2022ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠣᠨᠴᠠ ᠮᠡᠳᠡᠭᠡᠯᠡᠯ

2022-03-09 11:06:36

ᠵᠣᠬᠢᠶᠠᠭ᠍ᠴᠢ᠄ ᠵᠠᠩ ᠺᠦᠶ ᠣᠩᠱᠢᠭ᠍ᠰᠠᠨ ᠣᠳᠠᠭ᠎ᠠ᠄ 3

ᠦᠨᠳᠦᠰᠦᠲᠡᠨ᠎ᠦ ᠪᠦᠯᠬᠦᠮᠳᠡᠯ ᠪᠣᠯ ᠮᠠᠨ᠎ᠤ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠠᠮᠢᠨ ᠰᠤᠳᠠᠰᠤ ᠮᠥᠨ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠪᠣᠯ ᠦᠨᠳᠦᠰᠦᠲᠡᠨ᠎ᠦ ᠪᠦᠯᠬᠦᠮᠳᠡᠯ᠎ᠦᠨ ᠦᠨᠳᠦᠰᠦ ᠮᠥᠨ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠣᠣᠯ ᠱᠢᠵᠢᠮ᠎ᠢ ᠴᠢᠩᠭ᠎ᠠ ᠠᠳᠭᠤᠵᠥ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ ᠶ᠋ᠢᠨ ᠬᠥᠮᠦᠵᠢᠯ᠎ᠢ ᠭᠦᠨᠵᠡᠭᠡᠢᠷᠡᠭᠦᠯᠵᠥ᠂ ᠦᠨᠳᠦᠰᠦᠲᠡᠨ ᠨᠤᠭᠦᠳ᠎ᠦᠨ ᠣᠯᠠᠨ ᠲᠦᠮᠡᠨ᠎ᠢ ᠬᠥᠲᠥᠯᠥᠨ ᠵᠢᠯᠣᠭᠣᠳᠴᠤ᠌ ᠪᠠᠢᠭᠠᠳ ᠵᠢᠷᠭᠠᠯ ᠵᠣᠪᠠᠯᠠᠩ᠎ᠢᠶᠠᠨ ᠬᠠᠮᠲᠤᠳᠭᠠᠬᠤ᠂ ᠠᠯᠳᠠᠷ ᠭᠤᠳᠤᠮᠰᠢᠭ ᠵᠢᠡᠨ ᠬᠠᠮᠳᠤᠳᠬᠠᠬᠤ᠂ ᠤᠢ᠍ᠬᠦᠵᠦ᠍ ᠰᠡᠭᠡᠬᠦ᠌᠎ᠪᠡᠨ ᠬᠠᠮᠲᠤᠳᠭᠠᠬᠤ᠂ ᠬᠤᠪᠢ ᠵᠠᠶᠠᠭ᠎ᠠ᠎ᠪᠠᠨ ᠬᠠᠮᠲᠤᠳᠭᠠᠬᠤ ᠬᠠᠮᠲᠤ᠎ᠶ᠋ᠢᠨ ᠴᠣᠭ᠍ᠴᠠ᠎ᠶ᠋ᠢᠨ ᠣᠢᠯᠠᠭᠠᠭ᠍ᠳᠠᠬᠤᠨ᠎ᠢ ᠪᠠᠳᠤ ᠪᠤᠢ ᠪᠤᠯᠭᠠᠵᠥ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠦᠵᠡᠯ ᠰᠠᠨᠠᠭᠠᠨ᠎ᠤ ᠰᠠᠭᠤᠷᠢ᠎ᠶ᠋ᠢ ᠲᠠᠰᠤᠷᠠᠯᠲᠠ ᠦᠭᠡᠢ ᠪᠡᠬᠢᠵᠢᠭᠦᠯᠵᠥ᠂ ᠦᠨᠳᠦᠰᠦᠲᠡᠨ᠎ᠨᠦᠭᠦᠳ᠎ᠤᠨ ᠳᠤᠮᠳᠠᠳᠤ᠎ᠶ᠋ᠢᠨ ᠦᠨᠳᠦᠰᠦᠲᠡᠨ᠎ᠦ ᠶᠡᠬᠡ ᠭᠡᠷ ᠪᠦᠯᠢ᠎ᠳᠦ ᠠᠨᠠᠷ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠬᠦ᠌᠎ᠶ᠋ᠢ ᠠᠬᠢᠭᠤᠯᠵᠥ᠂ ᠠᠭᠤᠤ ᠶᠡᠬᠡ ᠡᠬᠡ ᠤᠯᠤᠰ᠎ᠢᠶᠠᠨ ᠬᠠᠮᠲᠤ᠎ᠪᠠᠷ ᠪᠦᠲᠦᠭᠡᠨ ᠪᠠᠢᠭᠤᠯᠵᠥ᠂ ᠰᠠᠢᠨ ᠰᠠᠢᠬᠠᠨ ᠠᠮᠢᠳᠤᠷᠠᠯ᠎ᠢ ᠬᠠᠮᠲᠤ᠎ᠪᠠᠷ ᠴᠤᠬᠴᠠᠯᠠᠵᠥ᠂ ᠲᠣᠭ᠍ᠲᠠᠭᠤᠨ ᠪᠥᠭᠡᠳ ᠡᠷᠡᠭᠦᠯ ᠠᠵᠤ ᠠᠬᠤᠢ᠎ᠶ᠋ᠢᠨ ᠣᠷᠴᠢᠨ ᠳᠤᠭᠤᠷᠢᠨ᠂ ᠲᠦᠷᠦ᠍ ᠲᠦᠪᠱᠢᠨ ᠲᠦᠮᠡᠨ ᠠᠮᠤᠭᠤᠯᠠᠩ ᠨᠡᠢᠭᠡᠮ᠎ᠦᠨ ᠣᠷᠴᠢᠨ ᠲᠣᠭᠣᠷᠢᠨ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ᠎ᠶ᠋ᠢᠨ ᠣᠷᠴᠢᠨ ᠲᠣᠭᠣᠷᠢᠨ᠎ᠢ ᠬᠦᠴᠦᠯᠡᠨ ᠪᠠᠷᠢᠮᠳᠠᠯᠠᠵᠥ᠂ ᠪᠣᠳᠠᠲᠤ ᠠᠵᠢᠯᠯᠠᠭ᠎ᠠ᠎ᠪᠠᠷ᠎ᠢᠶᠠᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠬᠤ᠎ᠶ᠋ᠢ ᠤᠭ᠍ᠲᠤᠬᠤ ᠬᠡᠷᠡᠭᠳᠡᠢ᠃

