2022ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠣᠨᠴᠠ ᠮᠡᠳᠡᠭᠡᠯᠡᠯ

2022-03-09 11:30:47

ᠵᠣᠬᠢᠶᠠᠭ᠍ᠴᠢ᠄ ᠵᠠᠩ ᠺᠦᠶ ᠣᠩᠱᠢᠭ᠍ᠰᠠᠨ ᠣᠳᠠᠭ᠎ᠠ᠄ 3

ᠵᠠᠩ ᠱᠢᠶᠤᠤ ᠪᠢᠩ ᠲᠥᠯᠥᠭᠡᠯᠡᠭ᠌ᠴᠢ᠄ 《ᠪᠥᠬᠥ᠌ ᠤᠯᠤᠰ ᠎ᠤᠨ ᠦᠨᠳᠦᠰᠦᠲᠡᠨ ᠎ᠦ ᠪᠦᠯᠬᠦᠮᠳᠡᠯ ᠳᠠᠪᠱᠢᠯᠲᠠ ᠎ᠶ᠋ᠢᠨ ᠵᠢᠱ᠌ᠢᠶ᠎ᠡ ᠦᠵᠡᠭᠦᠯᠬᠦ᠌ ᠠᠢᠮᠠᠭ》 ᠤ᠋ᠨ ᠢᠷᠠᠭᠤ ᠠᠯᠳᠠᠷ ᠎ᠢ ᠦᠷᠬᠦᠯᠵᠢᠯᠠᠨ ᠪᠢᠴᠢᠭᠯᠡᠨ᠎ᠠ

ᠥᠪᠥᠷ ᠮᠣᠩᠭᠣᠯ ᠤ᠋ᠨ ᠥᠨᠥᠳᠦᠷ ᠪᠣᠯ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠬᠠᠮᠲᠤ᠎ᠪᠠᠷ ᠲᠡᠮᠡᠴᠡᠭ᠌ᠰᠡᠨ᠎ᠦ ᠦᠷ᠎ᠡ ᠳ᠋ᠦᠩ ᠮᠥᠨ᠂ ᠥᠪᠥᠷ ᠮᠣᠩᠭᠣᠯ ᠤ᠋ᠨ ᠮᠠᠷᠭᠠᠰᠢ ᠮᠥᠨ ᠬᠦ᠌ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠪᠦᠯᠬᠦᠮᠳᠡᠨ ᠲᠡᠮᠡᠴᠡᠬᠦ᠌ ᠵᠢ ᠱᠠᠭᠠᠷᠳᠠᠨ᠎ᠠ᠃ ᠳᠤᠮᠳᠠᠳᠤ ᠵᠢᠨ ᠦᠨᠳᠦᠰᠦᠲᠡᠨ᠎ᠦ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠤᠬᠴᠠᠯᠠᠬᠤ ᠳ᠋ᠤ ᠨᠢᠳᠤᠨ᠎ᠳᠦ ᠦᠵᠡᠭ᠌ᠳᠡᠵᠦ᠍ ᠭᠠᠷ᠎ᠲᠤ ᠪᠠᠷᠢᠭ᠍ᠳᠠᠮ᠎ᠠ ᠠᠵᠢᠯ ᠢ᠋ ᠬᠢᠬᠦ᠌ ᠮᠥᠷᠲᠡᠭᠡᠨ ᠪᠠᠰᠠ ᠶᠡᠬᠡ ᠬᠡᠮᠵᠢᠶᠡᠨ᠎ᠦ 《ᠵᠦᠭᠡᠯᠡᠨ ᠪᠤᠷᠤᠭ᠎ᠠ ᠲᠦᠮᠡᠨ ᠪᠤᠳᠠᠰ ᠢ᠋ ᠤᠮᠳᠠᠯᠠᠬᠤ》 ᠶᠠᠪᠤᠳᠠᠯ ᠢ᠋ ᠬᠢᠬᠦ᠌ ᠬᠡᠷᠡᠭ᠌ᠲᠡᠢ᠃ ᠳᠤᠮᠳᠠᠳᠤ ᠵᠢᠨ ᠦᠨᠳᠦᠰᠦᠲᠡᠨ᠎ᠦ ᠬᠠᠮᠲᠤ ᠵᠢᠨ ᠤᠶᠤᠨ ᠰᠠᠨᠠᠭᠠᠨ ᠤ᠋ ᠭᠡᠷ ᠣᠷᠣᠨ ᠤ᠋ ᠪᠦᠳᠦᠭᠡᠨ ᠪᠠᠢᠭᠤᠯᠤᠯᠲᠠ ᠵᠢ ᠠᠬᠢᠭᠤᠯᠵᠤ᠂ ᠦᠨᠳᠦᠰᠦᠲᠡᠨ ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ᠋ ᠠᠬᠢᠭᠤᠯᠬᠤ ᠳ᠋ᠤ ᠡᠯ᠎ᠡ ᠵᠦᠢᠯ᠎ᠦᠨ ᠠᠵᠢᠯ ᠢ᠋ ᠪᠣᠳᠠᠲᠠᠢ ᠠᠳᠭᠤᠵᠤ᠂ ᠨᠠᠷᠢᠯᠢᠭ ᠬᠢᠵᠦ᠍᠂ ᠳᠦᠷᠰᠦᠯᠢᠭ᠂ ᠰᠡᠳᠬᠢᠯᠭᠡ᠎ᠲᠡᠶ᠂ ᠪᠦᠲᠦᠮᠵᠢᠲᠡᠢ ᠲᠠᠢ ᠪᠠᠢᠯᠭᠠᠬᠤ ᠬᠡᠷᠡᠭ᠌ᠲᠡᠢ᠃ ᠦᠨᠳᠦᠰᠦᠲᠡᠨ᠎ᠨᠦᠭᠦᠳ᠎ᠦᠨ ᠺᠠᠳ᠋ᠷᠴᠤᠳ ᠨᠠᠮ ᠤ᠋ᠨ ᠦᠨᠳᠦᠰᠦᠲᠡᠨ᠎ᠦ ᠤᠨᠤᠯ ᠪᠠ ᠦᠨᠳᠦᠰᠦᠲᠡᠨ᠎ᠦ ᠲᠦᠷᠦ᠍ ᠵᠢᠨ ᠪᠤᠳᠤᠯᠭ᠎ᠠ ᠵᠢ ᠪᠦᠬᠦ᠌ ᠲᠠᠯ᠎ᠠ᠎ᠪᠠᠷ ᠤᠢ᠍ᠢᠯᠠᠭᠠᠨ ᠲᠤᠭᠤᠱᠢᠯᠠᠭᠤᠯᠵᠤ᠂ ᠤᠬᠠᠮᠰᠠᠷ᠎ᠠᠴᠠ᠎ᠪᠠᠨ ᠨᠠᠮ ᠪᠠ ᠤᠯᠤᠰ ᠤ᠋ᠨ ᠠᠵᠢᠯ ᠤ᠋ᠨ ᠶᠡᠬᠡ ᠲᠠᠯ᠎ᠠ᠂ ᠳᠤᠮᠳᠠᠳᠤ ᠵᠢᠨ ᠦᠨᠳᠦᠰᠦᠲᠡᠨ᠎ᠦ ᠪᠦᠬᠦᠯᠢ ᠴᠣᠭ᠍ᠴᠠ ᠵᠢᠨ ᠠᠱᠢᠭ ᠲᠤᠰᠠ ᠵᠢᠨ ᠦᠨᠳᠦᠷᠴᠡ ᠡᠴᠡ ᠠᠰᠠᠭᠤᠳᠠᠯ ᠢ᠋ ᠪᠣᠳᠣᠯᠬᠢᠯᠠᠵᠤ᠂ ᠱᠢᠢᠳᠪᠦᠷᠢᠲᠦ ᠪᠤᠳᠤᠯᠭ᠎ᠠ ᠲᠣᠭ᠍ᠲᠠᠭᠠᠵᠤ᠂ ᠠᠵᠢᠯ ᠢ᠋ ᠠᠳᠭᠤᠬᠤ ᠬᠡᠷᠡᠭ᠌ᠲᠡᠢ᠂ ᠳᠤᠮᠳᠠᠳᠤ ᠵᠢᠨ ᠦᠨᠳᠦᠰᠦᠲᠡᠨ᠎ᠦ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠳ᠋ᠤ ᠠᠱᠢᠭ᠍ᠲᠠᠢ ᠠᠵᠢᠯ ᠯᠠ ᠶᠤᠮ ᠪᠣᠯ ᠢᠯᠡᠭᠦᠬᠡᠨ ᠬᠢᠬᠦ᠌ ᠬᠡᠷᠡᠭ᠌ᠲᠡᠢ ᠪᠥᠭᠡᠳ ᠭᠦᠨᠵᠡᠭᠡᠢ ᠨᠠᠷᠢᠯᠢᠭ ᠪᠣᠳᠠᠲᠠᠢ ᠬᠢᠬᠦ᠌ ᠬᠡᠷᠡᠭ᠌ᠲᠡᠢ; ᠳᠤᠮᠳᠠᠳᠤ ᠵᠢᠨ ᠦᠨᠳᠦᠰᠦᠲᠡᠨ᠎ᠦ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠳ᠋ᠤ ᠠᠱᠢᠭ ᠦᠭᠡᠢ ᠶᠠᠪᠤᠳᠠᠯ ᠎ᠢ ᠪᠣᠯ ᠶᠠᠭᠠᠬᠢᠭ᠍ᠰᠠᠨ ᠴᠤ᠌ ᠬᠢᠵᠦ᠍ ᠪᠣᠯᠬᠤ ᠦᠭᠡᠢ᠃ ᠳᠤᠮᠳᠠᠳᠤ ᠵᠢᠨ ᠦᠨᠳᠦᠰᠦᠲᠡᠨ᠎ᠦ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠠᠵᠢᠯ ᠤ᠋ᠨ ᠱᠠᠭᠠᠷᠳᠠᠯᠭ᠎ᠠ ᠵᠢ ᠪᠦᠬᠦ᠌ ᠣᠷᠣᠨ ᠤ᠋ ᠲᠡᠦᠬᠡ ᠰᠣᠶᠣᠯ ᠤ᠋ᠨ ᠤᠬᠠᠭᠤᠯᠭ᠎ᠠ ᠬᠥᠮᠦᠵᠢᠯ᠂ ᠤᠯᠠᠨ ᠨᠡᠢᠲᠡ ᠵᠢᠨ ᠰᠣᠶᠣᠯ ᠤ᠋ᠨ ᠲᠥᠬᠥᠭᠡᠷᠦᠮᠵᠢ ᠵᠢᠨ ᠪᠦᠳᠦᠭᠡᠨ ᠪᠠᠢᠭᠤᠯᠤᠯᠲᠠ᠂ ᠬᠤᠳᠠ ᠵᠢᠨ ᠪᠡᠯᠭᠡ ᠲᠡᠮᠳᠡᠭ᠎ᠦᠨ ᠴᠢᠨᠠᠷᠲᠠᠢ ᠪᠠᠷᠢᠯᠭ᠎ᠠ ᠵᠢᠨ ᠪᠦᠳᠦᠭᠡᠨ ᠪᠠᠢᠭᠤᠯᠤᠯᠲᠠ᠂ ᠵᠢᠭᠤᠯᠴᠢᠯᠠᠯ ᠤ᠋ᠨ ᠦᠵᠡᠮᠵᠢ᠎ᠲᠡᠯᠭᠡᠨ ᠦᠵᠡᠭᠦᠯᠭᠡ ᠵᠡᠷᠭᠡ ᠬᠣᠯᠪᠣᠭ᠍ᠳᠠᠯ᠎ᠪᠦᠬᠦᠢ ᠲᠠᠯ᠎ᠠ ᠳ᠋ᠤ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ ᠵᠢᠨ ᠰᠣᠶᠣᠯ ᠪᠣᠯᠤᠨ ᠲᠤᠰ ᠦᠨᠳᠦᠰᠦᠲᠡᠨ᠎ᠦ ᠰᠣᠶᠣᠯ ᠤ᠋ᠨ ᠬᠠᠷᠢᠴᠠᠭ᠎ᠠ ᠵᠢ ᠵᠥᠪ ᠱᠢᠢᠳᠪᠦᠷᠢᠯᠡᠵᠦ᠍᠂ ᠳᠤᠮᠳᠠᠳᠤ ᠵᠢᠨ ᠦᠨᠳᠦᠰᠦᠲᠡᠨ᠎ᠦ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠳ᠋ᠤ ᠦᠵᠡᠯ ᠰᠠᠨᠠᠭ᠎ᠠ ᠰᠣᠶᠣᠯ ᠤ᠋ᠨ ᠰᠠᠭᠤᠷᠢ ᠵᠢ ᠪᠡᠬᠢᠵᠢᠭᠦᠯᠬᠦ᠌ ᠬᠡᠷᠡᠭ᠌ᠲᠡᠢ᠃

— 2022 ᠣᠨ ᠤ᠋ 3 ᠰᠠᠷ᠎ᠠ ᠵᠢᠨ 5 ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ᠋ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ᠎ᠦᠨ ᠶᠡᠬᠡ ᠬᠤᠷᠠᠯ ᠤ᠋ᠨ ᠲᠠᠪᠤᠳᠤᠭᠠᠷ ᠬᠤᠷᠠᠯ ᠤ᠋ᠨ ᠥᠪᠥᠷ ᠮᠣᠩᠭᠣᠯ ᠤ᠋ᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ ᠴᠢᠬᠤᠯᠡᠴᠢᠯᠡᠪᠡ


ᠥᠪᠥᠷ ᠮᠣᠩᠭᠣᠯ ᠪᠣᠯ ᠬᠢᠯᠢ ᠬᠢᠵᠠᠭᠠᠷ ᠤ᠋ᠨ ᠦᠨᠳᠦᠰᠦᠲᠡᠨ᠎ᠦ ᠭᠠᠵᠠᠷ ᠣᠷᠣᠨ ᠮᠥᠨ᠂ ᠦᠨᠳᠦᠰᠦᠲᠡᠨ᠎ᠦ ᠪᠦᠯᠬᠦᠮᠳᠡᠯ ᠪᠠ ᠬᠢᠯᠢ ᠬᠢᠵᠠᠭᠠᠷ ᠤ᠋ᠨ ᠠᠮᠤᠷ ᠲᠣᠭ᠍ᠲᠠᠭᠤᠨ ᠢ᠋ ᠬᠠᠮᠠᠭᠠᠯᠠᠬᠤ ᠲᠠᠯ᠎ᠠ᠎ᠪᠠᠷ ᠴᠢᠬᠤᠯᠠ ᠶᠡᠬᠡ ᠬᠠᠷᠢᠭᠤᠴᠠᠯᠭ᠎ᠠ ᠡᠭᠦᠷᠭᠡᠯᠡᠵᠦ᠍ ᠪᠠᠢᠨ᠎ᠠ᠃ ᠪᠠᠭ᠎ᠠ᠎ᠡᠴᠡ ᠶᠡᠬᠡ ᠵᠢ ᠮᠡᠳᠡᠵᠦ᠍᠂ ᠰᠠᠨᠠᠭᠠᠱᠢᠷᠠᠬᠤ ᠤᠬᠠᠮᠰᠠᠷ ᠢ᠋ᠢᠡᠨ ᠴᠢᠩᠭᠠᠳᠭᠠᠵᠤ᠂ ᠪᠠᠢᠯᠳᠤᠬᠤ ᠪᠣᠳᠣᠯᠭ᠎ᠠ ᠵᠢᠨ ᠰᠡᠳᠭᠢᠬᠦᠶ᠎ᠪᠡᠨ ᠳᠡᠭᠡᠭ᠌ᠰᠢᠯᠡᠭᠦᠯᠵᠦ᠍᠂ ᠦᠨᠳᠦᠰᠦᠲᠡᠨ᠎ᠦ ᠠᠵᠢᠯ ᠤ᠋ᠨ ᠬᠦᠷᠢᠶᠡᠨ᠎ᠳᠡᠬᠢ ᠡᠯ᠎ᠡ ᠵᠦᠶ᠋ᠯ᠎ᠦᠨ ᠠᠶᠤᠯ ᠲᠦᠭ᠌ᠰᠢᠭᠦᠷᠢ ᠬᠡᠮ ᠰᠣᠭᠣᠭ ᠢ᠋ ᠪᠦᠲᠦᠮᠵᠢᠲᠡᠶ ᠰᠡᠷᠭᠡᠢᠯᠡᠵᠦ᠍᠂ ᠡᠬᠡ ᠤᠯᠤᠰ ᠤ᠋ᠨ ᠤᠮᠠᠷᠠᠲᠤ ᠵᠢᠨ ᠠᠮᠤᠷ ᠲᠦᠪᠱᠢᠨ ᠲᠣᠭ᠍ᠲᠠᠭᠤᠨ ᠤ᠋ ᠬᠠᠯᠬᠠᠪᠴᠢ ᠵᠢ ᠦᠨᠡᠨ ᠬᠦ᠌ ᠪᠡᠬᠢᠵᠢᠭᠦᠯᠬᠦ᠌ ᠬᠡᠷᠡᠭ᠌ᠲᠡᠶ᠃

— 2022 ᠣᠨ ᠤ᠋ 3 ᠰᠠᠷ᠎ᠠ ᠵᠢᠨ 5 ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ᠋ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ᠎ᠦᠨ ᠶᠡᠬᠡ ᠬᠤᠷᠠᠯ ᠤ᠋ᠨ ᠲᠠᠪᠤᠳᠤᠭᠠᠷ ᠬᠤᠷᠠᠯ ᠤ᠋ᠨ ᠥᠪᠥᠷ ᠮᠣᠩᠭᠣᠯ ᠤ᠋ᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ ᠵᠢᠭᠠᠵᠤ ᠭᠠᠷᠭᠠᠪᠠ




QQ截图20220309112939.png

ᠵᠠᠩ ᠱᠢᠶᠤᠤ ᠪᠢᠩ ᠲᠥᠯᠥᠭᠡᠯᠡᠭ᠌ᠴᠢ


ᠡᠨᠡ ᠬᠣᠶᠠᠷ ᠡᠳᠦᠷ᠂ ᠪᠥᠬᠥ᠌ ᠤᠯᠤᠰ᠎ᠤᠨ ᠠᠷᠠᠳ ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠎ᠤᠨ ᠲᠥᠯᠥᠭᠡᠯᠡᠭ᠌ᠴᠢ᠂ ᠬᠢᠩᠭᠠᠨ ᠠᠢᠮᠠᠭ᠎ᠤᠨ ᠨᠠᠮ᠎ᠤᠨ ᠬᠣᠷᠢᠶᠠᠨ᠎ᠤ ᠱᠦᠵᠢ ᠵᠠᠩ ᠱᠢᠶᠤᠤ ᠪᠢᠩ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠥᠯᠥᠭᠡᠯᠡᠭ᠌ᠴᠢᠳ ᠎ᠦᠨ ᠪᠦᠯᠬᠦᠮ᠎ᠦᠨ ᠬᠢᠨᠠᠨ ᠵᠥᠪᠯᠡᠬᠦ᠌ ᠎ᠳᠦ ᠣᠷᠣᠯᠴᠠᠬᠤ ᠦᠶ᠎ᠡ ᠎ᠶ᠋ᠢᠨ ᠴᠢᠬᠤᠯᠠ ᠶᠠᠷᠢᠶ᠎ᠠ᠎ᠶ᠋ᠢ ᠳᠠᠬᠢᠨ ᠳᠠᠪᠲᠠᠨ ᠰᠤᠷᠤᠯᠴᠠᠨ ᠣᠢᠯᠠᠭᠠᠪᠠ᠃ ᠲᠡᠷᠡ᠂ ᠳᠤᠮᠳᠠᠳᠤ ᠎ᠶ᠋ᠢᠨ ᠦᠨᠳᠦᠰᠦᠲᠡᠨ᠎ᠦ ᠬᠠᠮᠲᠤ ᠎ᠶ᠋ᠢᠨ ᠴᠣᠭ᠍ᠴᠠ ᠎ᠶ᠋ᠢᠨ ᠤᠬᠠᠮᠰᠠᠷ ᠎ᠢ ᠪᠠᠲᠤ ᠴᠣᠭ᠍ᠴᠠᠯᠠᠬᠤ ᠨᠢ ᠬᠢᠩᠭᠠᠨ ᠠᠢᠮᠠᠭ᠎ᠲᠤ ᠠᠪᠴᠤ᠌ ᠬᠡᠯᠡᠪᠡᠯ ᠨᠡᠩ ᠴᠤ᠌ ᠬᠠᠷᠢᠭᠤᠴᠠᠯᠭ᠎ᠠ ᠪᠠ ᠲᠠᠷᠬᠠᠨ ᠡᠭᠦᠷᠭᠡ ᠪᠣᠯᠤᠨ᠎ᠠ ᠬᠡᠵᠤ ᠬᠡᠯᠡᠪᠡ᠃

ᠬᠢᠩᠭᠠᠨ ᠠᠢᠮᠠᠭ ᠪᠣᠯ ᠨᠠᠮ᠎ᠤᠨ ᠦᠨᠳᠦᠰᠦᠲᠡᠨ᠎ᠦ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ ᠢ᠋ ᠬᠠᠮᠤᠭ᠎ᠤᠨ ᠡᠷᠲᠡ ᠦᠢᠯᠡᠳᠦᠯᠭᠡᠵᠢᠭᠦᠯᠦᠭ᠌ᠰᠡᠨ ᠭᠠᠵᠠᠷ ᠪᠣᠯᠬᠤ ᠪᠥᠭᠡᠳ ᠥᠪᠥᠷ ᠮᠣᠩᠭᠣᠯ᠎ᠤᠨ ᠴᠤᠷ ᠎ᠤᠨ ᠭᠠᠭ᠍ᠴᠠ ᠬᠣᠶᠠᠷ ᠤᠳᠠᠭ᠎ᠠ 《ᠪᠦᠬᠦ᠌ ᠤᠯᠤᠰ᠎ᠤᠨ ᠦᠨᠳᠦᠰᠦᠲᠡᠨ ᠎ᠦ ᠪᠦᠯᠬᠦᠮᠳᠡᠯ ᠲᠠᠪᠱᠢᠯᠳᠠ᠎ᠶ᠋ᠢᠨ ᠵᠢᠱ᠌ᠢᠢ᠎ᠡ ᠦᠵᠡᠭᠦᠯᠬᠦ᠌ ᠠᠢᠮᠠᠭ》 ᠤ᠋ᠨ ᠢᠷᠠᠭᠤ ᠠᠯᠳᠠᠷ᠎ᠢ ᠬᠦᠷᠳᠡᠭ᠌ᠰᠡᠨ ᠠᠢᠮᠠᠭ ᠬᠤᠳᠠ ᠪᠣᠯᠤᠨ᠎ᠠ᠃ 《ᠬᠤᠪᠢᠰᠭᠠᠯᠳᠤ ᠤᠳᠤᠮᠱᠢᠯ ᠎ᠢ ᠵᠠᠯᠭᠠᠮᠵᠢᠯᠠᠵᠤ᠂ ᠦᠨᠳᠦᠰᠦᠲᠡᠨ᠎ᠦ ᠠᠵᠢᠯ ᠎ᠢ ᠰᠠᠢᠲᠤᠷ ᠬᠢᠬᠦ᠌ ᠪᠣᠯ ᠪᠢᠳᠡᠨ ᠎ᠦ ᠵᠠᠢᠯᠠᠭᠤᠯᠵᠤ ᠪᠣᠯᠤᠰᠢ ᠥᠬᠡᠶ ᠬᠠᠷᠢᠭᠤᠴᠠᠯᠭ᠎ᠠ ᠮᠥᠨ᠂ ᠪᠢᠳᠡ ᠶᠡᠷᠦᠩᠬᠡᠶ ᠱᠦᠵᠢ᠎ᠶ᠋ᠢᠨ ᠴᠢᠩ ᠰᠡᠳᠭᠢᠯ ᠎ᠦᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠦᠨᠳᠦᠰᠦᠲᠡᠨ᠎ᠦ ᠪᠦᠯᠬᠦᠮᠳᠡᠯ᠎ᠦᠨ ᠢᠷᠠᠭᠤ ᠠᠯᠳᠠᠷᠲᠤ ᠤᠯᠠᠮᠵᠢᠯᠠᠯ᠎ᠢ ᠶᠡᠬᠡ᠎ᠪᠡᠷ ᠪᠠᠳᠠᠷᠠᠭᠤᠯᠤᠨ᠂ ᠳᠤᠮᠳᠠᠳᠤ᠎ᠶ᠋ᠢᠨ ᠦᠨᠳᠦᠰᠦᠲᠡᠨ ᠎ᠦ ᠬᠠᠮᠲᠤ ᠎ᠶ᠋ᠢᠨ ᠴᠣᠭ᠍ᠴᠠ ᠎ᠶ᠋ᠢᠨ ᠤᠬᠠᠮᠰᠠᠷ ᠎ᠢ ᠪᠠᠲᠤ ᠴᠣᠭ᠍ᠴᠠᠯᠠᠬᠤ ᠎ᠪᠠᠷ ᠭᠤᠤᠯ ᠱᠢᠵᠢᠮ ᠪᠣᠯᠭᠠᠵᠤ᠂ ᠱᠢᠨ᠎ᠡ ᠴᠠᠭ ᠦᠶ᠎ᠡ ᠎ᠶ᠋ᠢᠨ ᠨᠠᠮ ᠎ᠤᠨ ᠦᠨᠳᠦᠰᠦᠲᠡᠨ ᠎ᠦ ᠠᠵᠢᠯ ᠎ᠢ ᠴᠢᠨᠠᠭ᠍ᠰᠢᠳᠠ ᠭᠦᠨᠵᠡᠭᠡᠶ ᠨᠠᠷᠢᠯᠢᠭ ᠪᠣᠳᠠᠲᠠᠶ ᠬᠢᠵᠦ᠍᠂ ᠳᠤᠮᠳᠠᠳᠤ ᠎ᠶ᠋ᠢᠨ ᠦᠨᠳᠦᠰᠦᠲᠡᠨ ᠎ᠦ ᠬᠠᠮᠲᠤ ᠎ᠶ᠋ᠢᠨ ᠴᠣᠭ᠍ᠴᠠ ᠎ᠶ᠋ᠢᠨ ᠤᠬᠠᠮᠰᠠᠷ ᠎ᠢ ᠪᠠᠲᠤ ᠴᠣᠭ᠍ᠴᠠᠯᠠᠬᠤ ᠵᠢᠱ᠌ᠢᠶ᠎ᠡ ᠦᠵᠡᠭᠦᠯᠬᠦ᠌ ᠣᠷᠣᠨ ᠎ᠢ ᠬᠦᠴᠦᠯᠡᠨ ᠪᠠᠢᠭᠤᠯᠵᠤ᠂ ᠡᠬᠡ ᠤᠯᠤᠰ ᠎ᠤᠨ ᠤᠮᠠᠷᠠᠲᠤ ᠎ᠶ᠋ᠢᠨ ᠠᠮᠤᠷ ᠲᠦᠪᠱᠢᠨ ᠲᠣᠭ᠍ᠲᠠᠭᠤᠨ ᠎ᠤ ᠬᠠᠯᠬᠠᠪᠴᠢ ᠎ᠶ᠋ᠢ ᠪᠠᠲᠤ ᠴᠣᠭ᠍ᠴᠠᠯᠠᠬᠤ᠎ᠳᠤ ᠬᠢᠩᠭᠠᠨ ᠠᠢᠮᠠᠭ ᠬᠤᠪᠢ ᠨᠡᠮᠡᠷᠢ ᠦᠵᠡᠭᠦᠯᠤᠨ᠎ᠠ》 ᠭᠡᠵᠦ᠍ ᠵᠠᠩ ᠱᠢᠶᠤᠤ ᠪᠢᠩ ᠬᠡᠯᠡᠪᠡ᠃

ᠵᠠᠩ ᠱᠢᠶᠤᠤ ᠪᠢᠡᠭ᠂ ᠬᠢᠩᠭᠠᠨ ᠠᠢᠮᠠᠭ ᠶᠡᠷᠦᠩᠬᠡᠶ ᠱᠦᠵᠢ ᠎ᠶ᠋ᠢᠨ ᠥᠪᠥᠷ ᠮᠣᠩᠭᠣᠯ ᠎ᠤᠨ ᠲᠥᠯᠥᠭᠡᠯᠡᠭ᠌ᠴᠢᠳ᠎ᠦᠨ ᠪᠦᠯᠬᠦᠮ ᠎ᠦᠨ ᠬᠢᠨᠠᠨ ᠵᠥᠪᠯᠡᠬᠦ᠌ ᠎ᠳᠦ ᠣᠷᠣᠯᠴᠠᠬᠤ ᠦᠶ᠎ᠡ ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠡᠯᠪᠡᠭ ᠪᠠᠶᠠᠯᠢᠭ ᠬᠤᠪᠢᠰᠭᠠᠯ ᠎ᠤᠨ ᠬᠥᠮᠦᠵᠢᠯ ᠎ᠦᠨ ᠡᠬᠢ ᠪᠠᠶᠠᠯᠢᠭ ᠎ᠢ ᠭᠦᠶ᠋ᠴᠡᠳ ᠠᠱᠢᠭ᠍ᠯᠠᠨ᠂ ᠬᠢᠩᠭᠠᠨ ᠠᠢᠮᠠᠭ᠎ᠤᠨ ᠦᠨᠳᠦᠰᠦᠲᠡᠨ᠎ᠦ ᠪᠦᠯᠬᠦᠮᠳᠡᠯ᠎ᠦᠨ ᠠᠮᠢᠳᠤᠯᠢᠭ ᠥᠯᠢᠭᠡᠷ ᠪᠠ ᠰᠡᠳᠭᠢᠯ ᠬᠥᠳᠡᠯᠭᠡᠮ᠎ᠡ ᠦᠶ᠋ᠯᠡ ᠠᠵᠢᠯᠯᠠᠭ᠎ᠠ᠎ᠶ᠋ᠢ ᠭᠦᠨᠵᠡᠭᠡᠶ ᠤᠬᠠᠭᠤᠯᠵᠤ᠂ ᠴᠡᠷᠢᠭ ᠠᠷᠠᠳ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠬᠤ᠂ ᠬᠠᠮᠲᠤ ᠎ᠪᠠᠷ ᠬᠢᠯᠢ ᠬᠢᠵᠠᠭᠠᠷ᠎ᠢᠶᠠᠨ ᠰᠠᠬᠢᠨ ᠬᠠᠮᠠᠭᠠᠯᠠᠬᠤ ᠷᠠᠱᠢᠶᠠᠨ᠎ᠤ 《ᠬᠠᠢᠷᠠᠯᠠᠨ ᠰᠠᠨᠠᠭᠠᠯᠵᠠᠬᠤ ᠮᠣᠳᠣ》 ᠎ᠶ᠋ᠢᠨ ᠵᠣᠷᠢᠭ ᠰᠠᠨᠠᠭ᠎ᠠ ᠎ᠶ᠋ᠢ ᠶᠡᠬᠡ ᠎ᠪᠡᠷ ᠪᠠᠳᠠᠷᠠᠭᠤᠯᠵᠤ᠂ ᠥᠷᠭᠡᠨ ᠣᠯᠠᠨ ᠺᠠᠳ᠋ᠷ ᠣᠯᠠᠨ ᠲᠦᠮᠡᠨ᠎ᠢ ᠬᠥᠮᠦᠵᠢᠭᠦᠯᠦᠨ ᠬᠦᠲᠤᠯᠤᠨ ᠲᠠᠭᠠᠭᠤᠯᠵᠤ ᠪᠠᠢᠭᠠᠳ ᠵᠢᠷᠭᠠᠯ ᠵᠤᠪᠠᠯᠠᠩ ᠵᠢᠨᠨ ᠬᠠᠮᠲᠤᠳᠭᠠᠬᠤ᠂ ᠥᠭᠦᠵᠦ᠍ ᠰᠡᠭᠡᠬᠦ᠌ ᠎ᠪᠡᠨ ᠬᠠᠮᠲᠤᠳᠭᠠᠬᠤ᠂ ᠬᠤᠪᠢ ᠵᠠᠶᠠᠭ᠎ᠠ ᠎ᠪᠠᠨ ᠬᠠᠮᠲᠤᠳᠭᠠᠬᠤ ᠬᠠᠮᠲᠤ ᠎ᠶ᠋ᠢᠨ ᠴᠣᠭ᠍ᠴᠠ᠎ᠶ᠋ᠢᠨ ᠣᠢᠯᠠᠭᠠᠭ᠍ᠳᠠᠬᠤᠨ᠎ᠢ ᠪᠠᠲᠤ ᠴᠤᠭᠴᠠᠯᠠᠨ᠂ 《ᠭᠤᠷᠪᠠᠨ ᠰᠠᠯᠵᠤ ᠴᠢᠳᠠᠬᠤ ᠥᠬᠡᠶ》 《ᠲᠠᠪᠤᠨ ᠬᠠᠮᠲᠤ ᠎ᠶ᠋ᠢᠨ ᠲᠠᠨᠢᠯᠲᠠ》 ᠎ᠶ᠋ᠢ ᠦᠨᠳᠦᠰᠦᠲᠡᠨ᠎ᠨᠦᠭᠦᠳ ᠎ᠦᠨ ᠠᠷᠠᠳ ᠲᠦᠮᠡᠨ ᠎ᠦ ᠰᠡᠳᠭᠢᠯ ᠎ᠳᠦ ᠭᠦᠨ ᠦᠨᠲᠤᠰᠤᠯᠠᠬᠦᠯᠤᠨ᠎ᠠ ᠬᠡᠵᠤ ᠢᠯᠡᠷᠬᠡᠢᠯᠡᠵᠠᠢ᠃

《ᠪᠢᠳᠡ ᠪᠠᠰᠠ 〈ᠠᠨᠠᠷ ᠎ᠤᠨ ᠦᠷ᠎ᠡ ᠰᠢᠭ ᠰᠡᠳᠭᠢᠯ ᠨᠢᠭᠡᠳᠦᠨ ᠬᠦᠰᠡᠯ ᠵᠡᠭᠦᠳᠦ᠍ ᠎ᠪᠡᠨ ᠲᠡᠷᠭᠡᠯᠱᠢᠭᠦᠯᠬᠦ᠌〉 ᠦᠨᠳᠦᠰᠦᠲᠡᠨ᠎ᠦ ᠪᠦᠯᠬᠦᠮᠳᠡᠯ ᠎ᠦᠨ ᠱᠢᠷᠢᠰ ᠭᠣᠣᠯ ᠰᠡᠳᠦᠪᠲᠦ ᠠᠵᠢᠯᠯᠠᠭ᠎ᠠ᠎ᠶ᠋ᠢ ᠭᠦᠨᠵᠡᠭᠡᠢ ᠬᠡᠷᠡᠭ᠌ᠵᠢᠭᠦᠯᠵᠦ᠍᠂ ᠪᠦᠬᠦ᠌ ᠨᠡᠢᠭᠡᠮ ᠎ᠳᠦ ᠳᠤᠮᠳᠠᠳᠤ ᠎ᠶ᠋ᠢᠨ ᠰᠣᠶᠣᠯ ᠎ᠢ ᠤᠯᠠᠨ᠎ᠢᠶᠠᠷ ᠎ᠢᠶᠠᠨ ᠰᠤᠷᠤᠯᠴᠠᠬᠤ᠂ ᠬᠤᠳᠠ᠎ᠶ᠋ᠢᠨ ᠨᠡᠢᠭᠡᠮ ᠲᠣᠭᠣᠷᠢᠭ᠎ᠲᠤ ᠦᠨᠳᠦᠰᠦᠲᠡᠨ ᠎ᠨᠦᠭᠦᠳ᠎ᠦᠨ ᠤᠯᠠᠨ ᠲᠦᠮᠡᠨ ᠬᠠᠷᠢᠯᠴᠠᠨ ᠬᠠᠪᠰᠤᠷᠤᠯᠴᠠᠬᠤ᠂ ᠮᠠᠯᠵᠢᠬᠤ ᠲᠠᠷᠢᠶᠠᠯᠠᠬᠤ ᠣᠷᠣᠨ ᠎ᠳᠤ ᠨᠠᠮ᠎ᠤᠨ ᠠᠴᠢ ᠡᠨᠡᠷᠢᠯ ᠎ᠳᠤ ᠲᠠᠯᠠᠷᠬᠠᠵᠤ ᠨᠠᠮ ᠎ᠤᠨ ᠦᠭᠡ ᠎ᠶ᠋ᠢ ᠰᠣᠨᠣᠰᠴᠤ᠌ ᠨᠠᠮ ᠎ᠢᠶᠠᠨ ᠳᠠᠭᠠᠬᠤ᠂ ᠰᠤᠷᠭᠠᠨ ᠬᠥᠮᠦᠵᠢᠯ ᠎ᠦᠨ ᠱᠢᠰᠲ᠋ᠧᠮ ᠎ᠳᠦ ᠤᠯᠤᠰ ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠎ᠪᠡᠷ ᠵᠢᠭᠠᠨ ᠰᠤᠷᠭᠠᠯᠲᠠ ᠵᠢ ᠳᠤᠰᠠᠯᠠᠬᠤ ᠰᠤᠷᠤᠯᠴᠠᠯᠭ᠎ᠠ ᠎ᠶ᠋ᠢ ᠲᠤᠰᠠᠯᠠᠬᠤ ᠵᠡᠷᠭᠡ ᠠᠵᠢᠯᠯᠠᠭ᠎ᠠ ᠎ᠶ᠋ᠢ ᠥᠷᠨᠢᠭᠦᠯᠵᠦ᠍᠂ ᠦᠨᠳᠦᠰᠦᠲᠡᠨ᠎ᠨᠦᠭᠦᠳ ᠎ᠦᠨ ᠤᠯᠠᠨ ᠲᠦᠮᠡᠨ ᠎ᠦ ᠬᠠᠮᠲᠤ ᠎ᠪᠠᠷ ᠪᠦᠯᠬᠦᠮᠳᠡᠨ ᠲᠠᠪᠱᠢᠬᠤ᠂ ᠬᠠᠮᠲᠤ ᠎ᠪᠠᠷ ᠴᠡᠴᠡᠭ᠌ᠯᠡᠨ ᠬᠥᠭ᠌ᠵᠢᠬᠦ᠌ ᠎ᠶ᠋ᠢ ᠠᠬᠢᠭᠤᠯᠤᠨ᠎ᠠ》 ᠬᠡᠵᠤ ᠵᠠᠩ ᠱᠢᠶᠤᠤ ᠪᠢᠩ ᠬᠡᠯᠡᠯ᠎ᠡ᠃ ᠲᠡᠷᠡ ᠳᠤᠮᠳᠠᠳᠤ ᠎ᠶ᠋ᠢᠨ ᠦᠨᠳᠦᠰᠦᠲᠡᠨ᠎ᠦ ᠬᠠᠮᠲᠤ ᠎ᠶ᠋ᠢᠨ ᠴᠣᠭ᠍ᠴᠠ ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠰᠤᠳᠤᠯᠭᠠᠨ ᠎ᠤ ᠲᠥᠪ᠂ ᠠᠬᠢᠭᠤᠯᠬᠤ ᠬᠤᠷᠠᠯ᠂ ᠤᠬᠠᠭᠤᠯᠭ᠎ᠠ ᠬᠥᠮᠦᠵᠢᠯ ᠎ᠦᠨ ᠰᠠᠭᠤᠷᠢᠨ᠂ ᠦᠶ᠋ᠯᠡᠳᠦᠯᠭᠡ᠎ᠶ᠋ᠢᠨ ᠱᠢᠨ᠎ᠡ᠎ᠶ᠋ᠢ ᠡᠭᠦᠳᠬᠦ᠌ ᠰᠠᠭᠤᠷᠢᠨ ᠵᠡᠷᠭᠡ ᠳᠥᠷᠪᠡᠨ ᠲᠠᠪᠴᠠᠩ᠎ᠢ ᠰᠠᠢᠲᠤᠷ ᠬᠡᠷᠡᠭ᠌ᠯᠡᠵᠦ᠍᠂ ᠨᠠᠮ ᠎ᠤᠨ ᠵᠣᠬᠢᠶᠠᠨ ᠪᠠᠢᠭᠤᠯᠤᠯᠲᠠ ᠎ᠠᠴᠠ ᠳᠠᠢᠴᠢᠯᠠᠬᠤ᠂ ᠰᠠᠯᠠᠭ᠎ᠠ ᠮᠥᠴᠢᠷ ᠠᠵᠢᠯ ᠲᠥᠷᠥᠯ᠎ᠦᠨ᠎ᠬᠢᠨ ᠬᠣᠯᠪᠣᠭᠠᠯᠠᠨ ᠬᠥᠳᠡᠯᠦᠯᠴᠡᠬᠦ᠌᠂ ᠨᠡᠢᠭᠡᠮ᠎ᠦᠨ ᠵᠣᠬᠢᠶᠠᠨ ᠪᠠᠢᠭᠤᠯᠤᠯᠲᠠ᠎ᠠᠴᠠ ᠠᠬᠢᠭᠤᠯᠬᠤ᠂ ᠱᠠᠯᠠᠪᠳᠠᠭᠤᠯᠤᠨ ᠪᠠᠢᠴᠠᠭᠠᠵᠤ ᠱᠢᠯᠭᠠᠨ ᠦᠨᠡᠯᠡᠬᠦ᠌ ᠎ᠪᠡᠷ ᠠᠬᠢᠭᠤᠯᠬᠤ ᠳᠥᠷᠪᠡᠨ ᠲᠣᠭ᠍ᠲᠠᠴᠠ ᠎ᠶ᠋ᠢ ᠪᠦᠷᠢᠨᠱᠢᠭᠦᠯᠵᠦ᠍᠂ ᠦᠨᠳᠦᠰᠦᠲᠡᠨ ᠎ᠦ ᠪᠦᠯᠬᠦᠮᠳᠡᠯ ᠳᠠᠪᠱᠢᠯᠲᠠ ᠎ᠶ᠋ᠢ ᠡᠭᠦᠳᠦᠨ ᠪᠠᠢᠭᠤᠯᠬᠤ ᠠᠵᠢᠯ ᠎ᠢ ᠪᠣᠳᠠᠲᠠᠶ ᠠᠳᠭᠤᠵᠤ ᠨᠠᠷᠢᠯᠢᠭ ᠬᠢᠵᠦ᠍᠂ 《ᠪᠥᠬᠥ᠌ ᠤᠯᠤᠰ᠎ᠤᠨ ᠦᠨᠳᠦᠰᠦᠲᠡᠨ ᠎ᠦ ᠪᠦᠯᠬᠦᠮᠳᠡᠯ ᠳᠠᠪᠱᠢᠯᠲᠠ ᠎ᠶ᠋ᠢᠨ ᠵᠢᠱ᠌ᠢᠶ᠎ᠡ ᠦᠵᠡᠭᠦᠯᠬᠦ᠌ ᠠᠢᠮᠠᠭ》 ᠤ᠋ᠨ ᠡᠨᠡ ᠬᠦ᠌ ᠡᠷᠬᠢᠮ ᠳᠡᠭᠡᠳᠦ ᠢᠷᠠᠭᠤ ᠠᠯᠳᠠᠷ᠎ᠢ ᠨᠠᠷᠢᠨ ᠨᠢᠮᠪᠠᠶ ᠬᠠᠮᠠᠭᠠᠯᠠᠨ᠎ᠠ ᠭᠡᠵᠦ᠍ ᠨᠥᠬᠥᠪᠥᠷᠢᠯᠠᠨ ᠶᠠᠷᠢᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面