2022-03-04 09:39:09
ᠲᠦᠷᠦ᠍ᠲᠦᠪᠱᠢᠨ ᠲᠦᠮᠡᠨ ᠠᠮᠤᠭᠤᠯᠠᠩ ᠪᠠᠢᠬᠤ ᠪᠣᠯ ᠦᠨᠳᠦᠰᠦᠲᠡᠨᠨᠦᠭᠦᠳᠦᠨᠤᠯᠠᠨ ᠲᠦᠮᠡᠨ᠎ᠦ ᠬᠠᠮᠤᠭ᠎ᠤᠨ ᠦᠨᠳᠦᠰᠦᠨ᠂ ᠬᠠᠮᠤᠭ᠎ᠤᠨ ᠲᠦᠬᠡᠮᠡᠯᠬᠦᠰᠡᠯ ᠡᠷᠡᠮᠡᠯᠵᠡᠯ ᠮᠥᠨ᠃
ᠥᠪᠥᠷᠮᠣᠩᠭᠣᠯᠡᠭᠡᠤᠯᠤᠰᠤᠨᠤᠮᠠᠷᠠᠲᠤᠬᠢᠯᠢᠳᠦᠪᠠᠢᠷᠢᠯᠠᠵᠤ᠂ᠳᠣᠲᠣᠭᠠᠳᠤᠳᠠᠭᠠᠨᠨᠠᠢ᠍ᠮᠠᠨ ᠮᠤᠵᠢ᠎ᠲᠠᠶ ᠵᠠᠯᠭᠠᠯᠳᠤᠵᠤ᠂ ᠭᠠᠳᠠᠭ᠍ᠰᠢ᠎ᠪᠠᠨ ᠤᠷᠤᠰ ᠮᠣᠩᠭᠣᠯ᠎ᠲᠠᠶ ᠬᠥᠷᠱᠢᠯᠡᠵᠦ᠍᠂ 4200 ᠭᠠᠷᠤᠢᠺᠢᠯᠤᠮᠸᠲᠷ ᠤᠷᠳᠤ ᠬᠢᠯᠢ᠎ᠶ᠋ᠢᠨ ᠱᠤᠭᠤᠮ ᠵᠡᠭᠦᠨᠰᠢ ᠪᠠᠷᠠᠭᠤᠨᠰᠢ ᠰᠤᠨᠤᠯᠵᠠᠵᠦ᠂ ᠡᠭᠡ ᠤᠯᠤᠰ᠎ᠤᠨ 《ᠤᠮᠠᠷᠠᠲᠤ ᠶᠡᠬᠡ ᠬᠠᠭᠠᠯᠭ᠎ᠠ》᠂ ᠨᠡᠢᠰᠯᠡᠯ᠎ᠦᠨ 《ᠤᠨᠠᠭᠤᠯᠢ ᠭᠣᠣᠯ》 ᠪᠠᠢᠵᠤ᠂ ᠤᠯᠤᠰ᠎ᠤᠨ ᠠᠮᠤᠷ ᠲᠦᠪᠱᠢᠨ ᠲᠣᠭ᠍ᠲᠠᠭᠤᠨ᠎ᠤ ᠶᠡᠬᠡ ᠲᠠᠯ᠎ᠠ᠎ᠳᠤ ᠴᠢᠬᠤᠯᠠ ᠪᠠᠢᠷᠢᠰᠠᠭᠤᠷᠢᠲᠠᠶ᠂ ᠬᠠᠷᠢᠭᠤᠴᠠᠯᠭ᠎ᠠ ᠬᠦᠨᠳᠦ ᠶᠡᠬᠡ ᠶᠤᠮ᠃
ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮᠤᠨᠲᠥᠯᠥᠭᠡᠯᠡᠭ᠌ᠴᠢᠳᠦᠨ ᠶᠡᠬᠡ ᠬᠤᠷᠠᠯ᠎ᠠᠴᠠ᠂ ᠬᠢᠯᠢᠬᠢᠵᠠᠭᠠᠷᠤᠨᠦᠨᠳᠦᠰᠦᠲᠡᠨᠦ ᠭᠠᠵᠠᠷ ᠣᠷᠣᠨ᠎ᠤ ᠨᠡᠢᠭᠡᠮᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤᠠᠬᠢᠴᠠᠳᠤᠮᠳᠠᠬᠢᠴᠢᠬᠤᠯᠠᠶᠡᠬᠡᠬᠠᠷᠢᠭᠤᠴᠠᠯᠭᠠᠪᠣᠯᠤᠨᠢᠷᠠᠭᠤ ᠠᠯᠳᠠᠷᠲᠤ ᠡᠭᠦᠷᠭᠡ᠎ᠶ᠋ᠢ ᠡᠷᠬᠡᠪᠰᠢ ᠪᠠᠲᠤ ᠡᠭᠦᠷᠭᠡᠯᠡᠵᠦ᠍᠂ ᠨᠠᠮ ᠪᠠᠤᠯᠤᠰᠤᠨ ᠠᠵᠢᠯ᠎ᠤᠨ ᠶᠡᠬᠡ ᠲᠠᠯ᠎ᠠ᠎ᠳᠤ ᠲᠠᠰᠤᠷᠠᠯᠳᠠ ᠦᠭᠡᠢ ᠨᠡᠩ ᠶᠡᠬᠡ ᠱᠢᠨ᠎ᠡ ᠬᠤᠪᠢ ᠨᠡᠮᠡᠷᠢ ᠦᠵᠡᠭᠦᠯᠬᠦ᠌ᠬᠡᠷᠡᠭ᠌ᠲᠡᠢ ᠭᠡᠵᠦ᠍ ᠴᠢᠬᠤᠯᠠᠴᠢᠯᠠᠪᠠ᠃
ᠬᠦᠰᠡᠯᠨᠠᠢᠳᠠᠯᠭᠠᠶ᠋ᠢᠪᠠᠲᠤ ᠴᠡᠭᠡᠵᠢᠯᠡᠵᠦ᠍᠂ ᠡᠭᠦᠷᠭᠡ ᠬᠠᠷᠢᠭᠤᠴᠠᠯᠭᠠᠪᠠᠨᠵᠣᠷᠢᠭ᠍ᠲᠠᠢ ᠪᠡᠷ ᠡᠭᠦᠷᠭᠡᠯᠡᠵᠦ᠍᠂ ᠥᠪᠥᠷ ᠮᠣᠩᠭᠣᠯ ᠨᠢ ᠤᠯᠤᠰ᠎ᠤᠨ ᠶᠡᠷᠦᠩᠬᠡᠢ ᠠᠮᠤᠷ ᠲᠦᠪᠱᠢᠨ᠎ᠦ ᠦᠵᠡᠯᠲᠡᠶ᠋ᠢᠭᠦᠨᠵᠡᠭᠡᠢ ᠲᠤᠭᠤᠱᠢᠯᠠᠭᠤᠯᠵᠤ᠂ ᠠᠮᠤᠷ ᠲᠦᠪᠱᠢᠨ ᠬᠥᠭ᠌ᠵᠢᠯᠲᠡ᠎ᠶ᠋ᠢᠨ ᠬᠣᠷᠢᠭᠠᠱᠤᠭᠤᠮᠢᠡᠷᠡᠰᠰᠠᠬᠢᠵᠤ᠂ᠨᠡᠩᠥᠨᠳᠥᠷᠲᠦᠪᠱᠢᠨᠪᠦᠬᠦᠢ ᠠᠮᠤᠭᠤᠯᠠᠩᠳᠤ ᠥᠪᠥᠷ ᠮᠣᠩᠭᠣᠯ᠎ᠢ ᠪᠦᠬᠦ᠌ ᠬᠦᠴᠦᠨ᠎ᠢᠶᠡᠷ᠎ᠢᠶᠡᠨ ᠪᠦᠲᠦᠭᠡᠨ ᠪᠠᠢᠭᠤᠯᠵᠤ᠂ᠨᠡᠢᠭᠡᠮ ᠨᠡᠩ ᠠᠮᠤᠷ ᠲᠣᠭ᠍ᠲᠠᠭᠤᠨ᠂ ᠠᠷᠠᠳ ᠲᠦᠮᠡᠨ ᠨᠡᠩ ᠠᠮᠤᠷ ᠠᠮᠤᠭᠤᠯᠠᠩ ᠪᠠᠢᠬᠤ᠎ᠶ᠋ᠢ ᠦᠨᠡᠨ ᠬᠦ᠌ ᠪᠠᠳᠤᠯᠠᠪᠠ᠃
ᠴᠤᠬᠴᠠᠯᠠᠯᠳᠠ — ᠤᠯᠤᠰ᠎ᠤᠨ ᠠᠮᠤᠷ ᠲᠦᠪᠱᠢᠨᠢᠬᠠᠮᠠᠭᠠᠯᠠᠬᠤ ᠲᠡᠮᠦᠷ ᠬᠡᠷᠡᠮ ᠪᠤᠯᠤᠳ ᠬᠠᠨ᠎ᠠ ᠵᠢ ᠴᠤᠭᠴᠠᠯᠠᠪᠠ
ᠤᠯᠤᠰ᠎ᠤᠨ ᠠᠮᠤᠷ ᠲᠦᠪᠱᠢᠨ ᠪᠣᠯ ᠤᠯᠤᠰ᠎ᠢ ᠠᠮᠤᠷᠵᠢᠭᠤᠯᠤᠨ ᠲᠦᠷᠦ ᠵᠢ ᠲᠦᠪᠱᠢᠷᠡᠬᠦᠯᠬᠦ᠌ᠶ᠋ᠢᠨ ᠴᠢᠬᠤᠯᠠ ᠰᠠᠭᠤᠷᠢ ᠮᠥᠨ᠂ ᠤᠯᠤᠰ᠎ᠤᠨ ᠠᠮᠤᠷ ᠲᠦᠪᠱᠢᠨ᠎ᠢ ᠬᠠᠮᠠᠭᠠᠯᠠᠬᠤ ᠪᠣᠯ ᠦᠨᠳᠦᠰᠦᠲᠡᠨᠨᠦᠭᠦᠳᠦᠨᠠᠷᠠᠳ ᠲᠦᠮᠡᠨ᠎ᠦ ᠦᠨᠳᠦᠰᠦᠨ ᠠᠱᠢᠭ ᠲᠤᠰᠠ ᠮᠥᠨ᠃
