2022ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠲᠥᠯᠥᠭᠡᠯᠡᠭᠴᠢᠳ ᠭᠡᠱᠢᠭᠦᠨ᠎ᠦ᠌ ᠲᠤᠱᠢᠶᠠᠯ᠎ᠢ᠋ᠶ᠋ᠠᠨ ᠭᠦᠢᠴᠡᠳᠭᠡᠭᠰᠡᠨ ᠦᠯᠢᠭᠡᠷ

2022-02-22 10:25:35

ᠵᠣᠬᠢᠶᠠᠭ᠍ᠴᠢ᠄ ᠴᠧᠨ ᠴᠦᠨ ᠶᠠᠨ ᠸᠠᠩ ᠬᠣᠩ ᠢ ᠣᠩᠱᠢᠭ᠍ᠰᠠᠨ ᠣᠳᠠᠭ᠎ᠠ᠄ 3

ᠪᠦᠬᠦ᠌ ᠤᠯᠤᠰ᠎ᠤᠨ ᠬᠣᠶᠠᠷ ᠬᠤᠷᠠᠯ ᠤᠳᠠᠯ ᠦᠭᠡᠢ ᠬᠤᠷᠠᠯᠳᠤᠬᠤ᠎ᠪᠠᠷ ᠪᠤᠢ᠂ ᠰᠤᠷᠪᠤᠯᠵᠢᠯᠠᠭ᠍ᠴᠢ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶ᠋ᠢᠨ ᠫᠷᠤᠹᠸᠰᠰᠤᠷ ᠬᠦᠬᠡᠪᠠᠭᠠᠲᠤᠷ᠎ᠲᠠᠶ ᠠᠭᠤᠯᠵᠠᠬᠤ ᠦᠶ᠎ᠡ᠎ᠳᠦ᠂ ᠲᠡᠷᠡ ᠶᠠᠭ ᠱᠢᠨ᠎ᠡ ᠰᠠᠨᠠᠯ ᠰᠠᠨᠠᠭᠤᠯᠭ᠎ᠠ᠎ᠪᠠᠨ ᠵᠠᠰᠠᠨ ᠲᠡᠭᠦᠯᠳᠡᠷᠵᠢᠭᠦᠯᠬᠦ᠌᠎ᠪᠡᠷ ᠶᠠᠭᠠᠷᠠᠵᠤ ᠪᠠᠢᠪᠠ᠃

ᠲᠤᠰᠢᠶᠠᠯ ᠵᠢᠡᠨ ᠭᠦᠶ᠋ᠴᠡᠳᠭᠡᠭ᠌ᠰᠡᠨ ᠥᠩᠭᠡᠷᠡᠯᠲᠡ᠎ᠪᠡᠨ ᠡᠷᠭᠢᠴᠡᠭᠦᠯᠬᠦ᠎ᠳᠤ᠂ ᠬᠥᠬᠡᠪᠠᠭᠠᠲᠤᠷ᠎ᠤᠨ ᠬᠠᠮᠤᠭ᠎ᠤᠨ ᠪᠠᠶᠠᠷᠯᠠᠭᠤᠱᠢᠲᠠᠶ ᠨᠢ᠂ ᠲᠡᠭᠦᠨ᠎ᠦ ᠪᠠᠢᠭ᠎ᠠ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠬᠢᠨᠠᠨ ᠵᠥᠪᠯᠡᠬᠦ᠌᠎ᠳᠦ ᠣᠷᠣᠯᠴᠠᠬᠤ ᠳ᠋ᠠᠭᠠᠨ᠂ ᠶᠡᠷᠦᠩᠬᠡᠶ ᠱᠦᠵᠢ ᠰᠢ ᠵᠢᠨ ᠫᠢᠩ᠎ᠳᠦ ᠬᠠᠷᠢᠭᠤ ᠮᠡᠳᠡᠭᠦᠯᠦᠭ᠌ᠰᠡᠨ 《ᠮᠠᠨ᠎ᠤ ᠤᠯᠤᠰ᠎ᠤᠨ ᠬᠥᠮᠦᠨ ᠮᠠᠯ ᠳ᠋ᠦ ᠴᠦᠮ ᠲᠤᠰᠳᠠᠭ ᠬᠦᠨᠳᠦ ᠶᠡᠬᠡ ᠬᠢᠵᠢᠭ᠎ᠦᠨ ᠪᠠᠢᠳᠠᠯ᠎ᠢ ᠠᠷᠭᠠᠴᠠᠭᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠲᠤᠬᠠᠶ ᠬᠡᠳᠦᠨ ᠰᠠᠨᠠᠭᠤᠯᠭ᠎ᠠ》 ᠨᠢ ᠬᠣᠯᠪᠣᠭ᠍ᠳᠠᠯ ᠪᠥᠬᠥᠶ ᠲᠠᠯ᠎ᠠ᠎ᠶ᠋ᠢᠨ᠎ᠬᠢᠨ᠎ᠦ ᠳᠡᠭᠡᠳᠦ ᠬᠡᠮᠵᠢᠶᠡᠨ᠎ᠦ ᠠᠩᠬᠠᠷᠤᠯ᠎ᠢ ᠲᠠᠲᠠᠭ᠍ᠰᠠᠨ ᠪᠥᠭᠡᠳ 2021 ᠣᠨ᠎ᠤ 1 ᠰᠠᠷ᠎ᠠ᠎ᠶ᠋ᠢᠨ 22 ᠤ᠋ᠨ ᠡᠳᠦᠷ ᠵᠠᠰᠠᠪᠤᠷᠢ ᠣᠷᠣᠭᠤᠯᠵᠤ ᠪᠠᠲᠤᠯᠠᠭ᠍ᠰᠠᠨ《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠮᠢᠲᠠᠨ᠎ᠤ ᠬᠢᠵᠢᠭ᠎ᠢ ᠰᠡᠷᠭᠡᠢᠯᠡᠬᠦ᠌ ᠬᠠᠤᠯᠢ》 ᠵᠢᠴᠢ ᠬᠦᠳᠡᠭᠡ ᠠᠵᠤ ᠠᠬᠤᠢ ᠬᠦᠳᠡᠭᠡ ᠲᠤᠰᠬᠤᠨ᠎ᠤ ᠶᠠᠮᠤᠨ᠎ᠤ ᠠᠮᠢᠲᠠᠨ᠎ᠤ ᠬᠢᠵᠢᠭ ᠡᠪᠡᠳᠴᠢᠨ᠎ᠢ ᠰᠡᠷᠭᠡᠢᠯᠡᠨ ᠡᠵᠡᠮᠳᠡᠬᠦ ᠵᠢᠯᠣᠭᠣᠳᠭᠤ ᠪᠢᠴᠢᠭ ᠮᠠᠲ᠋ᠧᠷᠢᠶᠠᠯ᠎ᠳᠤ ᠲᠤᠭᠤᠰᠢᠯᠠᠭᠤᠯᠤᠬᠰᠡᠨ ᠶᠠᠪᠤᠳᠠᠯ ᠪᠤᠯᠤᠨ᠎ᠠ᠃

ᠬᠥᠬᠡᠪᠠᠭᠠᠲᠤᠷ᠂ ᠪᠷᠦ᠋ᠼᠧᠯ᠎ᠦᠨ ᠪᠠᠺᠲ᠋ᠧᠷᠢᠲᠤ ᠡᠪᠡᠳᠴᠢᠨ(ᠳᠣᠷᠣᠭ᠍ᠰᠢ ᠪᠷᠦ᠋ᠼᠧᠯ ᠡᠪᠡᠳᠴᠢᠨ ᠭᠡᠵᠦ᠍ ᠲᠦᠬᠦᠮᠴᠢᠯᠡᠨ᠎ᠠ )᠂ ᠰᠠᠷᠰ᠂ ᠴᠢᠨᠠᠭ᠍ᠰᠢᠯᠠᠪᠠᠯ ᠪᠥᠬᠥ᠌ ᠳᠡᠯᠡᠬᠡᠶ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ ᠵᠡᠷᠭᠡ ᠬᠥᠮᠦᠨ ᠮᠠᠯ ᠳ᠋ᠦ ᠴᠦᠮ ᠲᠤᠰᠳᠠᠭ ᠡᠪᠡᠳᠴᠢᠨ᠎ᠢ ᠠᠷᠭᠠᠴᠠᠭᠠᠬᠤ ᠬᠠᠮᠤᠭ᠎ᠤᠨ ᠰᠠᠢᠨ ᠠᠷᠭ᠎ᠠ ᠪᠣᠯ ᠤᠷᠢᠳᠴᠢᠯᠡᠨ ᠰᠡᠷᠭᠡᠢᠯᠡᠬᠦ᠎ᠶᠢ ᠴᠢᠩᠭᠠᠳᠬᠠᠬᠤ ᠪᠡᠷ ᠪᠠᠷᠠᠬᠤ ᠦᠭᠡᠢ ᠬᠣᠯᠪᠣᠭ᠍ᠳᠠᠯ ᠪᠥᠬᠥᠶ ᠬᠠᠤᠯᠢ ᠴᠠᠭᠠᠵᠠ ᠬᠠᠤᠯᠢ ᠲᠣᠭ᠍ᠲᠠᠭᠠᠯ᠎ᠢ ᠲᠡᠭᠦᠯᠳᠡᠷᠵᠢᠭᠦᠯᠦᠨ ᠴᠢᠩᠭ᠎ᠠ ᠬᠡᠷᠡᠭ᠌ᠵᠢᠭᠦᠯᠬᠦ᠌ ᠶᠠᠪᠤᠳᠠᠯ ᠪᠣᠯᠤᠨ᠎ᠠ᠃ 《ᠪᠷᠦ᠋ᠼᠧᠯ ᠡᠪᠡᠳᠴᠢᠨ ᠵᠡᠷᠭᠡ ᠬᠥᠮᠦᠨ ᠠᠮᠢᠳᠠᠨ ᠴᠦᠮ ᠨᠡᠷᠪᠡᠭᠳᠡᠬᠦ ᠡᠪᠡᠳᠴᠢᠨ᠎ᠦ〈ᠭᠠᠷᠤᠯᠲᠠ᠎ᠶ᠋ᠢᠨ ᠣᠷᠣᠨ᠎ᠤ ᠬᠢᠵᠢᠭ᠎ᠦᠨ ᠪᠠᠢᠴᠠᠭᠠᠯᠲᠠ〉 ᠪᠠᠷ ᠵᠢᠱ᠌ᠢᠶᠡᠯᠡᠪᠡᠯ᠂ ᠬᠡᠷᠪᠡ 〈ᠭᠠᠷᠤᠯᠲᠠ᠎ᠶ᠋ᠢᠨ ᠣᠷᠣᠨ᠎ᠤ ᠬᠢᠵᠢᠭ᠎ᠦᠨ ᠪᠠᠢᠴᠠᠭᠠᠯᠲᠠ〉 ᠵᠡᠷᠭᠡ ᠬᠠᠤᠯᠢ ᠴᠠᠭᠠᠵᠠ ᠬᠠᠤᠯᠢ ᠲᠣᠭ᠍ᠲᠠᠭᠠᠯ᠎ᠢ ᠪᠣᠳᠠᠲᠠᠢ ᠬᠡᠷᠡᠭ᠌ᠵᠢᠭᠦᠯᠵᠦ᠍ ᠂ ᠡᠪᠡᠳᠴᠢᠨ᠎ᠲᠡᠶ ᠮᠠᠯ᠎ᠤᠨ ᠱᠢᠯᠵᠢᠯᠲᠡ᠎ᠶ᠋ᠢ ᠪᠦᠲᠦᠮᠵᠢᠲᠡᠢ ᠬᠢᠵᠠᠭᠠᠷᠯᠠᠵᠤ᠂ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠴᠢᠩᠭ᠎ᠠ ᠨᠠᠢᠳᠠᠪᠤᠷᠢᠵᠢᠭᠤᠯᠪᠠᠯ᠂ ᠠᠮᠢᠲᠠᠨ᠎ᠤ ᠬᠢᠵᠢᠭ ᠡᠪᠡᠳᠴᠢᠨ᠎ᠦ ᠳᠡᠯᠭᠡᠷᠡᠬᠦ᠌᠎ᠶ᠋ᠢ ᠡᠬᠢ ᠡᠭᠦᠰᠦᠯ᠎ᠡᠴᠡ ᠨᠢ ᠬᠢᠵᠠᠭᠠᠷᠯᠠᠵᠤ ᠪᠣᠯᠤᠨ᠎ᠠ》 ᠭᠡᠵᠤ ᠦᠵᠡᠪᠡ᠃

《ᠪᠢ ᠲᠤᠬᠠᠢᠯᠠᠭ᠍ᠰᠠᠨ ᠠᠵᠢᠯ᠎ᠤᠨ᠎ᠢᠶᠡᠨ ᠲᠦᠷᠦᠭᠦᠦ 20 ᠵᠢᠯ᠎ᠳᠦ᠂ ᠭᠣᠣᠯᠳᠠᠭᠤ ᠲᠠᠯ᠎ᠠ ᠨᠤᠲᠤᠭ᠎ᠤᠨ ᠭᠡᠷ᠎ᠦᠨ ᠲᠡᠵᠢᠭᠡᠪᠦᠷᠢ᠎ᠶ᠋ᠢᠨ ᠱᠢᠮᠡᠭᠦᠷ ᠬᠣᠷᠣᠬᠠᠢ᠎ᠶ᠋ᠢᠨ ᠡᠪᠡᠳᠴᠢᠨ᠎ᠢ ᠰᠡᠷᠭᠡᠢᠯᠡᠨ ᠵᠠᠰᠠᠬᠤ ᠵᠢᠭᠠᠨ ᠰᠤᠷᠭᠠᠯᠲᠠ ᠪᠠ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯ᠎ᠳᠤ ᠬᠦᠴᠦ᠍ ᠲᠠᠯᠪᠢᠪᠠ᠃ ᠱᠢᠨ᠎ᠡ ᠵᠠᠭᠤᠨ᠎ᠳᠤ ᠤᠷᠤᠭ᠍ᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠬᠥᠮᠦᠨ ᠮᠠᠯ ᠳ᠋ᠦ ᠴᠦᠮ ᠲᠤᠰᠳᠠᠭ ᠡᠪᠡᠳᠴᠢᠨ᠎ᠢ ᠰᠡᠷᠭᠡᠢᠯᠡᠨ ᠡᠵᠡᠮᠳᠡᠬᠦ᠌ ᠱᠢᠨ᠎ᠡ ᠠᠰᠠᠭᠤᠳᠠᠯ᠎ᠳᠤ ᠬᠠᠨᠳᠤᠵᠤ᠂ ᠪᠢ ᠪᠦᠯᠬᠦᠮ᠎ᠢᠶᠡᠨ ᠳᠠᠭᠠᠭᠤᠯᠤᠨ ᠦᠬᠡᠷ ᠬᠣᠨᠢᠨ᠎ᠤ ᠪᠷᠦ᠋ᠼᠧᠯ ᠡᠪᠡᠳᠴᠢᠨ ᠵᠡᠷᠭᠡ ᠬᠠᠯᠳᠠᠪᠤᠷᠢᠲᠤ ᠡᠪᠡᠳᠴᠢᠨ᠎ᠢ ᠰᠡᠷᠭᠡᠢᠯᠡᠨ ᠡᠵᠡᠮᠳᠡᠬᠦ᠌ ᠰᠤᠳᠤᠯᠭᠠᠨ᠎ᠳᠤ ᠱᠢᠯᠵᠢᠭ᠌ᠰᠡᠨ ᠪᠥᠭᠡᠳ ᠤᠷᠢᠳ ᠬᠣᠵᠢᠳ ᠦᠬᠡᠷ ᠬᠣᠨᠢᠨ᠎ᠤ ᠪᠷᠦ᠋ᠼᠧᠯ ᠡᠪᠡᠳᠴᠢᠨ᠎ᠦ ᠡᠭᠡᠯᠢᠯᠡᠭᠡ᠎ᠶ᠋ᠢᠨ ᠪᠠᠢᠴᠠᠭᠠᠨ ᠱᠢᠯᠭᠠᠵᠤ ᠴᠡᠪᠡᠷᠱᠢᠭᠦᠯᠬᠦ᠌ ᠶᠡᠷᠦᠩᠬᠡᠢᠯᠡᠭ᠌ᠰᠡᠨ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠣᠯᠵᠤ᠂ ᠦᠬᠡᠷ ᠬᠣᠨᠢᠨ᠎ᠤ ᠪᠷᠦ᠋ᠼᠧᠯ᠎ᠦᠨ ᠸᠠᠺᠼᠢᠨ ᠤ᠋ ᠡᠭᠡᠯᠢᠯᠡᠭᠡ᠎ᠶ᠋ᠢᠨ ᠪᠠ ᠪᠠᠢᠭᠠᠯᠢ᠎ᠶ᠋ᠢᠨ ᠬᠠᠯᠳᠠᠪᠤᠷᠢᠯᠠᠯ᠎ᠢ ᠣᠨᠣᠱᠢᠯᠠᠬᠤ ᠠᠷᠭ᠎ᠠ ᠭᠡᠬᠦ ᠬᠣᠶᠠᠷ ᠵᠦᠶ᠋ᠯ᠎ᠦᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠦᠷ᠎ᠡ ᠪᠦᠲᠦᠭᠡᠯ᠎ᠢ ᠣᠯᠵᠠᠢ》 ᠭᠡᠵᠦ᠍ ᠲᠡᠷᠡ ᠬᠡᠯᠡᠪᠡ᠃

ᠠᠵᠢᠯ᠎ᠤᠨ ᠬᠠᠷᠢᠭᠤᠴᠠᠯᠭ᠎ᠠ ᠪᠠᠨ ᠪᠠᠷᠢᠮᠳᠠᠯᠠᠨ ᠭᠦᠢᠴᠡᠳᠭᠡᠨ᠎ᠡ᠃ ᠬᠥᠬᠡᠪᠠᠭᠠᠲᠤᠷ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠡᠭᠦᠷᠭᠡ ᠬᠠᠷᠢᠭᠤᠴᠠᠯᠭ᠎ᠠ᠎ᠪᠠᠨ ᠢᠳᠡᠪᠬᠢᠲᠡᠶ ᠭᠦᠶ᠋ᠴᠡᠳᠭᠡᠵᠦ᠍᠂ ᠥᠪᠡᠷ᠎ᠦᠨ ᠲᠤᠰᠭᠠᠶ ᠮᠡᠷᠭᠡᠵᠢᠯ᠎ᠳᠡᠭᠡᠨ ᠰᠠᠭᠤᠷᠢᠯᠠᠨ᠂ ᠭᠦᠨᠵᠡᠭᠡᠶ ᠪᠠᠢᠴᠠᠭᠠᠨ ᠰᠤᠳᠤᠯᠤᠯᠲᠠ ᠬᠢᠵᠦ᠍᠂ ᠣᠷᠣᠨ᠎ᠤ ᠪᠣᠳᠠᠲᠤ ᠪᠠᠢᠳᠠᠯ᠎ᠲᠠᠶ ᠨᠢᠭ᠍ᠲᠠ᠎ᠤᠶᠠᠯᠳᠤᠭᠤᠯᠤᠨ᠂᠎ᠠᠮᠢᠲᠠᠨ᠎ᠤ᠎ᠬᠢᠵᠢᠭ᠎ᠡᠪᠡᠳᠴᠢᠨ᠎ᠢ᠎ᠰᠡᠷᠭᠡᠢᠯᠡᠨ᠎ᠡᠵᠡᠮᠳᠡᠬᠦ᠌᠎ᠲᠠᠯ᠎ᠠ᠎ᠪᠡᠷ᠎ᠬᠢ᠎ᠳᠤᠲᠠᠭᠤᠳᠠᠯ᠎ᠢᠶᠠᠨ ᠨᠥᠬᠥᠪᠥᠷᠢᠯᠡᠵᠦ᠍᠂ ᠪᠠᠭᠤᠷᠠᠶ ᠲᠠᠯ᠎ᠠ᠎ᠪᠠᠨ ᠬᠦᠴᠦᠷᠬᠡᠭ᠌ᠵᠢᠭᠦᠯᠬᠦ᠌᠎ᠳᠦ ᠠᠷᠭ᠎ᠠ ᠤᠬᠠᠭᠠᠨ ᠭᠠᠷᠭᠠᠨ ᠥᠭ᠌ᠴᠦ᠂ ᠰᠠᠨᠠᠭᠤᠯᠭ᠎ᠠ ᠳᠤᠷᠠᠳᠭᠤ᠎ᠳᠠᠭᠠᠨ ᠣᠨᠣᠪᠴᠢᠲᠠᠶ ᠭᠠᠷᠳᠠᠬᠤ ᠴᠡᠭ ᠣᠯᠵᠤ᠂ ᠠᠷᠠᠳ᠎ᠤᠨ ᠠᠮᠢᠳᠤᠷᠠᠯ᠎ᠤᠨ ᠠᠰᠠᠭᠤᠳᠠᠯ᠎ᠢ ᠦᠨᠡᠨ ᠬᠦ᠌ ᠱᠢᠶ᠋ᠳᠪᠦᠷᠢᠯᠡᠪᠡ᠃

2018 ᠣᠨ᠎ᠳᠤ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠪᠡᠷ ᠰᠣᠩᠭᠣᠭ᠍ᠳᠠᠭ᠍ᠰᠠᠨ᠎ᠡᠴᠡ ᠨᠠᠭᠠᠰᠢ᠂ ᠬᠥᠬᠡᠪᠠᠭᠠᠲᠤᠷ ᠮᠠᠨ᠎ᠤ ᠤᠯᠤᠰ᠎ᠤᠨ ᠦᠬᠡᠷ ᠬᠣᠨᠢᠨ᠎ᠤ ᠪᠷᠦ᠋ᠼᠧᠯ ᠡᠪᠡᠳᠴᠢᠨ᠎ᠢ ᠰᠡᠷᠭᠡᠢᠯᠡᠨ ᠡᠵᠡᠮᠳᠡᠬᠦ᠌ ᠳᠤᠮᠳᠠ ᠣᠷᠣᠱᠢᠵᠤ ᠪᠠᠢᠭ᠎ᠠ ᠬᠠᠤᠯᠢ ᠴᠠᠭᠠᠵᠠ ᠬᠠᠤᠯᠢ ᠲᠣᠭ᠍ᠲᠠᠭᠠᠯ᠎ᠤᠨ ᠪᠠᠭᠤᠷᠠᠶ ᠭᠣᠭ᠍ᠴᠣᠭ᠎ᠠ ᠵᠢᠴᠢ ᠬᠠᠤᠯᠢ ᠬᠡᠷᠡᠭ᠌ᠵᠢᠭᠦᠯᠦᠯᠲᠡ᠎ᠶ᠋ᠢᠨ ᠠᠯᠳᠠᠰᠢ ᠵᠡᠷᠭᠡ ᠠᠰᠠᠭᠤᠳᠠᠯ᠎ᠤᠨ ᠲᠤᠬᠠᠶ 3 ᠵᠢᠯ ᠳᠠᠷᠠᠭᠠᠯᠠᠨ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠳᠤ ᠰᠠᠨᠠᠭᠤᠯᠭ᠎ᠠ ᠳᠤᠷᠠᠳᠪᠠ; ᠰᠤᠷᠭᠠᠭᠤᠯᠢ᠎ᠶ᠋ᠢᠨ ᠳᠣᠲᠣᠨ᠎ᠠ ᠭᠠᠳᠠᠨᠠᠬᠢ ᠡᠯ᠎ᠡ ᠱᠠᠲᠤᠨ᠎ᠤ ᠡᠯ᠎ᠡ ᠲᠥᠷᠥᠯ᠎ᠦᠨ ᠶᠠᠷᠢᠶᠠᠨ᠎ᠤ ᠲᠠᠪᠴᠠᠩ᠎ᠢ ᠬᠡᠳᠦᠨ ᠠᠷᠪᠠ ᠤᠳᠠᠭ᠎ᠠ ᠠᠱᠢᠭ᠍ᠯᠠᠵᠤ᠂ ᠬᠥᠮᠦᠨ ᠮᠠᠯ᠎ᠳᠤ ᠴᠦᠮ ᠲᠤᠰᠳᠠᠭ ᠡᠪᠡᠳᠴᠢᠨ᠎ᠢ ᠰᠡᠷᠭᠡᠢᠯᠡᠨ ᠡᠵᠡᠮᠳᠡᠬᠦ᠌ ᠱᠢᠨ᠎ᠡ ᠮᠡᠳᠡᠯᠭᠡ ᠪᠠ ᠱᠢᠨ᠎ᠡ ᠮᠡᠷᠭᠡᠵᠢᠯ᠎ᠢ ᠤᠯᠠᠮᠵᠢᠯᠠᠪᠠ; ᠤᠷᠢᠯᠭ᠎ᠠ᠎ᠪᠠᠷ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠣᠨ ᠮᠠᠯᠵᠢᠬᠤ ᠣᠷᠣᠨ᠎ᠤ ᠲᠢᠩᠬᠢᠮ ᠪᠣᠯᠤᠨ ᠪᠠᠶᠠᠨᠨᠠᠭᠤᠷ ᠬᠣᠲᠠ ᠵᠡᠷᠭᠡ ᠠᠢᠮᠠᠭ ᠬᠣᠲᠠ᠎ᠳᠤ ᠰᠦᠯᠵᠢᠶᠡᠨ᠎ᠦ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠸᠢᠳᠢᠣ᠋ ᠵᠣᠬᠢᠶᠠᠵᠤ᠂ ᠮᠠᠯᠴᠢᠨ ᠲᠠᠷᠢᠶᠠᠴᠢᠨ᠎ᠢ ᠵᠢᠯᠣᠭᠣᠳᠤᠨ ᠬᠥᠮᠦᠨ ᠮᠠᠯ᠎ᠳᠤ ᠴᠥᠮ ᠲᠤᠰᠳᠠᠭ ᠡᠪᠡᠳᠴᠢᠨ᠎ᠢ ᠱᠢᠨᠵᠢᠯᠡᠬᠦ᠌ ᠤᠬᠠᠭᠠᠨᠴᠢ᠎ᠪᠠᠷ ᠰᠡᠷᠭᠡᠢᠯᠡᠨ ᠡᠵᠡᠮᠳᠡᠵᠦ᠍᠂ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠪᠠ《ᠪᠥᠬᠥ᠌ ᠤᠯᠤᠰ᠎ᠤᠨ ᠬᠥᠳᠡᠭᠡ ᠲᠣᠰᠭᠣᠨ᠎ᠤ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠠᠵᠢᠯ᠎ᠤᠨ ᠠᠷᠪᠠᠨ ᠱᠢᠯᠢᠳᠡᠭ ᠵᠢᠱ᠌ᠢᠶᠡᠴᠢ》 ᠶ᠋ᠢᠨ ᠬᠠᠷᠢᠭᠤᠴᠠᠯᠭ᠎ᠠ ᠡᠭᠦᠷᠭᠡᠯᠡᠯ᠎ᠢ ᠢᠯᠡᠷᠡᠭᠦᠯᠪᠡ᠃

