2022ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠠᠨ᠎ᠤ᠋ ᠡᠭᠦᠷᠭᠡ ᠬᠠᠷᠢᠭᠤᠴᠠᠯᠭ᠎ᠠ

2022-03-03 11:10:43

ᠵᠣᠬᠢᠶᠠᠭ᠍ᠴᠢ᠄ ᠯᠢ ᠽᠦᠨ ᠰᠢᠶᠠ ᠣᠩᠱᠢᠭ᠍ᠰᠠᠨ ᠣᠳᠠᠭ᠎ᠠ᠄ 3

ᠰᠢᠨ᠎ᠠ ᠵᠢᠯ᠎ᠤᠨ ᠪᠠᠶᠠᠷ᠎ᠤᠨ ᠴᠢᠮᠠᠬᠡ! ᠥᠪᠥᠷ ᠮᠣᠩᠭᠣᠯ᠎ᠤᠨ ᠬᠢᠩᠭᠠᠨ ᠠᠢᠮᠠᠭ᠂ ᠤᠯᠠᠭᠠᠨᠬᠠᠳᠠ ᠬᠣᠲᠠ᠎ᠶ᠋ᠢᠨ ᠰᠦᠩᠱᠠᠨ ᠲᠣᠭᠣᠷᠢᠭ᠎ᠤᠨ ᠶᠡᠬᠡ ᠰᠦᠮ᠎ᠡ ᠪᠠᠯᠭᠠᠰᠤᠨ᠎ᠤ ᠱᠢᠶᠣᠤ ᠮᠢᠶᠣᠣ ᠽᠢ ᠲᠣᠰᠭᠣᠨ ᠵᠡᠷᠭᠡ 10 ᠨᠢᠭᠡᠴᠢ ᠪᠠ ᠭᠠᠵᠠᠷ ᠣᠷᠣᠨ ᠶᠢᠰᠦᠳᠦᠭᠡᠷ ᠪᠦᠯᠦᠭ᠎ᠦᠨ ᠪᠥᠬᠥ᠌ ᠤᠯᠤᠰ᠎ᠤ᠋ᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠲᠣᠭᠣᠷᠢᠭ᠎ᠤᠨ ᠵᠢᠱ᠌ᠢᠶ᠎ᠡ ᠦᠵᠡᠭᠦᠯᠬᠦ᠌ ᠨᠢᠭᠡᠴᠢ᠎ᠪᠡᠷ ᠦᠨᠡᠯᠡᠭ᠌ᠳᠡᠵᠦ᠍᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠤᠭ᠍ᠰᠠᠨ ᠦᠷ᠎ᠡ ᠪᠦᠲᠦᠭᠡᠯ ᠬᠥᠮᠦᠰ᠎ᠦᠨ ᠰᠡᠳᠭᠢᠯ᠎ᠢ ᠤᠷᠬᠢᠯᠤᠭᠤᠯᠪᠠ᠃

ᠥᠪᠥᠷ ᠮᠣᠩᠭᠣᠯ ᠪᠣᠯ ᠮᠠᠨ᠎ᠤ ᠤᠯᠤᠰ᠎ᠤᠨ ᠬᠠᠮᠤᠭ᠎ᠤᠨ ᠡᠷᠲᠡ ᠪᠠᠢᠭᠤᠯᠤᠭ᠍ᠳᠠᠭ᠍ᠰᠠᠨ ᠦᠨᠳᠦᠰᠦᠲᠡᠨ᠎ᠦ ᠥᠪᠡᠷᠲᠡᠭᠡᠨ ᠵᠠᠰᠠᠬᠤ ᠣᠷᠣᠨ ᠪᠠᠢᠵᠦ᠂ ᠨᠠᠮ᠎ᠤᠨ ᠦᠨᠳᠦᠰᠦᠲᠡᠨ᠎ᠦ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠤᠨ ᠡᠭᠦᠰᠦᠯᠲᠡ᠎ᠶ᠋ᠢᠨ ᠭᠠᠵᠠᠷ ᠮᠥᠨ᠂ ᠦᠨᠳᠦᠰᠦᠲᠡᠨ᠎ᠦ ᠪᠦᠯᠬᠦᠮᠳᠡᠯ᠎ᠦᠨ ᠢᠷᠠᠭᠤ ᠠᠯᠳᠠᠷᠲᠤ ᠤᠯᠠᠮᠵᠢᠯᠠᠯ᠎ᠲᠠᠶ᠂ ᠣᠷᠳᠣ ᠬᠤᠭᠤᠴᠠᠭᠠᠨ᠎ᠤ ᠲᠤᠷᠰᠢ《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠤ᠋ ᠡᠷᠬᠢᠮ ᠳᠡᠭᠡᠳᠦ ᠢᠷᠠᠭᠤ ᠠᠯᠳᠠᠷ᠎ᠲᠠᠶ ᠶᠤᠮ᠃

《ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠪᠤᠭᠤᠲᠤ᠎ᠶ᠋ᠢᠨ ᠪᠤᠯᠤᠳ ᠲᠡᠮᠤᠷ᠎ᠦᠨ ᠺᠣᠮᠫᠠᠨᠢ᠎ᠶ᠋ᠢ ᠪᠦᠳᠤᠬᠡᠨ ᠪᠠᠢᠭᠤᠯᠤᠭ᠍ᠰᠠᠨ》 ᠲᠡᠦᠬᠡ᠎ᠶ᠋ᠢᠨ ᠰᠠᠢᠬᠠᠨ ᠳᠠᠭᠤᠷᠢᠰᠭᠠᠯ ᠥᠨᠢ ᠤᠳᠠᠭᠠᠨ ᠤᠯᠠᠮᠵᠢᠯᠠᠭ᠍ᠳᠠᠵᠤ᠂ 《ᠭᠤᠷᠪᠠᠨ ᠮᠢᠩᠭᠠᠨ ᠥᠨᠥᠴᠢᠨ ᠬᠡᠦᠬᠡᠳ᠎ᠢ ᠥᠪᠥᠷ ᠮᠣᠩᠭᠣᠯ ᠦᠷᠡᠴᠢᠯᠠᠨ ᠲᠠᠵᠢᠬᠡᠭᠰᠠᠨ》 ᠶᠡᠬᠡ ᠬᠠᠢᠷ᠎ᠠ᠎ᠶ᠋ᠢᠨ ᠭᠠᠢᠬᠠᠮᠰᠢᠭ ᠨᠢ ᠬᠥᠮᠦᠰ᠎ᠦᠨ ᠰᠡᠳᠭᠢᠯ᠎ᠢ ᠳᠣᠭ᠍ᠳᠣᠯᠤᠭᠤᠯᠵᠤ᠂ 《ᠪᠠᠶᠠᠨ ᠲᠠᠡᠭᠰᠤᠭ ᠨᠤᠲᠤᠭ ᠪᠠᠯᠴᠢᠬᠡᠷ ᠎ᠢᠶᠡᠨ ᠰᠠᠨᠰᠠᠷ᠎ᠤᠨ ᠠᠶᠠᠯᠠᠯ ᠳ᠋ᠤ ᠵᠤᠷᠢᠭᠤᠯᠤᠭᠰᠠᠨ》 ᠨᠢ ᠪᠠᠭ᠎ᠠ ᠬᠡᠷ᠎ᠪᠦᠯᠢ ᠪᠠᠨ ᠤᠮᠠᠷᠲᠠᠨ ᠤᠯᠤᠰ ᠣᠷᠣᠨ᠎ᠤ᠎ᠪᠠᠨ ᠲᠥᠯᠥᠭᠡ ᠬᠡᠬᠦ ᠰᠡᠳᠭᠢᠯ ᠬᠥᠳᠡᠯᠭᠡᠮ᠎ᠡ ᠬᠠᠭᠤᠳᠠᠰᠤ᠎ᠶ᠋ᠢ ᠪᠢᠴᠢᠭ᠌ᠯᠡᠵᠦ᠍᠂ 《ᠲᠠᠯ᠎ᠠ ᠨᠤᠲᠤᠭ᠎ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ》 ᠵᠢᠨ ᠦᠯᠢᠬᠡᠷ ᠬᠡᠳᠦᠨ ᠦᠶ᠎ᠡ᠎ᠶ᠋ᠢᠨ ᠬᠥᠮᠦᠰ ᠤ᠋ᠨ ᠰᠡᠳᠬᠢᠯ ᠳ᠋ᠤ ᠬᠠᠲᠠᠡᠭᠰᠢᠪᠠ ᠁ ᠡᠨᠡ᠎ᠬᠦ᠌ ᠬᠠᠯᠠᠭᠤᠨ ᠲᠤᠯᠠᠭᠠᠨ ᠬᠥᠷᠥᠰᠥᠨ᠎ᠳᠦ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠪᠦᠯᠬᠦᠮᠳᠡᠨ ᠲᠡᠮᠡᠴᠡᠭ᠌ᠰᠡᠨ ᠦᠯᠢᠬᠡᠷ ᠲᠣᠭ᠎ᠠ ᠲᠣᠮᠰᠢ ᠦᠬᠡᠢ ᠤᠯᠠᠨ ᠪᠠᠢᠵᠤ᠂ ᠦᠨᠳᠦᠰᠦᠲᠡᠨ᠎ᠦ ᠪᠦᠯᠬᠦᠮᠳᠡᠯ᠎ᠦᠨ ᠭᠸᠨ ᠦᠶ᠎ᠡ᠎ᠶ᠋ᠢᠨ ᠦᠶ᠎ᠡ᠎ᠳᠦ ᠤᠯᠠᠮᠵᠢᠯᠠᠭ᠍ᠳᠠᠵᠠᠢ᠃

