2022ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠶᠡᠷᠦᠩᠬᠡᠢ ᠱᠦᠵᠢ᠂ ᠪᠢᠳᠡ ᠲᠠᠨ᠎ᠳ᠋ᠤ᠌ ᠬᠠᠷᠢᠭᠤ ᠮᠡᠳᠡᠭᠦᠯᠵᠦ ᠪᠠᠢᠨ᠎ᠠ

2022-02-28 09:35:30

ᠵᠣᠬᠢᠶᠠᠭ᠍ᠴᠢ᠄ ᠬᠤᠤ ᠵᠢᠶᠠ ᠯᠢ ᠣᠩᠱᠢᠭ᠍ᠰᠠᠨ ᠣᠳᠠᠭ᠎ᠠ᠄ 3


QQ图片20220228092135.png

ᠪᠦᠬᠦ᠌ᠤᠯᠤᠰ᠎ᠤᠨ ᠠᠷᠠᠳ᠎ᠤᠨ ᠲᠦᠯᠦᠭᠡᠯᠡᠭ᠌ᠴᠢ ᠨᠠᠷᠠᠨᠳᠤᠶᠠᠭ᠎ᠠ


2018 ᠎ᠣᠨ᠎ᠤ 3 ᠰᠠᠷ᠎ᠠ᠎ᠶ᠋ᠢᠨ 5 ᠤ᠋ ᠡᠳᠦᠷ᠂ ᠥᠪᠥᠷ ᠎ᠮᠣᠩᠭᠣᠯ ᠎ᠤᠨ ᠎ᠥᠪᠡᠷᠲᠡᠭᠡᠨ ᠎ᠵᠠᠰᠠᠬᠤ ᠎ᠣᠷᠣᠨ᠎ᠤ ᠦᠨᠳᠦᠰᠦᠲᠡᠨ᠎ᠨᠦᠭᠦᠳ᠎ᠦᠨ 2400 ᠲᠦᠮᠡᠨ ᠠᠷᠠᠳ ᠲᠦᠮᠡᠨ ᠢ᠋ ᠲᠦᠯᠦᠭᠡᠯᠡᠨ ᠶᠡᠷᠦᠩᠬᠡᠢᠱᠦᠵᠢ ᠰᠢ ᠵᠢᠨ ᠫᠢᠩ᠎ᠳᠦ ᠬᠠᠳᠠᠭ ᠡᠷᠬᠦᠪᠡ᠃

2021 ᠣᠨ᠎ᠤ 3 ᠰᠠᠷ᠎ᠠ᠎ᠶ᠋ᠢᠨ 5 ᠤ᠋ ᠡᠳᠦᠷ᠂ ᠶᠡᠷᠦᠩᠬᠡᠶᠱᠦᠵᠢ ᠳ᠋ᠤ ᠠᠵᠢᠯ᠎ᠤᠨ ᠬᠠᠷᠢᠭᠤ ᠮᠡᠳᠡᠭᠦᠯᠦᠯᠲᠡ ᠬᠢᠪᠠ᠃

ᠪᠦᠬᠦ᠌ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠪᠠᠶᠠᠨᠨᠠᠭᠤᠷ ᠬᠤᠳᠠ᠎ᠶ᠋ᠢᠨᠤᠷᠠᠳ᠎ᠤᠨ ᠡᠮᠦᠨᠡᠲᠦ ᠬᠣᠱᠢᠭᠤᠨ᠎ᠤ ᠮᠣᠩᠭᠣᠯ ᠦᠨᠳᠦᠰᠦᠲᠡᠨ᠎ᠦ ᠪᠠᠭ᠎ᠠ ᠰᠤᠷᠭᠠᠭᠤᠯᠢ᠎ᠶ᠋ᠢᠨ ᠪᠠᠭ᠍ᠰᠢ ᠨᠠᠷᠠᠨᠲᠤᠶᠠᠭ᠎ᠠ᠄ 《ᠡᠨᠡ ᠪᠣᠯ ᠮᠢᠨᠦ᠍ ᠨᠢᠭᠡᠨᠠᠰᠤᠨ᠎ᠤ ᠢᠷᠠᠭᠤ ᠠᠯᠳᠠᠷ ᠮᠥᠨ! 》 ᠭᠡᠵᠤ ᠳᠤᠭᠳᠤᠯᠤᠨ ᠬᠡᠯᠡᠪᠠ᠃

ᠡᠨᠡᠬᠦ᠌ ᠢᠷᠠᠭᠤ ᠠᠯᠳᠠᠷ ᠨᠢ ᠵᠦᠪᠬᠡᠨ ᠨᠠᠷᠠᠨᠲᠤᠶᠠᠭ᠎ᠠ ᠵᠢᠨ ᠬᠢ ᠯᠠ ᠪᠢᠰᠢ᠂ ᠲᠡᠭᠦᠨ ᠤ᠋ ᠬᠠᠮᠲᠤ ᠠᠵᠢᠯᠯᠠᠬᠰᠠᠳᠪᠠ ᠰᠣᠷᠣᠭ᠍ᠴᠢᠳ ᠨᠢ ᠴᠤ᠌ ᠤᠮᠤᠭᠰᠢᠵᠤ᠂ ᠴᠢᠨᠠᠭᠰᠢᠯᠠᠭᠠᠳ ᠲᠡᠭᠦᠨ᠎ᠦ ᠨᠤᠲᠤᠭ ᠤᠰᠤ ᠵᠢᠨ ᠬᠢᠨ ᠴᠤ᠌ ᠳᠤᠭᠳᠤᠯᠤᠨᠪᠠᠶᠠᠷᠯᠠᠯᠳᠤᠭᠰᠠᠨ ᠶᠤᠮ᠃

2021 ᠣᠨ᠎ᠤ ᠬᠣᠶᠠᠷ ᠬᠤᠷᠠᠯᠲᠡᠭᠦᠰᠴᠤ ᠨᠠᠷᠠᠨᠲᠤᠶᠠᠭ᠎ᠠ ᠨᠤᠲᠤᠭ᠎ᠲᠠᠭᠠᠨ ᠪᠤᠴᠠᠭ᠍ᠰᠠᠨ᠎ᠤ ᠳᠠᠷᠠᠭ᠎ᠠ᠂ ᠪᠠᠢᠭᠤᠯᠭ᠎ᠠ᠂ ᠠᠵᠤ ᠠᠬᠤᠢᠯᠠᠯ᠂ ᠰᠤᠷᠭᠠᠭᠤᠯᠢᠵᠡᠷᠭᠡ ᠨᠢᠭᠡᠴᠢ ᠬᠣᠢᠨ᠎ᠠ ᠬᠣᠢᠨ᠎ᠠ᠎ᠡᠴᠡ᠎ᠪᠠᠨ ᠲᠡᠭᠦᠨ᠎ᠢ ᠤᠷᠢᠵᠤ ᠤᠬᠠᠭᠤᠯᠭ᠎ᠠ ᠲᠠᠢᠯᠪᠤᠷᠢᠯᠠᠯᠳᠠ ᠬᠢᠯᠭᠡᠵᠤ᠂ᠣᠯᠠᠨ᠎ᠢᠶᠠᠷ᠎ᠢᠶᠠᠨ ᠲᠡᠭᠦᠨ᠎ᠦ ᠶᠡᠷᠦᠩᠬᠡᠶ ᠱᠦᠵᠢ᠎ᠳᠦ ᠬᠠᠷᠢᠭᠤ ᠮᠡᠳᠡᠭᠦᠯᠦᠯᠲᠡ ᠬᠢᠬᠦ᠌ ᠦᠶ᠎ᠡ᠎ᠶ᠋ᠢᠨ ᠲᠥᠷᠥᠭ᠌ᠳᠡᠯ᠎ᠢᠰᠣᠨᠣᠰᠴᠤ ᠪᠢᠯᠡ᠃