ᠥᠪᠥᠷ ᠮᠣᠩᠭᠣᠯ ᠨᠢ ᠤᠯᠤᠰ᠎ᠤᠨ ᠤᠯᠤᠰ ᠲᠦᠷᠦ᠍᠎ᠶ᠋ᠢᠨ ᠠᠮᠤᠷ ᠲᠦᠪᠱᠢᠨ᠎ᠢ ᠬᠠᠮᠠᠭᠠᠯᠠᠬᠤᠶ᠋ᠢᠲᠡᠷᠢᠭᠦᠨ ᠴᠢᠬᠤᠯᠠ ᠶᠡᠬᠡ ᠶᠠᠪᠤᠳᠠᠯ᠂ᠲᠡᠷᠢᠭᠦᠨᠴᠢᠬᠤᠯᠠᠡᠭᠦᠷᠭᠡᠪᠣᠯᠭᠠᠨ ᠠᠳᠭᠤᠵᠤ᠂ ᠤᠯᠤᠰ᠎ᠤᠨ ᠵᠠᠰᠠᠭᠤᠨᠡᠷᠬᠡᠶ᠋ᠢᠨ ᠠᠮᠤᠷ ᠲᠦᠪᠱᠢᠨ᠂ ᠪᠠᠢᠭᠤᠯᠤᠯ᠎ᠤᠨ ᠠᠮᠤᠷ ᠲᠦᠪᠱᠢᠨ ᠪᠠ ᠦᠵᠡᠯ ᠤᠬᠠᠮᠰᠠᠷ᠎ᠤᠨ ᠬᠡᠯᠪᠡᠷᠢᠶ᠋ᠢᠨᠠᠮᠤᠷ ᠲᠦᠪᠱᠢᠨ᠎ᠢ ᠡᠷᠡᠰ ᠬᠠᠮᠠᠭᠠᠯᠠᠪᠠ᠃
— 2014 ᠣᠨ᠎ᠤ 4 ᠰᠠᠷ᠎ᠠ᠎ᠶ᠋ᠢᠨ15 ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ ᠶᠠᠮᠠᠷ ᠬᠤᠷᠠᠯ ᠳᠡᠭᠡᠷᠡᠤᠯᠤᠰᠤᠨ ᠶᠡᠷᠦᠩᠬᠡᠢ ᠠᠮᠤᠷ ᠲᠦᠪᠱᠢᠨ᠎ᠦ ᠦᠵᠡᠯᠲᠡ᠎ᠶ᠋ᠢ ᠠᠩᠬ᠎ᠠ ᠳᠤᠷᠠᠳᠴᠤ᠌᠂ ᠳᠤᠮᠳᠠᠳᠤ ᠤᠯᠤᠰ᠎ᠤᠨ ᠣᠨᠴᠠᠯᠢᠭᠲᠠᠶᠤᠯᠤᠰᠤᠨ ᠠᠮᠤᠷ ᠲᠦᠪᠱᠢᠨ᠎ᠦ ᠵᠠᠮ᠎ᠢᠶᠠᠷ ᠵᠠᠮᠨᠠᠬᠤ᠎ᠶ᠋ᠢ ᠴᠢᠬᠤᠯᠠᠴᠢᠯᠠᠭ᠍ᠰᠠᠨ ᠪᠤᠢ?
—ᠲᠥᠪ᠎ᠦᠨ ᠤᠯᠤᠰ᠎ᠤᠨ ᠠᠮᠤᠷ ᠲᠦᠪᠱᠢᠨ᠎ᠤ᠋ ᠬᠣᠷᠢᠶ᠎ᠠ ᠵᠢᠨ ᠠᠩᠬᠠᠳᠤᠭᠠᠷ ᠤᠳᠠᠭ᠎ᠠ ᠵᠢᠨ ᠬᠤᠷᠠᠯ᠃
ᠡᠨᠡ ᠪᠣᠯ ᠵᠢᠷᠭᠤᠳᠤᠭᠠᠷᠪᠦᠬᠦ᠌ ᠠᠷᠠᠳ᠎ᠤᠨ ᠤᠯᠤᠰ᠎ᠤᠨ ᠠᠮᠤᠷ ᠲᠦᠪᠱᠢᠨ᠎ᠦ ᠬᠥᠮᠦᠵᠢᠯ᠎ᠦᠨ ᠡᠳᠦᠷ ᠬᠦᠷᠴᠦ᠍ ᠢᠷᠡᠬᠦ᠌ ᠲᠠᠱᠢᠷᠠᠮ᠎ᠳᠤ᠂ ᠥᠪᠡᠷᠲᠡᠭᠡᠨᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠯᠤᠰ᠎ᠤᠨ ᠠᠮᠤᠷ ᠲᠦᠪᠱᠢᠨ᠎ᠦ ᠠᠯᠪᠠᠨ ᠭᠡᠷ᠎ᠡᠴᠡ ᠭᠣᠣᠯᠯᠠᠨ ᠡᠷᠬᠢᠯᠡᠭ᠌ᠰᠡᠨᠨᠢᠭᠡ ᠤᠳᠠᠭᠠᠨ᠎ᠤ ᠮᠡᠳᠡᠯᠭᠡ᠎ᠶ᠋ᠢᠨ ᠤᠷᠤᠯᠳᠤᠭᠠᠨ ᠤ᠋ ᠬᠡᠰᠡᠭᠦᠵᠡᠭ᠌ᠳᠡᠯ ᠪᠣᠯᠤᠨ᠎ᠠ᠃ ᠠᠳᠠᠯᠢᠬᠠᠨ ᠬᠤᠭᠤᠴᠠᠭᠠᠨ᠎ᠳᠤ᠂ ᠪᠦᠬᠦ᠌ ᠣᠷᠣᠨ᠎ᠤ ᠡᠯ᠎ᠡ ᠭᠠᠵᠠᠷ᠎ᠤᠨ ᠬᠢᠨ 130 ᠭᠠᠷᠤᠢᠵᠦᠢᠯᠦᠨ ᠤᠬᠠᠭᠤᠯᠭ᠎ᠠ ᠬᠥᠮᠦᠵᠢᠯ᠎ᠦᠨ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ ᠤᠯᠤᠰᠤᠨᠶᠡᠷᠦᠩᠬᠡᠢ ᠠᠮᠤᠷ ᠲᠦᠪᠱᠢᠨ᠎ᠦ ᠦᠵᠡᠯᠲᠡ᠎ᠶ᠋ᠢ ᠬᠥᠮᠦᠰ᠎ᠦᠨ ᠰᠡᠳᠭᠢᠯ᠎ᠳᠦ ᠬᠠᠳᠠᠩᠱᠢᠭᠤᠯᠬᠤ᠎ᠶ᠋ᠢ ᠠᠬᠢᠭᠤᠯᠪᠠ᠃
ᠠᠮᠤᠷ ᠲᠦᠪᠱᠢᠨ᠎ᠦ ᠬᠦᠨᠳᠤ ᠴᠢᠬᠤᠯᠠ ᠨᠢ ᠲᠠᠢᠱᠠᠨ ᠠᠭᠤᠯᠠᠨ᠎ᠠᠴᠠ ᠬᠦᠨᠳᠦ᠃ ᠤᠯᠤᠰ᠎ᠤᠨ ᠠᠮᠤᠷ ᠲᠦᠪᠱᠢᠨᠦᠰᠠᠭᠤᠷᠢ ᠨᠢ ᠠᠷᠠᠳ ᠲᠦᠮᠡᠨ᠎ᠳᠦ ᠪᠤᠢ᠂ ᠬᠦᠴᠦᠨ ᠴᠢᠳᠠᠯ ᠨᠢ ᠠᠷᠠᠳ ᠲᠦᠮᠡᠨ᠎ᠳᠦ ᠪᠤᠢ᠃ ᠥᠪᠥᠷ ᠮᠣᠩᠭᠣᠯ ᠤᠯᠤᠰᠤᠨᠠᠮᠤᠷ ᠲᠦᠪᠱᠢᠨ᠎ᠦ ᠤᠬᠠᠭᠤᠯᠭ᠎ᠠ ᠬᠥᠮᠦᠵᠢᠯ᠎ᠢ ᠴᠢᠩᠭᠠᠳᠭᠠᠵᠤ᠂ ᠤᠯᠤᠰ᠎ᠤᠨ ᠠᠮᠤᠷ ᠲᠦᠪᠱᠢᠨ᠎ᠦ ᠤᠬᠠᠭᠤᠯᠭ᠎ᠠ ᠬᠥᠮᠦᠵᠢᠯᠢᠪᠠᠢᠭᠤᠯᠭᠠ᠂ ᠬᠥᠳᠡᠭᠡ ᠲᠣᠰᠭᠣᠨ᠂ ᠨᠡᠢᠭᠡᠮ ᠲᠣᠭᠣᠷᠢᠭ᠂ ᠰᠤᠷᠭᠠᠭᠤᠯᠢ᠂ ᠠᠵᠤ ᠠᠬᠤᠢᠯᠠᠯ᠂ ᠴᠡᠷᠢᠭ᠎ᠦᠨ ᠬᠤᠸᠠᠷᠠᠨ᠂ᠰᠦᠯᠵᠢᠶ᠎ᠡ᠎ᠳᠦ ᠣᠷᠣᠭᠤᠯᠬᠤ᠎ᠶ᠋ᠢ ᠠᠬᠢᠭᠤᠯᠪᠠ᠃
ᠲᠦᠷᠦᠭᠦᠬᠡᠨ᠂ᠨᠢᠭᠡᠨ ᠤᠳᠠᠭᠠᠨ᠎ᠤ ᠥᠪᠡᠷᠮᠢᠴᠡ ᠣᠨᠴᠠᠯᠢᠭ᠎ᠲᠠᠶ ᠲᠥᠪᠯᠡᠷᠡᠭᠦᠯᠦᠨᠰᠤᠷᠤᠯᠴᠠᠬᠤ ᠠᠵᠢᠯᠯᠠᠭ᠎ᠠ ᠥᠪᠡᠷᠲᠡᠭᠡᠨ ᠵᠠᠰᠠᠬᠤ ᠣᠷᠣᠨ᠎ᠤ ᠣᠶ ᠱᠢᠭᠤᠶ᠎ᠶ᠋ᠢᠨ ᠭᠠᠯ ᠰᠡᠷᠭᠡᠢᠯᠡᠬᠦ ᠭᠠᠯ ᠤᠨᠲᠠᠷᠠᠭᠠᠬᠤᠶᠡᠷᠦᠩᠬᠡᠶ ᠠᠩᠭᠢ᠎ᠶ᠋ᠢᠨ ᠶᠡᠬᠡ ᠬᠢᠩᠭᠠᠨ ᠳᠠᠪᠠᠭ᠎ᠠ᠎ᠶ᠋ᠢᠨ ᠰᠠᠯᠪᠤᠷᠢ ᠠᠩᠭᠢ᠎ᠶ᠋ᠢᠨ ᠨᠢᠭᠡᠳᠦᠭᠡᠷ ᠶᠡᠬᠡ ᠠᠩᠭᠢᠳᠤᠶᠠᠪᠤᠭ᠍ᠳᠠᠪᠠ᠃ ᠲᠣᠰ ᠤᠳᠠᠭᠠᠨ᠎ᠤ ᠰᠤᠷᠤᠯᠴᠠᠯᠭ᠎ᠠ᠎ᠨᠢ ᠭᠤᠤᠯᠳᠠᠭᠤ ᠭᠠᠷ ᠤᠲᠠᠰᠤᠪᠡᠷᠰᠦᠯᠵᠢᠶᠡᠨᠳᠦᠭᠠᠷᠬᠤ᠂ᠠᠮᠤᠷᠲᠦᠪᠱᠢᠨᠦᠤᠬᠠᠮᠰᠠᠷᠲᠤᠤᠷᠠ ᠵᠡᠷᠭᠡ ᠠᠰᠠᠭᠤᠳᠠᠯ᠎ᠳᠤ ᠴᠢᠭ᠌ᠯᠡᠭᠦᠯᠦᠨ᠂ ᠰᠡᠷᠡᠮᠵᠢᠯᠡᠭᠦᠯᠬᠦ᠌ ᠳᠦᠷᠰᠦᠱᠢᠩᠭᠡᠭᠡᠯᠲᠡᠶ᠋ᠢ ᠰᠣᠨᠢᠷᠬᠠᠬᠤ᠎ᠪᠠᠷ ᠳᠠᠮᠵᠢᠭᠤᠯᠤᠨ᠂ ᠭᠡᠱᠢᠭᠦᠳ᠎ᠦᠨ ᠡᠷᠡᠭᠦᠯ ᠮᠡᠨᠳᠦ᠍᠎ᠪᠡᠷ ᠰᠦᠯᠵᠢᠶᠡᠨᠳᠦᠭᠠᠷᠬᠤ᠂ ᠪᠣᠯᠪᠠᠰᠤᠨ᠎ᠢᠶᠠᠷ ᠰᠦᠯᠵᠢᠶ᠎ᠡ ᠬᠡᠷᠡᠭ᠌ᠯᠡᠬᠦ᠌᠎ᠶ᠋ᠢ ᠬᠥᠲᠥᠯᠥᠨ ᠵᠢᠯᠣᠭᠣᠳᠴᠤ᠌᠂ ᠤᠯᠤᠰ᠎ᠤᠨ ᠠᠮᠤᠷ ᠲᠦᠪᠱᠢᠨᠦᠲᠤᠬᠠᠶ ᠵᠥᠪ ᠦᠵᠡᠯᠲᠡ᠎ᠶ᠋ᠢ ᠪᠣᠶ ᠪᠣᠯᠭᠠᠪᠠ᠃
《ᠭᠠᠷ ᠤᠲᠠᠰᠤᠨ᠎ᠤ ᠰᠦᠯᠵᠢᠶᠡᠪᠣᠯ ᠬᠤᠤᠰ ᠢᠷᠲᠦ ᠰᠡᠯᠡᠮ᠎ᠡ ᠮᠥᠨ᠂ ᠬᠡᠷᠡᠭ᠌ᠯᠡᠵᠦ᠍ ᠴᠢᠳᠠᠬᠤ ᠥᠬᠡᠶ ᠪᠣᠯ ᠤᠯᠤᠰ᠎ᠤᠨ ᠠᠮᠤᠷ ᠲᠦᠪᠱᠢᠨ᠎ᠳᠦ ᠬᠤᠤᠷᠬᠥᠨᠥᠭᠡᠯ ᠤᠴᠠᠷᠠᠭᠤᠯᠵᠤ ᠮᠡᠳᠡᠨ᠎ᠡ᠂ ᠡᠨᠡ ᠤᠳᠠᠭᠠᠨ᠎ᠤ ᠰᠤᠷᠤᠯᠴᠠᠯᠭ᠎ᠠ ᠮᠠᠰᠢ ᠴᠢᠬᠤᠯᠠ ᠶᠤᠮ》 ᠭᠡᠵᠦ᠍ ᠳᠤᠰ ᠶᠡᠬᠡ ᠠᠩᠭᠢ᠎ᠶ᠋ᠢᠨ ᠤᠯᠤᠰ ᠲᠥᠷᠥ᠎ᠶ᠋ᠢᠨ ᠵᠢᠭᠠᠨ ᠵᠢᠯᠣᠭᠣᠳᠣᠭ᠍ᠴᠢ ᠱ᠌ᠢ ᠸᠧᠶᠬᠡᠯᠡᠨᠠ᠃
ᠥᠪᠥᠷ ᠮᠣᠩᠭᠣᠯ ᠳᠠᠢᠰᠤᠩᠨᠠᠭ᠍ᠴᠢ ᠬᠦᠴᠦᠨ᠎ᠦ ᠨᠡᠪᠴᠢᠬᠦ ᠡᠪᠳᠡᠯᠡᠭᠡ ᠨᠤᠷᠠᠭᠠᠬᠤᠠᠵᠢᠯᠯᠠᠭᠠᠶ᠋ᠢ ᠴᠢᠩᠭ᠎ᠠ ᠰᠡᠷᠭᠡᠢᠯᠡᠨ ᠴᠣᠬᠢᠯᠲᠠ ᠥᠭ᠌ᠴᠦ᠂ ᠰᠦᠯᠵᠢᠶᠡᠨ᠎ᠦ ᠠᠮᠤᠷ ᠲᠦᠪᠱᠢᠨ᠎ᠦ ᠪᠠᠲᠤᠯᠠᠭᠠᠶ᠋ᠢᠨᠱᠢᠰᠲ᠋ᠧᠮ ᠪᠠ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠰᠦᠯᠵᠢᠶᠡᠨ᠎ᠦ ᠠᠮᠤᠷ ᠲᠦᠪᠱᠢᠨ᠎ᠦ 《ᠰᠡᠷᠭᠡᠢᠯᠡᠯᠲᠡ᠎ᠶ᠋ᠢᠨ ᠬᠡᠷᠡᠮ》᠎ᠢ᠋ ᠪᠠᠲᠤ ᠴᠣᠭ᠍ᠴᠠᠯᠠᠪᠠ᠃
ᠨᠢᠭᠡ ᠵᠢᠯ᠎ᠦᠨ ᠲᠤᠷᠰᠢ᠂ ᠥᠪᠡᠷᠲᠡᠭᠡᠨ ᠵᠠᠰᠠᠬᠤ ᠣᠷᠣᠨ ᠰᠦᠯᠵᠢᠶᠡᠨ᠎ᠦ ᠠᠮᠤᠷᠲᠦᠪᠱᠢᠨᠦ ᠵᠡᠷᠭᠡ ᠳᠡᠰ᠎ᠤᠨ ᠬᠠᠮᠠᠭᠠᠯᠠᠯᠲᠠ᠎ᠶ᠋ᠢᠨ ᠠᠵᠢᠯ᠎ᠤᠨ ᠵᠣᠬᠢᠴᠠᠭᠤᠯᠬᠤ ᠳᠤᠭᠤᠢᠯᠠᠩ ᠢ᠋ ᠪᠠᠢᠭᠤᠯᠵᠤ᠂ᠰᠦᠯᠵᠢᠶᠡᠨ᠎ᠦ ᠠᠮᠤᠷ ᠲᠦᠪᠱᠢᠨ᠎ᠦ ᠵᠡᠷᠭᠡ ᠳᠡᠰ᠎ᠤᠨ ᠬᠠᠮᠠᠭᠠᠯᠠᠯᠲᠠ᠎ᠶ᠋ᠢᠨ ᠬᠠᠮᠢᠶ᠎ᠠ ᠪᠦᠬᠦᠢ ᠣᠷᠣᠨ ᠨᠤᠲᠤᠭᠤᠨᠳᠦᠷᠢᠮ ᠲᠣᠭ᠍ᠲᠠᠭᠠᠯ᠎ᠢ ᠲᠣᠭ᠍ᠲᠠᠭᠠᠵᠤ᠂ 《ᠰᠦᠯᠵᠢᠶ᠎ᠡ᠎ᠶ᠋ᠢ ᠴᠡᠪᠡᠷᠱᠢᠭᠦᠯᠬᠦ᠌ 2021》ᠲᠤᠰᠭᠠᠢ ᠠᠵᠢᠯᠯᠠᠭ᠎ᠠ᠎ᠳᠤ ᠲᠦᠱᠢᠭ᠌ᠯᠡᠨ 1408 ᠬᠡᠷᠡᠭ᠎ᠢ ᠳᠡᠩᠨᠡᠨ ᠱᠢᠢᠳᠪᠦᠷᠢᠯᠡᠪᠡ᠃