ᠨᠠᠮ ᠪᠠ ᠤᠯᠤᠰ᠎ᠠᠴᠠ ᠥᠪᠥᠷ ᠮᠣᠩᠭᠣᠯ᠎ᠤᠨ ᠬᠥᠭ᠌ᠵᠢᠯᠲᠡ᠎ᠶ᠋ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠭ᠍ᠰᠠᠭᠠᠷ ᠢᠷᠡᠪᠡ᠃ ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠠᠴᠠ ᠨᠠᠭᠠᠰᠢ᠂ ᠶᠡᠷᠦᠩᠬᠡᠶ ᠱᠦᠵᠢ ᠰᠢ ᠵᠢᠨ ᠫᠢᠩ ᠬᠣᠶᠠᠷ ᠤᠳᠠᠭ᠎ᠠ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠵᠤ᠂ ᠥᠪᠥᠷ ᠮᠣᠩᠭᠣᠯ᠎ᠳᠤ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠰᠣᠩᠭᠣᠭᠤᠯᠢ᠎ᠳᠤ ᠣᠷᠣᠯᠴᠠᠭ᠍ᠰᠠᠨ ᠪᠥᠭᠡᠳ 4 ᠵᠢᠯ ᠳᠠᠷᠠᠭᠠᠯᠠᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠨ᠂ ᠠᠯᠢ ᠣᠯᠠᠨ ᠴᠢᠬᠤᠯᠠ ᠶᠠᠷᠢᠶ᠎ᠠ ᠲᠠᠯᠪᠢᠵᠤ᠂ ᠠᠯᠢ ᠣᠯᠠᠨ ᠴᠢᠬᠤᠯᠠ ᠵᠢᠭᠠᠪᠤᠷᠢ ᠴᠣᠬᠣᠯᠠᠪᠤᠷᠢ ᠥᠭ᠌ᠴᠦ᠂ ᠱᠢᠨ᠎ᠡ ᠴᠠᠭ ᠦᠶ᠎ᠡ᠎ᠶ᠋ᠢᠨ ᠥᠪᠥᠷ ᠮᠣᠩᠭᠣᠯ᠎ᠤᠨ ᠠᠵᠢᠯ᠎ᠢ ᠰᠠᠢᠲᠤᠷ ᠬᠢᠬᠦ᠌᠎ᠳᠦ ᠤᠷᠤᠭ᠍ᠰᠢᠯᠠᠬᠤ ᠴᠢᠭ᠌ᠯᠡᠯ᠎ᠢ ᠲᠣᠳᠣᠷᠬᠠᠶ ᠵᠢᠭᠠᠵᠤ᠂ ᠦᠨᠳᠦᠰᠦᠨ ᠵᠢᠷᠤᠮᠯᠠᠯ ᠬᠠᠩᠭᠠᠨ᠂ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠪᠡ᠃

《ᠦᠨᠳᠦᠰᠦᠲᠡᠨ᠎ᠦ ᠪᠦᠯᠬᠦᠮᠳᠡᠯ᠎ᠦᠨ ᠢᠷᠠᠭᠤ ᠠᠯᠳᠠᠷᠲᠤ ᠤᠯᠠᠮᠵᠢᠯᠠᠯ ᠪᠣᠯᠤᠨ 〈ᠵᠢᠱ᠌ᠢᠶᠡᠴᠢ ᠥᠪᠡᠷᠲᠡᠭᠡᠨ ᠵᠠᠰᠠᠬᠤ ᠣᠷᠣᠨ〉 ᠎ᠤ᠋ ᠡᠷᠬᠢᠮ ᠳᠡᠭᠡᠳᠦ ᠢᠷᠠᠭᠤ ᠠᠯᠳᠠᠷ᠎ᠢ ᠬᠤᠪᠢ ᠲᠠᠬᠢᠨ ᠨᠠᠨᠳᠢᠩᠨᠠᠵᠤ᠂ ᠦᠷᠭᠦᠯᠵᠢᠯᠡᠨ ᠪᠠᠷᠢᠮᠲᠠᠯᠠᠨ᠂ ᠦᠨᠳᠦᠰᠦᠲᠡᠨ᠎ᠦ ᠪᠦᠯᠬᠦᠮᠳᠡᠯ᠎ᠦᠨ ᠶᠡᠬᠡ ᠲᠠᠯ᠎ᠠ᠎ᠶ᠋ᠢ ᠪᠡᠬᠢᠵᠢᠭᠦᠯᠦᠨ ᠬᠥᠭ᠌ᠵᠢᠭᠦᠯᠬᠦ᠌ ᠬᠡᠷᠡᠭ᠌ᠲᠡᠢ᠃》 ᠶᠡᠷᠦᠩᠬᠡᠢ ᠱᠦᠵᠢ ᠰᠢ ᠵᠢᠨ ᠫᠢᠩ᠎ᠦᠨ ᠴᠢᠩ ᠰᠡᠳᠭᠢᠯ᠎ᠦᠨ ᠬᠦᠰᠠᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠥᠪᠥᠷ ᠮᠣᠩᠭᠣᠯ ᠶᠡᠬᠡ ᠲᠠᠯ᠎ᠠ᠎ᠶ᠋ᠢ ᠡᠷᠬᠢᠮᠯᠡᠨ ᠡᠭᠦᠷᠭᠡ ᠬᠠᠷᠢᠭᠤᠴᠠᠯᠭ᠎ᠠ ᠪᠠᠨ᠎ᠪᠠᠳᠤᠳᠠᠢ᠎ᠡᠭᠦᠷᠭᠡᠯᠡᠵᠦ᠍᠂᠎ᠤᠯᠤᠰ᠎ᠤᠨ᠎ᠨᠢᠭᠡᠳᠦᠯ᠂᠎ᠦᠨᠳᠦᠰᠦᠲᠡᠨ᠎ᠦ᠎ᠪᠦᠯᠬᠦᠮᠳᠡᠯ᠎ᠢ᠎ᠬᠠᠮᠠᠭᠠᠯᠠᠬᠤ᠎ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠪᠠᠨ ᠤᠬᠠᠮᠰᠠᠷ᠎ᠠᠴᠠ᠎ᠪᠠᠨ ᠡᠭᠦᠷᠭᠡᠯᠡᠨ ᠰᠠᠢᠲᠤᠷ ᠭᠦᠢᠴᠡᠳᠭᠡᠵᠦ᠍᠂ ᠦᠨᠳᠦᠰᠦᠲᠡᠨ᠎ᠦ ᠪᠦᠯᠬᠦᠮᠳᠡᠯ᠎ᠦᠨ ᠶᠡᠬᠡ ᠲᠠᠯ᠎ᠠ᠎ᠶ᠋ᠢ ᠦᠷᠭᠦᠯᠵᠢᠯᠡᠨ ᠪᠡᠬᠢᠵᠢᠭᠦᠯᠦᠨ ᠬᠥᠭ᠌ᠵᠢᠭᠦᠯᠵᠠᠢ᠃

ᠳᠤᠮᠳᠠᠳᠤ᠎ᠶ᠋ᠢᠨ᠎ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠵᠤ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠢ ᠡᠬᠦᠲᠤᠨ ᠪᠠᠢᠭᠤᠯᠪᠠ

ᠳᠤᠮᠳᠠᠳᠤ᠎ᠶ᠋ᠢᠨ᠎ᠦᠨᠳᠦᠰᠦᠲᠡᠨ᠎ᠦ᠎ᠬᠠᠮᠲᠤ᠎ᠶ᠋ᠢᠨ᠎ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠣᠯ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠭᠣᠣᠯ ᠱᠢᠵᠢᠮ ᠮᠥᠨ᠂ ᠥᠪᠥᠷ ᠮᠣᠩᠭᠣᠯ ᠡᠨᠡ ᠬᠦ᠌ ᠭᠣᠣᠯ ᠱᠢᠵᠢᠮ᠎ᠢ ᠪᠠᠲᠤ ᠡᠵᠡᠮᠳᠡᠨ ᠪᠠᠢᠩᠭᠤᠵᠢᠭᠤᠯᠵᠤ᠂᠎ᠤᠷᠤᠨ ᠲᠠᠶᠠᠭᠠᠷ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠤᠬᠠᠭᠤᠯᠭ᠎ᠠ ᠬᠥᠮᠦᠵᠢᠯ᠎ᠢ ᠥᠷᠨᠢᠭᠦᠯᠪᠡ᠃

