2022-02-28 09:25:20
ᠡᠬᠡᠤᠯᠤᠰ ᠤ᠋ᠨ ᠭᠠᠵᠠᠷ ᠤ᠋ᠨ ᠵᠢᠷᠤᠭ ᠳᠡᠭᠡᠷ᠎ᠡ ᠥᠪᠥᠷ ᠮᠣᠩᠭᠣᠯ ᠶᠠᠭ ᠯᠠ ᠤᠷᠤᠭᠰᠢ ᠳᠠᠪᠬᠢᠭ᠎ᠠ 《ᠠᠵᠢᠨᠠᠢ ᠬᠦᠯᠦᠭ》 ᠮᠡᠲᠦ ᠪᠠᠢᠵᠤ᠂ ᠬᠥᠬᠡᠮᠳᠦᠭᠨᠣᠭᠣᠭᠠᠨ ᠠᠭᠤᠯᠠ ᠤᠰᠤ ᠵᠢ ᠠᠴᠢᠶᠠᠯᠠᠨ ᠦᠤᠷᠰᠡᠨᠠ᠃ ᠡᠨᠡ ᠬᠦ᠌ ᠬᠥᠬᠡᠮᠳᠦᠭ ᠨᠣᠭᠣᠭᠠᠨ ᠠᠭᠤᠯᠠ ᠤᠰᠤ ᠪᠤᠯ ᠪᠦᠬᠦᠣᠷᠣᠨ ᠤ᠋ ᠦᠨᠳᠦᠰᠦᠲᠡᠨ ᠨᠦ᠍ᠭᠦᠳ ᠤ᠋ᠨ ᠠᠷᠠᠳ ᠲᠦᠮᠡᠨ ᠤ᠋ ᠣᠷᠣᠰᠢᠨ ᠲᠣᠭᠲᠠᠨᠢᠬᠤ ᠪᠠ ᠬᠥᠭᠵᠢᠬᠦ ᠲᠠᠢ ᠬᠤᠯᠪᠤᠭᠳᠠᠭᠰᠠᠨ᠂ᠭᠦᠨ ᠵᠤᠵᠠᠭᠠᠨ ᠬᠠᠢᠷ᠎ᠠ ᠰᠡᠳᠭᠢᠯᠭᠡ ᠪᠠᠨ ᠰᠢᠩᠬᠡᠬᠡᠭᠰᠡᠨ ᠦᠵᠡᠰᠭᠦᠯᠡᠩᠳᠤ ᠰᠠᠢᠬᠠᠨ ᠭᠡᠷ ᠣᠷᠣᠨ ᠪᠣᠯᠬᠤ ᠪᠠᠷᠪᠠᠷᠠᠬᠤ ᠦᠭᠡᠢ ᠪᠠᠰᠠ ᠤᠮᠠᠷᠠᠲᠤ ᠣᠷᠣᠨ᠂ ᠵᠡᠭᠦᠨ ᠬᠣᠢᠲᠤ ᠣᠷᠣᠨ᠂ ᠪᠠᠷᠠᠭᠤᠨ ᠬᠣᠢᠲᠤ ᠣᠷᠣᠨ᠂ ᠴᠢᠨᠠᠭᠰᠢᠯᠠᠪᠠᠯᠪᠦᠬᠦ ᠤᠯᠤᠰ ᠤ᠋ᠨ ᠠᠮᠢ ᠠᠬᠤᠢ ᠵᠢᠨ ᠠᠮᠤᠷ ᠲᠦᠪᠰᠢᠨ ᠲᠠᠢ ᠴᠦ᠍ ᠬᠣᠯᠪᠣᠭᠳᠠᠬᠤ ᠠᠵᠢ᠃
《ᠥᠪᠥᠷ ᠮᠣᠩᠭᠣᠯ ᠶᠡᠬᠡᠲᠠᠯ᠎ᠠ ᠵᠢ ᠡᠷᠬᠢᠮᠯᠡᠨ᠂ ᠡᠭᠦᠷᠭᠡ ᠬᠠᠷᠢᠭᠤᠴᠠᠯᠭ᠎ᠠ ᠡᠭᠦᠷᠭᠡᠯᠡᠬᠦ ᠳ᠋ᠦ᠍ ᠡᠷᠬᠡᠪᠰᠢ ᠤᠯᠤᠰ ᠤ᠋ᠨ ᠠᠮᠢ ᠠᠬᠤᠢᠵᠢᠨ ᠠᠮᠤᠷ ᠲᠦᠪᠰᠢᠨ ᠢ᠋ ᠬᠠᠮᠠᠭᠠᠯᠠᠬᠤ ᠴᠢᠬᠤᠯᠠ ᠶᠡᠬᠡ ᠤᠯᠤᠰ ᠲᠥᠷᠥ ᠵᠢᠨ ᠬᠠᠷᠢᠭᠤᠴᠠᠯᠭ᠎ᠠ ᠵᠢ ᠡᠭᠦᠷᠭᠡᠯᠡᠵᠦᠰᠠᠢᠲᠤᠷ ᠭᠦᠢᠴᠡᠳᠭᠡᠬᠦ ᠬᠡᠷᠡᠭᠲᠡᠢ》 ᠭᠡᠵᠤ ᠥᠪᠡᠷᠲᠡᠭᠡᠨ ᠵᠠᠰᠠᠬᠤ ᠣᠷᠣᠨ ᠤ᠋ ᠠᠷᠪᠠᠨ ᠨᠢᠭᠡᠳᠦᠭᠡᠷᠤᠳᠠᠭᠠ ᠵᠢᠨ ᠨᠠᠮ ᠤ᠋ᠨ ᠲᠥᠯᠥᠭᠡᠯᠡᠭᠴᠢᠳ ᠤ᠋ᠨ ᠶᠡᠬᠡ ᠬᠤᠷᠠᠯ ᠡᠴᠡ ᠨᠡᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ᠋ ᠪᠦᠬᠦ ᠲᠠᠯ᠎ᠠ ᠪᠠᠷ ᠪᠦᠲᠦᠭᠡᠨ ᠪᠠᠢᠭᠤᠯᠬᠤᠰᠢᠨᠡ ᠠᠶᠠᠨ ᠵᠠᠮ ᠳ᠋ᠠᠬᠢ ᠥᠪᠥᠷ ᠮᠣᠩᠭᠣᠯ ᠤ᠋ᠨ ᠴᠢᠬᠤᠯᠠ ᠶᠡᠬᠡ ᠬᠠᠷᠢᠭᠤᠴᠠᠯᠭ᠎ᠠ ᠪᠣᠯᠤᠨ ᠢᠷᠠᠭᠤ ᠠᠯᠳᠠᠷᠲᠤᠡᠭᠦᠷᠭᠡ ᠵᠢ ᠴᠢᠨᠠᠭᠰᠢᠳᠠ ᠲᠣᠳᠣᠷᠬᠠᠢᠯᠠᠪᠠ᠃ ᠡᠨᠡ ᠨᠢ ᠮᠥᠨ ᠴᠥ᠍ ᠨᠠᠮ ᠪᠣᠯᠤᠨ ᠤᠯᠤᠰ ᠤ᠋ᠨ ᠠᠵᠢᠯ ᠤ᠋ᠨ ᠶᠡᠬᠡᠲᠠᠯ᠎ᠠ ᠡᠴᠡ ᠡᠭᠦᠰᠦᠨ᠂ ᠬᠡᠬᠦᠳᠡᠭ ᠴᠡᠬᠡᠵᠢᠨ ᠳ᠋ᠡᠬᠡᠨ 《ᠤᠯᠤᠰ ᠤ᠋ᠨ ᠶᠡᠬᠡ ᠶᠠᠪᠤᠳᠠᠯ》 ᠢ᠋ ᠪᠠᠭᠲᠠᠭᠠᠵᠤ᠂ 《ᠤᠯᠤᠰ ᠤ᠋ᠨ ᠶᠡᠬᠡ ᠶᠠᠪᠤᠳᠠᠯ》 ᠤ᠋ᠨ ᠳᠤᠮᠳᠠ ᠡᠴᠡ ᠣᠯᠤᠭᠰᠠᠨᠦᠪᠤᠷ ᠮᠤᠩᠭᠤᠯ ᠤ᠋ᠨ ᠲᠤᠬᠠᠢ ᠪᠠᠢᠷᠢ ᠲᠣᠭᠲᠠᠭᠠᠯᠲᠠ ᠪᠤᠯᠬᠤ ᠶᠤᠮ᠃
ᠡᠭᠦᠷᠭᠡᠬᠠᠷᠢᠭᠤᠴᠠᠯᠭ᠎ᠠ ᠪᠠᠨ ᠵᠣᠷᠢᠭᠲᠠᠢ ᠡᠭᠦᠷᠭᠡᠯᠡᠵᠦ᠂ ᠡᠷᠡᠰ ᠪᠠᠳᠤ ᠪᠡᠷ ᠤᠷᠤᠭᠰᠢᠯᠠᠨ᠎ᠠ᠃ ᠶᠡᠷᠦᠩᠬᠡᠢ ᠱᠦᠵᠢ ᠰᠢᠵᠢᠨ ᠫᠢᠩ ᠤ᠋ᠨ ᠴᠢᠬᠤᠯᠠ ᠵᠢᠭᠠᠪᠤᠷᠢ ᠵᠢᠨ ᠵᠤᠷᠢᠭ ᠰᠠᠨᠠᠭ᠎ᠠ ᠪᠤᠯᠤᠨ ᠨᠠᠮ ᠤ᠋ᠨ ᠲᠦᠪ ᠬᠤᠷᠢᠶᠠᠨ ᠤ᠋ ᠪᠠᠢᠯᠳᠤᠬᠤᠪᠤᠳᠤᠯᠭᠠ ᠵᠢᠨ ᠪᠠᠢᠷᠢᠯᠠᠭᠤᠯᠤᠯᠳᠠ ᠵᠢ ᠨᠠᠢᠳᠠᠪᠤᠷᠢᠵᠢᠭᠤᠯᠵᠤ᠂ ᠪᠠᠭᠠᠲᠤᠷ ᠡᠷ᠎ᠡ ᠪᠠᠭᠤᠤ ᠪᠠᠨ ᠴᠠᠪᠴᠢᠬᠤᠰᠥᠰᠥ ᠵᠣᠷᠢᠭ ᠵᠢᠨᠷ ᠠᠮᠢ ᠠᠬᠤᠢ ᠣᠷᠴᠢᠨ ᠲᠣᠭᠣᠷᠢᠨ ᠢ᠋ ᠬᠣᠬᠢᠷᠠᠭᠤᠯᠬᠤ ᠴᠢᠨᠠᠭᠰᠢᠯᠠᠪᠠᠯ ᠡᠪᠳᠡᠬᠦ ᠬᠥᠭᠵᠢᠯᠲᠡᠵᠢᠨ ᠵᠠᠭᠪᠤᠷ ᠢ᠋ ᠡᠷᠡᠰ ᠲᠠᠶᠠᠭᠳᠠᠵᠤ᠂ ᠥᠴᠦᠬᠡᠨ ᠴᠦ᠍ ᠦᠯᠦ ᠬᠦᠯᠢᠴᠡᠬᠦ ᠣᠪᠣᠷ ᠵᠢᠨᠷ ᠠᠮᠢ ᠠᠬᠤᠢ ᠣᠷᠴᠢᠨ ᠲᠣᠭᠣᠷᠢᠨᠤ᠋ ᠬᠦᠷᠢᠶ᠎ᠡ ᠴᠠᠷᠠᠭᠠᠨ ᠳ᠋ᠡᠬᠢ ᠳᠣᠪᠣᠢᠮ᠎ᠠ ᠠᠰᠠᠭᠤᠳᠠᠯ ᠢ᠋ ᠰᠢᠢᠳᠪᠦᠷᠢᠯᠡᠨ᠂ ᠤᠳᠠᠭᠠᠨ ᠳᠠᠭᠠᠭᠠᠮᠠᠭᠠᠢ ᠠᠵᠢᠯᠯᠠᠭ᠎ᠠᠪᠠᠷ ᠵᠢᠨᠨ ᠠᠮᠢ ᠠᠬᠤᠢ ᠣᠷᠴᠢᠨ ᠲᠣᠭᠣᠷᠢᠨ ᠤ᠋ ᠰᠢᠷᠬ᠎ᠠ ᠰᠤᠷᠪᠢ ᠵᠢ ᠵᠠᠰᠠᠨ ᠰᠡᠷᠭᠦᠭᠡᠨ᠎ᠡ᠃ ᠡᠨᠡ ᠳᠤᠬᠠᠢ ᠥᠪᠥᠷᠮᠣᠩᠭᠣᠯ ᠤ᠋ᠨ ᠠᠯᠬᠤᠴᠠ ᠣᠨᠣᠴᠠᠲᠠᠢ ᠮᠦᠷᠳᠡᠭᠡᠨ ᠲᠦᠷᠭᠡᠨ ᠪᠠᠢᠯ᠎ᠠ᠃
ᠪᠣᠬᠢᠷᠲᠤᠯ᠎ᠦᠭᠡᠢ ᠣᠢᠯᠠᠭᠠᠭᠳᠠᠬᠤᠨ ᠢ᠋ ᠪᠠᠲᠤ ᠴᠤᠭᠴᠠᠯᠠᠯᠠ — ᠠᠮᠢ ᠠᠬᠤᠢ ᠣᠷᠴᠢᠨᠲᠣᠭᠣᠷᠢᠨ ᠤ᠋ ᠬᠠᠮᠠᠭᠠᠯᠠᠯᠳᠠ ᠵᠢ ᠳᠡᠢᠯᠦᠩᠭᠦᠢ ᠪᠠᠢᠷᠢᠨ ᠳ᠋ᠦ᠍ ᠲᠠᠯᠪᠢᠪᠠ
《ᠰᠢᠯᠢ ᠵᠢᠨ ᠭᠤᠤᠯ ᠠᠢᠮᠠᠭᠨᠤᠲᠤᠭ ᠪᠡᠯᠴᠢᠭᠡᠷ ᠤ᠋ᠨ ᠠᠮᠢ ᠠᠬᠤᠢ ᠵᠢᠨ ᠬᠠᠮᠠᠭᠠᠯᠠᠯᠳᠠ ᠵᠢ ᠦᠷᠭᠦᠯᠵᠢᠯᠡᠨ ᠲᠡᠷᠢᠭᠦᠨ ᠴᠢᠬᠤᠯᠠ ᠪᠥᠭᠡᠳ ᠳᠡᠢᠯᠦᠩᠭᠦᠢᠡᠭᠦᠷᠭᠡ ᠪᠠᠨ ᠪᠣᠯᠭᠠᠨ᠎ᠠ》 ᠭᠡᠵᠤ ᠥᠪᠡᠷᠲᠡᠭᠡᠨ ᠵᠠᠰᠠᠬᠤᠣᠷᠣᠨ ᠤ᠋ ᠠᠷᠪᠠᠨ ᠨᠢᠭᠡᠳᠦᠭᠡᠷ ᠤᠳᠠᠭ᠎ᠠ ᠵᠢᠨ ᠨᠠᠮ ᠤ᠋ᠨ ᠲᠥᠯᠥᠭᠡᠯᠡᠭᠴᠢᠳ ᠤ᠋ᠨ ᠶᠡᠬᠡ ᠬᠤᠷᠠᠯ ᠳᠡᠭᠡᠷ᠎ᠡ ᠰᠢᠯᠢ ᠵᠢᠨ ᠭᠤᠤᠯ ᠠᠢᠮᠠᠭ ᠤ᠋ᠨ ᠨᠠᠮ ᠤ᠋ᠨ ᠬᠣᠷᠢᠶᠠᠨ ᠤ᠋ ᠳᠡᠳ᠋ᠱᠦᠵᠢ᠂ ᠠᠢᠮᠠᠭ ᠤ᠋ᠨ ᠳᠠᠷᠤᠭ᠎ᠠ ᠯᠦᠸᠧ ᠴᠢᠩ ᠬᠡᠯᠡᠯ᠎ᠡ᠃
