2022ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠲᠥᠯᠥᠭᠡᠯᠡᠭᠴᠢᠳ ᠭᠡᠱᠢᠭᠦᠨ᠎ᠦ᠌ ᠲᠤᠱᠢᠶᠠᠯ᠎ᠢ᠋ᠶ᠋ᠠᠨ ᠭᠦᠢᠴᠡᠳᠭᠡᠭᠰᠡᠨ ᠦᠯᠢᠭᠡᠷ

2022-02-25 10:24:11

ᠵᠣᠬᠢᠶᠠᠭ᠍ᠴᠢ᠄ ​ᠠᠨ ᠶᠢᠨ ᠳ᠋ᠦᠩ ᠣᠩᠱᠢᠭ᠍ᠰᠠᠨ ᠣᠳᠠᠭ᠎ᠠ᠄ 3

2 ᠰᠠᠷ᠎ᠠ᠎ᠶ᠋ᠢᠨ 17 ᠎ᠤ ᠣᠷᠣᠶ᠎ᠶ᠋ᠢᠨ 8 ᠴᠠᠭ᠎ᠲᠤ᠂ ᠥᠪᠥᠷ ᠮᠣᠩᠭᠣᠯ᠎ᠤᠨ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠪᠠᠯᠠ ᠣᠷᠣᠭᠤᠯᠤᠯᠲᠠ᠎ᠶ᠋ᠢᠨ ᠪᠦᠯᠦᠭ᠌ᠯᠡᠯ᠎ᠦᠨ ᠬᠢᠵᠠᠭᠠᠷᠲᠤ ᠺᠣᠮᠫᠠᠨᠢ᠎ᠶ᠋ᠢᠨ ᠠᠯᠪᠠᠨ ᠠᠰᠠᠷ᠎ᠲᠤ᠂ ᠪᠥᠬᠥ᠌ ᠤᠯᠤᠰ᠎ᠤᠨ ᠤᠯᠤᠰ ᠲᠥᠷᠥ ᠎ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ᠎ᠤᠨ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠪᠠᠯᠠ ᠣᠷᠣᠭᠤᠯᠤᠯᠲᠠ᠎ᠶ᠋ᠢᠨ ᠪᠦᠯᠦᠭ᠌ᠯᠡᠯ᠎ᠦᠨ ᠬᠢᠵᠠᠭᠠᠷᠲᠤ ᠺᠣᠮᠫᠠᠨᠢ ᠎ᠶ᠋ᠢᠨ ᠳᠡᠳ᠋ ᠶᠡᠷᠦᠩᠬᠡᠶ ᠳᠠᠭᠠᠭᠠᠮᠠᠯ ᠵᠠᠩ ᠯᠢ ᠸᠸᠨ ᠪᠠᠴᠢᠮ ᠶᠠᠭᠠᠷᠠᠯᠲᠠᠶ ᠠᠵᠢᠯᠯᠠᠬᠰᠠᠭᠠᠷ ᠪᠠᠢᠯ᠎ᠠ᠃ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠲᠤᠬᠠᠶ ᠨᠢᠭᠡᠨ ᠤᠳᠠᠭᠠᠨ᠎ᠤ ᠰᠤᠳᠤᠯᠤᠨ ᠶᠠᠷᠢᠯᠴᠠᠬᠤ ᠬᠤᠷᠠᠯ ᠰᠠᠶᠢᠬᠠᠨ ᠳᠠᠭᠤᠰᠤᠮᠠᠭ᠍ᠴᠠ ᠲᠡᠷᠡ ᠳᠠᠷᠤᠢᠬᠠᠨ ᠲᠤᠰᠭᠠᠶ ᠮᠡᠷᠭᠡᠵᠢᠯᠲᠡᠨ ᠎ᠦ ᠰᠠᠨᠠᠯ ᠎ᠢ ᠦᠨᠳᠦᠰᠦᠯᠡᠨ ᠡᠨᠡ ᠵᠢᠯ᠎ᠦᠨ ᠰᠠᠨᠠᠯ ᠳᠤᠷᠠᠳᠤᠯᠭ᠎ᠠ ᠳ᠋ᠠᠭᠠᠨ ᠵᠠᠰᠠᠪᠤᠷᠢ ᠣᠷᠣᠭᠤᠯᠵᠦ ᠪᠠᠢᠭ᠎ᠠ ᠨᠢ ᠡᠨᠠ ᠪᠢᠯᠡ᠃

ᠵᠠᠩ ᠯᠢ ᠸᠸᠨ᠎ᠤ ᠨᠣᠮ᠎ᠤᠨ ᠬᠣᠷᠭᠣᠨ᠎ᠳᠡᠬᠢ ᠨᠢᠭᠡᠨ ᠤᠯᠠᠭᠠᠨ ᠦᠩᠭᠡᠲᠦ ᠱᠠᠩᠨᠠᠯ᠎ᠤᠨ ᠮᠧᠳᠠᠯ ᠳ᠋ᠧᠩ᠎ᠦᠨ ᠭᠡᠷᠡᠯ᠎ᠳᠦ ᠤᠨᠴᠠ᠎ᠶᠢᠨ ᠢᠯᠡ ᠲᠡᠢ ᠬᠠᠷᠠᠬᠲᠠᠨ᠎ᠠ᠃ ᠡᠨᠡ ᠪᠣᠯ 2021ᠣᠨ ᠎ᠳᠤ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠠᠴᠠ ᠤᠯᠭᠤᠬᠰᠠᠨ《ᠠᠮᠢ ᠠᠬᠤᠢ ᠣᠷᠴᠢᠨ ᠲᠣᠭᠣᠷᠢᠨ᠎ᠤ ᠠᠵᠢᠯ᠎ᠢ ᠬᠢᠭ᠌ᠰᠡᠨ ᠭᠤᠴᠢᠨ ᠵᠢᠯ᠎ᠦᠨ ᠳᠤᠷᠠᠰᠭᠠᠯ᠎ᠤᠨ ᠲᠡᠮᠳᠡᠭ》 ᠪᠣᠯᠤᠨ᠎ᠠ᠃ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ ᠎ᠦ 《ᠠᠬᠠᠮᠠᠳ ᠴᠡᠷᠢᠭ》 ᠪᠣᠯᠤᠭ᠍ᠰᠠᠨ ᠎ᠤ ᠬᠤᠪᠢ ᠎ᠳᠤ᠂ ᠵᠠᠩ ᠯᠢ ᠸᠸᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ ᠎ᠶ᠋ᠢ ᠴᠢᠩᠭᠠᠳᠭᠠᠬᠤ ᠎ᠶ᠋ᠢᠨ ᠲᠣᠭᠣᠷᠢᠨ᠎ᠳᠤ ᠴᠥᠬᠥᠷᠡᠰᠢ ᠦᠭᠡᠢ ᠴᠢᠷᠮᠠᠢᠵᠤ᠂ ᠵᠢᠯ ᠪᠦᠷᠢ ᠎ᠶ᠋ᠢᠨ 《ᠭᠡᠱᠢᠭᠦᠳ᠎ᠦᠨ ᠳᠠᠰᠭᠠᠯ》 ᠵᠢᠡᠨ ᠰᠡᠳᠭᠢᠯ ᠲᠠᠯᠪᠢᠨ ᠰᠠᠢᠲᠤᠷ ᠬᠢᠬᠦ ᠨᠢ ᠬᠢᠷᠢ ᠲᠡᠩᠴᠡᠭ᠌ᠰᠡᠨ 《ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ ᠬᠠᠷᠢᠭᠤᠯᠲᠠ᠎ᠶ᠋ᠢᠨ ᠬᠠᠭᠤᠳᠠᠰᠤ》 ᠪᠠᠨ ᠲᠤᠱᠢᠶᠠᠬᠤ᠎ᠶ᠋ᠢᠨ ᠲᠥᠯᠥᠭᠡ ᠶᠤᠮ᠃

ᠬᠡᠳᠦᠨ ᠡᠳᠦᠷ᠎ᠦᠨ ᠡᠮᠦᠨ᠎ᠡ᠂ ᠵᠠᠩ ᠯᠢ ᠸᠧᠨ ᠨᠢᠭᠡ ᠰᠠᠢᠨ ᠴᠢᠮᠡᠭᠡ ᠲᠤᠰᠴᠦ ᠤᠯᠪᠠ᠃ ᠨᠢᠳᠤᠨᠤᠨ ᠎ᠤ ᠪᠥᠬᠥ᠌ ᠤᠯᠤᠰ ᠎ᠤᠨ ᠬᠣᠶᠠᠷ᠎ᠬᠤᠷᠠᠯ᠎ᠤᠨ᠎ᠬᠤᠭᠤᠴᠠᠭᠠᠨ᠎ᠳᠤ᠂᠎ᠲᠡᠭᠦᠨ᠎ᠦ᠎ᠳᠡᠪᠱᠢᠭᠦᠯᠦᠭ᠌ᠰᠡᠨ ᠤᠯᠤᠰ᠎ᠤᠨ ᠴᠡᠴᠡᠷᠯᠢᠭ ᠎ᠦᠨ ᠪᠠᠢᠭᠤᠯᠤᠮᠵᠢ᠎ᠶᠢᠨ ᠲᠤᠷᠱᠢᠯᠲᠠ᠎ᠶ᠋ᠢᠨ ᠴᠡᠭ᠎ᠦᠨ ᠪᠥᠲᠥᠭᠡᠨ ᠪᠠᠢᠭᠤᠯᠤᠯᠲᠠ ᠎ᠶ᠋ᠢ ᠯᠠᠪᠳᠠᠭᠤᠨ ᠎ᠢᠶᠠᠷ ᠠᠬᠢᠭᠤᠯᠬᠤ ᠲᠤᠬᠠᠶ ᠰᠠᠨᠠᠯ ᠲᠤᠷᠠᠳᠤᠯᠭ᠎ᠠ᠎ᠶ᠋ᠢ ᠤᠯᠤᠰ᠎ᠤᠨ ᠣᠶ ᠱᠢᠭᠤᠶ ᠨᠤᠲᠤᠭ ᠪᠡᠯᠴᠢᠭᠡᠷ᠎ᠦᠨ ᠲᠣᠪᠴᠢᠶ᠎ᠠ ᠨᠢᠭᠡᠨᠲᠡ ᠭᠥᠯᠢᠶᠡᠨ ᠠᠪᠤᠭ᠍ᠰᠠᠨ ᠪᠥᠭᠡᠳ ᠲᠠᠷᠠᠭᠠᠴᠢ᠎ᠶ᠋ᠢᠨ ᠠᠯᠬᠤᠮ᠎ᠤᠨ ᠬᠠᠮᠢᠶ᠎ᠠ ᠪᠥᠬᠥᠶ ᠲᠥᠷᠥ᠎ᠶ᠋ᠢᠨ ᠪᠣᠳᠣᠯᠭ᠎ᠠ ᠲᠣᠭ᠍ᠲᠠᠭᠠᠬᠤ ᠎ᠶ᠋ᠢᠨ ᠴᠢᠬᠤᠯᠠ ᠯᠠᠪᠯᠠᠯᠲᠠ ᠪᠣᠯᠭᠠᠪᠠ᠃

《ᠲᠦᠷᠦ ᠎ᠶᠢᠨ ᠶᠠᠪᠤᠳᠠᠯ᠎ᠳᠤ ᠣᠷᠣᠯᠴᠠᠨ ᠲᠦᠷᠦ᠍᠎ᠶ᠋ᠢᠨ ᠶᠠᠪᠤᠳᠠᠯ᠎ᠢ ᠵᠥᠪᠯᠡᠬᠦ᠌᠂ ᠠᠷᠭ᠎ᠠ ᠤᠬᠠᠭᠠᠨ ᠭᠠᠷᠭᠠᠵᠦ ᠠᠷᠭ᠎ᠠ ᠪᠤᠳᠤᠯᠭ᠎ᠠ ᠳᠡᠪᠰᠢᠬᠦᠯᠬᠦ ᠪᠣᠯ ᠤᠯᠤᠰ ᠲᠦᠷᠦ᠍᠎ᠶ᠋ᠢᠨ ᠵᠥᠪᠯᠡᠯᠭᠡᠨ ᠎ᠦ ᠭᠡᠱᠢᠭᠦᠳ᠎ᠦᠨ ᠭᠣᠣᠯ ᠲᠤᠱᠢᠶᠠᠯ ᠬᠠᠷᠢᠭᠤᠴᠠᠯᠭ᠎ᠠ ᠪᠠ ᠡᠭᠦᠷᠭᠡ ᠮᠥᠨ᠃ ᠴᠢᠨᠠᠷ ᠰᠠᠢᠲᠠᠶ ᠰᠠᠨᠠᠯ ᠳᠤᠷᠠᠳᠤᠯᠭ᠎ᠠ ᠳᠤᠷᠠᠳᠴᠤ᠌᠂ ᠬᠣᠯᠪᠣᠭ᠍ᠳᠠᠯ ᠪᠥᠬᠥᠶ ᠲᠥᠷᠥ᠎ᠶ᠋ᠢᠨ ᠪᠣᠳᠣᠯᠭ᠎ᠠ ᠪᠠ ᠲᠦᠷᠢᠮ᠎ᠢ ᠲᠡᠭᠦᠯᠳᠡᠷᠵᠢᠭᠦᠯᠬᠦ᠌᠎ᠳᠦ ᠯᠠᠪᠯᠠᠯᠲᠠ ᠬᠠᠩᠭᠠᠬᠤ ᠨᠢ ᠬᠣᠯᠪᠣᠭ᠍ᠳᠠᠯ ᠪᠥᠬᠥᠶ ᠠᠵᠢᠯ᠎ᠢ ᠰᠠᠢᠵᠢᠷᠠᠭᠤᠯᠬᠤ᠂ ᠮᠠᠨ ᠎ᠤ ᠤᠯᠤᠰ᠎ᠤᠨ ᠠᠵᠤ ᠠᠬᠤᠶ ᠨᠡᠢᠭᠡᠮ᠎ᠦᠨ ᠬᠥᠭ᠌ᠵᠢᠯᠲᠡ ᠎ᠶ᠋ᠢ ᠠᠬᠢᠭᠤᠯᠬᠤ᠎ᠳᠦ ᠠᠱᠢᠭ᠍ᠲᠠᠶ ᠶᠤᠮ ᠭᠡᠵᠦ ᠵᠠᠩ ᠯᠢ ᠸᠸᠨ ᠦᠵᠡᠨ᠎ᠡ᠃ 2018 ᠣᠨ᠎ᠠᠴᠠ ᠣᠲᠣ ᠪᠣᠯᠲᠠᠯ᠎ᠠ᠂ ᠵᠠᠩ ᠯᠢ ᠸᠸᠨ ᠨᠢᠭᠡᠳᠦᠭᠡᠷ ᠰᠠᠨᠠᠯ ᠳᠤᠷᠠᠳᠤᠯᠭ᠎ᠠ ᠳᠤᠷᠠᠳᠤᠭ᠍ᠴᠢ᠎ᠶ᠋ᠢᠨ ᠬᠤᠪᠢ᠎ᠪᠠᠷ 21 ᠬᠤᠪᠢ ᠰᠠᠨᠠᠯ ᠳᠤᠷᠠᠳᠤᠯᠭ᠎ᠠ ᠳᠡᠪᠱᠢᠭᠦᠯᠦᠭ᠌ᠰᠡᠨ ᠪᠥᠭᠡᠳ ᠪᠦᠬᠦᠨ ᠎ᠢ ᠬᠡᠷᠡᠭ ᠪᠣᠯᠭᠠᠨ ᠳᠡᠩᠰᠡᠯᠡᠵᠦ᠍ ᠱᠢᠶ᠋ᠳᠪᠦᠷᠢᠯᠡᠭ᠌ᠰᠡᠨ ᠪᠠᠢᠨ᠎ᠠ᠃

2019 ᠣᠨ ᠎ᠳᠤ ᠬᠠᠳᠤᠨ ᠭᠣᠣᠯ ᠎ᠤᠨ ᠰᠠᠪᠠ ᠭᠠᠵᠠᠷ ᠎ᠤᠨ ᠠᠮᠢ ᠠᠬᠤᠢ ᠎ᠶ᠋ᠢᠨ ᠬᠠᠮᠠᠭᠠᠯᠠᠯᠲᠠ ᠪᠣᠯᠤᠨ ᠴᠢᠨᠠᠷ ᠰᠠᠢᠲᠠᠢ ᠬᠥᠭ᠌ᠵᠢᠯᠲᠡ᠎ᠶ᠋ᠢ᠎ᠤᠯᠤᠰ᠎ᠤᠨ᠎ᠪᠠᠢᠯᠳᠤᠬᠤ᠎ᠪᠤᠳᠤᠯᠭ᠎ᠠ᠎ᠪᠣᠯᠭᠠᠨ᠎ᠳᠡᠭᠡᠭ᠌ᠰᠢᠯᠡᠭᠦᠯᠵᠦ᠍᠂᠎ᠵᠠᠩ᠎ᠯᠢ ᠸᠸᠨ ᠪᠣᠳᠠᠲᠤ ᠦᠢᠯᠡ ᠠᠵᠢᠯᠯᠠᠭ᠎ᠠ᠎ᠪᠠᠷ᠎ᠢᠶᠠᠨ ᠬᠠᠳᠤᠨ ᠭᠣᠣᠯ᠎ᠤᠨ ᠠᠮᠢ ᠠᠬᠤᠢ᠎ᠶ᠋ᠢᠨ ᠬᠠᠮᠠᠭᠠᠯᠠᠯᠲᠠ᠎ᠳᠤ ᠢᠳᠡᠪᠬᠢᠲᠡᠢ ᠬᠦᠴᠦᠨ ᠨᠡᠮᠡᠷᠢᠯᠡᠪᠡ᠃ ᠤᠢ᠍ᠢᠷ᠎ᠠ᠎ᠶ᠋ᠢᠨ ᠬᠣᠶᠠᠷ ᠵᠢᠯ᠎ᠳᠦ᠂ ᠲᠡᠭᠦᠨ᠎ᠦ᠎ᠰᠠᠨᠠᠯ᠎ᠳᠤᠷᠠᠳᠤᠯᠭ᠎ᠠ᠎ᠨᠢ᠎ᠴᠥᠮ᠎ᠬᠠᠳᠤᠨ᠎ᠭᠣᠣᠯ᠎ᠤᠨ᠎ᠰᠠᠪᠠ ᠭᠠᠵᠠᠷ ᠎ᠤᠨ ᠠᠮᠢ ᠠᠬᠤᠢ᠎ᠶ᠋ᠢᠨ ᠬᠠᠮᠠᠭᠠᠯᠠᠯᠲᠠ ᠪᠠ ᠬᠥᠭ᠌ᠵᠢᠯᠲᠡ᠎ᠲᠡᠶ ᠨᠢᠭ᠍ᠲᠠ ᠤᠶᠠᠯᠳᠤᠪᠠ᠃