2021ᠣᠨ᠎ᠳᠤ᠂ ᠪᠥᠬᠥ᠌᠎ᠣᠷᠣᠨ᠎ᠳᠤ ᠨᠠᠮ᠎ᠤᠨ ᠦᠨᠳᠦᠰᠦᠲᠡᠨ᠎ᠦ ᠲᠥᠷᠥ᠎ᠶ᠋ᠢᠨ ᠪᠣᠳᠣᠯᠭ᠎ᠠ᠂ ᠮᠢᠨᠦ᠍ ᠳᠡᠷᠭᠡᠳᠡᠬᠢ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠥᠯᠢᠭᠡᠷ ᠵᠡᠷᠭᠡ ᠭᠤᠤᠯ ᠰᠡᠳᠦᠪᠲᠦ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ᠎ᠶ᠋ᠢ 3.5 ᠲᠦᠮᠡ ᠭᠠᠷᠤᠶ ᠲᠠᠯᠠᠪᠠᠶ ᠥᠷᠨᠢᠭᠦᠯᠵᠠᠢ; ᠡᠯ᠎ᠡ ᠶᠡᠬᠡ ᠳᠤᠮᠳᠠᠳᠤ ᠪᠠᠭ᠎ᠠ ᠰᠤᠷᠭᠠᠭᠤᠯᠢ ᠡᠯ᠎ᠡ ᠲᠥᠷᠥᠯ᠎ᠦᠨ《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ》 ᠭᠤᠤᠯ ᠰᠡᠳᠦᠪᠲᠦ ᠬᠥᠮᠦᠵᠢᠯ᠎ᠦᠨ ᠠᠵᠢᠯᠯᠠᠭ᠎ᠠ᠎ᠶ᠋ᠢ ᠦᠷᠭᠦᠯᠵᠢᠯᠡᠨ ᠥᠷᠨᠢᠭᠦᠯᠵᠠᠢ᠃

ᠥᠪᠥᠷ᠎ᠮᠣᠩᠭᠣᠯ᠎ᠤᠨ᠎ᠶᠡᠬᠡ᠎ᠰᠤᠷᠭᠠᠭᠤᠯᠢ ᠤᠯᠤᠰ᠎ᠤᠨ ᠠᠩᠬᠠᠳᠤᠭᠠᠷ ᠪᠦᠯᠦᠭ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ᠎ᠤᠬᠠᠮᠰᠠᠷ᠎ᠢ᠎ᠪᠠᠲᠤ ᠴᠣᠭ᠍ᠴᠠᠯᠠᠬᠤ ᠰᠤᠳᠤᠯᠭᠠᠨ᠎ᠤ ᠰᠠᠭᠤᠷᠢᠨ᠎ᠢᠶᠠᠷ ᠰᠣᠩᠭᠣᠭ᠍ᠳᠠᠵᠤ᠂ ᠬᠢᠨᠭᠭᠠᠨ᠎ᠠᠢᠮᠠᠭ᠎ᠤᠨ᠎ᠬᠢᠨ ᠬᠣᠱᠢᠭᠤ ᠱᠢᠶᠠᠨ ᠬᠥᠳᠡᠭᠡ ᠲᠣᠰᠭᠣᠨ᠎ᠢ ᠬᠠᠮᠤᠷᠤᠭ᠍ᠰᠠᠨ 835 ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠠᠬᠢᠭᠤᠯᠬᠤ ᠬᠤᠷᠠᠯ ᠢ᠋ ᠡᠷᠬᠢᠯᠡᠵᠤ ᠁ ᠥᠪᠥᠷ ᠮᠣᠩᠭᠣᠯ᠎ᠨᠢ ᠢᠯᠡ ᠲᠣᠳᠣ᠂ ᠤᠯᠤᠯᠲᠠ ᠲᠦᠷᠦᠭᠲᠠᠯ᠎ᠲᠡᠶ᠂ ᠪᠦᠲᠦᠮᠵᠢᠲᠡᠶ ᠠᠷᠭ᠎ᠠ ᠬᠡᠯᠪᠡᠷᠢ᠎ᠪᠡᠷ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠬᠦᠴᠦᠯᠡᠨ ᠠᠬᠢᠭᠤᠯᠪᠠ᠃

ᠨᠢᠳᠤᠨᠤᠨ ᠬᠤᠷᠠᠯᠳᠤᠭ᠍ᠰᠠᠨ ᠲᠥᠪ᠎ᠦᠨ ᠦᠨᠳᠦᠰᠦᠲᠡᠨ᠎ᠦ ᠠᠵᠢᠯ᠎ᠤᠨ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ᠂ ᠡᠷᠬᠡᠪᠰᠢ᠎ᠳᠤᠮᠳᠠᠳᠤ᠎ᠶ᠋ᠢᠨ᠎ᠦᠨᠳᠦᠰᠦᠲᠡᠨ᠎ᠦ᠎ᠬᠠᠮᠲᠤ᠎ᠶ᠋ᠢᠨ᠎ᠤᠶᠤᠨ᠎ᠰᠠᠨᠠᠭᠠᠨ᠎ᠤ᠎ᠭᠡᠷ᠎ᠣᠷᠣᠨ᠎ᠢ ᠴᠤᠭᠴᠠᠯᠠᠵᠤ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠤ ᠰᠡᠳᠭᠢᠯ᠎ᠢ ᠨᠢᠭ᠍ᠲᠠᠷᠠᠭᠤᠯᠤᠨ᠂ ᠤᠶᠤᠨ ᠰᠠᠨᠠᠭ᠎ᠠ᠎ᠶ᠋ᠢ ᠬᠠᠷᠢᠯᠴᠠᠨ ᠲᠦᠱᠢᠯᠴᠡᠭᠦᠯᠵᠦ᠍᠂ ᠬᠥᠮᠦᠰ᠎ᠦᠨ ᠰᠡᠳᠭᠢᠯ᠎ᠢ ᠨᠢᠭ᠍ᠲᠠᠷᠠᠭᠤᠯᠤᠨ᠂ ᠪᠦᠯᠬᠦᠮᠳᠡᠨ ᠲᠡᠮᠡᠴᠡᠬᠦ᠌ ᠬᠦᠴᠦᠷᠬᠡᠭ ᠶᠡᠬᠡ ᠤᠶᠤᠨ ᠰᠠᠨᠠᠭᠠᠨ᠎ᠤ ᠬᠣᠯᠪᠣᠭᠠᠰᠤ᠎ᠶ᠋ᠢ ᠪᠦᠷᠢᠯᠳᠦᠭᠦᠯᠬᠦ᠌ ᠬᠡᠷᠡᠭ᠌ᠲᠡᠢ ᠭᠡᠵᠦ᠍ ᠵᠢᠭᠠᠵᠤ ᠭᠠᠷᠭᠠᠵᠠᠢ᠃

ᠥᠪᠥᠷ᠎ᠮᠣᠩᠭᠣᠯ᠎ᠳᠤᠮᠳᠠᠳᠤ᠎ᠶ᠋ᠢᠨ᠎ᠰᠣᠶᠣᠯ᠎ᠢᠶᠠᠷ᠎ᠦᠨᠳᠦᠰᠦᠲᠡᠨ᠎ᠦ᠎ᠪᠦᠯᠬᠦᠮᠳᠡᠯ᠎ᠢ᠎ᠤᠮᠳᠠᠯᠠᠬᠤ᠎ᠶ᠋ᠢ᠎ᠪᠠᠷᠢᠮᠲᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠵᠣᠷᠢᠭ ᠰᠠᠨᠠᠭ᠎ᠠ᠎ᠶ᠋ᠢ ᠶᠡᠬᠡ᠎ᠪᠡᠷ ᠪᠠᠳᠠᠷᠠᠭᠤᠯᠵᠦ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠰᠡᠳᠭᠢᠯ᠎ᠢ ᠨᠢᠭ᠍ᠲᠠᠷᠠᠭᠤᠯᠤᠨ᠂ ᠵᠣᠷᠢᠭ ᠰᠠᠨᠠᠭ᠎ᠠ᠎ᠶ᠋ᠢ ᠬᠠᠷᠢᠯᠴᠠᠨ ᠲᠦᠱᠢᠯᠴᠡᠭᠦᠯᠬᠦ᠌᠎ᠶ᠋ᠢ ᠠᠬᠢᠭᠤᠯᠪᠠ᠃

ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠬᠥᠭ᠌ᠵᠢᠭᠦᠯᠬᠦ᠌ ᠢᠨᠵᠧᠨᠧᠷᠢᠩ᠎ᠢ ᠭᠦᠨᠵᠡᠭᠡᠢ ᠬᠡᠷᠡᠭ᠌ᠵᠢᠭᠦᠯᠵᠦ᠍᠂ 17 ᠵᠦᠢᠯ ᠎ᠢ ᠲᠠᠪᠤᠳᠤᠭᠠᠷ ᠪᠦᠯᠦᠭ᠎ᠦᠨ ᠤᠯᠤᠰ᠎ᠤᠨ ᠲᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠬᠦ᠌ ᠴᠢᠨᠠᠷᠲᠠᠢ ᠵᠦᠢᠯᠡᠰ᠎ᠦᠨ ᠨᠡᠷᠡᠰ᠎ᠦᠨ ᠵᠢᠭ᠍ᠰᠠᠭᠠᠯᠲᠠ᠎ᠳᠤ ᠣᠷᠣᠭᠤᠯᠪᠠ; ᠤᠷᠲᠤ ᠴᠠᠭᠠᠨ ᠬᠡᠷᠡᠮ᠂ ᠬᠠᠲᠤᠨ ᠭᠣᠣᠯ᠎ᠤᠨ ᠤᠯᠤᠰ᠎ᠤᠨ ᠰᠣᠶᠣᠯ᠎ᠤᠨ ᠴᠡᠴᠡᠷᠯᠢᠭ᠎ᠦᠨ ᠪᠦᠲᠦᠭᠡᠨ ᠪᠠᠢᠭᠤᠯᠤᠯᠲᠠ᠎ᠶ᠋ᠢ ᠬᠦᠴᠦᠯᠡᠨ ᠠᠬᠢᠭᠤᠯᠵᠠᠢ;《ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠳᠣᠲᠣᠷᠠᠬᠢ ᠥᠪᠥᠷ ᠮᠣᠩᠭᠣᠯ》᠂ 《ᠲᠡᠦᠬᠡ᠎ᠯᠦᠭᠡ ᠶᠠᠷᠢᠯᠴᠠᠭ᠎ᠠ ᠬᠢᠬᠦ᠌》 ᠵᠡᠷᠭᠡ ᠪᠤᠯᠤᠩ ᠫᠷᠦ᠍ᠭᠷᠠᠮ᠎ᠢ ᠭᠠᠷᠭᠠᠪᠠ᠃

《ᠮᠣᠷᠢᠲᠤ ᠴᠡᠷᠢᠭ》 ᠵᠡᠷᠭᠡ 17 ᠱᠢᠯᠢᠳᠡᠭ ᠵᠦᠴᠦᠭᠡ᠎ᠶ᠋ᠢ ᠪᠦᠬᠦ᠌ ᠣᠷᠣᠨ᠎ᠳᠤ ᠲᠣᠭ᠍ᠯᠠᠪᠠ; ᠨᠠᠢᠷᠠᠯ ᠱᠢᠯᠦᠭ᠌ᠯᠡᠯᠲᠦ ᠵᠦᠴᠤᠬᠡ 《ᠪᠢ ᠤᠯᠤᠰ᠎ᠤᠨ᠎ᠢᠶᠠᠨ ᠲᠥᠯᠥᠭᠡ ᠠᠮᠢ ᠪᠡᠶ᠎ᠡ᠎ᠪᠡᠨ ᠵᠣᠷᠢᠭᠤᠯᠤᠨ᠎ᠠ》 ᠵᠡᠷᠭᠡ᠎ᠶ᠋ᠢ ᠡᠯ᠎ᠡ ᠭᠠᠵᠠᠷ᠎ᠲᠤ ᠲᠣᠭᠣᠷᠢᠨ ᠲᠣᠭ᠍ᠯᠠᠵᠠᠢ; ᠤᠯᠠᠭᠠᠨᠮᠥ᠋ᠴᠢᠷ 2600 ᠭᠠᠷᠤᠶ ᠲᠠᠯᠠᠪᠠᠶ ᠲᠣᠭ᠍ᠯᠠᠯᠲᠠ ᠭᠠᠷᠭᠠᠵᠤ᠂ 1800 ᠭᠠᠴᠠᠭ᠎ᠠ ᠲᠣᠰᠭᠣᠨ(ᠨᠡᠢᠭᠡᠮ ᠲᠣᠭᠣᠷᠢᠭ) ᠢ᠋ ᠬᠠᠮᠤᠷᠴᠤ᠌᠂ ᠨᠠᠮ᠎ᠤᠨ ᠲᠥᠷᠥ᠎ᠶ᠋ᠢᠨ ᠪᠣᠳᠣᠯᠭ᠎ᠠ ᠪᠠ ᠲᠠᠭᠤᠨ᠎ᠢ ᠳᠠᠮᠵᠢᠭᠤᠯᠤᠨ ᠤᠬᠠᠭᠤᠯᠵᠠᠢ᠃

ᠦᠨᠳᠦᠰᠦᠲᠡᠨ᠎ᠨᠦᠭᠦᠳ ᠬᠠᠮᠲᠤ᠎ᠪᠠᠷ ᠡᠳ᠋ᠯᠡᠬᠦ᠌ ᠳᠤᠮᠳᠠᠳᠤ᠎ᠶ᠋ᠢᠨ ᠰᠣᠶᠣᠯ᠎ᠤᠨ ᠲᠡᠮᠳᠡᠭ ᠪᠣᠯᠤᠨ ᠳᠤᠮᠳᠠᠳᠤ᠎ᠶ᠋ᠢᠨ ᠰᠣᠶᠣᠯ᠎ᠤᠨ ᠲᠦᠷᠢ ᠲᠥᠷᠬᠦ᠌᠎ᠶ᠋ᠢ ᠤᠯᠠᠮᠵᠢᠯᠠᠨ ᠳᠡᠯᠭᠡᠷᠡᠭᠦᠯᠬᠦ᠌᠎ᠪᠡᠷ ᠲᠠᠮᠵᠢᠨ᠂ 《ᠭᠤᠷᠪᠠᠨ ᠰᠠᠯᠵᠤ ᠴᠢᠳᠠᠬᠤ ᠦᠭᠡᠢ》᠂ 《ᠲᠠᠪᠤᠨ ᠬᠠᠮᠲᠤ᠎ᠶ᠋ᠢᠨ ᠲᠠᠨᠢᠯᠲᠠ》 ᠵᠢᠨ ᠦᠵᠡᠯ ᠰᠠᠨᠠᠭ᠎ᠠ ᠪᠣᠯᠤᠨ 《ᠲᠦᠷᠪᠡ᠎ᠶ᠋ᠢ ᠬᠠᠮᠲᠤ᠎ᠪᠠᠷ ᠡᠳ᠋ᠯᠡᠬᠦ᠌》 ᠣᠢᠯᠠᠭᠠᠭ᠍ᠳᠠᠬᠤᠨ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠰᠡᠳᠭᠢᠯ᠎ᠳᠦ ᠭᠦᠨ ᠬᠠᠳᠠᠩᠱᠢᠪᠠ᠃

2021 ᠣᠨ᠎ᠳᠤ᠂ ᠥᠪᠥᠷ ᠮᠣᠩᠭᠣᠯ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠦᠷᠭᠦᠯᠵᠢᠯᠡᠨ ᠶᠡᠬᠡ᠎ᠪᠡᠷ᠎ᠳᠡᠯᠭᠡᠷᠡᠭᠦᠯᠦᠨ᠎ᠲᠦᠭᠡᠮᠡᠯᠵᠢᠭᠦᠯᠵᠦ᠍᠂᠎ᠤᠯᠤᠰ᠎ᠤᠨ᠎ᠨᠢᠭᠡᠳᠦᠯᠲᠡᠢ᠎ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ 《ᠳᠡᠯᠭᠡᠷᠡᠭᠦᠯᠪᠡᠰᠦ ᠵᠣᠬᠢᠬᠤ᠎ᠶ᠋ᠢ᠎ᠨᠢ ᠪᠦᠬᠦᠨ᠎ᠢ ᠳᠡᠯᠭᠡᠷᠡᠭᠦᠯᠵᠦ᠍》 ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ᠎ᠪᠡᠷ ᠠᠰᠠᠷᠠᠨ ᠬᠥᠮᠦᠵᠢᠭᠦᠯᠬᠦ᠌ ᠰᠤᠷᠭᠠᠨ ᠬᠥᠮᠦᠵᠢᠯ᠎ᠢ ᠬᠡᠦᠬᠡᠳ᠎ᠦᠨ ᠴᠡᠴᠡᠷᠯᠢᠭ᠎ᠲᠦ ᠨᠡᠢᠳᠡᠮ ᠬᠡᠷᠡᠭ᠌ᠵᠢᠭᠦᠯᠵᠦ᠍᠂ ᠬᠤᠳᠠ᠎ᠶ᠋ᠢᠨ ᠦᠭᠡ ᠬᠡᠯᠡ ᠦᠰᠦᠭ ᠪᠢᠴᠢᠭ᠎ᠦᠨ ᠳᠦᠷᠢᠮᠵᠢᠭᠦᠯᠦᠯᠲᠡ᠎ᠶ᠋ᠢ ᠦᠨᠡᠯᠡᠨ ᠵᠢᠱ᠌ᠢᠬᠦ᠌ ᠠᠵᠢᠯ᠎ᠢ ᠶᠡᠷᠦᠩᠬᠡᠢ᠎ᠳᠡᠭᠡᠨ ᠪᠡᠶᠡᠯᠡᠭᠦᠯᠪᠡ᠃

ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠠᠵᠢᠯᠯᠠᠭ᠎ᠠ᠎ᠶ᠋ᠢ ᠭᠦᠨᠵᠡᠭᠡᠶ ᠥᠷᠨᠢᠭᠦᠯᠵᠦ᠍ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠴᠢᠩᠭᠠᠳᠬᠠᠪᠠ

