2022ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠱᠢᠭᠦᠮᠵᠢ

2022-03-07 08:41:00

ᠵᠣᠬᠢᠶᠠᠭ᠍ᠴᠢ᠄ ᠰᠠᠢ ᠪᠧᠢ ᠫᠢᠩ ᠣᠩᠱᠢᠭ᠍ᠰᠠᠨ ᠣᠳᠠᠭ᠎ᠠ᠄ 3

— ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠳᠦ ᠪᠠᠢᠬᠰᠠᠨ ᠡᠨᠡ ᠲᠠᠪᠤᠨ ᠵᠢᠯ᠎ᠢ ᠲᠡᠮᠳᠡᠭᠯᠡᠬᠦ ᠨᠢ

(ᠨᠢᠬᠡ) ᠪᠠᠰᠠ ᠨᠢᠭᠡ ᠵᠢᠯ᠎ᠤᠨ ᠬᠣᠶᠠᠷ ᠬᠤᠷᠠᠯ᠎ᠤᠨ ᠬᠤᠭᠤᠴᠠᠭ᠎ᠠ ᠪᠤᠯᠵᠥ᠂ ᠪᠠᠰᠠ ᠨᠢᠬᠡ ᠵᠢᠯ᠎ᠤᠨ ᠬᠠᠪᠤᠷ ᠰᠠᠭᠠᠳᠠᠵᠤ ᠤᠷᠢᠬᠠᠨ ᠰᠠᠯᠬᠢ ᠢᠯᠪᠢᠯ᠎ᠡ᠃ ᠪᠡᠭᠡᠵᠢᠩ᠎ᠦᠨ ᠤᠬᠳᠤᠮᠠᠯ ᠴᠡᠴᠡᠭ ᠵᠠᠳᠠᠷᠠᠨ ᠲᠠᠯᠭᠡᠷᠡᠪᠡ᠃ ᠬᠦᠢᠰ ᠬᠦᠢᠰ ᠬᠠᠪᠤᠷ᠎ᠤᠨ ᠴᠡᠴᠡᠭᠡᠰ ᠲᠡᠦᠬᠡ᠎ᠶ᠋ᠢᠨ ᠭᠱᠠᠨ᠎ᠢ ᠭᠡᠷᠡᠴᠢᠯᠡᠨ᠎ᠡ; ᠨᠤᠮᠢᠨ ᠨᠤᠭᠤᠭᠠᠨ ᠮᠣᠳᠣᠨ᠎ᠤ ᠨᠠᠪᠴᠢᠰ ᠴᠠᠭ ᠦᠶ᠎ᠡ᠎ᠶ᠋ᠢᠨ ᠤᠯᠠ ᠮᠥᠷ᠎ᠢ ᠲᠡᠮᠳᠡᠭ᠌ᠯᠡᠨ᠎ᠡ᠃

ᠬᠡᠬᠦᠳᠡᠭ ᠴᠡᠭᠡᠵᠢᠨ᠎ᠳᠡᠭᠡᠨ《ᠤᠯᠤᠰ᠎ᠤᠨ ᠶᠡᠬᠡ ᠶᠠᠪᠤᠳᠠᠯ》 ᠢ᠋ ᠪᠠᠭ᠍ᠲᠠᠭᠠᠵᠤ᠂ ᠠᠷᠠᠳ ᠲᠦᠮᠡᠨ᠎ᠦ ᠬᠦᠨᠳᠦ ᠨᠠᠢᠳᠠᠯᠭ᠎ᠠ᠎ᠶ᠋ᠢ ᠡᠭᠦᠷᠭᠡᠯᠡᠭᠰᠡᠨ᠂ ᠪᠦᠬᠦ᠌ ᠤᠯᠤᠰ᠎ᠤᠨ ᠬᠣᠶᠠᠷ ᠬᠤᠷᠠᠯ᠎ᠳᠤ ᠣᠷᠣᠯᠴᠠᠬᠤ ᠥᠪᠥᠷ ᠮᠣᠩᠭᠣᠯ᠎ᠤᠨ ᠲᠥᠯᠥᠭᠡᠯᠡᠭ᠌ᠴᠢᠳ ᠪᠣᠯᠤᠨ ᠭᠡᠱᠢᠭᠦᠳ ᠬᠡᠭᠦᠳᠡᠭ ᠳᠦᠭᠦᠷᠡᠩ ᠣᠮᠣᠭ ᠪᠠᠬᠠᠳᠤᠯ ᠲᠠᠢ ᠪᠡᠷ ᠦᠪᠡᠳᠡᠭ᠌ᠰᠢ ᠬᠤᠷᠠᠯ᠎ᠳᠤ ᠬᠠᠮᠲᠤ᠎ᠪᠠᠷ ᠣᠷᠣᠯᠴᠠᠪᠠ᠃ ᠲᠡᠳᠡᠨ᠎ᠦ ᠨᠢᠭᠤᠷ ᠴᠢᠷᠠᠢ ᠳᠡᠭᠡᠷ᠎ᠡ ᠢᠲᠡᠭᠡᠯ ᠵᠤᠷᠢᠭ ᠪᠠᠶᠠᠷ ᠪᠠᠶᠠᠰᠤᠯ ᠵᠢᠡᠷ ᠪᠢᠯᠬᠠᠨᠠᠮ᠃

