2022-03-03 11:33:13
ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ᠎ᠤᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠢ ᠬᠠᠮᠠᠭᠠᠯᠠᠬᠤ ᠲᠥᠪ᠎ᠦᠨ ᠡᠷᠬᠢᠯᠡᠭ᠌ᠴᠢ ᠵᠢᠶ ᠫᠢᠩ ᠥᠪᠥᠷ ᠮᠣᠩᠭᠣᠯ᠎ᠤᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠢ ᠬᠠᠮᠠᠭᠠᠯᠠᠬᠤ ᠪᠠ ᠠᠱᠢᠭ᠍ᠯᠠᠬᠤᠠᠵᠢᠯ ᠳᠤ ᠠᠨᠭᠬᠠᠷᠤᠯ ᠵᠢᠨᠨ ᠬᠠᠨᠳᠤᠭᠤᠯᠤᠭᠰᠠᠭᠠᠷ ᠢᠷᠡᠵᠡᠢ᠃ ᠵᠢᠯ ᠪᠦᠷᠢ᠎ᠶ᠋ᠢᠨ ᠬᠣᠶᠠᠷ ᠬᠤᠷᠠᠯ ᠠᠴᠠ ᠡᠮᠤᠨ᠎ᠠ᠂ ᠲᠡᠷᠡ ᠴᠠᠭ ᠪᠠ ᠤᠶᠤᠨ᠎ᠢᠶᠡᠨ ᠰᠢᠪᠬᠠᠨ᠂ ᠰᠠᠨᠠᠯ ᠳᠤᠷᠠᠳᠤᠯᠭ᠎ᠠ ᠵᠢᠴᠢ ᠨᠡᠢᠭᠡᠮ᠎ᠦᠨ ᠪᠠᠢᠳᠠᠯ ᠠᠷᠠᠳ᠎ᠤᠨ ᠰᠠᠨᠠᠭ᠎ᠠ ᠶ᠋ᠢ ᠲᠤᠰᠬᠠᠭᠰᠠᠨ ᠮᠠᠲ᠋ᠧᠷᠢᠶᠠᠯ᠎ᠤᠳ ᠵᠢᠡᠨ ᠴᠤᠭ᠍ᠯᠠᠭᠤᠯᠤᠨ ᠡᠮᠬᠢᠳᠭᠡᠳᠡᠭ᠃
ᠵᠢᠶ ᠫᠢᠩ ᠲᠡᠦᠬᠡ ᠶ᠋ᠢᠨ ᠳᠤᠷᠠᠰᠭᠠᠯᠲᠤ ᠵᠦᠶ᠋ᠯ ᠬᠠᠭᠤᠴᠢ ᠰᠤᠳᠤᠯᠤᠯ ᠪᠣᠯᠤᠨ ᠲᠡᠦᠬᠡ ᠶ᠋ᠢᠨ ᠳᠤᠷᠠᠰᠭᠠᠯᠲᠤ ᠵᠦᠶ᠋ᠯ᠎ᠦᠨ ᠬᠠᠮᠠᠭᠠᠯᠠᠯᠲᠠ᠎ᠶ᠋ᠢᠨ ᠠᠵᠢᠯ᠎ᠢ 40 ᠱᠢᠬᠠᠮ ᠵᠢᠯ ᠬᠢᠵᠦ ᠢᠷᠡᠵᠡᠢ᠂ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠢ ᠬᠡᠷᠬᠢᠨ ᠨᠠᠩ ᠰᠠᠢᠲᠤᠷ ᠬᠠᠮᠠᠭᠠᠯᠠᠬᠤ ᠪᠠ ᠠᠱᠢᠭ᠍ᠯᠠᠬᠤ ᠪᠣᠯ ᠲᠡᠭᠦᠨ ᠦ ᠪᠥᠬᠥ᠌ ᠤᠯᠤᠰ᠎ᠤᠨ ᠬᠣᠶᠠᠷ ᠬᠤᠷᠠᠯ ᠳᠡᠭᠡᠷ᠎ᠡ ᠬᠠᠮᠤᠭ ᠠᠴᠠ ᠠᠩᠬᠠᠷᠳᠠᠭ ᠠᠭᠤᠯᠭ᠎ᠠ ᠪᠣᠯᠤᠨ᠎ᠠ᠃
ᠲᠡᠭᠦᠨ᠎ᠤ ᠦᠵᠡᠬᠦ᠌᠎ᠪᠡᠷ᠂ ᠬᠠᠭᠤᠴᠢ ᠰᠤᠳᠤᠯᠤᠯ᠎ᠤᠨ ᠠᠭᠤᠳᠠᠯᠤᠯᠲᠠ ᠪᠤᠯ ᠲᠡᠦᠬᠡ᠎ᠶ᠋ᠢᠨ ᠲᠡᠩᠭᠡᠯᠢᠭ ᠢ᠋ ᠤᠷᠲᠤᠳᠭᠠᠵᠤ᠂ ᠲᠡᠦᠬᠡ ᠶ᠋ᠢᠨ ᠢᠲᠡᠭᠡᠮᠵᠢ᠎ᠶ᠋ᠢ ᠨᠡᠮᠡᠭ᠌ᠳᠡᠭᠦᠯᠤᠨ᠂ ᠲᠡᠦᠬᠡ᠎ᠶ᠋ᠢᠨ ᠠᠭᠤᠯᠤᠭ᠍ᠳᠠᠬᠤᠨ᠎ᠢ ᠪᠠᠶᠠᠯᠢᠭ᠍ᠵᠢᠭᠤᠯᠵᠤ᠂ ᠲᠡᠦᠬᠡ᠎ᠶ᠋ᠢᠨ ᠠᠬᠤᠢ ᠪᠠᠢᠳᠠᠯ᠎ᠢ ᠠᠮᠢᠯᠠᠭᠤᠯᠵᠤ᠂ ᠳᠤᠮᠳᠠᠳᠤ᠎ᠶ᠋ᠢᠨ ᠪᠣᠯᠪᠠᠰᠤᠨ᠎ᠤ ᠡᠭᠦᠰᠦᠯ ᠬᠥᠭ᠌ᠵᠢᠯ᠎ᠤᠨ ᠲᠡᠦᠬᠡᠨ ᠰᠤᠳᠠᠰᠤ᠎ᠶ᠋ᠢ ᠢᠯᠡᠷᠡᠭᠦᠯᠤᠨ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤᠴᠣᠭ᠍ᠴᠠᠯᠠᠬᠤᠳᠤ ᠲᠤᠢᠯ᠎ᠤᠨ ᠴᠢᠬᠤᠯᠠ ᠪᠠᠢᠯᠳᠤᠬᠤ ᠪᠤᠳᠤᠯᠭ᠎ᠠ᠎ᠶ᠋ᠢᠨ ᠠᠴᠢ ᠬᠣᠯᠪᠣᠭ᠍ᠳᠠᠯ᠎ᠲᠠᠶ ᠶᠤᠮ᠃
《ᠲᠡᠦᠬᠡ ᠶ᠋ᠢᠨ ᠳᠤᠷᠠᠰᠭᠠᠯᠲᠤ ᠵᠦᠢᠯᠡᠰ ᠨᠢ ᠭᠡᠷᠡᠯ ᠰᠠᠴᠤᠷᠠᠩᠭᠤᠢ ᠪᠣᠯᠪᠠᠰᠤᠨ᠎ᠢ ᠠᠴᠢᠶᠠᠯᠠᠵᠤ᠂ ᠲᠡᠦᠬᠡ ᠰᠣᠶᠣᠯ᠎ᠢ ᠤᠯᠠᠮᠵᠢᠯᠠᠨ ᠵᠠᠯᠭᠠᠮᠵᠢᠯᠠᠵᠤ᠂ ᠦᠨᠳᠦᠰᠦᠲᠡᠨ᠎ᠦ ᠵᠣᠷᠢᠭ ᠰᠠᠨᠠᠭ᠎ᠠ᠎ᠶ᠋ᠢ ᠬᠠᠮᠠᠭᠠᠯᠠᠵᠤ ᠪᠠᠢᠳᠠᠭ᠃ ᠮᠠᠨ᠎ᠤ ᠣᠷᠣᠨ᠎ᠤ ᠠᠯᠢ ᠤᠯᠠᠨ ᠴᠢᠬᠤᠯᠠ ᠶᠡᠬᠡ ᠬᠠᠭᠤᠴᠢ ᠰᠤᠳᠤᠯᠤᠯ᠎ᠤᠨ ᠢᠯᠡᠷᠡᠭᠦᠯᠦᠯᠲᠡ ᠨᠢ ᠳᠤᠮᠳᠠᠳᠤ᠎ᠶ᠋ᠢᠨ ᠦᠨᠳᠦᠰᠦᠲᠡᠨ᠎ᠦ ᠬᠦᠴᠦᠷᠬᠡᠭ ᠶᠡᠬᠡ ᠨᠢᠭ᠍ᠲᠠᠷᠠᠯ ᠤᠨ ᠬᠦᠴᠦᠨ ᠪᠠ ᠲᠥᠪᠯᠡᠷᠡᠩᠭᠦᠢ ᠬᠦᠴᠦᠨ᠎ᠢ ᠲᠤᠪᠤᠢ᠌ᠮ᠎ᠠ ᠲᠤᠰᠭᠠᠵᠤ ᠪᠠᠢᠳᠠᠭ》 ᠭᠡᠵᠦ ᠵᠶ᠋ᠢ ᠫᠢᠩ ᠬᠡᠯᠡᠨ᠎ᠡ᠃ ᠲᠡᠷᠡ᠂ ᠶᠤᠸᠠᠨ᠎ᠤ ᠳᠡᠭᠡᠳᠦ ᠨᠡᠢᠰᠯᠡᠯ᠎ᠦᠨ ᠪᠠᠭᠤᠷᠢ ᠪᠣᠯ ᠮᠠᠨ᠎ᠤ ᠣᠷᠣᠨ᠎ᠤ ᠴᠤᠷ᠎ᠤᠨ ᠭᠠᠭ᠍ᠴᠠ ᠳᠡᠯᠡᠬᠡᠢ᠎ᠶ᠋ᠢᠨ ᠰᠣᠶᠣᠯ᠎ᠤᠨ ᠥᠪ ᠮᠦᠨ᠂ ᠨᠡᠩ ᠴᠤ᠌ ᠳᠤᠮᠳᠠᠳᠤ ᠣᠷᠣᠨ᠎ᠤ ᠲᠠᠷᠢᠶᠠᠯᠠᠬᠤ ᠰᠣᠶᠣᠯ ᠪᠣᠯᠤᠨ ᠲᠠᠯ᠎ᠠ ᠨᠤᠲᠤᠭ᠎ᠤᠨ ᠨᠡᠭᠦᠳᠡᠯ ᠮᠠᠯᠵᠢᠯ᠎ᠤᠨ ᠰᠣᠶᠣᠯ᠎ᠤᠨ ᠠᠭᠤᠰᠤᠯᠴᠠᠯ᠎ᠤᠨ ᠪᠦᠲᠦᠭᠡᠭ᠌ᠳᠡᠬᠦᠨ ᠪᠠᠢᠵᠤ᠂ ᠶᠤᠸᠠᠨ ᠤᠯᠤᠰ᠎ᠤᠨ ᠴᠡᠴᠡᠭ᠌ᠯᠡᠨ ᠬᠥᠭ᠌ᠵᠢᠭ᠌ᠰᠡᠨ ᠨᠡᠢᠭᠡᠮ᠎ᠦᠨ ᠬᠡᠯᠪᠡᠷᠢ᠂ ᠠᠭᠤᠰᠤᠯᠴᠠᠨ ᠨᠡᠢᠯᠡᠯᠴᠡᠭᠰᠡᠨ ᠦᠨᠳᠦᠰᠦᠲᠡᠨ᠎ᠦ ᠬᠠᠷᠢᠴᠠᠭ᠎ᠠ᠎ᠶ᠋ᠢ ᠳᠠᠬᠢᠨ ᠢᠯᠡᠷᠡᠭᠦᠯᠪᠡ ᠭᠡᠵᠦ ᠵᠢᠱ᠌ᠢᠶᠡᠴᠢᠯᠡᠨ ᠶᠠᠷᠢᠵᠤ ᠪᠠᠢᠯ᠎ᠠ᠃