《〈ᠪᠢ ᠪᠣᠯ ᠮᠣᠩᠭᠣᠯ ᠦᠨᠳᠦᠰᠦᠲᠡᠨ᠂ᠭᠡᠪᠡᠴᠦ᠍ ᠪᠢ ᠶᠠᠭᠤᠨ᠎ᠤ ᠡᠮᠦᠨ᠎ᠡ ᠳᠤᠮᠳᠠᠳᠤ ᠤᠯᠤᠰ᠎ᠤᠨ ᠬᠥᠮᠦᠨ ! 〉 ᠬᠠᠷᠢᠭᠤ ᠮᠡᠳᠡᠭᠦᠯᠦᠯᠲᠡ᠎ᠳᠡᠬᠢᠡᠨᠡ ᠦᠭᠡ ᠶᠡᠷᠦᠩᠬᠡᠢ ᠱᠦᠵᠢ ᠵᠢᠨ ᠲᠠᠭᠠᠰᠢᠶᠠᠯ ᠢ᠋ ᠤᠯᠵᠤ᠂ ᠬᠠᠮᠤᠭ᠎ᠤᠨ ᠦᠨᠳᠦᠰᠦᠨ ᠱᠠᠲᠤᠨ᠎ᠤ ᠪᠠᠭ᠍ᠰᠢ᠎ᠶ᠋ᠢᠨ ᠲᠥᠯᠥᠭᠡᠯᠡᠭ᠌ᠴᠢ ᠪᠤᠯᠤᠭᠰᠠᠨ ᠨᠠᠳᠠ ᠳ᠋ᠤ ᠬᠢᠵᠠᠭᠠᠯᠠᠰᠢᠦᠭᠡᠢ ᠢᠷᠠᠭᠤ ᠠᠯᠳᠠᠷ ᠪᠣᠯᠤᠭ᠍ᠰᠠᠨ ᠪᠥᠭᠡᠳ ᠡᠨᠡ ᠬᠦ᠌ ᠦᠭᠡ᠎ᠶ᠋ᠢᠨ ᠵᠢᠩᠬᠢᠨᠢ ᠤᠳᠭ᠎ᠠ᠎ᠶ᠋ᠢ ᠳᠠᠬᠢᠨᠲᠠ ᠭᠦᠨᠵᠡᠭᠡᠢᠤᠢᠯᠠᠭᠠᠪᠠ》 ᠬᠡᠵᠦ ᠶᠡᠷᠦᠩᠬᠡᠶ ᠱᠦᠵᠢ᠎ᠳᠦᠬᠠᠷᠢᠭᠤ ᠮᠡᠳᠡᠭᠦᠯᠬᠦ᠌ ᠦᠶ᠎ᠡ᠎ᠶ᠋ᠢᠨ ᠰᠡᠳᠭᠢᠯᠭᠡ ᠪᠠ ᠲᠥᠷᠥᠭ᠌ᠳᠡᠯ᠎ᠢᠶᠡᠨ ᠨᠠᠷᠠᠨᠲᠤᠶᠠᠭ᠎ᠠ ᠨᠢᠭᠡ ᠵᠢᠯ ᠦᠩᠭᠡᠷᠡᠭᠰᠡᠨᠪᠤᠯᠪᠠᠴᠤ ᠲᠣᠪ ᠲᠣᠳᠣᠷᠬᠠᠶ ᠴᠡᠭᠡᠵᠢᠯᠡᠭ᠌ᠰᠡᠭᠡᠷ᠃

ᠨᠠᠷᠠᠨᠲᠤᠶᠠᠭ᠎ᠠ 2018 ᠣᠨ᠎ᠳᠤ ᠪᠦᠬᠦ᠌ ᠤᠯᠤᠰ᠎ᠤᠨᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠪᠡᠷ ᠰᠣᠩᠭᠣᠭ᠍ᠳᠠᠯ᠎ᠠ᠃ ᠲᠡᠷᠡ ᠶᠡᠷᠦᠩᠬᠡᠶᠱᠦᠵᠢ᠎ᠶ᠋ᠢᠨ ᠴᠢᠩ ᠰᠡᠳᠭᠢᠯ᠎ᠦᠨ ᠨᠠᠢᠳᠠᠯᠭ᠎ᠠ᠎ᠶ᠋ᠢ ᠢᠮᠠᠭ᠍ᠲᠠ ᠪᠠᠲᠤ ᠴᠡᠭᠡᠵᠢᠯᠡᠵᠦ᠍᠂ ᠠᠴᠢ ᠡᠨᠡᠷᠢᠯ᠎ᠳᠦᠨᠢᠲᠠᠯᠠᠷᠬᠠᠬᠤ ᠰᠡᠳᠭᠢᠯᠭᠡ ᠵᠢ ᠡᠪᠦᠷᠯᠡᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨᠣᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ᠎ᠶ᠋ᠢ ᠦᠶ᠋ᠯᠡᠳᠦᠯᠭᠡᠵᠢᠭᠦᠯᠵᠦ᠍ ᠪᠠᠢᠯ᠎ᠠ᠄ ᠲᠠᠷᠤᠢ᠂ ᠠᠮᠢᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢ ᠬᠠᠯᠠᠮᠵᠢᠯᠠᠨ ᠠᠩᠬᠠᠷᠬᠤ᠂ ᠬᠡᠷ ᠪᠦᠯᠢ᠎ᠶ᠋ᠢᠨ ᠰᠤᠷᠭᠠᠨ ᠬᠥᠮᠦᠵᠢᠯ᠎ᠦᠨᠡᠷᠡᠭᠦᠯ᠎ᠢᠶᠡᠷ ᠬᠥᠭ᠌ᠵᠢᠬᠦ᠌᠎ᠶ᠋ᠢ ᠠᠬᠢᠭᠤᠯᠬᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢᠳᠡᠯᠭᠡᠷᠡᠭᠦᠯᠦᠨ ᠬᠡᠷᠡᠭ᠌ᠯᠡᠬᠦ ᠁ ᠵᠡᠷᠭᠡ ᠪᠤᠢ᠃

ᠡᠭᠦᠨ᠎ᠳᠦ᠂ᠬᠠᠮᠤᠭ᠎ᠤᠨ ᠪᠠᠶᠠᠷᠯᠠᠭᠤᠱᠢᠲᠠᠶ ᠨᠢ 《 ᠪᠥᠬᠥᠳᠡ ᠨᠠᠢᠷᠠᠮᠳᠠᠬᠤ ᠳᠤᠮᠳᠠᠳᠤᠠᠷᠠᠳ ᠤᠯᠤᠰ᠎ᠤᠨ ᠬᠡᠷ ᠪᠦᠯᠢ᠎ᠶ᠋ᠢᠨ ᠰᠤᠷᠭᠠᠨ ᠬᠥᠮᠦᠵᠢᠯ᠎ᠢ ᠠᠬᠢᠭᠤᠯᠬᠤ ᠬᠠᠤᠯᠢ 》 ᠵᠢ ᠡᠨᠡ ᠵᠢᠯ᠎ᠦᠨ 1 ᠰᠠᠷ᠎ᠠ᠎ᠶ᠋ᠢᠨ 1 ᠤ᠋ ᠡᠳᠦᠷ᠎ᠡᠴᠡ ᠡᠬᠢᠯᠡᠵᠦ᠍ ᠬᠡᠷᠡᠭ᠌ᠵᠢᠭᠦᠯᠦᠭᠰᠡᠨ ᠶᠠᠪᠤᠳᠠᠯ ᠪᠤᠯᠤᠨ᠎ᠠ᠃ ᠨᠠᠷᠠᠨᠳᠤᠶᠠᠭ᠎ᠠᠭᠡᠷ ᠪᠦᠯᠢ ᠵᠢᠨ ᠰᠤᠷᠭᠠᠨ ᠬᠦᠮᠦᠵᠢᠯ ᠢ᠋ ᠶᠡᠷᠦ ᠡᠴᠡ ᠠᠩᠬᠠᠷᠤᠭᠰᠠᠭᠠᠷ ᠢᠷᠡᠭᠰᠡᠨ ᠪᠦᠭᠡᠳ ᠲᠡᠷᠡ ᠠᠯᠢ ᠡᠷᠲᠡᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨᠠᠩᠬᠠᠳᠤᠭᠠᠷ ᠬᠤᠷᠠᠯ᠎ᠳᠤ ᠣᠷᠣᠯᠴᠠᠬᠤ ᠦᠶ᠎ᠡ᠎ᠳᠦ ᠳᠠᠷᠤᠶ ᠬᠡᠷ ᠪᠦᠯᠢ᠎ᠶ᠋ᠢᠨ ᠬᠥᠮᠦᠵᠢᠯ᠎ᠦᠨ ᠲᠤᠬᠠᠶ ᠰᠠᠨᠠᠭᠤᠯᠭ᠎ᠠᠳᠤᠷᠠᠳᠴᠠᠢ᠃

ᠪᠥᠬᠥ᠌ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠪᠣᠯᠤᠭ᠍ᠰᠠᠨ᠎ᠤ ᠬᠤᠪᠢ᠎ᠳᠤ᠂ᠲᠡᠬᠦᠨ᠎ᠤ ᠬᠠᠮᠤᠭ᠎ᠤᠨ ᠶᠡᠬᠡ ᠦᠨ᠎ᠡ ᠥᠷᠲᠡᠭ ᠪᠠ ᠣᠯᠤᠯᠲᠠ ᠭᠡᠪᠡᠯ ᠥᠪᠡᠷ᠎ᠦᠨ ᠳᠤᠷᠠᠳᠤᠭᠰᠠᠨ ᠰᠠᠨᠠᠭᠤᠯᠭ᠎ᠠ᠎ᠳ᠋ᠤᠨᠢᠬᠠᠷᠢᠭᠤ ᠲᠤᠰᠬᠠᠯ ᠥᠭ᠌ᠭᠦᠭ᠌ᠰᠡᠨ ᠶᠠᠪᠤᠳᠠᠯ ᠪᠣᠯᠤᠨ᠎ᠠ᠃ 《ᠮᠢᠨᠦ᠍ ᠳᠤᠷᠠᠳᠤᠭᠰᠠᠨ ᠰᠠᠨᠠᠭᠤᠯᠭ᠎ᠠᠬᠠᠷᠢᠭᠤ ᠲᠤᠰᠭᠠᠯ ᠣᠯᠵᠤ᠂ ᠮᠢᠨᠦ᠍ ᠬᠠᠷᠢᠭᠤ ᠮᠡᠳᠡᠭᠦᠯᠦᠯᠲᠡ ᠶᠡᠷᠦᠩᠬᠡᠢ ᠱᠦᠵᠢ᠎ᠶ᠋ᠢᠨ ᠵᠥᠪᠱᠢᠶᠡᠷᠡᠯ᠎ᠢ ᠣᠯᠵᠠᠢ᠂ᠡᠨᠡ ᠪᠣᠯ ᠮᠢᠨᠦ᠍ ᠨᠢᠭᠡ ᠨᠠᠰᠤᠨ᠎ᠤ ᠬᠠᠮᠤᠭ᠎ᠤᠨ ᠪᠠᠶᠠᠷᠯᠠᠭᠤᠱᠢᠲᠠᠢ ᠶᠠᠪᠤᠳᠠᠯ ᠪᠣᠯᠤᠨ᠎ᠠ!》᠂ 《ᠪᠢ ᠠᠷᠠᠳ᠎ᠤᠨ ᠲᠥᠯᠥᠭᠡᠯᠡᠭ᠌ᠴᠢᠳ᠎ᠦᠨᠶᠡᠭᠡ ᠬᠤᠷᠠᠯ᠎ᠤᠨ ᠲᠦᠯᠦᠭᠡᠯᠡᠭᠴᠢ ᠵᠢᠨ ᠠᠵᠢᠯ᠎ᠢ ᠦᠷᠭᠦᠯᠵᠢᠯᠡᠨ ᠰᠠᠢᠲᠤᠷ ᠬᠢᠨ᠎ᠠ》 ᠭᠡᠵᠤ ᠨᠠᠷᠠᠨᠳᠤᠶᠠᠭ᠎ᠠᠰᠡᠳᠬᠢᠯ ᠲᠤᠬᠳᠤᠯᠤᠨ ᠬᠡᠯᠡᠨ᠎ᠠ᠃

ᠳᠠᠭᠤᠤᠬᠥᠭ᠌ᠵᠢᠮ᠎ᠦᠨ ᠪᠠᠭ᠍ᠰᠢ ᠪᠣᠯᠤᠭ᠍ᠰᠠᠨ᠎ᠤ ᠬᠤᠪᠢ᠎ᠳᠤ᠂ ᠨᠠᠷᠠᠨᠲᠤᠶᠠᠭ᠎ᠠ ᠨᠡᠢᠳᠡᠯᠢᠭ ᠬᠡᠯᠡ᠎ᠶ᠋ᠢ ᠤᠷᠤᠰᠤᠮ᠎ᠠ ᠰᠠᠢᠬᠠᠨᠶᠠᠷᠢᠳᠠᠭ᠂ ᠡᠨᠡ ᠨᠢ ᠭᠣᠣᠯᠳᠠᠭᠤ ᠲᠡᠭᠦᠨ᠎ᠦ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢᠪᠠᠷᠢᠮᠲᠠᠯᠠᠨ ᠰᠤᠷᠤᠯᠴᠠᠭ᠍ᠰᠠᠨ᠎ᠡᠴᠡ ᠪᠣᠯᠤᠭ᠍ᠰᠠᠨ ᠶᠤᠮ᠃ ᠲᠡᠷᠡ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡᠬᠡᠯᠡ ᠦᠰᠦᠭ ᠪᠢᠴᠢᠭ᠎ᠢ ᠰᠤᠷᠤᠯᠴᠠᠨ ᠡᠵᠡᠮᠱᠢᠬᠦ᠌ ᠪᠣᠯ ᠦᠨᠳᠦᠰᠦᠲᠡᠨ᠎ᠦ ᠪᠦᠯᠬᠦᠮᠳᠡᠯ᠎ᠦᠨ ᠴᠢᠬᠤᠯᠠ ᠪᠠᠲᠤᠯᠠᠭ᠎ᠠᠮᠥᠨ᠂ ᠴᠥᠭᠡᠨ ᠲᠣᠭᠠᠲᠤ ᠦᠨᠳᠦᠰᠦᠲᠡᠨ᠎ᠦ ᠬᠡᠦᠬᠡᠳ᠎ᠲᠦ ᠠᠪᠴᠤ᠌ ᠬᠡᠯᠡᠪᠡᠯ᠂ ᠮᠥᠨ ᠴᠦ᠍ ᠲᠡᠳᠡᠨ᠎ᠦ ᠨᠡᠩ ᠶᠡᠬᠡᠬᠥᠭ᠌ᠵᠢᠯᠲᠡ᠎ᠶ᠋ᠢᠨ ᠣᠷᠣᠨ ᠵᠠᠢ ᠵᠢ ᠤᠯᠬᠤ ᠴᠢᠬᠤᠯᠠ ᠬᠡᠪ ᠪᠣᠯᠪᠠᠰᠤᠷᠠᠯ ᠪᠣᠯᠤᠨ᠎ᠠ ᠭᠡᠪᠡ᠃

ᠶᠡᠷᠦᠩᠬᠡᠢᠱᠦᠵᠢ ᠰᠢ ᠵᠢᠨ ᠫᠢᠩ᠂ ᠰᠣᠶᠣᠯ᠎ᠤᠨ ᠬᠠᠮᠲᠤ᠎ᠶ᠋ᠢᠨ ᠲᠠᠨᠢᠯᠲᠠ ᠪᠣᠯ ᠬᠠᠮᠤᠭ᠎ᠤᠨ ᠭᠦᠨ ᠳᠠᠪᠬᠤᠷᠭ᠎ᠠ᠎ᠶ᠋ᠢᠨ ᠬᠠᠮᠲᠤ᠎ᠶ᠋ᠢᠨᠲᠠᠨᠢᠯᠲᠠ ᠮᠥᠨ᠂ ᠦᠨᠳᠦᠰᠦᠲᠡᠨ᠎ᠦ ᠪᠦᠯᠬᠦᠮᠳᠡᠯ᠎ᠦᠨ ᠦᠨᠳᠦᠰᠦ᠂ ᠦᠨᠳᠦᠰᠦᠲᠡᠨ᠎ᠦ ᠡᠶ᠎ᠡ ᠵᠣᠬᠢᠴᠠᠩᠭᠤᠢ᠎ᠪᠠᠢᠬᠤᠶ᠋ᠢᠨ ᠰᠦᠭ ᠰᠦᠨᠡᠰᠦ ᠮᠥᠨ ᠭᠡᠵᠤ ᠴᠢᠬᠤᠯᠠᠴᠢᠯᠠᠪᠠ᠃

ᠡᠭᠦᠨ᠎ᠦᠲᠤᠬᠠᠢ ᠨᠠᠷᠠᠨᠲᠤᠶᠠᠭ᠎ᠠ᠄《ᠦᠨᠳᠦᠰᠦᠲᠡᠨ᠎ᠦ ᠪᠦᠯᠬᠦᠮᠳᠡᠯ ᠨᠢ ᠦᠭᠡ ᠬᠡᠯᠡᠨ᠎ᠦ ᠨᠡᠪᠲᠡᠷᠡᠯᠴᠡᠭᠡ᠎ᠡᠴᠡᠰᠠᠯᠵᠤ ᠴᠢᠳᠠᠬᠤ ᠦᠭᠡᠢ᠃ ᠬᠡᠦᠬᠡᠳ ᠪᠣᠯ ᠤᠯᠤᠰ᠎ᠤᠨ ᠢᠷᠡᠭᠡᠳᠦᠢ ᠮᠥᠨ᠂ ᠰᠤᠷᠭᠠᠭᠤᠯᠢ ᠪᠣᠯ ᠤᠯᠤᠰ᠎ᠤᠨ ᠨᠡᠢᠳᠡᠮᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠴᠢᠬᠤᠯᠠ ᠵᠢᠭ᠍ᠰᠠᠭᠠᠯ᠎ᠤᠨᠭᠠᠵᠠᠷ ᠮᠥᠨ᠂ ᠪᠠᠭ᠍ᠰᠢ ᠪᠣᠯ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨᠲᠦᠭᠡᠮᠡᠯᠵᠢᠭᠦᠯᠬᠦ᠌ ᠴᠢᠬᠤᠯᠠ ᠬᠥᠮᠦᠰ ᠮᠥᠨ᠃ ᠪᠠᠭ᠍ᠰᠢ ᠨᠢᠭᠡ ᠪᠦᠷᠢ ᠴᠥᠮ ᠬᠡᠦᠬᠡᠳ᠎ᠢ ᠰᠤᠷᠭᠠᠨ ᠬᠥᠮᠦᠵᠢᠭᠦᠯᠵᠦ᠍ᠬᠦᠳᠦᠯᠦᠨ ᠵᠢᠯᠣᠭᠣᠳᠴᠤ᠌ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠬᠡᠷᠡᠭ᠌ᠯᠡᠬᠦ᠌ ᠎ᠴᠢᠳᠠᠪᠤᠷᠢ ᠎ᠶ᠋ᠢ ᠨᠢ ᠳᠡᠭᠡᠭ᠌ᠰᠢᠯᠡᠭᠦᠯᠵᠦ᠍᠂ ᠦᠨᠳᠦᠰᠦᠲᠡᠨ᠎ᠦ ᠪᠦᠯᠬᠦᠮᠳᠡᠯ᠎ᠦᠨ ᠦᠷ᠎ᠡ᠎ᠶ᠋ᠢ ᠬᠡᠦᠬᠡᠳ᠎ᠦᠨ᠎ᠰᠡᠳᠭᠢᠯ᠎ᠳᠦᠦᠨᠳᠦᠰᠦᠯᠡᠭᠦᠯᠦᠨ ᠰᠣᠶᠣᠭᠠᠯᠠᠭᠤᠯᠪᠡᠯ ᠵᠤᠬᠢᠨ᠎ᠠ 》 ᠭᠡᠵᠤ ᠬᠦᠨ ᠰᠡᠳᠬᠢᠯᠬᠡ ᠲᠠᠢ ᠬᠡᠯᠡᠪᠠ᠃

ᠠᠳᠠᠯᠢᠬᠠᠨᠦᠰᠦᠭ ᠪᠢᠴᠢᠭ᠂ ᠠᠳᠠᠯᠢᠬᠠᠨ ᠦᠭᠡ ᠬᠡᠯᠡ᠂ ᠠᠳᠠᠯᠢᠬᠠᠨ ᠰᠡᠳᠬᠢᠯ ᠲᠠᠢ ᠪᠠᠢᠬᠤ ᠭᠡᠷᠡᠭᠳᠠᠢ᠂ ᠦᠭᠡ ᠬᠡᠯᠡ ᠦᠰᠦᠭᠪᠢᠴᠢᠭ ᠪᠣᠯ ᠰᠡᠳᠭᠢᠯ ᠰᠠᠨᠠᠭ᠎ᠠ᠎ᠪᠠᠨ ᠨᠡᠪᠲᠡᠷᠡᠯᠴᠡᠬᠦ᠌ ᠬᠥᠭᠥᠷᠭᠡ ᠮᠥᠨ᠃ ᠤᠯᠤᠰ᠎ᠤᠨ ᠨᠡᠢᠳᠡᠮ ᠬᠡᠷᠡᠭ᠌ᠯᠡᠬᠦ᠌ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠨᠢ ᠰᠡᠳᠭᠢᠯ ᠤ᠋ᠨ ᠰᠣᠯᠢᠯᠴᠠᠭᠠᠨ᠎ᠤ ᠬᠠᠷᠰᠢᠰᠠᠭᠠᠳ᠎ᠢ ᠠᠷᠢᠯᠭᠠᠵᠤ᠂ ᠣᠢᠯᠠᠭᠠᠯᠴᠠᠭ᠎ᠠ᠎ᠪᠠᠨ ᠭᠦᠨᠵᠡᠭᠡᠢᠷᠡᠭᠦᠯᠵᠦ᠍᠂ ᠬᠠᠷᠢᠯᠴᠠᠨ ᠬᠦᠨᠳᠦᠳᠭᠡᠵᠦ᠍᠂ ᠦᠨᠳᠦᠰᠦᠲᠡᠨ᠎ᠨᠦᠭᠦᠳ᠎ᠦᠨᠦᠷᠳᠡᠭ᠎ᠦᠨ ᠬᠠᠷᠢᠯᠴᠠᠨ ᠨᠡᠪᠲᠡᠷᠡᠯᠴᠡᠬᠦ᠌᠂ ᠲᠠᠨᠢᠯᠳᠠ ᠬᠠᠷᠢᠯᠴᠠᠨ ᠨᠢᠭᠡᠳᠦᠯᠳᠡᠢ ᠪᠠᠢᠬᠤ᠂ ᠬᠥᠮᠦᠰ᠎ᠦᠨ ᠰᠡᠳᠭᠢᠯ᠎ᠢᠨᠢᠬᠳᠠᠷᠠᠭᠤᠯᠬᠤ᠂ ᠤᠶᠤᠨ ᠰᠠᠨᠠᠭᠠᠨ ᠤ᠋ ᠲᠠᠯ᠎ᠠ ᠪᠡᠷ ᠎ᠬᠠᠷᠢᠯᠴᠠᠨ ᠲᠦᠱᠢᠯᠴᠡᠬᠦ᠌ ᠵᠢ ᠠᠬᠢᠭᠤᠯᠵᠤ ᠴᠢᠳᠠᠨ᠎ᠠ᠃ᠨᠠᠷᠠᠨᠲᠤᠶᠠᠭ᠎ᠠ᠄ 《ᠦᠨᠳᠦᠰᠦᠲᠡᠨ᠎ᠦ ᠪᠦᠯᠬᠦᠮᠳᠡᠯᠪᠣᠯ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠠᠮᠢᠨ ᠰᠤᠳᠠᠰᠤ ᠮᠥᠨ᠂ ᠦᠨᠳᠦᠰᠦᠲᠡᠨ᠎ᠦ ᠪᠦᠯᠬᠦᠮᠳᠡᠯ᠎ᠢ ᠬᠠᠮᠠᠭᠠᠯᠠᠬᠤᠪᠣᠯ ᠮᠠᠨ᠎ᠤ ᠬᠠᠮᠲᠤ᠎ᠶ᠋ᠢᠨ ᠬᠠᠷᠢᠭᠤᠴᠠᠯᠭ᠎ᠠ ᠮᠥᠨ᠃ ᠶᠡᠷᠦᠩᠬᠡᠶ ᠱᠦᠵᠢ ᠰᠠᠨᠠᠭ᠎ᠠ ᠠᠮᠤᠷ ᠪᠠᠢᠭᠠᠷᠠᠶ᠂ ᠪᠢᠳᠡᠬᠡᠵᠢᠶ᠎ᠡ ᠴᠦ᠍ ᠬᠡᠰᠡᠨ ᠠᠨᠠᠷ᠎ᠤᠨ ᠦᠷ᠎ᠠ ᠱᠢᠭ ᠨᠢᠭ᠍ᠲᠠᠷᠠᠨ ᠪᠦᠯᠬᠦᠮᠳᠡᠨ᠎ᠠ! 》 ᠭᠡᠪᠡ᠃

ᠪᠥᠬᠥ᠌ᠤᠯᠤᠰ᠎ᠤᠨ ᠬᠣᠶᠠᠷ ᠬᠤᠷᠠᠯ ᠤᠳᠠᠯ ᠥᠬᠡᠶ ᠬᠤᠷᠠᠯᠳᠤᠬᠤ᠎ᠬᠡᠵᠤ ᠪᠣᠶ᠂ ᠨᠠᠷᠠᠨᠲᠤᠶᠠᠭ᠎ᠠ ᠡᠳᠦᠷ ᠪᠦᠷᠢ ᠬᠣᠶᠠᠷ ᠬᠤᠷᠠᠯᠳ᠋ᠤ ᠳᠡᠪᠰᠢᠭᠦᠯᠬᠦ ᠰᠠᠨᠠᠭᠤᠯᠭ᠎ᠠ ᠪᠠᠨ ᠨᠠᠷᠢᠨ ᠬᠢᠨᠠᠮᠠᠭᠠᠶ ᠡᠮᠬᠢᠯᠡᠵᠦ᠍᠂ ᠲᠡᠷᠡ ᠣᠯᠠᠨ ᠲᠦᠮᠡᠨ᠎ᠦ ᠬᠦᠰᠡᠯᠡᠷᠡᠮᠡᠯᠵᠡᠯ᠎ᠢ ᠠᠪᠴᠤ᠂ ᠱᠢᠨ᠎ᠡ ᠠᠶᠠᠨ ᠳ᠋ᠠᠭᠠᠨ ᠮᠣᠷᠳᠠᠵᠤ᠂ ᠱᠢᠨ᠎ᠡ ᠵᠢᠳᠬᠦᠯ ᠴᠢᠷᠮᠠᠢᠯᠭ᠎ᠠ ᠭᠠᠷᠭᠠᠬᠤ ᠪᠣᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面