2022ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠲᠥᠯᠥᠭᠡᠯᠡᠭᠴᠢᠳ ᠭᠡᠱᠢᠭᠦᠨ᠎ᠦ᠌ ᠲᠤᠱᠢᠶᠠᠯ᠎ᠢ᠋ᠶ᠋ᠠᠨ ᠭᠦᠢᠴᠡᠳᠭᠡᠭᠰᠡᠨ ᠦᠯᠢᠭᠡᠷ

2022-02-28 09:45:02

ᠵᠣᠬᠢᠶᠠᠭ᠍ᠴᠢ᠄ ᠯᠢ ᠬᠠᠨ ᠣᠩᠱᠢᠭ᠍ᠰᠠᠨ ᠣᠳᠠᠭ᠎ᠠ᠄ 3

ᠪᠥᠬᠥ᠌ᠤᠯᠤᠰ᠎ᠤᠨ ᠬᠣᠶᠠᠷ ᠬᠤᠷᠠᠯ ᠤᠳᠠᠯ ᠥᠬᠡᠶ ᠬᠤᠷᠠᠯᠳᠤᠬᠤ᠎ᠪᠤᠯᠤᠯ᠎ᠠ᠃ ᠡᠨᠡ ᠬᠡᠳᠦᠨ ᠡᠳᠦᠷ ᠪᠥᠬᠥ᠌ ᠤᠯᠤᠰ᠎ᠤᠨ ᠠᠷᠠᠳ᠎ᠤᠨᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠳᠤᠮᠳᠠᠳᠤ ᠤᠯᠤᠰ᠎ᠤᠨ ᠰᠠᠨᠰᠠᠷ᠎ᠤᠨ ᠠᠶᠠᠯᠠᠯ᠎ᠤᠨᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠠᠵᠤ ᠦᠶ᠋ᠯᠡᠳᠪᠦᠷᠢ᠎ᠶ᠋ᠢᠨ ᠵᠢᠷᠭᠤᠳᠤᠭᠠᠷ ᠬᠦᠷᠢᠶᠡᠯᠡᠩ᠎ᠦᠨ46 ᠭᠠᠵᠠᠷ᠎ᠤᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠵᠥᠪᠯᠡᠯ᠎ᠦᠨ ᠪᠠᠢᠩᠭᠤ᠎ᠶ᠋ᠢᠨ ᠭᠡᠱᠢᠭᠦᠨ ᠹᠸᠩᠶᠠᠨ ᠯᠢ ᠨᠡᠩ ᠴᠸ᠋ ᠶᠭᠠᠷᠠᠤ ᠪᠤᠯᠵᠤ᠂ ᠱᠢᠷᠡᠭᠡᠨ ᠳᠡᠬᠡᠷᠡᠬᠢ ᠲᠡᠮᠳᠡᠭ᠌ᠯᠡᠯ᠎ᠦᠨ ᠳᠡᠪᠲᠡᠷ ᠨᠢ ᠡᠳᠦᠷ ᠡᠴᠡ ᠡᠳᠦᠷᠵᠤᠵᠠᠭᠠᠷᠠᠨ᠎ᠠ᠃ ᠲᠡᠷᠡ ᠪᠡᠭᠡᠵᠢᠩ᠎ᠳᠦ ᠣᠴᠢᠬᠤ ᠪᠡᠯᠡᠳᠭᠡᠯ᠎ᠢᠶᠡᠨ ᠰᠠᠢᠳᠤᠷ ᠬᠢᠬᠦ᠌᠎ᠡᠴᠡ ᠭᠠᠳᠠᠨ᠎ᠠ᠂ ᠨᠢᠭᠡ ᠵᠢᠯ᠎ᠦᠨ ᠲᠤᠷᠱᠢᠬᠢ ᠲᠤᠱᠢᠶᠠᠯ ᠬᠠᠷᠢᠭᠤᠴᠠᠯᠭ᠎ᠠ᠎ᠪᠠᠨᠭᠦᠢᠴᠡᠳᠭᠡᠭ᠌ᠰᠡᠨ ᠲᠡᠮᠳᠡᠭ᠌ᠯᠡᠯ᠎ᠢᠶᠡᠨ ᠨᠠᠷᠢᠯᠢᠭ ᠡᠮᠬᠢᠯᠡᠬᠦ᠌᠎ᠶ᠋ᠢᠨ ᠬᠠᠮᠲᠤ ᠪᠠᠰᠠ ᠡᠨᠡ ᠵᠢᠯ᠎ᠦᠨ ᠲᠡᠪᠰᠢᠬᠥᠯᠬᠥ ᠰᠠᠨᠠᠯ ᠰᠠᠨᠠᠭᠤᠯᠭ᠎ᠠ᠎ᠪᠠᠨ ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠡ᠃

ᠱᠢᠨᠵᠢᠯᠡᠬᠦ᠌ᠤᠬᠠᠭᠠᠨ ᠲᠧᠭᠨᠢᠭ ᠮᠡᠷᠭᠡᠵᠢᠯ᠎ᠦᠨ ᠠᠵᠢᠯᠲᠠᠨ ᠪᠣᠯᠤᠭ᠍ᠰᠠᠨ᠎ᠤ ᠬᠤᠪᠢ᠎ᠳᠤ᠂ ᠣᠯᠠᠨ ᠵᠢᠯ᠎ᠦᠨ ᠲᠤᠷᠰᠢ᠂ ᠹᠧᠩ ᠶᠠᠨᠯᠢ ᠵᠢᠴᠢ ᠪᠦᠯᠬᠦᠮ᠎ᠦᠨ ᠭᠡᠱᠢᠭᠦᠳ ᠭᠤᠤᠯᠳᠠᠭᠤ F-12 ᠱᠢᠷᠬᠡᠭ᠌ᠯᠢᠭ᠎ᠤᠨ ᠦᠶ᠋ᠯᠡᠳᠭᠡᠯ᠎ᠤᠨ ᠮᠡᠷᠭᠡᠵᠢᠯ᠎ᠦᠨᠦᠷ᠎ᠡ ᠪᠦᠲᠦᠭᠡᠯ᠎ᠢ ᠤᠯᠠᠷᠢᠭᠤᠯᠬᠤ ᠵᠢᠴᠢ ᠤᠯᠤᠰ᠎ᠲᠠᠭᠠᠨ ᠦᠶ᠋ᠯᠡᠳᠪᠦᠷᠢᠯᠡᠬᠦ᠌ ᠬᠡᠷᠡᠭ᠌ᠯᠡᠭᠡᠨ᠎ᠦ ᠰᠤᠳᠤᠯᠭᠠᠨ᠎ᠤᠠᠵᠢᠯ᠎ᠳᠤ ᠬᠦᠴᠦ᠍ ᠲᠠᠯᠪᠢᠵᠤ᠂ ᠤᠯᠤᠰ᠎ᠤᠨ ᠣᠯᠠᠨ ᠵᠦᠶ᠋ᠯ᠎ᠦᠨ ᠮᠡᠷᠭᠡᠵᠢᠯ᠎ᠦᠨ ᠡᠭᠦᠳᠦᠨ ᠪᠦᠳᠦᠭᠡᠯᠳᠡ᠎ᠶ᠋ᠢᠨ ᠲᠤᠰᠭᠠᠶᠠᠱᠢᠭ᠎ᠢ ᠭᠤᠶᠤᠴᠢᠯᠠᠭᠰᠠᠨ ᠪᠠ ᠵᠥᠪᠱᠢᠶᠡᠷᠡᠯ᠎ᠢ ᠤᠯᠵᠤ᠂ ᠤᠯᠤᠰ᠎ᠤᠨ᠎ᠳᠣᠲᠣᠭᠠᠳᠤ᠎ᠶ᠋ᠢᠨ᠎ᠡᠨᠡ᠎ᠲᠠᠯ᠎ᠠ ᠵᠢᠨ ᠬᠣᠭᠣᠰᠣᠨ᠎ᠢᠨᠥᠬᠥᠪᠥᠷᠢᠯᠡᠵᠦ᠍᠂ ᠦᠨᠳᠦᠷ ᠴᠢᠳᠠᠪᠬᠢᠲᠤ ᠱᠢᠷᠬᠡᠭ᠌ᠯᠢᠭ᠎ᠦᠨ ᠥᠪᠡᠷᠲᠡᠭᠡᠨ ᠵᠠᠰᠠᠬᠤ᠎ᠣᠷᠣᠨ᠎ᠳ᠋ᠡᠬᠢ᠎ᠬᠥᠭ᠌ᠵᠢᠯᠲᠡ᠎ᠵᠢ᠎ᠲᠦᠯᠬᠢᠨ᠎ᠠᠬᠢᠭᠤᠯᠬᠤ᠎ᠪᠠ᠎ᠬᠦᠳᠦᠯᠦᠨ᠎ᠵᠢᠯᠤᠭᠤᠳᠬᠤ ᠳ᠋ᠤᠴᠢᠬᠤᠯᠠ ᠦᠢᠯᠡᠳᠦᠯ ᠦᠵᠡᠭᠦᠯᠵᠡᠢ᠃

ᠡᠨᠡᠵᠢᠯ ᠹᠸᠩ ᠶᠠᠨ ᠯᠢ ᠪᠦᠬᠦ᠌ ᠤᠯᠤᠰ᠎ᠤᠨ ᠬᠣᠶᠠᠷ ᠬᠤᠷᠠᠯ᠎ᠳᠤ ᠲᠠᠪᠤᠳᠠᠬᠢ ᠤᠳᠠᠭ᠎ᠠ᠎ᠪᠠᠨ ᠣᠷᠣᠯᠴᠠᠬᠤ ᠪᠤᠯᠤᠨ᠎ᠠ᠂ ᠡᠨᠡ ᠵᠢᠯ ᠪᠤᠯ ᠮᠥᠨ ᠴᠦ᠍ ᠲᠡᠬᠦᠨ᠎ᠤ ᠲᠤᠱᠢᠶᠠᠯ ᠬᠠᠷᠢᠭᠤᠴᠠᠯᠭ᠎ᠠ᠎ᠪᠠᠨᠬᠦᠢᠴᠡᠳᠬᠡᠬᠦ ᠳᠠᠪᠤᠳᠡᠬᠢ ᠵᠢᠯ ᠪᠣᠯᠤᠨ᠎ᠠ᠃

ᠨᠢᠳᠤᠨᠤᠨ᠂ᠲᠡᠷᠡ ᠬᠣᠶᠠᠷ ᠬᠤᠷᠠᠯ ᠳᠡᠭᠡᠷ᠎ᠡ 4 ᠬᠤᠪᠢ ᠰᠠᠨᠠᠭᠤᠯᠭ᠎ᠠ ᠳᠡᠪᠱᠢᠭᠦᠯᠪᠡ᠃ ᠤᠯᠤᠰ᠎ᠠᠴᠠ ᠥᠨᠳᠥᠷ ᠴᠢᠳᠠᠪᠬᠢᠲᠤ ᠹᠠᠩ ᠯᠦᠨ᠎ᠱᠢᠷᠬᠡᠭ᠌ᠯᠢᠭ᠎ᠦᠨᠨᠡᠢᠯᠡᠮᠡᠯ ᠮᠠᠲ᠋ᠧᠷᠢᠶᠠᠯ᠎ᠤᠨ ᠬᠥᠭ᠌ᠵᠢᠯᠲᠡ᠎ᠶ᠋ᠢ ᠳᠡᠮᠵᠢᠬᠦ᠌ ᠡᠷᠴᠢᠮ᠎ᠢᠶᠡᠨ ᠴᠢᠩᠭᠠᠷᠠᠭᠤᠯᠵᠤ᠂ ᠰᠠᠭᠤᠷᠢ ᠰᠤᠳᠤᠯᠭᠠᠨᠪᠣᠯᠤᠨ ᠬᠡᠷᠡᠭ᠌ᠯᠡᠭᠡᠨ᠎ᠦ ᠰᠤᠳᠤᠯᠭᠠᠨ᠎ᠤ ᠠᠵᠢᠯ᠎ᠢ ᠴᠢᠩᠭᠠᠳᠭᠠᠬᠤ ᠲᠤᠬᠠᠢ ᠨᠢᠭᠡ ᠬᠤᠪᠢ ᠰᠠᠨᠠᠭᠤᠯᠭ᠎ᠠ ᠨᠢ ᠤᠯᠤᠰ᠎ᠤᠨᠪᠠᠲᠤᠯᠠᠨ ᠬᠠᠮᠠᠭᠠᠯᠠᠯᠲᠠ᠎ᠶ᠋ᠢᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠠᠵᠤ ᠦᠢᠯᠡᠳᠪᠦᠷᠢ ᠎ᠶ᠋ᠢᠨᠲᠣᠪᠴᠢᠢ᠎ᠠ ᠪᠣᠯᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠶᠠᠮᠤᠨ᠎ᠤ ᠢᠳᠡᠪᠬᠢᠲᠡᠢ ᠲᠤᠰᠭᠠᠯ᠎ᠢᠣᠯᠵᠤ᠂ ᠠᠵᠢᠯ ᠨᠢᠭᠡᠲᠡᠨ᠎ᠦ ᠳᠡᠭᠡᠳᠦ ᠬᠡᠮᠵᠢᠶᠡᠨ᠎ᠦ ᠠᠩᠬᠠᠷᠤᠯ᠎ᠢ ᠲᠠᠲᠠᠪᠠ᠃

《ᠠᠷᠠᠳ᠎ᠤᠨ ᠲᠦᠯᠦᠬᠡᠯᠡᠭᠴᠢᠠᠷᠠᠳ᠎ᠤᠨ ᠲᠦᠯᠦᠬᠡ ᠪᠠᠢᠬᠤ ᠬᠡᠷᠡᠭᠳᠡᠢ》᠃ ᠨᠢᠭᠡ ᠵᠢᠯ᠎ᠦᠨ ᠲᠤᠷᠰᠢ᠂ ᠹᠧᠩ ᠶᠠᠨ ᠯᠢ ᠲᠥᠯᠥᠭᠡᠯᠡᠭ᠌ᠴᠢ᠎ᠡᠨᠡ ᠬᠦ᠌ ᠡᠬᠦᠷᠭᠡ ᠲᠤᠱᠢᠶᠠᠯ᠎ᠢᠶᠠᠨ ᠦᠨᠡᠨᠬᠦ᠌ ᠭᠦᠶ᠋ᠴᠡᠳᠭᠡᠭ᠌ᠰᠡᠨ ᠪᠠᠢᠨ᠎ᠠ᠃

2021ᠣᠨ᠎ᠳᠤ᠂ ᠹᠸᠩ ᠶᠠᠨ ᠯᠢ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠬᠢᠶᠠᠨ ᠪᠠᠢᠭᠤᠯᠤᠭᠰᠠᠨᠰᠤᠷᠤᠯᠴᠠᠯᠭ᠎ᠠ ᠪᠣᠯᠪᠠᠰᠤᠷᠠᠯ᠎ᠳᠤ ᠢᠳᠡᠪᠬᠢᠲᠡᠢ ᠣᠷᠣᠯᠴᠠᠭᠰᠠᠨ ᠪᠦᠭᠡᠳ ᠪᠠᠰᠠ ᠤᠯᠤᠰ᠎ᠤᠨ ᠡᠳ᠋᠎ᠦᠨ ᠵᠠᠰᠠᠭ᠎ᠤᠨᠶᠠᠮᠤᠨ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ ᠵᠡᠷᠭᠡ ᠨᠢᠭᠡᠴᠢ᠎ᠵᠢᠨ ᠵᠣᠬᠢᠶᠠᠨ ᠪᠠᠢᠭᠤᠯᠤᠭ᠍ᠰᠠᠨ ᠶᠠᠷᠢᠯᠴᠠᠬᠤ ᠬᠤᠷᠠᠯ ᠰᠣᠯᠢᠯᠴᠠᠭ᠎ᠠ᠎ᠶ᠋ᠢᠨᠠᠵᠢᠯᠯᠠᠭ᠎ᠠ᠎ᠳᠤ ᠣᠷᠣᠯᠴᠠᠵᠤ᠂ ᠲᠦᠷᠦ᠍᠎ᠶ᠋ᠢᠨ ᠪᠤᠳᠤᠯᠭ᠎ᠠᠤᠨᠤᠯ᠎ᠤᠨ ᠲᠦᠪᠱᠢᠨ᠎ᠢᠶᠡᠨ ᠲᠠᠰᠤᠷᠠᠯᠳᠠ ᠦᠭᠡᠢ ᠳᠡᠭᠡᠭ᠌ᠰᠢᠯᠡᠭᠦᠯᠵᠦ᠍᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ᠴᠢᠳᠠᠪᠤᠷᠢ᠎ᠪᠠᠨ ᠳᠡᠭᠡᠭ᠌ᠰᠢᠯᠡᠭᠦᠯᠪᠡ᠃ ᠡᠭᠦᠨ᠎ᠦ ᠬᠠᠮᠲᠤ᠂ ᠪᠠᠰᠠ ᠥᠪᠡᠷᠲᠡᠭᠡᠨ ᠵᠠᠰᠠᠬᠤ ᠣᠷᠣᠨ ᠪᠠ ᠬᠥᠬᠡᠬᠣᠲᠠ ᠬᠣᠶᠠᠷ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠦᠨᠶᠡᠬᠡ ᠬᠤᠷᠠᠯ᠎ᠡᠴᠡ ᠵᠣᠬᠢᠶᠠᠨ ᠪᠠᠢᠭᠤᠯᠤᠭ᠍ᠰᠠᠨ ᠬᠠᠮᠢᠶ᠎ᠠ ᠪᠥᠬᠥᠶ ᠪᠠᠢᠴᠠᠭᠠᠨ ᠰᠤᠳᠤᠯᠬᠤ ᠠᠵᠢᠯᠯᠠᠭ᠎ᠠ᠎ᠳᠤᠣᠷᠣᠯᠴᠠᠵᠤ᠂ ᠪᠠᠢᠭᠤᠯᠭ᠎ᠠ ᠨᠢᠭᠡᠴᠢ ᠵᠢᠨ ᠵᠢᠡᠨ ᠠᠵᠢᠯᠲᠠᠨ ᠠᠵᠢᠯᠴᠢᠨ᠎ᠤ ᠬᠡᠷ ᠪᠠᠢᠱᠢᠩ ᠪᠦᠬᠡᠮ ᠵᠢᠡᠷ ᠬᠤᠳᠠᠯᠳᠤᠨ ᠠᠪᠤᠭᠰᠠᠨ ᠡᠷᠬᠡ ᠠᠱᠢᠭ᠎ᠢᠬᠠᠮᠠᠭᠠᠯᠠᠬᠤ᠂ ᠠᠵᠢᠯ᠎ᠳᠤ ᠭᠠᠷᠬᠤ ᠠᠵᠢᠯ᠎ᠠᠴᠠ ᠪᠠᠭᠤᠬᠤ ᠵᠠᠮ ᠵᠢᠴᠢ ᠵᠠᠮ᠎ᠤᠨ ᠳ᠋ᠧᠩ ᠤᠭ᠍ᠰᠠᠷᠠᠬᠤ ᠵᠡᠷᠭᠡ ᠠᠯᠢ ᠣᠯᠠᠨ ᠠᠰᠠᠭᠤᠳᠠᠯ᠎ᠢ ᠱᠢᠶ᠋ᠳᠪᠦᠷᠢᠯᠡᠪᠡ᠃

《 ᠪᠢ ᠰᠠᠨᠰᠠᠷ᠎ᠤᠨ ᠠᠶᠠᠯᠠᠯ᠎ᠤᠨᠮᠠᠲ᠋ᠧᠷᠢᠶᠠᠯ᠎ᠤᠨ ᠲᠠᠯ᠎ᠠ᠎ᠶ᠋ᠢᠨ ᠲᠤᠰᠭᠠᠢ ᠮᠡᠷᠭᠡᠵᠢᠯᠲᠡᠨ ᠪᠣᠯᠬᠤ᠎ᠪᠠᠷ ᠪᠠᠷᠠᠬᠤ ᠦᠭᠡᠢ᠂ ᠨᠡᠩ ᠴᠤ᠌ ᠤᠯᠠᠨᠲᠦᠮᠡᠨ᠎ᠦ ᠬᠦᠴᠢᠷᠳᠡᠯ᠎ᠢ ᠱᠢᠢᠳᠪᠦᠷᠢᠯᠡᠵᠦ᠍ ᠳᠡᠢᠯᠬᠦ᠌ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨᠲᠥᠯᠥᠭᠡᠯᠡᠭ᠌ᠴᠢ ᠪᠣᠯᠬᠤ᠎ᠶ᠋ᠢ ᠬᠦᠰᠡᠵᠦ᠍ ᠪᠠᠢᠨ᠎ᠠ》ᠭᠡᠵᠦ ᠹᠸᠩ ᠶᠠᠨ ᠯᠢ ᠬᠡᠯᠡᠨ᠎ᠡ᠃ ᠨᠢᠭᠡ ᠵᠢᠯ᠎ᠦᠨ ᠲᠤᠷᠰᠢᠬᠢ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠭ᠌ᠰᠡᠨᠪᠠᠢᠳᠠᠯ᠎ᠢ ᠨᠢ ᠳ᠋ᠦᠩᠨᠡᠪᠡᠯ᠂ 《ᠠᠷᠠᠳ᠎ᠤᠨ ᠠᠮᠢᠳᠤᠷᠠᠯ》 ᠭᠡᠬᠦ᠌ ᠬᠣᠶᠠᠷ ᠦᠭᠡ᠎ᠨᠢ ᠬᠠᠮᠤᠭ᠎ᠤᠨ ᠣᠯᠠᠨ ᠳᠤᠷᠠᠳᠤᠭ᠍ᠳᠠᠭᠰᠠᠨ ᠦᠭᠡ ᠪᠣᠯᠵᠠᠶ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨᠲᠥᠯᠥᠭᠡᠯᠡᠭ᠌ᠴᠢ ᠪᠣᠯᠤᠭ᠍ᠰᠠᠨ᠎ᠤ ᠬᠤᠪᠢ᠎ᠳᠤ᠂ ᠲᠡᠷᠡ ᠲᠤᠬᠠᠢᠯᠠᠭ᠍ᠰᠠᠨ ᠠᠵᠢᠯ᠎ᠢᠶᠠᠨ ᠰᠠᠢᠲᠤᠷ ᠬᠢᠬᠦ᠌᠎ᠶ᠋ᠢᠨᠬᠠᠮᠲᠤ ᠪᠠᠰᠠ ᠳᠡᠷᠭᠡᠳᠡᠬᠢ ᠠᠷᠠᠳ ᠤᠯᠠᠨ᠎ᠳᠤ ᠲᠤᠯᠭᠠᠷᠠᠭᠰᠠᠨ ᠬᠦᠴᠢᠷ ᠠᠰᠠᠭᠤᠳᠠᠯ᠎ᠢ ᠴᠠᠭ ᠢᠮᠠᠭ᠍ᠲᠠ ᠠᠩᠬᠠᠷᠤᠨ ᠬᠠᠯᠠᠮᠵᠢᠯᠠᠵᠤ ᠪᠠᠢᠳᠠᠭ᠃

ᠡᠨᠡᠵᠢᠯ᠂ ᠹᠧᠩ ᠶᠠᠨ ᠯᠢ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠥᠷᠥᠯ ᠵᠦᠶ᠋ᠯ᠎ᠦᠨ ᠬᠠᠮᠢᠶᠠᠷᠤᠯᠲᠠ᠂ ᠱᠢᠨᠵᠢᠯᠡᠬᠦ᠌ᠤᠬᠠᠭᠠᠨ᠎ᠤ ᠰᠤᠳᠤᠯᠭᠠᠨ᠎ᠤ ᠵᠠᠷᠤᠳᠠᠯ᠎ᠤᠨ ᠬᠡᠷᠡᠭ᠌ᠯᠡᠯᠲᠡ ᠵᠢᠴᠢ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠨ᠎ᠤᠢᠳᠡᠪᠬᠢᠵᠢᠯ᠎ᠢ ᠳᠡᠭᠡᠭ᠌ᠰᠢᠯᠡᠭᠦᠯᠬᠦ᠌ ᠵᠡᠷᠭᠡ ᠲᠠᠯ᠎ᠠ᠎ᠶ᠋ᠢᠨ ᠠᠰᠠᠭᠤᠳᠠᠯ᠎ᠢ ᠳᠡᠭᠡᠳᠦ ᠬᠡᠮᠵᠢᠶ᠎ᠡ᠎ᠪᠡᠷ ᠠᠩᠬᠠᠷᠴᠤ᠌ᠢᠷᠡᠪᠡ᠂ ᠲᠡᠭᠦᠨ᠎ᠦ ᠲᠡᠪᠰᠢᠬᠦᠯᠬᠦ ᠪᠡᠷ ᠪᠠᠢᠭ᠎ᠠ ᠰᠠᠨᠠᠭᠤᠯᠭ᠎ᠠ ᠨᠢ ᠴᠦ᠍ ᠡᠭᠦᠨ᠎ᠲᠡᠶ ᠬᠣᠯᠪᠣᠭ᠎ᠠ᠎ᠲᠠᠶ ᠶᠤᠮ᠃ ᠪᠦᠰᠡᠬᠦᠢ ᠠᠷᠠᠳ᠎ᠤᠨ ᠲᠥᠯᠥᠭᠡᠯᠡᠭ᠌ᠴᠢ ᠪᠣᠯᠤᠭ᠍ᠰᠠᠨ᠎ᠤ ᠬᠤᠪᠢ᠎ᠳᠤ ᠹᠸᠩ ᠶᠠᠨ ᠯᠢ ᠪᠠᠰᠠ ᠡᠮᠡᠭ᠌ᠲᠡᠢᠴᠦᠳ᠎ᠦᠨ ᠬᠠᠤᠯᠢ ᠶᠣᠰᠣᠨ᠎ᠤᠡᠷᠬᠡ ᠠᠱᠢᠭ ᠬᠠᠯᠳᠠᠯᠭ᠎ᠠ᠎ᠳᠤ ᠦᠯᠦ ᠤᠴᠠᠷᠠᠬᠤ᠎ᠶ᠋ᠢ ᠬᠠᠤᠯᠢ ᠶᠣᠰᠣᠭᠠᠷ ᠬᠠᠮᠠᠭᠠᠯᠠᠬᠤ ᠵᠢ ᠤᠷᠢᠶᠠᠯᠠᠨ᠎ᠠ᠃

《ᠠᠷᠠᠳ ᠲᠦᠮᠡᠨ᠎ᠡᠴᠡ ᠨᠠᠳᠠ᠎ᠳᠤᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠵᠢᠨ ᠡᠷᠬᠢᠮ ᠳᠡᠭᠡᠳᠦ ᠡᠷᠬᠡ ᠠᠱᠢᠭ᠎ᠢᠤᠯᠭᠤᠭᠰᠠᠨ ᠶᠤᠮ᠂ ᠪᠢ ᠤᠯᠠᠨ ᠲᠦᠮᠡᠨ᠎ᠦ ᠰᠡᠳᠭᠢᠯ᠎ᠦᠨ ᠦᠭᠡ᠎ᠶ᠋ᠢ ᠨᠠᠮ ᠪᠣᠯᠤᠨ ᠵᠠᠰᠠᠭ᠎ᠤᠨ ᠣᠷᠳᠣᠨ᠎ᠳᠤ ᠎ᠳᠠᠮᠵᠢᠭᠤᠯᠬᠤ᠎ᠶ᠋ᠢᠬᠦᠰᠡᠵᠦ᠍ ᠪᠠᠢᠨ᠎ᠠ᠃ ᠡᠨᠡ ᠪᠣᠯ ᠮᠢᠨᠦ᠍ ᠬᠠᠷᠢᠭᠤᠴᠠᠯᠭ᠎ᠠ ᠡᠭᠦᠷᠭᠡᠯᠡᠯ᠂ ᠮᠥᠨᠴᠦ᠍ ᠡᠭᠦᠷᠭᠡ ᠬᠠᠷᠢᠭᠤᠴᠠᠯᠭ᠎ᠠ᠎ᠪᠤᠯᠤᠨ᠎ᠠ》 ᠭᠡᠵᠦ᠍ ᠹᠸᠩ ᠶᠠᠨ ᠯᠢᠱᠢᠭᠤᠷᠬᠠᠢ ᠬᠡᠯᠡᠨ᠎ᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面