ᠨᠢᠳᠤᠨᠤᠨ᠂ ᠵᠠᠩ ᠯᠢ ᠸᠸᠨ ᠤᠷᠢᠳ ᠬᠣᠵᠢᠳ ᠦᠬᠠᠢ᠂ ᠤᠷᠳᠤᠰ᠂ ᠪᠠᠶᠠᠨᠨᠠᠭᠤᠷ᠂ ᠪᠤᠭᠤᠲᠤ᠎ᠵᠡᠷᠭᠡ ᠭᠠᠵᠠᠷ᠎ᠢᠶᠠᠷ ᠪᠠᠢᠴᠠᠭᠠᠨ ᠰᠤᠳᠤᠯᠵᠠᠢ᠃ ᠪᠠᠢᠴᠠᠭᠠᠨ ᠰᠤᠳᠤᠯᠤᠯᠲᠠ᠎ᠶ᠋ᠢᠨ ᠦᠷ᠎ᠡ ᠪᠦᠲᠦᠭᠡᠯ᠂ ᠤᠯᠠᠨ ᠲᠦᠮᠡᠨ᠎ᠦ ᠬᠦᠰᠡᠯ ᠱᠠᠭᠠᠷᠳᠠᠯᠭ᠎ᠠ ᠪᠣᠯᠤᠨ ᠲᠤᠰᠭᠠᠢ ᠮᠡᠷᠭᠡᠵᠢᠯᠲᠡᠨ᠎ᠦ ᠰᠠᠨᠠᠯ᠎ᠲᠠᠶ ᠤᠶᠠᠯᠳᠤᠭᠤᠯᠵᠦ᠂ ᠲᠡᠷᠡ ᠡᠨᠡ ᠵᠢᠯ 《ᠬᠠᠳᠤᠨ ᠭᠣᠣᠯ᠎ᠤᠨ ᠰᠠᠪᠠ ᠭᠠᠵᠠᠷ᠎ᠤᠨ ᠠᠵᠤ ᠦᠢᠯᠡᠳᠪᠦᠷᠢ᠎ᠶ᠋ᠢᠨ ᠬᠠᠲᠠᠭᠤ ᠪᠡᠶᠡᠲᠦ ᠬᠠᠶᠠᠭ᠍ᠳᠠᠮᠠᠯ ᠪᠣᠳᠠᠰ ᠎ᠢ ᠡᠬᠢ ᠪᠠᠶᠠᠯᠢᠭ᠍ᠵᠢᠭᠤᠯᠤᠨ ᠠᠱᠢᠭ᠍ᠯᠠᠬᠤ ᠲᠦᠷᠦ᠍ ᠎ᠶ᠋ᠢᠨ ᠪᠤᠳᠤᠯᠭ᠎ᠠ ᠎ᠶ᠋ᠢᠨ ᠳᠡᠮᠵᠢᠯᠭᠡ ᠎ᠶ᠋ᠢᠨ ᠡᠷᠴᠢᠮ ᠎ᠢ ᠴᠢᠩᠭᠠᠷᠠᠭᠤᠯᠬᠤ ᠲᠤᠬᠠᠢ ᠰᠠᠨᠠᠯ ᠳᠤᠷᠠᠳᠤᠯᠭ᠎ᠠ》᠂ 《ᠥᠪᠥᠷ ᠮᠣᠩᠭᠣᠯ ᠎ᠳᠤ ᠬᠠᠳᠤᠨ ᠭᠣᠣᠯ ᠎ᠤᠨ ᠰᠠᠪᠠ ᠭᠠᠵᠠᠷ ᠎ᠤᠨ ᠠᠮᠢ ᠠᠬᠤᠢ ᠣᠷᠴᠢᠨ ᠲᠣᠭᠣᠷᠢᠨ ᠎ᠤ ᠬᠠᠮᠠᠭᠠᠯᠠᠯᠲᠠ ᠎ᠶ᠋ᠢᠨ ᠨᠢᠬᠲᠠᠯᠠᠨ ᠪᠤᠳᠤᠬᠤ ᠬᠦᠴᠦᠨ ᠎ᠢ ᠪᠠᠢᠭᠤᠯᠬᠤ ᠲᠤᠬᠠᠢ ᠰᠠᠨᠠᠯ ᠳᠤᠷᠠᠳᠤᠯᠭ᠎ᠠ》᠂ 《ᠨᠤᠲᠤᠭ ᠪᠡᠯᠴᠢᠭᠡᠷ᠎ᠦᠨ ᠨᠡᠭᠦᠷᠡᠰᠦᠲᠥ᠋ᠷᠥᠭ᠌ᠴᠢ᠎ᠶ᠋ᠢ ᠱᠢᠩᠭᠡᠭᠡᠨ ᠠᠪᠬᠤ ᠠᠷᠠᠯᠵᠢᠶ᠎ᠠ᠎ᠶ᠋ᠢ ᠰᠦᠪᠡᠭ᠌ᠴᠢᠯᠡᠨ ᠥᠷᠨᠢᠭᠦᠯᠬᠦ᠌ ᠲᠤᠬᠠᠢ ᠰᠠᠨᠠᠯ ᠳᠤᠷᠠᠳᠤᠯᠭ᠎ᠠ》 ᠵᠡᠷᠭᠡ 3 ᠬᠤᠪᠢ ᠬᠠᠳᠤᠨ ᠭᠣᠣᠯ ᠎ᠤᠨ ᠰᠠᠪᠠ ᠭᠠᠵᠠᠷ᠎ᠤᠨ ᠠᠮᠢ ᠠᠬᠤᠢ ᠎ᠶ᠋ᠢᠨ ᠬᠠᠮᠠᠭᠠᠯᠠᠯᠲᠠ᠎ᠳᠤ ᠬᠣᠯᠪᠣᠭ᠍ᠳᠠᠬᠤ ᠰᠠᠨᠠᠯ ᠳᠤᠷᠠᠳᠤᠯᠭ᠎ᠠ᠎ᠶ᠋ᠢ ᠳᠡᠪᠱᠢᠭᠦᠯᠦᠨ ᠲᠤᠱᠢᠶᠠᠬᠤ᠎ᠪᠠᠷ ᠪᠡᠯᠡᠳᠭᠡᠵᠡᠢ᠃ ᠵᠠᠩ ᠯᠢ ᠸᠧᠨ᠂ ᠵᠠᠬ᠎ᠠ ᠳᠡᠯᠭᠡᠭᠦᠷᠴᠢᠯᠡᠭ᠌ᠰᠡᠨ ᠠᠷᠭ᠎ᠠ ᠪᠠᠷᠢᠯ᠎ᠢᠶᠠᠷ ᠳᠠᠮᠵᠢᠭᠤᠯᠵᠦ᠂ ᠳᠠᠭᠠᠭᠤᠯᠤᠭ᠍ᠴᠢ ᠠᠵᠤ ᠠᠬᠤᠢᠯᠠᠯ᠎ᠤᠨ ᠬᠥᠷᠥᠩᠭᠡ᠂ ᠲᠤᠰᠭᠠᠶ ᠮᠡᠷᠭᠡᠵᠢᠯ᠂ ᠮᠡᠷᠭᠡᠵᠢᠯ᠎ᠦᠨ ᠳᠠᠪᠠᠭᠤᠯᠢᠭ᠎ᠢ ᠪᠠᠳᠠᠷᠠᠭᠤᠯᠵᠤ᠂ ᠡᠨᠧᠷᠭᠢ ᠠᠷᠪᠢᠯᠠᠵᠤ ᠪᠣᠬᠢᠷᠲᠤᠯ᠎ᠢ ᠪᠠᠭᠠᠰᠭᠠᠵᠤ ᠨᠡᠭᠦᠷᠡᠰᠦᠲᠥ᠋ᠷᠥᠭ᠌ᠴᠢ᠎ᠶ᠋ᠢ ᠪᠠᠭᠠᠰᠭᠠᠬᠤ ᠎ᠶ᠋ᠢ ᠣᠶᠤᠨᠴᠢᠯᠠᠭ᠍ᠰᠠᠨ ᠦᠨᠡᠯᠡᠯᠲᠡ᠎ᠶ᠋ᠢᠨ ᠲᠠᠪᠴᠠᠩ᠎ᠢ ᠪᠠᠢᠭᠤᠯᠵᠤ᠂ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠲᠣᠭᠠᠴᠢᠯᠠᠭ᠍ᠰᠠᠨ᠎ᠬᠡᠯᠪᠡᠷᠢ᠎ᠶ᠋ᠢ᠎ᠬᠤᠪᠢᠷᠠᠭᠤᠯᠬᠤ᠎ᠶ᠋ᠢ ᠪᠡᠶᠡᠯᠡᠭᠦᠯᠵᠦ᠍᠂ ᠬᠠᠲᠤᠨ ᠭᠤᠤᠯ᠎ᠤᠨ ᠰᠠᠪᠠ ᠭᠠᠵᠠᠷ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠶ ᠭᠡᠵᠦ ᠰᠠᠨᠠᠭᠤᠯᠪᠠ᠃