ᠬᠤᠯᠪᠤᠯᠳᠠ — ᠨᠠᠮ ᠵᠠᠰᠠᠭ ᠴᠡᠷᠢᠭ ᠴᠠᠭ᠍ᠳᠠᠭᠠᠠᠷᠠᠳ ᠬᠦᠴᠦ᠍᠎ᠪᠡᠨ ᠬᠠᠮᠲᠤᠳᠭᠠᠨ ᠬᠢᠯᠢ᠎ᠶ᠋ᠢ ᠬᠦᠴᠦᠷᠬᠡᠭ᠌ᠵᠢᠭᠦᠯᠵᠦ᠍ ᠰᠡᠷᠭᠡᠢᠯᠡᠯᠲᠡ᠎ᠶ᠋ᠢ ᠪᠡᠬᠢᠵᠢᠭᠦᠯᠪᠡ
ᠬᠠᠪᠤᠷ᠎ᠤᠨ ᠡᠬᠢᠨ᠎ᠦ ᠷᠠᠱᠢᠶᠠᠨ᠎ᠳᠤ᠂ ᠠᠭᠤᠯᠠ ᠲᠠᠯ᠎ᠠ ᠮᠦᠰᠦ ᠴᠠᠰᠤᠨ᠎ᠳᠤ ᠬᠤᠴᠢᠭ᠍ᠳᠠᠵᠤ᠂ᠳᠤᠮᠳᠠᠳᠤ ᠮᠣᠩᠭᠣᠯ᠎ᠤᠨ ᠬᠢᠯᠢ᠎ᠳᠡᠬᠢ ᠬᠠᠯᠬ᠎ᠠ᠎ᠶ᠋ᠢᠨ ᠭᠤᠤᠯ᠎ᠠᠴᠠ ᠳᠡᠮᠡᠶ ᠬᠣᠯᠠ ᠥᠬᠡᠶ ᠴᠠᠰᠤᠲᠤ ᠬᠡᠭᠡᠷ᠎ᠡ᠎ᠳᠤ᠂ ᠲᠠᠬᠤ ᠨᠥᠮᠥᠷᠴᠦ᠍ ᠫᠤᠤ ᠮᠥᠷᠥᠯᠡᠵᠦ᠍᠂ ᠪᠠᠢᠯᠳᠤᠭᠠᠨ᠎ᠤ ᠮᠣᠷᠢ ᠤᠨᠤᠬᠰᠠᠨ ᠨᠢᠭᠡᠨ ᠰᠠᠯᠠᠭ᠎ᠠ ᠴᠡᠷᠢᠭ ᠠᠩᠭᠢᠦᠷᠯᠦᠭᠡ ᠵᠢᠨ ᠨᠡᠷ᠎ᠡ ᠵᠢ ᠤᠬᠳᠤᠨ ᠠᠯᠭᠤᠷᠬᠠᠨ ᠤᠷᠤᠭ᠍ᠰᠢᠯᠠᠨ᠎ᠠ᠂ᠲᠠᠳᠠᠨᠠᠷ ᠪᠣᠯ ᠳᠠᠷᠤᠶ ᠰᠠᠨ ᠵᠢᠶᠤᠤ ᠱᠠᠨ ᠠᠭᠤᠯᠠ᠎ᠶ᠋ᠢᠨ ᠬᠢᠯᠢ᠎ᠶ᠋ᠢᠨ ᠬᠠᠮᠠᠭᠠᠯᠠᠯᠲᠠ᠎ᠶ᠋ᠢᠨ ᠰᠤᠮᠤᠨ᠎ᠤ ᠵᠢᠵᠢᠭᠦᠷᠯᠡᠵᠦᠪᠠᠢᠭᠠ ᠴᠡᠷᠢᠭ ᠪᠣᠯᠤᠨ᠎ᠠ᠃
《ᠬᠢᠯᠢ᠎ᠶ᠋ᠢᠨ ᠬᠠᠮᠠᠭᠠᠯᠠᠯᠲᠠ᠎ᠶ᠋ᠢᠨ ᠪᠠᠢᠳᠠᠯ ᠬᠡᠪ᠎ᠦᠨ ᠪᠠᠢᠳᠠᠯ᠎ᠲᠠᠶ ᠪᠠᠢᠨ᠎ᠠ》᠃ ᠰᠠᠨ ᠵᠢᠶᠤᠤ ᠱᠠᠨ ᠠᠭᠤᠯᠠᠨ᠎ᠤ ᠬᠢᠯᠢ᠎ᠶ᠋ᠢᠨ ᠬᠠᠮᠠᠭᠠᠯᠠᠯᠲᠠ᠎ᠶ᠋ᠢᠨ ᠰᠤᠮᠤᠨ᠎ᠤ ᠨᠢᠭᠡᠳᠤᠭᠡᠷᠠᠩᠭᠢᠶ᠋ᠢᠨ ᠪᠠᠢᠯᠳᠤᠭ᠍ᠴᠢᠳ᠎ᠤᠨ ᠬᠥᠪᠥᠩ ᠮᠠᠯᠠᠭᠠᠶ ᠪᠠ ᠬᠦᠢᠲᠡᠨ᠎ᠢ ᠰᠡᠷᠭᠡᠢᠯᠡᠬᠦ᠌ ᠬᠠᠯᠬᠠᠪᠴᠢ ᠳ᠋ᠤᠨᠢ ᠮᠥᠰᠥ᠍ᠬᠥᠯᠳᠡᠵᠦ᠍᠂ ᠦᠭᠡ ᠬᠡᠯᠡᠬᠦ᠌ ᠳ᠋ᠤᠨᠢ ᠬᠦᠢᠳᠡᠨ ᠠᠭᠤᠷ ᠰᠠᠪᠰᠠᠨ᠎ᠠ᠃ ᠲᠡᠳᠡᠨᠠᠷ᠎ᠦᠨ ᠠᠷᠤ᠎ᠵᠢᠨ ᠬᠠᠷᠠᠭᠤᠯᠤᠨᠠᠰᠠᠷ ᠠᠭᠤᠯᠠᠨ ᠣᠷᠣᠶ᠎ᠳᠤ ᠰᠡᠬᠦᠢᠨ ᠰᠦᠨᠳᠡᠷᠯᠡᠨ᠎ᠡ᠃
《ᠲᠡᠷᠢᠭᠦᠯᠡᠭ᠌ᠴᠢ ᠰᠢ ᠵᠢᠨ ᠫᠢᠩ ᠮᠠᠨ᠎ᠤ ᠬᠠᠷᠠᠭᠤᠯ᠎ᠤᠨ ᠭᠠᠵᠠᠷ᠎ᠲᠤ ᠢᠷᠡᠵᠦ᠍ ᠥᠩᠭᠡᠷᠡᠵᠡᠢ᠂ᠤᠮᠠᠷᠠᠲᠤ ᠬᠢᠯᠢ᠎ᠵᠢ ᠪᠢᠳᠠᠨᠠᠷ ᠰᠠᠬᠢᠨ ᠬᠠᠮᠠᠭᠠᠯᠠᠪᠠᠯ ᠡᠬᠡ ᠤᠯᠤᠰ ᠮᠠᠨᠢ ᠠᠮᠤᠷ ᠠᠮᠤᠭᠤᠯᠠᠩ!》 ᠬᠡᠵᠤ ᠰᠤᠷᠪᠤᠯᠵᠢᠯᠠᠭ᠎ᠠ ᠵᠢᠨ ᠳᠤᠮᠳᠠ᠂ ᠡᠨᠡ ᠬᠦ᠌ ᠳᠠᠬᠢᠨ ᠳᠠᠪᠲᠠᠨ ᠬᠡᠯᠡᠭ᠌ᠰᠡᠨ ᠦᠭᠡᠪᠣᠯ ᠪᠠᠢᠯᠳᠤᠭ᠍ᠴᠢᠳ᠎ᠤᠨ ᠬᠠᠮᠲᠤ᠎ᠶ᠋ᠢᠨ ᠰᠡᠳᠭᠢᠯ᠎ᠦᠨ ᠳᠠᠭᠤᠨ ᠪᠣᠯᠤᠨ᠎ᠠ᠃
ᠥᠪᠥᠷ ᠮᠣᠩᠭᠣᠯ᠎ᠳᠤ 36 ᠲᠦᠮᠡᠨ ᠲᠡᠭ᠌ᠰᠢ ᠳᠥᠷᠪᠡᠯᠵᠢᠨ ᠺᠢᠯᠣᠮᠧᠲ᠋ᠷ ᠬᠢᠯᠢᠶ᠋ᠢᠨᠬᠠᠮᠢᠶᠠᠷᠤᠯᠲᠠᠶ᠋ᠢᠨ ᠣᠷᠣᠨ ᠪᠠᠢᠵᠤ᠂ ᠪᠥᠬᠥ᠌ ᠤᠯᠤᠰ᠎ᠤᠨ ᠡᠯ᠎ᠡ ᠮᠤᠵᠢ ᠣᠷᠣᠨ᠎ᠤ ᠳᠣᠲᠣᠷ᠎ᠠ ᠲᠠᠯᠠᠪᠠᠶᠪᠠᠷᠬᠠᠮᠤᠭᠤᠨ ᠶᠡᠬᠡ ᠪᠠᠢᠳᠠᠭ᠃ ᠥᠷᠭᠡᠨ ᠤᠯᠠᠨ ᠳᠠᠷᠤᠭ᠎ᠠ ᠪᠠᠢᠯᠳᠤᠭ᠍ᠴᠢ᠂ ᠨᠡᠭᠦᠳᠡᠯ ᠠᠷᠠᠳ᠎ᠤᠨ ᠬᠠᠮᠢᠶᠠᠷᠤᠯᠲᠠᠶ᠋ᠢᠨᠴᠠᠭ᠍ᠳᠠᠭᠠ ᠪᠣᠯᠤᠨ ᠦᠨᠳᠦᠰᠦᠲᠡᠨ᠎ᠨᠦᠭᠦᠳ᠎ᠦᠨ ᠤᠯᠠᠨ ᠲᠦᠮᠡᠨ ᠭᠠᠷ ᠬᠣᠯᠪᠣᠯᠴᠠᠨ ᠮᠥᠷᠥ᠍ ᠵᠡᠷᠭᠡᠴᠡᠵᠦ᠍᠂ ᠬᠠᠮᠲᠤᠪᠠᠷᠬᠢᠯᠢ ᠪᠠᠨ ᠰᠠᠬᠢᠵᠤ᠂ ᠬᠢᠯᠢ ᠪᠠᠨ ᠬᠠᠮᠠᠭᠠᠯᠠᠵᠤ᠂ ᠬᠢᠯᠢ ᠪᠠᠨ ᠪᠡᠬᠢᠵᠢᠭᠦᠯᠵᠦ᠍᠂ ᠬᠢᠯᠢ ᠪᠠᠨ ᠲᠣᠭ᠍ᠲᠠᠪᠤᠷᠢᠵᠢᠭᠤᠯᠵᠤ᠂ ᠤᠯᠤᠰ᠎ᠤᠨ ᠠᠮᠤᠷ ᠲᠦᠪᠱᠢᠨ᠂ ᠨᠡᠢᠭᠡᠮᠦᠨᠲᠣᠭ᠍ᠲᠠᠭᠤᠨ᠂ ᠬᠢᠯᠢ ᠬᠢᠵᠠᠭᠠᠷ᠎ᠤᠨ ᠠᠮᠤᠷ ᠲᠣᠭ᠍ᠲᠠᠭᠤᠨ ᠪᠠᠢᠬᠤ 《ᠭᠤᠷᠪᠠᠨ ᠰᠡᠷᠭᠡᠢᠯᠡᠯᠲᠡᠶ᠋ᠢᠨᠱᠤᠭᠤᠮ》 ᠢ᠋ ᠴᠣᠭ᠍ᠴᠠᠯᠠᠪᠠ᠃
ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠴᠢᠯᠥᠭᠡᠯᠡᠬᠦ᠌ ᠴᠡᠷᠢᠭ ᠪᠠ ᠵᠡᠪᠰᠡᠭ᠌ᠲᠦᠴᠠᠭ᠍ᠳᠠᠭᠠᠶ᠋ᠢᠨ ᠴᠡᠷᠢᠭ ᠠᠩᠭᠢ ᠡᠭᠦᠷᠭᠡ ᠬᠠᠷᠢᠭᠤᠴᠠᠯᠭᠠᠪᠠᠨᠪᠠᠲᠤ ᠴᠡᠭᠡᠵᠢᠯᠡᠵᠦ᠍᠂ ᠨᠠᠮ᠎ᠤᠨ ᠴᠡᠷᠢᠭᠠᠩᠭᠢ᠎ᠳᠠᠬᠢ ᠬᠠᠷᠢᠴᠠᠯᠠᠰᠢ ᠦᠭᠡᠢ ᠤᠳᠤᠷᠢᠳᠤᠯᠭ᠎ᠠ᠎ᠶ᠋ᠢ ᠡᠷᠡᠰ ᠭᠤᠢᠪᠢᠰᠢ ᠦᠭᠡᠢᠪᠠᠷᠢᠮᠲᠠᠯᠠᠵᠤ᠂ᠳᠠᠢᠨᠬᠢᠵᠦ᠍ᠴᠢᠳᠠᠬᠤ᠂ᠢᠯᠠᠭᠤᠭ᠍ᠰᠠᠨ ᠳᠠᠢᠨ ᠬᠢᠵᠦ᠍ ᠴᠢᠳᠠᠬᠤ ᠴᠠᠭᠠᠷᠠᠭ᠍ᠰᠠᠨ ᠴᠢᠳᠠᠪᠤᠷᠢ᠎ᠪᠠᠨ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠵᠦ᠍᠂ᠠᠮᠢ ᠨᠠᠰᠤ ᠪᠠ ᠦᠨᠡᠨᠴᠢ ᠱᠢᠳᠤᠷᠭᠤ᠎ᠪᠠᠷ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨᠤᠬᠠᠯᠬᠠᠪᠴᠢᠶ᠋ᠢ ᠪᠠᠲᠤ ᠴᠣᠭ᠍ᠴᠠᠯᠠᠬᠤᠰᠠᠭᠤᠷᠢᠶ᠋ᠢ ᠪᠡᠬᠢᠵᠢᠭᠦᠯᠪᠡ᠃
— ᠪᠠᠴᠢᠮ ᠬᠦᠴᠢᠷ ᠠᠶᠤᠯᠲᠠᠶ ᠬᠦᠨᠳᠦ ᠡᠭᠦᠷᠭᠡ᠎ᠵᠢ ᠬᠦᠢᠴᠡᠳᠬᠡᠬᠦ ᠳ᠋ᠤ ᠬᠣᠱᠢᠭᠤᠴᠢ ᠪᠣᠯᠤᠨ᠎ᠠ᠃
— ᠬᠦᠴᠦ᠍᠎ᠪᠡᠨ ᠬᠠᠮᠲᠤᠳᠭᠠᠨ ᠬᠢᠯᠢ᠎ᠶ᠋ᠢ ᠬᠦᠴᠦᠷᠬᠡᠭ᠌ᠵᠢᠭᠦᠯᠵᠦ᠍ ᠰᠡᠷᠭᠡᠢᠯᠡᠯᠲᠡ᠎ᠶ᠋ᠢ ᠪᠡᠬᠢᠵᠢᠭᠦᠯᠬᠦ᠌ᠳᠤᠮᠳᠠ ᠭᠤᠤᠯ ᠬᠦᠴᠦᠨ ᠪᠣᠯᠤᠨ᠎ᠠ᠃
— ᠴᠡᠷᠢᠭ ᠠᠷᠠᠳ᠎ᠤᠨ ᠬᠡᠷᠡᠭ᠌ᠯᠡᠭᠡ᠎ᠶ᠋ᠢ ᠠᠭᠤᠰᠤᠯᠴᠠᠭᠤᠯᠤᠨ ᠬᠥᠭ᠌ᠵᠢᠭᠦᠯᠬᠦ᠌ ᠲᠠᠯᠠᠪᠠᠷᠱᠢᠪᠲᠤᠯᠤᠯᠲᠠ ᠲᠠᠢ ᠪᠤᠯᠤᠨ᠎ᠠ᠃
《ᠬᠡᠳᠦᠭᠡᠨ ᠲᠡᠮᠦᠷ ᠲᠣᠣᠷ ᠭᠡᠵᠦ ᠪᠢᠳᠡᠬᠡᠢ ᠪᠠᠰᠤ᠂ ᠴᠢᠬᠤᠯᠠ ᠶᠡᠬᠡ ᠠᠴᠢ ᠬᠣᠯᠪᠣᠭ᠍ᠳᠠᠯᠲᠠᠶᠱᠢᠤ᠂ ᠡᠨᠡ ᠪᠣᠯ ᠤᠯᠤᠰ᠎ᠤᠨ ᠬᠤᠭᠤᠷᠤᠨᠳᠤᠬᠢ ᠵᠠᠭᠠᠭ ᠮᠥᠨ》᠃ ᠲᠣᠭᠣᠷᠢᠨ ᠴᠠᠭ᠍ᠳᠠᠬᠤ ᠶᠠᠪᠤᠴᠠ᠎ᠳᠤ᠂ᠱᠢᠯᠢ᠎ᠶ᠋ᠢᠨ ᠭᠤᠤᠯ᠎ᠤᠨ ᠬᠢᠯᠢ᠎ᠶ᠋ᠢᠨ ᠬᠠᠮᠢᠶᠠᠷᠤᠯᠲᠠ᠎ᠶ᠋ᠢᠨ ᠰᠠᠯᠪᠤᠷᠢ ᠠᠩᠭᠢ᠎ᠶ᠋ᠢᠨ ᠬᠠᠳᠠᠪᠴᠢ ᠳ᠋ᠡᠬᠢ ᠬᠢᠯᠢᠶ᠋ᠢᠨᠲᠣᠮᠢᠯᠠᠭ᠍ᠰᠠᠨ ᠰᠠᠯᠪᠤᠷᠢ᠎ᠶ᠋ᠢᠨ ᠮᠣᠷᠢᠲᠤ ᠴᠠᠭ᠍ᠳᠠᠭ᠎ᠠ᠎ᠶ᠋ᠢᠨ ᠠᠩᠭᠢ᠎ᠶ᠋ᠢᠨ ᠳᠠᠷᠤᠭ᠎ᠠ ᠬᠥᠪᠴᠢ ᠬᠢᠯᠢᠶ᠋ᠢᠨᠬᠥᠱᠢᠶᠡᠶ᠋ᠢᠨ ᠬᠠᠵᠠᠭᠤ ᠵᠢᠨ ᠲᠡᠮᠦᠷ ᠲᠤᠤᠷ᠎ᠢ ᠨᠠᠷᠢᠨ ᠪᠠᠢᠴᠠᠭᠠᠬᠤ ᠵᠢᠨ ᠲᠠᠭᠠᠤ ᠰᠤᠷᠪᠤᠯᠵᠢᠯᠠᠭ᠍ᠴᠢᠳᠤᠬᠡᠯᠡᠨᠠ; ᠬᠥᠯᠥᠨ ᠪᠣᠢᠷ ᠬᠣᠲᠠ᠎ᠶ᠋ᠢᠨ ᠬᠠᠭᠤᠴᠢᠨ ᠪᠠᠷᠭᠤ ᠬᠣᠱᠢᠭᠤᠨ ᠤ᠋ ᠬᠠᠢᠯᠠᠰᠤ᠎ᠲᠤ ᠭᠠᠴᠠᠭᠠᠨᠤᠮᠠᠯᠴᠢᠨ ᠪᠠᠶᠠᠷᠲᠤ᠎ᠶ᠋ᠢᠨ ᠮᠣᠩᠭᠣᠯ ᠭᠡᠷ ᠡᠷᠭᠦᠨ᠎ᠡ ᠭᠣᠣᠯ᠎ᠠᠴᠠ ᠨᠢᠭᠡ ᠯᠡ ᠺᠢᠯᠣᠮᠧᠲ᠋ᠷ ᠵᠠᠢᠲᠠᠶ ᠪᠠᠢᠵᠤ᠂ᠭᠣᠣᠯ᠎ᠤᠨ ᠲᠡᠷᠲᠡᠭᠡ ᠡᠷᠭᠢ ᠨᠢ ᠳᠠᠷᠤᠶ ᠣᠷᠣᠰ ᠤᠯᠤᠰ᠎ᠤᠨ ᠬᠠᠷᠢᠶ᠎ᠠ ᠪᠣᠯᠤᠨ᠎ᠠ᠃ ᠬᠢᠯᠢ ᠰᠠᠬᠢᠬᠴᠢ ᠪᠣᠯᠤᠭ᠍ᠰᠠᠨᠪᠠᠶᠠᠷᠲᠤ᠂ᠵᠡᠭᠦᠨ ᠦᠵᠦᠭᠦᠷ ᠬᠢᠯᠢ᠎ᠶ᠋ᠢᠨ ᠲᠣᠮᠢᠯᠠᠭ᠍ᠰᠠᠨ ᠰᠠᠯᠪᠤᠷᠢ᠎ᠶ᠋ᠢᠨ ᠴᠠᠭ᠍ᠳᠠᠭ᠎ᠠ᠎ᠲᠠᠶ ᠬᠠᠮᠲᠤ ᠬᠢᠯᠢ᠎ᠶ᠋ᠢ ᠴᠠᠭ᠍ᠳᠠᠨᠪᠠᠢᠴᠠᠭᠠᠬᠤ ᠨᠢ ᠲᠡᠭᠦᠨ᠎ᠦ ᠡᠳᠦᠷ ᠲᠤᠲᠤᠮ᠎ᠤᠨ ᠠᠮᠢᠳᠤᠷᠠᠯ᠎ᠤᠨ ᠨᠢᠭᠡ ᠬᠡᠰᠡᠭ ᠪᠣᠯᠵᠠᠶ᠃
