2022ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠲᠥᠯᠥᠭᠡᠯᠡᠭᠴᠢᠳ ᠭᠡᠱᠢᠭᠦᠨ᠎ᠦ᠌ ᠲᠤᠱᠢᠶᠠᠯ᠎ᠢ᠋ᠶ᠋ᠠᠨ ᠭᠦᠢᠴᠡᠳᠭᠡᠭᠰᠡᠨ ᠦᠯᠢᠭᠡᠷ

2022-02-23 10:09:54

ᠵᠣᠬᠢᠶᠠᠭ᠍ᠴᠢ᠄ ᠰᠥᠩ ᠱᠤᠸᠠᠩ ᠣᠩᠱᠢᠭ᠍ᠰᠠᠨ ᠣᠳᠠᠭ᠎ᠠ᠄ 3

ᠴᠠᠭᠠᠨ ᠰᠠᠷ᠎ᠠ ᠥᠩᠭᠡᠷᠡᠮᠡᠭ᠌ᠴᠡ᠂ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠬᠥᠯᠥᠨ ᠪᠣᠢᠷ ᠬᠣᠲᠠ᠎ᠶ᠋ᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠦᠨ ᠲᠣᠪᠴᠢᠶᠠᠨ᠎ᠤ ᠳᠡᠳ᠋ ᠳᠠᠷᠤᠭ᠎ᠠ ᠳ᠋ᠦ᠋ ᠮᠢᠩ ᠶᠠᠨ 《ᠮᠥᠰᠥ᠍ ᠴᠠᠰᠤᠨ᠎ᠤ ᠵᠢᠭᠤᠯᠴᠢᠯᠠᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠨᠥᠬᠥᠪᠥᠷᠢ ᠥᠭ᠌ᠬᠦ ᠠᠷᠭ᠎ᠠ》 ᠶ᠋ᠢ ᠰᠤᠳᠤᠯᠵᠤ᠂ ᠬᠥᠯᠥᠨ ᠪᠣᠢᠷ᠎ᠤᠨ ᠲᠠᠯ᠎ᠠ ᠨᠤᠲᠤᠭ᠎ᠤᠨ ᠵᠢᠭᠤᠯᠴᠢᠯᠠᠯ᠎ᠤᠨ ᠨᠠᠷᠠᠲᠤ ᠲᠡᠮᠳᠡᠭ᠌᠎ᠢ ᠡᠭᠦᠳᠦᠨ ᠪᠠᠢᠭᠤᠯᠬᠤ ᠶᠠᠪᠤᠳᠠᠯ᠎ᠢ ᠲᠣᠬᠢᠷᠠᠭᠤᠯᠤᠨ ᠶᠠᠭᠠᠷᠠᠨ᠎ᠠ ᠁ ᠮᠥᠰᠥ᠍ ᠴᠠᠰᠤᠨ᠎ᠤ ᠵᠢᠭᠤᠯᠴᠢᠯᠠᠯ᠎ᠤᠨ ᠬᠥᠭ᠌ᠵᠢᠯᠲᠡ᠎ᠶ᠋ᠢᠨ ᠬᠡᠲᠦ᠍᠎ᠶ᠋ᠢᠨ ᠲᠥᠯᠥᠪ᠎ᠲᠦ ᠳᠡᠷᠡ ᠢᠲᠡᠭᠡᠯ ᠲᠡᠭᠦᠯᠳᠡᠷ ᠠᠵᠢ᠃ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ ᠪᠣᠯᠤᠭ᠍ᠰᠠᠨ᠎ᠤ ᠬᠤᠪᠢ᠎ᠳᠤ᠂ ᠲᠡᠷᠡ ᠬᠠᠷᠢᠭᠤᠴᠠᠯᠭ᠎ᠠ ᠬᠦᠨᠳᠦ ᠶᠡᠬᠡ ᠂ ᠡᠭᠦᠷᠭᠡ ᠦᠩᠬᠡ ᠬᠡᠷᠡᠯᠳᠡᠢ ᠰᠠᠨᠠᠬᠳᠠᠨ᠎ᠠ ᠂ ᠬᠡᠷᠬᠢᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠦᠨᠳᠦᠰᠦᠨ ᠱᠠᠲᠤᠨ᠎ᠤ ᠲᠥᠯᠥᠭᠡ ᠴᠢᠷᠮᠠᠢᠬᠤ ᠪᠤᠯ?ᠲᠡᠭᠦᠨ᠎ᠦ ᠨᠢᠭᠤᠴᠠ ᠵᠤᠷ ᠪᠣᠯ᠄ ᠰᠠᠨᠠᠯ ᠲᠤᠷᠠᠳᠤᠯᠭ᠎ᠠ᠎ᠪᠡᠨ ᠰᠠᠢᠳᠤᠷ ᠪᠡᠯᠡᠳᠭᠡᠵᠥ᠂ ᠪᠤᠳᠠᠳᠠᠢ ᠳ᠋ᠦ ᠨᠠᠢᠳᠠᠪᠤᠷᠢᠵᠢᠭᠤᠯᠬᠤ ᠪᠤᠯᠤᠨ᠎ᠠ᠃

ᠠᠵᠢᠯ᠎ᠳᠤ ᠭᠠᠷᠤᠭ᠍ᠰᠠᠨ ᠡᠴᠡ ᠨᠠᠭᠠᠰᠢ᠂ ᠳ᠋ᠦ᠋ ᠮᠢᠩ ᠶᠠᠨ ᠦᠨᠳᠦᠰᠦᠲᠡᠨ᠎ᠦ ᠪᠦᠯᠬᠦᠮᠳᠡᠯ᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ ᠵᠡᠷᠭᠡ ᠠᠭᠤᠯᠭ᠎ᠠ᠎ᠶ᠋ᠢ ᠮᠠᠰᠢ ᠠᠩᠬᠠᠷᠤᠭ᠍ᠰᠠᠭᠠᠷ ᠢᠷᠡᠵᠡᠢ᠃ ᠵᠢᠭᠤᠯᠴᠢᠯᠠᠯ᠎ᠤᠨ ᠠᠵᠢᠯ᠎ᠢ ᠬᠤᠪᠢᠳᠠᠨ ᠬᠠᠮᠢᠶᠠᠷᠴᠤ᠌ ᠪᠠᠢᠬᠤ ᠪᠤᠯᠬᠤᠷ᠂ ᠬᠥᠯᠥᠨ ᠪᠣᠢᠷ ᠬᠣᠲᠠ᠎ᠶ᠋ᠢᠨ 《ᠬᠦᠢᠲᠡᠨ ᠡᠬᠢ ᠪᠠᠶᠠᠯᠢᠭ》 ᠢ᠋ 《ᠬᠠᠯᠠᠭᠤᠨ ᠠᠵᠤ ᠦᠶ᠋ᠯᠡᠰ》 ᠪᠣᠯᠭᠠᠭ᠍ᠤ᠂ ᠮᠥᠰᠥ᠍ ᠴᠠᠰᠤᠨ᠎ᠳᠤ ᠬᠤᠴᠢᠭ᠍ᠳᠠᠭ᠍ᠰᠠᠨ ᠭᠠᠵᠠᠷ᠎ᠢ ᠦᠨᠡᠨ ᠬᠦ᠌ ᠠᠯᠲᠠ ᠮᠥᠩᠭᠥᠨ ᠠᠭᠤᠯᠠ ᠪᠣᠯᠭᠠᠬᠤ ᠬᠠᠢᠨ ᠰᠦᠪᠡᠭᠴᠢᠯᠡᠯᠳᠡ ᠦᠢᠯᠡᠳᠦᠯᠬᠡ ᠵᠢᠨ ᠳᠤᠬᠠᠢ ᠳ᠋ᠦ᠋ ᠮᠢᠩ ᠶᠠᠨ᠄ ᠬᠥᠯᠥᠨ ᠪᠤᠢ᠌ᠷ ᠢᠮᠠᠭ᠍ᠲᠠ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭ᠌ᠵᠢᠬᠦᠯᠬᠦ᠎ᠪᠡᠷ ᠤᠳᠤᠷᠢᠳᠤᠮᠵᠢ ᠪᠣᠯᠭᠠᠵᠤ᠂ 《ᠭᠤᠷᠪᠠᠨ ᠳ᠋ᠦᠩᠱᠢᠭᠤᠷ ᠬᠥᠮᠦᠨ᠎ᠢ ᠳᠠᠢᠴᠢᠯᠠᠨ ᠮᠥᠰᠥ᠍ ᠴᠠᠰᠤᠨ᠎ᠤ ᠬᠥᠳᠡᠯᠭᠡᠭᠡᠨ᠎ᠳᠦ ᠣᠷᠣᠯᠴᠠᠭᠤᠯᠬᠤ》 ᠤᠷᠢᠶᠠᠯᠠᠭ᠎ᠠ᠎ᠶ᠋ᠢ ᠢᠳᠡᠪᠬᠢᠲᠡᠶ ᠴᠤᠤᠷᠢᠶᠠᠳᠤᠨ ᠳᠠᠭᠠᠵᠥ᠂ ᠵᠢᠭᠤᠯᠴᠢᠯᠠᠯ᠎ᠤᠨ ᠦᠢᠯᠡᠰ᠎ᠦᠨ ᠪᠠᠷᠢᠮᠵᠢᠶ᠎ᠠ᠎ᠶ᠋ᠢ ᠳᠡᠭᠡᠭ᠌ᠰᠢᠯᠡᠭᠦᠯᠵᠦ᠍ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌ ᠳᠠᠯ᠎ᠠ ᠪᠡᠷ ᠬᠦᠴᠦ᠍ ᠤᠷᠤᠭᠤᠯᠵᠥ᠂ ᠪᠦᠬᠦ᠌ ᠣᠷᠣᠨ ᠪᠦᠰᠡ ᠪᠦᠬᠦ᠌ ᠣᠷᠣᠨ ᠵᠠᠢ ᠂ ᠪᠦᠬᠦ ᠴᠠᠭ ᠤᠯᠠᠷᠢᠯ ᠂ ᠪᠦᠬᠦ᠌ ᠦᠵᠡᠮᠵᠢ ᠪᠦᠬᠦ᠌ ᠡᠯᠧᠮᠧᠨ᠋ᠲ᠎ᠦᠨ ᠵᠢᠭᠤᠯᠴᠢᠯᠠᠯ᠎ᠢ ᠲᠦᠷᠭᠡᠪᠴᠢᠯᠡᠨ ᠠᠬᠢᠭᠤᠯᠵᠥ᠂《ᠪᠦᠬᠦ᠌ ᠦᠵᠡᠮᠵᠢ᠎ᠶ᠋ᠢᠨ ᠣᠷᠣᠨ᠎ᠢ ᠪᠡᠶᠡᠴᠢᠯᠡᠨ ᠣᠢᠯᠠᠭᠠᠬᠤ᠂ ᠪᠦᠬᠦ᠌ ᠶᠠᠪᠤᠴᠠ᠎ᠶ᠋ᠢᠨ ᠬᠡᠷᠡᠭ᠌ᠯᠡᠭᠡ᠂ ᠪᠦᠬᠦ᠌ ᠠᠵᠤ ᠦᠢᠯᠡᠰ᠎ᠦᠨ ᠠᠭᠤᠰᠤᠯᠴᠠᠯ᠂ ᠪᠦᠬᠦ ᠠᠷᠠᠳ ᠬᠠᠮᠳᠤ ᠪᠡᠷ ᠡᠳ᠋ᠯᠡᠬᠦ》 ᠵᠢᠭᠤᠯᠴᠢᠯᠠᠯ᠎ᠤᠨ ᠬᠥᠭ᠌ᠵᠢᠯᠲᠡ᠎ᠶ᠋ᠢᠨ ᠱᠢᠨ᠎ᠡ ᠪᠠᠢᠷᠢᠱᠢᠯ᠎ᠢ ᠪᠠᠢᠭᠤᠯᠪᠡ ᠭᠡᠵᠡᠢ᠃

《ᠡᠨᠡ ᠵᠢᠯ᠂ ᠴᠠ ᠪᠤᠭᠤ ᠲᠡᠵᠢᠭᠡᠨ ᠦᠷᠡᠵᠢᠭᠦᠯᠬᠦ᠌ ᠠᠵᠤ ᠦᠶ᠋ᠯᠡᠰ ᠪᠣᠯᠤᠨ ᠭᠠᠭ᠍ᠴᠠ ᠬᠡᠦᠬᠡᠳ᠎ᠢᠶᠡᠨ ᠠᠯᠳᠠᠭ᠍ᠰᠠᠨ ᠬᠡᠷ ᠪᠦᠯᠢ᠎ᠶ᠋ᠢ ᠠᠪᠤᠷᠠᠨ ᠲᠤᠰᠠᠯᠠᠬᠤ᠎ᠶ᠋ᠢ ᠠᠩᠬᠠᠷᠬᠤ ᠡᠴᠡ ᠭᠠᠳᠠᠨ᠎ᠠ᠂ ᠪᠠᠰᠠ ᠣᠶ ᠱᠢᠭᠤᠶ᠎ᠶ᠋ᠢᠨ ᠨᠡᠭᠦᠷᠡᠰᠦᠲᠥ᠋ᠷᠥᠭ᠌ᠴᠢ ᠵᠢᠨ ᠳᠠᠪᠬᠤᠷ ᠢᠰᠦᠯ᠎ᠢ ᠱᠢᠩᠭᠡᠭᠡᠨ ᠠᠪᠬᠤ ᠥᠷᠲᠡᠭ᠎ᠢ ᠪᠡᠶᠡᠯᠡᠭᠦᠯᠬᠦ᠌ ᠠᠷᠭ᠎ᠠ ᠵᠠᠮ᠎ᠢ ᠰᠠᠭᠠᠳ ᠦᠬᠡᠢ ᠨᠡᠪᠳᠡᠷᠡᠬᠦᠯᠬᠦ ᠠᠭᠤᠯᠭ᠎ᠠ᠎ᠶ᠋ᠢ ᠣᠨᠴᠠᠭᠠᠢᠯᠠᠨ ᠠᠩᠬᠠᠷᠴᠤ ᠎ᠪᠠᠢᠨ᠎ᠠ》ᠭᠡᠵᠦ᠍ ᠎ᠳ᠋ᠦ᠋ ᠮᠢᠩ ᠶᠠᠨ ᠰᠤᠷᠪᠤᠯᠵᠢᠯᠠᠭ᠍ᠴᠢ ᠎ᠳᠤ ᠬᠡᠯᠡᠬᠦ᠌᠎ᠳᠡᠭᠡᠨ᠂ ᠣᠶ ᠱᠢᠭᠤᠶ ᠎ᠶ᠋ᠢᠨ ᠨᠡᠭᠦᠷᠡᠰᠦᠲᠥ᠋ᠷᠥᠭ᠌ᠴᠢ᠎ᠬᠤᠷᠠᠮᠳᠤᠭᠤᠯᠬᠤ ᠪᠣᠯ ᠨᠢᠭᠡ ᠵᠦᠶ᠋ᠯ᠎ᠦᠨ ᠣᠶ ᠱᠢᠭᠤᠶ᠎ᠶ᠋ᠢᠨ ᠡᠵᠡᠩᠨᠡᠯᠲᠡ ᠬᠠᠮᠠᠭᠠᠯᠠᠯᠲᠠ᠎ᠪᠠᠷ ᠰᠠᠭᠤᠷᠢ ᠪᠣᠯᠭᠠᠭ᠍ᠰᠠᠨ ᠠᠮᠢ ᠠᠬᠤᠶ᠎ᠶ᠋ᠢᠨ ᠦᠶ᠋ᠯᠡᠳᠬᠦᠨ ᠮᠥᠨ᠂ ᠪᠠᠰᠠ ᠴᠤ᠌ ᠳᠡᠯᠡᠬᠡᠶ ᠨᠡᠢᠲᠡ᠎ᠪᠡᠷ᠎ᠢᠶᠡᠨ ᠮᠡᠳᠡᠷᠡᠭ᠌ᠰᠡᠨ ᠠᠭᠤᠷ ᠠᠮᠢᠰᠭᠤᠯ᠎ᠤᠨ ᠬᠤᠪᠢᠷᠠᠯᠲᠠ᠎ᠶ᠋ᠢ ᠠᠷᠭᠠᠴᠠᠭᠠᠬᠤ ᠪᠤᠯᠤᠮᠵᠢᠳᠠᠢ ᠪᠦᠲᠦᠮᠵᠢᠲᠡᠶ ᠠᠵᠤ ᠠᠬᠤᠶ᠎ᠶ᠋ᠢᠨ ᠠᠷᠭ᠎ᠠ ᠬᠡᠮᠵᠢᠶ᠎ᠡ ᠮᠥᠨ ᠬᠡᠪᠡ᠃ ᠰᠤᠳᠤᠯᠭᠠᠨ ᠳ᠋ᠤ ᠢᠯᠡᠷᠡᠬᠦᠯᠦᠭᠰᠡᠨ ᠵᠢᠡᠷ᠂ ᠥᠪᠥᠷ ᠮᠣᠩᠭᠣᠯ᠎ᠤᠨ ᠶᠡᠬᠡ ᠬᠢᠩᠭᠠᠨ ᠳᠠᠪᠠᠭ᠎ᠠ᠎ᠶ᠋ᠢᠨ ᠣᠶ ᠱᠢᠭᠤᠶ ᠪᠠ ᠨᠤᠭᠤ ᠭᠠᠵᠠᠷ᠎ᠤᠨ ᠠᠮᠢ ᠠᠬᠤᠶ᠎ᠶ᠋ᠢᠨ ᠱᠢᠰᠲ᠋ᠧᠮ᠎ᠦᠨ 《ᠪᠣᠬᠢᠷᠲᠤᠯ ᠥᠬᠡᠶ ᠨᠡᠭᠦᠷᠡᠰᠦᠲᠥ᠋ᠷᠥᠭ᠌ᠴᠢ᠎ᠶ᠋ᠢᠨ ᠬᠥᠮᠥᠷᠭᠡ》ᠶ᠋ᠢᠨ ᠶᠡᠷᠦᠩᠬᠡᠶ ᠥᠷᠲᠡᠭ᠎ᠨᠢ ᠵᠢᠯ ᠪᠦᠷᠢ 1071.75 ᠳ᠋ᠦᠩᠱᠢᠭᠤᠷ ᠲᠥᠭᠥᠷᠢᠭ ᠪᠣᠯᠤᠨ᠎ᠠ᠃ ᠥᠪᠥᠷ ᠮᠣᠩᠭᠣᠯ᠎ᠤᠨ ᠶᠡᠬᠡ ᠬᠢᠩᠭᠠᠨ ᠳᠠᠪᠠᠭ᠎ᠠ᠎ᠶ᠋ᠢᠨ ᠱᠢᠭᠤᠢᠲᠤ ᠣᠷᠣᠨ 《ᠮᠣᠳᠣ ᠣᠭ᠍ᠲᠣᠯᠬᠤ》ᠡᠴᠡ ᠪᠠᠢᠭᠠᠯᠢ᠎ᠶ᠋ᠢᠨ ᠣᠶ᠎ᠶ᠋ᠢ ᠬᠠᠮᠠᠭᠠᠯᠠᠬᠤ ᠬᠦᠷᠲᠡᠯᠡᠬᠢ 《ᠮᠣᠳᠣ ᠰᠠᠬᠢᠬᠤ》ᠶ᠋ᠢ ᠪᠡᠶᠡᠯᠡᠭᠦᠯᠵᠦ᠍᠂ ᠳᠠᠬᠢᠭᠠᠳ ᠨᠡᠭᠦᠷᠡᠰᠦᠲᠥ᠋ᠷᠥᠭ᠌ᠴᠢ ᠵᠢᠨ ᠳᠠᠪᠬᠤᠷ ᠢᠰᠦᠯ᠎ᠢ ᠱᠢᠩᠭᠡᠭᠡᠨ ᠠᠪᠬᠤ ᠠᠵᠤ ᠠᠬᠤᠶ ᠪᠠ ᠠᠮᠢ ᠠᠬᠤᠶ᠎ᠶ᠋ᠢᠨ ᠵᠢᠭᠤᠯᠴᠢᠯᠠᠯ᠎ᠢ ᠬᠥᠭ᠌ᠵᠢᠭᠦᠯᠬᠦ᠌ ᠬᠦᠷᠲᠡᠯᠡᠬᠢ 《ᠮᠣᠳᠣ ᠰᠠᠬᠢᠬᠤ》 ᠲᠡᠦᠬᠡᠲᠦ ᠴᠢᠨᠠᠷᠲᠠᠶ ᠳᠠᠪᠠᠯᠲᠠ᠎ᠶ᠋ᠢ ᠪᠡᠶᠡᠯᠡᠭᠦᠯᠪᠡ᠃

《ᠬᠥᠬᠡᠮᠳᠦᠭ ᠨᠣᠭᠣᠭᠠᠨ ᠠᠭᠤᠯᠠ ᠤᠰᠤ》ᠵᠢᠨ ᠠᠮᠢ ᠠᠬᠤᠢ᠎ᠶ᠋ᠢᠨ ᠦᠷ᠎ᠡ ᠠᠱᠢᠭ ᠨᠢ ᠶᠠᠭ《ᠠᠯᠳᠠ ᠮᠥᠩᠭᠥᠨ ᠠᠭᠤᠯᠠ》 ᠵᠢᠨ ᠠᠵᠤ ᠠᠬᠤᠢ᠎ᠶ᠋ᠢᠨ ᠦᠷ᠎ᠡ ᠠᠱᠢᠭ ᠪᠣᠯᠤᠨ ᠬᠤᠪᠢᠷᠠᠵᠤ ᠪᠤᠢ᠃ 《 ᠪᠦᠬᠦ᠌ ᠤᠯᠤᠰ᠎ᠤᠨ ᠬᠣᠶᠠᠷ ᠬᠤᠷᠠᠯ ᠤᠳᠠᠯ ᠦᠭᠡᠢ ᠬᠤᠷᠠᠯᠳᠤᠬᠤ ᠭᠡᠵᠦ᠍ ᠪᠠᠢᠬᠤ ᠳᠠᠰᠢᠷᠠᠮ ᠵᠢᠡᠷ᠂ ᠨᠢᠭᠡ ᠵᠢᠯ᠎ᠦᠨ ᠲᠤᠷᠱᠢᠬᠢ ᠪᠠᠢᠴᠠᠭᠠᠨ ᠰᠤᠳᠤᠯᠤᠯᠲᠠ᠎ᠶ᠋ᠢᠨ ᠮᠠᠲ᠋ᠧᠷᠢᠶᠠᠯ᠎ᠵᠢᠡᠨ ᠡᠮᠬᠢᠯᠡᠵᠦ᠍᠂ ᠰᠠᠨᠠᠯ ᠳᠤᠷᠠᠳᠤᠯᠭ᠎ᠠ ᠳ᠋ᠠᠭᠠᠨ ᠵᠠᠰᠠᠪᠤᠷᠢ ᠣᠷᠣᠭᠤᠯᠵᠤ᠂ ᠬᠣᠶᠠᠷ ᠬᠤᠷᠠᠯ᠎ᠳᠤ ᠭᠦᠢᠴᠡᠳ ᠪᠡᠯᠡᠳᠭᠡᠯ ᠬᠢᠪᠡᠯ ᠰᠠᠶᠢ ᠬᠦᠨᠳᠦ ᠨᠠᠢᠳᠠᠯᠭ᠎ᠠ᠎ᠶ᠋ᠢ ᠬᠥᠰᠡᠷᠳᠡᠭᠦᠯᠬᠦ᠌ ᠦᠭᠡᠢ ᠪᠠᠢᠵᠤ ᠴᠢᠳᠠᠨ᠎ᠠ》᠃ ᠡᠭᠦᠷᠭᠡ ᠲᠤᠱᠢᠶᠠᠯ᠎ᠢᠶᠠᠨ ᠭᠦᠢᠴᠡᠳᠭᠡᠬᠦ᠌ ᠲᠤᠬᠠᠢ ᠶᠠᠷᠢᠬᠤ᠎ᠳᠠᠭᠠᠨ᠂ ᠳ᠋ᠦ᠋ ᠮᠢᠩ ᠶᠠᠨ᠄ 《ᠨᠢᠭᠡ ᠬᠤᠪᠢ ᠴᠢᠨᠠᠷ ᠰᠠᠢᠲᠠᠢ ᠰᠠᠨᠠᠯ ᠳᠤᠷᠠᠳᠤᠯᠭ᠎ᠠ ᠲᠤᠱᠢᠶᠠᠬᠤ᠎ᠳᠤ ᠠᠮᠢᠳᠤᠷᠠᠯ ᠳᠤᠮᠳᠠᠬᠢ ᠠᠰᠠᠭᠤᠳᠠᠯ᠎ᠢ ᠴᠢᠳᠠᠮᠠᠭᠠᠢ ᠢᠯᠡᠷᠡᠭᠦᠯᠵᠦ᠂ ᠤᠨᠤᠯ᠎ᠤᠨ ᠰᠤᠷᠤᠯᠴᠠᠯᠭ᠎ᠠ᠎ᠶ᠋ᠢ ᠲᠠᠰᠤᠷᠠᠯᠳᠠ ᠦᠭᠡᠢ ᠴᠢᠩᠭᠠᠳᠭᠠᠬᠤ᠎ᠶ᠋ᠢᠨ ᠬᠠᠮᠲᠤ ᠦᠨᠳᠦᠰᠦᠨ ᠱᠠᠲᠤᠨ᠎ᠳᠤ ᠭᠦᠨᠵᠡᠭᠡᠢᠷᠡᠨ ᠲᠤᠬᠠᠢ᠎ᠶ᠋ᠢᠨ ᠭᠠᠵᠠᠷ᠎ᠲᠤᠨᠢ ᠪᠠᠢᠴᠠᠭᠠᠨ ᠰᠤᠳᠤᠯᠤᠯᠲᠠ ᠬᠢᠵᠦ᠍᠂ ᠠᠷᠠᠳ᠎ᠤᠨ ᠰᠠᠨᠠᠯ᠎ᠢ ᠰᠣᠨᠣᠰᠴᠤ᠌᠂ ᠠᠰᠠᠭᠤᠳᠠᠯ᠎ᠢ ᠢᠯᠡᠷᠡᠭᠦᠯᠵᠦ᠍᠂ ᠱᠢᠯᠲᠠᠭᠠᠨ᠎ᠢ ᠵᠠᠳᠠᠯᠵᠤ᠂ ᠪᠣᠳᠠᠲᠠᠢ ᠬᠡᠷᠡᠭ᠌ᠵᠢᠭᠦᠯᠵᠦ᠍ ᠪᠣᠯᠬᠤᠢᠴᠠ ᠠᠷᠭ᠎ᠠ ᠪᠤᠳᠤᠯᠭ᠎ᠠ ᠰᠠᠨᠠᠭᠤᠯᠭ᠎ᠠ ᠳᠤᠷᠠᠳᠪᠠᠯ ᠵᠤᠬᠢᠨ᠎ᠠ》 ᠬᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面