ᠢᠲᠡᠭᠡᠯ᠂ ᠶᠡᠷᠦᠩᠬᠡᠢ ᠱᠦᠵᠢ ᠰᠢ ᠵᠢᠨ ᠫᠢᠩ᠎ᠦᠨ ᠵᠠᠯᠠᠭᠤᠷ ᠎ᠢ ᠠᠤᠨᠬᠤᠨ ᠴᠢᠭᠯᠡᠯ ᠎ᠢ ᠲᠤᠭᠳᠠᠭᠠᠵᠤ ᠠᠶᠠᠯᠠᠯ᠎ᠢ ᠵᠢᠯᠤᠭᠤᠳᠤᠭᠰᠠᠨ ᠡᠴᠡ ᠢᠷᠡᠯᠳᠡᠢ — ᠲᠠᠯᠠᠪᠠᠢ ᠲᠠᠯᠠᠪᠠᠢ《ᠬᠠᠪᠤᠷ᠎ᠤᠨ ᠪᠣᠯᠵᠣᠭ᠎ᠠ》 ᠪᠡᠷ᠂ ᠶᠡᠷᠦᠩᠬᠡᠢ ᠱᠦᠵᠢ ᠰᠢ ᠵᠢᠨ ᠫᠢᠩ 5 ᠤᠳᠠᠭ᠎ᠠ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠵᠤ᠂ ᠬᠥᠭ᠌ᠵᠢᠯᠲᠡ᠎ᠶ᠋ᠢᠨ ᠶᠡᠬᠡ ᠪᠤᠳᠤᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠠᠷᠠᠳ᠎ᠤᠨ ᠠᠮᠢᠳᠤᠷᠠᠯ᠎ᠤᠨ ᠬᠦᠴᠢᠷ ᠵᠣᠪᠠᠭᠤᠷᠢ᠎ᠶ᠋ᠢ ᠰᠠᠨᠠᠭᠠᠱᠢᠷᠠᠵᠠᠢ᠃ ᠵᠢᠷᠦᠬᠡ ᠰᠡᠳᠬᠢᠯ ᠵᠢᠡᠨ ᠬᠤᠯᠪᠤᠨ ᠳᠣᠲᠣᠨᠣ ᠪᠠᠷ ᠬᠠᠯᠠᠮᠵᠢᠯᠠᠵᠥ᠂ ᠨᠢᠭᠤᠷᠳᠠᠨ ᠵᠢᠯᠣᠭᠣᠳᠤᠬᠰᠠᠨ ᠨᠢ ᠥᠪᠥᠷ ᠮᠣᠩᠭᠣᠯ᠎ᠤᠨ ᠬᠥᠭ᠌ᠵᠢᠯᠲᠡ᠎ᠳᠦ ᠤᠷᠤᠭ᠍ᠰᠢᠯᠠᠬᠤ ᠴᠢᠭ᠌ᠯᠡᠯ᠎ᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠤ᠂ ᠵᠠᠪᠠᠯ ᠢᠯᠠᠬᠤ ᠢᠲᠡᠭᠡᠯ ᠵᠣᠷᠢᠭ᠎ᠢ ᠪᠠᠲᠤᠳᠭᠠᠵᠤ᠂ ᠲᠩᠷᠢ ᠲᠤᠯᠤᠮ᠎ᠠ ᠡᠷᠴᠢ ᠵᠣᠷᠢᠭ᠎ᠢ ᠬᠥᠪᠴᠢᠯᠡᠪᠡ᠃

