2022-02-25 10:24:11
2 ᠰᠠᠷ᠎ᠠ᠎ᠶ᠋ᠢᠨ 17 ᠤ ᠣᠷᠣᠶ᠎ᠶ᠋ᠢᠨ 8 ᠴᠠᠭ᠎ᠲᠤ᠂ ᠥᠪᠥᠷ ᠮᠣᠩᠭᠣᠯ᠎ᠤᠨ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠪᠠᠯᠠ ᠣᠷᠣᠭᠤᠯᠤᠯᠲᠠ᠎ᠶ᠋ᠢᠨ ᠪᠦᠯᠦᠭ᠌ᠯᠡᠯ᠎ᠦᠨ ᠬᠢᠵᠠᠭᠠᠷᠲᠤ ᠺᠣᠮᠫᠠᠨᠢ᠎ᠶ᠋ᠢᠨ ᠠᠯᠪᠠᠨ ᠠᠰᠠᠷ᠎ᠲᠤ᠂ ᠪᠥᠬᠥ᠌ ᠤᠯᠤᠰ᠎ᠤᠨ ᠤᠯᠤᠰ ᠲᠥᠷᠥ ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ᠎ᠤᠨ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠪᠠᠯᠠ ᠣᠷᠣᠭᠤᠯᠤᠯᠲᠠ᠎ᠶ᠋ᠢᠨ ᠪᠦᠯᠦᠭ᠌ᠯᠡᠯ᠎ᠦᠨ ᠬᠢᠵᠠᠭᠠᠷᠲᠤ ᠺᠣᠮᠫᠠᠨᠢ ᠶ᠋ᠢᠨ ᠳᠡᠳ᠋ ᠶᠡᠷᠦᠩᠬᠡᠶ ᠳᠠᠭᠠᠭᠠᠮᠠᠯ ᠵᠠᠩ ᠯᠢ ᠸᠸᠨ ᠪᠠᠴᠢᠮ ᠶᠠᠭᠠᠷᠠᠯᠲᠠᠶ ᠠᠵᠢᠯᠯᠠᠬᠰᠠᠭᠠᠷ ᠪᠠᠢᠯ᠎ᠠ᠃ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠲᠤᠬᠠᠶ ᠨᠢᠭᠡᠨ ᠤᠳᠠᠭᠠᠨ᠎ᠤ ᠰᠤᠳᠤᠯᠤᠨ ᠶᠠᠷᠢᠯᠴᠠᠬᠤ ᠬᠤᠷᠠᠯ ᠰᠠᠶᠢᠬᠠᠨ ᠳᠠᠭᠤᠰᠤᠮᠠᠭ᠍ᠴᠠ ᠲᠡᠷᠡ ᠳᠠᠷᠤᠢᠬᠠᠨ ᠲᠤᠰᠭᠠᠶ ᠮᠡᠷᠭᠡᠵᠢᠯᠲᠡᠨ ᠦ ᠰᠠᠨᠠᠯ ᠢ ᠦᠨᠳᠦᠰᠦᠯᠡᠨ ᠡᠨᠡ ᠵᠢᠯ᠎ᠦᠨ ᠰᠠᠨᠠᠯ ᠳᠤᠷᠠᠳᠤᠯᠭ᠎ᠠ ᠳ᠋ᠠᠭᠠᠨ ᠵᠠᠰᠠᠪᠤᠷᠢ ᠣᠷᠣᠭᠤᠯᠵᠦ ᠪᠠᠢᠭ᠎ᠠ ᠨᠢ ᠡᠨᠠ ᠪᠢᠯᠡ᠃
ᠵᠠᠩ ᠯᠢ ᠸᠸᠨ᠎ᠤ ᠨᠣᠮ᠎ᠤᠨ ᠬᠣᠷᠭᠣᠨ᠎ᠳᠡᠬᠢ ᠨᠢᠭᠡᠨ ᠤᠯᠠᠭᠠᠨ ᠦᠩᠭᠡᠲᠦ ᠱᠠᠩᠨᠠᠯ᠎ᠤᠨ ᠮᠧᠳᠠᠯ ᠳ᠋ᠧᠩ᠎ᠦᠨ ᠭᠡᠷᠡᠯᠳᠦ ᠤᠨᠴᠠ᠎ᠶᠢᠨ ᠢᠯᠡ ᠲᠡᠢ ᠬᠠᠷᠠᠬᠲᠠᠨᠠ᠃ ᠡᠨᠡ ᠪᠣᠯ 2021ᠣᠨ ᠳᠤ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠠᠴᠠ ᠤᠯᠭᠤᠬᠰᠠᠨ《ᠠᠮᠢ ᠠᠬᠤᠢ ᠣᠷᠴᠢᠨ ᠲᠣᠭᠣᠷᠢᠨ᠎ᠤ ᠠᠵᠢᠯ᠎ᠢ ᠬᠢᠭ᠌ᠰᠡᠨ ᠭᠤᠴᠢᠨ ᠵᠢᠯ᠎ᠦᠨ ᠳᠤᠷᠠᠰᠭᠠᠯ᠎ᠤᠨ ᠲᠡᠮᠳᠡᠭ》 ᠪᠣᠯᠤᠨ᠎ᠠ᠃ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ ᠦ 《ᠠᠬᠠᠮᠠᠳ ᠴᠡᠷᠢᠭ》 ᠪᠣᠯᠤᠭ᠍ᠰᠠᠨ ᠤ ᠬᠤᠪᠢ ᠳᠤ᠂ ᠵᠠᠩ ᠯᠢ ᠸᠸᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ ᠶ᠋ᠢ ᠴᠢᠩᠭᠠᠳᠭᠠᠬᠤ ᠶ᠋ᠢᠨ ᠲᠣᠭᠣᠷᠢᠨ᠎ᠳᠤ ᠴᠥᠬᠥᠷᠡᠰᠢ ᠦᠭᠡᠢ ᠴᠢᠷᠮᠠᠢᠵᠤ᠂ ᠵᠢᠯ ᠪᠦᠷᠢ ᠶ᠋ᠢᠨ 