ᠨᠠᠢ᠍ᠮᠠᠨ ᠮᠢᠩᠭᠠᠨ ᠭᠠᠵᠠᠷ᠎ᠤᠨ ᠬᠢᠯᠢ ᠵᠢᠨ ᠱᠤᠭᠤᠮ ᠳᠠᠭᠠᠤ᠂ 1600 ᠭᠠᠷᠤᠢᠮᠠᠯᠴᠢᠨ ᠪᠠᠶᠠᠷᠲᠤ᠎ᠲᠠᠶ ᠠᠳᠠᠯᠢᠬᠠᠨ ᠵᠢᠡᠷ ᠬᠢᠯᠢ ᠰᠠᠬᠢᠬᠴᠢᠶ᠋ᠢᠨᠡᠩᠨᠡᠭᠡᠨᠳᠦ ᠣᠷᠣᠪᠠ᠃ ᠣᠯᠠᠨ᠎ᠢᠶᠠᠷ᠎ᠢᠶᠠᠨ ᠰᠠᠨᠠᠭᠠᠴᠢᠯᠠᠭ᠎ᠠ᠎ᠠᠴᠠ᠎ᠪᠠᠨ ᠬᠢᠯᠢ ᠵᠢ ᠴᠠᠬᠳᠠᠵᠤ ᠬᠢᠯᠢ ᠪᠠᠨ ᠬᠠᠮᠠᠭᠠᠯᠠᠵᠤ᠂ ᠬᠢᠯᠢ ᠬᠢᠵᠠᠭᠠᠷ᠎ᠢ ᠬᠠᠮᠢᠶᠠᠷᠤᠨᠡᠵᠡᠮᠳᠡᠬᠦ᠌ ᠪᠡᠯᠡᠳᠭᠡᠯ ᠬᠦᠴᠦᠨ ᠪᠣᠯᠪᠠ᠃
ᠦᠰᠦᠷᠦᠯᠳᠡ — ᠨᠡᠩ ᠥᠨᠳᠥᠷ ᠲᠦᠪᠱᠢᠨ ᠪᠦᠬᠦᠢᠠᠮᠤᠭᠤᠯᠠᠩᠳᠤ ᠥᠪᠥᠷ ᠮᠣᠩᠭᠣᠯ᠎ᠢ ᠪᠦᠲᠦᠭᠡᠨ ᠪᠠᠢᠭᠤᠯᠤᠨ᠎ᠠ
ᠨᠢᠭᠡ ᠡᠳᠦᠷ᠂ ᠤᠯᠠᠭᠠᠨᠬᠠᠳᠠ ᠬᠣᠲᠠ᠎ᠶ᠋ᠢᠨ ᠪᠠᠭᠠᠷᠢᠨ ᠪᠠᠷᠠᠭᠤᠨ ᠬᠣᠱᠢᠭᠤᠨᠤᠳᠠᠷᠬᠠᠨ ᠲᠣᠮᠢᠯᠠᠭ᠍ᠰᠠᠨ ᠰᠠᠯᠪᠤᠷᠢ᠎ᠶ᠋ᠢᠨ ᠬᠥᠯᠦᠨ ᠨᠡᠢᠭᠡᠮ ᠲᠣᠭᠣᠷᠢᠭ᠎ᠤᠨ ᠴᠠᠭ᠍ᠳᠠᠭᠠᠨ᠎ᠤ ᠶᠠᠪᠤᠳᠠᠯ᠎ᠤᠨ ᠲᠠᠰᠤᠭ᠎ᠤᠨ《ᠮᠡᠷᠭᠡᠳ》 ᠬᠠᠮᠲᠤᠷᠠᠨ ᠡᠶᠡᠳᠡᠬᠦᠯᠬᠦ ᠲᠠᠰᠤᠭᠲᠤᠬᠣᠶᠠᠷ ᠨᠠᠰᠤᠲᠠᠨ ᠢᠷᠡᠪᠡ᠂ ᠲᠠᠳᠠ ᠬᠣᠶᠠᠭᠤᠯᠠ ᠬᠡᠳᠦᠢᠪᠡᠷ ᠬᠥᠷᠰᠢ ᠵᠡᠷᠭᠡᠯᠡᠳᠡᠭᠡ ᠪᠣᠯᠪᠠᠴᠤ᠌ ᠶᠠᠮᠠᠷ ᠨᠢᠭᠡᠨᠵᠦᠷᠢᠴᠡᠯ ᠪᠤᠯᠵᠦ ᠨᠢᠭᠡ ᠨᠢᠭᠡᠨ ᠳ᠋ᠡᠭᠡᠨ ᠬᠢᠯᠢᠩᠨᠡᠨ ᠠᠭᠤᠷᠯᠠᠵᠤ ᠪᠠᠢᠯ᠎ᠠ᠃
ᠶᠣᠰᠣ ᠤᠴᠢᠷ᠎ᠢ ᠳᠡᠯᠭᠡᠵᠦ᠍᠂ ᠬᠠᠤᠯᠢ ᠴᠠᠭᠠᠵᠠ᠎ᠶ᠋ᠢ ᠶᠠᠷᠢᠵᠤ᠂ ᠨᠠᠰᠤᠲᠠᠨᠤᠬᠠᠷᠢᠯᠴᠠᠨ ᠣᠢᠯᠠᠭᠠᠯᠴᠠᠵᠤ ᠬᠠᠷᠢᠯᠴᠠᠨ ᠨᠠᠢᠷ ᠲᠠᠯᠪᠢᠬᠤ᠎ᠶ᠋ᠢ ᠬᠥᠲᠥᠯᠥᠨ ᠵᠢᠯᠣᠭᠣᠳᠤᠨ᠎ᠠ ᠁ ᠠᠷᠠᠳ᠎ᠤᠨ ᠴᠠᠭ᠍ᠳᠠᠭᠠᠶ᠋ᠢᠨᠴᠢᠷᠮᠠᠢᠯᠭᠠᠪᠠᠷ ᠳᠠᠮᠵᠢᠨ᠂ ᠡᠴᠦᠰ᠎ᠲᠡᠬᠡᠨ ᠬᠣᠶᠠᠷ ᠨᠠᠰᠤᠲᠠᠨ᠎ᠤ ᠰᠡᠳᠭᠢᠯ᠎ᠦᠨ ᠵᠠᠩᠭᠢᠷᠠᠭ᠎ᠠ᠎ᠶ᠋ᠢ ᠨᠢ ᠲᠠᠢᠯᠵᠤ᠂ᠵᠥᠷᠢᠴᠡᠯ᠎ᠢ ᠨᠢ ᠨᠠᠮᠳᠠᠭᠤᠯᠪᠠ᠃
《ᠮᠡᠷᠭᠡᠳ》 ᠠᠵᠢᠯᠯᠠᠬᠤ ᠵᠠᠭ᠍ᠪᠤᠷ ᠪᠣᠯᠳᠠᠷᠬᠠᠨ ᠲᠣᠮᠢᠯᠠᠭ᠍ᠰᠠᠨ ᠰᠠᠯᠪᠤᠷᠢ᠎ᠶ᠋ᠢᠨ ᠱᠢᠨ᠎ᠡ ᠴᠠᠭ ᠦᠶ᠎ᠡ᠎ᠶ᠋ᠢᠨ 《ᠹᠧᠩ ᠴᠢᠶᠣᠤ᠎ᠶ᠋ᠢᠨ ᠲᠤᠷᠱᠢᠯᠭ᠎ᠠ》 ᠶ᠋ᠢ ᠦᠶ᠋ᠯᠡᠳᠦᠯᠭᠡᠵᠢᠭᠦᠯᠦᠭᠰᠡᠨᠱᠢᠨᠡ ᠠᠷᠭ᠎ᠠ ᠬᠡᠮᠵᠢᠶ᠎ᠠ ᠪᠣᠯᠤᠨ᠎ᠠ᠃ 《ᠮᠡᠷᠭᠡᠳ》 ᠨᠢ ᠦᠨᠳᠦᠰᠦᠨ ᠱᠠᠲᠤᠨ᠎ᠤ ᠠᠵᠤ ᠠᠬᠤᠢ ᠰᠣᠶᠣᠯ᠎ᠤᠨ ᠴᠢᠳᠠᠪᠤᠷᠢᠲᠠᠨ ᠪᠠ ᠠᠮᠤᠷ᠎ᠢ ᠬᠠᠮᠠᠭᠠᠯᠠᠬᠤᠢᠳᠡᠪᠬᠢᠲᠡᠨ ᠪᠠᠢᠵᠤ᠂ ᠨᠡᠢᠭᠡᠮ᠎ᠦᠨ ᠶᠠᠪᠤᠳᠠᠯ᠂ ᠬᠥᠷᠰᠢ ᠵᠡᠷᠭᠡᠯᠡᠳᠡᠭᠡ᠎ᠶ᠋ᠢᠨ ᠶᠠᠪᠤᠳᠠᠯ᠂ ᠭᠡᠷ ᠪᠦᠯᠢᠶ᠋ᠢᠨᠶᠠᠪᠤᠳᠠᠯᠢ ᠠᠷᠭ᠎ᠠ ᠤᠬᠠᠭᠠᠨ ᠲᠠᠢ ᠱᠢᠢᠳᠪᠦᠷᠢᠯᠡᠵᠦ᠍᠂ ᠠᠯᠢ ᠤᠯᠠᠨ ᠵᠥᠷᠢᠴᠡᠯ ᠵᠢᠭᠤᠷᠠᠯᠳᠤᠭᠠᠨᠢᠦᠨᠳᠦᠰᠦᠨᠱᠠᠲᠤᠨᠳᠤᠱᠢᠢᠳᠪᠦᠷᠢᠯᠡᠵᠦ᠍᠂ ᠮᠠᠯᠵᠢᠬᠤ ᠣᠷᠣᠨ᠎ᠠᠴᠠ ᠢᠷᠡᠵᠦ᠂ ᠮᠠᠯᠵᠢᠬᠤ ᠣᠷᠣᠨ᠎ᠳᠤ ᠦᠢᠯᠡᠴᠢᠯᠡᠬᠦ᠌ ᠠᠮᠤᠭᠤᠯᠠᠩᠳᠤᠪᠦᠳᠦᠭᠡᠨ ᠪᠠᠢᠭᠤᠯᠤᠯᠲᠠ᠎ᠶ᠋ᠢᠨ ᠬᠦᠴᠦᠨ ᠪᠣᠯᠵᠠᠢ᠃
