2022-03-01 10:59:52
ᠡᠨᠡ ᠵᠢᠯ ᠪᠣᠯ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠮᠧᠩ ᠼᠤᠤ ᠪᠦᠯᠦᠭ᠌ᠯᠡᠯ᠎ᠦᠨ ᠬᠡᠷᠡᠭ ᠮᠡᠳᠡᠭ᠌ᠴᠢᠳ᠎ᠦᠨ ᠳᠠᠷᠤᠭ᠎ᠠ ᠸᠠᠩ ᠵᠤᠤ ᠮᠢᠩ᠎ᠤᠨ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ ᠪᠣᠯᠤᠭ᠍ᠰᠠᠨ ᠲᠤᠱᠢᠶᠠᠯ ᠬᠠᠷᠢᠭᠤᠴᠠᠯᠭ᠎ᠠ ᠪᠠᠨ ᠭᠦᠢᠴᠡᠳᠭᠡᠭ᠌ᠰᠡᠨ ᠠᠷᠪᠠᠳᠡᠬᠢ ᠵᠢᠯ ᠪᠣᠯᠤᠨ᠎ᠠ᠃ ᠬᠠᠷᠠᠬᠠᠨ ᠪᠠᠭ᠎ᠠ᠎ᠠᠴᠠ᠎ᠪᠠᠨ ᠥᠪᠥᠷ ᠮᠣᠩᠭᠣᠯ᠎ᠤᠨ ᠮᠠᠯᠵᠢᠬᠤ ᠣᠷᠣᠨ᠎ᠳᠤ ᠦᠰᠦᠨ ᠪᠣᠢᠵᠢᠭ᠍ᠰᠠᠨ ᠲᠡᠷᠡ᠂ ᠡᠨᠡ 10 ᠵᠢᠯ᠎ᠦᠨ ᠲᠤᠷᠰᠢ᠂ ᠨᠤᠲᠤᠭ ᠪᠡᠯᠴᠢᠭᠡᠷ᠎ᠤᠨ ᠠᠮᠢ ᠠᠬᠤᠶ᠎ᠶ᠋ᠢ ᠰᠡᠷᠭᠦᠭᠡᠨ ᠵᠠᠰᠠᠬᠤ᠂ ᠤᠨᠴᠠᠯᠢᠬ᠍ᠳᠤ ᠡᠪᠡᠰᠦᠨ᠎ᠦ ᠦᠶ᠋ᠯᠡᠰ᠎ᠢ ᠬᠦᠭᠵᠢᠭᠦᠯᠬᠦ ᠵᠢ ᠵᠣᠷᠢᠭ᠍ᠵᠢᠭᠤᠯᠤᠨ ᠤᠷᠢᠶᠠᠯᠠᠭ᠍ᠰᠠᠭᠠᠷ ᠢᠷᠡᠭ᠌ᠰᠡᠨ ᠪᠥᠭᠡᠳ ᠪᠦᠯᠬᠦᠮ ᠨᠡᠢᠲᠡ᠎ᠪᠠᠨ ᠳᠠᠭᠠᠭᠤᠯᠤᠨ ᠱᠢᠨᠵᠢᠯᠡᠬᠦ᠌ ᠤᠬᠠᠭᠠᠨ᠎ᠤ ᠰᠤᠳᠤᠯᠭᠠᠨ ᠪᠠ ᠦᠶ᠋ᠯᠡᠳᠦᠯᠭᠡ᠎ᠶ᠋ᠢᠨ ᠡᠮᠦᠨ᠎ᠡ ᠹᠷᠣᠨᠲ᠎ᠲᠤ ᠦᠨᠳᠦᠰᠦᠯᠡᠵᠦ᠍᠂ ᠠᠮᠢ ᠠᠬᠤᠶ ᠶ᠋ᠢ ᠰᠡᠷᠭᠦᠭᠡᠨ ᠵᠠᠰᠠᠬᠤ ᠳᠤᠮᠳᠠᠬᠢ ᠮᠠᠰᠢ ᠣᠯᠠᠨ ᠬᠦᠴᠢᠷ ᠠᠰᠠᠭᠤᠳᠠᠯ᠎ᠢ ᠱᠢᠶ᠋ᠳᠪᠦᠷᠢᠯᠡᠭ᠌ᠰᠡᠭᠡᠷ ᠢᠷᠡᠵᠡᠶ᠃
《ᠬᠦᠳᠡᠭᠡ ᠬᠡᠭᠡᠷ᠎ᠡ ᠭᠦᠨᠵᠡᠭᠡᠢᠷᠡᠪᠡᠯ ᠰᠠᠶᠢ ᠬᠦᠭᠡᠮᠳᠦᠭ ᠨᠤᠭᠤᠭ᠎ᠠ᠎ᠨᠢ ᠰᠤᠨᠢᠷᠬᠠᠵᠤ ᠴᠢᠳᠠᠨ᠎ᠠ》᠃ ᠡᠨᠡ ᠪᠣᠯ ᠸᠠᠩ ᠵᠤᠤ ᠮᠢᠩ᠎ᠦᠨ ᠦᠷᠭᠦᠯᠵᠢ ᠶᠠᠷᠢᠳᠠᠭ ᠦᠭᠡ᠃ ᠣᠯᠠᠨ ᠵᠢᠯ᠎ᠤᠨ ᠲᠤᠷᠰᠢᠬᠢ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠭ᠌ᠰᠡᠨ ᠥᠩᠭᠡᠷᠡᠯᠲᠡ ᠪᠡᠷ ᠲᠠᠮᠵᠢᠭᠤᠯᠵᠦ᠂ ᠭᠠᠭᠴᠠᠬᠦ᠌ ᠡᠮᠦᠨ᠎ᠡ ᠹᠷᠣᠨᠲ᠎ᠲᠤ ᠭᠦᠨᠵᠡᠭᠡᠢᠷᠡᠵᠦ᠍᠂ ᠤᠯᠠᠨ ᠲᠦᠮᠡᠨ᠎ᠤ ᠲᠤᠮᠳᠠ ᠭᠦᠨᠵᠡᠭᠡᠢᠷᠡᠪᠡᠯ ᠰᠠᠶᠢ ᠠᠰᠠᠭᠤᠳᠠᠯ ᠢ ᠢᠯᠡᠷᠡᠭᠦᠯᠵᠦ᠍᠂ ᠠᠰᠠᠭᠤᠳᠠᠯ ᠢ ᠱᠢᠶ᠋ᠳᠪᠦᠷᠢᠯᠡᠵᠦ᠍ ᠴᠢᠳᠠᠨ᠎ᠠ ᠬᠡᠳᠡᠭ᠎ᠢ ᠲᠡᠷᠡ ᠤᠬᠠᠵᠠᠢ᠃ ᠲᠡᠷᠡ ᠢᠩᠭᠢᠵᠦ᠍ ᠬᠡᠯᠡᠭ᠌ᠰᠡᠨ ᠪᠥᠭᠡᠳ ᠪᠠᠰᠠ ᠢᠩᠭᠢᠵᠦ᠍ ᠬᠢᠵᠦ ᠢᠷᠡᠭᠰᠡᠨ ᠶᠤᠮ᠃ 2021 ᠣᠨ ᠳᠤ᠂ ᠤᠨᠴᠠᠯᠢᠬ᠍ᠳᠤ ᠦᠷ᠎ᠡ ᠶ᠋ᠢᠨ ᠦᠢᠯᠡᠰ ᠦᠨ ᠴᠢᠨᠠᠷ ᠰᠠᠢᠲᠠᠢ ᠬᠥᠭ᠌ᠵᠢᠯᠲᠡ ᠶ᠋ᠢᠨ ᠵᠠᠮ ᠢ ᠨᠡᠩ ᠭᠦᠨᠵᠡᠭᠡᠢ ᠰᠦᠪᠡᠭ᠌ᠴᠢᠯᠡᠬᠦ᠌ ᠶ᠋ᠢᠨ ᠲᠥᠯᠥᠭᠡ᠂ ᠸᠠᠩ ᠵᠤᠤ ᠮᠢᠩ ᠪᠣᠯᠤᠨ ᠲᠡᠭᠦᠨ ᠦ ᠪᠦᠯᠬᠦᠮ᠎ᠤᠨ ᠭᠤᠤᠯᠯᠠᠬᠤ ᠬᠦᠴᠦᠨ ᠭᠤᠸᠠᠩᠰᠢ᠂ ᠶᠦᠨᠨᠠᠨ᠂ ᠰᠸᠴᠤᠸᠠᠨ᠂ ᠭᠠᠨᠰᠦ᠂ ᠬᠥᠬᠡᠨᠠᠭᠤᠷ ᠵᠡᠷᠭᠡ ᠭᠠᠵᠠᠷ ᠣᠷᠣᠨ᠎ᠳᠤ ᠢᠳᠡᠪᠬᠢᠲᠡᠢ ᠪᠡᠷ ᠲᠤᠱᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ᠌ ᠪᠠᠢᠴᠠᠭᠠᠨ ᠰᠤᠳᠤᠯᠤᠯᠲᠠ ᠬᠢᠵᠡᠢ᠃ 《ᠨᠢᠭᠡ ᠭᠠᠵᠠᠷ᠎ᠲᠤ ᠶᠠᠮᠠᠷ ᠤᠷᠭᠤᠮᠠᠯ ᠣᠷᠭᠣᠬᠣ᠎ᠶ᠋ᠢ ᠶᠠᠮᠠᠷ ᠨᠢᠭᠡᠨ ᠬᠥᠮᠦᠨ ᠲᠣᠭ᠍ᠲᠠᠭᠠᠳᠠᠭ ᠪᠢᠰᠢ᠂ ᠬᠠᠷᠢᠨ ᠲᠣᠰ ᠭᠠᠵᠠᠷ ᠣᠷᠣᠨ᠎ᠤ ᠠᠭᠤᠷ ᠠᠮᠢᠰᠭᠤᠯ᠂ ᠭᠠᠵᠠᠷᠤᠨᠪᠠᠢᠴᠠ᠂ᠬᠥᠷᠥᠰᠥ᠍ᠱᠢᠷᠣᠢ᠂ ᠣᠰᠣᠨ᠎ᠤ ᠡᠬᠢ ᠪᠠᠶᠠᠯᠢᠭ ᠵᠡᠷᠭᠡ ᠪᠠᠢᠭᠠᠯᠢ᠎ᠶ᠋ᠢᠨ ᠬᠦᠴᠦᠨ ᠵᠦᠢᠯ᠎ᠢᠶᠡᠷ ᠲᠣᠭ᠍ᠳᠠᠭᠠᠭ᠍ᠳᠠᠳᠠᠭ᠃ ᠬᠤᠲᠠ ᠠᠴᠠ ᠬᠤᠲᠠ ᠶ᠋ᠢᠨ ᠲᠡᠭᠦᠷᠭᠡ᠂ ᠬᠤᠲᠠ ᠶ᠋ᠢᠨ ᠲᠡᠭᠦᠷᠭᠡ᠎ᠡᠴᠡ ᠬᠡᠭᠡᠷ᠎ᠡ ᠲᠠᠯ᠎ᠠ ᠬᠦᠷᠲᠡᠯ᠎ᠡ᠂ ᠪᠤᠰᠤᠳᠴᠢ ᠪᠠᠷ ᠬᠡᠯᠡᠪᠡᠯ᠂ ᠪᠢᠳᠡ ᠶᠠᠭᠤ ᠲᠠᠷᠢᠶ᠎ᠠ ᠭᠡᠪᠡᠯ ᠶᠠᠭᠤ ᠲᠠᠷᠢᠴᠢᠬᠠᠳᠠᠭ ᠪᠢᠰᠢ᠂ ᠬᠠᠷᠢᠨ ᠭᠠᠵᠠᠷ ᠲᠠᠷᠢᠶᠠᠨ᠎ᠳᠤ ᠶᠠᠭᠤ ᠬᠡᠷᠡᠭ᠌ᠴᠡᠭᠡ ᠲᠡᠶ ᠪᠣᠯ ᠶᠠᠭᠤ ᠵᠢ ᠲᠠᠷᠢᠳᠠᠭ᠃ ᠡᠢᠮᠦ᠍ ᠡᠴᠡ ᠦᠷ᠎ᠡ ᠶ᠋ᠢᠨ ᠦᠶ᠋ᠯᠡᠰ ᠦᠨ ᠬᠠᠮᠠᠭᠠᠯᠠᠯᠲᠠ᠂ ᠱᠢᠨᠵᠢᠯᠡᠬᠦ᠌ ᠤᠬᠠᠭᠠᠨ᠎ᠤ ᠰᠤᠳᠤᠯᠭᠠᠨ ᠪᠠ ᠬᠡᠷᠡᠭ᠌ᠯᠡᠯᠲᠡ ᠨᠢ ᠶᠡᠷᠦᠩᠬᠡᠢᠯᠡᠭ᠌ᠰᠡᠨ᠂ ᠣᠯᠠᠨ ᠱᠢᠨᠵᠢᠯᠡᠭᠡᠨ᠎ᠦ ᠰᠠᠯᠠᠭ᠎ᠠ ᠵᠢ ᠠᠭᠤᠰᠤᠯᠴᠠᠭᠤᠯᠤᠭ᠍ᠰᠠᠨ ᠴᠤᠭ᠍ᠯᠠᠭᠤᠯᠬᠤ᠂ ᠬᠠᠳᠠᠭᠠᠯᠠᠬᠤ᠂ ᠰᠤᠳᠤᠯᠬᠤ᠂ ᠪᠣᠢᠵᠢᠭᠤᠯᠬᠤ᠂ᠥᠷᠭᠡᠳᠭᠡᠬᠦ᠂ᠬᠡᠷᠡᠭᠯᠡᠨ ᠳᠡᠯᠭᠡᠷᠡᠭᠦᠯᠬᠦ ᠵᠢ ᠨᠢᠭᠡ ᠴᠣᠭ᠍ᠴᠠᠵᠢᠭᠤᠯᠤᠭ᠍ᠰᠠᠨ ᠵᠠᠭ᠍ᠪᠤᠷ᠎ᠢ ᠪᠦᠷᠢᠯᠳᠦᠭᠦᠯᠵᠦ᠂ ᠬᠡᠷᠡᠭ᠌ᠴᠡᠭᠡ᠎ᠲᠡᠶ ᠦᠷ᠎ᠡ᠎ᠶ᠋ᠢ ᠬᠡᠷᠡᠭ᠌ᠴᠡᠭᠡ᠎ᠲᠡᠶ ᠭᠠᠵᠠᠷ ᠲᠤᠨᠢ ᠲᠠᠷᠢᠬᠤ ᠬᠡᠷᠡᠭ᠌ᠲᠡᠶ》 ᠭᠡᠵᠦ ᠸᠠᠩ ᠵᠤᠤ ᠮᠢᠩ ᠦᠷ᠎ᠡ ᠶ᠋ᠢᠨ ᠦᠢᠯᠡᠰ᠎ᠦᠨ ᠬᠥᠭ᠌ᠵᠢᠯᠲᠡ ᠶ᠋ᠢᠨ ᠴᠢᠬᠤᠯᠠ ᠴᠢᠨᠠᠷ ᠤᠨ ᠲᠤᠬᠠᠢ ᠶᠠᠷᠢᠨ᠎ᠠ᠃
ᠤᠯᠠᠨ ᠵᠢᠯ᠎ᠦᠨ ᠲᠤᠷᠰᠢ᠂ ᠸᠠᠩ ᠵᠤᠤ ᠮᠢᠩ᠎ᠦᠨ ᠲᠠᠭᠠᠭᠤᠯᠭ᠎ᠠ ᠳᠣᠣᠷᠠᠬᠢ ᠮᠸᠩ ᠼᠤᠤ ᠪᠦᠯᠦᠭ᠌ᠯᠡᠯ ᠤᠨᠴᠠᠯᠢᠬ᠍ᠳᠤ ᠨᠤᠲᠤᠭ᠎ᠤᠨ ᠦᠷ᠎ᠡ᠎ᠶ᠋ᠢᠨ ᠡᠬᠢ ᠪᠠᠶᠠᠯᠢᠭ ᠢ 2000 ᠱᠢᠬᠠᠮ ᠵᠦᠢᠯ᠂ 4.8 ᠲᠦᠮᠡᠨ ᠬᠤᠪᠢ; ᠦᠯᠢᠭᠡᠷ᠎ᠢ 12 ᠲᠦᠮᠡᠨ ᠬᠤᠪᠢ᠂ ᠬᠥᠷᠥᠰᠥ᠍ ᠱᠢᠷᠣᠢ᠎ᠶ᠋ᠢᠨ ᠦᠯᠢᠭᠡᠷ᠎ᠢ 140 ᠲᠦᠮᠡᠨ ᠬᠤᠪᠢ ᠴᠤᠭ᠍ᠯᠠᠭᠤᠯᠤᠨ ᠬᠠᠳᠠᠭᠠᠯᠠᠵᠠᠢ; ᠥᠪᠥᠷ ᠮᠣᠩᠭᠣᠯ᠂ ᠲᠥᠪᠡᠳ᠂ ᠱᠠᠨᠰᠢ᠂ ᠬᠥᠬᠡᠨᠠᠭᠤᠷ ᠵᠡᠷᠭᠡ ᠭᠠᠵᠠᠷ᠎ᠲᠤ 18 ᠦᠷ᠎ᠡ᠎ᠶ᠋ᠢᠨ ᠦᠶ᠋ᠯᠡᠰ᠎ᠦᠨ ᠰᠤᠳᠤᠯᠭᠠᠨ ᠤ ᠬᠦᠷᠢᠶᠡᠯᠡᠩ ᠢ ᠪᠠᠢᠭᠤᠯᠵᠤ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠮᠡᠷᠭᠡᠵᠢᠯ ᠳᠦ ᠲᠦᠱᠢᠭ᠌ᠯᠡᠨ᠂ ᠨᠤᠲᠤᠭ ᠤᠨ ᠤᠷᠭᠤᠮᠠᠯ᠎ᠤᠨ ᠡᠪᠡᠰᠦᠨ ᠦᠷ᠎ᠡ᠎ᠪᠡᠷ ᠲᠤᠬᠠᠶ᠎ᠶ᠋ᠢᠨ ᠭᠠᠵᠠᠷ᠎ᠤᠨ ᠠᠮᠢ ᠠᠬᠤᠶ᠎ᠶ᠋ᠢᠨ ᠣᠷᠴᠢᠨ ᠲᠣᠭᠣᠷᠢᠨ᠎ᠢ ᠵᠠᠰᠠᠨ ᠰᠡᠷᠭᠦᠭᠡᠵᠦ᠍᠂ ᠠᠮᠢ ᠠᠬᠤᠶ᠎ᠶ᠋ᠢᠨ ᠰᠡᠷᠬᠦᠭᠡᠯᠳᠡ ᠵᠢ ᠤᠷᠤᠨ ᠨᠤᠲᠤᠭᠴᠢᠯᠠᠬᠤ᠂ ᠡᠬᠢ ᠪᠠᠶᠠᠯᠢᠭ᠍ᠵᠢᠭᠤᠯᠬᠤ ᠪᠠ ᠳ᠋ᠠᠢᠲ᠋ᠠᠵᠢᠭᠤᠯᠬᠤ ᠱᠢᠨ᠎ᠡ ᠵᠠᠭ᠍ᠪᠤᠷ ᠢ ᠡᠭᠦᠳᠦᠭᠰᠡᠨ ᠪᠠᠢᠨ᠎ᠠ᠃