ᠬᠥᠬᠡᠬᠣᠲᠠ᠎ᠶ᠋ᠢᠨ ᠱᠢᠨ᠎ᠡ ᠬᠣᠲᠠ ᠲᠣᠭᠣᠷᠢᠭ᠎ᠤᠨ ᠴᠠᠭᠠᠨ ᠰᠠᠷ᠎ᠠ᠎ᠶ᠋ᠢᠨ ᠳᠠᠭᠤᠤ ᠬᠥᠭ᠌ᠵᠢᠮ᠎ᠦᠨ ᠴᠤᠭ᠍ᠯᠠᠭᠠᠨ ᠳᠡᠭᠡᠷ᠎ᠡ᠂ ᠰᠠᠢᠬᠠᠨ ᠲᠣᠭᠣᠷᠢᠭ᠎ᠤᠨ ᠱᠢᠩ ᠺᠠᠩ ᠨᠡᠢᠭᠡᠮ ᠲᠣᠭᠣᠷᠢᠭ᠎ᠤᠨ ᠨᠠᠢᠷᠠᠯ ᠳᠠᠭᠤᠤ᠎ᠶ᠋ᠢᠨ ᠪᠦᠯᠬᠦᠮ ᠤᠷᠢᠯᠭ᠎ᠠ᠎ᠪᠠᠷ ᠲᠣᠭ᠍ᠯᠠᠯᠲᠠ᠎ᠳᠤ ᠣᠷᠣᠯᠴᠠᠪᠠ᠃

《ᠮᠠᠨ᠎ᠤ ᠨᠠᠢᠷᠠᠯ ᠳᠠᠭᠤᠤ᠎ᠶ᠋ᠢᠨ ᠪᠦᠯᠬᠦᠮ᠎ᠦᠨ 70 ᠭᠠᠷᠤᠢ ᠪᠦᠷᠢᠯᠳᠦᠬᠦᠨ᠎ᠦ ᠳᠣᠲᠣᠷ᠎ᠠ ᠬᠢᠲᠠᠳ᠂ ᠮᠣᠩᠭᠣᠯ᠂ ᠬᠣᠲᠣᠩ᠂ ᠳᠠᠭᠤᠷ᠂ ᠰᠣᠯᠣᠩᠭᠣᠰ ᠦᠨᠳᠦᠰᠦᠲᠡᠨ ᠪᠠᠢᠵᠤ᠂ ᠤᠯᠠᠨ᠎ᠢᠶᠠᠷ᠎ᠢᠶᠠᠨ ᠨᠢᠭᠡ ᠭᠡᠷ᠎ᠦᠨ ᠬᠥᠮᠦᠨ ᠱᠢᠭ ᠬᠠᠷᠢᠯᠴᠠᠨ ᠬᠠᠯᠠᠮᠵᠢᠯᠠᠨ ᠬᠠᠪᠰᠤᠷᠤᠯᠴᠠᠵᠤ ᠪᠤᠢ》 ᠬᠡᠵᠤ ᠨᠠᠢᠷᠠᠯ ᠳᠠᠭᠤᠤ᠎ᠶ᠋ᠢᠨ ᠪᠦᠯᠬᠦᠮ᠎ᠦᠨ ᠳᠠᠷᠤᠭ᠎ᠠ ᠴᠧᠨ ᠹᠦ᠋ ᠯᠢᠨ ᠶᠠᠷᠢᠨ᠎ᠠ᠃ ᠨᠠᠢᠷᠠᠯ ᠳᠠᠭᠤᠤ᠎ᠶ᠋ᠢᠨ ᠪᠦᠯᠬᠦᠮ᠎ᠦᠨ ᠥᠯᠢᠭᠡᠷ ᠨᠢ ᠥᠪᠥᠷ ᠮᠣᠩᠭᠣᠯ᠎ᠤᠨ ᠦᠨᠳᠦᠰᠦᠲᠡᠨ᠎ᠦ ᠪᠦᠯᠬᠦᠮᠳᠡᠯ᠎ᠦᠨ ᠬᠤᠷᠢᠶᠠᠩᠭᠤᠶ ᠳᠦᠷᠰᠦ ᠪᠣᠯᠵᠣ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ ᠨᠢᠭᠡ ᠬᠡᠷ᠎ᠦᠨ ᠬᠥᠮᠦᠨ ᠮᠡᠲᠦ ᠳᠣᠲᠣᠨᠣ ᠪᠠᠢᠵᠤ᠂ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠦ ᠪᠦᠯᠬᠦᠮᠳᠡᠯ᠎ᠦᠨ ᠮᠠᠭ᠍ᠲᠠᠭᠠᠯ ᠳᠠᠭᠤᠤ᠎ᠶ᠋ᠢ ᠬᠠᠮᠲᠤ᠎ᠪᠠᠷ ᠬᠠᠩᠭᠢᠨᠠᠭᠤᠯᠵᠠᠢ᠃

ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ᠎ᠳᠠᠭᠠᠨ᠂ ᠨᠡᠢᠭᠡᠮ ᠲᠣᠭᠣᠷᠢᠭ ᠪᠣᠯ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠬᠠᠮᠲᠤ᠎ᠶ᠋ᠢᠨ ᠭᠡᠷ ᠪᠦᠯᠢ ᠮᠥᠨ᠂ ᠦᠨᠳᠦᠰᠦᠲᠡᠨ᠎ᠦ ᠪᠦᠯᠬᠦᠮᠳᠡᠯ ᠪᠣᠯ ᠨᠢᠭᠡ ᠭᠡᠷ᠎ᠦᠨ ᠬᠥᠮᠦᠨ᠎ᠮᠡᠲᠦ᠎ᠳᠣᠲᠣᠨᠣ᠎ᠪᠠᠢᠳᠠᠭ᠃ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ᠎ᠶ᠋ᠢ ᠨᠡᠢᠭᠡᠮ ᠲᠣᠭᠣᠷᠢᠭ᠎ᠲᠤ ᠣᠷᠣᠭᠤᠯᠬᠤ᠎ᠶ᠋ᠢ ᠭᠦᠨᠵᠡᠭᠡᠶ ᠠᠬᠢᠭᠤᠯᠵᠤ᠂ ᠨᠡᠢᠭᠡᠮ ᠲᠣᠭᠣᠷᠢᠭ᠎ᠢ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠬᠤ ᠲᠣᠮᠣ ᠬᠡᠷ ᠪᠦᠯᠢ ᠪᠣᠯᠭᠠᠨ ᠴᠣᠭ᠍ᠴᠠᠯᠠᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠠᠮᠤᠷ ᠲᠠᠢᠪᠤᠩ ᠠᠵᠤ ᠲᠦᠷᠦᠭᠦ᠌ ᠰᠠᠢᠨ ᠰᠠᠢᠬᠠᠨ ᠨᠡᠢᠭᠡᠮ ᠲᠣᠭᠣᠷᠢᠭ᠎ᠤᠨ ᠣᠷᠴᠢᠨ ᠲᠣᠭᠣᠷᠢᠨ᠎ᠢ ᠢᠳᠡᠪᠬᠢᠲᠡᠶ ᠡᠭᠦᠳᠬᠦ᠌ ᠬᠡᠷᠡᠭ᠌ᠲᠡᠶ ᠭᠡᠵᠦ᠍ ᠴᠢᠬᠤᠯᠠᠴᠢᠯᠠᠪᠠ᠃

ᠥᠪᠥᠷ ᠮᠣᠩᠭᠣᠯ《ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ᠎ᠶ᠋ᠢ ᠨᠡᠢᠭᠡᠮ ᠲᠣᠭᠣᠷᠢᠭ᠎ᠲᠤ ᠣᠷᠣᠭᠤᠯᠬᠤ᠎ᠶ᠋ᠢ ᠭᠦᠨᠵᠡᠭᠡᠶ ᠠᠬᠢᠭᠤᠯᠬᠤ ᠠᠵᠢᠯ᠎ᠤᠨ ᠲᠥᠰᠦᠯ》 ᠢ᠋ ᠳᠠᠷᠤᠮᠠᠯᠯᠠᠨ ᠲᠠᠷᠬᠠᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠵᠠᠢ᠃

ᠴᠠᠭᠠᠨ ᠰᠠᠷ᠎ᠠ᠎ᠶ᠋ᠢᠨ ᠠᠷᠪᠠᠨ ᠲᠠᠪᠤᠨ᠎ᠤ ᠥᠯᠵᠡᠢᠲᠦ ᠡᠳᠦᠷ᠂ ᠤᠯᠠᠭᠠᠨᠬᠣᠲᠠ᠎ᠶ᠋ᠢᠨ ᠵᠢᠶ ᠴᠢᠩ ᠨᠡᠢᠭᠡᠮ ᠲᠣᠭᠣᠷᠢᠭ《ᠠᠨᠠᠷ᠎ᠤᠨ ᠦᠷ᠎ᠡ ᠰᠢᠭ ᠪᠦᠯᠬᠦᠮᠳᠡᠨ ᠰᠡᠳᠭᠢᠯ ᠨᠢᠭᠡᠳᠦᠨ ᠬᠦᠰᠡᠯ ᠵᠡᠭᠦᠳᠦ᠍᠎ᠪᠡᠨ ᠲᠡᠷᠭᠡᠯᠱᠢᠭᠦᠯᠬᠦ᠌》 ᠠᠵᠢᠯᠯᠠᠭ᠎ᠠ ᠥᠷᠨᠢᠭᠦᠯᠵᠦ᠍᠂ ᠨᠡᠢᠭᠡᠮ ᠲᠣᠭᠣᠷᠢᠭ᠎ᠤᠨ ᠦᠨᠳᠦᠰᠦᠲᠡᠨ᠎ᠨᠦᠭᠦᠳ᠎ᠦᠨ ᠣᠯᠠᠨ ᠲᠦᠮᠡᠨ ᠨᠢᠭᠡ ᠲᠠᠩᠬᠢᠮ᠎ᠳᠤ ᠴᠤᠭ᠍ᠯᠠᠷᠠᠵᠤ᠂ ᠤᠷᠠᠨ ᠰᠠᠢᠬᠠᠨ᠎ᠤ ᠲᠣᠭ᠍ᠯᠠᠯᠲᠠ᠎ᠶ᠋ᠢ ᠰᠣᠨᠢᠷᠬᠠᠵᠤ᠂ ᠠᠮᠲᠠᠲᠤ ᠰᠠᠢᠬᠠᠨ ᠥᠯᠵᠡᠢᠲᠦ ᠪᠣᠭᠣᠷᠰᠣᠭ᠎ᠢ ᠠᠮᠲᠠᠯᠠᠪᠠ᠃

