2022-03-02 09:33:28
ᠪᠠᠰᠠ ᠨᠢᠭᠡᠨ ᠬᠦᠰᠡᠯ ᠡᠷᠡᠮᠡᠯᠵᠡᠯ ᠵᠢᠨᠷ ᠪᠢᠯᠬᠠᠭᠰᠠᠨ ᠤᠷᠢᠬᠠᠨ ᠬᠠᠪᠤᠷ ᠵᠢᠡᠨᠤᠭᠳᠤᠬᠤᠶᠠ ᠬᠦᠮᠦᠰ ᠤ᠋ᠨ ᠰᠡᠳᠬᠢᠯ ᠢ᠋ ᠳᠤᠭᠳᠤᠯᠤᠭᠤᠯᠤᠭᠰᠠᠨ ᠪᠠᠶᠠᠷ ᠤ᠋ᠨ ᠮᠡᠳᠡᠭᠡ ᠥᠪᠥᠷ ᠮᠣᠩᠭᠣᠯ ᠡᠴᠡ ᠳᠠᠮᠵᠢᠭᠳᠠᠨ᠎ᠠ᠄ ᠪᠦᠬᠦ ᠣᠷᠣᠨ ᠤ᠋ ᠭᠠᠳᠠᠭᠠᠳᠤ ᠠᠷᠠᠯᠵᠢᠶ᠎ᠠ ᠵᠢᠨ ᠶᠠᠷᠦᠩᠬᠡᠢ ᠬᠡᠮᠵᠢᠶ᠎ᠠ 4 ᠵᠢᠯ ᠳᠠᠷᠠᠭᠠᠯᠠᠨ ᠮᠢᠩᠭᠠᠨ ᠳ᠋ᠦᠩᠰᠢᠭᠤᠷᠲᠥᠭᠥᠷᠢᠭ ᠢ᠋ ᠳᠠᠪᠠᠪᠠ᠃
ᠮᠠᠨ ᠤ᠋ ᠤᠯᠤᠰ ᠤ᠋ᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡᠵᠢ ᠪᠦᠳᠦᠬᠡᠨ ᠪᠠᠢᠭᠤᠯᠬᠤ ᠪᠣᠯ ᠶᠡᠷᠦᠩᠬᠡᠢ ᠱᠦᠵᠢ ᠰᠢ ᠵᠢᠨ ᠫᠢᠩ ᠪᠣᠯᠤᠨ ᠨᠠᠮ ᠤ᠋ᠨ ᠲᠥᠪ ᠬᠣᠷᠢᠢ᠎ᠠ ᠡᠴᠡ ᠮᠠᠨᠤ᠋ ᠣᠷᠣᠨ ᠳ᠋ᠦ᠍ ᠲᠣᠭᠲᠠᠭᠠᠭᠰᠠᠨ ᠪᠠᠢᠯᠳᠤᠬᠤ ᠪᠣᠳᠣᠯᠭ᠎ᠠ ᠵᠢᠨ ᠪᠠᠢᠷᠢ ᠲᠣᠭᠲᠠᠭᠠᠯᠲᠠ ᠪᠤᠯᠬᠤ ᠶᠤᠮ ᠃
ᠪᠠᠢᠯᠳᠤᠬᠤ ᠪᠣᠳᠣᠯᠭ᠎ᠠ ᠵᠢᠨ ᠪᠠᠢᠷᠢ ᠲᠣᠭᠲᠠᠭᠠᠯᠲᠠ ᠶᠣᠰᠣᠭᠠᠷ᠂ ᠥᠪᠡᠷᠲᠡᠭᠡᠨᠵᠠᠰᠠᠬᠤ ᠣᠷᠣᠨ ᠤ᠋ ᠨᠠᠮ ᠤ᠋ᠨ ᠬᠣᠷᠢᠢ᠎ᠠ ᠡᠴᠡ᠄ 《ᠥᠪᠥᠷ ᠮᠣᠩᠭᠣᠯ ᠶᠡᠬᠡ ᠲᠠᠯᠠᠵᠢ ᠡᠷᠬᠢᠮᠯᠡᠵᠦ᠂ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠬᠦ ᠳ᠋ᠦ᠍ ᠡᠷᠬᠡᠪᠰᠢ ᠤᠯᠤᠰ ᠤ᠋ᠨ ᠬᠦᠷᠰᠢ ᠵᠡᠷᠬᠡᠯᠡᠳᠡᠬᠡᠵᠢ ᠡᠪᠯᠡᠵᠤ ᠵᠠᠰᠠᠬᠤ ᠪᠤᠯᠤᠨ ᠭᠠᠳᠠᠭᠠᠳᠤ ᠨᠡᠬᠡᠬᠡᠯᠳᠡ ᠵᠢᠨ ᠪᠠᠢᠯᠳᠤᠬᠤ ᠪᠤᠳᠤᠯᠭ᠎ᠠ ᠳ᠋ᠤ ᠦᠢᠯᠡᠴᠢᠯᠡᠬᠦ ᠴᠢᠬᠤᠯᠠᠶᠡᠬᠡ ᠤᠯᠤᠰ ᠲᠥᠷᠥ ᠵᠢᠨ ᠬᠠᠷᠢᠭᠤᠴᠠᠯᠭ᠎ᠠ ᠵᠢ ᠡᠭᠦᠷᠭᠡᠯᠡᠵᠦ᠂ ᠰᠠᠢᠲᠤᠷ ᠭᠦᠢᠴᠡᠳᠭᠡᠬᠦ ᠬᠡᠷᠡᠭᠲᠡᠢ》 ᠭᠡᠵᠦ ᠳᠤᠷᠠᠳᠴᠠᠢ᠃
ᠴᠠᠭ ᠦᠶ᠎ᠡ ᠵᠢ ᠳᠠᠭᠠᠨ ᠪᠦᠬᠦ ᠲᠠᠯ᠎ᠠ ᠪᠠᠷ ᠤᠷᠤᠭᠰᠢᠯᠠᠯᠠ — ᠨᠡᠭᠡᠭᠡᠯᠲᠡ ᠵᠢᠨ ᠠᠯᠬᠤᠭᠠᠢᠳᠡᠷᠡᠬᠦᠨ