2020 ᠣᠨ ᠤ᠋ ᠪᠦᠬᠦ ᠤᠯᠤᠰᠤ᠋ᠨ ᠬᠣᠶᠠᠷ ᠬᠤᠷᠠᠯ ᠲᠠᠬᠡᠷᠡᠬᠢ ᠶᠡᠷᠤᠩᠬᠡᠢ ᠱᠦᠵᠢ ᠬᠢᠬᠡᠳ ᠪᠦᠬᠦ ᠤᠯᠤᠰ ᠤ᠋ᠨ ᠠᠷᠠᠳ ᠤ᠋ᠨ ᠲᠥᠯᠥᠭᠡᠯᠡᠭᠴᠢ᠂ᠲᠤᠬᠠᠢ ᠵᠢᠨ ᠦᠶ᠎ᠡ ᠵᠢᠨ ᠰᠢᠯᠢ ᠵᠢᠨ ᠭᠤᠤᠯ ᠠᠢᠮᠠᠭ ᠤ᠋ᠨ ᠨᠠᠮ ᠤ᠋ᠨ ᠬᠣᠷᠢᠶᠠᠨ ᠤ᠋ ᠳᠡᠳ᠋ ᠱᠦᠵᠢ᠂ ᠠᠢᠮᠠᠭ ᠤ᠋ᠨᠳᠠᠷᠤᠭᠠ ᠪᠠᠢᠭᠰᠠᠨ ᠾᠦᠸᠧ ᠵᠣᠣ ᠯᠢᠶᠠᠩ ᠤ᠋ᠨ ᠶᠠᠷᠢᠯᠴᠠᠭ᠎ᠠ ᠴᠢᠬᠢᠨ ᠳ᠋ᠤ ᠬᠠᠩᠬᠢᠨᠠᠭᠰᠠᠭᠠᠷ᠄ 《ᠬᠣᠵᠢᠮ ᠳᠠᠬᠢᠵᠤ ᠤᠷᠤᠭᠤᠯᠬᠤᠥᠬᠡᠢ?》 — ᠶᠡᠷᠦᠩᠬᠡᠢ ᠱᠦᠵᠢ ᠵᠢᠨᠬᠡᠯᠡᠵᠦ ᠪᠠᠢᠭ᠎ᠠ ᠪᠣᠯ ᠨᠤᠲᠤᠭ ᠪᠡᠯᠴᠢᠭᠡᠷ ᠳᠡᠭᠡᠷ᠎ᠡ ᠳᠠᠬᠢᠵᠤ ᠠᠭᠤᠷᠬᠠᠢ ᠵᠢ ᠨᠡᠭᠡᠭᠡᠨ ᠠᠰᠢᠭᠯᠠᠬᠤ ᠲᠦᠷᠦᠯᠵᠦᠢᠯ ᠢ᠋ ᠰᠢᠨ᠎ᠡ ᠪᠠᠷ ᠤᠷᠤᠭᠤᠯᠬᠤ ᠦᠭᠡᠢ ᠭᠡᠰᠡᠨ ᠶᠠᠪᠤᠳᠠᠯ ᠪᠣᠯᠤᠨ᠎ᠠ᠃ 《ᠳᠠᠬᠢᠵᠤ ᠣᠷᠣᠭᠤᠯᠬᠤᠥᠬᠡᠢ! ᠪᠦᠬᠦ ᠠᠢᠮᠠᠭ ᠤ᠋ᠨ 60% ᠡᠴᠡ ᠳᠡᠭᠡᠭᠰᠢᠬᠢ ᠣᠷᠣᠨ ᠪᠦᠰᠡ ᠵᠢ ᠴᠥᠮ ᠠᠮᠢ ᠠᠬᠤᠢ ᠵᠢᠨ ᠬᠠᠮᠠᠭᠠᠯᠠᠯᠲᠠ ᠵᠢᠨ ᠤᠯᠠᠭᠠᠨᠱᠤᠭᠤᠮ ᠤ᠋ᠨ ᠬᠡᠪᠴᠢᠶᠡᠨ ᠳ᠋ᠦ᠍ ᠣᠷᠣᠭᠤᠯᠪᠠ》᠃
《ᠠᠮᠢ ᠠᠬᠤᠢ ᠣᠷᠴᠢᠨᠳᠤᠭᠤᠷᠢᠨ ᠢ᠋ ᠨᠢᠳᠦᠨ ᠴᠡᠴᠡᠭᠡᠢ ᠪᠠᠨ ᠰᠢᠭ ᠬᠠᠮᠠᠭᠠᠯᠠᠵᠤ᠂ ᠠᠮᠢ ᠨᠠᠰᠤ ᠲᠠᠢ ᠠᠳᠠᠯᠢ ᠪᠠᠷ ᠠᠮᠢ ᠠᠬᠤᠢ ᠣᠷᠴᠢᠨᠳᠤᠭᠤᠷᠢᠨ ᠳ᠋ᠦ᠍ ᠬᠠᠨᠳᠤᠵᠤ᠂ ᠶᠠᠭᠠᠬᠢᠭᠰᠠᠨ ᠴᠦ᠍ ᠣᠷᠴᠢᠨ ᠳᠤᠭᠤᠷᠢᠨ ᠢ᠋ ᠦᠷᠡᠭᠳᠡᠭᠦᠯᠵᠦ ᠪᠠᠢᠭᠠᠳ ᠠᠵᠤ ᠠᠬᠤᠢᠵᠢᠨ ᠨᠢᠭᠡᠨ ᠴᠠᠭ ᠤ᠋ᠨ ᠨᠡᠮᠡᠭᠳᠡᠯ ᠢ᠋ ᠰᠣᠯᠢᠵᠤ ᠪᠣᠯᠬᠤ ᠥᠬᠡᠢ》᠃
《ᠠᠵᠤ ᠠᠬᠤᠢ ᠵᠢᠨ ᠪᠦᠲᠦᠭᠡᠨᠪᠠᠢᠭᠤᠯᠤᠯᠲᠠ ᠪᠣᠯᠤᠨ ᠠᠮᠢ ᠠᠬᠤᠢ ᠣᠷᠴᠢᠨ ᠳᠤᠭᠤᠷᠢᠨ ᠤ᠋ ᠬᠠᠮᠠᠭᠠᠯᠠᠯᠲᠠ ᠬᠣᠭᠣᠷᠣᠨᠳᠣ ᠪᠠᠨ ᠵᠥᠷᠢᠴᠡᠯ ᠭᠠᠷᠬᠤᠳ᠋ᠦ᠍ ᠬᠦᠷᠪᠡᠯ᠂ ᠥᠴᠦᠬᠡᠨ ᠴᠦ᠍ ᠲᠠᠲᠠᠭᠠᠯᠵᠠᠬᠤ ᠥᠬᠡᠢ ᠪᠠᠷ ᠠᠮᠢ ᠠᠬᠤᠢ ᠣᠷᠴᠢᠨ ᠳᠤᠭᠤᠷᠢᠨ ᠢ᠋ ᠲᠡᠷᠢᠭᠦᠨ ᠳ᠋ᠦ᠍ᠲᠠᠯᠪᠢᠨᠠ》᠃
ᠥᠪᠡᠷᠲᠡᠭᠡᠨᠵᠠᠰᠠᠬᠤ ᠣᠷᠣᠨ ᠡᠴᠡ ᠠᠢᠮᠠᠭ ᠬᠣᠲᠠ ᠬᠦᠷᠲᠡᠯ᠎ᠡ᠂ ᠳᠠᠬᠢᠨ ᠦᠨᠳᠦᠰᠦᠨ ᠱᠠᠳᠤ ᠬᠦᠷᠲᠡᠯ᠎ᠡ᠂ ᠠᠮᠢ ᠠᠬᠤᠢ ᠣᠷᠴᠢᠨᠲᠣᠭᠣᠷᠢᠨ ᠢ᠋ ᠬᠠᠮᠠᠭᠠᠯᠠᠯᠳᠠ ᠵᠢ ᠢᠮᠠᠭᠲᠠ ᠳᠡᠢᠯᠦᠩᠭᠦᠢ ᠪᠠᠢᠷᠢᠨ ᠳ᠋ᠦ᠍ ᠲᠠᠯᠪᠢᠬᠤ ᠨᠢ ᠨᠢᠭᠡᠨᠲᠡ ᠬᠦᠮᠦᠰᠤ᠋ᠨ ᠬᠠᠮᠲᠤ ᠵᠢᠨ ᠲᠠᠨᠢᠯᠲᠠ ᠪᠣᠯᠵᠤ᠂ ᠠᠮᠢ ᠠᠬᠤᠢ ᠵᠢ ᠤᠷᠢᠳ ᠵᠢᠡᠷ ᠪᠤᠳᠤᠯᠬᠢᠯᠠᠬᠤ ᠪᠣᠬᠢᠷᠲᠤᠯ ᠦᠭᠡᠢ ᠬᠥᠭᠵᠢᠭᠦᠯᠬᠦᠣᠢᠯᠠᠭᠠᠭᠳᠠᠬᠤᠨ ᠠᠯᠢ ᠬᠡᠳᠦᠢᠨ ᠦᠨᠳᠦᠰᠦ ᠬᠠᠳᠭᠤᠴᠢᠬᠠᠵᠠᠢ᠃
ᠠᠮᠢᠠᠬᠤᠢ ᠵᠢᠨ ᠤᠯᠠᠭᠠᠨ ᠱᠤᠭᠤᠮ ᠢ᠋ ᠬᠥᠨᠳᠡᠵᠦ ᠪᠣᠯᠣᠰᠢ ᠦᠭᠡᠢ《ᠥᠨᠳᠥᠷ ᠬᠦᠴᠦᠳᠡᠯᠳᠦ ᠴᠠᠬᠢᠯᠭᠠᠨ ᠤᠳᠠᠰᠤ》 ᠪᠣᠯᠭᠠᠪᠠ — ᠤᠯᠤᠰ ᠤ᠋ᠨ ᠭᠠᠵᠠᠷ ᠰᠢᠷᠣᠢ ᠵᠢᠨ ᠣᠷᠣᠨ ᠵᠠᠢ ᠵᠢᠨᠪᠠᠢᠷᠢᠰᠢᠭᠤᠯᠤᠯᠲᠠ ᠵᠢ ᠰᠢᠯᠢᠳᠡᠭᠵᠢᠭᠦᠯᠵᠦ᠂ ᠪᠦᠬᠦ ᠣᠷᠣᠨ ᠤ᠋ 87% ᠵᠢᠨ ᠲᠠᠯᠠᠪᠠᠢ ᠵᠢ ᠨᠡᠭᠡᠭᠡᠨ ᠬᠥᠭᠵᠢᠭᠦᠯᠬᠦ ᠵᠢ ᠬᠢᠵᠠᠭᠠᠷᠯᠠᠬᠤ ᠣᠷᠣᠨ ᠪᠦᠰᠡ ᠳ᠋ᠦ᠍ᠣᠷᠣᠭᠤᠯᠵᠤ᠂ 51% ᠵᠢᠨ ᠲᠠᠯᠠᠪᠠᠢ ᠵᠢᠠᠮᠢ ᠠᠬᠤᠢ ᠵᠢᠨ ᠬᠠᠮᠠᠭᠠᠯᠠᠯᠲᠠ ᠵᠢᠨ ᠤᠯᠠᠭᠠᠨ ᠱᠤᠭᠤᠮ ᠳ᠋ᠦ᠍ ᠣᠷᠣᠭᠤᠯᠪᠠ᠃ ᠤᠯᠠᠭᠠᠨ ᠱᠤᠭᠤᠮ ᠤ᠋ᠨ ᠳᠣᠲᠣᠷᠠᠴᠢᠩᠭᠠ ᠬᠠᠮᠢᠶᠠᠷᠤᠨ ᠡᠵᠡᠮᠳᠡᠬᠦ ᠵᠢ ᠬᠡᠷᠡᠭᠵᠢᠭᠦᠯᠵᠦ᠂ ᠪᠠᠢᠭᠠᠯᠢ ᠵᠢᠨ ᠠᠮᠢ ᠠᠬᠤᠢ ᠵᠢᠨ ᠲᠡᠩᠴᠡᠭᠦᠷᠢ ᠵᠢᠡᠪᠳᠡᠬᠦ ᠨᠡᠭᠡᠭᠡᠨ ᠬᠥᠭᠵᠢᠭᠦᠯᠦᠯᠲᠡ ᠬᠢᠬᠦ ᠦᠭᠡᠢ᠂ ᠣᠷᠴᠢᠨ ᠲᠣᠭᠣᠷᠢᠨ ᠤ᠋ ᠳᠠᠭᠠᠭᠠᠴᠠ ᠡᠴᠡ ᠬᠡᠳᠦᠷᠡᠭᠰᠡᠨᠢᠨᠵᠧᠨᠧᠷᠢᠩ ᠤ᠋ᠨ ᠪᠦᠳᠦᠭᠡᠨ ᠪᠠᠢᠭᠤᠯᠤᠯᠳᠠ ᠬᠢᠭᠦ ᠦᠭᠡᠢ᠂ ᠡᠬᠢ ᠪᠠᠶᠠᠯᠢᠭ ᠤ᠋ᠨ ᠳᠠᠭᠠᠭᠠᠴᠠ ᠡᠴᠡ ᠬᠡᠳᠦᠷᠡᠭᠰᠡᠨᠲᠥᠷᠥᠯ ᠵᠦᠢᠯ ᠤ᠋ᠨ ᠪᠦᠳᠦᠭᠡᠨ ᠪᠠᠢᠭᠤᠯᠤᠯᠳᠠ ᠬᠢᠭᠦ ᠦᠭᠡᠢ᠃
