2022-03-10 09:31:44

ᠶᠡᠷᠦᠩᠬᠡᠢ ᠱᠦᠵᠢ ᠰᠢ ᠵᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ᠎ᠤ᠋ ᠪᠥᠬᠥ᠌ᠤᠯᠤᠰᠤ᠋ᠨ ᠠᠷᠠᠳ᠎ᠤ᠋ᠨ ᠲᠥᠯᠥᠭᠡᠯᠡᠭ᠌ᠴᠢᠳ᠎ᠤ᠋ᠨ ᠶᠡᠬᠡ ᠬᠤᠷᠠᠯ᠎ᠤ᠋ᠨ ᠲᠠᠪᠤᠳᠤᠭᠠᠷ ᠬᠤᠷᠠᠯ᠎ᠤ᠋ᠨ ᠥᠪᠥᠷ ᠮᠣᠩᠭᠣᠯᠤ᠋ᠨᠲᠥᠯᠥᠭᠡᠯᠡᠭ᠌ᠴᠢᠳᠤ᠋ᠨ ᠪᠦᠯᠬᠦᠮ᠎ᠦ᠋ᠨ ᠬᠢᠨᠠᠨ ᠵᠥᠪᠯᠡᠬᠦ᠎ᠳ᠋ᠦ᠍ ᠣᠷᠣᠯᠴᠠᠬᠤᠳ᠋ᠠᠭᠠᠨ᠂ ᠱᠢᠨ᠎ᠡ ᠬᠥᠭ᠌ᠵᠢᠯᠲᠡᠶᠢᠨᠣᠢᠯᠠᠭᠠᠭ᠍ᠳᠠᠬᠤᠨ ᠢ᠋ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠱᠢᠨᠡᠬᠥᠭ᠌ᠵᠢᠯᠲᠡᠶᠢᠨ ᠪᠠᠢᠷᠢᠱᠢᠯᠢ᠋ ᠲᠦᠷᠭᠡᠳᠭᠡᠨ ᠪᠠᠢᠭᠤᠯᠵᠤ᠂ ᠴᠢᠨᠠᠷ ᠰᠠᠢᠲᠠᠢ ᠬᠥᠭ᠌ᠵᠢᠯᠲᠡ᠎ᠶᠢ ᠠᠬᠢᠭᠤᠯᠵᠤ᠂ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦ᠋ᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠎ᠶᠢ ᠲᠦᠷᠭᠡᠳᠭᠡᠨᠪᠡᠶᠡᠯᠡᠭᠦᠯᠳᠡᠭ ᠯᠡ ᠶᠦ᠍ᠮ ᠪᠣᠯ᠂ ᠪᠢᠳᠡ ᠯᠠᠪᠲᠠᠢ ᠮᠠᠨ᠎ᠤ᠋ ᠤᠯᠤᠰ᠎ᠤ᠋ᠨ ᠬᠥᠭ᠌ᠵᠢᠯᠲᠡ᠎ᠶᠢᠨ ᠥᠷᠢᠰᠦᠯᠳᠦᠬᠦ᠌ᠬᠦᠴᠦᠨ ᠪᠠ ᠦᠷᠭᠦᠯᠵᠢᠯᠡᠬᠦ᠌ ᠬᠦᠴᠦᠨ᠎ᠢ ᠲᠠᠰᠤᠷᠠᠯᠲᠠ ᠦᠭᠡᠢ ᠳᠡᠭᠡᠭ᠌ᠰᠢᠯᠡᠭᠦᠯᠵᠦ᠍᠂ ᠡᠳᠦᠷ ᠢᠷᠡᠬᠦᠶ᠎ᠡ ᠱᠢᠷᠦᠭᠦᠰᠴᠦ᠍ᠪᠠᠢᠭᠠ ᠣᠯᠠᠨ ᠤᠯᠤᠰ᠎ᠤ᠋ᠨ ᠥᠷᠢᠰᠦᠯᠳᠦᠭᠡᠨ᠎ᠦ᠌ ᠳᠤᠮᠳᠠ ᠰᠠᠨᠠᠭᠠᠴᠢᠯᠠᠭᠠᠲᠤ ᠪᠠᠢᠷᠢ᠎ᠶᠢ ᠡᠵᠡᠮᠳᠡᠵᠦ᠍᠂ ᠢᠷᠡᠭᠡᠳᠦᠢᠵᠢᠨᠢᠯᠠᠯᠳᠠ ᠵᠢ ᠣᠯᠵᠤ ᠴᠢᠳᠠᠬᠤ ᠶᠤᠮ ᠭᠡᠵᠦ᠍ ᠴᠢᠬᠤᠯᠠᠴᠢᠯᠠᠪᠠ᠃
《ᠶᠡᠷᠦᠩᠬᠡᠢ ᠱᠦᠵᠢ᠎ᠶᠢᠨ ᠴᠢᠬᠤᠯᠠ ᠶᠠᠷᠢᠶ᠎ᠠ ᠨᠠᠳᠠ ᠵᠢ ᠶᠡᠬᠡ ᠪᠡᠷ ᠵᠣᠷᠢᠭ᠍ᠵᠢᠭᠤᠯᠤᠭᠰᠠᠨᠪᠦᠭᠡᠳ ᠮᠦᠷᠦᠨ ᠳ᠋ᠡᠬᠢ ᠡᠬᠦᠷᠭᠡ ᠬᠦᠨᠳᠦ ᠪᠠᠢᠬᠤ ᠵᠢ ᠮᠡᠳᠡᠷᠡᠬᠦᠯᠦᠯ᠎ᠡ》 ᠬᠡᠵᠦ ᠪᠦᠬᠦ᠌ ᠤᠯᠤᠰ᠎ᠤ᠋ᠨ ᠤᠯᠤᠰ ᠲᠥᠷᠥ᠎ᠶᠢᠨ ᠵᠥᠪᠯᠡᠯᠭᠡᠨᠦ᠌ ᠭᠡᠱᠢᠭᠦᠨ᠂ ᠥᠪᠡᠷᠲᠡᠭᠡᠨᠵᠠᠰᠠᠬᠤ ᠣᠷᠣᠨ᠎ᠤ᠋ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦ᠋ᠨ ᠲᠢᠩᠬᠢᠮᠦ᠋ᠨ ᠳᠠᠷᠤᠭ᠎ᠠ ᠰᠦᠨ ᠵᠢᠶᠦ᠋ᠨᠴᠢᠩ ᠬᠡᠯᠡᠪᠡ᠃ ᠪᠥᠬᠥ᠌ ᠤᠯᠤᠰ᠎ᠤ᠋ᠨ ᠤᠯᠤᠰ ᠲᠥᠷᠥ᠎ᠶᠢᠨ ᠵᠥᠪᠯᠡᠯᠭᠡᠨᠦ᠌ ᠭᠡᠱᠢᠭᠦᠨ᠎ᠦ᠌ ᠲᠤᠱᠢᠶᠠᠯᠢ᠋ ᠡᠭᠦᠷᠭᠡᠯᠡᠭ᠌ᠰᠡᠨ᠎ᠡᠴᠡ ᠨᠡᠭᠠᠰᠢᠰᠦᠨ ᠵᠢᠶᠦ᠋ᠨ ᠴᠢᠩ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯᠦ᠋ᠨᠱᠢᠨᠡᠶᠢ ᠡᠭᠦᠳᠬᠦ᠌ ᠠᠵᠢᠯ᠎ᠤ᠋ᠨ ᠲᠣᠭᠣᠷᠢᠨ᠎ᠳ᠋ᠤ《ᠭᠡᠱᠢᠭᠦᠨ᠎ᠦ᠌ ᠲᠠᠰᠬᠠᠯ》 ᠵᠢᠡᠨ ᠰᠠᠢᠲᠤᠷ ᠬᠢᠵᠦ᠍᠂ ᠱᠢᠨ᠎ᠡ᠎ᠶᠢ ᠡᠭᠦᠳᠬᠦ᠎ᠪᠡᠷ ᠬᠥᠭ᠌ᠵᠢᠯᠲᠡ᠎ᠶᠢᠨ ᠬᠥᠳᠡᠯᠭᠡᠭᠦᠷᠪᠣᠯᠭᠠᠬᠤ ᠪᠠᠢᠯᠳᠤᠬᠤ ᠪᠣᠳᠣᠯᠭ᠎ᠠ᠎ᠶᠢᠨ ᠲᠣᠭᠣᠷᠢᠨ᠎ᠳ᠋ᠤ ᠤᠷᠢᠳ ᠬᠣᠵᠢᠳ 13 ᠬᠣᠯᠪᠣᠭ᠍ᠳᠠᠯ ᠪᠦᠬᠦᠢ ᠰᠠᠨᠠᠯ ᠳᠤᠷᠠᠳᠤᠯᠭ᠎ᠠ ᠰᠠᠨᠠᠭᠤᠯᠭ᠎ᠠ᠎ᠳᠤᠷᠠᠳᠪᠠ᠃ ᠲᠤᠰ ᠤᠳᠠᠭ᠎ᠠ᠎ᠶᠢᠨ ᠬᠤᠷᠠᠯ᠎ᠳ᠋ᠤ ᠤᠷᠤᠯᠴᠠᠬᠤᠳ᠋ᠠᠭᠠᠨ ᠲᠡᠷᠡ᠄ ᠤᠯᠤᠰ ᠡᠴᠡ ᠥᠪᠥᠷ ᠮᠣᠩᠭᠣᠯ᠎ᠤ᠋ᠨ ᠣᠷᠣᠨ ᠪᠦᠰᠡ᠎ᠶᠢᠨ ᠱᠢᠨ᠎ᠡ᠎ᠶᠢ ᠡᠭᠦᠳᠬᠦ᠌ ᠬᠥᠭ᠌ᠵᠢᠯᠲᠡᠶᠢᠨᠳᠤᠮᠳᠠ ᠨᠢᠭᠡᠨᠲᠡ ᠪᠦᠷᠢᠯᠳᠦᠭᠦᠯᠦᠭ᠌ᠰᠡᠨ ᠱᠢᠨ᠎ᠡ᠎ᠶᠢ ᠡᠭᠦᠳᠬᠦ᠌ ᠰᠠᠭᠤᠷᠢ᠂ ᠬᠠᠷᠢᠴᠠᠩᠭᠤᠢ ᠳᠠᠪᠠᠭᠤᠯᠢᠭ ᠵᠢᠴᠢᠬᠠᠷᠠᠬᠠᠨ ᠬᠦᠭᠵᠢᠬᠡᠳᠦᠢ ᠭᠠᠵᠠᠷ ᠣᠷᠣᠨ᠎ᠳ᠋ᠤ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦ᠋ᠨ ᠱᠢᠨ᠎ᠡ᠎ᠶᠢᠡᠭᠦᠳᠬᠦ᠌ ᠪᠡᠷ ᠴᠢᠨᠠᠷ ᠰᠠᠢᠲᠠᠢ ᠬᠥᠭ᠌ᠵᠢᠯᠲᠡ᠎ᠶᠢᠨ ᠵᠠᠮ᠎ᠢ᠋ ᠰᠦᠪᠡᠭ᠌ᠴᠢᠯᠡᠬᠦ᠎ᠳ᠋ᠤ ᠳᠤᠯᠭᠠᠭᠤᠷᠢᠯᠠᠯ ᠬᠠᠩᠭᠠᠬᠤᠠᠷᠭᠠ ᠵᠠᠮ᠎ᠢ ᠰᠤᠪᠢᠬᠤ ᠵᠢᠨ ᠴᠢᠬᠤᠯᠠ ᠠᠴᠢ ᠬᠣᠯᠪᠣᠭ᠍ᠳᠠᠯᠢ᠋ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ᠥᠪᠥᠷ ᠮᠣᠩᠭᠣᠯ᠎ᠤ᠋ᠨ ᠬᠥᠬᠡᠬᠣᠲᠠ ᠪᠤᠭᠤᠲᠤ ᠣᠷᠳᠣᠰ᠎ᠤ᠋ᠨ ᠤᠯᠤᠰ᠎ᠤ᠋ᠨ ᠪᠡᠶ᠎ᠡ᠎ᠪᠡᠨ ᠳᠠᠭᠠᠭᠠᠵᠤ ᠱᠢᠨ᠎ᠡ᠎ᠶᠢ ᠡᠭᠦᠳᠬᠦ᠌ᠵᠢᠱ᠌ᠢᠶᠡ ᠦᠵᠡᠭᠦᠯᠬᠦ᠌ ᠣᠷᠣᠨ᠎ᠤ ᠪᠠᠢᠭᠤᠯᠤᠯᠳᠠ᠎ᠶᠢ ᠶᠡᠬᠡᠪᠡᠷ ᠳᠡᠮᠵᠢᠬᠦ ᠲᠤᠬᠠᠢ ᠰᠠᠨᠠᠭᠤᠯᠭ᠎ᠠ ᠭᠠᠷᠭᠠᠪᠠ᠃
ᠰᠦᠨ ᠵᠢᠶᠦ᠋ᠨ ᠴᠢᠩᠦ᠋ᠨ ᠦᠵᠡᠬᠦ᠎ᠪᠡᠷ᠂ ᠥᠪᠥᠷ ᠮᠣᠩᠭᠣᠯ᠎ᠳ᠋ᠤ ᠬᠥᠬᠡᠬᠣᠲᠠ ᠪᠤᠭᠤᠲᠤᠣᠷᠳᠣᠰᠤ᠋ᠨ ᠤᠯᠤᠰ᠎ᠤ᠋ᠨ ᠪᠡᠶ᠎ᠡ᠎ᠪᠡᠨ ᠳᠠᠭᠠᠭᠠᠵᠤ ᠱᠢᠨ᠎ᠡ᠎ᠶᠢ ᠡᠭᠦᠳᠬᠦ᠌ ᠵᠢᠱ᠌ᠢᠶ᠎ᠡ ᠦᠵᠡᠭᠦᠯᠬᠦ᠌ ᠣᠷᠣᠨ᠎ᠢ᠋ ᠪᠠᠢᠷᠢᠰᠢᠭᠤᠯᠤᠨ ᠪᠠᠢᠭᠤᠯᠬᠤ ᠪᠤᠯ ᠶᠡᠷᠦᠩᠬᠡᠢ ᠱᠦᠵᠢ ᠰᠢ ᠵᠢᠨᠫᠢᠩᠦ᠋ᠨ ᠥᠪᠥᠷ ᠮᠣᠩᠭᠣᠯ᠎ᠤᠨ ᠳᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶᠢᠨ ᠵᠣᠷᠢᠭ ᠰᠠᠨᠠᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠵᠢᠨ ᠳᠣᠲᠣᠭᠠᠳᠤ ᠱᠠᠭᠠᠷᠳᠠᠯᠭ᠎ᠠ ᠪᠤᠯᠤᠨ᠎ᠠ᠂ ᠮᠦᠨ ᠴᠤ᠌ ᠬᠠᠷᠠᠬᠠᠨ ᠬᠦᠭᠵᠢᠬᠡᠳᠦᠢ ᠭᠠᠵᠠᠷ ᠣᠷᠣᠨ᠎ᠤ᠋ ᠴᠢᠨᠠᠷᠰᠠᠢᠲᠠᠢ ᠬᠥᠭ᠌ᠵᠢᠯᠲᠡ᠎ᠶᠢ ᠰᠦᠪᠡᠭ᠌ᠴᠢᠯᠡᠬᠦ᠌ ᠠᠮᠢᠳᠤᠯᠢᠭ ᠦᠢᠯᠡᠳᠦᠯᠭᠡ ᠪᠣᠯᠬᠤ ᠪᠥᠭᠡᠳ ᠣᠷᠣᠨ ᠪᠦᠰᠡ᠎ᠶᠢᠨ ᠱᠢᠨ᠎ᠡ᠎ᠶᠢᠡᠭᠦᠳᠬᠦ᠌ ᠬᠥᠭ᠌ᠵᠢᠯᠲᠡ᠎ᠶᠢᠨ ᠪᠠᠢᠳᠠᠯ᠎ᠤ᠋ᠨ ᠬᠡᠷᠡᠭ᠌ᠴᠡᠭᠡ ᠱᠠᠭᠠᠷᠳᠠᠯᠭ᠎ᠠ ᠪᠣᠯᠤᠨ᠎ᠠ᠃ ᠵᠣᠬᠢᠬᠤ ᠣᠷᠣᠨ ᠪᠦᠰᠡᠶᠢᠨᠳᠣᠲᠣᠷᠠ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦ᠋ᠨ ᠪᠠᠢᠭᠤᠯᠤᠮᠵᠢ ᠲᠣᠭ᠍ᠲᠠᠴᠠ᠎ᠶᠢᠨ ᠥᠭᠡᠷᠡᠴᠢᠯᠡᠯᠲᠡ᠂ᠱᠢᠨ᠎ᠡ᠎ᠶᠢ ᠡᠭᠦᠳᠬᠦ᠌ ᠲᠥᠷᠥ᠎ᠶᠢᠨ ᠪᠣᠳᠣᠯᠭ᠎ᠠ᠎ᠶᠢᠨ ᠤᠷᠢᠳ ᠵᠢᠡᠷ ᠬᠡᠷᠡᠭᠵᠢᠬᠦᠯᠵᠦ ᠤᠷᠢᠳ ᠵᠢᠡᠷ ᠲᠤᠷᠱᠢᠬᠤᠶᠢᠥᠷᠨᠢᠭᠦᠯᠬᠦᠪᠡᠷ ᠳᠠᠮᠵᠢᠭᠤᠯᠤᠨ᠂ ᠡᠯ᠎ᠡ ᠲᠥᠷᠥᠯ᠎ᠦ᠋ᠨ ᠱᠢᠨ᠎ᠡ᠎ᠶᠢ ᠡᠭᠦᠳᠬᠦ᠌ ᠴᠢᠬᠤᠯᠠ ᠬᠦᠴᠦᠨ ᠵᠦᠢᠯ ᠡᠬᠢᠪᠠᠶᠠᠯᠢᠭ᠎ᠤᠨ ᠴᠤᠭᠯᠠᠷᠠᠯ᠎ᠢ ᠲᠦᠷᠭᠡᠳᠭᠡᠨ ᠠᠬᠢᠭᠤᠯᠵᠤ᠂ ᠡᠭᠦᠨ᠎ᠦ᠌ ᠤᠯᠠᠮ᠎ᠵᠢᠡᠷ ᠣᠷᠣᠨ ᠪᠦᠰᠡ᠎ᠶᠢᠨ ᠱᠢᠨ᠎ᠡ᠎ᠶᠢᠡᠭᠦᠳᠬᠦ᠌ ᠥᠨᠳᠥᠷᠯᠢᠭ ᠢ᠋ ᠴᠣᠭ᠍ᠴᠠᠯᠠᠨ ᠪᠠᠢᠭᠤᠯᠬᠤ ᠨᠢ ᠥᠪᠥᠷ ᠮᠣᠩᠭᠣᠯ᠎ᠤ᠋ᠨ ᠴᠢᠨᠠᠷ ᠰᠠᠢᠲᠠᠢ ᠬᠥᠭ᠌ᠵᠢᠯᠲᠡᠳ᠋ᠦ᠍ᠲᠤᠢᠯᠤ᠋ᠨ ᠴᠢᠬᠤᠯᠠ ᠠᠴᠢ ᠬᠣᠯᠪᠣᠭ᠍ᠳᠠᠯ᠎ᠲᠠᠢ ᠶᠤᠮ᠃
ᠰᠦᠨ ᠵᠢᠶᠦ᠋ᠨ ᠴᠢᠩ᠂ ᠠᠮᠢ ᠠᠬᠤᠢ᠎ᠶᠢ ᠤᠷᠢᠳ ᠵᠢᠡᠷ ᠪᠤᠳᠤᠯᠬᠢᠯᠠᠬᠤ ᠪᠣᠬᠢᠷᠲᠤᠯ᠎ᠦᠭᠡᠢ ᠬᠥᠭ᠌ᠵᠢᠬᠦᠯᠬᠦ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶᠢᠨ ᠱᠢᠨ᠎ᠡ ᠵᠠᠮᠵᠢᠡᠷᠭᠤᠢᠪᠢᠰᠢ ᠦᠭᠡᠢ ᠵᠠᠮᠨᠠᠬᠤ ᠳ᠋ᠤ ᠥᠪᠥᠷ ᠮᠣᠩᠭᠣᠯ ᠡᠷᠬᠡᠪᠰᠢ ᠡᠨᠧᠷᠬᠢ ᠪᠠ ᠬᠦᠨᠳᠤ ᠠᠵᠤ ᠦᠢᠯᠡᠳᠪᠦᠷᠢ ᠳ᠋ᠤ ᠲᠦᠰᠢᠭᠯᠡᠭᠰᠡᠨᠠᠵᠤ ᠦᠢᠯᠡᠰ᠎ᠦ᠋ᠨ ᠪᠦᠲᠦᠴᠡ᠎ᠶᠢ ᠲᠦᠷᠭᠡᠨ ᠬᠤᠪᠢᠷᠠᠭᠤᠯᠵᠤ᠂ ᠱᠢᠨ᠎ᠡ᠎ᠶᠢ ᠡᠭᠦᠳᠬᠦ᠎ᠪᠡᠷ ᠬᠥᠳᠡᠯᠭᠡᠭᠦᠷ ᠪᠣᠯᠭᠠᠬᠤᠬᠥᠭ᠌ᠵᠢᠯᠲᠡᠳ᠋ᠦ᠍ ᠨᠡᠩ ᠢᠯᠡᠭᠦᠦ ᠲᠦᠱᠢᠭ᠌ᠯᠡᠬᠦ᠌ ᠬᠡᠷᠡᠭ᠌ᠲᠡᠢ᠃ ᠪᠦᠬᠦ᠌ ᠣᠷᠣᠨ᠎ᠤ᠋ ᠬᠠᠭᠠᠰ ᠡᠴᠡ ᠢᠯᠡᠬᠦᠦᠱᠢᠨᠡᠶᠢ ᠡᠭᠦᠳᠬᠦ᠌ ᠡᠬᠢ ᠪᠠᠶᠠᠯᠢᠭ ᠬᠥᠬᠡᠬᠣᠲᠠ ᠪᠤᠭᠤᠲᠤᠣᠷᠳᠣᠰ ᠲᠸ᠋ ᠲᠥᠪᠯᠡᠷᠡᠵᠦ᠍ ᠪᠤᠢ᠂ ᠬᠥᠬᠡᠬᠣᠲᠠ ᠪᠤᠭᠤᠲᠤ ᠣᠷᠳᠣᠰ᠎ᠤ᠋ᠨ ᠤᠯᠤᠰ᠎ᠤ᠋ᠨ ᠪᠡᠶ᠎ᠡ᠎ᠪᠡᠨ ᠳᠠᠭᠠᠭᠠᠵᠤᠱᠢᠨᠡᠶᠢ ᠡᠭᠦᠳᠬᠦ᠌ ᠵᠢᠱ᠌ᠢᠶ᠎ᠡ ᠦᠵᠡᠭᠦᠯᠬᠦ᠌ ᠣᠷᠣᠨ᠎ᠢ᠋ ᠡᠭᠦᠳᠦᠨ ᠪᠠᠢᠭᠤᠯᠬᠤ ᠨᠢ ᠱᠢᠨ᠎ᠡ᠎ᠶᠢ ᠡᠭᠦᠳᠬᠦ᠌ᠡᠬᠢ ᠪᠠᠶᠠᠯᠢᠭ᠎ᠢ᠋ ᠨᠢᠭᠡᠳᠦᠯᠲᠡᠢ ᠲᠥᠯᠥᠪᠯᠡᠬᠦ᠌᠂ ᠣᠷᠣᠨ ᠪᠦᠰᠡ᠎ᠶᠢᠨ ᠱᠢᠨ᠎ᠡ᠎ᠶᠢ ᠡᠭᠦᠳᠬᠦ᠌ ᠬᠠᠮᠵᠢᠯᠴᠠᠭᠠᠶᠢᠴᠢᠩᠭᠠᠷᠠᠭᠤᠯᠬᠤ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦ᠋ᠨ ᠪᠠᠢᠭᠤᠯᠤᠮᠵᠢ ᠲᠣᠭ᠍ᠲᠠᠴᠠ᠎ᠶᠢᠨ ᠱᠢᠨᠡᠶᠢᠡᠭᠦᠳᠬᠦᠳ᠋ᠦ᠍ ᠠᠱᠢᠭ᠍ᠲᠠᠢ᠂ ᠥᠪᠥᠷ ᠮᠣᠩᠭᠣᠯ᠎ᠤ᠋ᠨ ᠠᠵᠤ ᠦᠢᠯᠡᠰ᠎ᠦ᠋ᠨ ᠬᠡᠯᠪᠡᠷᠢ᠎ᠪᠡᠨ ᠬᠤᠪᠢᠷᠠᠭᠤᠯᠤᠨ ᠳᠡᠰᠳᠡᠪᠱᠢᠬᠦᠶᠢ ᠠᠬᠢᠭᠤᠯᠬᠤ᠂ ᠣᠷᠣᠨ ᠪᠦᠰᠡ᠎ᠶᠢᠨ ᠴᠢᠨᠠᠷ ᠰᠠᠢᠲᠠᠢ ᠬᠥᠭ᠌ᠵᠢᠯᠲᠡ᠎ᠶᠢᠨ ᠴᠢᠬᠤᠯᠠ ᠨᠡᠮᠡᠭ᠌ᠳᠡᠯᠢᠪᠣᠢ ᠪᠣᠯᠭᠠᠬᠤ᠎ᠳ᠋ᠤ ᠲᠤᠢᠯ᠎ᠤ᠋ᠨ ᠴᠢᠬᠤᠯᠠ ᠶᠡᠬᠡ ᠪᠠᠢᠯᠳᠤᠬᠤ ᠪᠣᠳᠣᠯᠭ᠎ᠠ᠎ᠶᠢᠨ ᠠᠴᠢ ᠬᠣᠯᠪᠣᠭ᠍ᠳᠠᠯ᠎ᠲᠠᠢ ᠶᠤᠮᠭᠡᠵᠦ᠍ ᠬᠡᠯᠡᠪᠡ᠃
( ᠬᠡᠷᠡᠯ ᠵᠢᠷᠤᠭ᠎ᠢ ᠰᠦᠨ ᠵᠢᠶᠦ᠋ᠨᠴᠢᠩ ᠬᠠᠩᠭᠠᠪᠠ )
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