠦᠴᠦᠨ᠎ᠨᠢ ᠪᠦᠯᠬᠦᠮᠳᠡᠨ ᠨᠢᠭ᠍ᠲᠠᠷᠠᠵᠦ᠂ ᠪᠣᠰᠴᠤ᠌ ᠵᠣᠭ᠍ᠰᠣᠭ᠍ᠰᠠᠨ ᠡᠴᠡ᠂ ᠪᠠᠶᠠᠵᠢᠭ᠍ᠰᠠᠨ᠂ ᠬᠦᠴᠦᠷᠬᠡᠭ᠌ᠵᠢᠭ᠌ᠰᠡᠨ ᠠᠭᠤᠤ ᠶᠡᠬᠡ ᠳᠠᠪᠰᠢᠯᠳᠠ᠎ᠶ᠋ᠢ ᠪᠡᠶᠡᠯᠡᠭᠦᠯᠦᠭ᠌ᠰᠡᠨ᠎ᠳᠦ ᠪᠠᠢᠨ᠎ᠠ᠃
《ᠲᠡᠥᠬᠡ ᠨᠤᠳᠠᠳᠠᠢ ᠭᠡᠷᠡᠴᠢᠯᠡᠭᠰᠡᠨ ᠨᠢ᠂ 〈ᠦᠨᠳᠦᠰᠦᠲᠡᠨ᠎ᠨᠦᠭᠦᠳ ᠪᠦᠯᠬᠦᠮᠳᠡᠯ ᠲᠠᠢ ᠡᠶ᠎ᠡ ᠵᠣᠬᠢᠴᠠᠩᠭᠤᠢ ᠪᠠᠢᠪᠠᠯ ᠤᠯᠤᠰ ᠭᠡᠷ ᠬᠥᠭ᠌ᠵᠢᠨ ᠮᠠᠨᠳᠤᠵᠤ᠂ ᠨᠡᠢᠭᠡᠮ ᠠᠮᠤᠷ ᠲᠣᠭ᠍ᠲᠠᠭᠤᠨ᠂ ᠠᠷᠠᠳ ᠲᠦᠮᠡᠨ ᠵᠣᠯ ᠵᠢᠷᠭᠠᠯ᠎ᠲᠠᠶ ᠪᠤᠯᠤᠨ᠎ᠠ; ᠡᠭᠦᠨ᠎ᠦ ᠡᠰᠡᠷᠭᠦ ᠪᠡᠷ ᠪᠤᠯ ᠤᠯᠤᠰ ᠭᠡᠷ ᠲᠤᠷᠦᠢ᠌ᠳᠡᠵᠦ᠍᠂ ᠨᠡᠢᠭᠡᠮ ᠲᠣᠭ᠍ᠲᠠᠭᠤᠨ ᠤᠢ᠍ᠭᠡᠢ ᠪᠤᠯᠵᠦ᠍᠂ ᠠᠷᠠᠳ ᠲᠦᠮᠡᠨ ᠵᠣᠪᠠᠯᠠᠩ ᠠᠮᠰᠠᠬᠤ ᠪᠤᠯᠤᠨ᠎ᠠ᠃〉 ᠦᠨᠳᠦᠰᠦᠲᠡᠨ᠎ᠨᠦᠭᠦᠳ ᠥᠪᠡᠷ ᠤ᠋ᠨ ᠬᠤᠪᠢ ᠵᠠᠶᠠᠭ᠎ᠠ᠎ᠪᠠᠨ ᠪᠦᠬᠦᠢᠯᠡ ᠳᠤᠮᠳᠠᠳᠤ᠎ᠶ᠋ᠢᠨ ᠦᠨᠳᠦᠰᠦᠲᠡᠨ᠎ᠦ ᠬᠤᠪᠢ ᠵᠠᠶᠠᠭ᠎ᠠ᠎ᠲᠠᠶ ᠨᠢᠭ᠍ᠲᠠ ᠬᠣᠯᠪᠣᠪᠠᠯ ᠰᠠᠶᠢ ᠠᠯᠤᠰ ᠢᠷᠡᠭᠡᠳᠦᠢ ᠲᠠᠢ᠂ ᠰᠠᠶᠢ ᠬᠦᠰᠡᠯ ᠡᠷᠡᠮᠡᠯᠵᠡᠯ ᠲᠠᠢ ᠪᠤᠯᠵᠤ ᠴᠢᠳᠠᠨ᠎ᠠ》 ᠭᠡᠵᠦ᠍ ᠪᠠᠢ ᠴᠢᠩ ᠶᠤᠸᠠᠨ ᠬᠡᠯᠡᠪᠡ᠃
