2022-02-27 11:29:17
《ᠨᠢᠭᠡ ᠤᠳᠠᠭ᠎ᠠ᠎ᠶ᠋ᠢᠨ ᠤᠡᠭᠰᠢᠯᠭ᠎ᠠ᠎ᠶᠢᠨ ᠤᠳᠤᠷᠢᠳᠤᠮᠵᠢ᠂ ᠬᠣᠶᠠᠷ ᠤᠳᠠᠭ᠎ᠠ᠎ᠶ᠋ᠢᠨ ᠵᠥᠪᠯᠡᠬᠦ᠌ ᠬᠤᠷᠠᠯ᠂ ᠭᠤᠷᠪᠠᠨ ᠰᠠᠨᠠᠯ ᠳᠤᠷᠠᠳᠤᠯᠭ᠎ᠠ᠂ᠲᠦᠷᠪᠡᠨᠤᠳᠠᠭᠠᠶ᠋ᠢᠨᠪᠠᠢᠴᠠᠭᠠᠨᠰᠤᠳᠤᠯᠤᠯᠲᠠ᠁ 2021 ᠣᠨ ᠳᠡᠬᠢ ᠮᠢᠨᠦ᠍ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠰᠡᠨ ᠵᠠᠮ ᠶᠠᠭᠠᠷᠠᠯᠲᠠᠢ ᠪᠥᠭᠡᠳ ᠲᠡᠭᠦᠯᠳᠡᠷ ᠪᠠᠢᠨ᠎ᠠ》 ᠬᠡᠵᠦ ᠪᠥᠬᠥ᠌ ᠤᠯᠤᠰ ᠤᠨ ᠤᠯᠤᠰ ᠲᠥᠷᠥ ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ ᠤᠨ ᠶᠡᠬᠡ ᠰᠤᠷᠭᠠᠭᠤᠯᠢ᠎ᠶ᠋ᠢᠨ ᠬᠠᠤᠯᠢ ᠵᠦᠢ᠎ᠶᠢᠨ ᠳᠡᠭᠡᠳᠦ ᠰᠤᠷᠭᠠᠭᠤᠯᠢ᠎ᠶ᠋ᠢᠨ ᠫᠷᠤᠹᠸᠰᠰᠤᠷ ᠧ ᠱᠢᠶᠤᠤ ᠮᠧᠶ ᠰᠤᠷᠪᠤᠯᠵᠢᠯᠠᠭ᠎ᠠ ᠬᠦᠯᠢᠶᠡᠬᠦ᠌ ᠳᠡᠭᠡᠨ ᠶᠡᠷᠢᠯ᠎ᠠ᠃ ᠲᠡᠬᠦᠨ᠎ᠤ ᠦᠵᠡᠬᠦ ᠪᠡᠷ᠂ ᠲᠤᠱᠢᠶᠠᠯ ᠬᠠᠷᠢᠭᠤᠴᠠᠯᠭ᠎ᠠ ᠪᠠᠨ ᠭᠦᠶ᠋ᠴᠡᠳᠭᠡᠬᠦ᠌ ᠨᠢ ᠲᠠᠰᠤᠷᠠᠯᠲᠠ ᠥᠬᠡᠶ ᠰᠤᠷᠤᠯᠴᠠᠬᠤ ᠶᠠᠪᠤᠴᠠ ᠮᠥᠨ᠃