2022 ᠣᠨ ᠤ᠋ 2 ᠰᠠᠷ᠎ᠠ ᠵᠢᠨ 14 ᠤ᠋ ᠡᠳᠦᠷ᠂ ᠠᠴᠢᠶᠠᠨ ᠤ᠋ ᠮᠠᠰᠢᠨ ᠲᠡᠷᠭᠡᠵᠢ ᠳᠦᠭᠦᠷᠲᠡᠯ᠎ᠡ ᠳᠡᠭᠡᠭᠡᠪᠦᠷᠢᠯᠡᠭᠰᠡᠨ ᠳᠤᠮᠳᠠᠳᠤ ᠧᠦ᠋ᠷᠣᠫᠠ ᠵᠢᠨ ᠵᠢᠰᠢᠶᠠᠨ ᠤ᠋ ᠭᠠᠯᠲᠤ ᠲᠡᠷᠭᠡ ᠾᠧᠹᠧᠢᠬᠣᠲᠠ ᠡᠴᠡ ᠡᠷᠢᠶᠡᠨ ᠬᠢᠯᠢ ᠵᠢᠨ ᠪᠣᠭᠣᠮᠲᠠ ᠳ᠋ᠦ᠍ ᠬᠦᠷᠴᠦ ᠢᠷᠡᠪᠡ᠃ ᠪᠣᠭᠣᠮᠲᠠ ᠵᠢᠨ ᠠᠵᠢᠯᠲᠠᠳ ᠰᠢᠨ᠎ᠡ ᠰᠢᠰᠲ᠋ᠧᠮᠢ᠋ ᠡᠬᠢᠯᠡᠨ ᠬᠡᠷᠡᠭᠵᠢᠭᠦᠯᠵᠦ᠂ 10 ᠮᠢᠨᠦ᠋ᠲ ᠪᠣᠯᠤᠯ ᠦᠭᠡᠢ ᠪᠠᠷ ᠪᠣᠭᠣᠮᠲᠠ ᠪᠡᠷ ᠦᠩᠭᠡᠷᠡᠭᠦᠯᠬᠦ ᠠᠵᠢᠯ ᠢ᠋ᠬᠢᠵᠦ ᠳᠠᠭᠤᠰᠭᠠᠭᠰᠠᠨ ᠳ᠋ᠤ ᠵᠢᠰᠢᠶᠠᠨ ᠤ᠋ ᠭᠠᠯᠲᠤ ᠲᠡᠷᠭᠡ ᠤᠯᠤᠰ ᠤ᠋ᠨ ᠡᠭᠦᠳᠡ ᠪᠠᠷ ᠤᠭᠤᠬᠢᠯᠠᠨ ᠦᠩᠬᠡᠷᠡᠵᠤ᠂ ᠣᠷᠣᠰ ᠤ᠋ᠨ ᠪᠠᠵᠢᠶᠧᠾᠠ ᠭᠠᠷᠠᠮ ᠵᠦᠭ ᠮᠣᠷᠳᠠᠯ᠎ᠠ ᠃
2022 ᠣᠨ ᠪᠣᠯ ᠳᠤᠮᠳᠠᠳᠤ ᠧᠦ᠋ᠷᠣᠫᠠ ᠵᠢᠨ ᠵᠢᠰᠢᠶᠠᠨ ᠤ᠋ ᠭᠠᠯᠲᠤ ᠲᠡᠷᠭᠡ ᠠᠶᠠᠯᠠᠯᠡᠬᠢᠯᠡᠭᠰᠡᠨ ᠠᠷᠪᠠᠨ ᠨᠢᠭᠡᠳᠦᠭᠡᠷ ᠵᠢᠯ ᠪᠤᠯᠬᠤ ᠶᠤᠮ᠃ ᠡᠨᠡ ᠬᠤᠭᠤᠷᠤᠨᠳᠤ ᠨᠢᠭᠡ ᠪᠦᠯᠦᠭ ᠭᠠᠳᠠᠭᠠᠳᠤ ᠨᠡᠭᠡᠭᠡᠯᠲᠡᠵᠢᠨ ᠢᠨᠵᠧᠨᠧᠷᠢᠩ ᠦ᠋ᠨ ᠪᠠᠷᠢᠯᠭ᠎ᠠ ᠳᠠᠭᠤᠰᠤᠭᠰᠠᠨ ᠪᠠ ᠥᠪᠥᠷ ᠮᠣᠩᠭᠣᠯ ᠪᠦᠬᠦ ᠬᠤᠷᠳᠤᠴᠠ ᠪᠠᠷ 《ᠨᠢᠭᠡ ᠪᠦᠰᠡ ᠨᠢᠭᠡ ᠵᠠᠮ》 ᠳ᠋ᠦ᠍ ᠠᠭᠤᠰᠤᠯᠴᠠᠬᠤᠵᠢ ᠳᠠᠭᠠᠯᠳᠤᠨ᠂ ᠪᠦᠬᠦ ᠣᠷᠣᠨ ᠤ᠋ ᠬᠢᠯᠢ ᠵᠢᠨ ᠪᠣᠭᠣᠮᠲᠠ ᠪᠠᠷ ᠣᠷᠣᠵᠤ ᠭᠠᠷᠬᠤ ᠳᠤᠮᠳᠠᠳᠤ ᠧᠦ᠋ᠷᠣᠫᠠ ᠵᠢᠨ ᠵᠢᠰᠢᠶᠠᠨᠤ᠋ ᠭᠠᠯᠲᠤ ᠲᠡᠷᠭᠡ ᠦᠷᠭᠦᠯᠵᠢᠯᠡᠨ ᠨᠡᠮᠡᠭᠳᠡᠵᠡᠢ᠃
ᠥᠪᠥᠷ ᠮᠣᠩᠭᠣᠯ 《ᠤᠮᠠᠷᠠᠲᠤ ᠵᠢᠨ ᠭᠤᠷᠪᠠᠨ ᠣᠷᠣᠨ》 ᠢ᠋ ᠰᠤᠨᠳᠠᠯᠠᠵᠤ᠂ ᠭᠠᠳᠠᠭᠰᠢ ᠪᠠᠨ ᠣᠷᠣᠰ ᠮᠣᠩᠭᠣᠯ ᠲᠠᠢ ᠵᠠᠯᠭᠠᠯᠳᠤᠨ᠂ ᠳᠣᠲᠣᠭᠠᠳᠤ ᠳ᠋ᠠᠭᠠᠨᠨᠠᠢ᠍ᠮᠠᠨ ᠮᠣᠵᠢ ᠦᠪᠡᠷᠳᠡᠬᠡᠨ ᠵᠠᠰᠠᠬᠤ ᠣᠷᠣᠨ ᠲᠠᠢ ᠬᠥᠷᠰᠢᠯᠡᠵᠦ᠂ ᠥᠪᠡᠷᠮᠢᠴᠡ ᠣᠷᠣᠨ ᠪᠠᠢᠷᠢ ᠪᠠ ᠵᠠᠬ᠎ᠠ ᠳᠡᠯᠭᠡᠭᠦᠷᠦ᠋ᠨᠳᠠᠪᠠᠭᠤᠯᠢᠭ ᠲᠠᠢ ᠪᠠᠢᠳᠠᠭ᠃ ᠡᠨᠡ ᠬᠦ᠌ ᠳᠠᠪᠠᠭᠤᠯᠢᠭ ᠵᠢᠨᠷ ᠵᠢᠨᠨ ᠥᠪᠥᠷ ᠮᠣᠩᠭᠣᠯ ᠴᠠᠭ ᠦᠶ᠎ᠡ ᠵᠢ ᠲᠠᠭᠠᠨᠪᠦᠬᠦ ᠲᠠᠯ᠎ᠠ ᠪᠠᠷ ᠤᠷᠤᠭᠰᠢᠯᠠᠵᠤ᠂ ᠣᠯᠠᠨ ᠵᠦᠢᠯᠦ᠋ᠨ ᠠᠷᠭ᠎ᠠ ᠬᠡᠮᠵᠢᠢ᠎ᠡ ᠵᠢ ᠵᠡᠷᠭᠡ ᠪᠡᠷ ᠬᠡᠷᠡᠭᠯᠡᠨ 《ᠮᠠᠨ ᠤ᠋ ᠤᠯᠤᠰ ᠤ᠋ᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ》 ᠵᠢ ᠴᠣᠭᠴᠠᠯᠠᠨ ᠪᠠᠢᠭᠤᠯᠤᠭᠰᠠᠨ ᠠᠵᠢ ᠃