ᠪᠥᠬᠥ᠌ ᠣᠷᠣᠨ᠎ᠤ ᠡᠯ᠎ᠡ ᠭᠠᠵᠠᠷ᠎ᠤᠨ᠎ᠬᠢᠨ ᠣᠯᠠᠨ ᠶᠠᠩᠵᠤ ᠬᠡᠯᠪᠡᠷᠢ᠎ᠶ᠋ᠢᠨ ᠣᠯᠠᠨ ᠲᠦᠮᠡᠨᠴᠢ ᠴᠢᠨᠠᠷᠲᠠᠶ ᠰᠣᠯᠢᠯᠴᠠᠭᠠᠨ᠎ᠤ ᠠᠵᠢᠯᠯᠠᠭ᠎ᠠ᠎ᠶ᠋ᠢ ᠣᠷᠳᠣ ᠬᠤᠭᠤᠴᠠᠭ᠎ᠠ᠎ᠪᠠᠷ ᠥᠷᠨᠢᠭᠦᠯᠵᠦ᠍᠂ ᠨᠡᠢᠭᠡᠮ ᠲᠣᠭᠣᠷᠢᠭ᠎ᠤᠨ ᠵᠠᠭᠤᠨ ᠠᠢᠯ᠎ᠤᠨ ᠳᠠᠢᠯᠠᠯᠭ᠎ᠠ᠂ ᠬᠥᠷᠰᠢ ᠵᠡᠷᠭᠡᠯᠡᠳᠡᠭᠡ ᠠᠢᠯ᠎ᠤᠨ ᠨᠠᠢᠷ ᠡᠷᠭᠢᠯᠡᠬᠦ᠌ ᠵᠢᠴᠢ ᠨᠡᠢᠭᠡᠮ ᠲᠣᠭᠣᠷᠢᠭ᠎ᠤᠨ ᠤᠳᠭ᠎ᠠ ᠤᠷᠠᠯᠢᠭ᠎ᠤᠨ ᠡᠩᠨᠡᠭᠡ᠂ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠡᠩᠨᠡᠭᠡ᠎ᠶ᠋ᠢ ᠪᠠᠢᠭᠤᠯᠬᠤ ᠵᠡᠷᠭᠡ ᠬᠡᠯᠪᠡᠷᠢ᠎ᠪᠡᠷ ᠳᠠᠮᠵᠢᠭᠤᠯᠤᠨ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠬᠥᠲᠥᠯᠥᠨ ᠵᠢᠯᠣᠭᠣᠳᠴᠤ᠌ ᠪᠠᠢᠭᠠᠳ ᠰᠡᠳᠭᠢᠯ᠎ᠦᠨ ᠨᠠᠢᠵᠠ ᠪᠤᠯᠬᠤ᠂ ᠡᠶᠡᠯᠳᠡᠭ ᠬᠥᠷᠰᠢ ᠪᠣᠯᠬᠤ ᠵᠢ ᠠᠬᠢᠭᠤᠯᠵᠤ᠂ ᠦᠨᠳᠦᠰᠦᠲᠡᠨ᠎ᠨᠦᠭᠦᠳ᠎ᠦᠨ ᠨᠠᠩ ᠭᠦᠨ ᠳᠠᠪᠬᠤᠷᠭ᠎ᠠ᠎ᠶ᠋ᠢᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠵᠠᠢ᠃

ᠣᠢᠷ᠎ᠠ᠎ᠶ᠋ᠢᠨ ᠵᠢᠯ᠎ᠳᠦ᠂ ᠥᠪᠥᠷ ᠮᠣᠩᠭᠣᠯ ᠬᠣᠲᠠ᠎ᠶ᠋ᠢᠨ ᠦᠨᠳᠦᠰᠦᠲᠡᠨ᠎ᠦ ᠠᠵᠢᠯ᠎ᠢ ᠦᠷᠭᠦᠯᠵᠢᠯᠡᠨ ᠴᠢᠩᠭᠠᠳᠭᠠᠨ ᠰᠠᠢᠵᠢᠷᠠᠭᠤᠯᠵᠤ᠂ ᠴᠥᠭᠡᠨ ᠲᠣᠭᠠᠲᠤ ᠦᠨᠳᠦᠰᠦᠲᠡᠨ᠎ᠦ ᠣᠯᠠᠨ ᠲᠦᠮᠡᠨ᠎ᠢ ᠬᠣᠲᠠ᠎ᠳᠤ ᠨᠠᠩ ᠰᠠᠢᠨ ᠠᠭᠤᠰᠤᠯᠴᠠᠭᠤᠯᠪᠠ᠃ ᠪᠤᠭᠤᠲᠤ ᠬᠣᠲᠠ ᠡᠷᠬᠢᠨ ᠲᠣᠭᠣᠷᠢᠨ᠎ᠤ ᠠᠢᠮᠠᠭ ᠬᠣᠲᠠ᠎ᠯᠤᠭ᠎ᠠ 《ᠴᠥᠭᠡᠨ ᠲᠣᠭᠠᠲᠤ ᠦᠨᠳᠦᠰᠦᠲᠡᠨ᠎ᠦ ᠨᠡᠭᠦᠳᠡᠯ ᠬᠥᠮᠦᠨ ᠠᠮᠠ᠎ᠶ᠋ᠢᠨ ᠦᠶ᠋ᠯᠡᠴᠢᠯᠡᠭᠡ ᠬᠠᠮᠢᠶᠠᠷᠤᠯᠲᠠ᠎ᠶ᠋ᠢᠨ ᠣᠷᠣᠨ ᠪᠦᠰᠡ ᠠᠯᠤᠰᠯᠠᠨ ᠬᠣᠯᠪᠣᠭᠠᠯᠠᠨ ᠬᠠᠮᠵᠢᠯᠴᠠᠬᠤ ᠵᠥᠪᠯᠡᠯᠴᠡᠭᠡᠷ》ᠲᠣᠭ᠍ᠲᠠᠵᠤ᠂ ᠬᠣᠯᠪᠣᠭᠠᠯᠠᠨ ᠬᠥᠳᠡᠯᠦᠯᠴᠡᠬᠦ᠌ ᠲᠣᠭ᠍ᠲᠠᠴᠠ᠎ᠶ᠋ᠢ ᠪᠦᠷᠢᠯᠳᠦᠭᠦᠯᠦᠨ᠂ ᠴᠥᠭᠡᠨ ᠲᠣᠭᠠᠲᠤ ᠦᠨᠳᠦᠰᠦᠲᠡᠨ᠎ᠦ ᠨᠡᠭᠦᠳᠡᠯ ᠬᠥᠮᠦᠨ ᠠᠮᠠ᠎ᠶ᠋ᠢᠨ ᠦᠶ᠋ᠯᠡᠴᠢᠯᠡᠭᠡ ᠬᠠᠮᠢᠶᠠᠷᠤᠯᠲᠠ᠎ᠶ᠋ᠢᠨ ᠠᠵᠢᠯ᠎ᠤᠨ ᠬᠢᠷᠢ ᠲᠦᠪᠱᠢᠨ᠎ᠢ ᠳᠡᠭᠡᠭ᠌ᠰᠢᠯᠡᠭᠦᠯᠪᠡ᠃ ᠲᠦᠩᠯᠢᠶᠣᠤ ᠬᠣᠲᠠ ᠰᠠᠯᠠᠭ᠎ᠠ ᠮᠥᠴᠢᠷ ᠬᠠᠮᠵᠢᠯᠴᠠᠭ᠍ᠰᠠᠨ᠂ ᠨᠡᠢᠭᠡᠮ ᠳᠠᠶᠠᠭᠠᠷ ᠣᠷᠣᠯᠴᠠᠭ᠍ᠰᠠᠨ ᠬᠣᠲᠠ᠎ᠶ᠋ᠢᠨ ᠦᠨᠳᠦᠰᠦᠲᠡᠨ᠎ᠦ ᠠᠵᠢᠯ᠎ᠤᠨ ᠪᠠᠢᠷᠢᠱᠢᠯ᠎ᠢ ᠪᠣᠶ ᠪᠣᠯᠭᠠᠵᠤ᠂ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶ᠋ᠢᠨ ᠪᠣᠯᠪᠠᠰᠤᠷᠠᠯ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠰᠤᠷᠤᠯᠴᠠᠯᠭ᠎ᠠ ᠵᠡᠷᠭᠡ ᠲᠠᠯ᠎ᠠ᠎ᠪᠠᠷ ᠴᠢᠬᠤᠯᠠ ᠪᠥᠬᠥᠶ ᠬᠠᠪᠰᠤᠷᠤᠯᠭ᠎ᠠ ᠬᠠᠩᠭᠠᠵᠤ᠂ ᠴᠥᠭᠡᠨ ᠲᠣᠭᠠᠲᠤ ᠦᠨᠳᠦᠰᠦᠲᠡᠨ᠎ᠦ ᠨᠡᠭᠦᠳᠡᠯ ᠬᠥᠮᠦᠨ ᠠᠮᠠ᠎ᠶ᠋ᠢᠨ《ᠣᠷᠣᠵᠤ ᠳᠡᠢᠯᠬᠦ᠌᠂ ᠦᠯᠡᠳᠡᠵᠦ᠍ ᠳᠡᠢᠯᠬᠦ᠌᠂ ᠰᠠᠢᠬᠠᠨ ᠠᠮᠢᠳᠤᠷᠠᠵᠤ ᠳᠡᠢᠯᠬᠦ᠌᠂ ᠠᠭᠤᠰᠤᠯᠴᠠᠵᠤ ᠳᠡᠢᠯᠬᠦ᠌》 ᠎ᠶ᠋ᠢ ᠦᠨᠡᠨ ᠬᠦ᠌ ᠪᠠᠲᠤᠯᠠᠪᠠ᠃