《ᠭᠡᠱᠢᠭᠦᠳ᠎ᠦᠨ ᠳᠠᠰᠭᠠᠯ》 ᠵᠢᠡᠨ ᠰᠡᠳᠭᠢᠯ ᠲᠠᠯᠪᠢᠨ ᠰᠠᠢᠲᠤᠷ ᠬᠢᠬᠦ ᠨᠢ ᠬᠢᠷᠢ ᠲᠡᠩᠴᠡᠭ᠌ᠰᠡᠨ 《ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ ᠬᠠᠷᠢᠭᠤᠯᠲᠠ᠎ᠶ᠋ᠢᠨ ᠬᠠᠭᠤᠳᠠᠰᠤ》 ᠪᠠᠨ ᠲᠤᠱᠢᠶᠠᠬᠤ᠎ᠶ᠋ᠢᠨ ᠲᠥᠯᠥᠭᠡ ᠶᠤᠮ᠃
ᠬᠡᠳᠦᠨ ᠡᠳᠦᠷ᠎ᠦᠨ ᠡᠮᠦᠨ᠎ᠡ᠂ ᠵᠠᠩ ᠯᠢ ᠸᠧᠨ ᠨᠢᠭᠡ ᠰᠠᠢᠨ ᠴᠢᠮᠡᠭᠡ ᠲᠤᠰᠴᠦ ᠤᠯᠪᠠ᠃ ᠨᠢᠳᠤᠨᠤᠨ ᠤ ᠪᠥᠬᠥ᠌ ᠤᠯᠤᠰ ᠤᠨ ᠬᠣᠶᠠᠷᠬᠤᠷᠠᠯᠤᠨᠬᠤᠭᠤᠴᠠᠭᠠᠨᠳᠤ᠂ᠲᠡᠭᠦᠨᠦᠳᠡᠪᠱᠢᠭᠦᠯᠦᠭ᠌ᠰᠡᠨ ᠤᠯᠤᠰ᠎ᠤᠨ ᠴᠡᠴᠡᠷᠯᠢᠭ ᠦᠨ ᠪᠠᠢᠭᠤᠯᠤᠮᠵᠢ᠎ᠶᠢᠨ ᠲᠤᠷᠱᠢᠯᠲᠠ᠎ᠶ᠋ᠢᠨ ᠴᠡᠭ᠎ᠦᠨ ᠪᠥᠲᠥᠭᠡᠨ ᠪᠠᠢᠭᠤᠯᠤᠯᠲᠠ ᠶ᠋ᠢ ᠯᠠᠪᠳᠠᠭᠤᠨ ᠢᠶᠠᠷ ᠠᠬᠢᠭᠤᠯᠬᠤ ᠲᠤᠬᠠᠶ ᠰᠠᠨᠠᠯ ᠲᠤᠷᠠᠳᠤᠯᠭ᠎ᠠ᠎ᠶ᠋ᠢ ᠤᠯᠤᠰ᠎ᠤᠨ ᠣᠶ ᠱᠢᠭᠤᠶ ᠨᠤᠲᠤᠭ ᠪᠡᠯᠴᠢᠭᠡᠷ᠎ᠦᠨ ᠲᠣᠪᠴᠢᠶ᠎ᠠ ᠨᠢᠭᠡᠨᠲᠡ ᠭᠥᠯᠢᠶᠡᠨ ᠠᠪᠤᠭ᠍ᠰᠠᠨ ᠪᠥᠭᠡᠳ ᠲᠠᠷᠠᠭᠠᠴᠢ᠎ᠶ᠋ᠢᠨ ᠠᠯᠬᠤᠮ᠎ᠤᠨ ᠬᠠᠮᠢᠶ᠎ᠠ ᠪᠥᠬᠥᠶ ᠲᠥᠷᠥ᠎ᠶ᠋ᠢᠨ ᠪᠣᠳᠣᠯᠭ᠎ᠠ ᠲᠣᠭ᠍ᠲᠠᠭᠠᠬᠤ ᠶ᠋ᠢᠨ ᠴᠢᠬᠤᠯᠠ ᠯᠠᠪᠯᠠᠯᠲᠠ ᠪᠣᠯᠭᠠᠪᠠ᠃