ᠥᠨᠳᠥᠷ ᠪᠦᠲᠦᠮᠵᠢᠲᠡᠢ ᠦᠢᠯᠡᠴᠢᠯᠡᠭᠡ ᠬᠠᠩᠭᠠᠪᠠ — ᠳᠤᠮᠳᠠᠳᠤᠧᠦ᠋ᠷᠣᠫᠠ ᠵᠢᠨ ᠵᠢᠰᠢᠶᠠᠨ ᠤ᠋ ᠭᠠᠯᠲᠤ ᠲᠡᠷᠭᠡ ᠵᠢ ᠤᠷᠢᠳ ᠵᠢᠨᠷ ᠪᠠᠢᠴᠠᠭᠠᠨ ᠰᠢᠯᠭᠠᠬᠤ᠂ ᠬᠦᠷᠦᠯᠴᠡᠬᠦ ᠥᠬᠡᠢᠪᠡᠷ ᠪᠠᠢᠴᠠᠭᠠᠨ ᠰᠢᠯᠭᠠᠬᠤ ᠲᠤᠰᠭᠠᠢ ᠨᠡᠪᠲᠡᠷᠡᠬᠦ ᠵᠠᠮ ᠢ᠋ ᠪᠠᠢᠭᠤᠯᠵᠤ᠂ ᠲᠡᠷᠭᠡ ᠬᠥᠰᠭᠡ ᠵᠢᠨ ᠪᠣᠭᠣᠮᠲᠠ ᠪᠠᠷᠥᠩᠭᠡᠷᠡᠬᠦ ᠴᠠᠭ ᠢ᠋ 2017 ᠣᠨ ᠤ᠋ ᠬᠢ ᠡᠴᠡ 50% ᠪᠠᠷᠪᠣᠭᠣᠨᠢᠰᠭᠠᠪᠠ ᠃
ᠲᠦᠭᠦᠭᠡᠷᠦᠮᠵᠢ ᠵᠢ ᠤᠷᠢᠳ ᠵᠢᠡᠷ ᠲᠦᠬᠦᠷᠵᠢᠬᠦᠯᠪᠡ — ᠬᠠᠷᠪᠢᠨᠡᠴᠡ ᠮᠠᠨᠵᠤᠤᠷ ᠬᠦᠷᠭᠦ ᠲᠡᠮᠦᠷ ᠵᠠᠮ ᠤ᠋ᠨ ᠴᠠᠬᠢᠯᠭᠠᠨᠵᠢᠭᠤᠯᠤᠯᠲᠠ ᠵᠡᠷᠭᠡ ᠶᠡᠬᠡ ᠬᠡᠮᠵᠢᠶᠡᠨ ᠤ᠋ ᠪᠣᠭᠣᠮᠲᠠᠵᠢᠨ ᠰᠠᠭᠤᠷᠢ ᠲᠦᠭᠦᠭᠡᠷᠦᠮᠵᠢ ᠵᠢᠨ ᠲᠥᠷᠥᠯ ᠵᠦᠢᠯ ᠢ᠋ ᠠᠰᠢᠭᠯᠠᠯᠲᠠ ᠳ᠋ᠦ᠍ ᠣᠷᠣᠭᠤᠯᠵᠤ᠂ ᠣᠷᠳᠣᠰ᠂ ᠮᠠᠨᠵᠤᠤᠷᠤ᠋ᠨ ᠨᠢᠰᠭᠡᠯᠦ᠋ᠨ ᠪᠠᠭᠤᠳᠠᠯ ᠳ᠋ᠦ᠍ ᠲᠠᠪᠤᠳᠠᠬᠢ ᠠᠶᠠᠯᠠᠯ ᠤ᠋ᠨ ᠡᠷᠬᠡ ᠵᠢᠨ ᠠᠶᠠᠯᠠᠯ ᠤ᠋ᠨ ᠱᠤᠭᠤᠮ ᠢ᠋ ᠨᠡᠪᠲᠡᠷᠡᠭᠦᠯᠪᠡ᠃
ᠣᠷᠴᠢᠨ ᠲᠣᠭᠣᠷᠢᠨ ᠢ᠋ ᠰᠢᠯᠢᠳᠡᠭᠵᠢᠭᠦᠯᠪᠡ — ᠵᠢᠩᠯᠡᠬᠦᠵᠠᠷᠤᠳᠠᠯ᠂ ᠪᠣᠭᠣᠮᠲᠠ ᠵᠢᠨ ᠲᠥᠬᠥᠭᠡᠷᠦᠮᠵᠢ ᠵᠢᠨ ᠬᠠᠮᠠᠭᠠᠯᠠᠯᠲᠠ ᠵᠢᠨ ᠵᠠᠷᠤᠳᠠᠯ ᠪᠠ ᠲᠡᠮᠦᠷ ᠵᠠᠮ ᠤ᠋ᠨ ᠪᠠᠷᠠᠭᠠᠨᠤ᠋ ᠲᠡᠭᠡᠭᠡᠪᠦᠷᠢ ᠵᠢᠨ ᠰᠤᠯᠠ ᠵᠠᠷᠤᠳᠠᠯ ᠢ᠋ ᠬᠦᠴᠦᠨ ᠥᠬᠡᠢ ᠪᠣᠯᠭᠠᠵᠤ᠂ 《ᠨᠢᠭᠡ ᠴᠣᠩᠬᠣᠪᠴᠢ ᠪᠡᠷ ᠰᠢᠢᠳᠪᠦᠷᠢᠯᠡᠬᠦ》 《ᠣᠶᠤᠨᠲᠤᠬᠢᠯᠢ ᠵᠢᠨ ᠪᠠᠢᠴᠠᠭᠠᠯᠲᠠ》 ᠵᠡᠷᠭᠡ ᠪᠣᠭᠣᠮᠲᠠ ᠪᠠᠷ ᠥᠩᠭᠡᠷᠡᠬᠦᠯᠬᠦᠠᠵᠢᠯᠯᠠᠭᠠᠨ ᠥᠷᠨᠢᠭᠦᠯᠪᠠ᠃
᠁
ᠡᠢᠨ ᠬᠦ᠌ ᠴᠢᠩᠭ᠎ᠠ ᠬᠦᠴᠦᠳᠠᠢ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠢᠡᠨᠤᠬᠦᠳᠨᠢ ᠪᠦᠬᠦ ᠣᠷᠣᠨ ᠤ᠋ ᠭᠠᠳᠠᠭᠠᠳᠤ ᠠᠷᠠᠯᠵᠢᠶ᠎ᠠ ᠵᠢᠨ ᠲᠣᠭᠲᠠᠭᠤᠨ ᠤ᠋ ᠳᠤᠮᠳᠠ ᠤᠷᠤᠭᠰᠢᠯᠠᠯᠲᠠ ᠲᠠᠢ ᠪᠣᠯᠬᠤᠵᠢ ᠠᠬᠢᠭᠤᠯᠪᠠ᠃ 2021ᠣᠨᠳ᠋ᠦ᠍᠂ ᠥᠪᠥᠷ ᠮᠣᠩᠭᠣᠯ ᠤ᠋ᠨ ᠭᠠᠳᠠᠭᠠᠳᠤ ᠠᠷᠠᠯᠵᠢᠶᠠᠨ ᠤ᠋ ᠶᠡᠷᠦᠩᠬᠡᠢ ᠬᠡᠮᠵᠢᠶ᠎ᠡ 1235.6 ᠳ᠋ᠦᠩᠰᠢᠭᠤᠷᠲᠥᠭᠥᠷᠢᠭ ᠲᠦ᠍ ᠬᠦᠷᠴᠦ᠂ ᠤᠷᠵᠢᠨᠤᠨ ᠤ᠋ ᠬᠢ ᠡᠴᠡ 17.2% ᠵᠢᠡᠷᠨᠡᠮᠡᠭᠳᠡᠭᠰᠡᠨ ᠠᠵᠢ᠃