ᠧ ᠱᠢᠶᠤᠤ ᠮᠧᠶ ᠬᠡᠰᠢᠭᠦᠨ 2021᠎ᠤᠨ ᠢ᠋ᠢᠡᠨ ᠡᠷᠬᠢᠴᠡᠭᠦᠯᠬᠦ ᠳ᠋ᠤ᠂ 3 ᠰᠠᠷ᠎ᠠ ᠳᠤ ᠪᠥᠬᠥ᠌ ᠤᠯᠤᠰ᠎ᠤᠨ ᠬᠣᠶᠠᠷ ᠬᠤᠷᠠᠯ᠎ᠳᠤ ᠣᠷᠣᠯᠴᠠᠵᠦ᠂ ᠦᠨᠳᠦᠰᠦᠲᠡᠨ᠎ᠦ ᠬᠦᠷᠢᠶᠡᠨ᠎ᠳᠡᠬᠢ ᠬᠠᠤᠯᠢ ᠴᠠᠭᠠᠵᠠ ᠬᠠᠤᠯᠢ ᠲᠣᠭ᠍ᠲᠠᠭᠠᠯ ᠪᠠ ᠲᠠᠯ᠎ᠠ ᠨᠤᠲᠤᠭ᠎ᠤᠨ ᠬᠡᠷ᠎ᠦᠨ ᠲᠡᠵᠢᠭᠡᠪᠦᠷᠢ᠎ᠶ᠋ᠢᠨ ᠡᠭᠦᠯᠳᠡᠷ᠎ᠦᠨ ᠠᠰᠠᠭᠤᠳᠠᠯ᠎ᠤᠨ ᠲᠤᠬᠠᠶ 3 ᠰᠠᠨᠠᠯ ᠳᠤᠷᠠᠳᠤᠯᠭ᠎ᠠ ᠳᠡᠪᠱᠢᠭᠦᠯᠪᠡ ; 6 ᠰᠠᠷ᠎ᠠ᠎ᠳᠤ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠲᠤᠰᠭᠠᠶ ᠮᠡᠷᠭᠡᠵᠢᠯᠲᠡᠨ᠎ᠦ ᠵᠥᠪᠯᠡᠬᠦ᠌ ᠬᠤᠷᠠᠯ᠎ᠳᠤ ᠣᠷᠣᠯᠴᠠᠵᠤ᠂ ᠪᠤᠰᠤᠳ 4 ᠲᠤᠰᠭᠠᠶ ᠮᠡᠷᠭᠡᠵᠢᠯᠲᠡᠨ᠎ᠲᠡᠶ ᠬᠠᠮᠲᠤ ᠪᠠᠷ ᠪᠥᠬᠥ᠌ ᠤᠯᠤᠰ᠎ᠤᠨ ᠤᠯᠤᠰ ᠲᠥᠷᠥ ᠶ᠋ᠢᠨ ᠵᠥᠪᠯᠡᠯᠭᠡᠨ ᠦ ᠤᠳᠤᠷᠢᠳᠤᠯᠭ᠎ᠠ᠂ ᠬᠠᠮᠢᠶ᠎ᠠ ᠪᠥᠬᠥᠶ ᠶᠠᠮᠤᠨ ᠵᠥᠪᠯᠡᠯ᠎ᠦᠨ ᠬᠠᠷᠢᠭᠤᠴᠠᠯᠭᠠᠲᠠᠨ᠎ᠲᠠᠶ ᠪᠤᠳᠤᠯ ᠰᠠᠨᠠᠯᠢ᠋ᠢᠨᠨ ᠰᠣᠯᠢᠯᠴᠠᠵᠤ᠂ ᠬᠥᠭ᠌ᠵᠢᠯᠲᠡ ᠶ᠋ᠢᠨ ᠲᠤᠬᠠᠶ ᠬᠠᠮᠲᠤ ᠪᠠᠷ ᠶᠠᠷᠢᠯᠴᠠᠪᠠ; 8 ᠰᠠᠷ᠎ᠠ᠎ᠳᠤ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠪᠠᠢᠩᠭᠤ᠎ᠶ᠋ᠢᠨ ᠬᠣᠷᠢᠶᠠᠨ᠎ᠤ ᠬᠤᠷᠠᠯ᠎ᠳᠤ ᠰᠤᠯᠠ ᠣᠷᠣᠯᠴᠠᠬᠤ᠎ᠶ᠋ᠢᠨ ᠬᠠᠮᠲᠤ ᠤᠷᠢᠯᠭ᠎ᠠ᠎ᠪᠠᠷ ᠭᠡᠱᠢᠭᠦᠳ᠎ᠦᠨ ᠶᠠᠷᠢᠯᠴᠠᠬᠤ ᠬᠤᠷᠠᠯ᠎ᠳᠤ ᠰᠤᠯᠠ ᠣᠷᠣᠯᠴᠠᠵᠤ᠂ ᠲᠤᠰᠭᠠᠢ ᠮᠡᠷᠭᠡᠵᠢᠯᠲᠡᠨ ᠦ ᠵᠥᠪᠳᠡᠯᠴᠡᠬᠦ᠌ ᠬᠤᠷᠠᠯ᠂ ᠪᠡᠶ᠎ᠡ ᠪᠡᠨ ᠳᠠᠭᠠᠭᠠᠵᠤ ᠪᠠᠢᠴᠠᠭᠠᠨ ᠰᠤᠳᠤᠯᠤᠯᠲᠠ ᠬᠢᠬᠦ᠌ ᠵᠡᠷᠭᠡ ᠠᠰᠠᠭᠤᠳᠠᠯ᠎ᠲᠠᠶ ᠤᠶᠠᠯᠳᠤᠭᠤᠯᠤᠨ ᠰᠠᠨᠠᠯ ᠰᠠᠨᠠᠭᠤᠯᠭ᠎ᠠ ᠭᠠᠷᠭᠠᠪᠠ; 9 ᠰᠠᠷ᠎ᠠ ᠳᠤ ᠪᠥᠬᠥ᠌ ᠤᠯᠤᠰ ᠤᠨ ᠤᠯᠤᠰ ᠲᠥᠷᠥ ᠶ᠋ᠢᠨ ᠵᠥᠪᠯᠡᠯᠭᠡᠨ᠎ᠦ ᠪᠠᠢᠴᠠᠭᠠᠨ ᠰᠤᠳᠤᠯᠬᠤ ᠳᠤᠭᠤᠢᠯᠠᠩ᠎ᠢ ᠳᠠᠭᠠᠵᠤ᠂ ᠲᠥᠪ᠎ᠦᠨ ᠦᠨᠳᠦᠰᠦᠲᠡᠨᠦᠠᠵᠢᠯ ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠪᠠ ᠨᠤᠲᠤᠭ ᠪᠡᠯᠴᠢᠭᠡᠷ ᠦᠨ ᠠᠮᠢ ᠠᠬᠤᠶ ᠶ᠋ᠢᠨ ᠣᠷᠴᠢᠨ ᠲᠤᠭᠤᠷᠢᠨ ᠤ᠋ ᠬᠠᠮᠠᠭᠠᠯᠠᠯᠲᠠ ᠶ᠋ᠢ ᠴᠢᠩᠭᠠᠳᠭᠠᠬᠤ ᠢ᠋ᠢᠨ ᠲᠤᠭᠤᠷᠢᠨ ᠳ᠋ᠤ᠂ ᠱᠢᠨᠵᠢᠶᠠᠩ ᠳᠤ ᠬᠦᠷᠴᠦ᠍ ᠲᠤᠰᠭᠠᠶ ᠰᠡᠳᠦᠪᠲᠦ ᠪᠠᠢᠴᠠᠭᠠᠨ ᠰᠤᠳᠤᠯᠤᠯᠲᠠ ᠥᠷᠨᠢᠭᠦᠯᠪᠡ; 10 ᠰᠠᠷ᠎ᠠ ᠳᠤ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠬᠤᠤᠰ ᠭᠠᠷᠠᠭ᠎ᠤᠨ ᠵᠥᠪᠳᠡᠯᠴᠡᠨ ᠶᠠᠷᠢᠯᠴᠠᠬᠤ ᠬᠤᠷᠠᠯ ᠳᠡᠭᠡᠷ᠎ᠡ 《ᠠᠵᠤ ᠠᠬᠤᠢᠯᠠᠯ ᠪᠠ ᠠᠷᠠᠳ ᠢᠷᠭᠡᠨ᠎ᠦ ᠭᠠᠳᠠᠭᠠᠳᠤ ᠳᠤ ᠬᠣᠯᠪᠣᠭ᠍ᠳᠠᠬᠤ ᠬᠠᠤᠯᠢ ᠴᠠᠭᠠᠵᠠ ᠶ᠋ᠢᠨ ᠤᠬᠠᠮᠰᠠᠷ ᠢ ᠴᠢᠩᠭᠠᠳᠭᠠᠬᠤ》 ᠪᠡᠷ ᠰᠡᠳᠦᠪ ᠪᠣᠯᠭᠠᠨ ᠦᠭᠡ ᠬᠡᠯᠡᠪᠡ; 12 ᠰᠠᠷ᠎ᠠ ᠳᠤ ᠪᠥᠬᠥ᠌ ᠤᠯᠤᠰ ᠤᠨ ᠤᠯᠤᠰ ᠲᠥᠷᠥ ᠶ᠋ᠢᠨ ᠵᠥᠪᠯᠡᠯᠭᠡᠨ ᠦ 《ᠦᠨᠳᠦᠰᠦᠲᠡᠨ ᠦ ᠠᠰᠠᠭᠤᠳᠠᠯ᠎ᠢ ᠱᠢᠶ᠋ᠳᠪᠦᠷᠢᠯᠡᠬᠦ᠌ ᠳᠤᠮᠳᠠᠳᠤ ᠤᠯᠤᠰ᠎ᠤᠨ ᠣᠨᠴᠠᠯᠢᠭ ᠲᠠᠢ ᠵᠥᠪ ᠵᠠᠮ》 ᠨᠣᠮ ᠤᠩᠱᠢᠬᠤ ᠬᠤᠯᠪᠤᠭᠠᠨ᠎ᠳᠤ 《ᠦᠨᠳᠦᠰᠦᠲᠡᠨ ᠦ ᠬᠡᠷᠡᠭ ᠶᠠᠪᠤᠳᠠᠯ᠎ᠢ ᠬᠠᠤᠯᠢ ᠶᠣᠰᠣᠭᠠᠷ ᠵᠠᠰᠠᠬᠤ 》 ᠭᠤᠤᠯ ᠰᠡᠳᠦᠪ ᠦᠨ ᠲᠣᠭᠣᠷᠢᠨ᠎ᠳᠤ ᠤᠨᠭᠰᠢᠯᠭ᠎ᠠ ᠵᠢᠨ ᠤᠳᠤᠷᠢᠳᠤᠮᠵᠢ ᠭᠢᠪᠠ ; ᠳᠣᠲᠣᠭᠠᠳᠤ ᠶ᠋ᠢ ᠬᠠᠮᠠᠭᠠᠯᠠᠬᠤ ᠶᠠᠮᠤᠨ ᠤ ᠨᠠᠮ᠎ᠤᠨ ᠰᠤᠷᠲᠠᠯ ᠵᠠᠰᠠᠭ ᠤᠨ ᠰᠤᠷᠲᠠᠯ ᠴᠠᠭ᠍ᠳᠠᠭᠠᠨ ᠤ ᠰᠤᠷᠲᠠᠯ ᠳᠤ ᠬᠢᠨᠠᠯᠲᠠ ᠲᠠᠯᠪᠢᠭ᠍ᠴᠢ ᠪᠣᠯᠤᠭ᠍ᠰᠠᠨ᠎ᠤ ᠬᠤᠪᠢ᠎ᠳᠤ᠂ ᠲᠤᠰᠭᠠᠶ ᠰᠡᠳᠦᠪᠲᠦ ᠪᠠᠢᠴᠠᠭᠠᠨ ᠰᠤᠳᠤᠯᠤᠯᠲᠠ᠎ᠳᠤ ᠣᠷᠣᠯᠴᠠᠪᠠ ᠁ ᠢᠩᠬᠢᠵᠦ ᠶᠠᠭᠠᠷᠠᠯᠲᠠᠢ ᠠᠵᠢᠯᠯᠠᠵᠦ ᠪᠠᠢᠭ᠎ᠠ ᠨᠢ ᠧ ᠱᠢᠶᠤᠤ ᠮᠧᠶ ᠪᠥᠬᠥ᠌ ᠤᠯᠤᠰ᠎ᠤᠨ ᠤᠯᠤᠰ ᠲᠥᠷᠥ ᠶ᠋ᠢᠨ ᠵᠥᠪᠯᠡᠯᠭᠡᠨ᠎ᠦ ᠭᠡᠱᠢᠭᠦᠨ ᠪᠣᠯᠤᠭ᠍ᠰᠠᠨ᠎ᠤ ᠬᠤᠪᠢ ᠳᠤ ᠬᠥᠭ᠌ᠵᠢᠯᠲᠡ᠎ᠶ᠋ᠢ ᠰᠡᠳᠭᠢᠯ᠎ᠳᠡᠭᠡᠨ ᠪᠤᠳᠤᠵᠤ᠂ ᠠᠷᠠᠳ᠎ᠤᠨ ᠠᠮᠢᠳᠤᠷᠠᠯ ᠲᠠᠶ ᠵᠢᠷᠦᠬᠡ ᠰᠡᠳᠭᠢᠯ ᠵᠢᠡᠨ ᠬᠣᠯᠪᠣᠵᠤ᠂ ᠲᠤᠰᠭᠠᠶ ᠮᠡᠷᠭᠡᠵᠢᠯ ᠳᠡᠭᠡᠨ ᠰᠠᠭᠤᠷᠢᠯᠠᠨ ᠪᠣᠳᠠᠲᠠᠶ ᠶ᠋ᠢ ᠡᠷᠬᠢᠮᠯᠡᠨ ᠰᠠᠨᠠᠯ ᠰᠠᠨᠠᠭᠤᠯᠭ᠎ᠠ ᠭᠠᠷᠭᠠᠬᠰᠠᠨ ᠶᠠᠪᠤᠳᠠᠯ ᠪᠠᠢᠵᠤ᠂ ᠨᠠᠩ ᠴᠤ᠌ ᠲᠡᠭᠦᠨ ᠦ ᠠᠵᠢᠯᠴᠢ ᠬᠢᠴᠢᠶᠡᠩᠭᠦᠶ ᠢᠳᠡᠪᠬᠢᠲᠡᠶ ᠠᠵᠢᠯ ᠤᠨ ᠰᠤᠷᠲᠠᠯ ᠤᠨ ᠢᠯᠡᠷᠡᠯ ᠪᠣᠯᠤᠨ᠎ᠠ ᠃
《 ᠡᠨᠡ ᠨᠢ ᠮᠢᠨᠦ᠍ ᠲᠤᠬᠠᠢᠯᠠᠬᠰᠡᠨ ᠠᠵᠢᠯ ᠮᠡᠷᠭᠡᠵᠢᠯ ᠪᠣᠯᠤᠨ ᠠᠵᠢᠯ ᠤᠨ ᠥᠩᠭᠡᠷᠡᠯᠲᠡ᠎ᠲᠡᠶ ᠬᠣᠯᠪᠣᠭ᠎ᠠ᠎ᠲᠠᠶ 》 ᠬᠡᠵᠦ ᠲᠡᠷᠡ ᠬᠡᠯᠡᠬᠦ ᠶᠤᠮ᠃ ᠬᠠᠤᠯᠢ ᠵᠦᠢ᠎ᠶᠢᠨ ᠫᠷᠤᠹᠸᠰᠰᠤᠷ ᠪᠣᠯᠤᠭ᠍ᠰᠠᠨ᠎ᠤ ᠬᠤᠪᠢ ᠳᠤ᠂ ᠡᠸ ᠱᠢᠶᠤᠤ ᠮᠧᠢ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠳᠤᠮᠳᠠ ᠢᠮᠠᠭ᠍ᠲᠠ ᠥᠪᠡᠷ᠎ᠦᠨ ᠲᠤᠰᠭᠠᠢ ᠮᠡᠷᠭᠡᠵᠢᠯ᠎ᠦᠨ ᠣᠨᠴᠠᠯᠢᠭ᠎ᠢᠶᠠᠷ᠎ᠢᠶᠠᠨ ᠰᠠᠭᠤᠷᠢ ᠪᠣᠯᠭᠠᠬᠤ᠎ᠶ᠋ᠢ ᠴᠢᠬᠤᠯᠠᠴᠢᠯᠠᠵᠤ᠂ ᠠᠵᠤ ᠠᠬᠤᠢ ᠨᠡᠢᠭᠡᠮ ᠦᠨ ᠬᠥᠭ᠌ᠵᠢᠯᠲᠡ᠎ᠶ᠋ᠢᠨ ᠳᠤᠮᠳᠠᠬᠢ ᠪᠣᠳᠠᠲᠠᠢ ᠠᠰᠠᠭᠤᠳᠠᠯ ᠢ ᠨᠢᠭ᠍ᠲᠠ ᠠᠩᠬᠠᠷᠴᠤ᠌᠂ ᠬᠣᠯᠪᠣᠭ᠍ᠳᠠᠯ ᠪᠦᠬᠦᠢ ᠪᠠᠢᠴᠠᠭᠠᠨ ᠰᠤᠳᠤᠯᠤᠯᠲᠠ ᠳᠤ ᠢᠳᠡᠪᠬᠢᠲᠡᠢ ᠣᠷᠣᠯᠴᠠᠵᠤ᠂ ᠵᠣᠬᠢᠴᠠᠩᠭᠤᠢ ᠰᠠᠨᠠᠯ ᠰᠠᠨᠠᠭᠤᠯᠭ᠎ᠠ ᠳᠤᠷᠠᠳᠴᠠᠢ᠃ ᠲᠡᠷᠡ᠂ ᠡᠨᠡ ᠵᠢᠯ ᠦᠨ ᠪᠦᠬᠦ᠌ ᠤᠯᠤᠰ᠎ᠤᠨ ᠬᠣᠶᠠᠷ ᠬᠤᠷᠠᠯ᠎ᠳᠤ ᠨᠤᠲᠤᠭ ᠪᠡᠯᠴᠢᠭᠡᠷ᠎ᠦᠨ ᠠᠮᠢ ᠠᠬᠤᠶ ᠶ᠋ᠢᠨ ᠬᠠᠮᠠᠭᠠᠯᠠᠯᠲᠠ᠂ ᠭᠠᠳᠠᠭᠠᠳᠤ ᠳᠤ ᠬᠣᠯᠪᠣᠭ᠍ᠳᠠᠬᠤ ᠬᠠᠤᠯᠢ ᠴᠠᠭᠠᠵᠠ ᠶ᠋ᠢᠨ ᠠᠰᠠᠭᠤᠳᠠᠯ ᠵᠡᠷᠭᠡ ᠠᠭᠤᠯᠭ᠎ᠠ ᠲᠠᠢ 3 ᠰᠠᠨᠠᠯ ᠲᠤᠷᠠᠳᠤᠯᠭ᠎ᠠ ᠲᠡᠪᠱᠢᠭᠦᠯᠬᠦ᠌᠎ᠪᠡᠷ ᠪᠠᠢᠨ᠎ᠠ᠃ 《ᠪᠠᠢᠴᠠᠭᠠᠨ ᠰᠤᠳᠤᠯᠤᠯᠲᠠ ᠬᠢᠬᠦ᠌ ᠬᠡᠪᠴᠢᠶ᠎ᠡ ᠥᠷᠭᠡᠨ ᠪᠣᠯᠪᠠᠯ ᠰᠠᠨᠠᠯ ᠳᠤᠷᠠᠳᠤᠯᠭ᠎ᠠ ᠰᠠᠶᠢ ᠨᠠᠩ ᠲᠥᠯᠥᠭᠡᠯᠡᠬᠦ᠌ ᠴᠢᠨᠠᠷᠲᠠᠶ ᠪᠣᠯᠵᠣ ᠴᠢᠳᠠᠨ᠎ᠠ᠃ ᠪᠠᠢᠴᠠᠭᠠᠨ ᠰᠤᠳᠤᠯᠤᠯᠲᠠ᠎ᠶ᠋ᠢ ᠭᠦᠨᠵᠡᠭᠡᠢᠷᠡᠭᠦᠯᠪᠡᠯ ᠰᠠᠶᠢ ᠠᠰᠠᠭᠤᠳᠠᠯ ᠢ ᠢᠯᠡᠷᠡᠭᠦᠯᠵᠦ᠍ ᠴᠢᠳᠠᠨ᠎ᠠ》 ᠬᠡᠵᠦ ᠧ ᠱᠢᠶᠤᠤ ᠮᠧᠶ ᠬᠡᠯᠡᠨ᠎ᠠ᠃ ᠲᠡᠷᠡ ᠪᠡᠷ ᠬᠣᠢᠱᠢᠳᠠ ᠤᠯᠤᠰ ᠲᠥᠷᠥ ᠶ᠋ᠢᠨ ᠵᠣᠭ᠍ᠰᠣᠴᠠ ᠪᠠᠨ ᠨᠠᠩ ᠳᠡᠭᠡᠭ᠌ᠰᠢᠯᠡᠭᠦᠯᠵᠦ᠍᠂ ᠣᠨᠣᠯ᠎ᠤᠨ ᠰᠤᠷᠤᠯᠴᠠᠯᠭ᠎ᠠ ᠪᠠᠨ ᠴᠢᠩᠭᠠᠳᠭᠠᠨ᠂ ᠲᠣᠰ ᠪᠡᠶ᠎ᠡ ᠶ᠋ᠢᠨ ᠲᠤᠰᠭᠠᠶ ᠮᠡᠷᠭᠡᠵᠢᠯ ᠦᠨ ᠬᠡᠪ ᠴᠢᠨᠠᠷ ᠵᠢᠴᠢ ᠲᠥᠷᠥ ᠶ᠋ᠢᠨ ᠶᠠᠪᠤᠳᠠᠯ ᠳᠤ ᠣᠷᠣᠯᠴᠠᠨ ᠵᠠᠰᠠᠭ ᠤᠨ ᠶᠠᠪᠤᠳᠠᠯ᠎ᠢ ᠵᠥᠪᠯᠡᠬᠦ᠌ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠬᠡᠷᠡᠭ᠌ᠴᠡᠭᠡ᠎ᠲᠡᠶ ᠰᠠᠨᠠᠯ ᠰᠠᠨᠠᠭᠤᠯᠭ᠎ᠠ ᠲᠤᠷᠠᠳᠤᠨ᠂ ᠪᠣᠳᠠᠲᠠᠶ᠎ᠶ᠋ᠢ ᠡᠷᠬᠢᠮᠯᠡᠭᠰᠡᠨ ᠠᠷᠭ᠎ᠠ ᠪᠣᠳᠣᠯᠭ᠎ᠠ ᠲᠡᠪᠰᠢᠭᠦᠯᠵᠦ᠂ ᠡᠭᠦᠷᠭᠡ ᠲᠤᠱᠢᠶᠠᠯ ᠢᠶᠠᠨ ᠭᠦᠶ᠋ᠴᠡᠳᠭᠡᠬᠦ᠌ ᠠᠵᠢᠯ ᠢ ᠪᠥᠬᠥ᠌ ᠰᠡᠳᠭᠢᠯ ᠪᠥᠬᠥ᠌ ᠵᠣᠷᠢᠭ ᠢᠶᠠᠷ ᠢᠶᠠᠨ ᠰᠠᠢᠲᠤᠷ ᠬᠢᠵᠦ᠍᠂ ᠤᠯᠤᠰ ᠲᠦᠷᠦ ᠢ᠋ᠢᠨ ᠵᠦᠪᠯᠡᠯᠭᠡᠨ ᠤ᠋ ᠭᠡᠱᠢᠭᠦᠨ ᠦ ᠭᠢᠷᠢ ᠲᠡᠨᠭᠴᠡᠭᠰᠡᠨ ᠲᠠᠰᠬᠠᠯ ᠢ ᠲᠤᠱᠢᠶᠠᠨ᠎ᠠ ᠭᠡᠵᠦ ᠢᠯᠡᠷᠬᠡᠢᠯᠡᠪᠡ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