2022ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠲᠥᠯᠥᠭᠡᠯᠡᠭᠴᠢᠳ ᠭᠡᠱᠢᠭᠦᠨ᠎ᠦ᠌ ᠲᠤᠱᠢᠶᠠᠯ᠎ᠢ᠋ᠶ᠋ᠠᠨ ᠭᠦᠢᠴᠡᠳᠭᠡᠭᠰᠡᠨ ᠦᠯᠢᠭᠡᠷ

2022-02-26 11:09:31

ᠵᠣᠬᠢᠶᠠᠭ᠍ᠴᠢ᠄ ᠳᠠᠳᠤᠯᠭ᠎ᠠ᠎ᠶ᠋ᠢᠨ ᠰᠤᠷᠪᠤᠯᠵᠢᠯᠠᠭ᠍ᠴᠢ ᠶᠠᠩ ᠯᠢᠦ ᠣᠩᠱᠢᠭ᠍ᠰᠠᠨ ᠣᠳᠠᠭ᠎ᠠ᠄ 3

2 ᠰᠠᠷ᠎ᠠ᠎ᠶ᠋ᠢᠨ 15 ᠤ᠋ ᠡᠳᠦᠷ᠂ ᠰᠠᠶᠢᠬᠠᠨᠪᠠᠶᠠᠨᠨᠠᠭᠤᠷ ᠬᠣᠲᠠ᠎ᠶ᠋ᠢᠨ ᠲᠠᠪᠤᠳᠤᠭᠠᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ᠎ᠶᠡᠬᠡ᠎ᠬᠤᠷᠠᠯ᠎ᠤᠨ᠎ᠠᠩᠬᠠᠳᠤᠭᠠᠷ᠎ᠬᠤᠷᠠᠯ᠎ᠳᠤ᠎ᠣᠷᠣᠯᠴᠠᠭ᠍ᠰᠠᠨ ᠪᠥᠬᠥ᠌ ᠤᠯᠤᠰ᠎ᠤᠨ ᠠᠷᠠᠳ ᠎ᠤᠨ ᠲᠥᠯᠥᠭᠡᠯᠡᠭ᠌ᠴᠢᠳ ᠎ᠦᠨ ᠶᠡᠬᠡᠬᠤᠷᠠᠯ ᠎ᠤᠨ ᠲᠥᠯᠥᠭᠡᠯᠡᠭ᠌ᠴᠢ᠂ ᠬᠠᠩᠭᠢᠨ ᠬᠣᠢᠲᠤ ᠬᠣᠱᠢᠭᠤᠨ᠎ᠤ ᠱᠠᠮᠪᠠ ᠪᠠᠯᠭᠠᠰᠤᠨ᠎ᠤ ᠵᠥᠩ ᠨᠠᠨ ᠴᠢᠦᠶ ᠲᠣᠰᠭᠣᠨ᠎ᠤ ᠨᠠᠮ᠎ᠤᠨ ᠶᠡᠷᠦᠩᠬᠡᠶ ᠡᠭᠦᠷ᠎ᠦᠨ ᠱᠦᠵᠢ᠂ ᠥᠪᠥᠷ ᠮᠣᠩᠭᠣᠯ᠎ᠤᠨ ᠱᠢᠤᠢ ᠢ ᠮᠠᠯ ᠠᠵᠤ ᠠᠬᠤᠶ᠎ᠶ᠋ᠢᠨ ᠬᠢᠵᠠᠭᠠᠷᠲᠤᠺᠣᠮᠫᠠᠨᠢ᠎ᠶ᠋ᠢᠨ ᠬᠠᠷᠢᠭᠤᠴᠠᠯᠭᠠᠲᠠᠨ ᠵᠠᠩ ᠵᠢᠶ ᠱᠢᠨ ᠲᠠᠬᠢᠭᠠᠳ ᠪᠥᠬᠥ᠌ ᠤᠯᠤᠰ᠎ᠤᠨ ᠬᠣᠶᠠᠷ ᠬᠤᠷᠠᠯ᠎ᠳᠤᠣᠷᠣᠯᠴᠠᠬᠤ ᠪᠡᠷ ᠪᠡᠯᠡᠳᠭᠡᠵᠦ ᠡᠬᠢᠯᠡᠪᠡ᠃

《ᠮᠠᠯ ᠠᠵᠤ ᠠᠬᠤᠶ ᠲᠠᠷᠢᠶᠠᠯᠠᠩ᠎ᠤᠨ ᠬᠦᠷᠢᠶᠡᠨ᠎ᠳᠡᠬᠢ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢᠪᠣᠯᠤᠭ᠍ᠰᠠᠨ᠎ᠤ ᠬᠤᠪᠢ᠎ᠳᠤ᠂ ᠪᠢ ᠥᠪᠡᠷ᠎ᠦᠨ ᠡᠭᠦᠷᠭᠡᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠪᠡᠷ ᠳᠠᠮᠵᠢᠭᠤᠯᠤᠨ᠎ᠬᠥᠳᠡᠭᠡ᠎ᠲᠣᠰᠭᠣᠨ ᠎ᠢ ᠬᠥᠭ᠌ᠵᠢᠭᠦᠯᠦᠨ ᠮᠠᠨᠳᠤᠭᠤᠯᠬᠤ ᠎ᠳᠤ ᠬᠦᠴᠦᠨ ᠨᠡᠮᠡᠷᠢᠯᠡᠵᠦ᠍᠂ ᠮᠠᠯᠴᠢᠨ ᠲᠠᠷᠢᠶᠠᠴᠢᠨ᠎ᠢ ᠳᠠᠭᠠᠭᠤᠯᠤᠨ ᠣᠷᠣᠯᠭ᠎ᠠ ᠎ᠶ᠋ᠢ᠎ᠨᠢ ᠨᠡᠮᠡᠭ᠌ᠳᠡᠭᠦᠯᠦᠨᠪᠠᠶᠠᠵᠢᠭᠤᠯᠬᠤ᠎ᠶ᠋ᠢ ᠬᠦᠰᠡᠵᠦ᠍ ᠪᠠᠢᠨ᠎ᠠ》 ᠭᠡᠵᠦ᠍ ᠵᠠᠩ ᠵᠢᠶ ᠱᠢᠨ ᠬᠡᠯᠡᠨ᠎ᠠ᠃ᠠᠩᠬᠠᠳᠤᠭᠠᠷ ᠪᠦᠯᠦᠭ ᠎ᠤᠨ 《ᠲᠩᠷᠢ᠎ᠶ᠋ᠢᠨ ᠬᠡᠱᠢᠭ᠌ᠲᠦᠪᠣᠷᠣᠲᠣᠬᠣᠶ》᠎ᠶ᠋ᠢᠨ ᠡᠷᠬᠡ ᠣᠯᠭᠣᠭ᠍ᠰᠠᠨ ᠠᠵᠤ ᠠᠬᠤᠢᠯᠠᠯ ᠪᠣᠯᠤᠭ᠍ᠰᠠᠨ᠎ᠤ ᠬᠤᠪᠢ᠎ᠳᠤ᠂ ᠵᠠᠩ ᠵᠢᠶ ᠱᠢᠨ ᠮᠠᠯᠴᠢᠨ ᠲᠠᠷᠢᠶᠠᠴᠢᠨ᠎ᠢ ᠳᠠᠭᠠᠭᠤᠯᠤᠨ 《ᠦᠬᠡᠷ ᠎ᠦᠨ ᠠᠵᠢᠯ ᠦᠶ᠋ᠯᠡᠰ》 ᠎ᠢ ᠶᠡᠬᠡ ᠎ᠪᠡᠷ ᠬᠢᠵᠦ᠍᠂ 2021 ᠣᠨ᠎ᠳᠤ᠂ ᠵᠠᠩ ᠵᠢᠶ ᠱᠢᠨ ᠤ᠋ ᠺᠣᠮᠫᠠᠨᠢ ᠎ᠪᠠᠷ ᠳᠠᠮᠵᠢᠨ᠂ ᠠᠵᠤ ᠦᠶ᠋ᠯᠡᠰ ᠎ᠦᠨ ᠬᠡᠯᠬᠢᠶ᠎ᠡ ᠎ᠳᠦ ᠣᠷᠣᠭ᠍ᠰᠠᠨ ᠮᠠᠯᠴᠢᠨᠲᠠᠷᠢᠶᠠᠴᠢᠨ ᠤ᠋ ᠡᠷᠦᠬᠡ ᠪᠦᠷᠢ ᠎ᠶ᠋ᠢᠨ ᠳᠤᠮᠳᠠᠴᠢ ᠣᠷᠣᠯᠭ᠎ᠠ ᠨᠢ 13 ᠲᠦᠮᠡᠨ ᠲᠥᠭᠥᠷᠢᠭ ᠎ᠢ᠋ ᠳᠠᠪᠠᠬᠰᠠᠨ ᠪᠠᠢᠨ᠎ᠠ᠃

ᠨᠢᠳᠤᠨᠤᠨ᠂ ᠵᠠᠩ ᠵᠢᠶ ᠱᠢᠨ ᠤ᠋ ᠪᠥᠬᠥ᠌ ᠤᠯᠤᠰ ᠎ᠤᠨ ᠬᠣᠶᠠᠷ ᠬᠤᠷᠠᠯ ᠳᠡᠭᠡᠷ᠎ᠡ ᠲᠤᠷᠠᠳᠤᠬᠰᠠᠨᠠᠯᠠᠱᠢᠨ ᠦᠬᠡᠷ ᠲᠡᠵᠢᠭᠡᠨ ᠦᠷᠡᠵᠢᠭᠦᠯᠬᠦ᠌ ᠳᠠᠭᠠᠳᠭᠠᠯ᠎ᠢ ᠤᠯᠤᠰ᠎ᠤᠨ ᠲᠥᠷᠥ ᠎ᠶ᠋ᠢᠨ ᠪᠣᠳᠣᠯᠭ᠎ᠠ ᠎ᠶ᠋ᠢᠨ ᠴᠢᠨᠠᠷᠲᠠᠶᠳᠠᠭᠠᠳᠭᠠᠯ ᠎ᠳᠤ ᠣᠷᠣᠭᠤᠯᠬᠤ ᠰᠠᠨᠠᠯ ᠰᠠᠨᠠᠭᠤᠯᠭ᠎ᠠ ᠨᠢ ᠮᠠᠰᠢ ᠲᠦᠷᠭᠡᠨ ᠵᠢᠡᠷ ᠬᠠᠷᠢᠭᠤ ᠤᠯᠪᠠ᠃ ᠲᠥᠪ᠎ᠦᠨᠡᠳ᠋᠎ᠦᠨ ᠵᠠᠰᠠᠭ ᠎ᠠᠴᠠ ᠪᠠᠯᠠ ᠮᠥᠩᠭᠥ᠌ ᠳᠣᠭᠢᠷᠠᠭᠤᠯᠵᠤ ᠥᠪᠥᠷ ᠮᠣᠩᠭᠣᠯ ᠵᠡᠷᠭᠡ ᠲᠠᠷᠢᠶᠠᠯᠠᠩ ᠮᠠᠯ ᠠᠵᠤ ᠠᠬᠤᠶ᠎ᠶ᠋ᠢᠨ ᠰᠣᠯᠪᠢᠴᠠᠯ ᠪᠦᠰᠡ᠎ᠳ᠋ᠸ᠋ ᠪᠠᠢᠭ᠎ᠠ ᠮᠤᠵᠢ ᠣᠷᠣᠨ᠎ᠳᠤ᠂ ᠠᠵᠤ ᠦᠶ᠋ᠯᠡᠰ᠎ᠦᠨ ᠰᠠᠭᠤᠷᠢ᠎ᠪᠠᠷ ᠬᠠᠷᠢᠴᠠᠩᠭᠤᠶ ᠨᠡᠯᠢᠶᠡᠳ ᠰᠠᠢᠨᠠᠯᠠᠱᠢᠨ ᠦᠬᠡᠷ ᠲᠡᠵᠢᠭᠡᠨ ᠦᠷᠡᠵᠢᠭᠦᠯᠬᠦ᠌ ᠲᠣᠮᠣ ᠱᠢᠶᠠᠨ᠎ᠢ ᠰᠣᠩᠭᠣᠨ ᠰᠠᠭᠤᠷᠢ ᠡᠬᠡ ᠮᠠᠯ᠎ᠢ ᠥᠷᠭᠡᠳᠭᠡᠨᠴᠢᠨᠠᠷ᠎ᠢ ᠨᠢ ᠳᠡᠭᠡᠭ᠌ᠰᠢᠯᠡᠭᠦᠯᠬᠦ᠌᠎ᠶ᠋ᠢ ᠳᠡᠮᠵᠢᠵᠦ᠍᠂ ᠰᠠᠭᠤᠷᠢ ᠡᠬᠡ ᠮᠠᠯ ᠲᠡᠵᠢᠭᠡᠨ ᠦᠷᠡᠵᠢᠭᠦᠯᠬᠦ᠌ ᠲᠠᠯᠠᠪᠠᠶ ᠲᠠᠢ ᠡᠷᠦᠬᠡ᠎ᠳᠦ ᠵᠣᠬᠢᠬᠤ ᠨᠥᠬᠥᠪᠥᠷᠢ ᠤᠯᠭᠤᠵᠤ᠂ ᠮᠠᠯᠴᠢᠨ ᠲᠠᠷᠢᠶᠠᠴᠢᠨ᠎ᠤ ᠡᠬᠡ ᠮᠠᠯ ᠲᠡᠵᠢᠭᠡᠨ ᠦᠷᠡᠵᠢᠭᠦᠯᠬᠦ᠌ᠢᠳᠡᠪᠬᠢᠵᠢᠯ᠎ᠢ ᠳᠠᠢᠴᠢᠯᠠᠵᠤ᠂ ᠠᠯᠠᠱᠢᠨ ᠦᠬᠡᠷ ᠎ᠦᠨ ᠬᠠᠩᠭᠠᠯᠭ᠎ᠠ᠎ᠶ᠋ᠢ ᠨᠡᠮᠡᠭ᠌ᠳᠡᠭᠦᠯᠪᠡ᠃ ᠲᠠᠷᠠᠭᠠᠴᠢ᠎ᠪᠡᠷ᠂ ᠬᠥᠳᠡᠭᠡᠠᠵᠤ ᠠᠬᠤᠢ ᠬᠥᠳᠡᠭᠡ ᠲᠣᠰᠭᠣᠨ᠎ᠤ ᠶᠠᠮᠤᠨ ᠦᠷᠭᠦᠯᠵᠢᠯᠡᠨᠣᠷᠣᠨ ᠨᠤᠲᠤᠭ᠎ᠤᠨ ᠣᠨᠴᠠᠯᠢᠭ᠍ᠲᠤ ᠳᠠᠪᠠᠭᠤᠯᠢᠭ ᠲᠠᠷᠢᠶᠠᠯᠠᠩ᠎ᠤᠨ ᠪᠦᠲᠦᠭᠡᠭ᠌ᠳᠡᠬᠦᠨ᠎ᠦ ᠳᠠᠭᠠᠳᠭᠠᠯ᠎ᠳᠤᠴᠢᠭ᠌ᠯᠡᠭᠦᠯᠦᠭ᠌ᠰᠡᠨ ᠲᠥᠪ᠎ᠦᠨ ᠡᠳ᠋᠎ᠦᠨ ᠵᠠᠰᠠᠭ᠎ᠤᠨ ᠱᠠᠩᠨᠠᠯ᠎ᠢᠶᠠᠷ ᠨᠥᠬᠥᠪᠥᠷᠢ ᠎ᠶ᠋ᠢ ᠣᠷᠣᠯᠠᠭᠤᠯᠬᠤᠲᠥᠷᠥ᠎ᠶ᠋ᠢᠨ ᠪᠣᠳᠣᠯᠭ᠎ᠠ᠎ᠶ᠋ᠢ ᠰᠤᠳᠤᠯᠵᠤ᠂ ᠲᠠᠷᠢᠶᠠᠯᠠᠩ᠎ᠤᠨ ᠳᠠᠭᠠᠳᠭᠠᠯ᠎ᠤᠨ ᠵᠠᠷᠤᠳᠠᠯ᠎ᠳᠤ ᠨᠥᠬᠥᠪᠥᠷᠢ ᠥᠭ᠌ᠬᠦ ᠲᠦᠷᠢᠮ᠎ᠢ ᠴᠢᠨᠠᠬᠰᠢᠳᠠ ᠲᠡᠭᠦᠯᠳᠡᠷᠵᠢᠭᠦᠯᠵᠦ᠂ ᠲᠠᠷᠢᠶᠠᠯᠠᠩ᠎ᠢ ᠬᠦᠴᠦᠷᠬᠡᠭ᠌ᠵᠢᠭᠦᠯᠦᠨ ᠲᠠᠷᠢᠶᠠᠴᠢᠳ᠎ᠲᠤ ᠠᠱᠢᠭ ᠬᠦᠷᠲᠡᠭᠡᠬᠦ᠌ ᠦᠶ᠋ᠯᠡᠳᠦᠯ᠎ᠢ ᠨᠠᠩ ᠰᠠᠢᠲᠤᠷ ᠪᠠᠳᠠᠷᠠᠭᠤᠯᠤᠨ᠎ᠠᠭᠡᠰᠡᠨ ᠪᠠᠢᠨ᠎ᠠ᠃ 《ᠮᠠᠯᠴᠢᠨ ᠲᠠᠷᠢᠶᠠᠴᠢᠨ᠎ᠢ ᠠᠮᠠᠷᠬᠠᠨ ᠵᠢᠡᠷ ᠦᠬᠡᠷ ᠲᠡᠵᠢᠭᠡᠯᠭᠡᠵᠦ᠍᠂ ᠣᠷᠣᠯᠭ᠎ᠠ᠎ᠶ᠋ᠢ ᠨᠢ ᠨᠡᠮᠡᠭ᠌ᠳᠡᠭᠦᠯᠦᠨ ᠪᠠᠶᠠᠵᠢᠭᠤᠯᠬᠤ ᠳ᠋ᠸ᠋ ᠨᠠᠡᠭᠪᠠᠳᠤᠯᠠᠭ᠎ᠠ ᠲᠠᠢ ᠪᠤᠯᠵᠠᠢ》 ᠭᠡᠵᠦ᠍ ᠵᠠᠩ ᠵᠢᠶ ᠱᠢᠨ ᠰᠡᠳᠭᠢᠯᠳᠣᠭ᠍ᠳᠣᠯᠤᠨ ᠬᠡᠯᠡᠨ᠎ᠠ᠃

2021ᠣᠨ᠎ᠤ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠳᠤᠮᠳᠠ᠂ ᠵᠠᠩ ᠵᠢᠶ ᠱᠢᠨ ᠨᠤᠲᠤᠭ ᠤᠰᠤᠨ᠎ᠤ᠎ᠪᠠᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠱᠢᠪᠲᠤᠯᠬᠤ ᠱᠢᠶ᠋ᠳᠪᠦᠷᠢᠲᠦ ᠳᠠᠢᠯᠠᠯᠳᠤᠭᠠᠨ ᠬᠢᠵᠦ᠍ ᠱᠢᠶ᠋ᠳᠪᠦᠷᠢᠲᠦ ᠢᠯᠠᠯᠲᠠ᠎ᠶ᠋ᠢ ᠤᠯᠬᠤ᠂ ᠠᠵᠤ ᠦᠶ᠋ᠯᠡᠰ᠎ᠢᠶᠡᠷ ᠬᠥᠳᠡᠭᠡ ᠲᠣᠰᠭᠣᠨ ᠎ᠢ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ᠌ ᠵᠡᠷᠭᠡ ᠲᠠᠯ᠎ᠠ᠎ᠪᠠᠷ ᠭᠤᠤᠯᠳᠠᠭᠤᠯᠤᠨ᠂ ᠪᠠᠶᠠᠨᠨᠠᠭᠤᠷ ᠬᠣᠲᠠ᠎ᠶ᠋ᠢᠨ ᠮᠠᠰᠢ ᠣᠯᠠᠨ ᠱᠢᠶᠠᠩ ᠪᠠᠯᠭᠠᠰᠤ ᠎ᠪᠠᠷᠲᠣᠭᠣᠷᠢᠨ ᠦᠵᠡᠵᠦ᠍ ᠪᠠᠢᠴᠠᠭᠠᠨ ᠰᠤᠳᠤᠯᠪᠠ᠃ ᠲᠡᠷᠡ ᠡᠳᠦᠷ ᠪᠤᠯᠭᠠᠨ᠎ᠢ ᠡᠭᠦᠷᠭᠡ ᠲᠤᠱᠢᠶᠠᠯ᠎ᠢᠶᠠᠨ ᠭᠦᠢᠴᠡᠳᠭᠡᠬᠦ᠌ ᠴᠠᠭ ᠪᠣᠯᠭᠠᠵᠤ᠂ 《ᠮᠠᠯᠴᠢᠨ ᠲᠠᠷᠢᠶᠠᠴᠢᠨ᠎ᠤᠶᠠᠷᠢᠬᠤ᠎ᠶ᠋ᠢ ᠰᠣᠨᠣᠰᠴᠤ᠌᠂ ᠮᠠᠯᠴᠢᠨ᠎ᠲᠠᠷᠢᠶᠠᠴᠢᠨ᠎ᠲᠠᠶᠵᠣᠭᠣᠭ᠍ᠳᠠᠵᠤ᠂ ᠮᠠᠯᠴᠢᠨ ᠲᠠᠷᠢᠶᠠᠴᠢᠨ᠎ᠤ ᠳᠤᠮᠳᠠ ᠣᠴᠢᠵᠤ᠂ ᠲᠡᠳᠡᠨ᠎ᠦ ᠶᠠᠭᠤ ᠬᠡᠷᠡᠭ᠌ᠰᠡᠬᠦ᠌᠎ᠶ᠋ᠢ ᠪᠡᠶ᠎ᠡ᠎ᠪᠡᠷ᠎ᠢᠶᠡᠨᠣᠢᠯᠠᠭᠠᠨ᠎ᠠ᠂ ᠡᠳᠡᠭᠡᠷ ᠨᠢ ᠪᠦᠷ ᠮᠢᠨᠦ᠍ ᠰᠠᠨᠠᠯ ᠰᠠᠨᠠᠭᠤᠯᠭ᠎ᠠᠴᠤᠭ᠍ᠯᠠᠭᠤᠯᠬᠤ ᠠᠷᠭ᠎ᠠ ᠵᠠᠮ ᠪᠣᠯᠤᠨ᠎ᠠ》 ᠭᠡᠵᠦ᠍ ᠵᠠᠩ ᠵᠢᠶ ᠱᠢᠨ ᠬᠡᠯᠡᠪᠡ᠃

ᠵᠠᠩᠵᠢᠶ ᠱᠢᠨ᠎ᠦ ᠪᠠᠢᠭ᠎ᠠ ᠪᠠᠶᠠᠨᠨᠠᠭᠤᠷ ᠬᠣᠲᠠ᠎ᠳᠤ ᠠᠽᠢᠶ᠎ᠠ ᠲᠢᠪ᠎ᠦᠨ ᠬᠠᠮᠤᠭ᠎ᠤᠨ ᠲᠣᠮᠣ ᠥᠪᠡᠰᠦᠪᠡᠨ ᠤᠰᠤᠲᠠᠲᠠᠵᠤ ᠤᠰᠤᠯᠠᠬᠤ ᠣᠷᠣᠨ ——ᠪᠣᠷᠣᠲᠣᠬᠣᠶ᠎ᠶ᠋ᠢᠨᠤᠰᠤᠯᠠᠯᠲᠠ᠎ᠶ᠋ᠢᠨ ᠣᠷᠣᠨ ᠪᠠᠢᠵᠤ᠂ ᠡᠨᠡ ᠨᠢ ᠤᠯᠤᠰ᠎ᠤᠨ ᠴᠢᠬᠤᠯᠠ ᠲᠠᠸᠠᠷ᠎ᠤᠨ ᠠᠮᠤ᠎ᠶ᠋ᠢᠨ ᠦᠶ᠋ᠯᠡᠳᠪᠦᠷᠢᠯᠡᠯ᠎ᠦᠨ ᠰᠠᠭᠤᠷᠢᠨ ᠪᠣᠯᠤᠨ᠎ᠠ᠃ ᠭᠡᠪᠡᠴᠦ᠍ ᠪᠣᠷᠣᠲᠣᠬᠣᠶ᠎ᠶ᠋ᠢᠨ ᠤᠰᠤᠯᠠᠯᠲᠠ᠎ᠶ᠋ᠢᠨ ᠣᠷᠣᠨ ᠳ᠋ᠸ᠋ 484 ᠲᠦᠮᠡᠨᠮᠸ᠋ ᠲᠠᠯᠠᠪᠠᠶ᠎ᠨᠢ ᠶᠡᠬᠡ᠂ ᠲᠠᠷᠬᠠᠯᠲᠠ ᠎ᠨᠢ ᠥᠷᠭᠡᠨ᠂ ᠭᠠᠵᠠᠷ᠎ᠤᠨ ᠦᠩ ᠱᠢᠮ᠎ᠡ᠎ᠨᠢ ᠠᠨᠠᠶ᠂ ᠤᠨᠠᠯᠲᠠ ᠨᠢ ᠳᠤᠤᠷ᠎ᠠ᠂ ᠠᠳᠠᠯᠢ ᠪᠤᠰᠤ ᠬᠡᠮᠵᠢᠶᠡᠨ᠎ᠦ ᠬᠤᠵᠢᠷᠱᠢᠭ᠍ᠰᠠᠨᠲᠠᠷᠢᠶᠠᠨ ᠭᠠᠵᠠᠷ ᠪᠠᠢᠵᠤ᠂ ᠮᠠᠯᠴᠢᠨ ᠲᠠᠷᠢᠶᠠᠴᠢᠨ᠎ᠤᠣᠷᠣᠯᠭ᠎ᠠ ᠵᠢᠨ ᠨᠡᠮᠡᠭ᠌ᠳᠡᠯ ᠪᠠ ᠣᠲᠣ ᠦᠶ᠎ᠡ ᠎ᠶ᠋ᠢᠨ ᠲᠠᠷᠢᠶᠠᠯᠠᠩ ᠮᠠᠯ ᠠᠵᠤ ᠠᠬᠤᠶ ᠎ᠶ᠋ᠢᠨ ᠴᠢᠨᠠᠷ ᠰᠠᠢᠲᠠᠶᠬᠥᠭ᠌ᠵᠢᠯᠲᠡ ᠎ᠶ᠋ᠢ ᠬᠦᠨᠳᠦ ᠨᠣᠴᠢᠲᠠᠶ ᠬᠢᠵᠠᠭᠠᠷᠯᠠᠵᠤ ᠪᠠᠢᠨ᠎ᠠ᠃ 《2022 ᠣᠨ᠎ᠤ ᠪᠥᠬᠥ᠌ ᠤᠯᠤᠰ᠎ᠤᠨ ᠬᠣᠶᠠᠷ ᠬᠤᠷᠠᠯ ᠳᠡᠭᠡᠷ᠎ᠡ᠂ ᠪᠢ ᠤᠯᠤᠰ ᠎ᠠᠴᠠ ᠣᠲᠣ᠎ᠶ᠋ᠢᠨ ᠲᠥᠷᠥ᠎ᠶ᠋ᠢᠨ ᠪᠣᠳᠣᠯᠭ᠎ᠠᠪᠠ ᠪᠠᠯᠠ ᠮᠥᠩᠭᠥ᠎ᠶ᠋ᠢᠨ ᠠᠷᠭ᠎ᠠ ᠵᠠᠮ᠎ᠤᠨ ᠰᠠᠭᠤᠷᠢᠨ ᠳᠡᠭᠡᠷ᠎ᠡ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠂ ᠤᠰᠤ ᠠᠷᠪᠢᠯᠠᠬᠤ ᠤᠰᠤᠯᠠᠯᠲᠠ ᠵᠡᠷᠭᠡ ᠲᠥᠷᠥᠯ ᠵᠦᠶ᠋ᠯ᠎ᠢᠲᠦᠷᠭᠡᠨ ᠨᠢᠭᠡᠳᠦᠯᠲᠡᠶ ᠲᠥᠯᠥᠪᠵᠢᠭᠦᠯᠦᠨ ᠲᠣᠬᠢᠷᠠᠭᠤᠯᠵᠤ᠂ ᠪᠣᠷᠣᠲᠣᠬᠣᠶ᠎ᠶ᠋ᠢᠨ ᠤᠰᠤᠯᠠᠯᠲᠠ᠎ᠶ᠋ᠢᠨ ᠣᠷᠣᠨ᠎ᠤ ᠥᠨᠳᠥᠷ ᠪᠠᠷᠢᠮᠵᠢᠶᠠᠲᠤᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ ᠪᠠ ᠬᠤᠵᠢᠷᠯᠢᠭ ᠭᠠᠵᠠᠷ᠎ᠢ ᠰᠠᠢᠵᠢᠷᠠᠭᠤᠯᠬᠤ᠎ᠶ᠋ᠢ ᠳᠡᠮᠵᠢᠬᠦ᠌ᠡᠷᠴᠢᠮ᠎ᠢᠶᠡᠨ ᠴᠢᠩᠭᠠᠷᠠᠭᠤᠯᠵᠤ᠂ ᠪᠣᠷᠣᠲᠣᠬᠣᠶ᠎ᠶ᠋ᠢᠨ ᠤᠰᠤᠯᠠᠯᠲᠠ᠎ᠶ᠋ᠢᠨ ᠣᠷᠣᠨ᠎ᠤ ᠲᠠᠷᠢᠶᠠᠯᠠᠩ᠎ᠤᠨ ᠣᠳᠣᠬᠢᠴᠢᠯᠠᠯᠲᠠ᠎ᠶ᠋ᠢ ᠠᠬᠢᠭᠤᠯᠵᠦ᠂ ᠪᠣᠷᠣᠲᠣᠬᠣᠶ᠎ᠶ᠋ᠢᠨᠤᠰᠤᠯᠠᠯᠲᠠ᠎ᠶ᠋ᠢᠨ ᠣᠷᠣᠨ᠎ᠤ ᠮᠠᠯᠴᠢᠨ ᠲᠠᠷᠢᠶᠠᠴᠢᠨ᠎ᠳᠤ ᠡᠷᠲᠡᠬᠡᠨ ᠠᠱᠢᠭ ᠬᠦᠷᠲᠡᠭᠡᠬᠦ᠌᠎ᠰᠠᠨᠠᠯ ᠰᠠᠨᠠᠭᠤᠯᠭ᠎ᠠᠲᠡᠪᠰᠢᠬᠦᠯᠬᠦ ᠪᠡᠷ ᠪᠠᠢᠨ᠎ᠠ》 ᠭᠡᠵᠦ ᠵᠠᠩ ᠵᠢᠶ ᠱᠢᠨᠢᠲᠡᠭᠡᠯ ᠳᠦᠭᠦᠷᠡᠩ ᠬᠡᠯᠡᠨ᠎ᠠ᠃


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面