ᠳᠣᠲᠣᠭᠠᠳᠤ ᠭᠠᠳᠠᠭᠠᠳᠤ ᠵᠢ ᠬᠣᠯᠪᠣᠯᠠ — ᠨᠡᠭᠡᠭᠡᠯᠲᠡᠵᠢᠨ ᠵᠢᠷᠤᠭ ᠰᠦᠷᠯᠢᠬᠦᠨ
2021ᠣᠨᠤ᠋ 12ᠰᠠᠷᠠᠵᠢᠨ 28ᠤ᠋ᠡᠳᠦᠷ᠂ ᠪᠠᠶᠠᠨᠨᠠᠭᠤᠷ ᠬᠣᠲᠠ ᠡᠴᠡ ᠮᠣᠩᠭᠣᠯ ᠤᠯᠤᠰ ᠲᠤ᠌ ᠨᠡᠪᠲᠡᠷᠡᠬᠦ ᠬᠣᠶᠠᠳᠤᠭᠠᠷ ᠴᠠᠬᠢᠯᠭᠠᠨ ᠬᠠᠩᠭᠠᠬᠤ ᠱᠤᠭᠤᠮᠠᠰᠢᠭᠯᠠᠯᠲᠠ ᠳ᠋ᠦ᠍ ᠣᠷᠣᠪᠠ ᠃ ᠢᠩᠭᠢᠭᠡᠳ ᠤᠷᠠᠳ ᠤ᠋ᠨ ᠳᠤᠮᠳᠠᠳᠤ ᠬᠤᠰᠢᠭᠤᠨ ᠤ᠋ ᠰᠠᠯᠬᠢᠨ ᠬᠦᠴᠦ ᠪᠠᠷ ᠴᠠᠬᠢᠯᠭᠠᠨᠭᠠᠷᠭᠠᠬᠤ ᠲᠠᠯᠠᠪᠠᠢ᠂ ᠭᠡᠷᠡᠯᠴᠢ ᠴᠡᠨᠡᠭ ᠵᠢᠨᠷ ᠴᠠᠬᠢᠯᠭᠠᠨ ᠭᠠᠷᠭᠠᠬᠤ ᠲᠠᠯᠠᠪᠠᠢ ᠵᠢᠨ ᠴᠠᠬᠢᠯᠭᠠᠨ ᠢ᠋ ᠲᠡᠮᠦᠷᠰᠤᠪᠤᠷᠭᠠ ᠵᠢᠨ ᠮᠥᠩᠭᠥᠨ ᠤᠲᠠᠰᠤ ᠪᠠᠷ ᠳᠠᠮᠵᠢᠨ ᠮᠣᠩᠭᠣᠯ ᠤᠯᠤᠰ ᠤ᠋ᠨ ᠡᠮᠦᠨᠡᠲᠦ ᠭᠣᠪᠢ ᠠᠢᠮᠠᠭ ᠵᠢᠴᠢ ᠡᠷᠭᠢᠨᠲᠣᠭᠣᠷᠢᠨ ᠤ᠋ ᠭᠠᠵᠠᠷ ᠣᠷᠣᠨ ᠳ᠋ᠦ᠍ ᠲᠠᠰᠤᠷᠠᠯᠲᠠ ᠥᠬᠡᠢ ᠴᠠᠬᠢᠯᠭᠠᠨ ᠬᠦᠷᠭᠡᠵᠦ ᠡᠬᠢᠯᠡᠵᠠᠢ᠃
ᠣᠷᠳᠣᠰ᠂ ᠪᠤᠭᠤᠲᠤ ᠵᠡᠷᠭᠡ ᠭᠠᠵᠠᠷ ᠤ᠋ᠨ ᠠᠭᠠᠷ ᠤ᠋ᠨ ᠠᠶᠠᠯᠠᠯ ᠤ᠋ᠨ ᠬᠢᠯᠢ ᠵᠢᠨᠪᠣᠭᠣᠮᠲᠠ ᠵᠢ ᠪᠦᠳᠦᠭᠡᠨ ᠪᠠᠢᠭᠤᠯᠵᠦ ᠨᠡᠭᠡᠭᠡᠭᠰᠡᠨ ᠤ᠋ ᠳᠠᠷᠠᠭ᠎ᠠ᠂ ᠮᠠᠨ ᠤ᠋ ᠣᠷᠣᠨ ᠤ᠋ ᠨᠡᠭᠡᠭᠡᠭᠰᠡᠨ ᠬᠢᠯᠢᠵᠢᠨ ᠪᠣᠭᠣᠮᠲᠠ 20ᠪᠣᠯᠤᠨᠨᠡᠮᠡᠭᠳᠡᠵᠦ᠂ ᠲᠡᠮᠦᠷ ᠵᠠᠮ᠂ ᠵᠠᠰᠠᠮᠠᠯ ᠵᠠᠮ᠂ ᠠᠭᠠᠷ ᠤ᠋ᠨ ᠠᠶᠠᠯᠠᠯ ᠭᠤᠷᠪᠠ ᠵᠢ ᠨᠢᠭᠡ ᠴᠤᠭᠴᠠᠵᠢᠭᠤᠯᠤᠭᠰᠠᠨᠪᠣᠰᠤᠭᠠ ᠴᠣᠭᠴᠠᠲᠤ ᠲᠦᠭᠦᠭᠡᠷᠦᠮᠵᠢ ᠵᠢᠨ ᠬᠣᠯᠪᠣᠭᠠᠯᠠᠨ ᠨᠡᠪᠲᠡᠷᠡᠯᠴᠡᠬᠦ ᠰᠢᠰᠲ᠋ᠧᠮ ᠢ᠋ ᠠᠩᠬ᠎ᠠ ᠠᠯᠬᠤᠮ ᠪᠦᠷᠢᠯᠳᠦᠭᠦᠯᠪᠡ᠃《ᠠᠷᠪᠠᠨ ᠭᠤᠷᠪᠠᠳᠤᠭᠠᠷ ᠲᠠᠪᠤᠨ ᠵᠢᠯ》 ᠤ᠋ᠨ ᠬᠤᠭᠤᠴᠠᠭᠠᠨᠳ᠋ᠦ᠍ ᠪᠦᠬᠦ ᠣᠷᠣᠨ ᠤ᠋ ᠬᠢᠯᠢ ᠵᠢᠨ ᠪᠣᠭᠣᠮᠲᠠ ᠵᠢᠨ ᠪᠦᠲᠦᠭᠡᠨ ᠪᠠᠢᠭᠤᠯᠤᠯᠲᠠ ᠳ᠋ᠦ᠍ ᠤᠷᠤᠭᠤᠯᠤᠭᠰᠠᠨ ᠪᠡᠯᠡᠮᠦᠩᠬᠦ 74 ᠳ᠋ᠦᠩᠰᠢᠭᠤᠷ ᠲᠥᠭᠥᠷᠢᠭᠪᠠᠢᠵᠤ᠂ᠬᠢᠯᠢ ᠵᠢᠨ ᠪᠣᠭᠣᠮᠲᠠ ᠵᠢᠨ ᠵᠠᠮ ᠨᠡᠪᠳᠡᠷᠡᠯᠬᠡ ᠵᠢᠨ ᠲᠦᠭᠦᠭᠡᠷᠦᠮᠵᠢ ᠵᠢ ᠢᠯᠡᠳᠲᠡ ᠰᠠᠢᠵᠢᠷᠠᠭᠤᠯᠵᠤ᠂ ᠬᠢᠯᠢᠵᠢᠨ ᠪᠣᠭᠣᠮᠲᠠ ᠪᠠᠷ ᠥᠩᠭᠡᠷᠡᠭᠰᠡᠨ ᠡᠳ᠋ ᠪᠠᠷᠠᠭ᠎ᠠ ᠨᠡᠢᠲᠡ 4 ᠳ᠋ᠦᠩᠰᠢᠭᠤᠷ ᠭᠠᠷᠤᠢ ᠲᠤᠨ ᠬᠦᠷᠴᠠᠢ᠃
ᠲᠡᠮᠡᠤᠯᠤᠯ ᠪᠣᠯ ᠪᠣᠳᠠᠲᠤ ᠠᠬᠤᠢ ᠬᠢᠬᠡᠳ ᠬᠦᠰᠡᠯ ᠵᠡᠭᠦᠳᠦ ᠵᠢ ᠬᠣᠯᠪᠣᠬᠤ ᠬᠥᠭᠥᠷᠭᠡᠶᠤᠮᠰᠠᠨ᠃ ᠬᠢᠯᠢ ᠵᠢᠨ ᠪᠣᠭᠣᠮᠲᠠ ᠵᠢᠨ ᠲᠥᠬᠥᠭᠡᠷᠦᠮᠵᠢ ᠵᠢᠨ ᠪᠦᠲᠦᠭᠡᠨ ᠪᠠᠢᠭᠤᠯᠤᠯᠲᠠ ᠨᠢ ᠨᠡᠭᠡᠭᠡᠯᠲᠡ ᠳ᠋ᠦ᠍《ᠲᠦᠷᠭᠡᠨ ᠤ᠋ ᠵᠠᠮ》 ᠢ᠋ ᠪᠠᠢᠭᠤᠯᠵᠤ ᠦᠭᠭᠦᠭᠰᠡᠨᠭᠡᠵᠦ ᠬᠡᠯᠡᠬᠦ ᠳ᠋ᠦ᠍ ᠬᠦᠷᠪᠡᠯ᠂ ᠲᠠᠰᠤᠷᠠᠯᠲᠠ ᠦᠭᠡᠢ ᠰᠢᠯᠢᠳᠡᠭᠵᠢᠵᠦ ᠪᠠᠢᠭ᠎ᠠ ᠬᠤᠳᠠᠯᠳᠤᠭ᠎ᠠ ᠡᠷᠬᠢᠯᠡᠬᠦ ᠣᠷᠴᠢᠨᠨᠦᠭᠦᠴᠡᠯ ᠨᠢ ᠭᠠᠳᠠᠭᠠᠳᠤ ᠡᠴᠡ ᠣᠷᠣᠭᠤᠯᠵᠤ ᠭᠠᠳᠠᠭᠠᠳᠤ ᠳ᠋ᠦ᠍ ᠭᠠᠷᠭᠠᠬᠤ ᠠᠵᠤ ᠠᠬᠤᠢᠯᠠᠯ ᠤ᠋ᠨ ᠬᠢᠨ ᠤ᠋ ᠰᠡᠳᠭᠢᠯᠢ᠋ ᠲᠠᠢᠪᠤᠰᠢᠷᠠᠭᠤᠯᠤᠯᠠ᠃
ᠬᠢᠵᠢᠭᠦ᠋ᠨ ᠪᠠᠢᠳᠠᠯ ᠤ᠋ᠨ ᠶᠡᠬᠡ ᠰᠢᠯᠭᠠᠯᠲᠠ ᠵᠢᠨ ᠠᠬᠤᠢ ᠪᠠᠢᠳᠠᠯ ᠳᠣᠣᠷ᠎ᠠ᠂ᠮᠠᠨ ᠤ᠋ ᠣᠷᠣᠨ ᠡᠳ᠋ ᠪᠠᠷᠠᠭ᠎ᠠ ᠵᠢ ᠭᠠᠳᠠᠭᠠᠳᠤ ᠡᠴᠡ ᠣᠷᠣᠭᠤᠯᠵᠤ ᠭᠠᠳᠠᠭᠠᠳᠤ ᠳ᠋ᠦ᠍ ᠭᠠᠷᠭᠠᠬᠤ ᠵᠥᠪᠰᠢᠶᠡᠷᠡᠯᠦ᠋ᠨᠦᠨᠡᠮᠯᠡᠯ ᠢ᠋ ᠰᠦᠯᠵᠢᠶᠡᠨ ᠳᠡᠭᠡᠷ᠎ᠡ ᠭᠦᠢᠴᠡᠳᠭᠡᠬᠦ ᠦᠢᠯᠡᠴᠢᠯᠡᠭᠡ ᠵᠢ ᠪᠦᠬᠦ ᠲᠠᠯ᠎ᠠ ᠪᠠᠷ ᠬᠡᠷᠡᠭᠵᠢᠭᠦᠯᠦᠭᠰᠡᠨᠪᠥᠭᠡᠳ ᠭᠠᠳᠠᠭᠠᠳᠤ ᠡᠴᠡ ᠣᠷᠣᠭᠤᠯᠵᠤ ᠭᠠᠳᠠᠭᠠᠳᠤ ᠳ᠋ᠦ᠍ ᠭᠠᠷᠭᠠᠬᠤ ᠭᠤᠭᠴᠤᠭᠠᠨ ᠳ᠋ᠡᠬᠢ ᠵᠣᠬᠢᠰ ᠥᠬᠡᠢ ᠪᠡᠷᠰᠦᠢᠳᠭᠡᠯ ᠬᠤᠷᠢᠶᠠᠬᠤ ᠠᠵᠢᠯᠯᠠᠭ᠎ᠠ ᠵᠢ ᠴᠡᠪᠡᠷᠯᠡᠬᠦ ᠪᠠᠷ ᠳᠠᠮᠵᠢᠨ᠂ ᠵᠢᠯ ᠪᠦᠷᠢ ᠪᠣᠭᠣᠮᠲᠠ ᠪᠠᠷ ᠥᠩᠭᠡᠷᠡᠬᠦᠠᠵᠤ ᠠᠬᠤᠢᠯᠠᠯ ᠤ᠋ᠨ ᠳᠠᠷᠤᠭᠠᠰᠤ ᠵᠢ 4 ᠳ᠋ᠦᠩᠰᠢᠭᠤᠷ ᠭᠠᠷᠤᠢ ᠲᠥᠭᠥᠷᠢᠭᠬᠦᠩᠬᠡᠯᠡᠭᠰᠡᠨ ᠪᠠᠢᠨ᠎ᠠ ᠁
ᠤᠷᠢᠳᠤᠬᠢ ᠵᠢ ᠵᠠᠯᠭᠠᠮᠵᠢᠯᠠᠨ ᠬᠣᠢᠰᠢᠬᠢ ᠳ᠋ᠦ᠍ ᠵᠠᠮ ᠨᠡᠭᠡᠭᠡᠯ᠎ᠡ — ᠨᠡᠭᠡᠭᠡᠯᠲᠡᠵᠢᠨ ᠵᠠᠮ ᠰᠠᠷᠠᠭᠤᠯᠬᠠᠨ
