2022-02-24 09:09:56
ᠵᠢᠯ᠎ᠦᠨ ᠠᠵᠢᠯ ᠬᠠᠪᠤᠷ᠎ᠲᠠᠭᠠᠨ᠃
ᠴᠠᠭᠠᠨ ᠰᠠᠷ᠎ᠠ᠎ᠶ᠋ᠢᠨ ᠠᠷᠪᠠᠨ ᠵᠢᠷᠭᠤᠭᠠᠨ᠎ᠳᠤ᠂ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠤᠯᠠᠭᠠᠨᠴᠠᠪ ᠬᠣᠲᠠ᠎ᠶ᠋ᠢᠨ ᠨᠤᠲᠤᠭ ᠪᠡᠯᠴᠢᠭᠡᠷ᠎ᠦᠨ ᠥᠷᠲᠡᠭᠡ᠎ᠶ᠋ᠢᠨ ᠲᠠᠷᠢᠶᠠᠯᠠᠩ᠎ᠤᠨ ᠮᠡᠷᠭᠡᠵᠢᠯ᠎ᠢ ᠳᠡᠯᠭᠡᠷᠡᠭᠦᠯᠬᠦ᠌ ᠰᠤᠳᠤᠯᠤᠭ᠍ᠴᠢ ᠭᠦᠸᠧ ᠶᠠᠨ ᠯᠢᠩ ᠪᠦᠯᠬᠦᠮ᠎ᠢᠶᠡᠨ ᠳᠠᠭᠠᠭᠤᠯᠤᠨ ᠴᠠᠭᠠᠨ ᠰᠠᠷ᠎ᠠ᠎ᠶ᠋ᠢᠨ ᠠᠩᠬᠠᠨ᠎ᠤ ᠡᠪᠡᠰᠦᠨ ᠦᠷ᠎ᠡ᠎ᠪᠡᠨ ᠳᠠᠷᠢᠪᠠ᠃ ᠡᠨᠡ ᠬᠡᠳᠦᠨ ᠡᠳᠦᠷ᠂ ᠲᠡᠷᠡ ᠦᠷ᠎ᠡ ᠪᠣᠢᠵᠢᠭᠤᠯᠬᠤ ᠲᠥᠷᠥᠯ ᠵᠦᠶ᠋ᠯ᠎ᠢ ᠭᠤᠶᠤᠴᠢᠯᠠᠨ ᠮᠡᠳᠡᠭᠦᠯᠬᠦ᠌᠎ᠶ᠋ᠢᠨ ᠳᠠᠭᠠᠤ᠂ ᠠᠯᠪᠠᠨ ᠬᠡᠷ ᠲᠡᠭᠡᠨ ᠡᠪᠡᠰᠦᠨ ᠦᠷ᠎ᠡ ᠰᠣᠩᠭᠣᠵᠤ᠂ ᠵᠠᠪ᠎ᠢᠶᠠᠷ᠎ᠢᠶᠠᠨ ᠪᠠᠰᠠ ᠲᠤᠷᠱᠢᠯᠲᠠ᠎ᠶ᠋ᠢᠨ ᠰᠠᠭᠤᠷᠢᠨ ᠳ᠋ᠦ ᠬᠦᠷᠴᠦ᠍ ᠳᠤᠯᠠᠭᠠᠨ᠎ᠤ ᠬᠡᠮᠵᠢᠶ᠎ᠡ᠂ ᠴᠢᠭᠢᠭ᠎ᠦᠨ ᠬᠡᠮᠵᠢᠶ᠎ᠡ᠎ᠶ᠋ᠢ ᠪᠠᠢᠴᠠᠭᠠᠨ ᠦᠵᠡᠵᠦ᠍᠂ ᠮᠠᠰᠢ ᠶᠠᠭᠠᠷᠠᠦ ᠪᠠᠢᠯ᠎ᠠ᠃
ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠪᠣᠯᠤᠭ᠍ᠰᠠᠨ᠎ᠤ ᠬᠤᠪᠢ᠎ᠳᠤ᠂ ᠲᠡᠷᠡ ᠨᠤᠲᠤᠭ ᠪᠡᠯᠴᠢᠭᠡᠷ᠎ᠦᠨ ᠠᠮᠢ ᠠᠬᠤᠶ᠎ᠶ᠋ᠢᠨ ᠬᠠᠮᠠᠭᠠᠯᠠᠯᠲᠠ ᠪᠠ ᠮᠠᠯ ᠠᠵᠤ ᠠᠬᠤᠶ᠎ᠲᠡᠷᠢᠶᠠᠯᠠᠩ᠎ᠤᠨ ᠬᠥᠭ᠌ᠵᠢᠯᠲᠡ᠎ᠳ᠋ᠤ ᠠᠩᠬᠠᠷᠤᠯ ᠵᠢᠡᠨ ᠳᠦᠪᠯᠡᠷᠡᠬᠦᠯᠵᠥ᠂ ᠪᠥᠬᠥ᠌ ᠰᠡᠳᠭᠢᠯ ᠪᠥᠬᠥ᠌ ᠵᠣᠷᠢᠭ᠎ᠢᠶᠠᠷ᠎ᠢᠶᠠᠨ ᠠᠷᠠᠳ᠎ᠤᠨ ᠰᠠᠨᠠᠭ᠎ᠠ᠎ᠶ᠋ᠢ ᠣᠢᠯᠠᠭᠠᠵᠤ᠂ ᠴᠢᠩ ᠰᠡᠳᠭᠢᠯ᠎ᠤᠨ ᠰᠠᠨᠠᠭᠤᠯᠭ᠎ᠠ ᠪᠠᠨ ᠲᠡᠪᠰᠢᠭᠦᠯᠦᠨᠠ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠢᠯᠲᠠᠨ ᠪᠣᠯᠤᠭ᠍ᠰᠠᠨ᠎ᠤ ᠬᠤᠪᠢ᠎ᠳᠤ᠂ ᠲᠡᠷᠡ ᠱᠢᠨᠲᠠᠷᠠᠰᠢ ᠦᠭᠡᠢᠴᠢᠷᠮᠠᠢᠵᠤ᠂ᠲᠡᠷᠢᠭᠦᠨᠦᠮᠡᠷᠭᠡᠵᠢᠯᠢᠶᠡᠷ ᠬᠠᠮᠤᠭ᠎ᠤᠨ ᠰᠠᠢ᠌ᠨ ᠨᠤᠲᠤᠭ᠎ᠤᠨ ᠡᠪᠡᠰᠦᠨ ᠦᠷ᠎ᠡ᠎ᠶ᠋ᠢ ᠰᠣᠩᠭᠣᠨ ᠪᠣᠢᠵᠢᠭᠤᠯᠬᠤ᠎ᠪᠠᠷ ᠴᠢᠷᠮᠠᠢᠪᠠ᠃
ᠬᠡᠳᠦᠨ ᠵᠢᠯ ᠨᠠᠷᠢᠨ ᠨᠢᠮᠪᠠᠶ ᠰᠣᠩᠭᠣᠨ ᠪᠣᠢᠵᠢᠭᠤᠯᠬᠤ ᠪᠡᠷ ᠳᠠᠮᠵᠢᠨ᠂ ᠲᠡᠭᠦᠨ᠎ᠦ ᠪᠦᠯᠬᠦᠮ ᠨᠢ ᠵᠠᠭᠤ ᠭᠠᠷᠤᠶ ᠵᠦᠶ᠋ᠯ᠎ᠦᠨ ᠪᠡᠯᠴᠢᠭᠡᠷ᠎ᠤᠨ ᠡᠪᠡᠰᠤ᠎ᠡᠴᠡ ᠬᠠᠯᠠᠭᠠᠢ᠂ ᠵᠡᠷᠯᠢᠭ ᠭᠣᠭᠣᠳ᠂ ᠤᠮᠠᠷᠠᠲᠤ ᠣᠷᠣᠨ᠎ᠤ ᠲᠡᠮᠡᠭᠡᠨ ᠨᠣᠢᠯ᠂ ᠬᠦᠶ᠋ᠲᠡᠨ ᠱᠢᠷᠠᠯᠵᠢ ᠵᠡᠷᠭᠡ ᠠᠷᠪᠠᠨ ᠬᠡᠳᠦᠨ ᠵᠦᠶ᠋ᠯ᠎ᠦᠨ ᠴᠢᠨᠠᠷ ᠰᠠᠢᠨ ᠨᠤᠲᠤᠭ᠎ᠤᠨ ᠡᠪᠡᠰᠦᠨ ᠦᠷ᠎ᠡ᠎ᠶ᠋ᠢ ᠰᠣᠩᠭᠣᠨ ᠪᠣᠯᠪᠠᠰᠤᠷᠠᠭᠤᠯᠵᠤ ᠭᠠᠷᠭᠠᠪᠠ᠃ ᠡᠭᠦᠨ᠎ᠦ ᠬᠠᠮᠲᠤ᠂ ᠪᠣᠷᠣ ᠴᠠᠷᠭᠠᠰᠤ᠎ᠶ᠋ᠢᠨ ᠦᠷ᠎ᠡ ᠦᠶ᠋ᠯᠡᠳᠪᠦᠷᠢᠯᠡᠬᠦ᠌ ᠲᠤᠷᠱᠢᠯᠲᠠ ᠬᠢᠵᠦ᠍᠂ ᠦᠷ᠎ᠡ ᠦᠶ᠋ᠯᠡᠳᠪᠦᠷᠢᠯᠡᠬᠦ᠌ ᠨᠢᠭᠡ ᠢᠵᠢ ᠠᠷᠭ᠎ᠠ᠎ᠶ᠋ᠢ ᠰᠦᠪᠡᠭ᠌ᠴᠢᠯᠡᠨ ᠭᠠᠷᠭᠠᠬᠤ᠎ᠶ᠋ᠢᠨ ᠬᠠᠮᠲᠤ ᠣᠷᠣᠨ ᠨᠤᠲᠤᠭ᠎ᠤᠨ ᠪᠠᠷᠢᠮᠵᠢᠶ᠎ᠠ᠎ᠶ᠋ᠢ ᠭᠤᠶᠤᠴᠢᠯᠠᠪᠠ᠃ ᠡᠭᠦᠨ᠎ᠡᠴᠡ ᠭᠠᠳᠠᠨ᠎ᠠ᠂ ᠲᠡᠷᠡ ᠪᠠᠰᠠ ᠬᠡᠭᠡᠷ᠎ᠡ᠎ᠶ᠋ᠢᠨ ᠢᠳᠡᠱᠢᠨ ᠨᠣᠭᠣᠭ᠎ᠠ᠂ ᠬᠡᠭᠡᠷ᠎ᠡ᠎ᠶ᠋ᠢᠨ ᠬᠢᠲᠠᠳ ᠡᠪᠡᠰᠦᠨ ᠡᠮ᠂ ᠪᠠᠯ᠎ᠤᠨ ᠰᠤᠷᠪᠤᠯᠵᠢᠲᠤ ᠤᠷᠭᠤᠮᠠᠯ᠂ ᠵᠦᠯᠬᠡ ᠳ᠋ᠤ ᠬᠡᠷᠡᠭᠯᠡᠬᠦ ᠤᠷᠭᠤᠮᠠᠯ᠂ ᠠᠮᠢ ᠠᠬᠤᠢ᠎ᠶ᠋ᠢᠨ ᠡᠪᠡᠰᠦᠨ ᠦᠷ᠎ᠡ ᠵᠢᠨ ᠲᠤᠬᠠᠢ ᠭᠦᠨᠵᠡᠭᠡᠢ ᠰᠤᠳᠤᠯᠤᠯᠲᠠ ᠬᠢᠵᠡᠢ᠃
ᠦᠨᠡᠨ ᠪᠤᠳᠠᠳᠠᠢ ᠮᠠᠲ᠋ᠧᠷᠢᠶᠠᠯ᠎ᠢ ᠡᠵᠡᠮᠱᠢᠬᠦ᠌᠎ᠶ᠋ᠢᠨ ᠲᠥᠯᠥᠭᠡ᠂ 2021 ᠣᠨ᠎ᠳᠤ ᠭᠦᠸᠧ ᠶᠠᠨ ᠯᠢᠩ ᠱᠢᠯᠢ᠎ᠶ᠋ᠢᠨ ᠭᠤᠤᠯ ᠠᠢᠮᠠᠭ᠎ᠲᠤ ᠲᠤᠰᠭᠠᠢᠯᠠᠨ ᠬᠦᠷᠴᠦ᠍ ᠮᠠᠯ ᠠᠵᠤ ᠠᠬᠤᠶ᠎ᠲᠠᠷᠢᠶᠠᠯᠠᠩ᠎ᠤᠨ ᠦᠶ᠋ᠯᠡᠳᠪᠦᠷᠢᠯᠡᠯ᠂ ᠮᠠᠯᠴᠢᠨ ᠲᠠᠷᠢᠶᠠᠴᠢᠨ᠎ᠤ ᠠᠮᠢᠳᠤᠷᠠᠯ ᠪᠠ ᠠᠮᠢ ᠠᠬᠤᠶ ᠣᠷᠴᠢᠨ ᠲᠣᠭᠣᠷᠢᠨ᠎ᠢ ᠪᠠᠢᠴᠠᠭᠠᠨ ᠰᠤᠳᠤᠯᠪᠠ᠃ ᠤᠷᠭᠤᠮᠠᠯ᠎ᠤᠨ ᠬᠤᠴᠢᠯᠭ᠎ᠠ᠎ᠶ᠋ᠢ ᠦᠵᠡᠵᠦ᠍᠂ ᠡᠪᠡᠰᠦᠨ᠎ᠦ ᠲᠦᠷᠦᠯ ᠵᠦᠢᠯ᠎ᠢ ᠰᠤᠳᠤᠯᠳᠠᠭ᠃ ᠲᠡᠷᠡ᠄《ᠮᠢᠨᠦ᠍ ᠲᠤᠬᠠᠢᠯᠠᠭ᠍ᠰᠠᠨ ᠠᠵᠢᠯ ᠪᠣᠯ ᠳᠠᠷᠤᠢ 〈ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ〉᠎ᠲᠠᠢ ᠬᠠᠷᠢᠯᠴᠠᠵᠤ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠡᠭᠦᠷᠭᠡ ᠬᠠᠷᠢᠭᠤᠴᠠᠯᠭ᠎ᠠ᠎ᠪᠠᠨ ᠰᠠᠢᠲᠤᠷ ᠭᠦᠢᠴᠡᠳᠭᠡᠬᠦ᠌ ᠶᠠᠪᠤᠳᠠᠯ ᠪᠣᠯᠤᠨ᠎ᠠ᠂ ᠡᠩ᠎ᠦᠨ ᠦᠶ᠎ᠡ᠎ᠶ᠋ᠢᠨ ᠪᠠᠢᠴᠠᠭᠠᠨ ᠰᠤᠳᠤᠯᠤᠯᠲᠠ ᠪᠠ ᠮᠡᠳᠡᠯᠭᠡ᠎ᠶ᠋ᠢᠨ ᠬᠤᠷᠠᠮᠳᠤᠭᠤᠯᠭ᠎ᠠ᠎ᠡᠴᠡ ᠰᠠᠯᠵᠤ ᠴᠢᠳᠠᠬᠤ ᠦᠭᠡᠢ ᠶᠤᠮ》ᠭᠡᠵᠤ ᠬᠡᠯᠡᠪᠡ᠃ ᠦᠨᠳᠤᠰᠤᠨ ᠱᠠᠳᠤᠨ᠎ᠳᠤ ᠬᠦᠨᠵᠡᠭᠡᠢᠷᠠᠵᠤ᠂ 《ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ》ᠲᠠᠶ ᠰᠡᠳᠭᠢᠯ ᠵᠢᠷᠦᠬᠡ᠎ᠪᠡᠨ ᠬᠣᠯᠪᠣᠵᠤ᠂ ᠭᠦᠸᠧ ᠶᠠᠨ ᠯᠢᠩ ᠥᠭᠦᠯᠡᠯ᠎ᠢᠶᠡᠨ ᠡᠬᠡ ᠭᠠᠵᠠᠷᠲᠡᠭᠡᠷᠠ ᠴᠢᠷᠮᠠᠢᠨ ᠪᠢᠴᠢᠭᠯᠡᠨ᠎ᠠ᠃
《ᠪᠡᠭᠡᠵᠢᠩ᠎ᠡᠴᠡ ᠪᠠᠷᠠᠭᠤᠨᠰᠢᠯᠡᠪᠡᠯ ᠲᠠᠷᠤᠢ ᠤᠯᠠᠭᠠᠨᠴᠠᠪ ᠲᠤ᠌ ᠬᠦᠷᠴᠢᠭᠡᠨᠠ》᠃ ᠨᠢᠳᠤᠨᠤᠨ᠎ᠤ ᠪᠥᠬᠥ᠌ ᠤᠯᠤᠰ᠎ᠤᠨ ᠬᠣᠶᠠᠷ ᠬᠤᠷᠠᠯ ᠳᠡᠭᠡᠷ᠎ᠡ᠂ ᠭᠦᠸᠧ ᠶᠠᠨ ᠯᠢᠩ ᠤᠯᠠᠭᠠᠨᠴᠠᠪ ᠬᠣᠲᠠ᠎ᠶ᠋ᠢᠨ ᠬᠦᠶ᠋ᠰᠦ ᠠᠵᠤ ᠠᠬᠤᠶ᠎ᠶ᠋ᠢ ᠲᠦᠷᠭᠡᠳᠭᠡᠨ ᠬᠥᠭ᠌ᠵᠢᠭᠦᠯᠵᠦ᠍᠂ ᠤᠯᠤᠰ᠎ᠤᠨ ᠠᠵᠤ ᠠᠬᠤᠶ᠎ᠶ᠋ᠢᠨ ᠠᠮᠤᠷ ᠲᠦᠪᠱᠢᠨ᠎ᠦ ᠨᠡᠪᠳᠡᠷᠡᠬᠦ ᠵᠠᠮ᠎ᠤᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠬᠤ ᠲᠤᠬᠠᠶ ᠰᠠᠨᠠᠭᠤᠯᠭ᠎ᠠ ᠳᠤᠷᠠᠳᠪᠠ᠄ ᠤᠯᠠᠭᠠᠨᠴᠠᠪ ᠬᠢᠭᠡᠳ ᠡᠷᠢᠶᠡᠨ ᠬᠣᠲᠠ᠎ᠶ᠋ᠢᠨ ᠬᠣᠯᠪᠣᠭᠠᠯᠠᠨ ᠬᠥᠭ᠌ᠵᠢᠬᠦ᠌᠎ᠶ᠋ᠢ ᠠᠬᠢᠭᠤᠯᠵᠤ᠂ ᠵᠢᠨᠢᠩ᠎ᠡᠴᠡ ᠡᠷᠢᠶᠡᠨ ᠬᠥᠷᠬᠥ᠌ ᠲᠡᠮᠦᠷ ᠵᠠᠮ᠎ᠤᠨ ᠴᠢᠳᠠᠪᠬᠢ᠎ᠶ᠋ᠢ ᠥᠷᠭᠡᠳᠭᠡᠨ ᠥᠭᠡᠷᠡᠴᠢᠯᠡᠬᠦ᠌ ᠲᠥᠷᠥᠯ ᠵᠦᠶ᠋ᠯ᠎ᠢ ᠲᠦᠷᠭᠡᠨ ᠬᠡᠷᠡᠭ᠌ᠵᠢᠭᠦᠯᠦᠨ᠎ᠡ᠃