— 2022 ᠤᠨ᠎ᠤ 3 ᠰᠠᠷ᠎ᠠ᠎ᠶᠢᠨ 5 ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ ᠴᠢᠬᠤᠯᠠᠴᠢᠯᠠᠪᠠ


ᠮᠠᠨ᠎ᠤ ᠤᠯᠤᠰ ᠪᠣᠯ ᠤᠯᠠᠨ ᠦᠨᠳᠦᠰᠦᠲᠡᠨ᠎ᠲᠡᠶ ᠨᠢᠭᠡᠳᠦᠭ᠌ᠰᠡᠨ ᠤᠯᠤᠰ ᠮᠥᠨ᠂ ᠦᠨᠳᠦᠰᠦᠲᠡᠨ᠎ᠨᠦᠭᠦᠳ ᠪᠦᠯᠬᠦᠮᠳᠡᠯ᠎ᠲᠡᠶ ᠡᠶ᠎ᠡ ᠵᠣᠬᠢᠴᠠᠩᠭᠤᠢ ᠪᠠᠢᠪᠠᠯ ᠤᠯᠤᠰ ᠣᠷᠣᠨ ᠬᠥᠭ᠌ᠵᠢᠨ ᠮᠠᠨᠳᠤᠵᠤ᠂ ᠨᠡᠢᠭᠡᠮ ᠠᠮᠤᠷ ᠲᠣᠭ᠍ᠲᠠᠭᠤᠨ᠂ ᠠᠷᠠᠳ ᠲᠦᠮᠡᠨ ᠵᠣᠯ ᠵᠢᠷᠭᠠᠯ᠎ᠲᠠᠶ ᠠᠮᠢᠲᠤᠷᠠᠵᠦ ᠴᠢᠲᠠᠨ᠎ᠠ; ᠡᠭᠦᠨ᠎ᠦ ᠡᠰᠡᠷᠭᠦ᠎ᠪᠡᠷ ᠬᠢᠪᠠᠯ ᠤᠯᠤᠰ ᠣᠷᠣᠨ ᠲᠤᠷᠦᠢ᠌ᠳᠡᠵᠦ᠍᠂ ᠨᠡᠢᠭᠡᠮ ᠲᠣᠭ᠍ᠲᠠᠭᠤᠨ ᠤᠢ᠍ᠭᠡᠢ ᠪᠤᠯᠵᠦ᠍᠂ ᠠᠷᠠᠳ ᠲᠦᠮᠡᠨ ᠵᠣᠪᠠᠯᠠᠩ ᠠᠮᠰᠠᠬᠤ ᠪᠣᠯᠤᠨ᠎ᠠ᠃ ᠨᠠᠮ᠎ᠤᠨ ᠲᠥᠪ ᠬᠣᠷᠢᠶ᠎ᠠ᠎ᠠᠴᠠ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠭᠣᠣᠯ ᠱᠢᠵᠢᠮ ᠪᠣᠯᠭᠠᠬᠤ ᠬᠡᠷᠡᠭ᠌ᠲᠡᠢ ᠭᠡᠵᠦ᠍ ᠴᠢᠬᠤᠯᠠᠴᠢᠯᠠᠭ᠍ᠰᠠᠨ ᠨᠢ ᠳᠤᠮᠳᠠᠳᠤ᠎ᠶ᠋ᠢᠨ ᠦᠨᠳᠦᠰᠦᠲᠡᠨ᠎ᠦ ᠶᠡᠬᠡ ᠪᠦᠯᠬᠦᠮᠳᠡᠯ᠎ᠢ ᠬᠠᠮᠠᠭᠠᠯᠠᠬᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠍᠎ᠶ᠋ᠢ ᠲᠡᠷᠭᠡᠯᠱᠢᠭᠦᠯᠬᠦ᠌᠎ᠳᠦ ᠬᠠᠨᠳᠤᠭᠤᠯᠤᠬᠰᠠᠨ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠣᠯᠬᠤ ᠪᠥᠭᠡᠳ ᠲᠡᠦᠬᠡ᠎ᠶ᠋ᠢᠨ ᠲᠤᠷᠱᠢᠯᠭ᠎ᠠ ᠰᠤᠷᠭᠠᠮᠵᠢ᠎ᠶ᠋ᠢ ᠭᠦᠨᠵᠡᠭᠡᠢ ᠳ᠋ᠦᠩᠨᠡᠭᠡᠳ ᠣᠯᠤᠭ᠍ᠰᠠᠨ ᠴᠢᠬᠤᠯᠠ ᠳ᠋ᠦᠩᠨᠡᠯᠲᠡ ᠪᠣᠯᠤᠨ᠎ᠠ᠃

— 2022 ᠤᠨ᠎ᠤ 3ᠰᠠᠷ᠎ᠠ᠎ᠶᠢᠨ 5 ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ ᠵᠢᠭᠠᠵᠦ ᠭᠠᠷᠭᠠᠪᠠ




— ᠲᠦᠯᠦᠭᠡᠯᠡᠭᠴᠢᠳ ᠭᠡᠰᠢᠭᠦᠳ᠎ᠤᠨ ᠳᠤᠮᠳᠠᠳᠤ ᠵᠢᠨ ᠦᠨᠳᠦᠰᠦᠳᠡᠨ᠎ᠤ ᠬᠠᠮᠳᠤ ᠵᠢᠨ ᠴᠤᠬᠴᠠ ᠵᠢᠨ ᠤᠬᠠᠮᠰᠠᠷ ᠎ᠢ ᠪᠠᠳᠤ ᠴᠤᠬᠴᠠᠯᠠᠬᠤ ᠳᠤᠬᠠᠢ ᠬᠠᠯᠠᠭᠤᠨ ᠶᠠᠷᠢᠯᠴᠠᠭ᠎ᠠ

ᠨᠠᠢᠷᠠᠭᠤᠯᠤᠭ᠍ᠴᠢ᠎ᠶ᠋ᠢᠨ ᠦᠭᠡ

3 ᠰᠠᠷ᠎ᠠ᠎ᠶ᠋ᠢᠨ 5᠎ᠤ᠋ ᠡᠳᠦᠷ᠂ ᠶᠡᠷᠦᠩᠬᠡᠶ ᠱᠦᠵᠢ ᠰᠢ ᠵᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠭ᠍ᠰᠠᠨ ᠪᠥᠭᠡᠳ ᠴᠢᠬᠤᠯᠠ ᠶᠠᠷᠢᠶ᠎ᠠ ᠲᠠᠯᠪᠢᠵᠤ᠂ ᠥᠪᠥᠷ ᠮᠣᠩᠭᠣᠯ᠎ᠤᠨ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠎ᠤ᠋ ᠡᠷᠬᠢᠮ ᠳᠡᠭᠡᠳᠦ ᠢᠷᠠᠭᠤ ᠠᠯᠳᠠᠷ᠎ᠢᠶᠠᠨ ᠦᠷᠭᠦᠯᠵᠢᠯᠡᠨ ᠪᠠᠲᠤᠯᠠᠬᠤ᠎ᠳᠤ ᠴᠢᠭ᠌ᠯᠡᠯ᠎ᠢ ᠲᠣᠳᠣᠷᠬᠠᠶ ᠵᠢᠭᠠᠵᠤ᠂ ᠴᠢᠬᠤᠯᠠ ᠵᠢᠷᠤᠮᠯᠠᠯ ᠬᠠᠩᠭᠠᠪᠠ᠃ ᠶᠡᠷᠦᠩᠬᠡᠢ ᠱᠦᠵᠢ᠎ᠶ᠋ᠢᠨ ᠳᠤᠳᠤᠨᠤ ᠬᠠᠯᠠᠮᠵᠢᠯᠠᠯ᠂ ᠴᠢᠩ ᠰᠡᠳᠭᠢᠯ᠎ᠦᠨ ᠨᠠᠢᠳᠠᠯᠭ᠎ᠠ ᠨᠢ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠬᠥᠪᠡᠭᠦᠳ ᠥᠬᠢᠳ ᠢ᠋ ᠤᠷᠮᠠᠰᠢᠭᠤᠯᠤᠨ ᠵᠣᠷᠢᠭ᠍ᠵᠢᠭᠤᠯᠪᠠ᠃

ᠲᠤᠰ ᠰᠣᠨᠢᠨ ᠡᠨᠡ ᠡᠳᠦᠷ ᠤᠨᠴᠠ ᠬᠡᠪᠯᠡᠯ ᠭᠠᠷᠭᠠᠵᠤ᠂ ᠮᠠᠨ᠎ᠤ ᠣᠷᠣᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠮᠠᠨ᠎ᠤ ᠣᠷᠣᠨ᠎ᠳᠤ ᠰᠠᠭᠤᠭ᠎ᠠ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠎ᠢ ᠤᠷᠢᠵᠤ᠂ ᠶᠡᠷᠦᠩᠬᠡᠢ ᠱᠦᠵᠢ᠎ᠶ᠋ᠢᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠬᠤ᠎ᠶ᠋ᠢᠨ ᠲᠣᠭᠣᠷᠢᠨ᠎ᠳᠤ ᠠᠵᠢᠯ᠎ᠤᠨ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ ᠲᠦᠷᠦᠭ᠌ᠳᠡᠯ᠎ᠢᠶᠡᠨ ᠶᠠᠷᠢᠵᠤ᠂ ᠦᠵᠡᠯ ᠰᠠᠨᠠᠭ᠎ᠠ᠎ᠪᠠᠨ ᠨᠢᠭᠡᠳᠭᠡᠨ ᠬᠠᠮᠲᠤ᠎ᠶ᠋ᠢᠨ ᠲᠠᠨᠢᠯᠲᠠ ᠎ᠶᠢ ᠨᠢᠭ᠍ᠲᠠᠷᠠᠭᠤᠯᠵᠤ᠂ ᠣᠷᠣᠨ ᠳᠠᠶᠠᠭᠠᠷ᠎ᠢᠶᠠᠨ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠢ ᠰᠠᠢᠲᠤᠷ ᠬᠢᠵᠦ᠂ ᠨᠠᠷᠢᠯᠢᠭ ᠬᠢᠵᠦ᠂ ᠯᠠᠪᠳᠠᠭᠤᠨ ᠪᠠᠲᠤᠲᠠᠢ ᠬᠢᠬᠦ᠌᠎ᠶ᠋ᠢ ᠠᠬᠢᠭᠤᠯᠬᠤ᠎ᠶᠢ ᠵᠤᠷᠢᠵᠠᠢ᠃