ᠪᠣᠳᠠᠲᠠᠢ ᠠᠵᠢᠯᠯᠠᠪᠠᠯ ᠰᠠᠶᠢ ᠪᠤᠳᠤᠭᠰᠠᠨ ᠳ᠋ᠠᠭᠠᠨ ᠬᠦᠷᠳᠡᠭ᠃ ᠬᠡᠳᠦᠨ ᠵᠢᠯᠦ᠋ᠨᠲᠤᠷᠰᠢ᠂ ᠤᠯᠠᠭᠠᠨᠴᠠᠪ ᠬᠣᠲᠠ ᠨᠢ ᠡᠷᠢᠶᠡᠨ ᠬᠣᠲᠠ ᠪᠤᠯᠤᠨ ᠮᠠᠨᠵᠤᠤᠷ ᠬᠣᠲᠠ ᠲᠠᠢ ᠬᠣᠯᠪᠣᠭᠠᠯᠠᠨ ᠨᠠᠷᠮᠠᠢ ᠪᠣᠭᠣᠮᠲᠠᠵᠢᠨ ᠠᠵᠤ ᠠᠬᠤᠢ ᠵᠢ ᠬᠥᠭᠵᠢᠭᠦᠯᠪᠡ᠃ ᠣᠳᠣᠬᠠᠨ ᠳ᠋ᠦ᠍᠂ ᠮᠣᠳᠣᠨ ᠮᠠᠲ᠋ᠧᠷᠢᠶᠠᠯ ᠡᠳ᠋ᠰᠢᠭᠦᠯᠤᠨ ᠪᠤᠯᠪᠠᠰᠤᠷᠠᠭᠤᠯᠬᠤᠮᠠᠰᠢ ᠣᠯᠠᠨ ᠠᠵᠤ ᠠᠬᠤᠢᠯᠠᠯ ᠤᠯᠠᠭᠠᠨᠴᠠᠪ ᠤ᠋ᠨ ᠭᠡᠷ ᠦ᠋ᠨ ᠡᠳ᠋ᠯᠡᠯ ᠬᠡᠷᠡᠭᠰᠡᠯᠦ᠋ᠨ ᠠᠵᠤ ᠦᠢᠯᠡᠰ ᠦ᠋ᠨ ᠬᠦᠷᠢᠶᠡᠯᠡᠩᠳ᠋ᠦ᠍ ᠴᠤᠭᠯᠠᠷᠠᠨ᠂ ᠡᠬᠢ ᠪᠠᠶᠠᠯᠢᠭ ᠬᠢᠬᠡᠳ ᠠᠵᠤ ᠦᠢᠯᠡᠰ ᠦ᠋ᠨ ᠲᠥᠪᠯᠡᠷᠡᠭᠰᠡᠨ ᠡᠷᠴᠢᠮᠵᠢᠭᠰᠡᠨ ᠬᠥᠭᠵᠢᠯᠲᠡᠵᠢᠨ ᠠᠰᠢᠭ ᠣᠯᠵᠠᠪᠤᠷᠢ ᠵᠢ ᠦᠷᠭᠦᠯᠵᠢᠯᠡᠨ ᠪᠠᠳᠠᠷᠠᠭᠤᠯᠵᠤ᠂ ᠭᠠᠳᠠᠭᠠᠳᠤ ᠡᠴᠡ ᠣᠷᠣᠭᠤᠯᠤᠭᠰᠠᠨ ᠮᠣᠳᠣᠨ ᠮᠠᠲ᠋ᠧᠷᠢᠶᠠᠯᠢ᠋ ᠡᠳ᠋ᠰᠢᠭᠦᠯᠤᠨ ᠪᠤᠯᠪᠠᠰᠤᠷᠠᠭᠤᠯᠬᠤ᠂ ᠦᠢᠯᠡᠳᠬᠦᠨ ᠦᠢᠯᠡᠳᠪᠦᠷᠢᠯᠡᠵᠦ ᠪᠣᠷᠣᠯᠠᠭᠤᠯᠬᠤ ᠪᠦᠬᠦ ᠠᠵᠤ ᠦᠢᠯᠡᠰᠦ᠋ᠨᠬᠡᠯᠬᠢᠢᠡ ᠵᠢᠨ ᠠᠩᠬᠠᠨ ᠤ᠋ ᠳᠦᠷᠰᠦ ᠪᠠᠢᠳᠠᠯ ᠨᠢᠭᠡᠨᠲᠡ ᠪᠦᠷᠢᠯᠳᠦᠪᠠ᠃
ᠪᠦᠬᠦ ᠣᠷᠣᠨ ᠢ᠋ ᠪᠠᠷᠠᠯᠠᠬᠤᠶ᠎ᠠ᠂ ᠠᠯᠢ ᠣᠯᠠᠨ ᠨᠡᠭᠡᠭᠡᠯᠲᠡ ᠵᠢᠨ ᠬᠠᠭᠤᠳᠠᠰᠤᠵᠢᠷᠤᠭ ᠮᠡᠲᠦ ᠰᠦᠷᠯᠢᠭ ᠰᠠᠢᠬᠠᠨ ᠪᠠᠢᠵᠤ᠂ ᠨᠡᠭᠡᠭᠡᠯᠲᠡᠳᠤ ᠬᠥᠭᠵᠢᠯᠲᠡ ᠵᠢᠨ ᠰᠠᠷᠠᠭᠤᠯ ᠵᠠᠮ ᠠᠯᠤᠰ ᠢ᠋ ᠵᠣᠷᠢᠨᠵᠤᠷᠠᠢᠨᠠ!
— 《ᠳᠤᠮᠳᠠᠳᠤ ᠤᠯᠤᠰ ᠤ᠋ᠨ ᠰᠦ ᠵᠢᠨ ᠬᠣᠲᠠ》 ᠬᠥᠬᠡᠬᠣᠲᠠ ᠡᠴᠡ ᠬᠦᠭᠵᠢᠨ ᠮᠠᠨᠳᠤᠭᠰᠠᠨ ᠢᠯᠢ ᠺᠤᠮᠫᠠᠨᠢᠵᠢᠨ ᠴᠠᠭᠠᠨ ᠢᠳᠡᠭᠡᠨ ᠤ᠋ ᠦᠢᠯᠡᠳᠪᠦᠷᠢᠯᠡᠯ ᠪᠣᠷᠣᠯᠠᠭᠤᠯᠭ᠎ᠠ ᠵᠢᠨ ᠰᠤᠳᠤᠯᠤᠨ ᠨᠡᠭᠡᠭᠡᠬᠦ ᠬᠡᠯᠬᠢᠢ᠎ᠡ ᠨᠢ 《ᠨᠢᠭᠡ ᠪᠦᠰᠡ ᠨᠢᠭᠡ ᠵᠠᠮ》 ᠳᠠᠭᠠᠤ ᠤᠯᠤᠰ ᠡᠴᠡᠲᠠᠪᠤᠨ ᠲᠢᠪ ᠵᠢᠴᠢ ᠤᠯᠤᠰ ᠤ᠋ᠨ ᠳᠣᠲᠣᠭᠠᠳᠤ ᠵᠢᠨ 200 ᠭᠠᠷᠤᠢ ᠭᠠᠵᠠᠷ ᠣᠷᠣᠨ ᠪᠠ ᠬᠣᠲᠠ ᠬᠦᠷᠲᠡᠯ᠎ᠡ ᠦᠷᠭᠦᠯᠵᠢᠯᠡᠪᠡ᠃