ᠪᠠᠶᠠᠷ ᠪᠠᠬᠠᠳᠤᠯ᠂ ᠣᠷᠣᠨ ᠳᠠᠶᠠᠭᠠᠷ᠎ᠢᠶᠠᠨ ᠡᠷᠡᠮᠡᠬᠡᠢᠯᠡᠨ ᠤᠷᠤᠭ᠍ᠰᠢᠯᠠᠵᠤ᠂ ᠴᠥᠬᠥᠷᠡᠰᠢ ᠦᠭᠡᠢ ᠲᠡᠮᠡᠴᠡᠭᠰᠡᠨ ᠡᠴᠡ ᠢᠷᠡᠯᠳᠡᠢ — ᠳᠠᠷᠪᠠᠭᠤᠯ ᠬᠡᠢᠰᠭᠡᠨ ᠠᠶᠠᠨ᠎ᠳᠠᠭᠠᠨ ᠮᠤᠷᠳᠠᠬᠤ ᠪᠦᠷᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠡ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠠᠴᠢ ᠡᠨᠡᠷᠢᠯ ᠳ᠋ᠤᠨᠢ ᠲᠠᠯᠠᠷᠬᠠᠨ ᠡᠷᠡᠮᠡᠬᠡᠢᠯᠡᠨ ᠤᠷᠤᠭ᠍ᠰᠢᠯᠠᠵᠤ᠂ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠵᠢᠷᠤᠭ ᠲᠥᠰᠦᠪ᠎ᠢ ᠲᠠᠰᠤᠷᠠᠯᠳᠡ ᠦᠭᠡᠢ ᠪᠡᠷ ᠦᠵᠡᠰᠭᠦᠯᠡᠩᠲᠦ ᠰᠠᠢᠬᠠᠨ ᠦᠵᠡᠮᠵᠢ ᠪᠣᠯᠭᠠᠨ ᠬᠤᠪᠢᠷᠠᠭᠤᠯᠵᠤ᠂ ᠬᠦᠰᠡᠯ ᠡᠷᠡᠮᠡᠯᠵᠡᠯ᠎ᠢ ᠪᠣᠳᠠᠲᠤ ᠠᠬᠤᠢ ᠪᠣᠯᠭᠠᠨ ᠬᠤᠪᠢᠷᠠᠭᠤᠯᠪᠠ᠃

ᠡᠰᠡᠨᠢᠯᠳᠤ ᠬᠠᠪᠤᠷ᠎ᠤᠨ ᠤᠷᠢᠬᠠᠨ ᠰᠠᠯᠬᠢ ᠲᠦᠮᠡᠨ ᠪᠣᠳᠠᠰ᠎ᠢ ᠲᠦᠯᠵᠢᠭᠦᠯᠦᠨᠡᠮ; ᠴᠠᠭ ᠦᠶ᠎ᠡ᠎ᠶ᠋ᠢᠨ ᠤᠷᠢᠬᠠᠨ ᠰᠠᠯᠬᠢ ᠬᠥᠮᠦᠰ᠎ᠦᠨ ᠰᠡᠳᠭᠢᠯ᠎ᠢ ᠳᠤᠯᠠᠭᠠᠴᠠᠭᠤᠯᠤᠨᠠᠮ᠃ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠥᠪᠥᠷ ᠮᠣᠩᠭᠣᠯ᠎ᠤᠨ ᠠᠸ᠋ᠭ᠎ᠠ ᠰᠦᠷᠯᠢᠭ ᠵᠢᠷᠤᠭ᠎ᠤᠨ ᠬᠠᠭᠤᠳᠠᠰᠤ ᠠᠯᠭᠤᠷᠬᠠᠨ ᠳᠡᠯᠭᠡᠭ᠌ᠳᠡᠵᠦ᠍᠂ ᠥᠪᠥᠷ ᠮᠣᠩᠭᠣᠯ᠎ᠤᠨ ᠭᠣᠢᠳᠠ ᠰᠠᠢᠬᠠᠨ ᠥᠯᠢᠭᠡᠷ ᠲᠠᠰᠤᠷᠠᠯᠲᠠ ᠥᠬᠡᠶ ᠶᠠᠷᠢᠬᠳᠠᠨ᠎ᠠ᠃