QQ截图20220309104309.png


ᠳ᠋ᠠᠢ ᠰᠢ ᠶᠤᠸᠠᠨ ᠲᠥᠯᠥᠭᠡᠯᠡᠭ᠌ᠴᠢ᠄ ᠳᠤᠮᠳᠠᠳᠤ ᠎ᠶ᠋ᠢᠨ ᠦᠨᠳᠦᠰᠦᠲᠡᠨ᠎ᠦ ᠬᠠᠮᠲᠤ ᠎ᠶ᠋ᠢᠨ ᠴᠣᠭ᠍ᠴᠠ ᠎ᠶ᠋ᠢᠨ ᠤᠬᠠᠮᠰᠠᠷ ᠎ᠢ ᠪᠠᠲᠤ ᠴᠣᠭ᠍ᠴᠠᠯᠠᠬᠤ ᠎ᠳᠤ ᠬᠠᠤᠯᠢᠵᠢᠯ ᠎ᠤᠨ ᠪᠠᠲᠤᠯᠠᠭ᠎ᠠ ᠬᠠᠩᠭᠠᠨ᠎ᠠ

ᠡᠨᠡ ᠬᠣᠶᠠᠷ ᠡᠳᠦᠷ᠂ ᠣᠷᠴᠣᠨ ᠦᠨᠳᠦᠰᠦᠲᠡᠨ᠎ᠦ ᠪᠦᠬᠦ᠌ ᠤᠯᠤᠰ ᠎ᠤᠨ ᠠᠷᠠᠳ ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠎ᠤᠨ ᠲᠥᠯᠥᠭᠡᠯᠡᠭ᠌ᠴᠢ ᠳ᠋ᠠᠢ ᠰᠢ ᠶᠤᠸᠠᠨ 3 ᠰᠠᠷ᠎ᠠ ᠎ᠶ᠋ᠢᠨ 5 ᠎ᠤ᠋ ᠦᠳᠡ᠎ᠶ᠋ᠢᠨ ᠬᠣᠢᠨ᠎ᠠ ᠪᠤᠯᠤᠭᠰᠠᠨ ᠨᠢᠭᠡᠨ ᠵᠢᠵᠢᠭ ᠶᠠᠪᠤᠳᠠᠯ᠎ᠢ ᠲᠠᠬᠢᠨ ᠳᠠᠪᠲᠠᠨ ᠶᠠᠷᠢᠵᠤ ᠪᠠᠢᠯ᠎ᠠ᠃

《ᠲᠡᠷᠡ ᠡᠳᠦᠷ᠂ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠭ᠍ᠰᠠᠨ᠎ᠤ ᠲᠠᠷᠠᠭ᠎ᠠ᠂ ᠶᠠᠪᠤᠬᠤ ᠵᠢᠨ ᠦᠶ᠎ᠡ᠎ᠳᠡᠭᠡᠨ ᠨᠠᠮᠠᠶ᠋ᠢ ᠣᠯᠵᠤ ᠦᠵᠡᠭᠡᠳ ᠮᠢᠨᠦ᠍ ᠡᠮᠦᠰᠦᠭᠰᠡᠨ ᠦᠨᠳᠦᠰᠦᠲᠡᠨ ᠎ᠦ ᠬᠤᠪᠴᠠᠰᠤ ᠵᠠᠰᠠᠯ᠎ᠢ ᠮᠠᠰᠢ ᠭᠤᠶᠤ ᠪᠠᠢᠨ᠎ᠠ ᠭᠡᠵᠦ᠂ ᠨᠠᠮᠠᠶ᠋ᠢ ᠶᠠᠮᠠᠷ ᠦᠨᠳᠦᠰᠦᠲᠡᠨ ᠪᠤᠢ ᠭᠡᠵᠦ᠍ ᠠᠰᠠᠭᠤᠪᠠ᠃ ᠮᠢᠨᠦ᠍ ᠣᠷᠴᠣᠨ ᠦᠨᠳᠦᠰᠦᠲᠡᠨ ᠪᠣᠯᠬᠤ ᠎ᠶ᠋ᠢ ᠮᠡᠳᠡᠭ᠌ᠰᠡᠨ ᠎ᠦ ᠳᠠᠷᠠᠭ᠎ᠠ᠂ ᠶᠡᠷᠦᠩᠬᠡᠶ ᠱᠦᠵᠢ ᠪᠠᠰᠠ ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ᠎ᠠᠴᠠ ᠨᠠᠭᠠᠱᠢᠬᠢ ᠣᠷᠴᠣᠨ ᠦᠨᠳᠦᠰᠦᠲᠡᠨ᠎ᠦ ᠬᠥᠮᠦᠨ ᠠᠮᠠ᠎ᠶ᠋ᠢᠨ ᠬᠤᠪᠢᠷᠠᠯᠲᠠ᠎ᠶ᠋ᠢᠨ ᠪᠠᠢᠳᠠᠯ᠎ᠢ ᠠᠰᠠᠭᠤᠵᠠᠢ᠃》 ᠲᠤᠬᠠᠢ ᠶ᠋ᠢᠨ ᠦᠶ᠎ᠡ ᠎ᠶ᠋ᠢᠨ ᠪᠠᠢᠳᠠᠯ ᠳ᠋ᠠᠢ ᠰᠢ ᠶᠤᠸᠠᠨ ᠎ᠤ ᠲᠠᠷᠢᠬᠢᠨ ᠎ᠳᠤ ᠭᠦᠨ ᠬᠠᠳᠠᠩᠱᠢᠵᠤ᠂ ᠲᠡᠷᠡ ᠶᠡᠷᠦᠩᠬᠡᠢ ᠱᠦᠵᠢ ᠎ᠶ᠋ᠢᠨ ᠬᠢᠯᠢ ᠬᠢᠵᠠᠭᠠᠷ ᠎ᠤᠨ ᠦᠨᠳᠦᠰᠦᠲᠡᠨ ᠎ᠦ ᠭᠠᠵᠠᠷ ᠣᠷᠣᠨ ᠎ᠤ ᠤᠯᠠᠨ ᠲᠦᠮᠡᠨ ᠎ᠢ ᠳᠤᠳᠤᠨᠤ ᠬᠠᠯᠠᠮᠵᠢᠯᠠᠵᠦ ᠪᠠᠢᠬᠤ ᠎ᠶ᠋ᠢ ᠤᠢᠯᠠᠭᠠᠵᠠᠢ᠃

《ᠬᠥᠮᠦᠨ ᠠᠮᠠ ᠎ᠶ᠋ᠢᠨ ᠬᠠᠷᠢᠴᠠᠯ ᠎ᠢᠶᠠᠷ ᠠᠪᠴᠤ᠌ ᠬᠡᠯᠡᠪᠡᠯ᠂ ᠣᠷᠴᠣᠨ ᠦᠨᠳᠦᠰᠦᠲᠡᠨ ᠡᠴᠡ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠨᠢᠭᠡ ᠨᠡᠷᠡᠰ ᠴᠸ᠋ ᠭᠠᠷᠴᠤ ᠳᠡᠢᠯᠬᠦ ᠥᠬᠡᠶ ᠶᠤᠮ᠃ ᠭᠡᠪᠡᠴᠦ᠍ ᠨᠠᠮ ᠎ᠤᠨ ᠦᠨᠳᠦᠰᠦᠲᠡᠨ᠎ᠦ ᠲᠦᠷᠦ᠍᠎ᠶ᠋ᠢᠨ ᠪᠤᠳᠤᠯᠭ᠎ᠠ᠎ᠳᠤ ᠦᠨᠳᠦᠰᠦᠲᠡᠨ ᠨᠤᠭᠦᠳ ᠴᠥᠮ ᠡᠷᠬᠡ ᠲᠡᠭ᠌ᠰᠢ ᠪᠠᠢᠬᠤ ᠎ᠶ᠋ᠢ ᠪᠠᠷᠢᠮᠲᠠᠯᠠᠵᠤ᠂ ᠲᠠᠪᠢᠨ ᠵᠢᠷᠭᠤᠭᠠᠨ ᠦᠨᠳᠦᠰᠦᠲᠡᠨ ᠶᠠᠭ ᠲᠠᠪᠢᠨ ᠵᠢᠷᠭᠤᠭᠠᠨ ᠠᠬ᠎ᠠ ᠳᠡᠭᠦᠦ ᠮᠡᠲᠦ ᠪᠠᠢᠵᠤ᠂ ᠨᠢᠭᠡ᠎ᠶ᠋ᠢ ᠴᠦ᠍ ᠣᠷᠬᠢᠭ᠍ᠳᠠᠭᠤᠯᠵᠤ ᠪᠣᠯᠬᠤ ᠦᠭᠡᠢ》᠃ ᠳ᠋ᠠᠶ ᠰᠢ ᠶᠤᠸᠠᠨ᠄ 《ᠦᠨᠳᠦᠰᠦᠲᠡᠨ᠎ᠦ ᠪᠦᠯᠬᠦᠮᠳᠡᠯ ᠪᠣᠯ ᠮᠠᠨ ᠎ᠤ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠎ᠦ ᠠᠮᠢᠨ ᠰᠤᠳᠠᠰᠤ ᠮᠥᠨ᠂ ᠳᠤᠮᠳᠠᠳᠤ ᠎ᠶ᠋ᠢᠨ ᠦᠨᠳᠦᠰᠦᠲᠡᠨ ᠎ᠦ ᠶᠡᠬᠡ ᠭᠡᠷ ᠪᠦᠯᠢ ᠎ᠳᠦ ᠪᠢᠳᠡ ᠠᠨᠠᠷ ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠬᠦ᠌ ᠬᠡᠷᠡᠭ᠌ᠲᠡᠶ》 ᠭᠡᠵᠦ ᠰᠡᠳᠬᠢᠯ ᠳᠤᠭᠳᠤᠯᠤᠨ ᠶᠠᠷᠢᠨ᠎ᠠ᠃

ᠳ᠋ᠠᠢ ᠰᠢ ᠶᠤᠸᠠᠨ ᠰᠤᠷᠪᠤᠯᠵᠢᠯᠠᠭ᠍ᠴᠢ ᠎ᠳᠤ ᠡᠢᠮᠦ ᠨᠢᠭᠡ ᠦᠯᠢᠭᠡᠷ ᠢ᠋ ᠶᠠᠷᠢᠵᠤ ᠦᠭᠭᠦᠯ᠎ᠡ᠂ ᠶᠠᠫᠣᠨ᠎ᠢ ᠡᠰᠡᠷᠭᠦᠴᠡᠬᠦ᠌ ᠳᠠᠢ᠌ᠨ᠎ᠦ ᠦᠶ᠎ᠡ ᠎ᠳᠦ᠂ ᠣᠷᠴᠣᠨ ᠦᠨᠳᠦᠰᠦᠲᠡᠨ ᠎ᠦ ᠨᠢᠭᠡ ᠠᠬᠠᠯᠠᠭ᠍ᠴᠢ ᠵᠡᠭᠦᠨ ᠬᠣᠢᠲᠤ ᠎ᠶ᠋ᠢᠨ ᠶᠠᠫᠣᠨ᠎ᠢ ᠡᠰᠡᠷᠭᠦᠴᠡᠬᠦ᠌ ᠬᠣᠯᠪᠣᠭᠠᠲᠤ ᠴᠡᠷᠢᠭ᠎ᠦᠨ ᠨᠢᠭᠡ ᠰᠠᠯᠪᠤᠷᠢ ᠠᠩᠬᠢ᠎ᠶ᠋ᠢᠨ ᠳᠠᠷᠤᠭ᠎ᠠ ᠎ᠲᠠᠶ ᠠᠬ᠎ᠠ ᠳᠡᠭᠦᠦ ᠪᠠᠷᠢᠯᠳᠤᠵᠤ᠂ ᠣᠷᠴᠣᠨ ᠦᠨᠳᠦᠰᠦᠲᠡᠨ ᠎ᠦ ᠠᠷᠠᠳ ᠲᠦᠮᠡᠨ ᠵᠡᠭᠦᠨ ᠬᠣᠢᠲᠤ ᠎ᠶ᠋ᠢᠨ ᠶᠠᠫᠣᠨ ᠎ᠢ ᠡᠰᠡᠷᠭᠦᠴᠡᠬᠦ᠌ ᠬᠣᠯᠪᠣᠭᠠᠲᠤ ᠴᠡᠷᠢᠭ ᠎ᠲᠡᠶ ᠬᠠᠮᠲᠤ ᠎ᠪᠠᠷ ᠶᠠᠫᠣᠨ ᠎ᠤ ᠲᠦᠷᠢᠮᠡᠬᠡᠢᠯᠡᠭ᠌ᠴᠢᠳ ᠎ᠲᠦ ᠴᠣᠬᠢᠯᠲᠠ ᠥᠭ᠌ᠴᠡᠢ᠃ ᠪᠠᠢᠯᠳᠤᠭᠠᠨ ᠎ᠤ ᠶᠠᠪᠤᠴᠠ᠎ᠳᠤ ᠦᠨᠳᠦᠰᠦᠲᠡᠨ᠎ᠨᠦᠭᠦᠳ᠎ᠦᠨ ᠠᠷᠠᠳ ᠲᠦᠮᠡᠨ ᠡᠪᠳᠡᠷᠡᠰᠢ ᠦᠭᠡᠢ ᠪᠠᠲᠤ ᠨᠥᠬᠥᠷᠯᠡᠯ ᠎ᠲᠡᠶ ᠪᠣᠯᠵᠤ᠂ ᠤᠳᠤ ᠣᠷᠴᠣᠨ᠎ᠤ ᠥᠪᠡᠷᠲᠡᠭᠡᠨ ᠵᠠᠰᠠᠬᠤ ᠬᠣᠱᠢᠭᠤᠨ᠎ᠤ ᠠᠷᠤ ᠭᠣᠣᠯ ᠪᠠᠯᠭᠠᠰᠤ᠎ᠶ᠋ᠢᠨ ᠪᠠᠷᠠᠭᠤᠨ ᠠᠭᠤᠯᠠ ᠎ᠶ᠋ᠢᠨ ᠬᠣᠷᠮᠣᠢ᠎ᠳᠤ ᠰᠦᠨᠳᠡᠷᠯᠡᠵᠦ᠍ ᠪᠠᠢᠭ᠎ᠠ ᠶᠠᠫᠣᠨ ᠎ᠢ ᠡᠰᠡᠷᠭᠦᠴᠡᠬᠦ᠌ ᠪᠦᠯᠬᠦᠮᠳᠡᠯ ᠎ᠦᠨ ᠳᠤᠷᠠᠰᠭᠠᠯ ᠎ᠤᠨ ᠬᠥᠱᠢᠢ᠎ᠡ ᠪᠣᠯ ᠳᠠᠷᠤᠢ ᠭᠡᠷᠡᠴᠢ ᠪᠣᠯᠤᠨ᠎ᠠ᠃