—ᠪᠤᠭᠤᠲᠤ ᠬᠣᠲᠠ ᠨᠢᠬᠡᠨᠳᠡ ᠳᠡᠯᠡᠬᠡᠢ ᠵᠢᠨ ᠬᠠᠮᠤᠭ ᠤ᠋ᠨ ᠲᠣᠮᠣ ᠬᠣᠪᠣᠷ ᠰᠢᠷᠣᠢᠵᠢᠨ ᠪᠤᠯᠤᠳ ᠵᠠᠮ ᠲᠡᠮᠤᠷ ᠤ᠋ᠨ ᠦᠢᠯᠡᠳᠪᠦᠷᠢᠯᠡᠯᠦ᠋ᠨ ᠰᠠᠭᠤᠷᠢᠨ ᠪᠣᠯᠵᠤ᠂ 《ᠨᠢᠭᠡ ᠪᠦᠰᠡ ᠨᠢᠭᠡ ᠵᠠᠮ》 ᠳᠠᠭᠠᠤ ᠵᠢᠨ 60 ᠭᠠᠷᠤᠢ ᠤᠯᠤᠰ ᠪᠣᠯᠤᠨ ᠤᠯᠤᠰ ᠤ᠋ᠨ ᠳᠣᠲᠣᠭᠠᠳᠤ ᠵᠢᠨᠬᠡᠳᠦᠨ ᠠᠷᠪᠠᠨ ᠵᠤᠷᠪᠤᠰ ᠲᠡᠮᠦᠷ ᠵᠠᠮ ᠳ᠋ᠦ᠍ ᠴᠥᠮ 《ᠪᠤᠭᠤᠲᠤ ᠵᠢᠨ ᠪᠣᠯᠣᠳᠲᠡᠮᠦᠷᠦ᠋ᠨ ᠦᠢᠯᠡᠳᠭᠡᠯ》 ᠢ᠋ ᠬᠡᠷᠡᠭᠯᠡᠪᠡ᠃
—《ᠳᠤᠮᠳᠠᠳᠤ ᠤᠯᠤᠰ ᠤ᠋ᠨ ᠮᠣᠩᠭᠣᠯ ᠡᠮ ᠡᠮᠨᠡᠯᠭᠡ ᠵᠢᠨ ᠬᠣᠲᠠ》 ᠪᠤᠯᠬᠤ ᠲᠦᠩᠯᠢᠶᠣᠣ ᠬᠣᠲᠠ ᠵᠢᠨᠮᠣᠩᠭᠣᠯ ᠡᠮ ᠡᠮᠨᠡᠯᠭᠡ ᠵᠢᠨ ᠦᠢᠯᠡᠳᠬᠦᠨ ᠨᠢ ᠤᠯᠤᠰ ᠤ᠋ᠨ ᠳᠣᠲᠣᠭᠠᠳᠤ ᠵᠢᠨ ᠣᠯᠠᠨ ᠭᠠᠵᠠᠷ ᠪᠤᠯᠤᠨ 《ᠨᠢᠭᠡ ᠪᠦᠰᠡ ᠨᠢᠭᠡ ᠵᠠᠮ》 ᠳᠠᠭᠠᠤ ᠵᠢᠨ 10 ᠭᠠᠷᠤᠢ ᠤᠯᠤᠰ ᠪᠠ ᠭᠠᠵᠠᠷ ᠣᠷᠣᠨ ᠤ᠋ ᠰᠠᠭᠤᠭᠠᠯᠢᠠᠷᠠᠳ ᠲᠤ᠌ ᠠᠰᠢᠭ ᠬᠦᠷᠲᠡᠭᠡᠪᠡ᠃
—ᠬᠢᠯᠢ ᠵᠢᠨ ᠪᠣᠭᠣᠮᠲᠠ ᠪᠣᠯᠤᠨ ᠡᠯᠸᠺᠲᠷᠤᠨ ᠬᠤᠳᠠᠯᠳᠤᠭᠠᠨ ᠤ᠋ ᠲᠠᠪᠴᠠᠩ ᠵᠢᠨᠷᠳᠠᠮᠵᠢᠨ ᠪᠠᠶᠠᠨᠨᠠᠭᠤᠷ ᠬᠣᠲᠠ ᠵᠢᠨ 《ᠲᠡᠭᠷᠢ ᠵᠢᠨ ᠬᠡᠰᠢᠭᠳᠤ ᠪᠤᠷᠤᠳᠤᠬᠤᠢ》 ᠪᠣᠬᠢᠷᠲᠤᠯ ᠦᠭᠡᠢ ᠮᠠᠯ ᠤ᠋ᠨ ᠠᠰᠢᠭ ᠰᠢᠮ᠎ᠡ ᠲᠠᠷᠢᠶᠠᠯᠠᠩ ᠤ᠋ᠨ ᠪᠦᠲᠦᠭᠡᠭᠳᠡᠬᠦᠨ ᠪᠦᠬᠦᠪᠥᠮᠪᠥᠷᠴᠡᠭᠦ᠋ᠨ 90 ᠭᠠᠷᠤᠢ ᠤᠯᠤᠰᠪᠠ ᠭᠠᠵᠠᠷ ᠣᠷᠣᠨ ᠳ᠋ᠦ᠍ ᠪᠣᠷᠣᠯᠠᠭᠤᠯᠭ᠎ᠠ ᠰᠠᠢᠲᠠᠢ ᠪᠠᠢᠨ᠎ᠠ᠃
᠁
ᠮᠠᠨ ᠤ᠋ ᠤᠷᠤᠨ 《ᠨᠢᠭᠡ ᠪᠦᠰᠡ ᠨᠢᠭᠡ ᠵᠠᠮ》 ᠤ᠋ᠨ ᠪᠦᠳᠦᠬᠡᠨ ᠪᠠᠢᠭᠤᠯᠤᠯᠳᠠ ᠳ᠋ᠦ᠍ ᠢᠳᠡᠪᠬᠢᠲᠡᠢ ᠠᠭᠤᠰᠤᠯᠴᠠᠨ᠂ ᠤᠯᠤᠰ ᠤ᠋ᠨ ᠳᠣᠲᠣᠭᠠᠳᠤᠭᠠᠳᠠᠭᠠᠳᠤ ᠵᠢᠨ 《ᠬᠣᠣᠰ ᠤᠷᠴᠢᠯ》ᠳ᠋ᠤ ᠰᠠᠨᠠᠭᠠᠴᠢᠯᠠᠭ᠎ᠠ ᠡᠴᠡ ᠪᠠᠨ ᠦᠢᠯᠡᠴᠢᠯᠡᠵᠦ᠂ ᠡᠬᠢ ᠪᠠᠶᠠᠯᠢᠭ ᠢ᠋ ᠲᠥᠪᠯᠡᠷᠡᠭᠦᠯᠦᠨᠲᠠᠷᠬᠠᠭᠠᠬᠤ᠂ ᠴᠢᠬᠤᠯᠠ ᠡᠯᠧᠮᠧᠨ᠋ᠲ ᠢ᠋ ᠠᠭᠤᠰᠤᠯᠴᠠᠭᠤᠯᠤᠨ ᠨᠡᠪᠲᠡᠷᠡᠭᠦᠯᠬᠦ ᠪᠦᠬᠦ ᠣᠷᠣᠨ ᠪᠦᠰᠡ ᠵᠢᠨ ᠨᠡᠭᠡᠭᠡᠯᠲᠡᠵᠢᠨ ᠠᠵᠢᠯᠯᠠᠭ᠎ᠠ ᠪᠠᠷ ᠵᠢᠡᠨ 《ᠭᠠᠳᠠᠭᠠᠳᠤ ᠨᠡᠭᠡᠭᠡᠯᠲᠡ ᠵᠢ ᠪᠦᠬᠦᠲᠠᠯᠠ ᠪᠠᠷ ᠥᠷᠭᠡᠳᠭᠡᠬᠦ》 ᠴᠠᠭ ᠦᠶ᠎ᠡ ᠵᠢᠨ ᠬᠦᠴᠦᠲᠦ ᠳᠠᠭᠤᠨ ᠢ᠋ ᠬᠠᠩᠭᠢᠨᠠᠭᠤᠯᠤᠨ᠎ᠠ!