ᠥᠩᠭᠡᠷᠡᠭ᠌ᠰᠡᠨ 4 ᠵᠢᠯ᠎ᠳᠦ᠂ ᠲᠡᠷᠡ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠦᠢᠯᠡᠰ᠎ᠲᠦ ᠠᠩᠬᠠᠷᠤᠯ᠎ᠢᠶᠠᠨ ᠬᠠᠨᠳᠤᠭᠤᠯᠵᠤ᠂ ᠨᠢᠭᠡ ᠪᠦᠯᠦᠭ ᠴᠢᠨᠠᠷ ᠰᠠᠢᠲᠠᠢ ᠰᠠᠨᠠᠯ ᠳᠤᠷᠠᠳᠤᠯᠭ᠎ᠠ ᠪᠠ ᠰᠠᠨᠠᠭᠤᠯᠭ᠎ᠠ ᠳᠤᠷᠠᠳᠴᠠᠢ᠃ 2018 ᠤᠨ᠂ 2019 ᠣᠨ᠎ᠳᠤ᠂ ᠲᠡᠭᠦᠨ᠎ᠦ ᠳᠡᠪᠱᠢᠭᠦᠯᠦᠭ᠌ᠰᠡᠨ 《ᠥᠪᠥᠷ ᠮᠣᠩᠭᠣᠯ᠎ᠤᠨ ᠦᠨᠳᠦᠰᠦᠲᠡᠨ᠎ᠦ ᠰᠣᠶᠣᠯ᠎ᠤᠨ ᠤᠯᠠᠮᠵᠢᠯᠠᠯᠲᠤ ᠠᠢᠯ ᠲᠣᠰᠭᠣᠨ᠎ᠤ ᠪᠠᠢᠴᠠᠭᠠᠯᠲᠠ ᠪᠠ ᠬᠠᠮᠠᠭᠠᠯᠠᠯᠲᠠ᠎ᠶ᠋ᠢ ᠴᠢᠩᠭᠠᠳᠭᠠᠬᠤ ᠲᠤᠬᠠᠶ ᠰᠠᠨᠠᠯ ᠳᠤᠷᠠᠳᠤᠯᠭ᠎ᠠ》᠂ 《ᠬᠣᠷᠢᠶᠠᠨ ᠬᠠᠳᠠᠭᠠᠯᠠᠭ᠍ᠴᠢ ᠬᠥᠳᠡᠭᠡ ᠲᠣᠰᠭᠣᠨ᠎ᠳᠤ ᠬᠦᠷᠴᠦ᠍ ᠬᠣᠷᠢᠶᠠᠨ ᠬᠠᠳᠠᠭᠠᠯᠠᠬᠤ ᠦᠵᠡᠭᠦᠯᠭᠡ᠎ᠶ᠋ᠢᠨ ᠣᠷᠳᠣᠨ ᠡᠷᠭᠢᠯᠡᠨ ᠨᠡᠬᠡᠬᠡᠵᠤ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ᠌᠎ᠶ᠋ᠢ ᠵᠣᠷᠢᠭ᠍ᠵᠢᠭᠤᠯᠬᠤ ᠲᠤᠬᠠᠶ ᠰᠠᠨᠠᠯ ᠳᠤᠷᠠᠳᠤᠯᠭ᠎ᠠ》 ᠨᠢ ᠴᠥᠮ ᠤᠯᠤᠰ᠎ᠤᠨ ᠬᠠᠮᠢᠶ᠎ᠠ ᠪᠥᠬᠥᠶ ᠰᠠᠯᠠᠭ᠎ᠠ ᠮᠥᠴᠢᠷ᠎ᠦᠨ ᠢᠳᠡᠪᠬᠢᠲᠡᠶ ᠬᠠᠷᠢᠭᠤᠯᠲᠠ ᠪᠠ ᠨᠠᠷᠢᠨ ᠬᠢᠨᠠᠮᠠᠭᠠᠶ ᠱᠢᠶ᠋ᠳᠪᠦᠷᠢᠯᠡᠯᠲᠡᠶ᠋ᠢ ᠣᠯᠤᠭ᠍ᠰᠠᠨ ᠪᠠᠢᠨ᠎ᠠ᠃2020 ᠣᠨ᠎ᠳᠤ᠂ ᠲᠡᠭᠦᠨ᠎ᠦ ᠳᠡᠪᠱᠢᠭᠦᠯᠦᠭ᠌ᠰᠡᠨ 《ᠲᠡᠦᠬᠡ᠎ᠶ᠋ᠢᠨ ᠳᠤᠷᠠᠰᠭᠠᠯᠲᠤ ᠵᠦᠢᠯᠡᠰ ᠢ ᠬᠤᠷᠢᠶᠠᠨ ᠴᠤᠭ᠍ᠯᠠᠭᠤᠯᠬᠤ ᠳᠤᠮᠳᠠ ᠬᠠᠩᠭᠠᠭ᠍ᠴᠢ᠎ᠠᠴᠠ 〈ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠢᠷᠡᠯᠳᠡ᠎ᠶ᠋ᠢᠨ ᠬᠡᠷᠡᠴᠢ〉 ᠭᠠᠷᠭᠠᠵᠤ ᠥᠭ᠌ᠬᠦ ᠵᠢ ᠬᠦᠴᠦᠨ ᠦᠭᠡᠢ ᠪᠣᠯᠭᠠᠬᠤ ᠲᠤᠬᠠᠢ ᠰᠠᠨᠠᠯ ᠳᠤᠷᠠᠳᠤᠯᠭ᠎ᠠ》᠎ᠨᠢ ᠤᠯᠤᠰ᠎ᠤᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠢ ᠬᠠᠮᠠᠭᠠᠯᠠᠬᠤ ᠲᠣᠪᠴᠢᠶ᠎ᠠ᠎ᠶ᠋ᠢᠨ 《ᠮᠦᠽᠧᠢ᠎ᠵᠢᠨ ᠬᠠᠳᠠᠭᠠᠯᠠᠮᠵᠢ ᠵᠢᠨ ᠬᠠᠮᠢᠶᠠᠷᠤᠯᠲᠠ᠎ᠶ᠋ᠢᠨ ᠠᠷᠭ᠎ᠠ》 ᠳ᠋ᠤ ᠵᠠᠰᠠᠪᠤᠷᠢ ᠣᠷᠣᠭᠤᠯᠬᠤ ᠪᠠ 《ᠮᠦᠽᠧᠢ᠎ᠵᠢᠨ ᠬᠠᠳᠠᠭᠠᠯᠠᠮᠵᠢ ᠵᠢ ᠴᠤᠭ᠍ᠯᠠᠭᠤᠯᠬᠤ ᠲᠦᠷᠢᠮ》 ᠢ᠋ ᠲᠣᠭ᠍ᠲᠠᠭᠠᠬᠤ ᠴᠢᠬᠤᠯᠠ ᠯᠠᠪᠯᠠᠯᠲᠠ ᠪᠣᠯᠤᠭ᠍ᠰᠠᠨ ᠪᠠᠢᠨ᠎ᠠ᠃ ᠨᠢᠳᠤᠨᠤᠨ᠎ᠤ ᠪᠦᠬᠦ᠌ ᠤᠯᠤᠰ᠎ᠤᠨ ᠬᠣᠶᠠᠷ ᠬᠤᠷᠠᠯ ᠳᠡᠭᠡᠷ᠎ᠡ᠂ ᠲᠡᠷᠡ ᠬᠤᠪᠢᠰᠭᠠᠯ᠎ᠤᠨ ᠬᠠᠭᠤᠴᠢᠨ ᠰᠠᠭᠤᠴᠠ᠎ᠵᠢ ᠬᠠᠮᠠᠭᠠᠯᠠᠵᠤ ᠰᠡᠯᠪᠢᠨ ᠵᠠᠰᠠᠬᠤ ᠵᠠᠷᠤᠳᠠᠯ᠎ᠤᠨ ᠣᠷᠣᠭᠤᠯᠤᠯᠲᠠ᠎ᠵᠢ ᠨᠡᠮᠡᠭ᠌ᠳᠡᠭᠦᠯᠬᠦ᠌᠂ ᠨᠠᠮ᠎ᠤᠨ ᠵᠠᠭᠤᠨ ᠵᠢᠯ᠎ᠦᠨ ᠲᠡᠦᠬᠡ᠎ᠶ᠋ᠢ ᠲᠤᠰᠭᠠᠭ᠍ᠰᠠᠨ ᠴᠢᠬᠤᠯᠠ ᠶᠡᠬᠡ ᠬᠡᠷᠡᠭ ᠶᠠᠪᠤᠳᠠᠯ᠎ᠤᠨ ᠦᠯᠡᠳᠡᠭᠳᠡᠯ᠂ ᠴᠢᠬᠤᠯᠠ ᠬᠤᠷᠠᠯ᠎ᠤᠨ ᠪᠠᠭᠤᠷᠢ᠂ ᠴᠢᠬᠤᠯᠠ ᠪᠠᠢᠭᠤᠯᠤᠮᠵᠢ᠎ᠶ᠋ᠢᠨ ᠬᠠᠭᠤᠴᠢ ᠪᠠᠭᠤᠷᠢ᠂ ᠴᠢᠬᠤᠯᠠ ᠬᠥᠮᠦᠰ᠎ᠦᠨ ᠬᠠᠭᠤᠴᠢᠨ ᠰᠠᠭᠤᠴᠠ᠎ᠶ᠋ᠢ ᠬᠠᠮᠠᠭᠠᠯᠠᠵᠤ ᠳᠡᠯᠭᠡᠨ ᠦᠵᠡᠭᠦᠯᠬᠦ᠌ ᠲᠦᠪᠱᠢᠨ᠎ᠢ ᠳᠡᠭᠡᠭ᠌ᠰᠢᠯᠡᠭᠦᠯᠬᠦ᠌ ᠵᠡᠷᠭᠡ ᠠᠰᠠᠭᠤᠳᠠᠯ᠎ᠤᠨ ᠲᠤᠬᠠᠢ ᠰᠠᠨᠠᠯ ᠳᠤᠷᠠᠳᠤᠯᠭ᠎ᠠ ᠳᠡᠪᠱᠢᠭᠦᠯᠪᠡ᠃
ᠡᠨᠡ ᠵᠢᠯ ᠵᠶ᠋ᠢ ᠫᠢᠩ᠂ ᠬᠢᠯᠢ ᠬᠢᠵᠠᠭᠠᠷ ᠣᠷᠣᠨ᠎ᠤ ᠬᠠᠭᠤᠴᠢ ᠰᠤᠳᠤᠯᠤᠯ᠎ᠤᠨ ᠢᠯᠡᠷᠡᠭᠦᠯᠦᠯᠲᠡ ᠪᠠ ᠰᠤᠳᠤᠯᠭᠠᠨ᠎ᠤ ᠠᠵᠢᠯ᠎ᠢ ᠰᠠᠢᠲᠤᠷ ᠬᠢᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠬᠠᠮᠲᠤ᠎ᠪᠠᠷ ᠪᠠᠲᠤ ᠴᠣᠭ᠍ᠴᠠᠯᠠᠬᠤ ᠲᠤᠬᠠᠢ ᠰᠠᠨᠠᠯ ᠲᠤᠷᠠᠳᠤᠯᠭ᠎ᠠ ᠪᠡᠯᠡᠳᠭᠡᠪᠡ᠃ 《ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ ᠱᠢᠨ᠎ᠡ ᠴᠠᠭ ᠦᠶ᠎ᠡ᠎ᠳᠦ ᠣᠷᠣᠵᠤ᠂ ᠪᠢᠳᠡ ᠲᠡᠦᠬᠡ᠎ᠶ᠋ᠢᠨ ᠠᠯᠢ ᠴᠤ᠌ ᠦᠶ᠎ᠡ᠎ᠡᠴᠡ ᠢᠯᠡᠭᠦᠦ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠍᠎ᠶ᠋ᠢ ᠲᠡᠷᠭᠡᠯᠱᠢᠭᠦᠯᠬᠦ᠌ ᠬᠠᠷᠠᠯᠲᠠ᠎ᠳᠤ ᠣᠢᠷᠠᠳᠴᠤ᠌᠂ ᠲᠡᠦᠬᠡ᠎ᠶ᠋ᠢᠨ ᠳᠤᠷᠠᠰᠭᠠᠯᠲᠤ ᠵᠦᠢᠯᠡᠰ ᠦᠨ ᠦᠢᠯᠡᠰ᠎ᠦᠨ ᠬᠥᠭ᠌ᠵᠢᠯᠲᠡ ᠲᠡᠦᠬᠡ᠎ᠶ᠋ᠢᠨ ᠬᠠᠮᠤᠭ᠎ᠤᠨ ᠰᠠᠢ᠌ᠨ ᠴᠠᠭ ᠦᠶ᠎ᠡ᠎ᠶ᠋ᠢ ᠤᠭ᠍ᠲᠤᠨ ᠠᠪᠴᠢᠷᠠᠪᠠ》 ᠬᠡᠵᠤ ᠵᠶ᠋ᠢ ᠫᠢᠩ ᠶᠠᠷᠢᠨ᠎ᠠ᠃ ᠬᠦᠰᠡᠯ ᠵᠡᠭᠦᠳᠦ᠍᠎ᠵᠢᠨ ᠵᠢᠡᠨ ᠲᠦᠯᠦᠭᠡ ᠲᠡᠷᠡ ᠦᠷᠭᠦᠯᠵᠢᠯᠡᠨ ᠡᠭᠦᠷᠭᠡᠯᠡᠯ ᠡᠭᠦᠷᠭᠡᠯᠡᠵᠦ ᠬᠠᠷᠢᠭᠤᠴᠠᠯᠭ᠎ᠠ ᠪᠠᠨ ᠬᠦᠢᠴᠡᠳᠭᠡᠨ᠂ ᠱᠢᠨ᠎ᠡ ᠴᠠᠭ ᠦᠶ᠎ᠡ᠎ᠶ᠋ᠢᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠢ ᠬᠠᠮᠠᠭᠠᠯᠠᠬᠤ ᠪᠠ ᠠᠱᠢᠭ᠍ᠯᠠᠬᠤ ᠠᠯᠤᠰ᠎ᠤᠨ ᠠᠶᠠᠨ ᠳ᠋ᠤ ᠡᠷᠡᠮᠡᠭᠡᠢᠯᠡᠨ ᠤᠷᠤᠭᠰᠢᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠍᠎ᠶ᠋ᠢ ᠲᠡᠷᠭᠡᠯᠱᠢᠭᠦᠯᠬᠦ᠌᠎ᠳᠦ ᠨᠡᠩ ᠶᠡᠬᠡ ᠬᠤᠪᠢ ᠨᠡᠮᠡᠷᠢ ᠪᠡᠨ ᠦᠵᠡᠭᠦᠯᠦᠨ᠎ᠡ ᠭᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