《ᠭᠤᠴᠢᠨ ᠵᠢᠯ᠎ᠣᠷᠴᠢᠨ ᠲᠣᠭᠣᠷᠢᠨ᠎ᠢ ᠬᠠᠮᠠᠭᠠᠯᠠᠬᠤ ᠦᠢᠯᠡᠰ᠎ᠲᠦ ᠤᠭ ᠰᠠᠨᠠᠭ᠎ᠠ᠎ᠪᠠᠨ ᠦᠯᠦ ᠬᠤᠪᠢᠷᠠᠭᠤᠯᠵᠦ᠂ ᠭᠤᠴᠢᠨ ᠵᠢᠯ᠎ᠦᠨ ᠲᠡᠦᠬᠡ᠎ᠶ᠋ᠢᠨ ᠬᠤᠪᠢᠰᠤᠯᠲᠠ᠎ᠶ᠋ᠢ ᠡᠭᠦᠷᠭᠡᠯᠡᠬᠦ ᠨᠢ ᠦᠩᠬᠡ ᠬᠡᠷᠡᠯᠳᠡᠢ》 ᠬᠡᠰᠡᠨ ᠡᠨᠡ ᠦᠭᠡ ᠵᠠᠩ ᠯᠢ ᠸᠸᠨ ᠎ᠤ ᠨᠠᠢᠵᠠ᠎ᠶ᠋ᠢᠨ ᠲᠣᠭᠣᠷᠢᠭ᠎ᠲᠤ ᠤᠯᠠᠨ᠎ᠤ ᠬᠦᠷᠢᠶᠡᠯᠡᠯ᠎ᠢ ᠤᠯᠵᠠᠢ᠃ 《ᠪᠢ ᠯᠠᠪᠲᠠᠶ ᠰᠠᠨᠠᠯ ᠳᠤᠷᠠᠳᠤᠯᠭ᠎ᠠ ᠎ᠶ᠋ᠢᠨ ᠶᠠᠰᠤ ᠴᠢᠨᠠᠷ ᠎ᠢ ᠳᠡᠭᠡᠭ᠌ᠰᠢᠯᠡᠭᠦᠯᠬᠦ᠌ ᠳᠡᠭᠡᠷ᠎ᠡ ᠬᠦᠴᠦ᠍ ᠲᠠᠯᠪᠢᠵᠤ᠂ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠵᠦ᠍᠂ ᠬᠡᠵᠢᠶᠡᠳᠡ ᠴᠠᠯᠠᠭᠠᠢᠷᠠᠬᠤ ᠥᠬᠡᠶ ᠪᠠᠢᠵᠤ᠂ ᠤᠯᠤᠰ ᠲᠦᠷᠦ᠎ᠶᠢᠨ ᠵᠦᠪᠯᠡᠯᠬᠡᠨ᠎ᠤ ᠭᠡᠱᠢᠭᠦᠨ ᠪᠤᠯᠤᠬᠰᠠᠨ᠎ᠤ ᠬᠤᠪᠢ ᠳ᠋ᠡᠬᠢ ᠡᠬᠦᠷᠭᠡ ᠬᠠᠷᠢᠭᠤᠴᠠᠯᠭ᠎ᠠ᠎ᠪᠠᠨ᠎ᠰᠠᠢᠲᠤᠷ ᠭᠦᠶ᠋ᠴᠡᠳᠭᠡᠵᠦ᠍᠂ ᠬᠥᠬᠡᠮᠳᠦᠭ ᠨᠣᠭᠣᠭᠠᠨ ᠠᠭᠤᠯᠠ ᠤᠰᠤ ᠪᠠᠨ ᠰᠠᠢᠲᠤᠷ ᠰᠠᠬᠢᠨ ᠬᠠᠮᠠᠭᠠᠯᠠᠨ᠎ᠠ》 ᠭᠡᠵᠦ᠍ ᠵᠠᠩ ᠯᠢ ᠸᠸᠨ ᠬᠡᠯᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面