ᠨᠡᠢᠭᠡᠮ᠎ᠦᠨ ᠲᠣᠭ᠍ᠲᠠᠭᠤᠨ ᠪᠠ ᠠᠮᠤᠷ ᠲᠦᠪᠱᠢᠨ ᠪᠣᠯ ᠪᠥᠬᠥ᠌ ᠣᠷᠣᠨ᠎ᠤ ᠦᠨᠳᠦᠰᠦᠲᠡᠨᠨᠦᠭᠦᠳᠦᠨᠠᠷᠠᠳ ᠲᠦᠮᠡᠨ᠎ᠦ ᠬᠠᠮᠤᠭ᠎ᠤᠨ ᠦᠨᠳᠦᠰᠦᠨ᠂ ᠬᠠᠮᠤᠭ᠎ᠤᠨ ᠲᠦᠭᠡᠮᠡᠯ ᠬᠦᠰᠡᠯ ᠡᠷᠡᠮᠡᠯᠵᠡᠯ ᠪᠠᠢᠵᠤ᠂ ᠡᠬᠡ ᠤᠯᠤᠰᠤᠨᠤᠮᠠᠷᠠᠲᠤ ᠬᠢᠯᠢ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ ᠶ᠋ᠢᠨ 《ᠵᠠᠪᠠᠯ ᠰᠣᠩᠭᠣᠬᠤ ᠵᠦᠶ᠋ᠯ》 ᠮᠥᠨ᠃
2021 ᠣᠨ᠎ᠤ 9 ᠰᠠᠷ᠎ᠠ᠎ᠳᠤ᠂ ᠠᠯᠠᠱᠠ ᠠᠢᠮᠠᠭ᠎ᠤᠨ ᠠᠯᠠᠱᠠ ᠪᠠᠷᠠᠭᠤᠨ ᠬᠣᠱᠢᠭᠤᠨᠤᠳᠣᠲᠣᠭᠠᠳᠤᠶ᠋ᠢ ᠬᠠᠮᠠᠭᠠᠯᠠᠬᠤ ᠲᠣᠪᠴᠢᠶ᠎ᠠ ᠴᠠᠬᠢᠯᠭᠠᠨ ᠬᠣᠯᠪᠣᠭ᠎ᠠ ᠵᠢᠨ ᠰᠦᠯᠵᠢᠶᠡᠨ᠎ᠦ ᠮᠡᠬᠡᠯᠡᠯ᠎ᠦᠨ ᠶᠠᠯᠠᠲᠤᠠᠵᠢᠯᠯᠠᠭᠠᠳᠤ ᠴᠣᠬᠢᠯᠲᠠ ᠥᠭ᠌ᠬᠦ ᠭᠤᠤᠯ ᠰᠡᠳᠦᠪᠲᠦ ᠤᠬᠠᠭᠤᠯᠭ᠎ᠠ ᠵᠢᠴᠢ ᠪᠤᠵᠠᠷ ᠵᠣᠭᠣᠰ ᠪᠤᠵᠠᠷ ᠡᠳ᠋᠎ᠢ ᠢᠯᠡᠪᠡᠷᠪᠤᠴᠠᠭᠠᠬᠤ ᠶᠡᠬᠡ ᠬᠤᠷᠠᠯ ᠬᠤᠷᠠᠯᠳᠤᠭᠤᠯᠵᠤ᠂ 20 ᠬᠤᠬᠢᠷᠠᠯ ᠠᠮᠰᠠᠬᠰᠠᠨ ᠣᠯᠠᠨ ᠲᠦᠮᠡᠨ 74.1 ᠲᠦᠮᠡᠨ ᠲᠥᠭᠥᠷᠢᠭ᠎ᠦᠨ ᠮᠡᠬᠡᠯᠡᠭ᠌ᠳᠡᠭ᠌ᠰᠡᠨ ᠵᠤᠭᠤᠰ ᠵᠢᠡᠨᠡᠭᠡᠭᠦᠯᠦᠨ ᠠᠪᠴᠠᠶ᠃ 《23 ᠲᠦᠮᠡᠨ ᠲᠥᠭᠥᠷᠢᠭ ᠵᠢᠡᠨ ᠪᠤᠴᠠᠭᠠᠨ ᠠᠪᠴᠢᠷᠠᠪᠠ!》 ᠪᠠᠳᠠᠢ᠎ᠶ᠋ᠢᠨ ᠵᠢᠷᠠᠨ ᠪᠠᠯᠭᠠᠰᠤᠨ᠎ᠤ ᠳ᠋ᠤᠸᠠᠨᠣᠪᠣᠭ᠍ᠲᠤ ᠪᠣᠯ ᠬᠠᠮᠤᠭ ᠤ᠋ᠨᠢᠯᠡᠬᠦᠦ ᠬᠣᠬᠢᠷᠠᠯ ᠠᠮᠰᠠᠬᠴᠢᠪᠠᠢᠵᠤ᠂ ᠲᠡᠷᠡ ᠳᠣᠲᠣᠭᠠᠳᠤ᠎ᠶ᠋ᠢ ᠬᠠᠮᠠᠭᠠᠯᠠᠬᠤ ᠰᠠᠯᠠᠭ᠎ᠠ ᠮᠥᠴᠢᠷ᠎ᠲᠦ ᠲᠠᠯᠠᠷᠬᠠᠯ ᠵᠢᠡᠨ ᠲᠡᠪᠰᠢᠬᠦᠯᠦᠨ᠎ᠠ᠃
ᠨᠢᠭᠡ ᠵᠢᠯ᠎ᠦᠨ ᠲᠤᠷᠰᠢ᠂ ᠪᠥᠬᠥ᠌ ᠣᠷᠣᠨ᠎ᠳᠤ ᠡᠯ᠎ᠡ ᠲᠥᠷᠥᠯ᠎ᠦᠨ ᠡᠷᠡᠭᠦᠦ᠍ᠶ᠋ᠢᠨᠬᠡᠷᠡᠭᠢ ᠨᠡᠢᠲᠡ 50443 ᠢᠯᠡᠷᠡᠭᠦᠯᠵᠦ᠍᠂ ᠶᠠᠯ᠎ᠠ ᠬᠢᠭ᠌ᠰᠡᠨ ᠰᠡᠵᠢᠭ᠌ᠯᠡᠯᠲᠡᠶ ᠡᠲᠡᠭᠡᠳ᠎ᠢ 43678 ᠪᠠᠷᠢᠪᠴᠢᠯᠠᠪᠠ; ᠬᠤᠤᠷ ᠴᠠᠭᠠᠵᠠᠯᠠᠬᠤ ᠠᠵᠢᠯ ᠢ 《ᠡᠬᠡ ᠤᠯᠤᠰᠤᠨᠤᠮᠠᠷᠠᠲᠤ ᠬᠢᠯᠢ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ᠎ᠶ᠋ᠢᠨ ᠬᠡᠷᠡᠭ᠌ᠵᠢᠭᠦᠯᠬᠦ᠌ᠲᠥᠰᠦᠯ》 ᠳ᠋ᠤ ᠣᠷᠣᠭᠤᠯᠪᠠ; ᠡᠬᠢ ᠡᠭᠦᠰᠦᠯ᠎ᠡᠴᠡ᠎ᠨᠢ ᠰᠡᠷᠭᠡᠢᠯᠡᠨ ᠡᠵᠡᠮᠳᠡᠬᠦ᠌᠂ ᠵᠢᠭ᠍ᠰᠠᠭᠠᠨ ᠪᠠᠢᠴᠠᠭᠠᠵᠤ ᠡᠮᠬᠢᠯᠡᠬᠦ᠌᠂ᠵᠢᠭᠤᠷᠠᠯᠳᠤᠭᠠᠨ᠎ᠢ ᠨᠠᠮᠳᠠᠭᠤᠯᠬᠤ᠂ ᠪᠠᠴᠢᠮ ᠪᠠᠢᠳᠠᠯ ᠢ ᠠᠷᠭᠠᠴᠠᠭᠠᠨ ᠱᠢᠶ᠋ᠳᠪᠦᠷᠢᠯᠡᠬᠦ᠌ ᠨᠡᠢᠭᠡᠮ᠎ᠦᠨ ᠵᠥᠷᠢᠴᠡᠯᠢᠶᠡᠷᠦᠩᠬᠡᠢᠯᠡᠨ ᠵᠠᠰᠠᠬᠤ ᠪᠠ ᠣᠯᠠᠨ ᠡᠱᠢᠵᠢᠭᠦᠯᠦᠨ ᠱᠢᠶ᠋ᠳᠪᠦᠷᠢᠯᠡᠬᠦ᠌ ᠲᠣᠭ᠍ᠲᠠᠴᠠ᠎ᠶ᠋ᠢ ᠲᠦᠷᠭᠡᠳᠭᠡᠨ ᠪᠠᠢᠭᠤᠯᠵᠤ᠂ᠲᠥᠪ᠎ᠦᠨ ᠲᠣᠭᠣᠷᠢᠨ ᠪᠠᠢᠴᠠᠭᠠᠵᠤ ᠱᠢᠯᠵᠢᠭᠦᠯᠦᠨ ᠲᠤᠱᠢᠶᠠᠭ᠍ᠰᠠᠨ ᠮᠠᠨ᠎ᠤ ᠣᠷᠣᠨ᠎ᠤ ᠵᠠᠰᠠᠭ ᠵᠠᠬᠢᠷᠭᠠᠨ᠎ᠤ ᠠᠷᠠᠳᠤᠨᠠᠮᠢᠳᠤᠷᠠᠯᠤᠨ ᠲᠥᠷᠥᠯ᠎ᠦᠨ ᠵᠠᠬᠢᠳᠠᠯ ᠰᠤᠷᠪᠤᠯᠵᠢᠯᠠᠯ᠎ᠤᠨ ᠵᠦᠶ᠋ᠯᠡᠰ᠎ᠢ ᠱᠢᠶ᠋ᠳᠪᠦᠷᠢᠯᠡᠭ᠌ᠰᠡᠨ ᠨᠣᠷᠮ᠎ᠠ ᠨᠢ 99% ᠳ᠋ᠤ ᠬᠥᠷᠪᠡ᠃ ᠶᠠᠯᠠᠲᠤ ᠠᠵᠢᠯᠯᠠᠭ᠎ᠠ᠎ᠳᠤ ᠴᠣᠬᠢᠯᠲᠠᠥᠭ᠌ᠬᠦᠡᠴᠡ ᠶᠡᠷᠦᠩᠬᠡᠢᠯᠡᠨ ᠵᠠᠰᠠᠬᠤ ᠬᠦᠷᠲᠡᠯ᠎ᠡ᠂ ᠨᠡᠢᠭᠡᠮ᠎ᠦᠨ ᠠᠮᠤᠷ ᠲᠦᠪᠱᠢᠨ᠎ᠦ ᠰᠡᠷᠭᠡᠢᠯᠡᠨ ᠡᠵᠡᠮᠳᠡᠬᠦ᠌ᠱᠢᠨᠡ ᠪᠠᠢᠷᠢᠱᠢᠯ ᠠᠯᠬᠤᠮ ᠠᠯᠬᠤᠮ ᠢᠶᠠᠷ ᠪᠦᠷᠢᠯᠳᠦᠪᠡ᠃
ᠨᠢᠭᠡ ᠵᠢᠯ ᠦᠨ ᠲᠤᠷᠰᠢ᠂ ᠪᠥᠬᠥ᠌ ᠣᠷᠣᠨ ᠡᠯ᠎ᠡ ᠲᠥᠷᠥᠯ᠎ᠦᠨ ᠠᠮᠤᠷ ᠲᠦᠪᠱᠢᠨᠦᠬᠡᠮ ᠰᠣᠭᠣᠭ ᠢ 1873 ᠤᠳᠠᠭ᠎ᠠ ᠠᠷᠢᠯᠭᠠᠵᠤ᠂ ᠤᠷᠴᠢᠨ ᠲᠤᠭᠤᠷᠢᠨ᠂ ᠢᠳᠡᠭᠡᠨ ᠪᠠ ᠡᠮ᠎ᠦᠨ ᠵᠦᠶ᠋ᠯᠡᠰ᠎ᠦᠨ ᠬᠦᠷᠢᠶᠠᠴᠠᠷᠠᠭᠠᠨᠳᠡᠬᠢ ᠶᠠᠯᠠᠲᠤ ᠬᠡᠷᠡᠭ᠎ᠢ 2695 ᠢᠯᠡᠷᠡᠭᠦᠯᠵᠦ᠍᠂ ᠳᠤᠮᠳᠠᠳᠤ ᠪᠠᠭ᠎ᠠ ᠰᠤᠷᠭᠠᠭᠤᠯᠢ ᠬᠡᠦᠬᠡᠳᠦᠨᠴᠡᠴᠡᠷᠯᠢᠭᠦᠨ ᠠᠮᠤᠷ ᠲᠦᠪᠱᠢᠨ᠎ᠦ ᠰᠡᠷᠭᠡᠢᠯᠡᠯᠲᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ 《 ᠭᠤᠷᠪᠠᠨ ᠵᠢᠯ᠎ᠦᠨ ᠠᠵᠢᠯᠯᠠᠭᠠᠨ᠎ᠤ ᠲᠥᠯᠥᠪᠯᠡᠭᠡ》 ᠵᠢ ᠯᠠᠪᠳᠠᠭᠤᠨ ᠪᠠᠲᠤᠲᠠᠶ ᠠᠬᠢᠭᠤᠯᠵᠤ᠂ ᠬᠠᠷ᠎ᠠ ᠪᠦᠯᠦᠭ᠌ᠲᠡᠨ ᠬᠠᠷᠭᠢᠰ ᠬᠦᠴᠦᠨ᠎ᠢ ᠠᠷᠢᠯᠭᠠᠬᠤᠲᠡᠮᠡᠴᠡᠯᠢ ᠪᠠᠢᠩᠭᠤ ᠵᠢᠨ ᠴᠢᠨᠠᠷᠳᠠᠢ ᠥᠷᠨᠢᠭᠦᠯᠪᠡ᠃
ᠪᠦᠬᠦ᠌ ᠣᠷᠣᠨ᠎ᠢ ᠦᠵᠡᠪᠡᠯ᠂ 12 ᠠᠢᠮᠠᠭ ᠬᠣᠲᠠ ᠪᠦᠬᠦᠨ᠎ᠢᠶᠡᠷ᠎ᠢᠶᠡᠨ 《ᠪᠦᠬᠦ᠌ ᠤᠯᠤᠰ᠎ᠤᠨ ᠬᠣᠲᠠ᠎ᠶ᠋ᠢᠨ ᠬᠡᠪᠴᠢᠶᠡᠨ᠎ᠦ ᠨᠡᠢᠭᠡᠮ᠎ᠦᠨ ᠵᠠᠰᠠᠯᠲᠠ᠎ᠶ᠋ᠢᠨ ᠣᠳᠣᠬᠢᠴᠢᠯᠠᠯᠲᠠᠶ᠋ᠢᠨᠲᠤᠷᠱᠢᠯᠲᠠᠶ᠋ᠢᠨ ᠴᠡᠭ ᠤ᠋ᠨ ᠬᠢᠷᠢ ᠲᠡᠩᠴᠡᠭ᠌ᠰᠡᠨ ᠬᠣᠲᠠ》 ᠪᠤᠯᠵᠤ᠂ᠬᠣᠲᠠ ᠬᠥᠳᠡᠭᠡ᠎ᠶ᠋ᠢᠨ ᠨᠡᠢᠭᠡᠮ ᠲᠣᠭᠣᠷᠢᠭ᠂ ᠮᠠᠯᠵᠢᠬᠤ ᠲᠠᠷᠢᠶᠠᠯᠠᠬᠤ ᠣᠷᠣᠨ᠂ ᠱᠢᠭᠤᠢᠲᠤ ᠣᠷᠣᠨ ᠠᠭᠤᠷᠬᠠᠶᠶ᠋ᠢᠨᠣᠷᠣᠨ ᠪᠠ ᠬᠢᠯᠢ ᠬᠢᠵᠠᠭᠠᠷ ᠣᠷᠣᠨ ᠳ᠋ᠤ ᠣᠯᠠᠨ ᠬᠡᠯᠪᠡᠷᠢ᠎ᠶ᠋ᠢᠨ ᠨᠡᠢᠭᠡᠮ᠎ᠦᠨ ᠵᠠᠰᠠᠯᠲᠠ᠎ᠶ᠋ᠢᠨ ᠵᠠᠭ᠍ᠪᠤᠷᠢᠪᠦᠷᠢᠯᠳᠦᠭᠦᠯᠪᠡ᠃
ᠥᠩᠭᠡᠷᠡᠭ᠌ᠰᠡᠨ᠎ᠢᠶᠡᠨ ᠡᠷᠭᠢᠴᠡᠭᠦᠯᠬᠦᠶ᠎ᠡ᠂ ᠠᠮᠵᠢᠯᠲᠠ ᠪᠦᠲᠦᠮᠵᠢ ᠤᠯᠤᠬᠰᠠᠨᠨᠢᠬᠢᠯᠪᠠᠷ ᠪᠢᠰᠢ;ᠢᠷᠡᠭᠡᠳᠦᠢ᠎ᠪᠡᠨ ᠪᠠᠷᠠᠯᠠᠬᠤᠶ᠎ᠠ᠂ ᠠᠯᠬᠤᠭ᠎ᠠ ᠪᠦᠷᠢ ᠨᠢ ᠨᠡᠩ ᠡᠷᠡᠰ ᠪᠠᠲᠤ᠃ ᠰᠢᠨᠡᠭᠠᠷᠤᠭᠠ ᠡᠴᠡ᠂ ᠥᠪᠥᠷ ᠮᠣᠩᠭᠣᠯ ᠨᠠᠩ ᠯᠠᠪᠳᠠᠭᠤᠨ ᠪᠠᠲᠤᠲᠠᠶ ᠤᠪᠤᠷ ᠰᠤᠷᠲᠠᠯ᠂ ᠨᠠᠩ ᠬᠦᠴᠦᠨ ᠪᠦᠬᠦᠢ ᠠᠷᠭ᠎ᠠᠬᠡᠮᠵᠢᠶ᠎ᠡ᠎ᠪᠡᠷ ᠡᠬᠡ ᠤᠯᠤᠰ᠎ᠤᠨ ᠤᠮᠠᠷᠠᠲᠤ ᠬᠢᠯᠢ᠎ᠳᠦ ᠪᠠᠲᠤ ᠪᠠᠬᠢ ᠠᠮᠤᠷ ᠲᠣᠭ᠍ᠲᠠᠭᠤᠨ᠎ᠤ ᠬᠠᠯᠬᠠᠪᠴᠢᠶ᠋ᠢᠴᠣᠭ᠍ᠴᠠᠯᠠᠵᠤ᠂ ᠨᠠᠮ᠎ᠤᠨ ᠲᠥᠪ ᠬᠣᠷᠢᠶ᠎ᠠ᠎ᠶ᠋ᠢ ᠰᠠᠨᠠᠭ᠎ᠠ ᠠᠮᠤᠷ ᠪᠠᠢᠯᠭᠠᠵᠤ᠂ ᠠᠷᠠᠳ ᠣᠯᠠᠨ᠎ᠢ ᠰᠡᠳᠬᠢᠯ ᠠᠮᠤᠷᠪᠣᠯᠭᠠᠨᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