(ᠬᠣᠶᠠᠷ)ᠮᠣᠳᠣ ᠦᠨᠳᠦᠰᠦ᠎ᠲᠡᠶ ᠪᠠᠢᠬᠤ ᠪᠡᠷ ᠵᠢᠡᠨ ᠢᠭᠴᠤ ᠰᠠᠬᠤᠯᠢᠭ ᠤᠷᠭᠤᠳᠠᠭ; ᠤᠰᠤ ᠡᠬᠢ᠎ᠲᠡᠶ ᠪᠠᠢᠬᠤ ᠪᠡᠷ ᠵᠢᠡᠨ ᠤᠢᠯᠤᠨ ᠲᠠᠪᠠᠯᠭᠠᠯᠠᠨ ᠤᠷᠤᠰᠳᠠᠭ᠃ ᠶᠡᠷᠦ᠍ ᠨᠢ ᠨᠢᠭᠡ ᠪᠦᠯᠦᠭ ᠴᠢᠬᠤᠯᠠ ᠴᠠᠭ ᠮᠥᠴᠡ ᠨᠢ ᠴᠠᠭ ᠬᠤᠭᠤᠴᠠᠭᠠᠨ᠎ᠤ ᠰᠤᠯᠪᠢᠴᠠᠯ ᠲᠤᠮᠳᠠ ᠭᠡᠷᠡᠯ ᠰᠠᠴᠤᠷᠠᠩᠭᠤᠢ ᠢᠮ ᠳᠠᠮᠠᠭ᠎ᠠ ᠦᠯᠡᠳᠡᠭᠡᠵᠥ ᠯᠡ ᠪᠠᠢᠳᠠᠭ᠃

2018 ᠣᠨ᠎ᠤ 1 ᠰᠠᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠳᠤ ᠪᠦᠷᠢᠨ ᠪᠢᠯᠧᠲ᠎ᠢᠶᠡᠷ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠪᠡᠷ ᠰᠣᠩᠭᠣᠭ᠍ᠳᠠᠪᠠ! ᠡᠨᠡ ᠪᠣᠯ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠡ ᠵᠢᠨ ᠦᠨᠳᠦᠰᠦᠲᠡᠨ᠎ᠦ ᠭᠠᠵᠠᠷ ᠣᠷᠣᠨ᠂ ᠬᠢᠯᠢ ᠬᠢᠵᠠᠭᠠᠷ ᠣᠷᠣᠨ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ ᠪᠠᠢᠭ᠎ᠠ ᠶᠠᠪᠤᠳᠠᠯ ᠮᠥᠨ᠂ ᠮᠦᠨ ᠴᠤ᠌ ᠥᠪᠥᠷ ᠮᠣᠩᠭᠣᠯ᠎ᠤᠨ ᠦᠨᠳᠦᠰᠦᠲᠡᠨ ᠎ᠨᠦᠭᠦᠳ᠎ᠦᠨ ᠠᠷᠠᠳ ᠲᠦᠮᠡᠨ᠎ᠢ ᠳᠣᠲᠣᠨᠣ᠎ᠪᠠᠷ ᠬᠠᠯᠠᠮᠵᠢᠯᠠᠵᠤ ᠪᠠᠢᠭ᠎ᠠ ᠶᠠᠪᠤᠳᠠᠯ ᠮᠥᠨ᠃

2018 ᠣᠨ᠎ᠤ 3 ᠰᠠᠷ᠎ᠠ᠎ᠳᠤ᠂ ᠶᠡᠷᠦᠩᠬᠡᠶ ᠱᠦᠵᠢ ᠰᠢ ᠵᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠭ᠍ᠰᠠᠨ ᠪᠥᠭᠡᠳ ᠴᠢᠬᠤᠯᠠ ᠶᠠᠷᠢᠶ᠎ᠠ ᠲᠠᠯᠪᠢᠬᠤ ᠳ᠋ᠠᠭᠠᠨ᠂ ᠵᠣᠷᠢᠭ᠍ᠲᠠᠶ᠎ᠪᠠᠷ ᠱᠢᠨ᠎ᠡ᠎ᠶ᠋ᠢ ᠡᠭᠦᠳᠴᠦ᠍᠂ ᠱᠢᠷᠭᠠᠭᠤ ᠬᠠᠲᠠᠭᠤᠵᠢᠯᠲᠠᠶ ᠠᠵᠢᠯᠯᠠᠵᠤ᠂ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠍᠂ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠶᠠᠳᠠᠭᠤ ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠬᠤ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠦᠨᠳᠦᠰᠦᠲᠡᠨ᠎ᠦ ᠪᠦᠯᠬᠦᠮᠳᠡᠯ ᠪᠠ ᠬᠢᠯᠢ ᠬᠢᠵᠠᠭᠠᠷ᠎ᠤᠨ ᠠᠮᠤᠷ ᠲᠣᠭ᠍ᠲᠠᠭᠤᠨ᠎ᠢ ᠯᠠᠪᠳᠠᠭᠤᠨ ᠪᠠᠲᠤᠲᠠᠶ ᠠᠬᠢᠭᠤᠯᠵᠤ᠂ ᠡᠬᠡ ᠤᠯᠤᠰ᠎ᠤᠨ ᠤᠮᠠᠷᠠᠲᠤ᠎ᠶ᠋ᠢᠨ ᠦᠵᠡᠮᠵᠢ᠎ᠶ᠋ᠢᠨ ᠣᠷᠣᠨ᠎ᠢᠶᠠᠨ ᠨᠠᠩ ᠦᠵᠡᠰᠭᠦᠯᠡᠩᠲᠦ ᠰᠠᠢᠬᠠᠨ ᠪᠣᠯᠭᠠᠨ ᠪᠥᠲᠥᠭᠡᠨ ᠪᠠᠢᠭᠤᠯᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃

2019 ᠣᠨ᠎ᠤ 3 ᠰᠠᠷ᠎ᠠ᠎ᠳᠤ᠂ ᠶᠡᠷᠦᠩᠬᠡᠶ ᠱᠦᠵᠢ ᠰᠢ ᠵᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ᠎ᠠᠷᠠᠳ᠎ᠤᠨ᠎ᠲᠥᠯᠥᠭᠡᠯᠡᠭ᠌ᠴᠢᠳ᠎ᠦᠨ᠎ᠶᠡᠬᠡ᠎ᠬᠤᠷᠠᠯ᠎ᠤᠨ᠎ᠬᠣᠶᠠᠳᠤᠭᠠᠷ᠎ᠬᠤᠷᠠᠯ᠎ᠤᠨ᠎ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ᠂ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠴᠢᠩᠭᠠᠳᠭᠠᠬᠤ ᠪᠠᠢᠯᠳᠤᠬᠤ ᠪᠣᠳᠣᠯᠭ᠎ᠠ᠎ᠶ᠋ᠢᠨ ᠲᠣᠭ᠍ᠲᠠᠯ ᠬᠦᠴᠦᠨ᠎ᠢᠶᠡᠨ ᠪᠠᠲᠤᠯᠠᠵᠤ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭ᠌ᠵᠢᠬᠦᠯᠬᠦ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢ ᠬᠠᠢᠨ ᠰᠦᠪᠡᠭ᠌ᠴᠢᠯᠡᠵᠦ᠍᠂ ᠠᠮᠢ ᠠᠬᠤᠶ᠎ᠶ᠋ᠢᠨ ᠱᠢᠰᠲ᠋ᠧᠮ᠎ᠢ ᠬᠠᠮᠠᠭᠠᠯᠠᠬᠤ ᠡᠷᠴᠢᠮ᠎ᠢᠶᠡᠨ ᠴᠢᠩᠭᠠᠷᠠᠭᠤᠯᠵᠤ᠂ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠰᠠᠢᠲᠤᠷ ᠬᠢᠵᠦ᠍᠂ ᠡᠬᠡ ᠤᠯᠤᠰ᠎ᠤᠨ ᠤᠮᠠᠷᠠᠲᠤ᠎ᠶ᠋ᠢᠨ ᠡᠨᠡ ᠬᠦ᠌ ᠦᠵᠡᠰᠭᠦᠯᠡᠩᠲᠦ ᠰᠠᠢᠬᠠᠨ ᠦᠵᠡᠮᠵᠢ᠎ᠶ᠋ᠢᠨ ᠣᠷᠣᠨ᠎ᠢ ᠰᠠᠢᠲᠤᠷ ᠰᠠᠬᠢᠨ ᠬᠠᠮᠠᠭᠠᠯᠠᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃

2020 ᠣᠨ᠎ᠤ 5 ᠰᠠᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠎ᠳᠠᠭᠠᠨ᠂ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠷᠢᠮᠲᠠᠯᠠᠬᠤ ᠨᠢ ᠨᠠᠮ᠎ᠤᠨ ᠬᠦᠰᠡᠯᠡᠩ ᠢᠲᠡᠭᠡᠯ ᠪᠢᠱᠢᠷᠡᠯ᠂ ᠱᠢᠨᠵᠢ ᠴᠢᠨᠠᠷ ᠵᠣᠷᠢᠯᠲᠠ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠶ᠋ᠢ ