2022ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠶᠡᠷᠦᠩᠬᠡᠢ ᠱᠦᠵᠢ᠂ ᠪᠢᠳᠡ ᠲᠠᠨ᠎ᠳ᠋ᠤ᠌ ᠬᠠᠷᠢᠭᠤ ᠮᠡᠳᠡᠭᠦᠯᠵᠦ ᠪᠠᠢᠨ᠎ᠠ

2022-03-03 11:21:37

ᠵᠣᠬᠢᠶᠠᠭ᠍ᠴᠢ᠄ ᠬᠠᠨ ᠱᠢᠤᠸᠠᠢ ᠷᠦ ᠣᠩᠱᠢᠭ᠍ᠰᠠᠨ ᠣᠳᠠᠭ᠎ᠠ᠄ 3

ᠶᠠᠰᠤ ᠴᠢᠨᠠᠷ ᠢ᠋ ᠱᠢᠯᠭᠠᠨ ᠪᠠᠢᠴᠠᠭᠠᠬᠤ ᠲᠠᠰᠤᠭ ᠲᠦ᠍᠂ ᠯᠢ ᠼᠦᠢ ᡁᠢ ᠦᠨᠢᠶᠡᠨ ᠰᠦ ᠵᠢᠨ ᠥᠯᠢᠭᠡᠷ᠎ᠢ ᠪᠠᠢᠴᠠᠭᠠᠭ᠍ᠰᠠᠨ ᠲᠣᠭ᠎ᠠ ᠪᠠᠷᠢᠮᠲᠠ ᠵᠢ ᠨᠢᠭᠡᠳ ᠨᠢᠭᠡ ᠪᠡᠷ ᠵᠠᠳᠠᠯᠤᠨ ᠱᠢᠨᠵᠢᠯᠡᠵᠦ᠍ ᠪᠠᠢᠯ᠎ᠠ᠃ ᠣᠯᠠᠨ ᠵᠢᠯ ᠤ᠋ᠨ ᠲᠤᠷᠰᠢ᠂ ᠪᠥᠬᠥ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ᠎ᠤ᠋ᠨ ᠶᠡᠬᠡ ᠬᠤᠷᠠᠯ ᠤ᠋ᠨ ᠲᠥᠯᠥᠭᠡᠯᠡᠭ᠌ᠴᠢ᠂ ᠢᠯᠢ ᠪᠦᠯᠦᠭᠯᠡᠯ ᠤ᠋ᠨ ᠶᠠᠰᠤ ᠴᠢᠨᠠᠷ ᠢ᠋ ᠪᠠᠢᠴᠠᠭᠠᠵᠤ ᠡᠵᠡᠮᠳᠡᠬᠦ ᠲᠦᠪ ᠤ᠋ᠨ ᠡᠷᠬᠢᠯᠡᠭᠴᠢ ᠯᠢ ᠼᠦᠢ ᡁᠢ ᠢᠳᠡᠭᠡᠨ ᠤ᠋ ᠠᠮᠤᠷ ᠲᠦᠪᠱᠢᠨ ᠤ᠋ ᠲᠦᠭ᠌ᠰᠢᠭᠦᠷᠢ ᠵᠢᠨ ᠬᠠᠮᠢᠶᠠᠷᠤᠯᠲᠠ ᠪᠤᠯᠤᠨ ᠲᠤᠷᠱᠢᠯᠲᠠ ᠵᠢᠨ ᠲᠠᠰᠤᠭ ᠤ᠋ᠨ ᠮᠡᠷᠭᠡᠵᠢᠯ ᠤ᠋ᠨ ᠰᠤᠳᠤᠯᠭᠠᠨ ᠤ᠋ ᠠᠵᠢᠯ ᠢ᠋ ᠬᠢᠵᠤ᠂ ᠴᠠᠭᠠᠨ ᠢᠳᠡᠭᠡᠨ ᠤ᠋ ᠶᠠᠰᠤ ᠴᠢᠨᠠᠷ ᠢ᠋ ᠪᠠᠲᠤᠯᠠᠬᠤ ᠠᠵᠢᠯ ᠤ᠋ᠨ ᠪᠠᠢᠷᠢ᠎ᠪᠡᠨ 25 ᠵᠢᠯ ᠪᠠᠳᠤ ᠰᠠᠬᠢᠭᠰᠠᠭᠠᠷ ᠢᠷᠡᠪᠡ ᠃

《ᠤᠯᠠᠨ ᠲᠦᠮᠡᠨ ᠤ᠋ ᠡᠷᠡᠭᠦᠯ ᠮᠡᠨᠳᠦ᠍ ᠵᠢ ᠨᠡᠩ ᠰᠠᠢ᠌ᠨ ᠪᠠᠳᠤᠯᠠᠭ᠎ᠠ᠎ᠲᠠᠢ ᠪᠤᠯᠭᠠᠨ᠎ᠠ》 ᠡᠨᠡ ᠪᠣᠯ ᠯᠢ ᠼᠦᠢ ᡁᠢ ᠵᠢᠨ ᠪᠠᠷᠢᠮᠳᠠᠯᠠᠯ ᠶᠤᠮᠰᠠᠨ᠃ ᠡᠭᠦᠨ ᠤ᠋ ᠲᠤᠯᠠᠳᠠ᠂ ᠯᠢ ᠼᠦᠢ ᡁᠢ ᠱᠢᠨᠲᠠᠷᠠᠰᠢ ᠦᠭᠡᠢ ᠱᠢᠷᠭᠠᠭᠤ ᠰᠤᠳᠤᠯᠤᠨ᠂ ᠦᠯᠢᠭᠡᠷ ᠨᠢᠭᠡᠪᠦᠷᠢ ᠳ᠋ᠤ ᠨᠠᠷᠢᠨ ᠬᠢᠨᠠᠮᠠᠭᠠᠶ ᠬᠠᠨᠳᠤᠵᠤ᠂ ᠲᠣᠭ᠎ᠠ ᠪᠠᠷᠢᠮᠲᠠ ᠨᠢᠭᠡᠪᠦᠷᠢ ᠳ᠋ᠤ ᠠᠩᠬᠠᠷᠤᠯ ᠢ᠋ᠢᠡᠨ ᠲᠦᠪᠯᠡᠷᠡᠬᠦᠯᠦᠭᠰᠡᠭᠡᠷ ᠢᠷᠡᠵᠡᠢ᠃ ᠱᠢᠯᠭᠠᠨ ᠬᠡᠮᠵᠢᠬᠦ᠌ ᠮᠡᠷᠭᠡᠵᠢᠯ ᠤ᠋ᠨ ᠰᠤᠳᠤᠯᠭᠠᠨ᠂ ᠢᠳᠡᠭᠡᠨ ᠤ᠋ ᠠᠮᠤᠷ ᠲᠦᠪᠱᠢᠨ ᠤ᠋ ᠱᠢᠰᠲ᠋ᠧᠮ ᠤ᠋ᠨ ᠪᠠᠢᠭᠤᠯᠤᠯᠲᠠ ᠵᠡᠷᠭᠡ ᠬᠦᠷᠢᠶᠡᠨ ᠳ᠋ᠤ ᠯᠢ ᠼᠦᠢ ᡁᠢ ᠲᠠᠰᠤᠷᠠᠯᠲᠠ ᠦᠭᠡᠢ ᠱᠢᠪᠲᠤᠯᠤᠯᠲᠠ ᠬᠢᠵᠦ᠍᠂ ᠤᠯᠠᠨ ᠵᠦᠢᠯ ᠤ᠋ᠨ ᠲᠤᠰᠭᠠᠢ ᠠᠱᠢᠭ᠎ᠤᠨ ᠡᠷᠬᠡ ᠣᠯᠵᠤ ᠂ ᠵᠠᠷᠢᠮ ᠦᠷ᠎ᠡ ᠪᠦᠲᠦᠭᠡᠯ ᠨᠢ ᠤᠯᠤᠰ ᠤ᠋ᠨ ᠳᠣᠲᠣᠭᠠᠳᠤ ᠵᠢᠨ ᠬᠣᠭᠣᠰᠣᠨ ᠢ᠋ ᠨᠦᠬᠦᠪᠤᠷᠢᠯᠡᠭᠰᠡᠨ ᠪᠠᠢᠨ᠎ᠠ ᠃