ᠪᠦᠬᠦ᠌ ᠤᠯᠤᠰ ᠤᠨ ᠬᠣᠶᠠᠷ ᠬᠤᠷᠠᠯ ᠤᠳᠠᠯ ᠦᠭᠡᠢ ᠬᠤᠷᠠᠯᠳᠤᠬᠤ ᠪᠤᠯᠤᠭᠰᠠᠨ ᠵᠢᠡᠷ᠂ ᠡᠨᠡ ᠬᠡᠳᠦᠨ ᠡᠳᠦᠷ ᠸᠠᠩ ᠵᠤᠤ ᠮᠢᠩ ᠬᠤᠷᠠᠯ ᠳ᠋ᠤ ᠲᠡᠪᠰᠢᠬᠦᠯᠬᠦ ᠰᠠᠨᠠᠯ ᠲᠤᠷᠠᠳᠤᠯᠭ᠎ᠠ ᠪᠠᠨ ᠲᠡᠭᠦᠯᠳᠡᠷᠵᠢᠭᠦᠯᠦᠭᠡᠳ ᠶᠠᠭᠠᠷᠠᠨ᠎ᠠ᠃ ᠲᠡᠷᠡ᠂ 《ᠤᠯᠤᠰ ᠤᠨ ᠲᠣᠭᠠᠴᠢᠯᠠᠭ᠍ᠰᠠᠨ ᠦᠷ᠎ᠡ ᠶ᠋ᠢᠨ ᠦᠢᠯᠡᠰ᠎ᠦᠨ ᠱᠢᠰᠲ᠋ᠧᠮ》 ᠢ ᠪᠠᠢᠭᠤᠯᠵᠤ᠂ ᠲᠣᠭᠠᠴᠢᠯᠠᠭ᠍ᠰᠠᠨ ᠮᠡᠷᠭᠡᠵᠢᠯ ᠢᠶᠡᠷ ᠪᠦᠬᠦ᠌ ᠤᠯᠤᠰ᠎ᠤᠨ ᠡᠯ᠎ᠡ ᠭᠠᠵᠠᠷ᠎ᠤᠨ ᠣᠨᠴᠠᠯᠢᠭᠳᠤ ᠦᠷ᠎ᠡ᠎ᠶ᠋ᠢᠨ ᠡᠬᠢ ᠪᠠᠶᠠᠯᠢᠭ᠎ᠢ ᠪᠦᠬᠦᠨ᠎ᠢ ᠴᠤᠭ᠍ᠯᠠᠭᠤᠯᠵᠤ᠂ ᠬᠢᠨᠠᠨ ᠲᠣᠭ᠍ᠲᠠᠭᠠᠵᠤ᠂ ᠦᠨᠡᠯᠡᠵᠦ᠍᠂ ᠬᠠᠮᠠᠭᠠᠯᠠᠵᠤ᠂ ᠬᠡᠷᠡᠭ᠌ᠯᠡᠵᠦ᠍᠂ ᠤᠯᠤᠰ᠎ᠤᠨ ᠣᠨᠴᠠᠯᠢᠭᠳᠤ ᠦᠷ᠎ᠡ᠎ᠶ᠋ᠢᠨ ᠦᠢᠯᠡᠰ᠎ᠦᠨ ᠬᠥᠭ᠌ᠵᠢᠯᠲᠡ᠎ᠶ᠋ᠢᠨ ᠱᠢᠰᠲ᠋ᠧᠮ᠎ᠢ ᠪᠦᠷᠢᠯᠳᠦᠭᠦᠯᠬᠦ; 《ᠣᠨᠴᠠᠯᠢᠭ᠍ᠲᠤ ᠦᠷ᠎ᠡ᠎ᠶ᠋ᠢᠨ ᠦᠶ᠋ᠯᠡᠰ᠎ᠢ ᠪᠣᠢᠵᠢᠭᠤᠯᠤᠨ ᠦᠷᠡᠵᠢᠭᠦᠯᠬᠦ᠌ ᠳᠡᠯᠭᠡᠷᠡᠭᠦᠯᠬᠦ᠌ ᠵᠠᠭ᠍ᠪᠤᠷ》᠎ᠢ ᠲᠡᠭᠦᠯᠳᠡᠷᠵᠢᠭᠦᠯᠵᠦ᠍᠂ ᠡᠪᠡᠰᠦᠨ᠎ᠤ ᠦᠷ᠎ᠡ᠎ᠶ᠋ᠢᠨ ᠦᠶ᠋ᠯᠡᠰ᠂ ᠣᠷᠣᠨ ᠨᠤᠲᠤᠭ ᠤᠨ ᠣᠨᠴᠠᠯᠢᠭ᠍ᠲᠤ ᠦᠷ᠎ᠡ ᠶ᠋ᠢᠨ ᠢᠷᠡᠯᠲᠡ ᠶ᠋ᠢ ᠬᠢᠨᠠᠨ ᠲᠣᠭ᠍ᠲᠠᠭᠠᠵᠤ᠂ ᠱᠠᠲᠤ ᠲᠥᠷᠥᠯ ᠬᠤᠪᠢᠶᠠᠨ ᠬᠠᠮᠠᠭᠠᠯᠠᠬᠤ᠂ ᠨᠠᠷᠢᠯᠢᠭ ᠤᠨᠤᠴᠠᠲᠠᠢ ᠪᠡᠷ ᠰᠠᠢᠵᠢᠷᠠᠭᠤᠯᠬᠤ᠎ᠶ᠋ᠢ ᠴᠢᠩᠭᠠᠳᠬᠠᠬᠤ ᠲᠤᠬᠠᠢ ᠰᠠᠨᠠᠯ ᠲᠤᠷᠠᠳᠤᠯᠭ᠎ᠠ ᠪᠡᠯᠡᠳᠬᠡᠵᠠᠢ᠃ ᠲᠡᠷᠡ ᠪᠠᠰᠠ ᠤᠯᠤᠰ᠎ᠤᠨ ᠰᠠᠢᠨ ᠡᠭᠦᠯᠳᠡᠷ᠎ᠦᠨ ᠢᠨᠵᠧᠨᠧᠷᠢᠩ᠎ᠢ ᠡᠬᠢᠯᠡᠭᠦᠯᠬᠦ᠌ ᠶ᠋ᠢ ᠰᠠᠨᠠᠭᠠᠴᠢᠯᠠᠵᠤ ᠪᠠᠢᠯ᠎ᠠ᠂ ᠵᠢᠱ᠌ᠢᠶᠡᠯᠡᠪᠡᠯ ᠡᠪᠡᠰᠦᠨ᠎ᠤ ᠦᠷ᠎ᠡ ᠶ᠋ᠢᠨ ᠦᠶ᠋ᠯᠡᠳᠪᠦᠷᠢᠯᠡᠯ᠎ᠦᠨ ᠵᠢᠱ᠌ᠢᠶ᠎ᠡ ᠦᠵᠡᠭᠦᠯᠬᠦ᠌ ᠣᠷᠣᠨ ᠡᠴᠡ ᠲᠡᠵᠢᠭᠡᠯ ᠡᠪᠡᠰᠦᠨ᠎ᠦ ᠰᠠᠢᠨ ᠡᠭᠦᠯᠳᠡᠷ᠂ ᠠᠮᠢ ᠠᠬᠤᠶ᠎ᠵᠢᠨ ᠬᠡᠷᠡᠭᠯᠡᠭᠡᠨ᠎ᠤ ᠦᠷ᠎ᠡ ᠶ᠋ᠢ ᠲᠡᠳᠬᠦᠨ ᠳᠡᠮᠵᠢᠵᠦ᠍᠂ ᠤᠯᠤᠰ᠎ᠤᠨ ᠪᠠᠢᠳᠠᠯ ᠪᠠ ᠭᠠᠵᠠᠷ ᠣᠷᠣᠨ᠎ᠤ ᠪᠠᠢᠳᠠᠯ᠎ᠳᠤ ᠨᠡᠢᠴᠡᠭ᠌ᠰᠡᠨ ᠪᠡᠯᠴᠢᠭᠡᠷ᠎ᠤᠨ ᠲᠠᠷᠢᠶᠠᠯᠠᠩ ᠤᠨ ᠬᠥᠭ᠌ᠵᠢᠯᠲᠡ ᠪᠠ ᠬᠥᠳᠡᠭᠡ ᠲᠣᠰᠭᠣᠨ ᠢ ᠬᠥᠭ᠌ᠵᠢᠭᠦᠯᠦᠨ ᠮᠠᠨᠳᠤᠭᠤᠯᠬᠤ ᠵᠠᠭ᠍ᠪᠤᠷ ᠢ ᠰᠦᠪᠡᠭ᠌ᠴᠢᠯᠡᠪᠡᠯ ᠵᠤᠬᠢᠨ᠎ᠠ ᠭᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