ᠡᠬᠡ ᠤᠯᠤᠰ᠎ᠤᠨ ᠤᠮᠠᠷᠠᠲᠤ ᠬᠢᠯᠢ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠡᠬᠢᠵᠢᠭᠦᠯᠵᠦ᠍ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠦᠷᠲᠡᠮᠵᠢ᠎ᠶ᠋ᠢᠨ ᠲᠥᠷᠥᠭ᠌ᠳᠡᠯ ᠵᠢᠷᠭᠠᠯᠲᠤ ᠲᠥᠷᠥᠭ᠌ᠳᠡᠯ ᠠᠮᠤᠷ ᠲᠦᠪᠱᠢᠨ᠎ᠦ ᠲᠥᠷᠥᠭ᠌ᠳᠡᠯ᠎ᠢ ᠨᠡᠮᠡᠭ᠌ᠳᠡᠭᠦᠯᠪᠠ

ᠡᠨᠡ ᠵᠢᠯ᠎ᠦᠨ 1 ᠰᠠᠷ᠎ᠠ᠎ᠶ᠋ᠢᠨ 1 ᠤ᠋ ᠡᠳᠦᠷ᠂《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠦᠷᠢᠮ》 ᠎ᠢ᠋ ᠡᠬᠢᠯᠡᠨ ᠬᠡᠷᠡᠭ᠌ᠵᠢᠭᠦᠯᠵᠦ᠍᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠰᠤᠷᠭᠠᠨ ᠬᠥᠮᠦᠵᠢᠯ᠎ᠦᠨ ᠲᠦᠷᠢᠮ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠣᠩᠭᠣᠯ ᠦᠭᠡ ᠬᠡᠯᠡ ᠥᠰᠥᠭ ᠪᠢᠴᠢᠭ᠎ᠦᠨ ᠠᠵᠢᠯ᠎ᠤᠨ ᠲᠦᠷᠢᠮ 》 ᠵᠡᠷᠭᠡ 6 ᠦᠨᠳᠦᠰᠦᠲᠡᠨ᠎ᠦ ᠠᠵᠢᠯ᠎ᠳᠤ ᠬᠣᠯᠪᠣᠭ᠍ᠳᠠᠬᠤ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭ᠍ᠲᠠᠭᠠᠯ᠎ᠢ ᠢᠵᠢᠯ ᠠᠯᠬᠤᠮ᠎ᠢᠶᠠᠷ ᠬᠦᠴᠦᠨ ᠥᠬᠡᠶ ᠪᠣᠯᠭᠠᠪᠠ; 2021 ᠣᠨ᠎ᠤ 5 ᠰᠠᠷ᠎ᠠ᠎ᠶ᠋ᠢᠨ1 ᠤ᠋ ᠡᠳᠦᠷ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠲᠦᠷᠢᠮ》᠎ᠢ᠋ ᠵᠢᠩᠬᠢᠨᠢ᠎ᠪᠡᠷ ᠬᠡᠷᠡᠭ᠌ᠵᠢᠭᠦᠯᠵᠦ᠍᠂ ᠱᠢᠨ᠎ᠡ ᠴᠠᠭ ᠦᠶ᠎ᠡ᠎ᠳᠦ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠎ᠤ᠋ ᠡᠷᠬᠢᠮ ᠳᠡᠭᠡᠳᠦ ᠢᠷᠠᠭᠤ ᠠᠯᠳᠠᠷ᠎ᠢᠶᠠᠨ ᠦᠷᠭᠦᠯᠵᠢᠯᠡᠨ ᠪᠠᠲᠤᠯᠠᠬᠤ᠎ᠳᠤ ᠪᠠᠲᠤ ᠴᠢᠩᠭ᠎ᠠ ᠬᠠᠤᠯᠢᠵᠢᠯ᠎ᠤᠨ ᠪᠠᠲᠤᠯᠠᠭ᠎ᠠ ᠬᠠᠩᠭᠠᠵᠠᠢ᠃

ᠣᠢᠷ᠎ᠠ᠎ᠶ᠋ᠢᠨ ᠵᠢᠯ᠎ᠦᠳ᠎ᠲᠦ᠂ ᠥᠪᠥᠷ ᠮᠣᠩᠭᠣᠯ ᠦᠨᠳᠦᠰᠦᠲᠡᠨ᠎ᠦ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠍᠂ ᠦᠨᠳᠦᠰᠦᠲᠡᠨ᠎ᠦ ᠬᠡᠷᠡᠭ ᠶᠠᠪᠤᠳᠠᠯ᠎ᠢ ᠬᠠᠤᠯᠢ ᠶᠣᠰᠣᠭᠠᠷ ᠵᠠᠰᠠᠵᠤ᠂ ᠬᠠᠤᠯᠢᠵᠢᠯ᠎ᠤᠨ ᠰᠡᠳᠭᠢᠬᠦᠶ ᠪᠠ ᠬᠠᠤᠯᠢᠵᠢᠯ᠎ᠤᠨ ᠠᠷᠭ᠎ᠠ ᠬᠡᠯᠪᠡᠷᠢ᠎ᠪᠡᠷ ᠦᠨᠳᠦᠰᠦᠲᠡᠨ᠎ᠦ ᠠᠵᠢᠯ᠎ᠢ ᠲᠥᠯᠥᠪᠵᠢᠭᠦᠯᠦᠨ ᠠᠬᠢᠭᠤᠯᠵᠤ᠂ ᠬᠠᠤᠯᠢ ᠴᠠᠭᠠᠵᠠ᠎ᠶ᠋ᠢᠨ ᠬᠦᠷᠢᠶ᠎ᠡ ᠬᠡᠪᠴᠢᠶ᠎ᠡ ᠪᠠ ᠬᠠᠤᠯᠢᠵᠢᠯ᠎ᠤᠨ ᠵᠠᠮ ᠳᠡᠭᠡᠷ᠎ᠡ ᠬᠣᠯᠪᠣᠭ᠍ᠳᠠᠯ ᠪᠥᠬᠥᠶ ᠠᠰᠠᠭᠤᠳᠠᠯ᠎ᠢ ᠱᠢᠶ᠋ᠳᠪᠦᠷᠢᠯᠡᠨ᠂ ᠦᠨᠳᠦᠰᠦᠲᠡᠨ᠎ᠦ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠤᠭ᠍ᠰᠠᠨ ᠪᠠᠢᠳᠠᠯ᠎ᠢ ᠲᠣᠭ᠍ᠲᠠᠮᠠᠯ ᠬᠤᠭᠤᠴᠠᠭ᠎ᠠ᠎ᠲᠠᠶ᠎ᠪᠠᠷ ᠪᠠᠢᠴᠠᠭᠠᠵᠤ᠂ ᠦᠨᠳᠦᠰᠦᠲᠡᠨ᠎ᠦ ᠪᠦᠯᠬᠦᠮᠳᠡᠯ ᠪᠠ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠠᠤᠯᠢ ᠶᠣᠰᠣᠨ᠎ᠤ ᠡᠷᠬᠡ ᠠᠱᠢᠭ᠎ᠢ ᠬᠠᠮᠠᠭᠠᠯᠠᠵᠠᠢ᠃

ᠪᠥᠬᠥ᠌ ᠣᠷᠣᠨ᠎ᠤ ᠡᠯ᠎ᠡ ᠭᠠᠵᠠᠷ᠎ᠤᠨ ᠬᠢᠨ ᠦᠨᠳᠦᠰᠦᠲᠡᠨ᠎ᠦ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ᠎ᠶ᠋ᠢᠨ ᠰᠠᠷ᠎ᠠ ᠵᠢᠨ ᠠᠵᠢᠯᠯᠠᠭ᠎ᠠ ᠂ ᠦᠨᠳᠦᠰᠦᠲᠡᠨ᠎ᠦ ᠬᠠᠤᠯᠢᠵᠢᠯ᠎ᠤᠨ ᠤᠬᠠᠭᠤᠯᠭ᠎ᠠ᠎ᠶ᠋ᠢᠨ ᠭᠠᠷᠠᠭ ᠎ᠤᠨ ᠠᠵᠢᠯᠯᠠᠭ᠎ᠠ ᠵᠡᠷᠭᠡ ᠬᠠᠮᠢᠶ᠎ᠠ ᠪᠥᠬᠥᠶ ᠠᠵᠢᠯᠯᠠᠭ᠎ᠠ᠎ᠶ᠋ᠢ ᠥᠷᠨᠢᠭᠦᠯᠬᠦ᠌᠎ᠪᠡᠷ᠎ᠳᠠᠮᠵᠢᠭᠤᠯᠵᠦ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠬᠥᠲᠥᠯᠥᠨ ᠵᠢᠯᠣᠭᠣᠳᠴᠤ᠌ ᠪᠠᠢᠭᠠᠳ ᠤᠬᠠᠮᠰᠠᠷ᠎ᠠᠴᠠ᠎ᠪᠠᠨ ᠬᠠᠤᠯᠢ ᠶᠣᠰᠣᠭᠠᠷ᠎ᠠᠵᠢᠯ ᠶᠠᠪᠤᠳᠠᠯ ᠬᠢᠯᠭᠡᠵᠦ᠍᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠠᠤᠯᠢ ᠶᠣᠰᠣᠨ᠎ᠤ ᠡᠷᠬᠡ ᠠᠱᠢᠭ᠎ᠢ ᠬᠠᠤᠯᠢ ᠶᠣᠰᠣᠭᠠᠷ ᠪᠠᠲᠤᠯᠠᠨ᠂ ᠦᠨᠳᠦᠰᠦᠲᠡᠨ᠎ᠦ ᠬᠡᠷᠡᠭ ᠶᠠᠪᠤᠳᠠᠯ᠎ᠤᠨ ᠵᠠᠰᠠᠯᠳᠠ ᠵᠢᠨ ᠱᠢᠰᠲ᠋ᠧᠮ ᠪᠠ ᠵᠠᠰᠠᠯᠳᠠ ᠵᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢᠨ ᠬᠢᠷᠢ ᠲᠦᠪᠰᠢᠨ ᠢ᠋ ᠲᠠᠰᠤᠷᠠᠯᠲᠠ ᠥᠬᠡᠶ ᠳᠡᠭᠡᠭ᠌ᠰᠢᠯᠡᠭᠦᠯᠵᠠᠢ᠃

ᠤᠯᠠᠨ ᠵᠢᠯ᠎ᠦᠨ ᠲᠤᠷᠰᠢ᠂ ᠥᠪᠥᠷ ᠮᠣᠩᠭᠣᠯ ᠤᠷᠳᠤ ᠬᠤᠭᠤᠴᠠᠭᠠᠨ᠎ᠤ ᠠᠷᠭ᠎ᠠ ᠪᠤᠳᠤᠯᠭ᠎ᠠ᠎ᠶ᠋ᠢ ᠢᠯᠡᠭᠦᠬᠡᠨ ᠰᠦᠪᠡᠭ᠌ᠴᠢᠯᠡᠵᠦ᠍᠂ ᠦᠨᠳᠦᠰᠦ᠎ᠪᠡᠨ ᠪᠡᠬᠢᠵᠢᠭᠦᠯᠬᠦ᠌ ᠠᠷᠭ᠎ᠠ ᠬᠡᠮᠵᠢᠶ᠎ᠡ᠎ᠶ᠋ᠢ ᠢᠯᠡᠭᠦᠬᠡᠨ ᠬᠡᠷᠡᠭ᠌ᠵᠢᠭᠦᠯᠵᠦ᠍᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠣᠷᠣᠨ ᠵᠠᠢ᠎ᠶ᠋ᠢᠨ ᠲᠠᠯ᠎ᠠ᠎ᠪᠠᠷ ᠬᠢ ᠤᠢ᠍ᠢᠷᠠᠳᠤᠯᠴᠠᠭ᠎ᠠ᠂ ᠠᠵᠤ ᠠᠬᠤᠢ᠎ᠶ᠋ᠢᠨ ᠲᠠᠯ᠎ᠠ᠎ᠪᠠᠷ ᠬᠢ ᠬᠠᠷᠢᠯᠴᠠᠭ᠎ᠠ᠂ ᠰᠣᠶᠣᠯ᠎ᠤᠨ ᠲᠠᠯ᠎ᠠ᠎ᠪᠠᠷ ᠬᠢ ᠬᠠᠮᠲᠤ᠎ᠶ᠋ᠢᠨ ᠲᠠᠨᠢᠯᠲᠠ᠂ ᠬᠠᠢᠷ᠎ᠠ ᠰᠡᠳᠭᠢᠯᠭᠡ᠎ᠶ᠋ᠢᠨ ᠲᠠᠯ᠎ᠠ᠎ᠪᠠᠷ ᠬᠢ ᠠᠭᠤᠰᠤᠯᠴᠠᠯ᠎ᠢ ᠨᠡᠩ ᠨᠢᠭ᠍ᠲᠠᠷᠠᠭᠤᠯᠵᠤ᠂ ᠭᠠᠷ ᠬᠣᠯᠪᠣᠨ ᠡᠷᠡᠮᠡᠬᠡᠢᠯᠡᠨ ᠤᠷᠤᠭ᠍ᠰᠢᠯᠠᠬᠤ᠎ᠳᠤ ᠨᠢᠳᠦ ᠭᠢᠯᠠᠰᠤᠮ᠎ᠠ ᠬᠠᠷᠢᠭᠤᠯᠲᠠ ᠵᠢᠨ ᠬᠠᠭᠤᠳᠠᠰᠦ ᠲᠤᠱᠢᠶᠠᠭ᠍ᠰᠠᠨ ᠪᠠᠢᠨ᠎ᠠ᠃

ᠣᠳᠣᠬᠠᠨ ᠪᠣᠯᠲᠠᠯ᠎ᠠ᠂ ᠪᠥᠬᠥ᠌ ᠣᠷᠣᠨ᠎ᠤ 69 ᠭᠠᠵᠠᠷ ᠣᠷᠣᠨ ᠪᠠ ᠨᠢᠭᠡᠴᠢ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠵᠢᠱ᠌ᠢᠶ᠎ᠡ ᠦᠵᠡᠭᠦᠯᠬᠦ᠌ ᠣᠷᠣᠨ᠎ᠢᠶᠠᠷ ᠦᠨᠡᠯᠡᠭ᠌ᠳᠡᠵᠦ᠍᠂ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ 215 ᠵᠢᠱ᠌ᠢᠶᠡᠴᠢ ᠬᠠᠮᠲᠤ᠂ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ 234 ᠵᠢᠱ᠌ᠢᠶᠡᠴᠢ ᠬᠤᠪᠢ ᠬᠥᠮᠦᠨ ᠡᠯ᠎ᠡ ᠦᠨᠳᠦᠰᠦᠲᠡᠨ᠎ᠦ ᠣᠯᠠᠨ ᠲᠦᠮᠡᠨ᠎ᠦ ᠳᠠᠭᠤᠷᠢᠶᠠᠯ ᠪᠣᠯᠵᠠᠶ᠃

ᠥᠪᠥᠷ᠎ᠮᠣᠩᠭᠣᠯ᠎ᠤᠨ 2400 ᠲᠦᠮᠡᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠦᠷᠭᠦᠯᠵᠢᠯᠡᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠦᠨᠳᠦᠰᠦᠲᠡᠨ᠎ᠦ ᠪᠦᠯᠬᠦᠮᠳᠡᠯ᠎ᠦᠨ ᠶᠡᠬᠡ ᠲᠠᠯ᠎ᠠ᠎ᠶ᠋ᠢ ᠦᠷᠭᠦᠯᠵᠢᠯᠡᠨ ᠪᠡᠬᠢᠵᠢᠭᠦᠯᠦᠨ ᠬᠥᠭ᠌ᠵᠢᠭᠦᠯᠵᠦ᠍᠂ ᠦᠨᠳᠦᠰᠦᠲᠡᠨ᠎ᠦ ᠪᠦᠯᠬᠦᠮᠳᠡᠯ᠎ᠦᠨ ᠴᠡᠴᠡᠭᠡᠰ᠎ᠢ ᠡᠭᠦᠷᠢᠳᠡ ᠳᠡᠯᠭᠡᠷᠡᠭᠦᠯᠵᠦ᠍᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠎ᠤ᠋ ᠢᠷᠠᠭᠤ ᠠᠯᠳᠠᠷ᠎ᠢ ᠡᠭᠦᠷᠢᠳᠡ ᠭᠡᠷᠡᠯ ᠭᠢᠯᠪᠠᠭ᠎ᠠ ᠰᠠᠴᠤᠷᠠᠭᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面