2014 ᠣᠨ ᠳ᠋ᠤ᠂ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ ᠳ᠋ᠤ ᠱᠢᠨᠵᠢᠯᠡᠨ ᠪᠠᠢᠴᠠᠭᠠᠬᠤ᠎ᠳᠠᠭᠠᠨ᠂ ᠠᠷᠠᠳ ᠢᠨᠦ ᠠᠮᠤ ᠬᠦᠨᠡᠰᠤ ᠢ᠋ᠢ ᠲᠡᠭᠡᠳᠤᠯᠡᠮᠤᠢ᠂ ᠠᠮᠤ ᠬᠦᠨᠡᠰᠦ ᠢᠨᠦ ᠠᠮᠤᠷ ᠲᠦᠪᠱᠢᠨ ᠢ᠋ ᠲᠡᠷᠢᠭᠦᠨ ᠳ᠋ᠤ ᠲᠠᠯᠪᠢᠮᠤᠢ᠃ ᠢᠳᠡᠭᠡᠨ ᠤ᠋ ᠠᠵᠤ ᠠᠬᠤᠢᠯᠠᠯ ᠤ᠋ᠳ ᠴᠢᠨᠠᠷ ᠰᠠᠢᠲᠠᠶ ᠢᠳᠡᠭᠡᠮᠵᠢᠳᠡᠢ ᠢᠳᠡᠭᠡᠨ ᠢ᠋ ᠦᠢᠯᠡᠳᠪᠦᠷᠢᠯᠡᠵᠦ᠍᠂ ᠠᠷᠠᠳ ᠣᠯᠠᠨ ᠤ᠋ 《ᠢᠳᠡᠭᠡᠨ ᠤ᠋ ᠠᠮᠤᠷ ᠲᠦᠪᠱᠢᠨ》 ᠢ᠋ ᠦᠨᠡᠨ ᠬᠦ᠌ ᠪᠠᠳᠤᠯᠠᠬᠤ ᠬᠡᠷᠡᠭᠳᠡᠢ ᠬᠡᠵᠤ ᠴᠢᠬᠤᠯᠠᠴᠢᠯᠠᠪᠠ᠃ ᠤᠯᠠᠨ ᠵᠢᠯ ᠤ᠋ᠨ ᠲᠤᠷᠰᠢ᠂ ᠯᠢ ᠼᠦᠢ ᡁᠢ ᠬᠦᠰᠡᠯ ᠨᠠᠢᠳᠠᠯᠭ᠎ᠠ ᠵᠢ ᠪᠠᠲᠤ ᠴᠡᠭᠡᠵᠢᠯᠡᠵᠦ᠍᠂ ᠶᠠᠰᠤ ᠴᠢᠨᠠᠷ ᠤ᠋ᠨ ᠱᠠᠭᠠᠷᠳᠠᠯᠭ᠎ᠠ ᠵᠢ ᠰᠤᠯᠠᠷᠠᠭᠤᠯᠤᠯ ᠦᠭᠡᠢ ᠪᠠᠷᠢᠮᠳᠠᠯᠠᠭᠰᠠᠨ ᠪᠠᠢᠨ᠎ᠠ᠃ 《ᠰᠦ ᠵᠢᠨ ᠦᠶ᠋ᠯᠡᠰ ᠤ᠋ᠨ ᠶᠠᠰᠤ ᠴᠢᠨᠠᠷ ᠢ᠋ ᠱᠢᠯᠭᠠᠨ ᠪᠠᠢᠴᠠᠭᠠᠭ᠍ᠴᠢ ᠪᠣᠯᠤᠭ᠍ᠰᠠᠨ ᠤ᠋ ᠬᠤᠪᠢ ᠳ᠋ᠤ᠂ ᠡᠲᠡᠭᠡᠷ ᠵᠢᠯ ᠤ᠋ᠳ᠎ᠲᠦ ᠪᠢ ᠶᠡᠷᠦᠩᠬᠡᠶ ᠱᠦᠵᠢ ᠵᠢᠨ ᠬᠦᠰᠡᠯ ᠨᠠᠢᠳᠠᠯᠭ᠎ᠠ ᠵᠢ ᠪᠠᠲᠤ ᠴᠡᠭᠡᠵᠢᠯᠡᠵᠦ᠍᠂ ᠠᠷᠠᠳ ᠲᠦᠮᠡᠨ ᠤ᠋ ᠡᠷᠡᠭᠦᠯ ᠮᠡᠨᠳᠦ᠍ ᠵᠢᠨ ᠲᠥᠯᠥᠭᠡ ᠠᠵᠢᠯ ᠵᠢᠡᠨ ᠰᠠᠢᠳᠤᠷ ᠬᠦᠢᠴᠡᠳᠭᠡᠵᠤ ᠢᠷᠡᠯ᠎ᠠ》 ᠭᠡᠵᠦ᠍ ᠯᠢ ᠼᠦᠢ ᡁᠢ ᠶᠠᠷᠢᠨ᠎ᠠ ᠃

ᠪᠥᠬᠥ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠲᠥᠯᠥᠭᠡᠯᠡᠭ᠌ᠴᠢ ᠪᠣᠯᠤᠭ᠍ᠰᠠᠨ ᠤ᠋ ᠬᠤᠪᠢ ᠳ᠋ᠤ᠂ ᠯᠢ ᠼᠦᠢ ᡁᠢ ᠰᠦ ᠢ᠋ᠢᠨ ᠦᠶ᠋ᠯᠡᠰ ᠤ᠋ᠨ ᠶᠠᠰᠤ ᠴᠢᠨᠠᠷ ᠢ᠋ ᠢᠮᠠᠭ᠍ᠲᠠ ᠠᠩᠬᠠᠷᠴᠤ᠌᠂ ᠭᠦᠨᠵᠡᠭᠡᠶ ᠪᠠᠢᠴᠠᠭᠠᠨ ᠰᠤᠳᠤᠯᠤᠯᠲᠠ ᠬᠢᠵᠦ᠍᠂ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠢ᠋ᠢᠡᠨ ᠰᠢᠪᠬᠠᠵᠠᠢ᠃ 《ᠵᠠᠷᠢᠮ ᠬᠦᠮᠦᠰ ᠶᠠᠰᠤ ᠴᠢᠨᠠᠷ ᠢ᠋ ᠪᠠᠢᠴᠠᠭᠠᠬᠤ ᠠᠵᠢᠯ᠎ᠢ ᠰᠣᠨᠢᠷᠬᠠᠯ ᠥᠬᠡᠶ ᠭᠡᠵᠦ ᠬᠡᠯᠡᠳᠡᠭ ᠃

ᠵᠢᠱ᠌ᠢᠶᠡᠯᠡᠪᠡᠯ᠂ ᠦᠨᠢᠶᠡᠨ ᠰᠦ ᠵᠢᠨ ᠪᠠᠢᠴᠠᠭᠠᠭ᠍ᠴᠢ ᠡᠳᠦᠷ ᠪᠦᠷᠢ ᠦᠯᠢᠬᠡᠷ ᠠᠪᠤᠭᠰᠠᠨ ᠦᠨᠢᠶᠡᠨ ᠰᠦ ᠢ᠋ᠢ ᠠᠮᠲᠠᠯᠠᠨ᠎ᠠ᠃ ᠦᠨᠦᠷ ᠤ᠋ᠨ ᠰᠡᠷᠡᠯ᠂ ᠠᠮᠲᠠ ᠵᠢᠨ ᠰᠡᠷᠡᠯ ᠤ᠋ᠨ ᠰᠡᠷᠭᠡᠭ ᠢ᠋ ᠪᠠᠲᠤᠯᠠᠬᠤ ᠵᠢᠨ ᠲᠥᠯᠥᠭᠡ᠂ ᠦᠨᠦᠷᠲᠦ ᠤᠰᠤ᠂ ᠭᠣᠶᠣᠯᠠᠯ ᠤ᠋ᠨ ᠡᠳ᠋ ᠬᠡᠷᠡᠭᠯᠡᠵᠤ ᠪᠤᠯᠳᠠᠭ ᠦᠬᠡᠢ᠂ ᠪᠠᠰᠠ ᠭᠤᠱᠤᠭᠤᠨ ᠵᠡᠷᠭᠡ ᠰᠡᠳᠡᠯᠲᠡ ᠵᠢᠨ ᠴᠢᠨᠠᠷᠲᠠᠶ ᠢᠳᠡᠭᠡᠨ ᠢ᠋ ᠴᠦ᠍ ᠢᠳᠡᠵᠦ᠍ ᠪᠤᠯᠬᠤ ᠥᠬᠡᠶ ᠶᠤᠮ᠃ ᠠᠮᠢᠳᠤᠷᠠᠯ ᠬᠡᠳᠦᠢᠪᠡᠷ ᠤᠳᠬ᠎ᠠ ᠠᠭᠤᠯᠭ᠎ᠠ ᠦᠭᠡᠢ ᠰᠠᠨᠠᠭᠳᠠᠪᠠᠴᠤ᠂ ᠪᠢᠳᠡᠨ ᠤ᠋ ᠰᠡᠳᠭᠢᠯ ᠳ᠋ᠤ ᠬᠦᠰᠡᠯ ᠨᠠᠢᠳᠠᠯᠭ᠎ᠠ ᠲᠠᠢ ᠪᠤᠯᠬᠤᠷ ᠮᠦᠷᠦᠨ ᠳ᠋ᠡᠭᠡᠨ ᠡᠭᠦᠷᠭᠡ ᠬᠠᠷᠢᠭᠤᠴᠠᠯᠭ᠎ᠠ ᠢ᠋ᠢ ᠡᠬᠦᠷᠭᠡᠯᠡᠵᠤ ᠪᠠᠢᠳᠠᠭ᠃ ᠠᠷᠠᠳ ᠲᠦᠮᠡᠨ ᠤ᠋ ᠡᠷᠡᠭᠦᠯ ᠮᠡᠨᠳᠦ᠍ ᠢ᠋ᠢᠨ ᠲᠦᠯᠦᠬᠡ ᠨᠢᠬᠡ ᠬᠤᠪᠢ ᠬᠦᠴᠦᠨ ᠵᠢᠡᠨ ᠡᠷᠬᠦᠪᠡᠯ᠂ ᠠᠵᠢᠯ ᠦᠢᠯᠡᠰ ᠤᠯᠠᠨ ᠦᠨᠭᠬᠡ ᠪᠡᠷ ᠰᠤᠯᠤᠨᠭᠭᠠᠷᠠᠨ᠎ᠠ》 ᠭᠡᠵᠦ᠍ ᠯᠢ ᠼᠦᠢ ᡁᠢ ᠶᠠᠷᠢᠨ᠎ᠠ ᠃

ᠰᠦ ᠵᠢᠨ ᠦᠢᠯᠡᠰ ᠤ᠋ᠨ ᠶᠠᠰᠤ ᠴᠢᠨᠠᠷ᠎ᠠᠴᠠ ᠭᠠᠳᠠᠨ᠎ᠠ᠂ ᠠᠮᠢ ᠠᠬᠤᠢ ᠣᠷᠴᠢᠨ ᠲᠣᠭᠣᠷᠢᠨ ᠤ᠋ ᠬᠠᠮᠠᠭᠠᠯᠠᠯᠲᠠ ᠴᠤ᠌ ᠯᠢ ᠼᠦᠢ ᡁᠢ ᠵᠢᠨ ᠠᠩᠬᠠᠷᠴᠤ᠌ ᠪᠠᠢᠭ᠎ᠠ ᠴᠢᠬᠤᠯᠠ ᠰᠠᠨᠠᠯ ᠰᠠᠨᠠᠭᠤᠯᠭ᠎ᠠ ᠪᠣᠯᠤᠨ᠎ᠠ ᠃

ᠰᠦ ᠵᠢᠨ ᠦᠶ᠋ᠯᠡᠰ᠎ᠲᠦ ᠠᠪᠴᠤ᠌ ᠬᠡᠯᠡᠪᠡᠯ᠂ ᠪᠣᠬᠢᠷᠲᠤᠯ ᠥᠬᠡᠶ ᠬᠥᠭ᠌ᠵᠢᠯᠲᠡ ᠵᠢᠨ ᠵᠠᠮ ᠵᠢᠡᠷ ᠬᠡᠷᠬᠢᠨ ᠰᠠᠢᠲᠤᠷ ᠵᠠᠮᠨᠠᠵᠤ᠂ ᠤᠯᠤᠰ ᠤ᠋ᠨ 《ᠨᠡᠭᠦᠷᠡᠰᠦᠲᠥ᠋ᠷᠥᠭ᠌ᠴᠢ ᠢ᠋ᠢᠨ ᠭᠠᠳᠠᠭᠰᠢᠯᠠᠭᠤᠯᠤᠯᠳᠡ ᠤᠷᠬᠢᠯ ᠬᠡᠮᠵᠢᠭᠳᠡᠯ ᠳ᠋ᠤ ᠬᠦᠷᠬᠦ ᠪᠠ ᠨᠡᠭᠦᠷᠡᠰᠦᠲᠥ᠋ᠷᠥᠭ᠌ᠴᠢ ᠢ᠋ᠢ ᠰᠠᠭᠠᠷᠮᠠᠭᠵᠢᠭᠤᠯᠬᠤ ᠢ᠋ᠢ ᠪᠡᠶᠡᠯᠡᠬᠦᠯᠬᠦ》 ᠬᠠᠷᠠᠯᠲᠠ ᠵᠢ ᠬᠡᠷᠬᠢᠨ ᠨᠠᠢᠳᠠᠪᠤᠷᠢᠵᠢᠭᠤᠯᠬᠤ ᠪᠣᠶ? ᠪᠦᠬᠦ᠌ ᠤᠯᠤᠰ ᠤ᠋ᠨ ᠬᠣᠶᠠᠷ ᠬᠤᠷᠠᠯ ᠤᠳᠠᠯ ᠦᠭᠡᠢ ᠬᠤᠷᠠᠯᠳᠤᠬᠤ ᠭᠡᠵᠦ ᠪᠠᠢᠭ᠎ᠠ ᠲᠠᠰᠢᠷᠠᠮ ᠢ᠋ᠢᠡᠷ ᠂ ᠰᠦ ᠵᠢᠨ ᠦᠢᠯᠡᠰ ᠤ᠋ᠨ ᠳᠡᠭᠡᠳᠦ ᠤᠷᠤᠰᠭᠠᠯ ᠤ᠋ᠨ ᠮᠠᠯ ᠠᠵᠤ ᠠᠬᠤᠢ ᠲᠠᠷᠢᠶᠠᠯᠠᠨᠭ᠌ ᠤ᠋ᠨ ᠨᠡᠭᠦᠷᠡᠰᠦᠲᠥ᠋ᠷᠥᠭ᠌ᠴᠢ ᠪᠠᠭᠠᠰᠭᠠᠬᠤ ᠠᠰᠠᠭᠤᠳᠠᠯ ᠳ᠋ᠤ ᠴᠢᠭ᠌ᠯᠡᠭᠦᠯᠦᠨ᠂ ᠯᠢ ᠼᠦᠢ ᡁᠢ ᠦᠪᠡᠷ᠎ᠤᠨ ᠵᠢᠡᠨ ᠬᠤᠷᠠᠯ᠎ᠳᠤ ᠲᠡᠪᠰᠢᠭᠦᠯᠬᠦ ᠰᠠᠨᠠᠯ ᠰᠠᠨᠠᠭᠤᠯᠭ᠎ᠠ ᠪᠠᠨ ᠨᠠᠷᠢᠨ ᠬᠢᠨᠠᠮᠠᠭᠠᠢ ᠡᠮᠬᠢᠯᠡᠨ ᠵᠠᠰᠠᠵᠦ ᠪᠠᠢᠯ᠎ᠠ᠃ ᠲᠡᠷᠡ《 ᠰᠦ ᠵᠢᠨ ᠦᠢᠯᠡᠰ ᠤ᠋ᠨ ᠪᠣᠬᠢᠷᠲᠤᠯ ᠦᠭᠡᠢ ᠬᠥᠭ᠌ᠵᠢᠯᠲᠡ ᠵᠢ ᠠᠬᠢᠭᠤᠯᠬᠤ ᠳ᠋ᠤ᠂ ᠳᠡᠭᠡᠳᠦ ᠤᠷᠤᠰᠭᠠᠯ ᠤ᠋ᠨ ᠮᠠᠯ ᠠᠵᠤ ᠠᠬᠤᠢ ᠲᠠᠷᠢᠶᠠᠯᠠᠨᠭ᠌ ᠤ᠋ᠨ ᠡᠨᠡ ᠬᠦ᠌ ᠵᠠᠩᠭᠢᠯᠠᠭ᠎ᠠ ᠵᠢᠨ ᠭᠣᠭ᠍ᠴᠣᠭ᠎ᠠ ᠵᠢ ᠰᠠᠢᠲᠤᠷ ᠡᠵᠡᠮᠳᠡᠪᠡᠯ ᠵᠤᠬᠢᠨ᠎ᠠ᠃ ᠮᠢᠨᠦ᠍ ᠦᠵᠡᠬᠦ ᠪᠡᠷ᠂ ᠮᠠᠯ ᠠᠵᠤ ᠠᠬᠤᠶ ᠲᠠᠷᠢᠶᠠᠯᠠᠩ ᠤ᠋ᠨ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠲᠣᠭ᠎ᠠ ᠪᠦᠷᠢᠳᠭᠡᠯ ᠤ᠋ᠨ ᠱᠢᠰᠲ᠋ᠧᠮ ᠤ᠋ᠨ ᠪᠠᠢᠭᠤᠯᠤᠯᠲᠠ ᠵᠢ ᠲᠡᠭᠦᠯᠳᠡᠷᠵᠢᠭᠦᠯᠵᠦ᠍᠂ ᠨᠤᠳᠤᠭ ᠪᠡᠯᠴᠢᠭᠡᠷ ᠤ᠋ᠨ ᠨᠡᠭᠦᠷᠡᠰᠦᠲᠥ᠋ᠷᠥᠭ᠌ᠴᠢ᠎ᠬᠤᠷᠠᠮᠳᠤᠭᠤᠯᠬᠤ ᠴᠢᠳᠠᠪᠤᠷᠢ ᠵᠢ ᠨᠠᠩ ᠰᠠᠢᠲᠤᠷ ᠪᠠᠳᠠᠷᠠᠭᠤᠯᠬᠤ ᠵᠢᠨ ᠬᠠᠮᠲᠤ᠂ 〈ᠮᠠᠯ ᠠᠵᠤ ᠠᠬᠤᠶ ᠲᠠᠷᠢᠶᠠᠯᠠᠩ + ᠨᠡᠭᠦᠷᠡᠰᠦᠲᠥ᠋ᠷᠥᠭ᠌ᠴᠢ ᠵᠢ ᠪᠠᠭᠠᠰᠭᠠᠬᠤ 〉 ᠬᠠᠮ ᠴᠢᠳᠠᠪᠤᠷᠢᠲᠠᠨ ᠢ᠋ ᠬᠥᠮᠦᠵᠢᠭᠦᠯᠬᠦ᠌ ᠵᠢ ᠲᠦᠷᠭᠡᠳᠭᠡᠵᠦ᠍᠂ ᠡᠭᠦᠨ ᠤ᠋ ᠤᠯᠠᠮ ᠵᠢᠡᠷ ᠪᠥᠬᠥ᠌ ᠬᠡᠯᠬᠢᠶ᠎ᠡ ᠪᠡᠷ ᠨᠡᠭᠦᠷᠡᠰᠦᠲᠥ᠋ᠷᠥᠭ᠌ᠴᠢ ᠪᠠᠭᠠᠰᠭᠠᠬᠤ ᠵᠢ ᠲᠦᠷᠭᠡᠳᠭᠡᠵᠦ᠍᠂ ᠪᠤᠬᠢᠷᠳᠤᠯ ᠦᠬᠡᠢ ᠠᠮᠢᠳᠤᠷᠠᠯ ᠢ᠋ ᠬᠠᠮᠲᠤ᠎ᠪᠠᠷ ᠴᠤᠭᠴᠠᠯᠠᠬᠤ ᠬᠡᠷᠡᠭᠳᠡᠢ》 ᠬᠡᠯ᠎ᠠ᠃

ᠯᠢ ᠼᠦᠢ ᡁᠢ᠄ 《ᠬᠤᠢᠰᠢᠳᠠ ᠪᠢ ᠶᠡᠷᠦᠩᠬᠡᠢ ᠱᠦᠵᠢ ᠵᠢᠨ ᠬᠦᠰᠡᠯ ᠨᠠᠢᠳᠠᠯᠭ᠎ᠠ ᠵᠢ ᠦᠷᠭᠦᠯᠵᠢᠯᠡᠨ ᠪᠠᠲᠤ ᠴᠡᠭᠡᠵᠢᠯᠡᠵᠦ᠍᠂ ᠠᠷᠠᠳ ᠤᠯᠠᠨ ᠤ᠋ 〈ᠢᠳᠡᠭᠡᠨ ᠤ᠋ ᠠᠮᠤᠷ ᠲᠦᠪᠱᠢᠨ〉 ᠢ᠋ ᠪᠠᠲᠤᠯᠠᠬᠤ ᠪᠠ ᠡᠬᠡ ᠤᠯᠤᠰ ᠤ᠋ᠨ ᠬᠥᠬᠡᠮᠳᠦᠭ ᠨᠣᠭᠣᠭᠠᠨ ᠠᠭᠤᠯᠠ ᠤᠰᠤ ᠵᠢ ᠰᠠᠬᠢᠨ ᠬᠠᠮᠠᠭᠠᠯᠠᠬᠤ ᠳ᠋ᠤ ᠥᠪᠡᠷ ᠤ᠋ᠨ ᠬᠦᠴᠦᠨ ᠴᠢᠳᠠᠯ ᠢ᠋ᠢᠡᠨ ᠡᠷᠭᠦᠨ᠎ᠡ᠃ ᠪᠢ ᠪᠠᠰᠠ ᠶᠡᠷᠦᠩᠬᠡᠶ ᠱᠦᠵᠢ ᠵᠢᠨ ᠥᠪᠥᠷ ᠮᠣᠩᠭᠣᠯ ᠳ᠋ᠤ ᠲᠠᠬᠢᠨ ᠢᠷᠡᠵᠦ᠍᠂ ᠥᠪᠥᠷ ᠮᠣᠩᠭᠣᠯ ᠤ᠋ᠨ ᠠᠮᠳᠠᠳᠠᠢ ᠴᠢᠨᠠᠷ ᠰᠠᠢᠳᠠᠢ ᠦᠨᠢᠶᠡᠨ ᠰᠦ ᠢ᠋ᠢ ᠠᠮᠲᠠᠯᠠᠵᠤ᠂ ᠥᠪᠥᠷ ᠮᠣᠩᠭᠣᠯ ᠤ᠋ᠨ ᠰᠠᠢᠬᠠᠨ ᠦᠵᠡᠮᠵᠢ ᠵᠢ ᠰᠣᠨᠢᠷᠬᠠᠬᠤ ᠵᠢ ᠬᠦᠰᠡᠵᠦ᠍ ᠪᠠᠢᠨ᠎ᠠ》 ᠬᠡᠵᠤ ᠬᠦᠰᠡᠯ ᠵᠢᠡᠨ ᠢᠯᠡᠷᠬᠡᠢᠯᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面