ᠣᠳᠣᠬᠠᠨ ᠪᠤᠯᠳᠠᠯ᠎ᠠ᠂ ᠮᠠᠨ ᠤ᠋ ᠣᠷᠣᠨ ᠨᠢᠭᠡᠨᠲᠡ ᠮᠣᠩᠭᠣᠯ᠂ ᠣᠷᠣᠰ᠂ ᠠᠦ᠋ᠰᠲ᠋ᠷᠠᠯᠢᠶᠠᠵᠡᠷᠭᠡ 183ᠤᠯᠤᠰᠪᠠ ᠭᠠᠵᠠᠷ ᠣᠷᠣᠨ ᠲᠠᠢ ᠭᠠᠷ ᠬᠣᠯᠪᠣᠯᠴᠠᠨ ᠠᠷᠠᠯᠵᠢᠶᠠᠨ ᠤ᠋ 《ᠨᠠᠢᠵᠠ ᠵᠢᠨ ᠲᠣᠭᠣᠷᠢᠭ》 ᠢ᠋ ᠪᠠᠢᠭᠤᠯᠪᠠ᠃
ᠨᠡᠭᠡᠭᠡᠯᠲᠡ ᠪᠣᠯ ᠴᠢᠨᠠᠷ ᠰᠠᠢᠲᠠᠢ ᠬᠥᠭᠵᠢᠯᠲᠡ ᠵᠢᠨ ᠲᠤᠤᠯᠢᠰ ᠪᠤᠯᠬᠤ ᠶᠤᠮ᠃ ᠥᠪᠥᠷ ᠮᠣᠩᠭᠣᠯ ᠤ᠋ᠨ 《ᠨᠢᠭᠡ ᠪᠦᠰᠡ ᠨᠢᠭᠡ ᠵᠠᠮ》 ᠳᠠᠭᠠᠤ ᠵᠢᠨ ᠤᠯᠤᠰᠤ᠋ᠳ ᠲᠤ᠌ ᠭᠠᠷᠭᠠᠵᠤ ᠪᠠᠢᠭ᠎ᠠ ᠰᠢᠨ᠎ᠡ ᠪᠠᠷ ᠨᠡᠮᠡᠭᠳᠡᠭᠰᠡᠨ ᠦᠢᠯᠡᠳᠬᠦᠨ ᠨᠢ ᠴᠡᠪᠡᠷᠰᠢᠭᠦᠯᠦᠭᠰᠡᠨ ᠴᠠᠬᠢᠯᠭᠠᠨᠬᠦᠴᠦ᠂ ᠲᠦᠷᠭᠡᠨ ᠤ᠋ ᠲᠡᠮᠦᠷ ᠵᠠᠮ ᠤ᠋ᠨ ᠵᠠᠮ ᠲᠡᠮᠤᠷ᠂ ᠳᠡᠭᠡᠳᠦ ᠳᠡᠰᠦ᠋ᠨ ᠴᠠᠭᠠᠨ ᠢᠳᠡᠭᠡᠨ᠂ ᠰᠢᠨ᠎ᠡ ᠮᠠᠲ᠋ᠧᠷᠢᠶᠠᠯᠵᠡᠷᠭᠡ ᠳᠡᠭᠡᠳᠦ ᠮᠡᠷᠭᠡᠵᠢᠯᠦ᠋ᠨ ᠦᠢᠯᠡᠳᠬᠦᠨ ᠵᠢᠨᠷ ᠭᠤᠤᠯᠳᠠᠵᠤᠪᠠᠢᠨᠠ᠃
ᠤᠷᠢᠳᠤᠬᠢ ᠵᠢ ᠵᠠᠯᠭᠠᠮᠵᠢᠯᠠᠨ ᠬᠣᠢᠰᠢᠬᠢ ᠳ᠋ᠦ᠍ ᠵᠠᠮ ᠨᠡᠭᠡᠭᠡᠨ᠎ᠡ᠃ ᠥᠪᠡᠷᠲᠡᠭᠡᠨᠵᠠᠰᠠᠬᠤ ᠣᠷᠣᠨ ᠤ᠋ ᠠᠷᠪᠠᠨ ᠨᠢᠭᠡᠳᠦᠭᠡᠷ ᠤᠳᠠᠭ᠎ᠠ ᠵᠢᠨ ᠨᠠᠮ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠡᠴᠡᠥᠪᠥᠷ ᠮᠣᠩᠭᠣᠯ ᠤ᠋ᠨ ᠭᠠᠳᠠᠭᠠᠳᠤ ᠨᠡᠭᠡᠭᠡᠯᠲᠡ ᠵᠢ ᠪᠦᠬᠦ ᠲᠠᠯ᠎ᠠ ᠪᠠᠷ ᠥᠷᠭᠡᠳᠭᠡᠬᠦ ᠰᠢᠢᠳᠪᠦᠷᠢᠲᠦ ᠪᠣᠳᠣᠯᠭᠠᠵᠢ ᠪᠠᠢᠷᠢᠯᠠᠭᠤᠯᠬᠤ ᠳ᠋ᠠᠭᠠᠨ᠄ 《ᠣᠷᠣᠨ ᠪᠠᠢᠷᠢ ᠵᠢᠨ ᠳᠠᠪᠠᠭᠤᠯᠢᠭ ᠵᠢᠨᠨ ᠨᠡᠭᠡᠭᠡᠯᠲᠡ ᠵᠢᠨ ᠳᠠᠪᠠᠭᠤᠯᠢᠭ᠂ ᠬᠥᠭᠵᠢᠯᠲᠡᠵᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠮᠠᠨ ᠤ᠋ ᠤᠯᠤᠰ ᠤ᠋ᠨ ᠳᠣᠲᠣᠭᠠᠳᠤ ᠬᠠᠭᠤᠷᠠᠢ ᠵᠢᠨ ᠨᠡᠭᠡᠭᠡᠯᠲᠡᠵᠢᠨ ᠥᠨᠳᠥᠷᠯᠢᠭ ᠪᠣᠯᠤᠨ ᠬᠢᠯᠢ ᠳᠠᠭᠠᠤ ᠵᠢᠨ ᠨᠡᠭᠡᠭᠡᠯᠲᠡ ᠵᠢᠨ ᠴᠢᠬᠤᠯᠠ ᠲᠤᠯᠭᠠᠭᠤᠷᠢᠯᠠᠬᠤ ᠴᠡᠭ ᠢ᠋ ᠴᠣᠭᠴᠠᠯᠠᠨ᠎ᠠ》 ᠭᠡᠵᠠᠢ᠃
ᠡᠭᠦᠷᠭᠡ ᠬᠦᠨᠳᠦ ᠵᠠᠮ ᠬᠣᠯᠠ ᠪᠠᠢᠭᠰᠠᠨ ᠴᠦ᠍ ᠵᠢᠳᠬᠦᠵᠤ ᠯᠡ ᠶᠠᠪᠤᠪᠠᠯ ᠪᠡᠶᠡᠯᠡᠭᠳᠡᠬᠦᠨᠢ ᠯᠠᠪᠳᠠᠢ᠃ ᠥᠩᠭᠡᠷᠡᠭᠰᠡᠨ ᠪᠠ ᠢᠷᠡᠭᠡᠳᠦᠢ ᠵᠢᠨ ᠠᠭᠤᠯᠵᠠᠷ ᠲᠦ᠍ ᠵᠣᠭᠰᠣᠨ᠂ ᠪᠦᠬᠦ ᠲᠠᠯ᠎ᠠ ᠪᠠᠷ ᠨᠡᠭᠡᠭᠡᠯᠲᠡᠬᠢᠬᠦ ᠡᠷᠡᠰ ᠪᠠᠲᠤ ᠢᠲᠡᠭᠡᠯ ᠵᠣᠷᠢᠭ ᠵᠢᠨᠷ ᠥᠪᠥᠷ ᠮᠣᠩᠭᠣᠯ ᠮᠢᠨᠢ ᠶᠠᠭ ᠭᠣᠢᠳᠠ ᠰᠠᠢᠬᠠᠨ ᠬᠠᠭᠤᠳᠠᠰᠤ ᠵᠢ ᠪᠢᠴᠢᠭᠯᠡᠵᠦ᠂ᠴᠢᠨᠠᠷ ᠰᠠᠢᠲᠠᠢ ᠨᠡᠭᠡᠭᠡᠯᠲᠡ ᠵᠢᠨ ᠵᠡᠮ ᠵᠢᠡᠷ ᠵᠢᠯᠤᠭᠤ ᠰᠤᠩᠭᠠᠨ ᠤᠷᠤᠭᠰᠢᠯᠠᠨ᠎ᠠ!
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