ᠡᠨᠧᠷᠭᠢᠠᠷᠪᠢᠯᠠᠵᠤ ᠨᠡᠭᠦᠷᠡᠰᠦᠲᠥ᠋ᠷᠥᠭᠴᠢ ᠵᠢᠨ ᠭᠠᠳᠠᠬᠰᠢᠯᠠᠭᠤᠯᠤᠯᠳᠠ ᠵᠢ ᠪᠠᠭᠠᠰᠬᠠᠬᠤ ᠵᠢ ᠳᠠᠪᠠᠵᠤ ᠪᠣᠯᠣᠰᠢ ᠦᠭᠡᠢ 《ᠬᠠᠲᠠᠭᠤ ᠭᠦᠢᠴᠡᠳᠭᠡᠯᠲᠣᠭᠠ》 ᠪᠣᠯᠭᠠᠪᠠ — ᠡᠨᠧᠷᠭᠢ ᠵᠢᠨ ᠬᠣᠷᠣᠭᠳᠠᠭᠤᠯᠤᠯᠶᠡᠬᠡᠲᠡᠢ᠂ ᠪᠣᠬᠢᠷᠲᠤᠭᠤᠯᠤᠯ ᠶᠡᠬᠡᠲᠡᠢ ᠲᠥᠷᠥᠯ ᠵᠦᠢᠯ ᠢ᠋ ᠳᠣᠣᠷ᠎ᠠ ᠲᠦᠪᠰᠢᠨ ᠵᠢᠡᠷ᠂ ᠰᠣᠬᠣᠷ ᠪᠠᠯᠠᠢ ᠪᠠᠷᠬᠥᠭᠵᠢᠬᠦᠯᠬᠦ ᠵᠢ ᠡᠷᠡᠰ ᠬᠣᠷᠢᠭᠯᠠᠵᠤ᠂ ᠬᠣᠴᠣᠷᠤᠩᠭᠤᠢ ᠪᠠ ᠦᠯᠡᠭᠦᠳᠡᠭᠰᠡᠨ ᠦᠢᠯᠡᠳᠪᠦᠷᠢᠯᠡᠭᠦ ᠴᠢᠳᠠᠪᠤᠷᠢ ᠵᠢᠶᠡᠬᠡ ᠪᠡᠷ ᠰᠢᠭᠰᠢᠭᠳᠡᠭᠦᠯᠦᠨ ᠰᠢᠢᠳᠪᠦᠷᠢᠯᠡᠵᠦ᠂ ᠡᠨᠧᠷᠭᠢ ᠵᠢᠨ ᠡᠬᠢ ᠪᠠᠶᠠᠯᠢᠭ ᠤ᠋ᠨ ᠬᠡᠯᠪᠡᠷᠢ ᠵᠢᠨ ᠠᠵᠤᠦᠢᠯᠡᠰ ᠤ᠋ᠨ ᠲᠥᠷᠥᠯ ᠵᠦᠢᠯ ᠢ᠋ ᠰᠢᠨ᠎ᠡ ᠪᠠᠷ ᠪᠦᠳᠦᠬᠡᠨ ᠪᠠᠢᠭᠤᠯᠬᠤ ᠵᠢ ᠴᠢᠩᠭ᠎ᠠ ᠬᠢᠵᠠᠭᠠᠷᠯᠠᠨ᠎ᠠ ; ᠡᠨᠧᠷᠭᠢ ᠵᠢᠨ ᠬᠣᠷᠣᠭᠳᠠᠭᠤᠯᠤᠯ ᠤ᠋ᠨ ᠨᠡᠮᠡᠭᠳᠡᠯ ᠪᠠ ᠡᠷᠴᠢᠮ ᠢ᠋ ᠴᠢᠩᠭ᠎ᠠ ᠡᠵᠡᠮᠳᠡᠵᠤ᠂ ᠤᠯᠤᠰ ᠤ᠋ᠨ ᠭᠤᠤᠯᠳᠠᠯᠭ᠎ᠠ ᠲᠠᠢ ᠠᠮᠢ ᠠᠬᠤᠢ ᠵᠢᠨ ᠴᠢᠳᠠᠮᠵᠢᠲᠤᠣᠷᠣᠨ ᠤ᠋ ᠠᠵᠤ ᠦᠢᠯᠡᠰ ᠢ᠋ ᠵᠥᠪᠰᠢᠶᠡᠷᠡᠬᠦ ᠵᠢᠨ ᠨᠠᠵᠠᠭᠠᠢ ᠲᠠᠯ᠎ᠠ ᠵᠢᠨ ᠲᠣᠳᠣᠷᠬᠠᠢ ᠬᠠᠭᠤᠳᠠᠰᠤ ᠵᠢ ᠴᠢᠩᠭ᠎ᠠᠬᠡᠷᠡᠭᠵᠢᠭᠦᠯᠵᠦ᠂ ᠪᠣᠬᠢᠷᠲᠤᠯ ᠲᠠᠢ ᠠᠵᠤ ᠠᠬᠤᠢᠯᠠᠯ ᠢ᠋ ᠲᠡᠪᠴᠢᠵᠦ᠂ ᠡᠨᠧᠷᠭᠢ ᠵᠢᠨ ᠬᠣᠷᠣᠭᠳᠠᠭᠤᠯᠤᠯ ᠤ᠋ᠨ ᠪᠠᠷᠢᠮᠵᠢᠶᠠᠡᠴᠡ ᠬᠡᠲᠦᠷᠡᠭᠰᠡᠨ ᠠᠵᠤ ᠠᠬᠤᠢᠯᠠᠯ ᠢ᠋ ᠴᠢᠩᠭ᠎ᠠ ᠬᠢᠵᠠᠭᠠᠷᠯᠠᠨ᠎ᠠ᠃
ᠬᠠᠤᠯᠢ᠎ᠪᠠᠷ ᠵᠠᠰᠠᠬᠤ ᠵᠢ ᠴᠢᠩᠳᠠᠯᠠᠬᠤ 《ᠬᠠᠲᠠᠭᠤ ᠬᠦᠴᠦᠨ》 ᠢ᠋ ᠪᠣᠢ ᠪᠣᠯᠭᠠᠪᠠ— ᠬᠠᠤᠯᠢ ᠲᠣᠭᠲᠠᠭᠠᠯᠶᠣᠰᠣᠭᠠᠷ ᠨᠤᠲᠤᠭ ᠪᠡᠯᠴᠢᠭᠡᠷ ᠰᠢᠭᠤᠢᠲᠤ ᠭᠠᠵᠠᠷ ᠢ᠋ ᠲᠠᠲᠠᠪᠤᠷᠢᠯᠠᠨ ᠡᠵᠡᠯᠡᠬᠦ ᠲᠥᠷᠥᠯ ᠵᠦᠢᠯ ᠢ᠋ ᠬᠢᠨᠠᠨᠬᠠᠷᠭᠤᠭᠤᠯᠤᠨᠠ ; ᠤᠷᠢᠳ ᠡᠮᠦᠨ᠎ᠡ ᠪᠠᠢᠭᠠᠥᠬᠡᠢ ᠡᠷᠴᠢᠮ ᠵᠢᠨᠷ ᠪᠦᠬᠦ ᠤᠯᠤᠰ ᠲᠤ᠌ ᠨᠤᠲᠤᠭ ᠪᠡᠯᠴᠢᠭᠡᠷ ᠣᠢᠲᠤ ᠭᠠᠵᠠᠷ ᠢ᠋ ᠡᠪᠳᠡᠭᠰᠡᠨ ᠬᠠᠤᠯᠢ ᠲᠣᠭᠲᠠᠭᠠᠯᠡᠴᠡ ᠵᠥᠷᠢᠴᠡᠭᠰᠡᠨ ᠦᠢᠯᠡ ᠠᠵᠢᠯᠯᠠᠭ᠎ᠠ ᠵᠢ ᠲᠤᠰᠭᠠᠢ ᠴᠡᠭᠴᠡᠯᠡᠨ ᠵᠠᠰᠠᠬᠤ ᠠᠵᠢᠯᠯᠠᠭ᠎ᠠ ᠵᠢ ᠤᠷᠢᠳ ᠵᠢᠡᠷ ᠥᠷᠨᠢᠭᠦᠯᠵᠦ᠂2010 ᠣᠨ ᠡᠴᠡ ᠨᠠᠭᠠᠰᠢᠬᠢ ᠬᠠᠤᠯᠢᠲᠣᠭᠲᠠᠭᠠᠯ ᠡᠴᠡ ᠵᠥᠷᠢᠴᠡᠨ ᠨᠤᠲᠤᠭ ᠪᠡᠯᠴᠢᠭᠡᠷ ᠣᠢᠲᠤ ᠭᠠᠵᠠᠷ ᠢ᠋ ᠡᠪᠳᠡᠭᠰᠡᠨ ᠠᠰᠠᠭᠤᠳᠠᠯ ᠢ᠋ ᠪᠦᠬᠦ ᠲᠠᠯᠠᠪᠠᠷ ᠲᠤᠢᠯᠪᠤᠷᠢᠲᠠᠢ ᠴᠡᠭᠴᠡᠯᠡᠨ ᠵᠠᠰᠠᠵᠤ᠂ ᠭᠤᠤᠯᠳᠠᠯᠭ᠎ᠠ ᠲᠠᠢ ᠬᠡᠷᠡᠭ ᠲᠦ᠍ ᠰᠡᠷᠡᠮᠵᠢᠯᠡᠭᠦᠯᠦᠨ ᠪᠣᠯᠵᠣᠨᠶᠠᠷᠢᠯᠴᠠᠬᠤ᠂ ᠴᠠᠭ ᠳᠤᠭᠳᠠᠭᠠᠨ ᠱᠠᠯᠠᠪᠳᠠᠭᠤᠯᠤᠨ ᠭᠦᠢᠴᠡᠳᠭᠡᠬᠦ ᠵᠢ ᠬᠡᠷᠡᠭᠵᠢᠭᠦᠯᠦᠨ᠂ 81.31 ᠲᠦᠮᠡᠨ ᠮᠦ᠍ ᠨᠤᠲᠤᠭ ᠪᠡᠯᠴᠢᠭᠡᠷ ᠣᠢᠲᠤ ᠭᠠᠵᠠᠷᠤ᠋ᠨ ᠤᠷᠭᠤᠮᠠᠯ ᠤ᠋ᠨ ᠪᠦᠷᠬᠦᠴᠡ ᠵᠢ ᠰᠡᠷᠭᠦᠭᠡᠵᠦ᠂ 7.35 ᠳ᠋ᠦᠩᠰᠢᠭᠤᠷ ᠲᠥᠭᠥᠷᠢᠭ ᠤ᠋ᠨ ᠲᠣᠷᠭᠠᠭᠤᠯᠢ ᠵᠢᠨ ᠮᠦᠩᠭᠦ ᠵᠢ ᠨᠡᠬᠡᠮᠵᠢᠯᠡᠨ ᠬᠤᠷᠢᠶᠠᠪᠠ᠃
ᠭᠤᠢᠪᠢᠯᠵᠠᠬᠤᠥᠬᠡᠢ᠂ ᠰᠤᠯᠠᠷᠠᠬᠤ ᠥᠬᠡᠢ᠂ ᠠᠭᠤᠴᠢᠯᠠᠬᠤ ᠥᠬᠡᠢ ᠪᠠᠢᠵᠤ᠂ ᠭᠤᠤᠯᠳᠠᠯᠭ᠎ᠠ ᠲᠠᠢ ᠠᠵᠢᠯ ᠲᠥᠷᠥᠯ ᠤ᠋ᠨ ᠬᠦᠷᠢᠶᠡᠴᠠᠷᠠᠭᠠᠨ ᠳ᠋ᠡᠬᠢ ᠪᠣᠬᠢᠷᠲᠤᠯ ᠥᠬᠡᠢ ᠪᠡᠷ ᠬᠦᠭᠵᠢᠬᠦᠯᠬᠦ ᠥᠭᠡᠷᠡᠴᠢᠯᠡᠯᠲᠡ ᠵᠢ ᠡᠮᠬᠢ ᠵᠢᠷᠤᠮ ᠲᠠᠢ ᠠᠬᠢᠭᠤᠯᠵᠤ᠂ᠡᠨᠧᠷᠭᠢ ᠵᠢᠨ ᠬᠣᠷᠣᠭᠳᠠᠭᠤᠯᠤᠯ ᠤ᠋ᠨ ᠨᠡᠮᠡᠭᠳᠡᠯ ᠪᠠ ᠡᠷᠴᠢᠮ ᠢ᠋ ᠡᠵᠡᠮᠳᠡᠭᠦ ᠬᠠᠲᠠᠭᠤ ᠬᠦᠯᠢᠶᠡᠰᠦᠯᠡᠯ ᠢ᠋ᠬᠦᠴᠦᠲᠡᠢ ᠨᠠᠢᠳᠠᠪᠤᠷᠢᠵᠢᠭᠤᠯᠵᠦ᠂ 《ᠬᠣᠶᠠᠷ ᠥᠨᠳᠥᠷ》 ᠤ᠋ᠨ ᠲᠥᠷᠥᠯ ᠵᠦᠢᠯ ᠢ᠋ᠰᠣᠬᠣᠷ ᠪᠠᠯᠠᠢ ᠪᠠᠷ ᠬᠥᠭᠵᠢᠬᠦᠯᠬᠦ ᠵᠢ ᠬᠣᠷᠢᠭᠯᠠᠭᠰᠠᠨ ᠦᠷ᠎ᠡ ᠪᠦᠲᠦᠮᠵᠢ ᠢᠯᠡᠳᠲᠡ ᠪᠠᠢᠵᠤ᠂ ᠡᠬᠢ ᠪᠠᠶᠠᠯᠢᠭᠣᠷᠴᠢᠨ ᠲᠣᠭᠣᠷᠢᠨ ᠤ᠋ ᠬᠦᠯᠢᠶᠡᠰᠦᠯᠡᠭᠦ ᠴᠢᠨᠠᠷᠲᠠᠢ ᠭᠦᠢᠴᠡᠳᠭᠡᠯ ᠲᠣᠭ᠎ᠠ ᠵᠢᠨ ᠡᠵᠡᠮᠳᠡᠯ ᠵᠢᠨᠨ ᠠᠯᠳᠠᠭᠰᠠᠨᠪᠠᠢᠳᠠᠯ ᠢ᠋ ᠬᠤᠪᠢᠷᠠᠭᠤᠯᠪᠠ᠃ ᠬᠥᠬᠡᠬᠣᠲᠠ《2021 ᠳᠤᠮᠳᠠᠳᠤ ᠤᠯᠤᠰ ᠤ᠋ᠨ ᠬᠠᠮᠤᠭ ᠤ᠋ᠨ ᠶᠡᠬᠡ ᠠᠮᠢ ᠠᠬᠤᠢᠵᠢᠨ ᠥᠷᠢᠰᠦᠯᠳᠦᠬᠦ ᠬᠦᠴᠦᠨ ᠲᠠᠢ ᠬᠣᠲᠠ》 ᠳ᠋ᠦ᠍ ᠰᠣᠩᠭᠣᠭᠳᠠᠨ ᠣᠷᠣᠵᠤ᠂ ᠬᠢᠩᠭᠠᠨ ᠠᠢᠮᠠᠭ ᠪᠦᠬᠦᠣᠷᠣᠨ ᠤ᠋ ᠠᠩᠬᠠᠳᠠᠭᠴᠢ ᠲᠤᠰᠭᠠᠢ ᠣᠷᠣᠨ ᠤ᠋ ᠳᠡᠰ ᠤ᠋ᠨ ᠬᠣᠲᠠ ᠵᠢᠨ 《 ᠬᠥᠬᠡᠮᠳᠦᠭ ᠨᠣᠭᠣᠭᠠᠨᠠᠭᠤᠯᠠ ᠤᠰᠤ ᠪᠣᠯ ᠠᠯᠲᠠ ᠮᠥᠩᠭᠥᠨ ᠠᠭᠤᠯᠠ》 ᠵᠢᠨ ᠦᠢᠯᠡᠳᠦᠯᠭᠡ ᠵᠢᠨ ᠰᠢᠨᠡᠵᠢ ᠡᠭᠦᠳᠬᠦ ᠰᠠᠭᠤᠷᠢᠨ ᠢ᠋ ᠠᠮᠵᠢᠯᠲᠠ ᠲᠠᠢ ᠡᠭᠦᠳᠦᠨ ᠪᠠᠢᠭᠤᠯᠪᠠ᠃