ᠬᠣᠢᠱᠢᠳᠠ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠢ᠋ ᠬᠡᠷᠬᠢᠨ ᠪᠠᠲᠤ ᠴᠣᠭ᠍ᠴᠠᠯᠠᠬᠤ ᠲᠤᠬᠠᠢ ᠪᠠᠢ ᠴᠢᠩ ᠶᠤᠸᠠᠨ᠄ 《ᠥᠪᠥᠷ ᠮᠣᠩᠭᠣᠯ ᠡᠬᠡ ᠤᠯᠤᠰ ᠤ᠋ᠨ ᠤᠮᠠᠷᠠᠲᠤ ᠬᠢᠯᠢ᠎ᠳᠦ ᠪᠠᠢᠷᠢᠯᠠᠵᠤ᠂ ᠡᠭᠡ ᠤᠯᠤᠰ ᠤ᠋ᠨ 〈ᠤᠮᠠᠷᠠᠲᠦ ᠬᠠᠭᠠᠯᠭ᠎ᠠ〉 ᠪᠠ ᠨᠡᠢᠰᠯᠡᠯ ᠤ᠋ᠨ 〈ᠬᠠᠮᠠᠭᠠᠯᠠᠯᠲᠠ ᠵᠢᠨ ᠭᠣᠣᠯ〉 ᠪᠠᠢᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠢ᠋ ᠪᠠᠲᠤ ᠴᠣᠭ᠍ᠴᠠᠯᠠᠵᠤ᠂ ᠡᠭᠡ ᠤᠯᠤᠰ ᠤ᠋ᠨ ᠤᠮᠠᠷᠠᠲᠤ ᠬᠢᠯᠢ᠎ᠶ᠋ᠢᠨ ᠠᠮᠤᠷ ᠲᠦᠪᠱᠢᠨ ᠲᠣᠭ᠍ᠲᠠᠭᠤᠨ ᠤ᠋ ᠬᠠᠯᠬᠠᠪᠴᠢ᠎ᠶ᠋ᠢ ᠰᠠᠢᠲᠤᠷ ᠪᠦᠳᠦᠭᠡᠨ ᠪᠠᠢᠭᠤᠯᠬᠤ ᠨᠢ ᠨᠠᠮ ᠪᠠ ᠤᠯᠤᠰ ᠤ᠋ᠨ ᠶᠡᠬᠡ ᠲᠠᠯ᠎ᠠ ᠳ᠋ᠦ ᠴᠢᠬᠤᠯᠠ ᠶᠡᠬᠡ ᠠᠴᠢ ᠬᠣᠯᠪᠣᠭ᠍ᠳᠠᠯ᠎ᠲᠠᠶ ᠶᠤᠮ᠂ ᠪᠠᠰᠠ ᠴᠤ᠌ ᠪᠢᠳᠡᠨ᠎ᠦ ᠡᠷᠬᠡᠪᠰᠢ ᠡᠭᠦᠷᠭᠡᠯᠡᠬᠦ᠌ ᠶᠤᠰᠤᠳᠠᠢ ᠢᠷᠠᠭᠤ ᠠᠯᠳᠠᠷᠲᠤ ᠡᠭᠦᠷᠭᠡ ᠪᠤᠯᠤᠨ᠎ᠠ᠃ ᠪᠢᠳᠡ ᠶᠡᠷᠦᠩᠬᠡᠶ ᠱᠦᠵᠢ᠎ᠶ᠋ᠢᠨ ᠲᠤᠷᠠᠳᠤᠭᠰᠠᠨ〈ᠲᠦᠷᠰᠦᠯᠢᠭ᠂ ᠰᠡᠳᠬᠢᠯᠬᠡ ᠲᠠᠢ᠂ ᠪᠦᠲᠦᠮᠵᠢᠲᠡᠶ〉 ᠪᠠᠢᠬᠤ ᠱᠠᠭᠠᠷᠳᠠᠯᠭ᠎ᠠ ᠶᠣᠰᠣᠭᠠᠷ᠂ ᠦᠨᠳᠦᠰᠦᠲᠡᠨ᠎ᠦ ᠪᠦᠯᠬᠦᠮᠳᠡᠯ᠂ ᠬᠢᠯᠢ ᠬᠢᠵᠠᠭᠠᠷ ᠤ᠋ᠨ ᠠᠮᠤᠷ ᠲᠣᠭ᠍ᠲᠠᠭᠤᠨ ᠢ᠋ ᠬᠠᠮᠠᠭᠠᠯᠠᠬᠤ ᠬᠠᠷᠢᠭᠤᠴᠠᠯᠭ᠎ᠠ᠎ᠶ᠋ᠢ ᠰᠡᠳᠭᠢᠯ ᠵᠢᠷᠤᠬᠡᠨ ᠳ᠋ᠡᠭᠡᠨ ᠬᠠᠲᠠᠨᠭᠰᠢᠭᠤᠯᠵᠤ᠂ ᠦᠶ᠋ᠯᠡ ᠠᠵᠢᠯᠯᠠᠭ᠎ᠠ ᠳ᠋ᠠᠭᠠᠨ ᠠᠭᠤᠰᠬᠠᠵᠤ᠂ ᠪᠣᠳᠠᠲᠤ ᠠᠵᠢᠯ᠎ᠲᠠᠶ ᠪᠠᠨ ᠤᠶᠠᠯᠳᠤᠭᠤᠯᠤᠨ᠂ ᠡᠳᠦᠷ ᠲᠤᠲᠤᠮ ᠤ᠋ᠨ ᠦᠭᠡ ᠶᠠᠷᠢᠶ᠎ᠠ ᠦᠶ᠋ᠯᠡ ᠠᠵᠢᠯᠯᠠᠭ᠎ᠠ᠎ᠳᠠᠭᠠᠨ ᠢᠯᠡᠷᠡᠭᠦᠯᠵᠦ᠍᠂ ᠡᠭᠦᠷᠭᠡ ᠬᠠᠷᠢᠭᠤᠴᠠᠯᠭ᠎ᠠ ᠪᠠ ᠬᠠᠢᠷ᠎ᠠ ᠰᠡᠳᠭᠢᠯᠭᠡ ᠲᠠᠢ ᠪᠡᠷ ᠠᠵᠢᠯ ᠢ᠋ᠶ᠋ᠡᠨ ᠰᠠᠢᠲᠤᠷ ᠬᠢᠵᠦ᠍᠂ 〈ᠵᠢᠱ᠌ᠢᠶᠡᠴᠢ ᠥᠪᠡᠷᠲᠡᠭᠡᠨ ᠵᠠᠰᠠᠬᠤ ᠣᠷᠣᠨ〉 ᠤ᠋ ᠡᠷᠬᠢᠮ ᠳᠡᠭᠡᠳᠦ ᠢᠷᠠᠭᠤ ᠠᠯᠳᠠᠷ ᠢ᠋ ᠪᠥᠬᠥ᠌ ᠬᠦᠴᠦᠨ ᠢ᠋ᠶ᠋ᠡᠷ᠎ᠢᠶᠡᠨ ᠰᠠᠢᠲᠤᠷ ᠬᠠᠮᠠᠭᠠᠯᠠᠵᠤ᠂ ᠬᠠᠮᠲᠤ᠎ᠪᠠᠷ ᠪᠦᠯᠬᠦᠮᠳᠡᠨ ᠲᠡᠮᠡᠴᠡᠬᠦ᠌ ᠰᠠᠭᠤᠷᠢ᠎ᠶ᠋ᠢ ᠤᠯᠠᠮ ᠡᠴᠡ ᠤᠯᠠᠮ ᠪᠠᠲᠤ ᠪᠠᠬᠢ ᠪᠤᠯᠭᠠᠵᠤ᠂ ᠬᠠᠮᠲᠤ᠎ᠪᠠᠷ ᠴᠡᠴᠡᠭ᠌ᠯᠡᠨ ᠬᠥᠭ᠌ᠵᠢᠬᠦ᠌ ᠵᠠᠮ ᠢ᠋ ᠤᠯᠠᠮ ᠡᠴᠡ ᠤᠯᠠᠮ ᠰᠠᠷᠠᠭᠤᠯ ᠳᠠᠷᠳᠠᠩ ᠪᠣᠯᠭᠠᠨ᠎ᠠ》 ᠭᠡᠵᠡᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