《ᠲᠦᠷᠦ ᠶᠢᠨ ᠶᠠᠪᠤᠳᠠᠯ᠎ᠳᠤ ᠣᠷᠣᠯᠴᠠᠨ ᠲᠦᠷᠦ᠍᠎ᠶ᠋ᠢᠨ ᠶᠠᠪᠤᠳᠠᠯ᠎ᠢ ᠵᠥᠪᠯᠡᠬᠦ᠌᠂ ᠠᠷᠭ᠎ᠠ ᠤᠬᠠᠭᠠᠨ ᠭᠠᠷᠭᠠᠵᠦ ᠠᠷᠭ᠎ᠠ ᠪᠤᠳᠤᠯᠭ᠎ᠠ ᠳᠡᠪᠰᠢᠬᠦᠯᠬᠦ ᠪᠣᠯ ᠤᠯᠤᠰ ᠲᠦᠷᠦ᠍᠎ᠶ᠋ᠢᠨ ᠵᠥᠪᠯᠡᠯᠭᠡᠨ ᠦ ᠭᠡᠱᠢᠭᠦᠳ᠎ᠦᠨ ᠭᠣᠣᠯ ᠲᠤᠱᠢᠶᠠᠯ ᠬᠠᠷᠢᠭᠤᠴᠠᠯᠭ᠎ᠠ ᠪᠠ ᠡᠭᠦᠷᠭᠡ ᠮᠥᠨ᠃ ᠴᠢᠨᠠᠷ ᠰᠠᠢᠲᠠᠶ ᠰᠠᠨᠠᠯ ᠳᠤᠷᠠᠳᠤᠯᠭ᠎ᠠ ᠳᠤᠷᠠᠳᠴᠤ᠌᠂ ᠬᠣᠯᠪᠣᠭ᠍ᠳᠠᠯ ᠪᠥᠬᠥᠶ ᠲᠥᠷᠥ᠎ᠶ᠋ᠢᠨ ᠪᠣᠳᠣᠯᠭ᠎ᠠ ᠪᠠ ᠲᠦᠷᠢᠮ᠎ᠢ ᠲᠡᠭᠦᠯᠳᠡᠷᠵᠢᠭᠦᠯᠬᠦ᠌᠎ᠳᠦ ᠯᠠᠪᠯᠠᠯᠲᠠ ᠬᠠᠩᠭᠠᠬᠤ ᠨᠢ ᠬᠣᠯᠪᠣᠭ᠍ᠳᠠᠯ ᠪᠥᠬᠥᠶ ᠠᠵᠢᠯ᠎ᠢ ᠰᠠᠢᠵᠢᠷᠠᠭᠤᠯᠬᠤ᠂ ᠮᠠᠨ ᠤ ᠤᠯᠤᠰ᠎ᠤᠨ ᠠᠵᠤ ᠠᠬᠤᠶ ᠨᠡᠢᠭᠡᠮ᠎ᠦᠨ ᠬᠥᠭ᠌ᠵᠢᠯᠲᠡ ᠶ᠋ᠢ ᠠᠬᠢᠭᠤᠯᠬᠤ᠎ᠳᠦ ᠠᠱᠢᠭ᠍ᠲᠠᠶ ᠶᠤᠮ ᠭᠡᠵᠦ ᠵᠠᠩ ᠯᠢ ᠸᠸᠨ ᠦᠵᠡᠨ᠎ᠡ᠃ 2018 ᠣᠨ᠎ᠠᠴᠠ ᠣᠲᠣ ᠪᠣᠯᠲᠠᠯ᠎ᠠ᠂ ᠵᠠᠩ ᠯᠢ ᠸᠸᠨ ᠨᠢᠭᠡᠳᠦᠭᠡᠷ ᠰᠠᠨᠠᠯ ᠳᠤᠷᠠᠳᠤᠯᠭ᠎ᠠ ᠳᠤᠷᠠᠳᠤᠭ᠍ᠴᠢᠶ᠋ᠢᠨ ᠬᠤᠪᠢ᠎ᠪᠠᠷ 21 ᠬᠤᠪᠢ ᠰᠠᠨᠠᠯ ᠳᠤᠷᠠᠳᠤᠯᠭ᠎ᠠ ᠳᠡᠪᠱᠢᠭᠦᠯᠦᠭ᠌ᠰᠡᠨ ᠪᠥᠭᠡᠳ ᠪᠦᠬᠦᠨ ᠢ ᠬᠡᠷᠡᠭ ᠪᠣᠯᠭᠠᠨ ᠳᠡᠩᠰᠡᠯᠡᠵᠦ᠍ ᠱᠢᠶ᠋ᠳᠪᠦᠷᠢᠯᠡᠭ᠌ᠰᠡᠨ ᠪᠠᠢᠨ᠎ᠠ᠃
