2022ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠣᠨᠴᠠ ᠮᠡᠳᠡᠭᠡᠯᠡᠯ

2022-03-10 09:27:33

ᠵᠣᠬᠢᠶᠠᠭ᠍ᠴᠢ᠄ ᠵᠠᠩ ᠺᠦᠢ ᠶᠤᠸᠠᠨ ᠶᠦᠩ ᠬᠣᠩ ᠣᠩᠱᠢᠭ᠍ᠰᠠᠨ ᠣᠳᠠᠭ᠎ᠠ᠄ 3

ᠴᠠᠭᠠᠨ ᠢᠳᠡᠭᠡᠨ᠎ᠦ᠌ ᠠᠵᠢᠯ ᠲᠥᠷᠥᠯ ᠡᠴᠨ ᠢᠷᠡᠭ᠌ᠰᠡᠨ ᠪᠥᠬᠥ᠌ ᠤᠯᠤᠰ᠎ᠤ᠋ᠨ ᠠᠷᠠᠳ᠎ᠤ᠋ᠨᠲᠥᠯᠥᠭᠡᠯᠡᠭ᠌ᠴᠢᠳ ᠤ᠋ᠨ ᠶᠡᠬᠡ ᠬᠤᠷᠠᠯ᠎ᠤ᠋ᠨ ᠲᠥᠯᠥᠭᠡᠯᠡᠭ᠌ᠴᠢ ᠯᠢ ᠼᠦᠢ ᡁᠢ ᠠᠵᠢᠯ ᠲᠥᠷᠥᠯ᠎ᠦ᠋ᠨ ᠵᠢᠡᠨ ᠬᠥᠭ᠌ᠵᠢᠯᠲᠡ᠎ᠵᠢᠠᠩᠬᠠᠷᠤᠭᠰᠠᠭᠠᠷ ᠢᠷᠡᠭᠰᠡᠨ ᠶᠤᠮ᠃ ᠡᠨᠡ ᠵᠢᠯ ᠲᠡᠷᠡ ᠠᠩᠬᠠᠷᠤᠯ ᠵᠢᠡᠨ ᠴᠠᠭᠠᠨ ᠢᠳᠡᠭᠡᠨ᠎ᠤ ᠦᠢᠯᠡᠰ᠎ᠦ᠋ᠨ ᠪᠦᠬᠦ᠌ᠠᠵᠤ ᠦᠢᠯᠡᠰ᠎ᠦ᠋ᠨ ᠬᠡᠯᠬᠢᠶ᠎ᠡ ᠵᠢ ᠪᠠᠢᠭᠤᠯᠬᠤ ᠳ᠋ᠤ ᠬᠠᠨᠳᠤᠭᠤᠯᠤᠯ᠎ᠠ᠃ ᠶᠡᠷᠦᠩᠬᠡᠢ ᠱᠦᠵᠢ ᠰᠢ᠎ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ᠎ᠤ᠋ ᠪᠦᠬᠦ᠌ ᠤᠯᠤᠰ᠎ᠤ᠋ᠨ ᠠᠷᠠᠳ᠎ᠤ᠋ᠨ ᠲᠥᠯᠥᠭᠡᠯᠡᠭ᠌ᠴᠢᠳ᠎ᠤ᠋ᠨ ᠶᠡᠬᠡ ᠬᠤᠷᠠᠯ᠎ᠤ᠋ᠨ ᠲᠠᠪᠤᠳᠤᠭᠠᠷ ᠬᠤᠷᠠᠯ᠎ᠤ᠋ᠨ ᠥᠪᠥᠷ ᠮᠣᠩᠭᠣᠯ᠎ᠤ᠋ᠨᠲᠥᠯᠥᠭᠡᠯᠡᠭ᠌ᠴᠢᠳ᠎ᠦᠨ ᠪᠦᠯᠬᠦᠮ᠎ᠦ᠋ᠨ ᠬᠢᠨᠠᠨ ᠵᠥᠪᠯᠡᠬᠦ᠎ᠳ᠋ᠦ᠍ ᠣᠷᠣᠯᠴᠠᠬᠤ᠎ᠳ᠋ᠠᠭᠠᠨ᠂ 〈ᠬᠣᠣᠰ ᠨᠡᠭᠦᠷᠡᠰᠦᠳᠦ᠋ᠷᠦᠭ᠌ᠴᠢ〉 ᠵᠢᠨ ᠬᠠᠷᠠᠯᠲᠠ᠎ᠶᠢᠣᠯᠠᠨᠲᠠ ᠳᠤᠷᠠᠳᠴᠤ᠌᠂ ᠨᠡᠭᠦᠷᠡᠰᠦᠲᠥ᠋ᠷᠥᠭ᠌ᠴᠢ ᠵᠢᠨ ᠭᠠᠳᠠᠭᠰᠢᠯᠠᠭᠤᠯᠤᠯᠳᠠ᠎ᠶᠢ ᠪᠠᠭᠠᠰᠬᠠᠬᠤ᠎ᠶᠢᠨ ᠵᠡᠷᠭᠡ ᠪᠡᠷ ᠠᠵᠤ ᠦᠢᠯᠡᠰ᠎ᠦ᠋ᠨ ᠬᠡᠯᠬᠢᠶ᠎ᠡ ᠬᠠᠩᠭᠠᠯᠭ᠎ᠠ ᠵᠢᠨ ᠬᠡᠯᠬᠢᠶ᠎ᠡ ᠵᠢᠨ ᠠᠮᠤᠷ ᠲᠦᠪᠱᠢᠨ᠂ ᠠᠮᠤ ᠪᠤᠳᠠᠭᠠᠨ᠎ᠤ᠋ ᠠᠮᠤᠷᠲᠦᠪᠱᠢᠨ᠎ᠢ᠋ ᠪᠠᠲᠤᠯᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃ ᠡᠨᠡ ᠨᠢ ᠴᠠᠭᠠᠨ ᠢᠳᠡᠭᠡᠨ᠎ᠤ ᠦᠢᠯᠡᠰ᠎ᠤ᠋ᠨ ᠬᠥᠭ᠌ᠵᠢᠯ᠎ᠦ᠋ᠨ ᠴᠢᠭᠯᠡᠯ ᠢ᠋ ᠲᠣᠳᠣᠷᠬᠠᠢᠯᠠᠵᠤ ᠦᠭ᠌ᠭᠦᠭ᠌ᠰᠡᠨ ᠪᠠᠢᠨ᠎ᠠ》ᠬᠡᠪᠡ᠃


QQ图片20220310091056.png


《ᠴᠠᠭᠠᠨ ᠢᠳᠡᠭᠡᠨ᠎ᠤ ᠦᠢᠯᠡᠰ᠎ᠦ᠋ᠨ ᠪᠣᠬᠢᠷᠲᠤᠯ ᠥᠬᠡᠢ ᠪᠠᠭ᠎ᠠ ᠨᠡᠭᠦᠷᠡᠰᠦᠲᠥ᠋ᠷᠦᠭ᠌ᠴᠢᠲᠦᠬᠥᠭ᠌ᠵᠢᠯᠲᠡ᠎ᠶᠢ ᠠᠬᠢᠭᠤᠯᠬᠤ᠎ᠳ᠋ᠤ᠂ ᠳᠡᠭᠡᠳᠦ ᠤᠷᠤᠰᠭᠠᠯ᠎ᠤ᠋ᠨ ᠲᠠᠷᠢᠶᠠᠯᠠᠩ ᠮᠠᠯ ᠠᠵᠤ ᠠᠬᠤᠢ᠎ᠶᠢᠨ ᠬᠥᠭ᠌ᠵᠢᠯᠲᠡᠭᠡᠬᠦ᠌ ᠡᠨᠡ ᠬᠦ᠌ ᠵᠠᠩᠭᠢᠯᠠᠭ᠎ᠠ᠎ᠶᠢᠨ ᠭᠣᠭ᠍ᠴᠣᠭ᠎ᠠ᠎ᠶᠢ ᠰᠠᠢᠲᠤᠷ ᠡᠵᠡᠮᠱᠢᠬᠦ᠌ ᠬᠡᠷᠡᠭ᠌ᠲᠡᠢ᠃ ᠣᠢᠷ᠎ᠠ᠎ᠶᠢᠨᠵᠢᠯ᠎ᠦ᠋ᠨ ᠲᠤᠷᠰᠢ᠂ ᠮᠠᠨ᠎ᠤ᠋ ᠤᠯᠤᠰ᠎ᠤ᠋ᠨ ᠲᠠᠷᠢᠶᠠᠯᠠᠩ ᠮᠠᠯ ᠠᠵᠤ ᠠᠬᠤᠢ ᠴᠢᠨᠠᠷ ᠰᠠᠢᠲᠠᠢ ᠬᠥᠭ᠌ᠵᠢᠭ᠌ᠰᠡᠨ ᠪᠣᠯᠪᠠᠴᠤ᠌ᠲᠠᠷᠢᠶᠠᠯᠠᠩ ᠮᠠᠯ ᠠᠵᠤ ᠠᠬᠤᠢ᠎ᠶᠢᠨ ᠨᠡᠭᠦᠷᠡᠰᠦᠲᠥ᠋ᠷᠥᠭ᠌ᠴᠢ ᠵᠢᠨ ᠭᠠᠳᠠᠭ᠍ᠰᠢᠯᠠᠭᠤᠯᠤᠯᠳᠠ ᠵᠢᠨ ᠪᠦᠷᠢᠳᠭᠡᠯ᠎ᠦ᠋ᠨᠱᠢᠰᠲ᠋ᠧᠮ ᠲᠡᠭᠦᠯᠳᠡᠷ ᠪᠤᠰᠤ᠂ ᠠᠵᠢᠯ ᠲᠥᠷᠥᠯ᠎ᠦ᠋ᠨ ᠪᠡᠶ᠎ᠡ ᠪᠠᠨ ᠲᠠᠭᠠᠭᠠᠵᠤ ᠪᠣᠬᠢᠷᠲᠤᠯ ᠭᠠᠳᠠᠭ᠍ᠰᠢᠯᠠᠭᠤᠯᠬᠤ᠎ᠶᠢ ᠪᠠᠭᠠᠰᠭᠠᠬᠤ ᠬᠥᠳᠡᠯᠭᠡᠬᠦ᠌ ᠬᠦᠴᠦᠨ ᠬᠦᠷᠦᠯᠴᠡᠬᠦ᠌ ᠥᠬᠡᠢ᠂ ᠬᠠᠮ ᠴᠢᠳᠠᠪᠤᠷᠢᠲᠠᠨ ᠳᠤᠲᠠᠮᠠᠭ ᠵᠡᠷᠭᠡ ᠠᠰᠠᠭᠤᠳᠠᠯᠵᠡᠷᠭᠡ ᠪᠡᠷ ᠣᠷᠣᠱᠢᠵᠤ ᠪᠠᠢᠨ᠎ᠠ》 ᠬᠡᠵᠦ ᠯᠢ ᠼᠦᠢ ᡁᠢ ᠬᠡᠯᠡᠪᠡ᠃ ᠲᠡᠷᠡ᠂ᠡᠳᠡᠭᠡᠷ ᠠᠰᠠᠭᠤᠳᠠᠯ ᠨᠢ ᠲᠠᠷᠢᠶᠠᠯᠠᠩ ᠮᠠᠯ ᠠᠵᠤ ᠠᠬᠤᠢ᠎ᠶᠢᠨ ᠪᠠᠭ᠎ᠠ ᠨᠡᠭᠦᠷᠡᠰᠦᠲᠥ᠋ᠷᠥᠭ᠌ᠴᠢᠳᠦ᠎ᠲᠡᠢᠰᠢ ᠬᠡᠯᠪᠡᠷᠢ ᠪᠡᠨ ᠬᠤᠪᠢᠷᠠᠭᠤᠯᠬᠤ ᠠᠯᠬᠤᠴᠠ᠎ᠶᠢ ᠨᠥᠯᠥᠭᠡᠯᠡᠵᠦ᠍ ᠪᠣᠢ ᠬᠡᠪᠡ᠃

ᠡᠳᠡᠭᠡᠷ ᠠᠰᠠᠭᠤᠳᠠᠯ᠎ᠳ᠋ᠤ ᠴᠢᠭ᠌ᠯᠡᠭᠦᠯᠦᠨ᠂ ᠨᠢᠳᠤᠨᠤᠨ ᠵᠢᠯ ᠯᠢ ᠼᠦᠢ ᡁᠢ ᠭᠦᠨᠵᠡᠭᠡᠢ ᠪᠠᠢᠴᠠᠭᠠᠨ ᠰᠤᠳᠤᠯᠤᠯᠲᠠ ᠬᠢᠵᠦ᠍᠂ ᠦᠪᠡᠷ᠎ᠤᠨ ᠬᠣᠷᠢ ᠭᠠᠷᠤᠢ ᠵᠢᠯ᠎ᠦ᠋ᠨ ᠠᠵᠢᠯ᠎ᠤ᠋ᠨ ᠲᠤᠷᠱᠢᠯᠭ᠎ᠠ᠎ᠲᠠᠢ᠎ᠪᠠᠨᠤᠶᠠᠯᠳᠤᠭᠤᠯᠤᠨ ᠡᠨᠡ ᠵᠢᠯ᠎ᠦ᠋ᠨ ᠬᠣᠶᠠᠷ ᠬᠤᠷᠠᠯ ᠲᠡᠭᠡᠷ᠎ᠡ ᠦᠪᠡᠷᠮᠢᠴᠡ ᠰᠠᠨᠠᠭᠤᠯᠭ᠎ᠠ ᠪᠠᠨ ᠳᠤᠷᠠᠳᠴᠠᠢ᠃ ᠲᠠᠷᠤᠢ᠂ᠲᠠᠷᠢᠶᠠᠯᠠᠩ ᠮᠠᠯ ᠠᠵᠤ ᠠᠬᠤᠢ᠎ᠶᠢᠨ ᠠᠵᠤ ᠠᠬᠤᠢᠯᠠᠯ᠎ᠤᠨ ᠲᠠᠷᠢᠵᠤ ᠲᠡᠵᠢᠭᠡᠬᠦ᠎ᠶᠢ ᠤᠶᠠᠯᠳᠤᠭᠤᠯᠬᠤ ᠵᠢ ᠵᠤᠷᠢᠬᠵᠢᠭᠤᠯᠵᠤ᠂ ᠪᠡᠯᠴᠢᠭᠡᠷ᠎ᠤᠨ ᠰᠡᠷᠬᠦᠭᠡᠯᠳᠡ᠎ᠳ᠋ᠤ ᠣᠷᠣᠯᠴᠠᠭᠤᠯᠵᠤ᠂ᠨᠤᠲᠤᠭ ᠪᠡᠯᠴᠢᠬᠡᠷ᠎ᠤ᠋ᠨ ᠠᠮᠢ ᠠᠬᠤᠢ᠎ᠶᠢᠨ ᠬᠠᠮᠠᠭᠠᠯᠠᠯᠳᠠ ᠪᠦᠲᠦᠭᠡᠨ ᠪᠠᠢᠭᠤᠯᠤᠯᠲᠠ᠎ᠶᠢ ᠴᠢᠩᠭᠠᠳᠭᠠᠬᠤ᠎ᠶᠢᠨᠬᠠᠮᠲᠤ᠂ ᠪᠡᠯᠴᠢᠬᠡᠷ ᠤ᠋ᠨ ᠬᠠᠮᠢᠶᠠᠷᠤᠯᠲᠠᠪᠠ ᠲᠡᠵᠢᠭᠡᠯ ᠡᠪᠡᠰᠦᠨ᠎ᠦ᠌᠎ᠲᠥᠷᠥᠯ ᠵᠦᠢᠯ᠎ᠢ ᠰᠠᠢᠵᠢᠷᠠᠭᠤᠯᠬᠤ᠂ᠲᠡᠵᠢᠭᠡᠯ ᠪᠣᠷᠳᠣᠭ᠎ᠠ᠎ᠶᠢ ᠬᠣᠯᠢᠯᠳᠤᠭᠤᠯᠬᠤ ᠵᠡᠷᠭᠡ ᠠᠷᠭ᠎ᠠ᠎ᠪᠠᠷ ᠦᠢᠯᠡᠳᠪᠦᠷᠢᠯᠡᠯ᠎ᠦ᠋ᠨ ᠦᠷ᠎ᠡ ᠠᠱᠢᠭ᠎ᠢ᠋ ᠳᠡᠭᠡᠭ᠌ᠰᠢᠯᠡᠭᠦᠯᠵᠦ᠍᠂ ᠮᠠᠯᠵᠢᠯ᠎ᠤᠨ ᠲᠠᠯᠠᠪᠠᠢ ᠵᠢ ᠴᠢᠨᠠᠷ ᠰᠠᠢᠲᠠᠢ ᠨᠡᠭᠦᠷᠡᠰᠦᠲᠦ᠋ᠷᠦᠭ᠌ᠴᠢ ᠬᠤᠷᠠᠮᠳᠤᠭᠤᠯᠬᠤ ᠰᠢᠰᠲᠸᠮᠪᠤᠯᠭᠠᠨ ᠴᠤᠬᠴᠠᠯᠠᠵᠤ᠂ ᠨᠡᠭᠦᠷᠡᠰᠦᠲᠦ᠋ᠷᠦᠭ᠌ᠴᠢ ᠵᠢᠨ ᠭᠠᠳᠠᠭᠰᠢᠯᠠᠭᠤᠯᠤᠯᠳᠠ᠎ᠶᠢ ᠪᠦᠲᠦᠮᠵᠢᠲᠡᠢ ᠪᠠᠭᠤᠷᠠᠭᠤᠯᠬᠤ᠂ᠠᠵᠤ ᠠᠬᠤᠢ᠎ᠶᠢᠨ ᠦᠷ᠎ᠡ ᠠᠱᠢᠭ᠎ᠢ᠋ ᠵᠡᠷᠭᠡᠳᠡ ᠴᠢᠬᠤᠯᠠᠴᠢᠯᠠᠵᠤ᠂ᠲᠠᠷᠢᠶᠠᠯᠠᠩ ᠮᠠᠯ ᠠᠵᠤ ᠠᠬᠤᠢ᠎ᠶᠢᠨ ᠠᠵᠤ ᠠᠬᠤᠢᠯᠠᠯ᠎ᠤ᠋ᠨ ᠬᠢᠨ ᠤ᠋ ᠰᠠᠢᠨ ᠳᠤᠷ᠎ᠠ ᠡᠴᠡ᠎ᠪᠡᠨ ᠭᠠᠳᠠᠭ᠍ᠰᠢᠯᠠᠭᠤᠯᠤᠯᠲᠠ᠎ᠶᠢᠪᠠᠭᠠᠰᠭᠠᠬᠤ᠎ᠶᠢ ᠠᠬᠢᠭᠤᠯᠪᠠᠯ ᠵᠤᠬᠢᠨ᠎ᠠ᠃

ᠡᠭᠦᠨ᠎ᠦ᠌ ᠬᠠᠮᠲᠤ᠂ ᠯᠢ ᠼᠦᠢ ᡁᠢ ᠪᠠᠰᠠ ᠲᠠᠷᠢᠶᠠᠯᠠᠩ ᠮᠠᠯ ᠠᠵᠤ ᠠᠬᠤᠢ᠎ᠶᠢᠨᠨᠡᠭᠦᠷᠡᠰᠦᠲᠥ᠋ᠷᠥᠭ᠌ᠴᠢ ᠵᠢᠨ ᠭᠠᠳᠠᠭ᠍ᠰᠢᠯᠠᠭᠤᠯᠤᠯᠳᠠ᠎ᠵᠢᠨ᠎ᠪᠦᠷᠢᠳᠭᠡᠯ᠎ᠦ᠋ᠨ᠎ᠱᠢᠰᠲ᠋ᠧᠮ᠎ᠢ᠋᠎ᠲᠡᠭᠦᠯᠳᠡᠷᠵᠢᠭᠦᠯᠵᠦ᠍᠂᠎ᠲᠠᠷᠢᠶᠠᠯᠠᠩ᠎ᠮᠠᠯ᠎ᠠᠵᠤ ᠠᠬᠤᠢ᠎ᠶᠢᠨ ᠨᠡᠭᠦᠷᠡᠰᠦᠲᠥ᠋ᠷᠥᠭ᠌ᠴᠢ ᠵᠢᠨ ᠭᠠᠳᠠᠭ᠍ᠰᠢᠯᠠᠭᠤᠯᠤᠯᠳᠠ᠎ᠶᠢ ᠪᠠᠭᠠᠰᠭᠠᠬᠤ᠎ᠳ᠋ᠤᠵᠤᠬᠢᠬᠤ ᠲᠥᠷᠥ᠎ᠶᠢᠨ ᠪᠣᠳᠣᠯᠭ᠎ᠠ᠎ᠶᠢᠨ ᠲᠤᠯᠭᠠᠭᠤᠷᠢᠯᠠᠯ ᠬᠠᠩᠭᠠᠵᠤ᠂ ᠲᠣᠳᠣᠷᠬᠠᠢ ᠱᠠᠭᠠᠷᠳᠠᠯᠭ᠎ᠠ ᠪᠠ ᠬᠢᠵᠠᠭᠠᠷᠯᠠᠬᠤ ᠵᠢᠭᠠᠯᠳᠠ ᠲᠣᠭ᠎ᠠ ᠵᠢ ᠳᠤᠷᠠᠳᠤᠨ ᠭᠠᠷᠭᠠᠪᠠᠯ ᠵᠤᠬᠢᠨ᠎ᠠ; ᠨᠡᠭᠦᠷᠡᠰᠦᠲᠥ᠋ᠷᠥᠭ᠌ᠴᠢ ᠵᠢᠰᠠᠭᠠᠷᠮᠠᠬᠵᠢᠭᠤᠯᠬᠤ ᠵᠠᠮ ᠱᠤᠭᠤᠮ᠎ᠤ᠋ᠨ ᠵᠢᠷᠤᠭ᠎ᠢ ᠲᠣᠭ᠍ᠲᠠᠭᠠᠵᠤ᠂ᠲᠠᠷᠢᠶᠠᠯᠠᠩ ᠮᠠᠯ ᠠᠵᠤ ᠠᠬᠤᠢ᠎ᠶᠢᠨ ᠪᠦᠬᠦᠢᠯᠡ ᠠᠵᠤ ᠦᠢᠯᠡᠰ᠎ᠦ᠋ᠨ ᠬᠡᠯᠬᠢᠶᠡᠨ᠎ᠤ ᠨᠡᠭᠦᠷᠡᠰᠦᠲᠥ᠋ᠷᠥᠭ᠌ᠴᠢ ᠵᠢᠨᠭᠠᠳᠠᠭᠰᠢᠯᠠᠭᠤᠯᠤᠯᠳᠠ ᠵᠢ ᠪᠠᠭᠤᠷᠠᠭᠤᠯᠬᠤ ᠪᠦᠳᠦᠮᠵᠢᠳᠡᠢ ᠭᠠᠷᠳᠠᠴᠠ ᠵᠢ ᠡᠷᠢᠵᠦᠤᠯᠪᠠᠯ ᠵᠤᠬᠢᠨ᠎ᠠ; 《ᠲᠠᠷᠢᠶᠠᠯᠠᠩᠮᠠᠯ ᠠᠵᠤ ᠠᠬᠤᠢ + ᠨᠡᠭᠦᠷᠡᠰᠦᠲᠥ᠋ᠷᠥᠭ᠌ᠴᠢ ᠵᠢᠨ ᠭᠠᠳᠠᠭᠰᠢᠯᠠᠭᠤᠯᠤᠯᠳᠠ ᠵᠢ ᠪᠠᠭᠤᠷᠠᠭᠤᠯᠬᠤ 》 ᠬᠠᠮ ᠴᠢᠳᠠᠪᠤᠷᠢᠲᠠᠨ᠎ᠢ᠋ ᠲᠦᠷᠭᠡᠳᠭᠡᠨᠬᠥᠮᠦᠵᠢᠭᠦᠯᠵᠦ᠍᠂ ᠳᠡᠭᠡᠳᠦ ᠵᠡᠷᠭᠡ᠎ᠶᠢᠨ ᠰᠤᠷᠭᠠᠭᠤᠯᠢ᠎ᠶᠢᠨ ᠲᠠᠷᠢᠶᠠᠯᠠᠩ ᠮᠠᠯ ᠠᠵᠤ ᠠᠬᠤᠢ᠎ᠶᠢᠨ ᠨᠡᠭᠦᠷᠡᠰᠦᠲᠥ᠋ᠷᠥᠭ᠌ᠴᠢ ᠵᠢ ᠰᠠᠭᠠᠷᠮᠠᠬᠵᠢᠭᠤᠯᠬᠤ ᠶᠠᠪᠤᠴᠠ᠎ᠳ᠋ᠠᠬᠢ ᠬᠠᠯᠠᠮᠱᠢᠯ ᠠᠰᠠᠭᠤᠳᠠᠯ᠂ ᠬᠦᠴᠢᠷ ᠠᠰᠠᠭᠤᠳᠠᠯ᠎ᠳ᠋ᠤ ᠴᠢᠭ᠌ᠯᠡᠭᠦᠯᠦᠨ ᠰᠤᠳᠤᠯᠭᠠᠨ ᠥᠷᠨᠢᠭᠦᠯᠬᠦ᠎ᠶᠢ ᠳᠡᠮᠵᠢᠵᠦ᠍᠂ᠢᠯᠠᠩᠭᠤᠶ᠎ᠠ ᠲᠠᠷᠢᠶᠠᠯᠠᠩ ᠮᠠᠯ ᠠᠵᠤ ᠠᠬᠤᠢ ᠳ᠋ᠤ ᠬᠠᠨᠳᠤᠭᠤᠯᠤᠬᠰᠠᠨ ᠨᠡᠭᠦᠷᠡᠰᠦᠲᠥ᠋ᠷᠥᠭ᠌ᠴᠢ ᠵᠢᠨ ᠠᠷᠠᠯᠵᠢᠶ᠎ᠠ᠂ ᠨᠡᠭᠦᠷᠡᠰᠦᠲᠥ᠋ᠷᠥᠭ᠌ᠴᠢ ᠵᠢ ᠰᠠᠭᠠᠷᠮᠠᠬᠵᠢᠭᠤᠯᠬᠤ ᠵᠢ ᠵᠠᠬ᠎ᠠ ᠲᠡᠯᠬᠡᠬᠦᠷᠴᠢᠯᠡᠬᠦ ᠠᠷᠭ᠎ᠠ ᠵᠠᠮ ᠢ᠋ ᠴᠢᠨᠠᠬᠰᠢᠳᠠ ᠬᠠᠢᠨ ᠰᠦᠪᠡᠭᠴᠢᠯᠡᠵᠦ᠂ ᠠᠵᠢᠯ ᠲᠥᠷᠥᠯ᠎ᠦ᠋ᠨᠪᠠᠭ᠎ᠠ ᠨᠡᠭᠦᠷᠡᠰᠦᠲᠥ᠋ᠷᠥᠭ᠌ᠴᠢᠳᠦ ᠬᠥᠭ᠌ᠵᠢᠯᠲᠡ᠎ᠶᠢᠨ ᠣᠨᠣᠯ᠎ᠤ᠋ᠨ ᠱᠢᠰᠲ᠋ᠧᠮ᠎ᠢ᠋ ᠲᠡᠭᠦᠯᠳᠡᠷᠵᠢᠭᠦᠯᠪᠡᠯ ᠵᠤᠬᠢᠨ᠎ᠠ ᠬᠡᠬᠦ ᠰᠠᠨᠠᠭᠤᠯᠭ᠎ᠠ ᠭᠠᠷᠭᠠᠪᠠ᠃

《ᠨᠤᠮᠢᠨ ᠨᠤᠭᠤᠭᠠᠨ ᠪᠣᠯ ᠥᠪᠥᠷ ᠮᠣᠩᠭᠣᠯ᠎ᠤ᠋ᠨᠴᠢᠨᠠᠷ ᠰᠠᠢᠳᠠᠢ ᠬᠥᠭ᠌ᠵᠢᠯᠳᠡ᠎ᠵᠢᠨ ᠲᠠᠪᠠᠭᠤᠯᠢᠭ ᠪᠤᠯᠤᠨ᠎ᠠ᠂ ᠮᠥᠨ ᠴᠸ᠋ ᠲᠤᠮᠳᠠᠳᠤᠤᠯᠤᠰ ᠤ᠋ᠨ ᠴᠠᠭᠠᠨ ᠢᠳᠡᠬᠡᠨ᠎ᠤ ᠦᠢᠯᠡᠰ ᠤ᠋ᠨ ᠴᠢᠨᠠᠷᠴᠢᠨᠠᠷᠲᠠᠢ ᠬᠥᠭ᠌ᠵᠢᠯᠳᠡ᠎ᠵᠢᠨ ᠲᠠᠪᠠᠭᠤᠯᠢᠭ ᠮᠦᠨ᠂ 〈ᠬᠤᠤᠰ ᠨᠡᠭᠦᠷᠡᠰᠦᠲᠥ᠋ᠷᠥᠭ᠌ᠴᠢ〉ᠵᠢᠨ ᠬᠠᠷᠠᠯᠳᠠ ᠵᠢ ᠪᠡᠶᠡᠯᠡᠭᠦᠯᠬᠦ᠌ᠶᠠᠪᠤᠴᠠ᠎ᠳ᠋ᠤ ᠴᠠᠭᠠᠨ ᠢᠳᠡᠭᠡᠨ ᠎ᠤ ᠠᠵᠤ ᠦᠢᠯᠡᠰ ᠤ᠋ᠨ ᠬᠢᠨ ᠢᠳᠡᠪᠬᠢᠳᠡᠢ ᠬᠦᠴᠦᠨ ᠴᠢᠳᠠᠯ᠎ᠵᠢᠡᠨ ᠡᠷᠭᠦᠬᠦ᠌ ᠬᠡᠷᠡᠭ᠌ᠲᠡᠢ》ᠬᠡᠵᠦ ᠯᠢ ᠼᠦᠢ ᡁᠢ ᠬᠡᠯᠡᠬᠦ ᠵᠢᠨ ᠬᠠᠮᠳᠤ᠄ 《ᠪᠢᠳᠡ ᠤᠯᠤᠰ᠎ᠤ᠋ᠨ 〈ᠬᠣᠣᠰ ᠨᠡᠭᠦᠷᠡᠰᠦᠲᠥ᠋ᠷᠥᠭ᠌ᠴᠢ〉ᠵᠢᠨ ᠠᠵᠢᠯ᠎ᠤ᠋ᠨ ᠲᠥᠯᠥᠪᠵᠢᠭᠦᠯᠭᠡ᠎ᠶᠢᠨ ᠪᠠᠢᠷᠢᠯᠠᠭᠤᠯᠤᠯᠲᠠ ᠶᠣᠰᠣᠭᠠᠷ᠂ ᠱᠢᠰᠲ᠋ᠧᠮ᠎ᠦ᠋ᠨ ᠦᠵᠡᠯᠲᠡ᠎ᠪᠡᠨ ᠴᠢᠩᠭᠠᠳᠭᠠᠵᠤ᠂ ᠪᠦᠬᠦ᠌ ᠬᠡᠯᠬᠢᠶ᠎ᠡ ᠵᠢᠨ ᠨᠡᠭᠦᠷᠡᠰᠦᠲᠥ᠋ᠷᠥᠭ᠌ᠴᠢ ᠵᠢᠨ ᠭᠠᠳᠠᠭᠰᠢᠯᠠᠭᠤᠯᠤᠯᠳᠠ᠎ᠶᠢᠪᠠᠭᠤᠷᠠᠭᠤᠯᠬᠤ ᠵᠢ ᠲᠦᠷᠭᠡᠳᠭᠡᠨ᠂ ᠨᠡᠭᠦᠷᠡᠰᠦᠲᠥ᠋ᠷᠥᠭ᠌ᠴᠢ ᠵᠢᠨ ᠭᠠᠳᠠᠭᠰᠢᠯᠠᠭᠤᠯᠤᠯᠳᠠ᠎ᠦᠬᠡᠢ ᠢᠷᠡᠬᠡᠳᠦᠢ ᠵᠢ ᠡᠬᠦᠳᠦᠨ ᠴᠤᠬᠴᠠᠯᠠᠵᠤ᠂ ᠡᠬᠡ ᠤᠯᠤᠰ᠎ᠤ᠋ᠨ ᠤᠮᠠᠷᠠᠲᠤᠬᠢᠯᠢ᠎ᠶᠢᠨ ᠦᠵᠡᠮᠵᠢ᠎ᠶᠢᠨ ᠣᠷᠣᠨ ᠵᠢᠡᠨ ᠨᠡᠩ ᠦᠵᠡᠰᠭᠦᠯᠡᠩᠲᠦ ᠰᠠᠢᠬᠠᠨ ᠪᠣᠯᠭᠠᠨ ᠪᠦᠲᠦᠭᠡᠨ ᠪᠠᠢᠭᠤᠯᠬᠤ ᠴᠢᠬᠤᠯᠠᠳᠠᠢ》 ᠬᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面