《ᠮᠢᠨᠦ᠍ ᠨᠡᠷ᠎ᠡ᠎ᠶ᠋ᠢᠨ ᠢᠷᠡᠯᠲᠡ ᠵᠢᠨ ᠲᠤᠬᠠᠢ ᠪᠠᠰᠠ ᠨᠢᠭᠡᠨ ᠦᠨᠳᠦᠰᠦᠲᠡᠨ᠎ᠦ ᠪᠦᠯᠬᠦᠮᠳᠡᠯ᠎ᠦᠨ ᠦᠯᠢᠬᠡᠷ ᠪᠠᠢᠳᠠᠭ ᠰᠢᠦ᠃ ᠨᠠᠳᠠ᠎ᠵᠢ ᠬᠦᠨᠭᠭᠡᠵᠢᠬᠦ ᠦᠶ᠎ᠡ᠎ᠳᠦ᠂ ᠲᠤᠬᠠᠢ᠎ᠶᠢᠨ ᠦᠶ᠎ᠠ᠎ᠶᠢᠨ ᠡᠮᠴᠢᠯᠡᠭᠡᠨ᠎ᠤ ᠨᠦᠭᠦᠴᠡᠯ ᠠᠨᠠᠢ ᠡᠴᠡ ᠡᠵᠢ ᠮᠢᠨᠢ ᠮᠠᠰᠢ ᠵᠤᠪᠠᠭᠰᠠᠨ᠂ ᠡᠮᠴᠢ᠎ᠶᠢᠨ ᠰᠠᠨᠠᠭᠤᠯᠭ᠎ᠠ ᠪᠡᠷ ᠠᠪᠤ ᠨᠠᠳᠠ᠎ᠳᠦ ᠳ᠋ᠠᠢ ᠰᠢ ᠶᠤᠸᠠᠨ ᠭᠡᠳᠡᠭ ᠨᠡᠷ᠎ᠡ ᠬᠠᠢᠷᠠᠯᠠᠵᠦ ᠡᠷᠡᠬᠦᠯ ᠡᠨᠭᠭᠡ ᠪᠠᠢᠬᠤ᠎ᠵᠢ ᠵᠦᠨᠭᠨᠡᠪᠡ᠃ ᠤᠬᠠᠭᠠᠵᠢᠨ ᠲᠤᠮᠤᠭᠠᠵᠢᠬᠤ᠎ᠲᠤᠰᠤᠮ᠎ᠶ᠋ᠢᠠᠨ ᠬᠢᠳᠠᠳ ᠦᠨᠳᠦᠰᠦᠲᠡᠨ᠎ᠤ ᠡᠮᠴᠢ ᠨᠠᠷ ᠡᠵᠢ ᠪᠢᠳᠡ ᠬᠤᠶᠠᠭᠤᠯᠠ᠎ᠵᠢ ᠦᠬᠦᠵᠦ ᠰᠡᠭᠡᠬᠦ᠎ᠶᠢᠨ ᠳᠠᠪᠠᠭᠠᠨ ᠡᠴᠡ ᠲᠠᠳᠠᠨ ᠠᠪᠴᠢᠷᠠᠵᠦ ᠠᠮᠢ ᠨᠠᠰᠤ ᠤᠯᠭᠤᠯ᠎ᠠ ᠭᠡᠳᠡᠭ᠎ᠢ ᠤᠬᠠᠯ᠎ᠠ》 ᠭᠡᠵᠦ ᠳ᠋ᠠᠢ ᠰᠢ ᠶᠤᠸᠠᠨ ᠤᠴᠢᠷᠯᠠᠨ᠎ᠠ ᠃