ᠨᠢᠳᠤᠨᠤᠨ ᠵᠤᠨ᠂ ᠤᠯᠤᠰ᠎ᠤᠨ ᠲᠡᠮᠤᠷ ᠵᠠᠮ᠎ᠤᠨ ᠪᠦᠯᠦᠭ᠌ᠯᠡᠯ ᠡᠭᠦᠨ᠎ᠳᠦ ᠬᠠᠷᠢᠭᠤᠯᠳᠠ ᠥᠭ᠌ᠴᠦ᠂ ᠲᠤᠰ ᠢᠨᠵᠧᠨᠧᠷᠢᠩ ᠢ ᠳᠤᠮᠳᠠ ᠤᠷᠳᠤ ᠬᠤᠭᠤᠴᠠᠭᠠᠨ᠎ᠤ ᠲᠡᠮᠤᠷ ᠵᠠᠮ᠎ᠤᠨ ᠲᠣᠣᠷ᠎ᠤᠨ ᠲᠥᠯᠥᠪᠵᠢᠭᠦᠯᠭᠡ᠎ᠳᠦ ᠣᠷᠤᠭᠤᠯᠪᠠ᠃ 《ᠤᠯᠤᠰ᠎ᠤᠨ ᠲᠡᠮᠦᠷ ᠵᠠᠮ᠎ᠤᠨ ᠪᠦᠯᠦᠭ᠌ᠯᠡᠯ ᠨᠢ ᠵᠢᠨᠢᠩ᠎ᠡᠴᠡ ᠡᠷᠢᠶᠡᠨ ᠬᠦᠷᠬᠦ᠌ ᠲᠡᠮᠦᠷ ᠵᠠᠮ᠎ᠤᠨ ᠴᠢᠳᠠᠪᠤᠷᠢ᠎ᠶ᠋ᠢ ᠨᠥᠬᠥᠪᠥᠷᠢᠯᠡᠬᠦ᠌ ᠢᠨᠵᠧᠨᠧᠷᠢᠩ᠎ᠢ ᠠᠬᠢᠭᠤᠯᠵᠤ᠂ ᠡᠨᠡ ᠵᠢᠯ ᠪᠠᠷᠢᠯᠭ᠎ᠠ ᠡᠬᠢᠯᠡᠭᠦᠯᠦᠨ ᠪᠠᠢᠭᠤᠯᠬᠤ᠎ᠪᠠᠷ ᠲᠥᠯᠥᠪᠯᠡᠵᠦ᠍ ᠪᠠᠢᠨ᠎ᠠ ᠁ ᠳᠠᠷᠠᠭᠠᠴᠢ᠎ᠶ᠋ᠢᠨ ᠠᠯᠬᠤᠮ᠎ᠳᠤ᠂ ᠤᠯᠤᠰ᠎ᠤᠨ ᠲᠡᠮᠦᠷ ᠵᠠᠮ᠎ᠤᠨ ᠪᠦᠯᠦᠭ᠌ᠯᠡᠯ ᠨᠢ ᠤᠯᠤᠰ᠎ᠤᠨ ᠨᠢᠭᠡᠳᠦᠯᠲᠡᠶ ᠪᠠᠢᠷᠢᠯᠠᠭᠤᠯᠤᠯᠲᠠ ᠶᠣᠰᠣᠭᠠᠷ᠂ ᠳᠤᠮᠳᠠᠳᠤ ᠮᠣᠩᠭᠣᠯ ᠣᠷᠣᠰ ᠭᠤᠷᠪᠠᠨ ᠲᠠᠯ᠎ᠠ᠎ᠪᠠᠷ᠎ᠢᠶᠠᠨ ᠲᠡᠮᠦᠷ ᠵᠠᠮ᠎ᠤᠨ ᠴᠢᠳᠠᠪᠤᠷᠢ᠎ᠶ᠋ᠢ ᠥᠷᠭᠡᠳᠭᠡᠬᠦ᠌ ᠲᠤᠬᠠᠶ ᠰᠠᠨᠠᠯ ᠨᠢᠭᠡᠳᠴᠦ᠍᠂ ᠵᠢᠨᠢᠩ᠎ᠡᠴᠡ ᠡᠷᠢᠶᠡᠨ ᠬᠦᠷᠬᠦ᠌ ᠲᠡᠮᠦᠷ ᠵᠠᠮ᠎ᠤᠨ ᠴᠢᠳᠠᠪᠬᠢ᠎ᠶ᠋ᠢ ᠥᠷᠭᠡᠳᠭᠡᠬᠦ᠌ ᠥᠭᠡᠷᠡᠴᠢᠯᠡᠯᠲᠡ᠎ᠶ᠋ᠢᠨ ᠢᠨᠵᠧᠨᠧᠷᠢᠩ᠎ᠦᠨ ᠬᠣᠯᠪᠣᠭ᠍ᠳᠠᠯ ᠪᠦᠬᠦᠢ ᠠᠵᠢᠯ᠎ᠢ ᠢᠳᠡᠪᠬᠢᠲᠡᠶ ᠰᠠᠢᠲᠤᠷ ᠬᠢᠬᠦ᠌ ᠪᠣᠯᠤᠨ᠎ᠠ》᠃
ᠪᠢᠴᠢᠭ᠎ᠦᠨ ᠬᠠᠷᠢᠭᠤᠯᠲᠠ᠎ᠶ᠋ᠢ ᠣᠯᠤᠭ᠍ᠰᠠᠨ᠎ᠤ ᠳᠠᠷᠠᠭ᠎ᠠ᠂ ᠭᠦᠸᠧ ᠶᠠᠨ ᠯᠢᠩ ᠡᠨᠡ ᠤᠴᠢᠷ ᠢ᠋ ᠬᠠᠶᠠᠨ᠎ᠳᠤᠨᠢ ᠬᠠᠶᠠᠭ᠍ᠰᠠᠨ ᠦᠭᠡᠢ᠃ ᠡᠨᠡ ᠵᠢᠯ᠎ᠦᠨ ᠪᠦᠬᠦ᠌ ᠤᠯᠤᠰ᠎ᠤᠨ ᠬᠣᠶᠠᠷ ᠬᠤᠷᠠᠯ ᠬᠤᠷᠠᠯᠳᠤᠬᠤ᠎ᠡᠴᠡ ᠡᠮᠦᠨᠡᠬᠡᠨ᠂ ᠲᠡᠷᠡ ᠪᠠᠰᠠ ᠡᠨᠡ ᠤᠴᠢᠷ᠎ᠢ ᠴᠡᠭᠡᠵᠢᠯᠡᠭ᠌ᠰᠡᠭᠡᠷ ᠪᠠᠢᠯ᠎ᠠ᠃ 《ᠡᠮᠦᠨ᠎ᠡ ᠬᠡᠳᠦᠨ ᠡᠳᠦᠷ ᠪᠢ ᠲᠤᠰᠭᠠᠢᠯᠠᠨ ᠤᠲᠠᠰᠤ ᠠᠪᠴᠤ᠌ ᠯᠠᠪᠯᠠᠨ ᠠᠰᠠᠭᠤᠯ᠎ᠠ᠂ ᠠᠵᠢᠯ ᠡᠬᠢᠯᠡᠭᠡ ᠦᠭᠡᠢ ᠪᠠᠢᠭᠰᠠᠭᠠᠷ᠂ ᠡᠨᠡ ᠵᠢᠯ ᠡᠷᠲᠡᠬᠡᠨ ᠠᠵᠢᠯ ᠡᠬᠢᠯᠡᠬᠦ᠌᠎ᠶ᠋ᠢ ᠬᠦᠰᠡᠵᠦ᠍ ᠪᠠᠢᠨ᠎ᠠ》 ᠭᠡᠵᠦ᠍ ᠭᠦᠸᠧ ᠶᠠᠨ ᠯᠢᠩ ᠬᠡᠯᠡᠪᠡ᠃
ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠪᠡᠷ ᠰᠣᠩᠭᠣᠭ᠍ᠳᠠᠭ᠍ᠰᠠᠨ 4 ᠵᠢᠯ᠎ᠦᠨ ᠲᠤᠷᠰᠢ ᠂ ᠭᠦᠸᠧ ᠶᠠᠨ ᠯᠢᠩ᠎ᠳᠦ ᠠᠪᠴᠤ᠌ ᠬᠡᠯᠡᠪᠡᠯ ᠬᠠᠮᠤᠭ᠎ᠤᠨ ᠶᠡᠬᠡ ᠠᠮᠵᠢᠯᠲᠠ ᠣᠯᠤᠭ᠍ᠰᠠᠨ ᠨᠢᠭᠡ ᠶᠠᠪᠤᠳᠠᠯ ᠪᠣᠯ ᠳᠠᠷᠤᠶ 2019 ᠣᠨ᠎ᠤ 3 ᠰᠠᠷ᠎ᠠ᠎ᠶ᠋ᠢᠨ ᠪᠥᠬᠥ᠌ ᠤᠯᠤᠰ᠎ᠤᠨ ᠬᠣᠶᠠᠷ ᠬᠤᠷᠠᠯ᠎ᠤᠨ ᠬᠤᠭᠤᠴᠠᠭᠠᠨ᠎ᠳᠤ᠂ ᠲᠡᠭᠦᠨ᠎ᠦ ᠳᠤᠷᠠᠳᠤᠭ᠍ᠰᠠᠨ ᠨᠤᠲᠤᠭ ᠪᠡᠯᠴᠢᠭᠡᠷ᠎ᠦᠨ ᠠᠮᠢ ᠠᠬᠤᠶ᠎ᠶ᠋ᠢᠨ ᠱᠠᠩᠨᠠᠯ ᠪᠠ ᠨᠥᠬᠥᠪᠥᠷᠢ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢᠨ ᠰᠠᠨᠠᠭᠤᠯᠭ᠎ᠠ᠎ᠶ᠋ᠢ ᠨᠢ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠦᠪᠯᠡᠯ ᠲᠡᠷᠡ ᠳᠠᠷᠤᠶ᠎ᠳᠤᠨᠢ ᠴᠢᠬᠤᠯᠠᠴᠢᠯᠠᠨ ᠦᠵᠡᠭ᠌ᠰᠡᠨ ᠪᠥᠭᠡᠳ ᠵᠠᠰᠠᠪᠤᠷᠢ ᠣᠷᠣᠭᠤᠯᠤᠭ᠍ᠰᠠᠨ᠎ᠤ ᠳᠠᠷᠠᠭᠠᠬᠢ ᠤᠯᠤᠰ᠎ᠤᠨ ᠲᠥᠰᠦᠪ᠎ᠦᠨ ᠮᠡᠳᠡᠭᠦᠯᠦᠯᠲᠡ᠎ᠳᠦ ᠪᠢᠴᠢᠵᠦ᠍ ᠣᠷᠣᠭᠤᠯᠤᠭ᠍ᠰᠠᠨ ᠶᠠᠪᠤᠳᠠᠯ ᠪᠣᠯᠤᠨ᠎ᠠ᠃ 《ᠮᠢᠨᠦ ᠰᠠᠨᠠᠭᠤᠯᠭ᠎ᠠ ᠵᠢ ᠢᠩᠭᠢᠵᠦ᠍ ᠬᠦᠨᠳᠦᠳᠭᠡᠨ᠎ᠡ ᠭᠡᠵᠦ᠍ ᠶᠠᠭ ᠪᠣᠳᠣᠵᠤ ᠣᠯᠤᠭ᠍ᠰᠠᠨ ᠦᠭᠡᠢ᠂ ᠨᠠᠩ ᠴᠤ᠌ ᠡᠢᠮᠦ᠍ ᠬᠤᠷᠳᠤᠨ ᠨᠠᠢᠳᠠᠪᠤᠷᠢᠵᠢᠭᠤᠯᠤᠨ᠎ᠠ ᠭᠡᠵᠦ᠍ ᠪᠣᠳᠣᠵᠤ ᠣᠯᠤᠭ᠍ᠰᠠᠨ ᠦᠭᠡᠢ ᠰᠢᠦ!》᠂ ᠭᠦᠸᠧ ᠶᠠᠨ ᠯᠢᠩ᠂ ᠦᠭᠡ ᠬᠡᠯᠡ᠎ᠪᠡᠷ ᠢᠯᠡᠳᠭᠡᠬᠦᠶᠡ ᠪᠡᠷᠬᠡ ᠪᠠᠶᠠᠷ ᠲᠤᠭᠳᠤᠯᠤᠯ᠎ᠢᠶᠡᠨ ᠬᠤᠪᠢᠶᠠᠯᠴᠠᠨ᠎ᠠ᠃
ᠡᠨᠡ ᠪᠣᠯ ᠭᠦᠸᠧ ᠶᠠᠨ ᠯᠢᠩ᠎ᠦᠨ《 ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ》᠎ᠤ᠋ᠨ ᠲᠤᠬᠠᠢ ᠬᠠᠮᠤᠭ ᠠᠩᠬᠠᠨ᠎ᠤ ᠲᠠᠨᠢᠯᠲᠠ᠂ ᠬᠢᠵᠠᠭᠠᠯᠠᠰᠢ ᠦᠭᠡᠢ ᠭᠦᠨᠵᠡᠭᠡᠢ ᠲᠠᠨᠢᠯᠲᠠ ᠪᠣᠯᠤᠨ᠎ᠠ᠃ ᠶᠠᠪᠤᠳᠠᠯ ᠪᠦᠬᠦᠨ᠎ᠳᠦ ᠬᠠᠷᠢᠭᠤᠯᠲᠠ ᠥᠭ᠌ᠴᠦ᠂ ᠶᠠᠪᠤᠳᠠᠯ ᠪᠦᠬᠦᠨ ᠦᠷ᠎ᠡ ᠳ᠋ᠦᠩ ᠲᠠᠢ ᠪᠠᠢᠬᠤ ᠨᠢ ᠲᠡᠭᠦᠨ᠎ᠦ ᠬᠠᠷᠢᠭᠤᠴᠠᠯᠭᠠᠲᠤ ᠤᠬᠠᠮᠰᠠᠷ᠎ᠢ ᠤᠯᠠᠮ ᠨᠢᠭᠡ ᠠᠯᠬᠤᠮ ᠴᠢᠩᠭᠠᠳᠭᠠᠵᠤ᠂ ᠰᠠᠨᠠᠯ ᠵᠥᠪᠯᠡᠯᠭᠡ ᠳᠤᠷᠠᠳᠭᠤ ᠬᠠᠯᠠᠭᠤᠨ ᠰᠡᠳᠭᠢᠯᠭᠡ᠎ᠶ᠋ᠢ ᠨᠢ ᠬᠥᠭ᠌ᠵᠢᠭᠡᠪᠡ᠃ ᠡᠨᠡ ᠵᠢᠯ᠂ ᠲᠡᠷᠡ ᠤᠯᠤᠰ ᠡᠴᠡ ᠨᠤᠲᠤᠭ᠎ᠤᠨ ᠡᠪᠡᠰᠦᠨ ᠦᠷ᠎ᠡ᠎ᠶ᠋ᠢ ᠪᠣᠢᠵᠢᠭᠤᠯᠤᠨ ᠦᠷᠡᠵᠢᠭᠦᠯᠬᠦ᠌᠎ᠶ᠋ᠢ ᠨᠢᠭᠡ ᠴᠤᠬ᠍ᠴᠠᠵᠢᠭᠤᠯᠬᠤ ᠪᠦᠲᠦᠭᠡᠨ ᠪᠠᠢᠭᠤᠯᠤᠯᠲᠠ᠎ᠶ᠋ᠢ ᠠᠬᠢᠭᠤᠯᠵᠤ᠂ ᠨᠤᠲᠤᠭ ᠪᠡᠯᠴᠢᠭᠡᠷ᠎ᠦᠨ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ᠌ ᠲᠤᠬᠠᠢ ᠰᠠᠨᠠᠭᠤᠯᠭ᠎ᠠ ᠲᠤᠷᠠᠳᠬᠤ ᠭᠡᠵᠦ ᠪᠤᠢ᠃
《ᠴᠠᠭ᠂ ᠤᠶᠤᠨ ᠴᠢᠳᠠᠯ ᠬᠢᠵᠠᠭᠠᠷ᠎ᠲᠠᠶ ᠪᠣᠯᠬᠣᠷ ᠡᠷᠬᠡᠪᠰᠢ ᠴᠠᠭ ᠵᠠᠪᠰᠢᠶᠠᠨ ᠢ᠋ ᠠᠮᠵᠢᠨ ᠪᠠᠢᠴᠠᠭᠠᠨ ᠰᠤᠳᠤᠯᠤᠯᠲᠠ ᠬᠢᠵᠦ᠍᠂ ᠮᠠᠲ᠋ᠧᠷᠢᠶᠠᠯ ᠡᠷᠢᠵᠦ᠍᠂ ᠰᠠᠨᠠᠯ ᠵᠥᠪᠯᠡᠯᠭᠡ ᠶ᠋ᠢ ᠨᠠᠷᠢᠨ ᠬᠢᠨᠠᠮᠠᠭᠠᠢ ᠪᠡᠯᠡᠳᠭᠡᠬᠦ᠌ ᠴᠢᠬᠤᠯᠠᠳᠠᠢ》᠃ ᠭᠦᠸᠧ ᠶᠠᠨ ᠯᠢᠩ ᠄ 《ᠮᠢᠨᠦ ᠨᠢᠭᠡ ᠦᠭᠡ᠂ ᠨᠢᠭᠡ ᠰᠠᠢᠨ ᠠᠷᠭ᠎ᠠ᠂ ᠨᠢᠭᠡ ᠦᠵᠡᠯ ᠰᠠᠨᠠᠭᠠᠨ᠎ᠤ ᠪᠠᠭ᠎ᠠ ᠣᠴᠢ ᠨᠢ ᠴᠥᠮ ᠶᠠᠮᠠᠷ ᠨᠢᠭᠡᠨ ᠠᠵᠢᠯ ᠲᠥᠷᠥᠯ᠂ ᠶᠠᠮᠠᠷ ᠨᠢᠭᠡᠨ ᠬᠦᠷᠢᠶᠡᠨ᠎ᠳᠦ ᠬᠤᠪᠢᠷᠠᠯᠲᠠ ᠠᠪᠴᠢᠷᠠᠵᠤ ᠮᠡᠳᠡᠨ᠎ᠡ ᠰᠢᠦ》 ᠭᠡᠵᠦ ᠬᠡᠯᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠤᠶᠤᠨᠲᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