《ᠲᠤᠰ ᠬᠤᠭᠤᠴᠠᠭᠠᠨ᠎ᠤ 3000 ᠱᠢᠬᠠᠮ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠳᠣᠲᠣᠷ᠎ᠠ᠂ ᠮᠠᠯ᠎ᠤᠨ ᠡᠮᠴᠢ᠎ᠶ᠋ᠢᠨ ᠲᠤᠰᠭᠠᠢ ᠮᠡᠷᠭᠡᠵᠢᠯ᠎ᠦᠨ ᠠᠵᠢᠯ ᠬᠢᠵᠦ᠍ ᠪᠠᠢᠭ᠎ᠠ ᠬᠥᠮᠦᠨ ᠲᠤᠩ ᠴᠥᠭᠡᠨ᠂ ᠲᠠᠯ᠎ᠠ ᠨᠤᠲᠤᠭ᠎ᠤᠨ ᠮᠠᠯ᠎ᠤᠨ ᠬᠢᠵᠢᠭ ᠡᠪᠡᠳᠴᠢᠨ᠎ᠦ ᠵᠢᠭᠠᠨ ᠰᠤᠷᠭᠠᠯᠲᠠ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯ ᠬᠢᠵᠦ᠍ ᠪᠠᠢᠭ᠎ᠠ ᠬᠥᠮᠦᠨ ᠵᠥᠪᠬᠡᠨ ᠪᠢ ᠪᠠᠢᠨ᠎ᠠ᠂ ᠡᠢᠮᠦ᠍᠎ᠡᠴᠡ ᠪᠢ ᠤᠷᠤᠯᠴᠠᠬᠤ ᠦᠭᠡᠢ ᠪᠠᠢᠵᠤ ᠪᠣᠯᠬᠤ ᠦᠭᠡᠢ!》᠃ ᠲᠡᠷᠡ᠄《ᠪᠢ ᠠᠰᠠᠭᠤᠳᠠᠯ ᠳᠤᠷᠠᠳᠭᠤ᠎ᠪᠠᠷ ᠪᠠᠷᠠᠬᠤ ᠥᠬᠡᠶ ᠪᠠᠰᠠ ᠠᠰᠠᠭᠤᠳᠠᠯ᠎ᠢ ᠱᠢᠶ᠋ᠳᠪᠦᠷᠢᠯᠡᠬᠦ᠌ ᠠᠷᠭ᠎ᠠ ᠬᠡᠮᠵᠢᠶ᠎ᠡ ᠳᠤᠷᠠᠳᠴᠤ᠌᠂ ᠬᠠᠮᠢᠶ᠎ᠠ ᠪᠥᠬᠥᠶ ᠰᠠᠯᠠᠭ᠎ᠠ ᠮᠥᠴᠢᠷ᠎ᠲᠦ ᠯᠠᠪᠯᠠᠯᠲᠠ ᠪᠣᠯᠭᠠᠨ᠎ᠠ》ᠭᠡᠵᠦ ᠬᠡᠯᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面