ᠪᠣᠬᠢᠷᠲᠤᠯ᠎ᠦᠭᠡᠢ ᠳᠠᠪᠠᠭᠤᠯᠢᠭ ᠵᠢᠡᠨ ᠴᠢᠩᠭᠠᠳᠬᠠᠯᠠ — ᠨᠢᠳᠤᠨ ᠴᠡᠴᠡᠭᠡᠢ ᠪᠠᠨᠬᠠᠮᠠᠭᠠᠯᠠᠬᠤ ᠰᠢᠬ ᠵᠢᠡᠷ ᠠᠮᠢ ᠠᠬᠤᠢ ᠣᠷᠴᠢᠨ ᠲᠣᠭᠣᠷᠢᠨ ᠢ᠋ ᠬᠠᠮᠠᠭᠠᠯᠠᠨ᠎ᠠ
2 ᠰᠠᠷ᠎ᠠ ᠵᠢᠨ 17 ᠤ᠋ ᠡᠳᠦᠷ᠂ ᠤᠯᠠᠭᠠᠨᠴᠠᠪᠬᠣᠲᠠ ᠵᠢᠨ ᠱᠠᠩᠳᠤ ᠰᠢᠶᠠᠨ 2022 ᠣᠨ ᠤ᠋ ᠴᠠᠭᠠᠨᠨᠠᠭᠤᠷ ᠤ᠋ᠨ ᠠᠮᠢ ᠠᠬᠤᠢ ᠵᠢ ᠬᠠᠮᠠᠭᠠᠯᠠᠬᠤ ᠪᠠ ᠵᠠᠰᠠᠨ ᠰᠡᠷᠭᠦᠭᠡᠬᠦ ᠭᠤᠷᠪᠠᠳᠤᠭᠠᠷᠤᠳᠠᠭᠠ ᠵᠢᠨ ᠬᠠᠮᠲᠤᠷᠠᠭᠰᠠᠨ ᠬᠤᠷᠠᠯ ᠢ᠋ ᠬᠤᠷᠠᠯᠳᠤᠭᠤᠯᠪᠠ᠃
2 ᠰᠠᠷ᠎ᠠ ᠵᠢᠨ 23 ᠤ᠋ ᠡᠳᠦᠷ᠂ ᠱᠠᠩᠳᠤᠰᠢᠶᠠᠨ ᠤ᠋ ᠨᠠᠮ ᠤ᠋ᠨ ᠬᠣᠷᠢᠶᠠᠨ ᠤ᠋ ᠱᠦᠵᠢ ᠭᠣᠣ ᠶᠦᠩ ᠪᠢᠨ ᠴᠠᠭᠠᠨᠨᠠᠭᠤᠷ ᠤ᠋ᠨ ᠠᠮᠢ ᠠᠬᠤᠢ ᠵᠢ ᠬᠠᠮᠠᠭᠠᠯᠠᠬᠤᠪᠠ ᠵᠠᠰᠠᠨ ᠰᠡᠷᠭᠦᠭᠡᠬᠦ ᠠᠵᠢᠯ ᠤ᠋ᠨ ᠲᠤᠰᠭᠠᠢ ᠰᠡᠳᠦᠪᠲᠦ ᠬᠤᠷᠠᠯ ᠢ᠋ ᠡᠷᠬᠢᠯᠡᠨ ᠬᠤᠷᠠᠯᠳᠤᠭᠤᠯᠪᠠ᠃
ᠴᠠᠭᠠᠨᠰᠠᠷ᠎ᠠ ᠳᠥᠩᠭᠡᠵᠢ ᠥᠩᠭᠡᠷᠡᠯ᠎ᠡ᠂ ᠬᠣᠶᠠᠷ ᠤᠳᠠᠭ᠎ᠠ ᠵᠢᠨ ᠬᠤᠷᠠᠯ 5 ᠡᠳᠦᠷ ᠠᠯᠤᠰᠯᠠᠵᠤ᠂ ᠠᠳᠠᠯᠢᠬᠠᠨ ᠨᠢᠭᠡ ᠤᠴᠢᠷ ᠤ᠋ᠨ ᠲᠥᠯᠥᠭᠡᠬᠤᠷᠠᠯᠳᠤᠪᠠ᠃
ᠴᠠᠭᠠᠨᠨᠠᠭᠤᠷᠤᠯᠠᠭᠠᠨᠴᠠᠪ ᠬᠣᠲᠠ ᠵᠢᠨ ᠱᠠᠩᠳᠤ ᠰᠢᠶᠠᠨ ᠪᠣᠯᠤᠨ ᠾᠧᠪᠧᠢ ᠮᠣᠵᠢ ᠵᠢᠨ ᠴᠢᠭᠤᠯᠤᠯᠲᠤ ᠬᠠᠭᠠᠯᠭ᠎ᠠ ᠬᠣᠲᠠ ᠵᠢᠨᠱᠠᠩ ᠢ ᠰᠢᠶᠠᠨ ᠤ᠋ ᠠᠭᠤᠯᠵᠠᠷ ᠲᠤ᠌ ᠪᠠᠢᠷᠢᠯᠠᠵᠤ᠂ ᠡᠷᠭᠢᠨ ᠲᠣᠭᠣᠷᠢᠨ ᠳ᠋ᠦ᠍ᠨᠢ 10 ᠲᠦᠮᠡᠨ ᠮᠦ᠍ ᠪᠠᠢᠭᠠᠯᠢᠵᠢᠨ ᠪᠡᠯᠴᠢᠭᠡᠷ ᠲᠠᠢ ᠪᠠᠢᠵᠤ᠂ ᠪᠡᠭᠡᠵᠢᠩ ᠲᠢᠶᠠᠨᠵᠢᠨ ᠾᠧᠪᠧᠢ ᠣᠷᠣᠨ ᠤ᠋ ᠴᠢᠬᠤᠯᠠ ᠠᠮᠢ ᠠᠬᠤᠢ ᠵᠢᠨ ᠠᠮᠤᠷᠲᠦᠪᠰᠢᠨ ᠤ᠋ ᠬᠠᠯᠬᠠᠪᠴᠢ ᠪᠤᠯᠬᠤ ᠶᠤᠮ᠃ ᠣᠢᠷ᠎ᠠ ᠵᠢᠨ ᠵᠢᠯ ᠳ᠋ᠤ᠂ ᠭᠠᠩ ᠬᠠᠭᠤᠷᠠᠢ ᠪᠣᠷᠣᠭᠠᠨ ᠪᠠᠭ᠎ᠠ ᠳᠠᠢ᠂ᠭᠠᠵᠠᠷ ᠳᠣᠣᠷᠠᠬᠢ ᠤᠰᠤ ᠵᠢ ᠬᠡᠲᠦᠷᠡᠲᠡᠯ᠎ᠡ ᠲᠠᠲᠠᠭᠰᠠᠨ ᠵᠡᠷᠭᠡ ᠰᠢᠯᠲᠠᠭᠠᠨ ᠡᠴᠡ ᠪᠣᠯᠵᠤ᠂ ᠴᠠᠭᠠᠨᠨᠠᠭᠤᠷ ᠤ᠋ᠨᠠᠮᠢ ᠠᠬᠤᠢ ᠮᠠᠭᠤᠳᠠᠵᠠᠢ᠃
ᠤᠢᠷᠠᠵᠢᠨ ᠬᠤᠶᠠᠷ ᠵᠢᠯ ᠳ᠋ᠤ᠂ ᠥᠪᠥᠷ ᠮᠣᠩᠭᠣᠯ ᠴᠠᠭᠠᠨᠨᠠᠭᠤᠷ ᠤ᠋ᠨ ᠠᠮᠢ ᠠᠬᠤᠢ ᠵᠢ ᠬᠠᠮᠠᠭᠠᠯᠠᠬᠤ ᠪᠠ ᠵᠠᠰᠠᠨ ᠰᠡᠷᠭᠦᠭᠡᠬᠦᠭᠤᠤᠯ ᠴᠣᠭᠴᠠ ᠵᠢᠨ ᠬᠠᠷᠢᠭᠤᠴᠠᠯᠭ᠎ᠠ ᠵᠢ ᠡᠷᠡᠰ ᠡᠭᠦᠷᠭᠡᠯᠡᠵᠦ᠂ ᠥᠪᠥᠷ ᠮᠣᠩᠭᠣᠯ ᠾᠧᠪᠧᠢ ᠬᠣᠶᠠᠷ ᠮᠣᠵᠢ ᠣᠷᠣᠨᠤ᠋ ᠴᠠᠭᠠᠨᠨᠠᠭᠤᠷ ᠤ᠋ᠨ ᠨᠤᠭᠤ ᠭᠠᠵᠠᠷ ᠢ᠋ ᠬᠠᠮᠠᠭᠠᠯᠠᠬᠤ ᠪᠠ ᠵᠠᠰᠠᠨ ᠰᠡᠷᠭᠦᠭᠡᠬᠦ ᠲᠤᠰᠭᠠᠢ ᠬᠠᠮᠵᠢᠯᠴᠠᠬᠤᠲᠣᠭᠲᠠᠴᠠ ᠵᠢ ᠪᠠᠢᠭᠤᠯᠵᠤ᠂ ᠴᠠᠭᠠᠨᠨᠠᠭᠤᠷ ᠤ᠋ᠨ ᠥᠪᠡᠷᠲᠡᠭᠡᠨ ᠵᠠᠰᠠᠬᠤ ᠣᠷᠣᠨ ᠤ᠋ ᠨᠤᠭᠤ ᠭᠠᠵᠠᠷ ᠤ᠋ᠨ ᠴᠡᠴᠡᠷᠯᠢᠭᠤ᠋ᠨ ᠪᠦᠲᠦᠭᠡᠨ ᠪᠠᠢᠭᠤᠯᠤᠯᠲᠠ ᠵᠢ ᠢᠳᠡᠪᠬᠢᠲᠡᠢ ᠠᠬᠢᠭᠤᠯᠪᠠ᠃ ᠡᠭᠦᠨ ᠤ᠋ ᠬᠠᠮᠲᠤ᠂ 《ᠤᠰᠤᠨ ᠳᠠᠷᠢᠶ᠎ᠠ ᠵᠢᠬᠠᠭᠤᠷᠠᠢ ᠲᠠᠷᠢᠶ᠎ᠠ ᠪᠣᠯᠭᠠᠨ ᠥᠭᠡᠷᠡᠴᠢᠯᠡᠬᠦ》 ᠠᠮᠢ ᠠᠬᠤᠢ ᠵᠢ ᠰᠡᠷᠭᠦᠭᠡᠬᠦ ᠢᠨᠵᠧᠨᠧᠷᠢᠩ ᠢ᠋ ᠠᠬᠢᠭᠤᠯᠵᠤ᠂ᠰᠠᠪᠠ ᠭᠠᠵᠠᠷ ᠤ᠋ᠨ ᠳᠣᠲᠣᠷᠠᠬᠢ ᠤᠰᠤ ᠶᠡᠬᠡ ᠬᠣᠷᠣᠭᠳᠠᠭᠤᠯᠬᠤ ᠠᠵᠤ ᠠᠬᠤᠢᠯᠠᠯ ᠳ᠋ᠦ᠍ ᠬᠢᠨᠡᠨ ᠵᠥᠪᠰᠢᠶᠡᠷᠡᠯᠤᠯᠭᠤᠬᠤ ᠵᠢ ᠬᠢᠵᠠᠭᠠᠷᠯᠠᠬᠤ ᠲᠥᠷᠥ ᠵᠢᠨ ᠪᠣᠳᠣᠯᠭ᠎ᠠ ᠵᠢ ᠬᠡᠷᠡᠭᠵᠢᠭᠦᠯᠵᠦ᠂ ᠥᠷᠭᠡᠳᠭᠡᠨ ᠪᠠᠢᠭᠤᠯᠬᠤ ᠲᠦᠷᠦᠯᠵᠦᠢᠯ ᠢ᠋ ᠨᠡᠮᠡᠭᠳᠡᠭᠦᠯᠦᠨ ᠭᠠᠵᠠᠷ ᠳᠣᠣᠷᠠᠬᠢ ᠤᠰᠤ ᠵᠢ ᠲᠠᠲᠠᠨ ᠬᠡᠷᠡᠭᠯᠡᠬᠦ ᠵᠢ ᠴᠢᠩᠭ᠎ᠠ ᠴᠠᠭᠠᠵᠠᠯᠠᠵᠤ᠂ᠨᠠᠭᠤᠷ ᠤ᠋ᠨ ᠤᠰᠤ ᠪᠠ ᠭᠠᠵᠠᠷ ᠳᠣᠣᠷᠠᠬᠢ ᠤᠰᠤ ᠵᠢ ᠲᠠᠲᠠᠨ ᠬᠡᠷᠡᠭᠯᠡᠭᠦ ᠬᠡᠮᠵᠢᠶ᠎ᠡ ᠵᠢ ᠬᠠᠮᠤᠭ ᠤ᠋ᠨ ᠶᠡᠬᠡᠬᠡᠮᠵᠢᠶᠡ ᠪᠠᠷ ᠪᠠᠭᠠᠰᠬᠠᠪᠠ᠃
ᠵᠢᠯᠭᠠᠷᠤᠢ ᠵᠢᠨ ᠵᠠᠰᠠᠨ ᠰᠡᠷᠭᠦᠭᠡᠯᠳᠡ ᠪᠠᠷ ᠳᠠᠮᠵᠢᠨ ᠪᠤᠷᠤᠭᠠᠨ ᠬᠤᠷ᠎ᠠ ᠡᠯᠪᠡᠭ ᠤᠯᠠᠷᠢᠯ ᠳ᠋ᠦ᠍ ᠴᠠᠭᠠᠨᠨᠠᠭᠤᠷᠤ᠋ᠨ ᠤᠰᠤᠨ ᠤ᠋ ᠲᠠᠯᠠᠪᠠᠢ 14.9ᠲᠡᠭᠰᠢ ᠳᠥᠷᠪᠡᠯᠵᠢᠨᠺᠢᠯᠣᠮᠧᠲ᠋ᠷ ᠪᠣᠯᠲᠠᠯ᠎ᠠ ᠨᠡᠮᠡᠭᠳᠡᠵᠦ᠂ ᠡᠯ᠎ᠡ ᠲᠥᠷᠥᠯ ᠤ᠋ᠨ ᠤᠷᠭᠤᠮᠠᠯ ᠤ᠋ᠨ ᠤᠷᠭᠤᠴᠠ ᠰᠠᠢᠵᠢᠷᠠᠨ᠂ ᠠᠮᠢᠲᠠᠨᠤ᠋ ᠲᠥᠷᠥᠯ ᠤ᠋ᠨ ᠲᠣᠭ᠎ᠠ ᠬᠡᠮᠵᠢᠶ᠎ᠡ ᠴᠦ᠍ ᠢᠯᠡᠳᠲᠡ ᠨᠡᠮᠡᠭᠳᠡᠭᠰᠡᠨ ᠠᠵᠢ᠃
ᠪᠣᠬᠢᠷᠲᠤᠯ᠎ᠦᠭᠡᠢ ᠵᠢᠨ ᠳᠠᠪᠠᠭᠤᠯᠢᠭ ᠢ᠋ ᠴᠢᠩᠭᠠᠳᠬᠠᠬᠤ ᠳ᠋ᠦ᠍ ᠠᠰᠢᠭᠲᠠᠢ ᠶᠤᠮ ᠪᠣᠯ ᠭᠤᠢᠪᠢᠰᠢ ᠦᠭᠡᠢ ᠠᠬᠢᠭᠤᠯᠵᠤ᠂ ᠪᠣᠬᠢᠷᠲᠤᠯ ᠦᠭᠡᠢ ᠬᠥᠭᠵᠢᠯᠲᠡ ᠵᠢ ᠠᠬᠢᠭᠤᠯᠬᠤ ᠳ᠋ᠦ᠍ ᠠᠰᠢᠭᠦᠭᠡᠢ ᠠᠵᠢᠯᠯᠠᠭ᠎ᠠ ᠶᠤᠮ ᠪᠣᠯ ᠡᠷᠡᠰ ᠬᠦᠴᠦᠲᠡᠢ ᠵᠠᠯᠠᠷᠠᠭᠤᠯᠵᠤ᠂ ᠥᠪᠥᠷ ᠮᠣᠩᠭᠣᠯ ᠤ᠋ᠨ ᠪᠦᠬᠦᠢᠯᠡ ᠭᠠᠵᠠᠷ ᠤᠷᠤᠨᠳ᠋ᠤ ᠠᠮᠢ ᠠᠬᠤᠢ ᠣᠷᠴᠢᠨ ᠲᠣᠭᠣᠷᠢᠨ ᠤ᠋ ᠬᠠᠮᠠᠭᠠᠯᠠᠯᠲᠠ ᠵᠢ ᠪᠦᠬᠦ ᠲᠠᠯ᠎ᠠ ᠪᠠᠷ ᠴᠢᠩᠭᠠᠳᠭᠠᠵᠠᠢ —
《ᠥᠪᠥᠷ ᠮᠣᠩᠭᠣᠯ ᠤ᠋ᠨᠥᠪᠡᠷᠲᠡᠭᠡᠨ ᠵᠠᠰᠠᠬᠤ ᠣᠷᠣᠨ ᠤ᠋ ᠮᠠᠨ ᠤ᠋ ᠤᠯᠤᠰ ᠤ᠋ᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨᠤ᠋ ᠬᠠᠯᠬᠠᠪᠴᠢ ᠵᠢ ᠪᠠᠢᠭᠤᠯᠬᠤ ᠲᠥᠯᠥᠪᠵᠢᠭᠦᠯᠭᠡ (2021 — 2035 ᠣᠨ)》᠂ 《ᠥᠪᠥᠷ ᠮᠣᠩᠭᠣᠯ ᠤ᠋ᠨᠥᠪᠡᠷᠲᠡᠭᠡᠨ ᠵᠠᠰᠠᠬᠤ ᠣᠷᠣᠨ ᠤ᠋︿ᠠᠷᠪᠠᠨ ᠳᠥᠷᠪᠡᠳᠦᠭᠡᠷ ᠲᠠᠪᠤᠨ ᠵᠢᠯ﹀ᠤ᠋ᠨ ᠣᠢ ᠰᠢᠭᠤᠢ ᠪᠠᠨᠤᠲᠤᠭ ᠪᠡᠯᠴᠢᠭᠡᠷ ᠢ᠋ ᠬᠠᠮᠠᠭᠠᠯᠠᠵᠤ ᠬᠦᠭᠵᠢᠬᠦᠯᠬᠦ ᠲᠥᠯᠥᠪᠵᠢᠭᠦᠯᠭᠡ》 ᠵᠢ ᠨᠠᠢᠷᠠᠭᠤᠯᠤᠨ ᠲᠣᠭᠲᠠᠭᠠᠵᠤ᠂ᠬᠣᠢᠰᠢᠳᠠ ᠵᠢᠨ ᠨᠢᠭᠡ ᠬᠤᠭᠤᠴᠠᠭᠠᠨ ᠤ᠋ ᠮᠠᠨ ᠤ᠋ ᠤᠯᠤᠰ ᠤ᠋ᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷᠲᠦᠪᠰᠢᠨ ᠤ᠋ ᠬᠠᠯᠬᠠᠪᠴᠢ ᠵᠢ ᠪᠠᠢᠭᠤᠯᠬᠤ ᠳ᠋ᠦ᠍ ᠴᠠᠭ ᠤ᠋ᠨ ᠬᠦᠰᠦᠨᠦᠭᠲᠦ ᠪᠠ ᠵᠠᠮ ᠱᠤᠭᠤᠮ ᠤ᠋ᠨ ᠵᠢᠷᠤᠭ ᠬᠠᠩᠭᠠᠪᠠ᠃
ᠠᠭᠤᠯᠠᠤᠰᠤ ᠣᠢ ᠰᠢᠭᠤᠢ ᠲᠠᠷᠢᠶᠠᠨ ᠭᠠᠵᠠᠷ ᠨᠠᠭᠤᠷ ᠴᠥᠭᠥᠷᠥᠮ ᠡᠪᠡᠰᠦ ᠪᠡᠯᠴᠢᠭᠡᠷ ᠡᠯᠡᠰᠦ ᠮᠠᠨᠭᠬᠠ ᠵᠢ ᠰᠢᠰᠲ᠋ᠧᠮᠲᠠᠢ ᠪᠡᠷ ᠵᠠᠰᠠᠬᠤ ᠵᠢ ᠨᠢᠭᠡᠳᠦᠯᠲᠡᠢ ᠲᠥᠯᠥᠪᠵᠢᠭᠦᠯᠵᠦ᠂ ᠨᠤᠲᠤᠭ ᠪᠡᠯᠴᠢᠭᠡᠷ ᠡᠴᠡ ᠣᠢ ᠰᠢᠭᠤᠢ ᠬᠦᠷᠲᠡᠯ᠎ᠡ᠂ᠲᠠᠴᠢᠷ ᠴᠦᠯ ᠡᠴᠡ ᠭᠣᠣᠯ ᠮᠥᠷᠡᠨ ᠨᠠᠭᠤᠷ ᠴᠥᠭᠥᠷᠥᠮ ᠨᠤᠭᠤ ᠭᠠᠵᠠᠷ ᠬᠦᠷᠲᠡᠯ᠎ᠡ᠂ ᠠᠮᠢ ᠠᠬᠤᠢ ᠵᠢ ᠬᠠᠮᠠᠭᠠᠯᠠᠵᠤᠰᠡᠷᠭᠦᠭᠡᠬᠦ ᠠᠯᠢ ᠣᠯᠠᠨ ᠴᠢᠬᠤᠯᠠ ᠶᠡᠬᠡ ᠢᠨᠵᠧᠨᠧᠷᠢᠩ ᠢ᠋ ᠭᠦᠨᠵᠡᠭᠡᠢ ᠬᠡᠷᠡᠭᠵᠢᠭᠦᠯᠵᠦ᠂ ᠤᠯᠤᠰ ᠤ᠋ᠨ ᠨᠤᠲᠤᠭ ᠳᠡᠪᠢᠰᠬᠡᠷ ᠢ᠋ ᠨᠣᠭᠣᠭᠠᠷᠠᠭᠤᠯᠬᠤ ᠠᠵᠢᠯᠯᠠᠭᠠᠨᠢ᠋ ᠰᠢᠨᠵᠢᠯᠡᠬᠦ ᠤᠬᠠᠭᠠᠨᠴᠢ ᠪᠠᠷ ᠥᠷᠨᠢᠭᠦᠯᠦᠨ᠂ ᠬᠠᠲᠤᠨ ᠭᠣᠣᠯ ᠤ᠋ᠨ ᠰᠠᠪᠠ ᠭᠠᠵᠠᠷ ᠤ᠋ᠨ ᠠᠮᠢ ᠠᠬᠤᠢ ᠵᠢᠨᠬᠠᠮᠠᠭᠠᠯᠠᠯᠳᠠ ᠪᠠ ᠴᠢᠨᠠᠷ ᠰᠠᠢᠲᠠᠢ ᠬᠥᠭᠵᠢᠯᠲᠡ ᠵᠢ ᠯᠠᠪᠳᠠᠭᠤᠨ ᠪᠠᠲᠤᠲᠠᠢ ᠠᠬᠢᠭᠤᠯᠪᠠ᠃ ᠦᠷᠭᠦᠯᠵᠢᠯᠡᠨ ᠶᠡᠬᠡᠬᠦᠴᠦ ᠣᠷᠣᠭᠤᠯᠵᠤ ᠪᠠᠢᠭᠠᠳ ᠪᠣᠬᠢᠷᠲᠤᠯ ᠢ᠋ ᠰᠡᠷᠭᠡᠢᠯᠡᠨ ᠵᠠᠰᠠᠬᠤ ᠪᠣᠭᠣᠮᠲᠠ ᠰᠢᠪᠲᠤᠯᠬᠤ ᠳᠠᠢᠯᠠᠯᠳᠤᠭᠠᠨ ᠢ᠋ᠭᠦᠨᠵᠡᠭᠡᠢ ᠰᠠᠢᠲᠤᠷ ᠬᠢᠵᠦ᠂ ᠨᠡᠩ ᠥᠨᠳᠥᠷ ᠪᠠᠷᠢᠮᠵᠢᠶ᠎ᠠ ᠪᠠᠷ ᠬᠥᠬᠡ ᠣᠭᠲᠠᠷᠭᠤᠢ᠂ ᠬᠥᠬᠡᠮᠳᠦᠭ ᠤᠰᠤ᠂ ᠴᠡᠪᠡᠷᠬᠥᠷᠥᠰᠥ ᠵᠢ ᠬᠠᠮᠠᠭᠠᠯᠠᠬᠤ ᠳᠠᠢᠯᠠᠯᠳᠤᠭᠠᠨ ᠢ᠋ ᠰᠠᠢᠲᠤᠷ ᠬᠢᠭᠰᠡᠨ ᠪᠠᠢᠨ᠎ᠠ᠃
ᠭᠣᠣᠯᠮᠥᠷᠡᠨ ᠨᠠᠭᠤᠷ ᠴᠥᠭᠥᠷᠥᠮ ᠤ᠋ᠨ ᠳᠠᠷᠤᠭ᠎ᠠ ᠵᠢᠨ ᠳᠦᠷᠢᠮ ᠢ᠋ ᠪᠦᠬᠦ ᠲᠠᠯ᠎ᠠ ᠪᠠᠷ ᠬᠡᠷᠡᠭᠵᠢᠭᠦᠯᠵᠦ᠂ ᠭᠣᠣᠯ ᠮᠥᠷᠡᠨ᠂ᠨᠠᠭᠤᠷ ᠴᠥᠭᠥᠷᠥᠮ ᠪᠦᠬᠦᠨ ᠳ᠋ᠤ ᠲᠤᠰᠭᠠᠢ ᠰᠠᠬᠢᠨ ᠬᠠᠮᠠᠭᠠᠯᠠᠭᠴᠢ ᠲᠠᠢ ᠪᠣᠯᠵᠠᠢ᠃ ᠲᠠᠪᠤᠨ ᠱᠠᠳᠤᠨ ᠤ᠋ ᠣᠢ ᠰᠢᠭᠤᠢᠵᠢᠨ ᠳᠠᠷᠤᠭ᠎ᠠ ᠵᠢᠨ ᠳᠦᠷᠢᠮ ᠤ᠋ᠨ ᠰᠢᠰᠲ᠋ᠧᠮ ᠢ᠋ ᠪᠦᠬᠦ ᠲᠠᠯ᠎ᠠ ᠪᠠᠷ ᠪᠠᠢᠭᠤᠯᠵᠤ᠂ ᠣᠢ ᠰᠢᠭᠤᠢ ᠨᠤᠲᠤᠭ ᠪᠡᠯᠴᠢᠭᠡᠷᠤ᠋ᠨ ᠡᠬᠢ ᠪᠠᠶᠠᠯᠢᠭ ᠤ᠋ᠨ ᠬᠠᠮᠠᠭᠠᠯᠠᠯᠲᠠ ᠵᠢ ᠣᠢ ᠰᠢᠭᠤᠢ ᠨᠤᠲᠤᠭ ᠪᠡᠯᠴᠢᠭᠡᠷ ᠤ᠋ᠨ ᠰᠠᠯᠠᠭ᠎ᠠ ᠮᠥᠴᠢᠷ ᠯᠡᠬᠠᠮᠢᠶᠠᠷᠴᠤ ᠪᠠᠢᠭᠰᠠᠨ ᠡᠴᠡ ᠨᠠᠮ ᠵᠠᠰᠠᠭ ᠤ᠋ᠨ ᠰᠠᠯᠠᠭ᠎ᠠ ᠮᠥᠴᠢᠷ ᠴᠤᠭ ᠵᠢᠡᠷ ᠠᠳᠭᠤᠵᠤ ᠬᠠᠮᠲᠤ ᠪᠠᠷ ᠬᠠᠮᠢᠶᠠᠷᠬᠤᠵᠢ ᠪᠡᠶᠡᠯᠡᠭᠦᠯᠪᠡ᠃
