2022ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠶᠡᠷᠦᠩᠬᠡᠢ ᠱᠦᠵᠢ᠂ ᠪᠢᠳᠡ ᠲᠠᠨ᠎ᠳ᠋ᠤ᠌ ᠬᠠᠷᠢᠭᠤ ᠮᠡᠳᠡᠭᠦᠯᠵᠦ ᠪᠠᠢᠨ᠎ᠠ

2022-03-04 09:46:10

ᠵᠣᠬᠢᠶᠠᠭ᠍ᠴᠢ᠄ ᠸᠠᠩ ᠢᠦᠢ ᠵᠦᠸᠸ ᠣᠩᠱᠢᠭ᠍ᠰᠠᠨ ᠣᠳᠠᠭ᠎ᠠ᠄ 3


QQ图片20220304090532.png


ᠯᠢ ᠢᠦᠶ ᠯᠢᠶᠠᠩ ᠶᠠᠷᠢᠯᠴᠠᠬᠤ᠎ᠳᠤ ᠤᠷᠤᠯᠴᠠᠨ᠎ᠠ

ᠤᠷᠢᠬᠠᠨ᠎ᠬᠠᠪᠤᠷ᠎ᠰᠠᠭᠠᠲᠠᠵᠤ᠂᠎ᠠᠯᠳᠠᠨ᠎ᠨᠠᠷᠡᠠ᠎ᠡᠬᠡ᠎ᠳᠡᠯᠡᠬᠡᠢ᠎ᠵᠢ᠎ᠬᠡᠢᠬᠦᠯᠦᠨ᠎ᠠ᠃᠎ᠪᠡᠬᠡᠵᠢᠡᠭ᠎ᠳᠤ᠎ᠬᠦᠷᠴᠦ᠎ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨᠶᠡᠬᠡ ᠬᠤᠷᠠᠯ᠎ᠤᠨ ᠲᠠᠪᠤᠳᠤᠭᠠᠷ ᠬᠤᠷᠠᠯ᠎ᠳᠤ ᠣᠷᠣᠯᠴᠠᠬᠤ᠎ᠪᠠᠷ ᠪᠠᠢᠭ᠎ᠠ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨᠶᠡᠬᠡ ᠬᠤᠷᠠᠯ᠎ᠤᠨ ᠲᠥᠯᠥᠭᠡᠯᠡᠭ᠌ᠴᠢ᠂ ᠣᠷᠳᠣᠰ ᠬᠣᠲᠠ᠎ᠶ᠋ᠢᠨ ᠤᠯᠠᠭᠠᠨ ᠬᠥᠭ᠌ᠵᠢᠭᠦᠯᠦᠯᠲᠡ᠎ᠶ᠋ᠢᠨ ᠪᠦᠯᠦᠭ᠌ᠯᠡᠯ᠎ᠦᠨᠨᠠᠮ᠎ᠤᠨ ᠬᠣᠷᠢᠶᠠᠨ᠎ᠤ ᠱᠦᠵᠢ᠂ ᠬᠡᠷᠡᠭ ᠮᠡᠳᠡᠭ᠌ᠴᠢᠳ᠎ᠦᠨ ᠳᠠᠷᠤᠭ᠎ᠠ ᠯᠢ ᠢᠦᠢ ᠯᠢᠶᠠᠩ᠄ 《ᠪᠢ ᠲᠠᠪᠤᠨ ᠵᠢᠯ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠳᠤᠮᠳᠠ᠂ ᠮᠠᠰᠢ ᠤᠯᠠᠨᠲᠦᠷᠦᠭ᠌ᠳᠡᠯ ᠪᠣᠯᠤᠨ ᠰᠡᠳᠭᠢᠯ ᠤ᠋ᠨ ᠳᠤᠭᠳᠤᠯᠤᠯ᠎ᠢ ᠮᠡᠳᠡᠷᠡᠵᠤ ᠎ᠶᠠᠪᠤᠯ᠎ᠠ᠃ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ ᠭᠠᠭ᠍ᠴᠠ ᠬᠦ᠌ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠤᠨ ᠠᠴᠢ᠎ᠳᠤ᠎ᠲᠠᠯᠠᠷᠬᠠᠵᠤ᠂᠎ᠨᠠᠮ᠎ᠢᠶᠠᠨ᠎ᠳᠠᠭᠠᠵᠤ᠂ ᠤᠯᠤᠰ ᠭᠡᠷ ᠵᠢᠡᠨᠭᠡᠰᠡᠨ ᠬᠠᠢᠷ᠎ᠠ ᠰᠡᠳᠭᠢᠯᠭᠡ᠎ᠪᠡᠨ ᠪᠠᠲᠤ ᠴᠡᠭᠡᠵᠢᠯᠡᠵᠦ᠍᠂ 〈ᠤᠯᠤᠰ᠎ᠤᠨᠶᠡᠬᠡ ᠶᠠᠪᠤᠳᠠᠯ〉 ᠢ᠋ ᠪᠠᠲᠤ ᠴᠡᠭᠡᠵᠢᠯᠡᠵᠦ᠍᠂ ᠨᠡᠢᠭᠡᠮ᠎ᠦᠨ ᠬᠠᠷᠢᠭᠤᠴᠠᠯᠭ᠎ᠠ᠎ᠶ᠋ᠢᠰᠠᠨᠠᠭᠠᠴᠢᠯᠠᠭ᠎ᠠ ᠡᠴᠡ᠎ᠪᠠᠨ ᠡᠭᠦᠷᠭᠡᠯᠡᠪᠡᠯ ᠰᠠᠶᠢ ᠯᠠᠪᠳᠠᠭᠤᠨ᠎ᠢᠶᠠᠷ ᠬᠤᠯᠠ ᠠᠶᠠᠯᠠᠵᠤ ᠴᠢᠳᠠᠨ᠎ᠠ᠂ ᠡᠨᠡ ᠪᠣᠯᠮᠢᠨᠦ᠍ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ ᠵᠢᠴᠢ 40 ᠭᠠᠷᠤᠢ ᠵᠢᠯ᠎ᠦᠨ ᠠᠵᠤ ᠠᠬᠤᠢᠯᠠᠯ᠎ᠳᠤᠠᠵᠢᠯᠯᠠᠭ᠍ᠰᠠᠨ ᠬᠠᠮᠤᠭ᠎ᠤᠨ ᠶᠡᠬᠡ ᠲᠦᠷᠦᠭ᠌ᠳᠡᠯ ᠪᠣᠯᠤᠨ᠎ᠠ》 ᠭᠡᠵᠤ ᠬᠡᠯᠡᠨ᠎ᠠ᠃

ᠯᠢ ᠢᠦᠶ ᠯᠢᠶᠠᠩ᠂ ᠶᠡᠷᠦᠩᠬᠡᠶ ᠱᠦᠵᠢ ᠰᠢ ᠵᠢᠨ ᠫᠢᠩ᠎ᠦᠨ 《ᠣᠲᠣ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠶ᠎ᠶ᠋ᠢᠨ ᠠᠵᠢᠯ᠎ᠢ ᠰᠠᠢᠲᠤᠷ ᠬᠢᠬᠦ᠌ ᠬᠡᠷᠡᠭ᠌ᠲᠡᠶ》᠂ 《ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ᠪᠣᠬᠢᠷᠲᠤᠯ ᠥᠬᠡᠶ ᠬᠦᠭᠵᠢᠭᠦᠯᠬᠦ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡᠵᠠᠮ᠎ᠢ ᠰᠦᠪᠡᠭ᠌ᠴᠢᠯᠡᠬᠦ᠌ ᠬᠡᠷᠡᠭ᠌ᠲᠡᠶ》ᠵᠡᠷᠬᠡ ᠱᠢᠨ᠎ᠡ ᠬᠥᠭ᠌ᠵᠢᠯᠲᠡ᠎ᠶ᠋ᠢᠨᠣᠢᠯᠠᠭᠠᠭ᠍ᠳᠠᠬᠤᠨ᠎ᠢ ᠪᠢᠳᠡ ᠡᠷᠬᠡᠪᠰᠢ ᠪᠣᠳᠠᠲᠤ ᠠᠵᠢᠯᠯᠠᠭ᠎ᠠ᠎ᠪᠠᠷ᠎ᠢᠶᠠᠨ᠂ ᠡᠷᠡᠰ ᠭᠤᠢᠪᠢᠰᠢ ᠥᠬᠡᠶ ᠰᠠᠢᠲᠤᠷᠲᠤᠭᠤᠱᠢᠯᠠᠭᠤᠯᠬᠤ ᠬᠡᠷᠡᠭ᠌ᠲᠡᠶ ᠭᠡᠵᠤ ᠬᠡᠯᠡᠪᠡ᠃

ᠣᠢᠷ᠎ᠠ᠎ᠶ᠋ᠢᠨ ᠵᠢᠯ᠎ᠳᠦ᠂ ᠤᠯᠠᠭᠠᠨ ᠪᠦᠯᠦᠭ᠌ᠯᠡᠯ ᠨᠢᠭᠡᠨᠲᠡ 200 ᠭᠠᠷᠤᠶ ᠳ᠋ᠦᠩᠱᠢᠭᠤᠷᠲᠥᠭᠥᠷᠢᠭ᠎ᠦᠨ ᠪᠠᠯᠠ ᠣᠷᠣᠭᠤᠯᠵᠤ ᠪᠣᠬᠢᠷᠲᠤᠯ ᠥᠬᠡᠶ ᠠᠭᠤᠷᠬᠠᠶ᠎ᠶ᠋ᠢᠨ ᠪᠥᠲᠥᠭᠡᠨ ᠪᠠᠢᠭᠤᠯᠤᠯᠲᠠ᠂ ᠲᠣᠭᠠᠴᠢᠯᠠᠭ᠍ᠰᠠᠨᠣᠶᠤᠨᠴᠢ ᠨᠡᠭᠦᠷᠡᠰᠦᠨ ᠠᠭᠤᠷᠬᠠᠶ᠎ᠶ᠋ᠢᠨ ᠪᠥᠲᠥᠭᠡᠨ ᠪᠠᠢᠭᠤᠯᠤᠯᠲᠠ᠎ᠵᠡᠷᠭᠡ᠎ᠶ᠋ᠢ᠎ᠥᠷᠨᠢᠭᠦᠯᠵᠦ᠍᠂᠎ᠠᠭᠤᠷᠬᠠᠶ᠎ᠶ᠋ᠢᠨ᠎ᠠᠮᠢ᠎ᠠᠬᠤᠶ᠎ᠶ᠋ᠢ᠎ᠵᠠᠰᠠᠬᠤ᠎ᠪᠠ᠎ᠵᠠᠰᠠᠨ᠎ᠰᠡᠷᠭᠦᠭᠡᠬᠦ᠌᠎ᠵᠡᠷᠭᠡ ᠠᠵᠢᠯ᠎ᠢ ᠦᠷᠨᠢᠭᠦᠯᠵᠤ᠂ ᠨᠡᠭᠦᠷᠡᠰᠦᠨ ᠠᠭᠤᠷᠬᠠᠶ᠎ᠶ᠋ᠢᠨ5G+ ᠤᠶᠤᠨᠴᠢᠯᠠᠭ᠍ᠰᠠᠨᠥᠭᠡᠷᠡᠴᠢᠯᠡᠯᠲᠡ᠎ᠶ᠋ᠢ ᠡᠬᠢᠯᠡᠭᠦᠯᠵᠦ᠍᠂ ᠠᠭᠤᠷᠬᠠᠶ᠎ᠶ᠋ᠢᠨ ᠴᠥᠮᠥᠷᠡᠭ᠌ᠰᠡᠨ ᠣᠷᠣᠨ ᠳ᠋ᠤ ᠬᠡᠷᠡᠯᠴᠢ ᠴᠡᠨᠡᠭ᠎ᠢᠶᠡᠷᠴᠠᠬᠢᠯᠭᠠᠨ ᠭᠠᠷᠭᠠᠬᠤ ᠵᠡᠷᠭᠡ ᠱᠢᠨ᠎ᠡ ᠡᠨᠧᠷᠭᠢ᠎ᠶ᠋ᠢᠨ ᠲᠥᠷᠥᠯ ᠵᠦᠶ᠋ᠯ᠎ᠢ ᠬᠡᠷᠡᠭ᠌ᠵᠢᠭᠦᠯᠵᠦ᠍᠂ ᠨᠡᠭᠦᠷᠡᠰᠦᠨ᠎ᠦᠳᠡᠭᠡᠳᠦ ᠳᠡᠰᠵᠢᠭᠰᠡᠨ᠂ ᠣᠯᠠᠨ ᠡᠱᠢᠵᠢᠭᠰᠡᠨ᠂ ᠪᠠᠭ᠎ᠠ ᠨᠡᠭᠦᠷᠡᠰᠦᠲᠥ᠋ᠷᠥᠭ᠌ᠴᠢᠳᠤ ᠬᠥᠭ᠌ᠵᠢᠯᠲᠡ᠎ᠶ᠋ᠢ ᠲᠠᠰᠤᠷᠠᠯᠲᠠᠥᠬᠡᠶ ᠲᠦᠷᠭᠡᠳᠭᠡᠵᠦ᠍᠂ ᠨᠡᠭᠦᠷᠡᠰᠦ᠎ᠶ᠋ᠢ ᠶᠡᠷᠦᠩᠬᠡᠢᠯᠡᠨ ᠠᠱᠢᠭ᠍ᠯᠠᠬᠤ᠎ᠶ᠋ᠢ ᠳᠡᠭᠡᠭ᠌ᠰᠢᠯᠡᠭᠦᠯᠪᠡ᠂ ᠵᠢᠱ᠌ᠢᠶᠡᠯᠡᠪᠡᠯᠲᠣᠮᠣ ᠬᠢᠮᠢ᠎ᠶ᠋ᠢᠨ ᠪᠣᠷᠲᠣᠭᠣᠷ᠎ᠤᠨ ᠲᠥᠷᠥᠯ ᠵᠦᠶ᠋ᠯ᠎ᠢ ᠬᠡᠷᠡᠭ᠌ᠵᠢᠭᠦᠯᠦᠭᠰᠡᠨ ᠨᠢ ᠨᠡᠢᠯᠡᠯᠭᠡ ᠱᠢᠪᠲᠦᠷ᠂ ᠱᠢᠭᠡᠰᠦᠯᠢᠭᠡᠳ᠋ ᠵᠡᠷᠭᠡ᠎ᠶ᠋ᠢ ᠦᠶ᠋ᠯᠡᠳᠪᠦᠷᠢᠯᠡᠭᠰᠡᠨ ᠮᠥᠷᠲᠡᠭᠡᠨ ᠪᠠᠰᠠ ᠱᠢᠩᠭᠡᠨᠵᠢᠮᠡᠯ ᠪᠠᠢᠭᠠᠯᠢ᠎ᠶ᠋ᠢᠨ ᠱᠢᠲᠠᠮᠠᠬᠠᠶᠬᠡᠶ᠂ ᠨᠢᠬᠳᠠᠴᠠ ᠨᠢ ᠪᠠᠭ᠎ᠠ ᠲᠣᠰᠣ ᠪᠠ ᠪᠤᠰᠤᠳ ᠵᠠᠯᠭᠠᠮᠵᠢᠦᠶ᠋ᠯᠡᠳᠬᠦᠨ᠎ᠢ ᠦᠶ᠋ᠯᠡᠳᠪᠦᠷᠢᠯᠡᠵᠦ᠍᠂ ᠨᠡᠭᠦᠷᠡᠰᠦᠨ᠎ᠦ ᠠᠵᠤ ᠦᠶ᠋ᠯᠡᠰ᠎ᠦᠨ ᠬᠡᠯᠬᠢᠶ᠎ᠡ᠎ᠶ᠋ᠢ ᠤᠷᠲᠤᠳᠭᠠᠪᠠ᠃ ᠨᠡᠭᠦᠷᠡᠰᠦᠨ᠎ᠦᠬᠡᠦᠳᠡᠰᠦ᠎ᠳᠦ ᠤᠰᠤᠲᠥ᠋ᠷᠥᠭ᠌ᠴᠢ ᠨᠡᠮᠡᠬᠦ᠌ ᠲᠥᠷᠥᠯ ᠵᠦᠢᠯ ᠨᠢ 《ᠨᠢᠭᠡ ᠬᠡᠰᠡᠭ ᠨᠡᠭᠦᠷᠡᠰᠦ》 ᠶ᠋ᠢ ᠲᠤᠬᠠᠶ᠎ᠶ᠋ᠢᠨ ᠭᠠᠵᠠᠷ᠎ᠲᠤᠨᠢ《ᠨᠢᠭᠡ ᠰᠠᠭᠤᠯᠠᠭ᠎ᠠᠲᠣᠰᠣ》 《ᠨᠢᠭᠡ ᠰᠠᠪᠠ ᠬᠡᠢ》 ᠪᠣᠯᠭᠠᠨ ᠬᠤᠪᠢᠷᠠᠭᠤᠯᠬᠤ ᠬᠠᠷᠠᠯᠲᠠ᠎ᠶ᠋ᠢ ᠪᠡᠶᠡᠯᠡᠭᠦᠯᠵᠦ᠍᠂ ᠥᠪᠥᠷ ᠮᠣᠩᠭᠣᠯ᠎ᠤᠨ《ᠬᠣᠶᠠᠷ᠎ᠢ ᠤᠷᠢᠳ ᠵᠢᠡᠷ ᠬᠢᠬᠦ᠌》᠂ 《ᠬᠣᠶᠠᠷ᠎ᠢ ᠳᠠᠪᠠᠭᠤᠯᠬᠤ》 ᠪᠠ ᠤᠯᠤᠰ᠎ᠤᠨ《ᠨᠡᠭᠦᠷᠡᠰᠦᠲᠥ᠋ᠷᠥᠭ᠌ᠴᠢ᠎ᠶ᠋ᠢᠨ ᠭᠠᠳᠠᠭᠰᠢᠯᠠᠭᠤᠯᠤᠯᠳᠠ ᠣᠷᠭᠢᠯ ᠬᠡᠮᠵᠢᠭᠳᠡᠯ᠎ᠳᠤ ᠬᠦᠷᠬᠦ᠌᠂ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭ᠍ᠵᠢᠭᠤᠯᠬᠤ》 ᠳ᠋ᠤ ᠬᠤᠪᠢ ᠨᠡᠮᠡᠷᠢᠦᠵᠡᠭᠦᠯᠪᠡ᠃

ᠯᠢ ᠢᠦᠢ ᠯᠢᠶᠠᠩ᠂ ᠥᠪᠥᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠢ ᠵᠢᠨᠡᠷᠴᠢᠮᠵᠢᠭᠦ᠂ ᠬᠡᠪᠴᠢᠶᠡᠵᠢᠬᠦ᠂ ᠳᠡᠭᠡᠳᠦ ᠲᠡᠰᠵᠢᠭᠦᠯᠬᠦ ᠬᠥᠭ᠌ᠵᠢᠯᠲᠡ᠎ᠶ᠋ᠢ ᠠᠬᠢᠭᠤᠯᠬᠤ ᠪᠣᠯ ᠶᠡᠷᠦᠩᠬᠡᠢ ᠱᠦᠵᠢ᠎ᠶ᠋ᠢᠨᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢᠳᠠᠯ᠎ᠳᠤ ᠰᠠᠭᠤᠷᠢᠯᠠᠵᠤ ᠳᠤᠷᠠᠳᠤᠭ᠍ᠰᠠᠨ ᠴᠢᠬᠤᠯᠠ ᠶᠡᠬᠡᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ ᠪᠣᠯᠤᠨ᠎ᠠ᠃ ᠡᠨᠡ ᠬᠦ᠌ ᠱᠠᠭᠠᠷᠳᠠᠯᠭ᠎ᠠ ᠶᠣᠰᠣᠭᠠᠷ᠂ ᠤᠯᠠᠭᠠᠨᠪᠦᠯᠦᠭ᠌ᠯᠡᠯ ᠳᠡᠭᠡᠳᠦ ᠲᠠᠰ᠎ᠤᠨ ᠲᠠᠷᠢᠶᠠᠯᠠᠩ ᠮᠠᠯ ᠠᠵᠤ ᠠᠬᠤᠶ᠎ᠶ᠋ᠢ ᠬᠥᠭ᠌ᠵᠢᠭᠦᠯᠬᠦ᠌ ᠲᠠᠯ᠎ᠠ᠎ᠪᠠᠷ ᠲᠠᠰᠤᠷᠠᠯᠲᠠᠥᠬᠡᠶ ᠱᠢᠨ᠎ᠡ᠎ᠶ᠋ᠢ ᠡᠭᠦᠳᠴᠦ᠍᠂ ᠳᠤᠮᠳᠠᠳᠤ ᠤᠯᠤᠰ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠂ ᠳᠤᠮᠳᠠᠳᠤ ᠤᠯᠤᠰ᠎ᠤᠨᠣᠶ᠎ᠱᠢᠭᠤᠶ᠎ᠶ᠋ᠢᠨ᠎ᠱᠢᠨᠵᠢᠯᠡᠬᠦ᠌᠎ᠤᠬᠠᠭᠠᠨ᠎ᠤ᠎ᠬᠦᠷᠢᠶᠡᠯᠡᠩ᠎ᠵᠡᠷᠭᠡ ᠶᠡᠬᠡ ᠳᠡᠭᠡᠳᠦ ᠰᠤᠷᠭᠠᠭᠤᠯᠢ ᠪᠠ ᠱᠢᠨᠵᠢᠯᠡᠬᠦ᠌ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠎ᠲᠠᠶ ᠬᠠᠮᠲᠤᠷᠠᠨ ᠠᠮᠢ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢᠨᠰᠤᠳᠤᠯᠭᠠᠨ᠎ᠤ ᠬᠦᠷᠢᠶᠡᠯᠡᠩ᠎ᠢ ᠬᠠᠮᠲᠤ᠎ᠪᠠᠷ ᠪᠠᠢᠭᠤᠯᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨᠰᠤᠳᠤᠯᠤᠨ ᠨᠡᠭᠡᠭᠡᠬᠦ᠌ ᠮᠡᠷᠭᠡᠵᠢᠯ᠎ᠦᠨ ᠲᠥᠪ᠎ᠢ ᠪᠠᠢᠭᠤᠯᠵᠤ᠂ ᠦᠬᠡᠷ᠎ᠦᠨ ᠡᠭᠦᠯᠳᠡᠷ᠎ᠢ᠎ᠰᠠᠢᠵᠢᠷᠠᠭᠤᠯᠬᠤ᠎ᠰᠤᠳᠤᠯᠭᠠᠨ᠂᠎ᠴᠢᠨᠠᠷ᠎ᠰᠠᠢᠲᠠᠶ᠎ᠲᠡᠵᠢᠭᠡᠯ ᠡᠪᠡᠰᠦ ᠪᠣᠷᠳᠣᠭ᠎ᠠ᠎ᠶ᠋ᠢ ᠪᠣᠢᠵᠢᠭᠤᠯᠬᠤ ᠵᠡᠷᠭᠡ ᠣᠲᠣ ᠦᠶ᠎ᠡ᠎ᠶ᠋ᠢᠨ ᠲᠠᠷᠢᠶᠠᠯᠠᠩᠮᠠᠯ ᠠᠵᠤ ᠠᠬᠤᠶ᠎ᠶ᠋ᠢᠨ ᠵᠠᠩᠭᠢᠯᠠᠭ᠎ᠠ᠎ᠶ᠋ᠢᠨ ᠮᠡᠷᠭᠡᠵᠢᠯ᠎ᠦᠨ ᠪᠣᠭᠣᠮᠲᠠ ᠱᠢᠪᠲᠤᠯᠬᠤ ᠪᠠ ᠱᠢᠨ᠎ᠡ᠎ᠶ᠋ᠢ ᠡᠭᠦᠳᠬᠦ᠌᠎ᠠᠵᠢᠯᠯᠠᠭ᠎ᠠᠶ᠋ᠢ ᠥᠷᠨᠢᠭᠦᠯᠪᠡ᠃ ᠡᠲᠡᠭᠡᠷ ᠲᠥᠷᠥᠯ ᠵᠦᠶ᠋ᠯ᠎ᠳᠦ ᠲᠦᠱᠢᠭ᠌ᠯᠡᠨ᠂ ᠤᠯᠠᠭᠠᠨ ᠪᠦᠯᠦᠭ᠌ᠯᠡᠯ᠎ᠦᠨ ᠮᠠᠯ ᠠᠵᠤ ᠠᠬᠤᠶ᠎ᠶ᠋ᠢᠨᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠵᠢᠱ᠌ᠢᠶ᠎ᠡ ᠦᠵᠡᠭᠦᠯᠬᠦ᠌ ᠬᠦᠷᠢᠶᠡᠯᠡᠩ᠎ᠢ ᠮᠠᠯ ᠠᠵᠤ ᠠᠬᠤᠶ᠎ᠶ᠋ᠢᠨᠦᠷᠭᠦᠯᠵᠢᠯᠡᠬᠦ᠌ ᠬᠥᠭ᠌ᠵᠢᠯᠲᠡ᠎ᠶ᠋ᠢᠨ ᠵᠢᠱ᠌ᠢᠶ᠎ᠡ ᠦᠵᠡᠭᠦᠯᠬᠦ᠌ ᠲᠤᠭᠤᠷᠢᠭ ᠪᠣᠯᠭᠠᠵᠤ᠂ ᠥᠪᠡᠷᠲᠡᠭᠡᠨ ᠵᠠᠰᠠᠬᠤᠣᠷᠣᠨ᠎ᠤ ᠠᠵᠤ ᠦᠶ᠋ᠯᠡᠰ᠎ᠢ ᠬᠥᠭ᠌ᠵᠢᠭᠦᠯᠦᠨ ᠮᠠᠨᠳᠤᠭᠤᠯᠬᠤ᠎ᠪᠠᠷ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢᠬᠥᠲᠥᠯᠥᠨ ᠳᠠᠭᠠᠭᠤᠯᠬᠤ ᠵᠢᠱ᠌ᠢᠶ᠎ᠡ ᠦᠵᠡᠭᠦᠯᠬᠦ᠌ ᠬᠦᠷᠢᠶᠡᠯᠡᠩ ᠲᠣᠭᠣᠷᠢᠭ ᠪᠣᠯᠭᠠᠨ ᠪᠥᠲᠥᠭᠡᠨ ᠪᠠᠢᠭᠤᠯᠤᠨ᠎ᠠᠬᠡᠵᠡᠢ᠃

ᠯᠢ ᠢᠦᠢ ᠯᠢᠶᠠᠩ᠂ ᠥᠪᠥᠷ ᠮᠣᠩᠭᠣᠯ᠎ᠤᠨ ᠬᠤᠳᠠᠯᠳᠤᠭ᠎ᠠ ᠡᠷᠬᠢᠯᠡᠬᠦ᠌ ᠣᠷᠴᠢᠨᠨᠥᠬᠥᠴᠡᠯ᠎ᠦᠨ ᠬᠤᠪᠢᠷᠠᠯᠲᠠ ᠯᠤᠲᠤ ᠶᠡᠬᠡ᠂ ᠰᠠᠭᠠᠳ ᠦᠭᠡᠢ ᠨᠡᠪᠳᠡᠷᠡᠬᠦ ᠵᠠᠮ ᠤᠯᠠᠨ ᠪᠤᠯᠵᠤ᠂ ᠰᠠᠭᠠᠳ ᠲᠣᠳᠭᠠᠷ ᠴᠦᠬᠡᠨ ᠪᠤᠯᠤᠯ᠎ᠠ; ᠬᠡᠷ᠎ᠲᠦᠨᠢ ᠬᠦᠷᠴᠦ᠍ ᠦᠶ᠋ᠯᠡᠴᠢᠯᠡᠬᠦ᠌᠎ᠨᠢ ᠣᠯᠠᠱᠢᠷᠠᠵᠤ᠂ ᠠᠵᠢᠯ ᠶᠠᠪᠤᠳᠠᠯ ᠭᠦᠶ᠋ᠴᠡᠳᠭᠡᠬᠦ᠌᠎ᠳᠦᠬᠦᠯᠢᠶᠡᠬᠦ᠌᠎ᠨᠢ ᠪᠠᠭᠠᠰᠴᠤ᠌᠂ ᠮᠠᠰᠢ ᠣᠯᠠᠨ ᠲᠤᠬᠠᠢᠯᠠᠭ᠍ᠰᠠᠨ ᠠᠵᠢᠯ᠎ᠨᠢ 《ᠨᠢᠭᠡ ᠯᠡ ᠤᠲᠠᠰᠤ᠎ᠪᠠᠷ ᠨᠡᠪᠲᠡᠷᠡᠭᠦᠯᠬᠦ᠌ 》᠂《ᠨᠢᠭᠡ ᠯᠡ ᠰᠦᠯᠵᠢᠶ᠎ᠡ᠎ᠪᠡᠷ ᠪᠦᠬᠦᠨ ᠢ᠋ ᠭᠦᠶ᠋ᠴᠡᠳᠭᠡᠬᠦ᠌》 ᠶ᠋ᠢ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨᠣᠷᠳᠣᠨ ᠬᠣᠶᠠᠷ ᠵᠢᠯ ᠳᠠᠷᠠᠭᠠᠯᠠᠨ ᠴᠠᠭᠠᠨ ᠰᠠᠷ᠎ᠠ᠎ᠶ᠋ᠢᠨ ᠳᠠᠷᠠᠭᠠᠬᠢ ᠠᠵᠢᠯ ᠳ᠋ᠤ ᠭᠠᠷᠬᠤ ᠠᠩᠬᠠᠨ᠎ᠤ ᠡᠳᠦᠷᠲᠤ᠌ ᠪᠥᠬᠥ᠌ ᠣᠷᠣᠨ᠎ᠤ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠶᠡᠬᠡ ᠬᠤᠷᠠᠯ᠎ᠢᠬᠤᠷᠠᠯᠳᠤᠭᠤᠯᠵᠤ᠂ ᠱ᠌ᠢ᠎ᠲᠡᠶ ᠹᠸᠩ ᠱᠦᠵᠢ ᠪᠡᠶ᠎ᠡ᠎ᠪᠡᠷ᠎ᠢᠶᠡᠨ ᠲᠣᠬᠢᠷᠠᠭᠤᠯᠤᠨ ᠪᠠᠢᠷᠢᠯᠠᠭᠤᠯᠵᠤ᠂ ᠬᠤᠳᠠᠯᠳᠤᠭ᠎ᠠᠡᠷᠭᠢᠯᠡᠬᠦ ᠣᠷᠴᠢᠨ ᠨᠥᠬᠥᠴᠡᠯ᠎ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠤᠯᠤᠰ ᠲᠥᠷᠥ᠎ᠶ᠋ᠢᠨ ᠠᠮᠢ ᠠᠬᠤᠶ᠎ᠶ᠋ᠢᠲᠠᠰᠤᠷᠠᠯᠲᠠ ᠥᠬᠡᠶ ᠴᠡᠪᠡᠷᠱᠢᠭᠦᠯᠵᠦ᠍᠂ ᠪᠢᠳᠡᠨ᠎ᠦ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨᠮᠠᠨᠳᠤᠯᠲᠠ᠎ᠳᠤ ᠬᠤᠪᠢ ᠨᠡᠮᠡᠷᠢ ᠦᠵᠡᠭᠦᠯᠬᠦ᠌ ᠪᠠᠲᠤ ᠢᠲᠡᠭᠡᠯ᠎ᠢ ᠨᠠᠩ ᠬᠥᠭ᠌ᠵᠢᠭᠡᠪᠡ ᠭᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面