《ᠬᠠᠷᠢᠭ᠍ᠰᠠᠨ᠎ᠤ ᠪᠠᠨ ᠳᠠᠷᠠᠭ᠎ᠠ᠂ ᠪᠢ ᠥᠷᠭᠡᠨ ᠤᠯᠠᠨ ᠣᠷᠴᠣᠨ ᠦᠨᠳᠦᠰᠦᠲᠡᠨ ᠎ᠦ ᠲᠠᠷᠢᠶᠠᠴᠢᠨ ᠠᠩᠴᠢᠨ ᠠᠬ᠎ᠠ ᠳᠡᠭᠦᠦ ᠨᠠᠷ ᠲᠠᠭᠠᠨ ᠶᠡᠷᠦᠩᠬᠡᠢ ᠱᠦᠵᠢ ᠵᠢᠨ ᠦᠨᠳᠦᠰᠦᠲᠡᠨ᠎ᠦ ᠪᠦᠯᠬᠦᠮᠳᠡᠯ᠎ᠢ ᠲᠤᠢᠯ ᠎ᠢᠶᠠᠷ ᠬᠠᠯᠠᠮᠵᠢᠯᠠᠵᠤ ᠪᠠᠢᠬᠤ᠎ᠶ᠋ᠢ ᠬᠡᠯᠡᠵᠦ᠍ ᠥᠭ᠌ᠭᠦᠨ᠎ᠡ》 ᠭᠡᠵᠦ ᠳ᠋ᠠᠶ ᠰᠢ ᠶᠤᠸᠠᠨ ᠶᠠᠷᠢᠨ᠎ᠠ᠂ ᠲᠡᠷᠡ ᠪᠠᠰᠠ᠂ 《ᠦᠨᠳᠦᠰᠦᠲᠡᠨ᠎ᠨᠦᠭᠦᠳ ᠬᠡᠨ ᠠᠯᠢᠨ ᠡᠴᠠ ᠎ᠪᠠᠨ ᠰᠠᠯᠵᠤ ᠴᠢᠳᠠᠬᠤ ᠥᠬᠡᠶ᠂ ᠣᠯᠠᠨ ᠎ᠢᠶᠠᠷ ᠎ᠢᠶᠠᠨ ᠶᠠᠭ ᠶᠡᠬᠡ ᠬᠢᠩᠭᠠᠨ ᠳᠠᠪᠠᠭᠠᠨ᠎ᠤ ᠣᠶ ᠱᠢᠭᠤᠶ᠎ᠲᠠᠶ ᠠᠳᠠᠯᠢ ᠎ᠪᠠᠷ ᠦᠨᠳᠦᠰᠦ ᠎ᠪᠡᠷ ᠎ᠢᠶᠡᠨ ᠬᠣᠯᠪᠣᠯᠳᠤᠵᠤ᠂ ᠰᠡᠳᠭᠢᠯ ᠵᠢᠷᠦᠬᠡ ᠎ᠪᠡᠨ ᠬᠠᠮᠲᠤᠳᠬᠠᠵᠤ᠂ ᠬᠠᠮᠲᠤ᠎ᠪᠠᠷ ᠪᠦᠯᠬᠦᠮᠳᠡᠨ ᠲᠡᠮᠡᠴᠡᠪᠡᠯ ᠰᠠᠶᠢ ᠬᠠᠮᠲᠤ ᠎ᠪᠠᠷ ᠴᠡᠴᠡᠭ᠌ᠯᠡᠨ ᠬᠥᠭ᠌ᠵᠢᠵᠦ᠍ ᠴᠢᠳᠠᠨ᠎ᠠ ᠭᠡᠳᠡᠭ᠎ᠢ ᠤᠯᠠᠨ ᠳ᠋ᠤ ᠮᠡᠳᠡᠭᠦᠯᠦᠨ᠎ᠡ》 ᠭᠡᠪᠡ᠃

ᠬᠥᠯᠥᠨ ᠪᠣᠢᠷ ᠬᠣᠲᠠ ᠎ᠶ᠋ᠢᠨ ᠣᠷᠴᠣᠨ᠎ᠤ ᠥᠪᠡᠷᠲᠡᠭᠡᠨ ᠵᠠᠰᠠᠬᠤ ᠬᠣᠱᠢᠭᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ ᠎ᠶ᠋ᠢᠨ ᠬᠤᠷᠢᠶ᠎ᠠ ᠵᠢᠨ ᠬᠠᠷᠢᠭᠤᠴᠠᠯᠭᠠᠲᠠᠨ ᠪᠤᠯᠤᠭᠰᠠᠨ᠎ᠤ ᠬᠤᠪᠢ ᠳ᠋ᠤ ᠳ᠋ᠠᠶ ᠰᠢ ᠶᠤᠸᠠᠨ᠂ ᠦᠨᠳᠦᠰᠦᠨ ᠬᠠᠤᠯᠢ ᠪᠠ ᠦᠨᠳᠦᠰᠦᠲᠡᠨ᠎ᠦ ᠣᠷᠣᠨ᠎ᠤ ᠥᠪᠡᠷᠲᠡᠭᠡᠨ ᠵᠠᠰᠠᠬᠤ ᠬᠠᠤᠯᠢ ᠨᠢ ᠪᠢᠳᠡᠨ᠎ᠳᠦ ᠬᠠᠤᠯᠢ ᠲᠣᠭ᠍ᠲᠠᠭᠠᠬᠤ ᠡᠷᠬᠡ ᠣᠯᠭᠣᠭ᠍ᠰᠠᠨ ᠪᠣᠯᠬᠣᠷ ᠪᠢᠳᠡ ᠳᠤᠮᠳᠠᠳᠤ ᠎ᠶ᠋ᠢᠨ ᠦᠨᠳᠦᠰᠦᠲᠡᠨ᠎ᠦ ᠬᠠᠮᠲᠤ ᠎ᠶ᠋ᠢᠨ ᠴᠣᠭ᠍ᠴᠠ ᠵᠢᠨ ᠤᠬᠠᠮᠰᠠᠷ ᠎ᠢ ᠪᠠᠲᠤ ᠴᠣᠭ᠍ᠴᠠᠯᠠᠬᠤ ᠵᠢ ᠬᠠᠤᠯᠢ ᠲᠣᠭ᠍ᠲᠠᠭᠠᠬᠤ ᠠᠵᠢᠯ ᠎ᠤᠨ ᠪᠦᠬᠦ ᠲᠠᠯ᠎ᠠ ᠳ᠋ᠤ ᠢᠯᠡᠷᠡᠭᠦᠯᠵᠦ᠍᠂ ᠣᠷᠣᠨ ᠨᠤᠲᠤᠭ ᠎ᠤᠨ ᠬᠠᠤᠯᠢ ᠲᠣᠭ᠍ᠲᠠᠭᠠᠯ ᠎ᠳᠤ ᠢᠯᠡᠷᠡᠭᠦᠯᠦᠨ᠎ᠡ ᠭᠡᠵᠦ ᠢᠯᠡᠳᠬᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面