ᠤᠷᠳᠤᠬᠤᠭᠤᠴᠠᠭᠠᠨ ᠤ᠋ ᠵᠢᠳᠬᠦᠨ ᠴᠢᠷᠮᠠᠢᠵᠤ ᠬᠥᠬᠡᠮᠳᠦᠭ ᠨᠤᠭᠤᠭᠠᠨ ᠠᠭᠤᠯᠠ ᠤᠰᠤ ᠪᠠᠨ ᠰᠠᠬᠢᠨ ᠬᠠᠮᠠᠭᠠᠯᠠᠪᠠ᠃ ᠪᠦᠬᠦᠣᠷᠣᠨ ᠤ᠋ ᠣᠢ ᠰᠢᠭᠤᠢ ᠵᠢᠨ ᠪᠦᠷᠬᠦᠴᠡ ᠵᠢᠨ ᠨᠣᠷᠮ᠎ᠠ ᠪᠤᠯᠤᠨ ᠨᠤᠲᠤᠭ ᠪᠡᠯᠴᠢᠭᠡᠷ ᠤ᠋ᠨ ᠶᠡᠷᠦᠩᠬᠡᠢ ᠤᠷᠭᠤᠮᠠᠯᠤ᠋ᠨ ᠪᠦᠷᠬᠦᠴᠡ ᠵᠢ ᠵᠡᠷᠬᠡ ᠪᠡᠷ ᠳᠡᠭᠡᠭᠰᠢᠯᠡᠭᠦᠯᠵᠦ᠂ ᠴᠦᠯᠯᠡᠷᠬᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷᠰᠢᠷᠣᠢ ᠵᠢᠨ ᠲᠠᠯᠠᠪᠠᠢ ᠵᠢ ᠵᠡᠷᠬᠡ ᠪᠡᠷ ᠪᠠᠭᠠᠰᠬᠠᠪᠠ᠃ ᠠᠮᠢ ᠠᠬᠤᠢ ᠵᠢᠨ ᠪᠠᠢᠳᠠᠯ ᠳ᠋ᠦ᠍《ᠪᠦᠬᠦᠯᠢ ᠴᠣᠭᠴᠠ ᠪᠠᠷᠨᠢ ᠬᠣᠷᠢᠭᠯᠠᠵᠤ᠂ ᠬᠡᠰᠡᠭ ᠲᠠᠯ᠎ᠠ ᠪᠠᠷ ᠰᠠᠢᠵᠢᠷᠠᠭᠰᠠᠨ》ᠴᠢᠬᠤᠯᠠ ᠶᠡᠬᠡ ᠬᠤᠪᠢᠷᠠᠯᠲᠠ ᠵᠢ ᠪᠡᠶᠡᠯᠡᠭᠦᠯᠪᠡ᠃ ᠠᠭᠤᠷᠬᠠᠢᠮᠠᠯᠳᠠᠭᠰᠠᠨ ᠡᠴᠡ ᠪᠤᠯᠵᠤ ᠰᠢᠷᠬ᠎ᠠ ᠰᠣᠷᠪᠢ ᠪᠠᠷ ᠳᠦᠭᠦᠷᠦᠭᠰᠡᠨ ᠳᠠᠯᠠᠨ ᠬᠠᠷ᠎ᠠ ᠠᠭᠤᠯᠠ ᠵᠢᠨ ᠡᠮᠦᠨ᠎ᠡ ᠪᠠᠯᠢ᠋ ᠰᠡᠯᠪᠢᠨ ᠵᠠᠰᠠᠬᠤ ᠪᠠ ᠨᠣᠭᠣᠭᠠᠷᠠᠭᠤᠯᠬᠤ ᠪᠠᠷ ᠳᠠᠮᠵᠢᠨ ᠡᠪᠡᠰᠦ ᠪᠡᠯᠴᠢᠭᠡᠷ ᠨᠠᠯᠤᠢᠨ ᠤᠢ ᠮᠤᠳᠤ ᠢᠭᠴᠤᠰᠠᠬᠤᠯᠢᠭ ᠤᠷᠭᠤᠭᠰᠠᠨ ᠭᠤᠢᠳᠠ ᠦᠵᠡᠮᠵᠢ ᠵᠢ ᠳᠠᠬᠢᠨ ᠰᠡᠷᠭᠦᠭᠡᠪᠡ᠃ 3 ᠲᠦᠮᠡᠨ ᠮᠦ᠍ ᠨᠡᠭᠦᠳᠡᠯ ᠡᠯᠡᠰᠦ ᠨᠣᠭᠣᠭᠠᠨ ᠪᠦᠷᠢᠳᠦᠪᠣᠯᠵᠤ᠂ 《ᠬᠠᠮᠠᠷ ᠬᠠᠳᠭᠤᠬᠤ ᠡᠪᠡᠰᠦᠥᠬᠡᠢ ᠬᠠᠯᠴᠠᠭᠠᠢ ᠭᠠᠵᠠᠷ》 ᠪᠠᠢᠭᠰᠠᠨ ᠦᠬᠠᠢ ᠬᠣᠲᠠ ᠵᠢᠨ ᠪᠠᠢ ᠳᠦ ᠬᠦᠢ ᠲᠤᠬᠤᠢᠨᠢᠬᠡᠨᠳᠡ ᠭᠠᠨᠳᠠᠷᠢ ᠠᠭᠤᠯᠠ ᠵᠢᠨ ᠠᠮᠢ ᠠᠬᠤᠢ ᠵᠢᠨ ᠪᠣᠯᠪᠠᠰᠤᠨ ᠤ᠋ ᠦᠵᠡᠮᠵᠢ ᠵᠢᠨ ᠣᠷᠣᠨ ᠵᠢᠨᠷ ᠰᠤᠯᠢᠭᠳᠠᠪᠠ᠃
᠁
ᠡᠳᠤᠢᠲᠡᠳᠤᠢ ᠠᠮᠵᠢᠯᠳᠠ ᠤᠯᠤᠭᠰᠠᠨ ᠴᠦ᠍ ᠵᠠᠮ ᠬᠤᠯᠠ ᠡᠬᠦᠷᠬᠡ ᠬᠦᠨᠳᠤ ᠪᠠᠢᠭᠰᠠᠭᠠᠷ᠃
《ᠪᠢᠳᠡ ᠠᠭᠤᠷᠬᠠᠢ ᠵᠢᠨᠣᠷᠴᠢᠨ ᠲᠣᠭᠣᠷᠢᠨ ᠢ᠋ ᠶᠡᠷᠦᠩᠬᠡᠢᠯᠡᠨ ᠵᠠᠰᠠᠬᠤ ᠪᠠ ᠪᠣᠬᠢᠷᠲᠤᠯ ᠥᠬᠡᠢ ᠠᠭᠤᠷᠬᠠᠢ ᠵᠢᠨ ᠪᠦᠲᠦᠭᠡᠨ ᠪᠠᠢᠭᠤᠯᠤᠯᠲᠠᠵᠢ ᠨᠡᠩ ᠶᠡᠬᠡ ᠡᠷᠴᠢᠮ ᠵᠢᠨᠷ ᠠᠬᠢᠭᠤᠯᠵᠤ᠂ 2023 ᠣᠨ ᠪᠣᠯᠬᠤ ᠳ᠋ᠦ᠍ ᠪᠣᠢ ᠪᠦᠬᠦᠢ ᠵᠠᠳᠠᠭᠠᠢ ᠠᠭᠤᠷᠬᠠᠢ ᠵᠢ ᠴᠥᠮ ᠪᠣᠬᠢᠷᠲᠤᠯ ᠥᠬᠡᠢ ᠠᠭᠤᠷᠬᠠᠢᠪᠤᠯᠭᠠᠨ ᠪᠦᠳᠦᠬᠡᠨ ᠪᠠᠢᠭᠤᠯᠵᠤ᠂ ᠲᠡᠦᠬᠡᠨ ᠡᠴᠡ ᠦᠯᠡᠳᠡᠭᠳᠡᠵᠦ ᠢᠷᠡᠭᠰᠡᠨ ᠬᠠᠶᠠᠭᠳᠠᠮᠠᠯ ᠨᠦᠬᠡ ᠵᠢ ᠵᠠᠰᠠᠬᠤᠡᠭᠦᠷᠭᠡ ᠵᠢ ᠵᠡᠷᠭᠡ ᠪᠠᠷ ᠪᠡᠶᠡᠯᠡᠭᠦᠯᠵᠦ᠂ ᠨᠣᠭᠣᠭᠠᠷᠠᠭᠤᠯᠵᠤ ᠲᠡᠢᠯᠪᠡᠯ ᠨᠤᠭᠤᠭᠠᠷᠠᠭᠤᠯᠤᠨ᠎ᠠ》 ᠭᠡᠵᠦ ᠯᠦᠸᠧ ᠴᠢᠩ ᠬᠡᠯᠡᠨ᠎ᠠ᠃
ᠥᠪᠡᠷᠲᠡᠭᠡᠨᠵᠠᠰᠠᠬᠤ ᠣᠷᠣᠨ ᠤ᠋ ᠣᠢ ᠰᠢᠭᠤᠢ ᠪᠠ ᠨᠤᠲᠤᠭ ᠪᠡᠯᠴᠢᠭᠡᠷ ᠤ᠋ᠨ ᠲᠣᠪᠴᠢᠢ᠎ᠠ ᠵᠢᠨ ᠳᠠᠷᠤᠭ᠎ᠠ ᠬᠣᠣ ᠶᠢᠩ᠂ ᠨᠤᠲᠤᠭᠪᠡᠯᠴᠢᠭᠡᠷ ᠪᠠ ᠣᠢ ᠰᠢᠭᠤᠢ ᠵᠢ ᠬᠠᠮᠠᠭᠠᠯᠠᠬᠤ ᠪᠠᠷ ᠲᠡᠷᠢᠭᠦᠨ ᠴᠢᠬᠤᠯᠠ ᠡᠭᠦᠷᠭᠡ ᠪᠣᠯᠭᠠᠨ᠂ ᠨᠤᠲᠤᠭ ᠪᠡᠯᠴᠢᠭᠡᠷᠢ᠋ ᠬᠠᠮᠠᠭᠠᠯᠠᠬᠤ ᠬᠠᠮᠤᠭ ᠤ᠋ᠨ ᠴᠢᠩᠭ᠎ᠠ ᠳᠦᠷᠢᠮ ᠢ᠋ ᠬᠡᠷᠡᠭᠵᠢᠭᠦᠯᠵᠦ᠂ ᠶᠡᠬᠡ ᠬᠡᠪᠴᠢᠶᠡᠨ ᠤ᠋ ᠤᠯᠤᠰ ᠤ᠋ᠨᠨᠤᠲᠤᠭ ᠳᠡᠪᠢᠰᠬᠡᠷ ᠢ᠋ ᠨᠣᠭᠣᠭᠠᠷᠠᠭᠤᠯᠬᠤ ᠠᠵᠢᠯᠯᠠᠭᠠᠨ ᠢ᠋ ᠰᠢᠨᠵᠢᠯᠡᠬᠦ ᠤᠬᠠᠭᠠᠨᠴᠢ ᠪᠠᠷ ᠠᠬᠢᠭᠤᠯᠵᠤ᠂ ᠮᠠᠨᠤ᠋ ᠤᠯᠤᠰ ᠤ᠋ᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ ᠤ᠋ ᠬᠠᠯᠬᠠᠪᠴᠢ ᠵᠢ ᠪᠡᠬᠢᠵᠢᠭᠦᠯᠬᠦᠳ᠋ᠦ᠍ ᠣᠢ ᠰᠢᠭᠤᠢ ᠨᠤᠲᠤᠭ ᠪᠡᠯᠴᠢᠭᠡᠷ ᠤ᠋ᠨ ᠰᠠᠯᠠᠭ᠎ᠠ ᠮᠦᠴᠢᠷ ᠤ᠋ᠨ ᠬᠦᠴᠦᠨ ᠴᠢᠳᠠᠯ ᠵᠢᠨᠨ ᠡᠷᠭᠦᠨ᠎ᠡ ᠭᠡᠵᠦᠢᠯᠡᠳᠭᠡᠯᠠ᠃
ᠪᠣᠬᠢᠷᠲᠤᠯ᠎ᠦᠭᠡᠢ ᠬᠥᠳᠡᠯᠭᠡᠬᠦ ᠬᠦᠴᠦᠨ ᠢ᠋ ᠤᠨᠳᠤᠷᠤᠭᠤᠯᠤᠯᠠ — ᠪᠦᠬᠦ ᠬᠦᠷᠢᠢ᠎ᠡ ᠪᠦᠬᠦᠶᠠᠪᠤᠴᠠ ᠳ᠋ᠤ ᠪᠣᠬᠢᠷᠲᠤᠯ ᠦᠭᠡᠢ ᠬᠦᠭᠵᠢᠯᠳᠡ ᠲᠡᠢᠰᠢ ᠬᠡᠯᠪᠡᠷᠢ ᠵᠢ ᠬᠤᠪᠢᠷᠠᠭᠤᠯᠤᠨ᠎ᠠ
ᠶᠡᠷᠦᠩᠬᠡᠢᠱᠦᠵᠢ ᠰᠢ ᠵᠢᠨ ᠫᠢᠩ᠂ ᠠᠵᠤ ᠠᠬᠤᠢ ᠵᠢ ᠬᠦᠭᠵᠢᠭᠦᠯᠬᠦ ᠳ᠋ᠤ ᠡᠬᠢ ᠪᠠᠶᠠᠯᠢᠭ ᠪᠠ ᠠᠮᠢ ᠠᠬᠤᠢ ᠣᠷᠴᠢᠨ ᠲᠤᠭᠤᠷᠢᠨᠢ᠋ ᠬᠣᠭᠣᠰᠣᠷᠠᠳᠠᠯᠠ ᠰᠢᠪᠬᠠᠵᠤ ᠪᠤᠯᠬᠤ ᠦᠭᠡᠢ᠂ ᠠᠮᠢ ᠠᠬᠤᠢ ᠣᠷᠴᠢᠨ ᠲᠤᠭᠤᠷᠢᠨ ᠢ᠋ ᠬᠠᠮᠠᠭᠠᠯᠠᠬᠤ ᠨᠢ ᠪᠠᠰᠠᠠᠵᠤ ᠠᠬᠤᠢ ᠵᠢᠨ ᠬᠥᠭᠵᠢᠯᠲᠡ ᠵᠢ ᠲᠠᠶᠠᠭᠳᠠᠭᠠᠳ ᠬᠤᠪᠠᠬᠠᠢ ᠮᠤᠳᠤᠨ ᠡᠴᠡ ᠵᠢᠭᠠᠰᠤ ᠡᠷᠢᠬᠦ ᠶᠠᠪᠤᠳᠠᠯ ᠪᠢᠰᠢ᠂ᠬᠠᠷᠢᠨ ᠬᠥᠭᠵᠢᠭᠦᠯᠬᠦ ᠳᠤᠮᠳᠠ ᠬᠠᠮᠠᠭᠠᠯᠠᠵᠤ᠂ ᠬᠠᠮᠠᠭᠠᠯᠠᠬᠤ ᠳᠤᠮᠳᠠ ᠬᠥᠭᠵᠢᠭᠦᠯᠬᠦ ᠵᠢ ᠪᠠᠷᠢᠮᠲᠠᠯᠠᠬᠤ ᠬᠡᠷᠡᠭᠲᠡᠢᠭᠡᠵᠦ ᠵᠢᠭᠠᠵᠤ ᠭᠠᠷᠭᠠᠪᠠ᠃
ᠥᠩᠭᠡᠷᠡᠭᠰᠡᠨᠤ᠋ ᠤᠷᠲᠤ ᠬᠤᠭᠤᠴᠠᠭᠠᠨᠤ᠋ ᠲᠤᠷᠰᠢᠬᠢ《ᠬᠤᠷᠳᠤᠴᠠ ᠵᠢ ᠴᠢᠬᠤᠯᠠᠴᠢᠯᠠᠵᠤ ᠶᠠᠰᠤ ᠴᠢᠨᠠᠷ ᠢ᠋ ᠬᠥᠩᠭᠡᠪᠴᠢᠯᠡᠬᠦ》 ᠬᠥᠭᠵᠢᠯᠲᠡ ᠵᠢᠨ ᠵᠠᠭᠪᠤᠷᠡᠴᠡ ᠪᠣᠯᠵᠤ ᠠᠮᠢ ᠠᠬᠤᠢ ᠣᠷᠴᠢᠨ ᠲᠣᠭᠣᠷᠢᠨ ᠤ᠋ ᠲᠡᠦᠬᠡ ᠵᠢᠨ ᠥᠷᠢ ᠰᠢᠷᠢ ᠵᠢ ᠦᠯᠡᠳᠡᠭᠡᠭᠰᠡᠨ ᠨᠢ ᠥᠪᠥᠷ ᠮᠣᠩᠭᠣᠯ ᠤ᠋ᠨ ᠬᠢᠨ ᠳ᠋ᠤ ᠭᠦᠨᠵᠡᠭᠡᠢ ᠲᠠᠨᠢᠯᠳᠠ ᠤᠯᠭᠤᠭᠰᠠᠨ ᠪᠠᠢᠨ᠎ᠠ᠄ ᠤᠯᠠᠮᠵᠢᠯᠠᠯᠲᠤ ᠬᠥᠭᠵᠢᠯᠲᠡ ᠵᠢᠨ ᠵᠠᠭᠪᠤᠷ ᠦᠷᠭᠦᠯᠵᠢᠯᠡᠭᠦᠶᠠᠪᠡᠷᠬᠡ᠂ ᠬᠠᠭᠤᠴᠢᠨ ᠵᠠᠮ ᠮᠤᠬᠤᠷᠳᠠᠯ ᠳ᠋ᠤ ᠤᠴᠠᠷᠠᠵᠤ᠂ ᠶᠠᠭᠠᠬᠢᠭᠰᠠᠨ ᠴᠦ᠍ ᠬᠠᠭᠤᠴᠢᠨ ᠵᠠᠮ ᠵᠢᠡᠷ ᠳᠠᠬᠢᠵᠤᠵᠠᠮᠨᠠᠵᠤ ᠪᠣᠯᠬᠤ ᠥᠬᠡᠢ᠃ ᠬᠠᠭᠤᠴᠢᠨ ᠵᠠᠮ ᠵᠢᠡᠷ ᠲᠠᠬᠢᠨ ᠵᠠᠮᠨᠠᠬᠤ ᠵᠢ ᠠᠮᠢ ᠠᠬᠤᠢ ᠣᠷᠴᠢᠨ ᠲᠤᠭᠤᠷᠢᠨ ᠵᠥᠪᠰᠢᠶᠡᠷᠡᠬᠦᠥᠬᠡᠢ᠂ ᠠᠷᠠᠳ ᠣᠯᠠᠨ ᠴᠦ᠍ ᠵᠥᠪᠰᠢᠶᠡᠷᠡᠬᠦ ᠥᠬᠡᠢ ᠶᠤᠮ᠃ ᠡᠷᠬᠡᠪᠰᠢ ᠠᠮᠢ ᠠᠬᠤᠢ ᠵᠢ ᠤᠷᠢᠳ ᠵᠢᠡᠷ ᠪᠤᠳᠤᠯᠬᠢᠯᠠᠬᠤᠪᠣᠬᠢᠷᠲᠤᠯ ᠦᠭᠡᠢ ᠬᠥᠭᠵᠢᠬᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠢᠲᠠᠢ ᠬᠥᠭᠵᠢᠯᠲᠡ ᠵᠢᠨ ᠰᠢᠨᠡᠵᠠᠮ ᠵᠢᠨᠷ ᠵᠠᠮᠨᠠᠬᠤ ᠬᠡᠷᠡᠭᠲᠡᠢ︕
ᠵᠡᠭᠦᠨᠭᠠᠷᠬᠤᠰᠢᠭᠤᠨ ᠤ᠋ ᠳᠠ ᠯᠥ᠍ ᠠᠵᠤ ᠦᠢᠯᠡᠳᠪᠦᠷᠢ ᠵᠢᠨ ᠬᠦᠷᠢᠶᠡᠯᠡᠩ ᠲᠣᠭᠣᠷᠢᠭ ᠤ᠋ᠨ ᠶᠦᠩ ᠵᠢᠶᠠᠩ ᠵᠢᠶᠠ ᠶᠤᠸᠠᠨ ᠰᠢᠨᠵᠢᠯᠡᠬᠦᠤᠬᠠᠭᠠᠨ ᠲᠧᠭᠨᠢᠭ ᠮᠡᠷᠭᠡᠵᠢᠯ ᠤ᠋ᠨ ᠬᠢᠵᠠᠭᠠᠷᠲᠤ ᠺᠣᠮᠫᠠᠨᠢ ᠵᠢᠨ ᠲᠤᠷᠰᠢᠯᠲᠠ ᠵᠢᠨ ᠲᠠᠰᠤᠭ ᠲᠤ᠌᠂ ᠮᠡᠷᠭᠡᠵᠢᠯᠳᠡᠨᠨᠢᠭᠡ ᠴᠣᠮᠣ ᠪᠣᠬᠢᠷ ᠤᠰᠤᠨ ᠳ᠋ᠦ᠍ ᠡᠩ ᠤ᠋ᠨ ᠲᠠᠷᠢᠯᠭ᠎ᠠ ᠵᠢᠨ ᠪᠠᠭᠠᠵᠢ ᠵᠢᠨ ᠬᠡᠮᠵᠢᠶᠡᠨ ᠤ᠋ ᠪᠥᠭᠡᠭᠡᠨᠡᠷᠡᠯᠾᠯᠣᠷᠲᠤ ᠬᠥᠩᠭᠡᠨᠴᠠᠭᠠᠨ ᠬᠢᠵᠦ᠂ ᠬᠡᠳᠦᠨ ᠰᠧᠺᠦ᠋ᠨ᠋ᠳ᠋ ᠤ᠋ᠨ ᠳᠠᠷᠠᠭ᠎ᠠ ᠪᠤᠬᠢᠷ ᠤᠰᠤᠨ ᠳ᠋ᠠᠬᠢ ᠬᠣᠯᠢᠴᠠ ᠨᠢᠤᠩᠭᠠᠷᠢᠯ ᠬᠡᠯᠪᠡᠷᠢ ᠲᠠᠢ ᠪᠣᠯᠤᠨ ᠲᠤᠨᠵᠤ᠂ ᠤᠰᠤ ᠨᠢ ᠲᠤᠩᠭᠠᠯᠠᠭᠰᠢᠴᠢᠬᠠᠪᠠ᠃ ᠪᠥᠭᠡᠭᠡᠨᠡᠷᠡᠯ ᠾᠯᠣᠷᠲᠤ ᠬᠥᠩᠭᠡᠨᠴᠠᠭᠠᠨᠪᠣᠯ ᠣᠳᠣᠬᠠᠨ ᠤ᠋ ᠪᠦᠬᠦ ᠳᠡᠯᠡᠬᠡᠢ ᠵᠢᠨ ᠬᠡᠪᠴᠢᠶᠡᠨ ᠳ᠋ᠦ᠍ ᠨᠡᠢᠳᠡᠮ ᠬᠡᠷᠡᠭᠯᠡᠵᠦ ᠪᠠᠢᠭ᠎ᠠ ᠥᠨᠳᠥᠷ ᠪᠦᠲᠦᠮᠵᠢᠲᠡᠢᠤᠰᠤ ᠰᠢᠢᠳᠪᠦᠷᠢᠯᠡᠬᠦ ᠡᠳ᠋ ᠪᠣᠯᠤᠨ᠎ᠠ᠂ ᠲᠠᠬᠡᠬᠦ ᠳ᠋ᠤ ᠲᠤᠰ ᠲᠦᠷᠦᠯ ᠵᠦᠢᠯ ᠤ᠋ᠨ ᠲᠦᠭᠦᠬᠡᠢ ᠮᠠᠲ᠋ᠧᠷᠢᠶᠠᠯ ᠪᠣᠯᠶᠠᠭ ᠡᠨᠡ ᠬᠦ᠌ ᠠᠵᠤ ᠦᠢᠯᠡᠳᠪᠦᠷᠢ ᠵᠢᠨ ᠬᠦᠷᠢᠶᠡᠯᠡᠩ ᠲᠣᠭᠣᠷᠢᠭ ᠡᠴᠡ ᠪᠣᠢ ᠪᠣᠯᠤᠭᠰᠠᠨ ᠨᠡᠭᠦᠷᠡᠰᠦᠨ ᠤ᠋ ᠦᠨᠡᠰᠦ᠂ᠨᠡᠭᠦᠷᠡᠰᠦᠨ ᠤ᠋ ᠰᠢᠭᠠᠷᠤ ᠠᠵᠢ᠃
ᠶᠡᠬᠡᠬᠡᠮᠵᠢᠶᠡᠨ ᠤ᠋ ᠭᠡᠷᠡᠯᠴᠢ ᠴᠡᠨᠡᠭ ᠤ᠋ᠨ ᠬᠠᠪᠲᠠᠰᠤ ᠨᠠᠷᠠᠨ ᠤ᠋ ᠭᠡᠷᠡᠯ ᠢ᠋ ᠰᠢᠩᠭᠡᠭᠡᠨ ᠠᠪᠤᠭᠠᠳ ᠪᠤᠬᠢᠷᠳᠤᠯᠦᠭᠡᠢ ᠴᠠᠬᠢᠯᠭᠠᠨ ᠭᠠᠷᠭᠠᠨ᠎ᠠ᠂ ᠵᠤᠨ ᠤ᠋ ᠴᠠᠭ ᠪᠤᠯᠬᠤ ᠳ᠋ᠤ ᠭᠡᠷᠡᠯᠴᠢ ᠴᠡᠨᠡᠭ ᠤ᠋ᠨ ᠬᠠᠪᠲᠠᠰᠤᠨ ᠤ᠋ ᠳᠣᠣᠷᠠᠲᠥᠮᠥᠰᠥ᠂ ᠡᠮ ᠤ᠋ᠨ ᠮᠠᠲ᠋ᠧᠷᠢᠶᠠᠯ ᠵᠡᠷᠭᠡ ᠠᠵᠤ ᠠᠬᠤᠢ ᠵᠢᠨ ᠲᠠᠷᠢᠮᠠᠯ ᠲᠠᠷᠢᠭᠰᠠᠨ ᠢ᠋ ᠣᠯᠵᠤ ᠬᠠᠷᠠᠳᠠᠭ᠃ ᠡᠨᠳᠡᠬᠢᠪᠣᠯ ᠬᠥᠪᠴᠢ ᠵᠢᠨ ᠡᠯᠡᠰᠦᠨ ᠳ᠋ᠡᠬᠢ ᠢ ᠯᠢ ᠭᠡᠷᠡᠯᠴᠢ ᠴᠡᠨᠡᠭ ᠵᠢᠨᠷ ᠡᠯᠡᠰᠦ ᠵᠢ ᠵᠠᠰᠠᠬᠤ ᠵᠢᠱ᠌ᠢᠶᠠ ᠦᠵᠡᠭᠦᠯᠬᠦᠰᠠᠭᠤᠷᠢᠨ ᠪᠣᠯᠤᠨ᠎ᠠ᠃《ᠬᠠᠪᠲᠠᠰᠤᠨ ᠳᠡᠭᠡᠷᠡᠴᠠᠬᠢᠯᠭᠠᠨ ᠭᠠᠷᠭᠠᠬᠤ᠂ ᠬᠠᠪᠲᠠᠰᠤᠨ ᠳᠣᠣᠷ᠎ᠠ ᠲᠠᠷᠢᠮᠠᠯ ᠲᠠᠷᠢᠬᠤ᠂ ᠬᠠᠪᠲᠠᠰᠤᠨ ᠬᠤᠭᠤᠷᠤᠨᠳᠤ ᠲᠡᠵᠢᠭᠡᠨ ᠦᠷᠡᠵᠢᠭᠦᠯᠬᠦ᠂ᠡᠯᠡᠰᠦ ᠵᠢ ᠵᠠᠰᠠᠵᠤ ᠬᠥᠷᠥᠰᠥ ᠵᠢ ᠰᠠᠢᠵᠢᠷᠠᠭᠤᠯᠬᠤ᠂ ᠠᠵᠤ ᠦᠢᠯᠡᠰ ᠵᠢᠨᠷ ᠶᠠᠳᠠᠭᠤ ᠵᠢ ᠲᠡᠳᠭᠦᠬᠦ᠂ ᠠᠵᠤ ᠦᠢᠯᠡᠳᠪᠦᠷᠢᠵᠢᠨ ᠵᠢᠭᠤᠯᠴᠢᠯᠠᠯ ᠢ᠋ ᠬᠦᠭᠵᠢᠬᠦᠯᠬᠦ》 ᠵᠡᠷᠭᠡ ᠭᠡᠷᠡᠯᠴᠢ ᠴᠡᠨᠡᠭ ᠤ᠋ᠨ ᠰᠢᠨ᠎ᠡ ᠬᠡᠯᠪᠡᠷᠢ ᠵᠢᠨᠠᠵᠤ ᠦᠢᠯᠡᠰ ᠤ᠋ᠨ ᠵᠠᠭᠪᠤᠷ ᠨᠢ ᠯᠤᠲᠤ ᠶᠡᠬᠡ 《ᠪᠣᠬᠢᠷᠲᠤᠯ ᠦᠭᠡᠢ ᠪᠠᠩᠬᠢ》 ᠰᠢᠭ᠋ ᠪᠠᠢᠵᠤ᠂ ᠵᠢᠯᠤ᠋ᠨ ᠴᠠᠬᠢᠯᠭᠠᠨ ᠭᠠᠷᠭᠠᠬᠤ ᠬᠡᠮᠵᠢᠢ᠎ᠡ ᠨᠢ ᠪᠠᠷᠤᠭ 12.5 ᠳ᠋ᠦᠩᠰᠢᠭᠤᠷ ᠭᠷᠠᠳᠦ᠋ᠰ ᠲᠦ᠍ ᠬᠦᠷᠴᠦ᠂ ᠵᠢᠯ ᠪᠦᠷᠢ ᠨᠡᠭᠦᠷᠡᠰᠦᠲᠥ᠋ᠷᠥᠭᠴᠢᠵᠢᠨ ᠭᠠᠳᠠᠭᠰᠢᠯᠠᠭᠤᠯᠤᠯᠲᠠ ᠵᠢ 120 ᠲᠦᠮᠡᠨ ᠲᠤᠨ ᠪᠠᠭᠠᠰᠬᠠᠵᠤ ᠪᠤᠢ᠃
ᠠᠮᠢᠠᠬᠤᠢ ᠵᠢ ᠲᠡᠷᠢᠭᠦᠨ ᠳ᠋ᠦ᠍ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠵᠢᠨ ᠱᠠᠭᠠᠷᠳᠠᠯᠭ᠎ᠠ ᠳ᠋ᠦ᠍ ᠵᠣᠬᠢᠴᠠᠬᠤᠦᠭᠡᠢ ᠨᠡᠢᠴᠡᠬᠦ ᠦᠭᠡᠢ᠂ ᠴᠢᠨᠠᠭᠰᠢᠯᠠᠪᠠᠯ ᠲᠡᠭᠦᠨ ᠡᠴᠡ ᠵᠦᠷᠢᠴᠡᠭᠰᠡᠨ ᠦᠵᠡᠯ ᠰᠠᠨᠠᠭ᠎ᠠ ᠣᠢᠯᠠᠭᠠᠭᠳᠠᠬᠤᠨ᠂ᠦᠢᠯᠡ ᠠᠵᠢᠯᠯᠠᠭ᠎ᠠ᠂ ᠬᠥᠭᠵᠢᠯᠲᠡ ᠵᠢᠨ ᠵᠠᠭᠪᠤᠷ ᠢ᠋ ᠡᠷᠡᠰ ᠲᠠᠶᠠᠭᠳᠠᠵᠤ᠂ ᠤᠯᠠᠮᠵᠢᠯᠠᠯᠲᠤ ᠠᠵᠤ ᠦᠢᠯᠡᠰᠤ᠋ᠨᠬᠡᠯᠪᠡᠷᠢ ᠵᠢ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠤᠯᠭᠠᠨ ᠬᠤᠪᠢᠷᠠᠭᠤᠯᠵᠤ᠂ᠪᠠᠢᠯᠳᠤᠬᠤ ᠪᠣᠳᠣᠯᠭ᠎ᠠ ᠵᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ᠋ ᠬᠦᠴᠦᠷᠬᠡᠭᠵᠢᠨ ᠮᠠᠨᠳᠤᠭᠤᠯᠵᠤ᠂ᠪᠦᠬᠦ ᠬᠦᠷᠢᠶ᠎ᠡ ᠪᠦᠬᠦ ᠶᠠᠪᠤᠴᠠ ᠳ᠋ᠤ ᠪᠣᠬᠢᠷᠲᠤᠯ ᠦᠭᠡᠢ ᠬᠦᠭᠵᠢᠯᠳᠡ ᠲᠡᠢᠰᠢ ᠬᠡᠯᠪᠡᠷᠢ ᠪᠠᠨ ᠬᠤᠪᠢᠷᠠᠭᠤᠯᠬᠤᠪᠠᠢᠳᠠᠯ ᠢ᠋ ᠪᠤᠢ ᠪᠤᠯᠭᠠᠪᠠ᠃
ᠪᠦᠬᠦᠣᠷᠣᠨ ᠤ᠋ ᠨᠡᠭᠦᠷᠡᠰᠦᠨ ᠤ᠋ ᠪᠤᠰᠤ ᠠᠵᠤ ᠦᠢᠯᠡᠰ ᠤ᠋ᠨ ᠨᠡᠮᠡᠭᠳᠡᠯ ᠥᠷᠲᠡᠭ ᠤ᠋ᠨ ᠬᠡᠪᠴᠢᠶᠡᠵᠢᠯ ᠡᠴᠡ ᠳᠡᠭᠡᠭᠰᠢᠬᠢᠠᠵᠤ ᠦᠢᠯᠡᠳᠪᠦᠷᠢ ᠳ᠋ᠡᠬᠢ ᠬᠤᠪᠢ ᠵᠢᠨ ᠵᠢᠩ 60% ᠵᠢ ᠳᠠᠪᠠᠵᠤ᠂《ᠨᠡᠭᠦᠷᠡᠰᠦ ᠪᠠᠷ ᠭᠣᠣᠯᠯᠠᠭᠤᠯᠤᠭᠰᠠᠨ》ᠪᠠᠢᠳᠠᠯ ᠳ᠋ᠦ᠍ ᠢᠯᠡᠷᠬᠡᠢᠬᠤᠪᠢᠷᠠᠯᠲᠠ ᠭᠠᠷᠴᠠᠢ᠃ ᠠᠮᠢ ᠠᠬᠤᠢ ᠵᠢᠨ ᠭᠡᠷᠡᠯᠴᠢ ᠴᠡᠨᠡᠭ ᠤ᠋ᠨ ᠴᠠᠬᠢᠯᠭᠠᠨ ᠬᠦᠴᠦᠨ ᠤ᠋ ᠮᠠᠰᠢᠨ ᠴᠣᠭᠴᠠᠯᠠᠪᠤᠷᠢ ᠵᠢᠨ ᠪᠠᠭᠲᠠᠭᠠᠮᠵᠢ 300 ᠲᠦᠮᠡᠨ ᠺᠢᠯᠣᠸᠠᠲ ᠢ ᠲᠠᠪᠠᠨ᠂ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ ᠵᠢᠨᠡᠵᠡᠯᠡᠬᠦ ᠬᠠᠷᠢᠴᠠᠯ ᠭᠤᠷᠪᠠᠨ ᠤ᠋ ᠨᠢᠭᠡ ᠬᠤᠪᠢ ᠡᠴᠡ ᠳᠡᠭᠡᠭᠰᠢ ᠪᠣᠯᠲᠠᠯ᠎ᠠ ᠨᠠᠮᠡᠭᠳᠡᠪᠡ ᠃
᠁
《ᠠᠮᠢ ᠠᠬᠤᠢ ᠵᠢᠨ ᠪᠣᠯᠪᠠᠰᠤᠨᠤ᠋ ᠪᠠᠢᠭᠤᠯᠤᠯᠲᠠ ᠪᠣᠯ ᠳᠤᠮᠳᠠᠳᠤ ᠵᠢᠨ ᠦᠨᠳᠦᠰᠦᠲᠡᠨ ᠤ᠋ ᠥᠨᠢᠳᠡ ᠵᠢᠨ ᠦᠷᠭᠦᠯᠵᠢᠯᠡᠬᠦ ᠬᠥᠭᠵᠢᠯᠲᠡ ᠳ᠋ᠦ᠍ ᠬᠣᠯᠪᠣᠭᠳᠠᠬᠤᠦᠨᠳᠦᠰᠦᠨ ᠶᠡᠬᠡ ᠪᠣᠳᠣᠯᠭ᠎ᠠ ᠮᠥᠨ᠂ ᠬᠤᠷᠳᠤᠴᠠ ᠵᠢᠨ ᠵᠠᠩᠭᠢᠷᠠᠭ᠎ᠠ᠂ ᠵᠠᠮ ᠤ᠋ᠨ ᠲᠦᠰᠢᠭᠯᠡᠯ ᠡᠴᠡ ᠲᠤᠢᠯᠪᠤᠷᠢᠲᠠᠢᠠᠩᠭᠢᠵᠢᠷᠠᠵᠤ᠂ ᠳᠠᠷᠤᠯᠲᠠ ᠵᠢ ᠲᠤᠯᠵᠤ ᠡᠪᠡᠷᠰᠢᠶᠡᠯ ᠢ᠋ ᠲᠡᠰᠪᠦᠷᠢᠯᠡᠨ᠂ ᠰᠢᠨ᠎ᠡ ᠵᠠᠮ ᠵᠢᠨᠷ ᠯᠠᠪᠳᠠᠭᠤᠨ ᠪᠠᠲᠤᠲᠠᠢᠵᠠᠮᠨᠠᠬᠤ ᠴᠢᠬᠤᠯᠠᠳᠠᠢ》 ᠭᠡᠵᠦ ᠥᠪᠥᠷ ᠮᠣᠩᠭᠣᠯ ᠤ᠋ᠨ ᠨᠠᠮ ᠤ᠋ᠨ ᠰᠤᠷᠭᠠᠭᠤᠯᠢᠵᠢᠨ ᠳᠡᠳ᠋ ᠵᠠᠬᠢᠷᠤᠯ ᠮᠠ ᠬᠦᠢ ᠶᠢᠩ ᠬᠡᠯᠡᠨ᠎ᠠ᠃
ᠦᠨᠡᠨᠪᠣᠳᠠᠲᠠᠢ ᠠᠵᠢᠯᠯᠠᠵᠤ ᠢᠷᠡᠭᠡᠳᠦᠢ ᠪᠠᠨ ᠠᠮᠵᠢᠯᠳᠠ ᠳᠠᠢ ᠤᠭᠳᠤᠨ᠎ᠠ᠃ 《ᠡᠬᠢ ᠪᠠᠶᠠᠯᠢᠭ ᠢ᠋ ᠨᠡᠭᠡᠭᠡᠨ ᠠᠰᠢᠭᠯᠠᠬᠤ᠂ ᠡᠬᠢ ᠪᠠᠶᠠᠯᠢᠭ ᠢ᠋ ᠬᠣᠷᠣᠭᠳᠠᠭᠤᠯᠬᠤᠳ᠋ᠦ᠍ ᠬᠡᠲᠦᠷᠬᠡᠢ ᠲᠦᠰᠢᠭᠯᠡᠬᠦ ᠠᠷᠭ᠎ᠠ ᠬᠢᠳᠡᠯ ᠢ᠋ ᠡᠷᠡᠰ ᠰᠢᠭᠤᠷᠬᠠᠢ ᠲᠠᠶᠠᠭᠳᠠᠵᠤ᠂ ᠰᠢᠨ᠎ᠡ ᠵᠢ ᠡᠭᠦᠳᠬᠦᠪᠠᠷ ᠬᠥᠳᠡᠯᠭᠡᠭᠦᠷ ᠪᠣᠯᠭᠠᠬᠰᠠᠨ ᠬᠥᠭᠵᠢᠯᠲᠡ ᠵᠢ ᠠᠬᠢᠭᠤᠯᠤᠨ᠎ᠠ᠃ ᠡᠨᠧᠷᠭᠢ ᠵᠢᠨ ᠬᠣᠷᠣᠭᠳᠠᠭᠤᠯᠤᠯ ᠶᠡᠬᠡᠲᠡᠢ᠂ᠭᠠᠳᠠᠭᠰᠢᠯᠠᠭᠤᠯᠤᠯᠲᠠ ᠶᠡᠬᠡᠲᠡᠢ ᠵᠦᠢᠯᠡᠰ ᠢ᠋ ᠡᠷᠡᠰ ᠰᠢᠭᠤᠷᠬᠠᠢ ᠬᠢᠵᠠᠭᠠᠷᠯᠠᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢᠪᠠᠭᠠ ᠭᠠᠳᠠᠭᠰᠢᠯᠠᠭᠤᠯᠬᠤ ᠬᠥᠭᠵᠢᠯᠲᠡ ᠵᠢ ᠲᠦᠷᠭᠡᠪᠴᠢᠯᠡᠨ ᠪᠡᠶᠡᠯᠡᠭᠦᠯᠤᠨ᠎ᠠ᠃ ᠲᠠᠷᠠᠬᠠᠢ ᠪᠤᠲᠠᠷᠬᠠᠢ ᠪᠥᠭᠡᠳᠦᠷᠡ ᠠᠰᠢᠭ ᠵᠢᠨᠷ ᠳᠣᠣᠷ᠎ᠠ ᠬᠡᠯᠪᠡᠷᠢ ᠵᠢᠨ ᠠᠵᠤ ᠦᠢᠯᠡᠰ ᠤ᠋ᠨ ᠬᠥᠭᠵᠢᠯᠲᠡ ᠵᠢᠨ ᠵᠠᠭᠪᠤᠷ ᠢ᠋ ᠡᠷᠡᠰ ᠰᠢᠭᠤᠷᠬᠠᠢᠬᠤᠪᠢᠷᠠᠭᠤᠯᠵᠤ᠂ ᠲᠥᠪᠯᠡᠷᠡᠩᠭᠦᠢ ᠪᠥᠭᠡᠳ ᠡᠷᠴᠢᠮᠯᠢᠭ ᠬᠥᠭᠵᠢᠯᠲᠡ ᠵᠢ ᠠᠬᠢᠭᠤᠯᠤᠨ᠎ᠠ》 ᠭᠡᠰᠡᠨ ᠤᠯᠠᠭᠠᠨᠬᠠᠳᠠᠬᠣᠲᠠ ᠵᠢᠨ ᠨᠠᠮ ᠤ᠋ᠨ ᠬᠣᠷᠢᠶᠠᠨ ᠤ᠋ ᠱᠦᠵᠢ ᠸᠠᠨ ᠴᠤᠤ ᠴᠢ ᠵᠢᠨ ᠳᠤᠷᠠᠳᠤᠭᠰᠠᠨ《ᠭᠤᠷᠪᠠᠨ ᠡᠷᠡᠰ ᠰᠢᠭᠤᠷᠬᠠᠢ》 ᠭᠠᠵᠠᠷ ᠲᠤᠰᠤᠭᠰᠠᠨᠠᠯᠮᠠᠰ ᠡᠷᠳᠡᠨᠢ ᠵᠢᠨ ᠲᠠᠭᠤ ᠪᠤᠯᠵᠤ ᠦᠪᠤᠷ ᠮᠤᠩᠭᠤᠯ ᠤᠷᠤᠨ ᠳ᠋ᠤ ᠬᠠᠩᠬᠢᠨᠠᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