2019 ᠣᠨ ᠳᠤ ᠬᠠᠳᠤᠨ ᠭᠣᠣᠯ ᠤᠨ ᠰᠠᠪᠠ ᠭᠠᠵᠠᠷ ᠤᠨ ᠠᠮᠢ ᠠᠬᠤᠢ ᠶ᠋ᠢᠨ ᠬᠠᠮᠠᠭᠠᠯᠠᠯᠲᠠ ᠪᠣᠯᠤᠨ ᠴᠢᠨᠠᠷ ᠰᠠᠢᠲᠠᠢ ᠬᠥᠭ᠌ᠵᠢᠯᠲᠡᠶ᠋ᠢᠤᠯᠤᠰᠤᠨᠪᠠᠢᠯᠳᠤᠬᠤᠪᠤᠳᠤᠯᠭᠠᠪᠣᠯᠭᠠᠨᠳᠡᠭᠡᠭ᠌ᠰᠢᠯᠡᠭᠦᠯᠵᠦ᠍᠂ᠵᠠᠩᠯᠢ ᠸᠸᠨ ᠪᠣᠳᠠᠲᠤ ᠦᠢᠯᠡ ᠠᠵᠢᠯᠯᠠᠭ᠎ᠠ᠎ᠪᠠᠷ᠎ᠢᠶᠠᠨ ᠬᠠᠳᠤᠨ ᠭᠣᠣᠯ᠎ᠤᠨ ᠠᠮᠢ ᠠᠬᠤᠢ᠎ᠶ᠋ᠢᠨ ᠬᠠᠮᠠᠭᠠᠯᠠᠯᠲᠠ᠎ᠳᠤ ᠢᠳᠡᠪᠬᠢᠲᠡᠢ ᠬᠦᠴᠦᠨ ᠨᠡᠮᠡᠷᠢᠯᠡᠪᠡ᠃ ᠤᠢ᠍ᠢᠷ᠎ᠠ᠎ᠶ᠋ᠢᠨ ᠬᠣᠶᠠᠷ ᠵᠢᠯ᠎ᠳᠦ᠂ ᠲᠡᠭᠦᠨᠦᠰᠠᠨᠠᠯᠳᠤᠷᠠᠳᠤᠯᠭᠠᠨᠢᠴᠥᠮᠬᠠᠳᠤᠨᠭᠣᠣᠯᠤᠨᠰᠠᠪᠠ ᠭᠠᠵᠠᠷ ᠤᠨ ᠠᠮᠢ ᠠᠬᠤᠢ᠎ᠶ᠋ᠢᠨ ᠬᠠᠮᠠᠭᠠᠯᠠᠯᠲᠠ ᠪᠠ ᠬᠥᠭ᠌ᠵᠢᠯᠲᠡ᠎ᠲᠡᠶ ᠨᠢᠭ᠍ᠲᠠ ᠤᠶᠠᠯᠳᠤᠪᠠ᠃
ᠨᠢᠳᠤᠨᠤᠨ᠂ ᠵᠠᠩ ᠯᠢ ᠸᠸᠨ ᠤᠷᠢᠳ ᠬᠣᠵᠢᠳ ᠦᠬᠠᠢ᠂ ᠤᠷᠳᠤᠰ᠂ ᠪᠠᠶᠠᠨᠨᠠᠭᠤᠷ᠂ ᠪᠤᠭᠤᠲᠤᠵᠡᠷᠭᠡ ᠭᠠᠵᠠᠷ᠎ᠢᠶᠠᠷ ᠪᠠᠢᠴᠠᠭᠠᠨ ᠰᠤᠳᠤᠯᠵᠠᠢ᠃ ᠪᠠᠢᠴᠠᠭᠠᠨ ᠰᠤᠳᠤᠯᠤᠯᠲᠠ᠎ᠶ᠋ᠢᠨ ᠦᠷ᠎ᠡ ᠪᠦᠲᠦᠭᠡᠯ᠂ ᠤᠯᠠᠨ ᠲᠦᠮᠡᠨ᠎ᠦ ᠬᠦᠰᠡᠯ ᠱᠠᠭᠠᠷᠳᠠᠯᠭ᠎ᠠ ᠪᠣᠯᠤᠨ ᠲᠤᠰᠭᠠᠢ ᠮᠡᠷᠭᠡᠵᠢᠯᠲᠡᠨ᠎ᠦ ᠰᠠᠨᠠᠯ᠎ᠲᠠᠶ ᠤᠶᠠᠯᠳᠤᠭᠤᠯᠵᠦ᠂ ᠲᠡᠷᠡ ᠡᠨᠡ ᠵᠢᠯ 《ᠬᠠᠳᠤᠨ ᠭᠣᠣᠯ᠎ᠤᠨ ᠰᠠᠪᠠ ᠭᠠᠵᠠᠷ᠎ᠤᠨ ᠠᠵᠤ ᠦᠢᠯᠡᠳᠪᠦᠷᠢ᠎ᠶ᠋ᠢᠨ ᠬᠠᠲᠠᠭᠤ ᠪᠡᠶᠡᠲᠦ ᠬᠠᠶᠠᠭ᠍ᠳᠠᠮᠠᠯ ᠪᠣᠳᠠᠰ ᠢ ᠡᠬᠢ ᠪᠠᠶᠠᠯᠢᠭ᠍ᠵᠢᠭᠤᠯᠤᠨ ᠠᠱᠢᠭ᠍ᠯᠠᠬᠤ ᠲᠦᠷᠦ᠍ ᠶ᠋ᠢᠨ ᠪᠤᠳᠤᠯᠭ᠎ᠠ ᠶ᠋ᠢᠨ ᠳᠡᠮᠵᠢᠯᠭᠡ ᠶ᠋ᠢᠨ ᠡᠷᠴᠢᠮ ᠢ ᠴᠢᠩᠭᠠᠷᠠᠭᠤᠯᠬᠤ ᠲᠤᠬᠠᠢ ᠰᠠᠨᠠᠯ ᠳᠤᠷᠠᠳᠤᠯᠭ᠎ᠠ》᠂ 《ᠥᠪᠥᠷ ᠮᠣᠩᠭᠣᠯ ᠳᠤ ᠬᠠᠳᠤᠨ ᠭᠣᠣᠯ ᠤᠨ ᠰᠠᠪᠠ ᠭᠠᠵᠠᠷ ᠤᠨ ᠠᠮᠢ ᠠᠬᠤᠢ ᠣᠷᠴᠢᠨ ᠲᠣᠭᠣᠷᠢᠨ ᠤ ᠬᠠᠮᠠᠭᠠᠯᠠᠯᠲᠠ ᠶ᠋ᠢᠨ ᠨᠢᠬᠲᠠᠯᠠᠨ ᠪᠤᠳᠤᠬᠤ ᠬᠦᠴᠦᠨ ᠢ ᠪᠠᠢᠭᠤᠯᠬᠤ ᠲᠤᠬᠠᠢ ᠰᠠᠨᠠᠯ ᠳᠤᠷᠠᠳᠤᠯᠭ᠎ᠠ》᠂ 《ᠨᠤᠲᠤᠭ ᠪᠡᠯᠴᠢᠭᠡᠷ᠎ᠦᠨ ᠨᠡᠭᠦᠷᠡᠰᠦᠲᠥ᠋ᠷᠥᠭ᠌ᠴᠢ᠎ᠶ᠋ᠢ ᠱᠢᠩᠭᠡᠭᠡᠨ ᠠᠪᠬᠤ ᠠᠷᠠᠯᠵᠢᠶ᠎ᠠ᠎ᠶ᠋ᠢ ᠰᠦᠪᠡᠭ᠌ᠴᠢᠯᠡᠨ ᠥᠷᠨᠢᠭᠦᠯᠬᠦ᠌ ᠲᠤᠬᠠᠢ ᠰᠠᠨᠠᠯ ᠳᠤᠷᠠᠳᠤᠯᠭ᠎ᠠ》 ᠵᠡᠷᠭᠡ 3 ᠬᠤᠪᠢ ᠬᠠᠳᠤᠨ ᠭᠣᠣᠯ ᠤᠨ ᠰᠠᠪᠠ ᠭᠠᠵᠠᠷ᠎ᠤᠨ ᠠᠮᠢ ᠠᠬᠤᠢ ᠶ᠋ᠢᠨ ᠬᠠᠮᠠᠭᠠᠯᠠᠯᠲᠠ᠎ᠳᠤ ᠬᠣᠯᠪᠣᠭ᠍ᠳᠠᠬᠤ ᠰᠠᠨᠠᠯ ᠳᠤᠷᠠᠳᠤᠯᠭ᠎ᠠ᠎ᠶ᠋ᠢ ᠳᠡᠪᠱᠢᠭᠦᠯᠦᠨ ᠲᠤᠱᠢᠶᠠᠬᠤ᠎ᠪᠠᠷ ᠪᠡᠯᠡᠳᠭᠡᠵᠡᠢ᠃ ᠵᠠᠩ ᠯᠢ ᠸᠧᠨ᠂ ᠵᠠᠬ᠎ᠠ ᠳᠡᠯᠭᠡᠭᠦᠷᠴᠢᠯᠡᠭ᠌ᠰᠡᠨ ᠠᠷᠭ᠎ᠠ ᠪᠠᠷᠢᠯ᠎ᠢᠶᠠᠷ ᠳᠠᠮᠵᠢᠭᠤᠯᠵᠦ᠂ ᠳᠠᠭᠠᠭᠤᠯᠤᠭ᠍ᠴᠢ ᠠᠵᠤ ᠠᠬᠤᠢᠯᠠᠯ᠎ᠤᠨ ᠬᠥᠷᠥᠩᠭᠡ᠂ ᠲᠤᠰᠭᠠᠶ ᠮᠡᠷᠭᠡᠵᠢᠯ᠂ ᠮᠡᠷᠭᠡᠵᠢᠯ᠎ᠦᠨ ᠳᠠᠪᠠᠭᠤᠯᠢᠭ᠎ᠢ ᠪᠠᠳᠠᠷᠠᠭᠤᠯᠵᠤ᠂ ᠡᠨᠧᠷᠭᠢ ᠠᠷᠪᠢᠯᠠᠵᠤ ᠪᠣᠬᠢᠷᠲᠤᠯ᠎ᠢ ᠪᠠᠭᠠᠰᠭᠠᠵᠤ ᠨᠡᠭᠦᠷᠡᠰᠦᠲᠥ᠋ᠷᠥᠭ᠌ᠴᠢ᠎ᠶ᠋ᠢ ᠪᠠᠭᠠᠰᠭᠠᠬᠤ ᠶ᠋ᠢ ᠣᠶᠤᠨᠴᠢᠯᠠᠭ᠍ᠰᠠᠨ ᠦᠨᠡᠯᠡᠯᠲᠡ᠎ᠶ᠋ᠢᠨ ᠲᠠᠪᠴᠠᠩ᠎ᠢ ᠪᠠᠢᠭᠤᠯᠵᠤ᠂ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠲᠣᠭᠠᠴᠢᠯᠠᠭ᠍ᠰᠠᠨᠬᠡᠯᠪᠡᠷᠢᠶ᠋ᠢᠬᠤᠪᠢᠷᠠᠭᠤᠯᠬᠤᠶ᠋ᠢ ᠪᠡᠶᠡᠯᠡᠭᠦᠯᠵᠦ᠍᠂ ᠬᠠᠲᠤᠨ ᠭᠤᠤᠯ᠎ᠤᠨ ᠰᠠᠪᠠ ᠭᠠᠵᠠᠷ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠶ ᠭᠡᠵᠦ ᠰᠠᠨᠠᠭᠤᠯᠪᠠ᠃
《ᠭᠤᠴᠢᠨ ᠵᠢᠯᠣᠷᠴᠢᠨ ᠲᠣᠭᠣᠷᠢᠨ᠎ᠢ ᠬᠠᠮᠠᠭᠠᠯᠠᠬᠤ ᠦᠢᠯᠡᠰ᠎ᠲᠦ ᠤᠭ ᠰᠠᠨᠠᠭ᠎ᠠ᠎ᠪᠠᠨ ᠦᠯᠦ ᠬᠤᠪᠢᠷᠠᠭᠤᠯᠵᠦ᠂ ᠭᠤᠴᠢᠨ ᠵᠢᠯ᠎ᠦᠨ ᠲᠡᠦᠬᠡ᠎ᠶ᠋ᠢᠨ ᠬᠤᠪᠢᠰᠤᠯᠲᠠ᠎ᠶ᠋ᠢ ᠡᠭᠦᠷᠭᠡᠯᠡᠬᠦ ᠨᠢ ᠦᠩᠬᠡ ᠬᠡᠷᠡᠯᠳᠡᠢ》 ᠬᠡᠰᠡᠨ ᠡᠨᠡ ᠦᠭᠡ ᠵᠠᠩ ᠯᠢ ᠸᠸᠨ ᠤ ᠨᠠᠢᠵᠠ᠎ᠶ᠋ᠢᠨ ᠲᠣᠭᠣᠷᠢᠭ᠎ᠲᠤ ᠤᠯᠠᠨ᠎ᠤ ᠬᠦᠷᠢᠶᠡᠯᠡᠯ᠎ᠢ ᠤᠯᠵᠠᠢ᠃ 《ᠪᠢ ᠯᠠᠪᠲᠠᠶ ᠰᠠᠨᠠᠯ ᠳᠤᠷᠠᠳᠤᠯᠭ᠎ᠠ ᠶ᠋ᠢᠨ ᠶᠠᠰᠤ ᠴᠢᠨᠠᠷ ᠢ ᠳᠡᠭᠡᠭ᠌ᠰᠢᠯᠡᠭᠦᠯᠬᠦ᠌ ᠳᠡᠭᠡᠷ᠎ᠡ ᠬᠦᠴᠦ᠍ ᠲᠠᠯᠪᠢᠵᠤ᠂ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠵᠦ᠍᠂ ᠬᠡᠵᠢᠶᠡᠳᠡ ᠴᠠᠯᠠᠭᠠᠢᠷᠠᠬᠤ ᠥᠬᠡᠶ ᠪᠠᠢᠵᠤ᠂ ᠤᠯᠤᠰ ᠲᠦᠷᠦ᠎ᠶᠢᠨ ᠵᠦᠪᠯᠡᠯᠬᠡᠨ᠎ᠤ ᠭᠡᠱᠢᠭᠦᠨ ᠪᠤᠯᠤᠬᠰᠠᠨ᠎ᠤ ᠬᠤᠪᠢ ᠳ᠋ᠡᠬᠢ ᠡᠬᠦᠷᠭᠡ ᠬᠠᠷᠢᠭᠤᠴᠠᠯᠭᠠᠪᠠᠨᠰᠠᠢᠲᠤᠷ ᠭᠦᠶ᠋ᠴᠡᠳᠭᠡᠵᠦ᠍᠂ ᠬᠥᠬᠡᠮᠳᠦᠭ ᠨᠣᠭᠣᠭᠠᠨ ᠠᠭᠤᠯᠠ ᠤᠰᠤ ᠪᠠᠨ ᠰᠠᠢᠲᠤᠷ ᠰᠠᠬᠢᠨ ᠬᠠᠮᠠᠭᠠᠯᠠᠨ᠎ᠠ》 ᠭᠡᠵᠦ᠍ ᠵᠠᠩ ᠯᠢ ᠸᠸᠨ ᠬᠡᠯᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠤᠶᠤᠨᠲᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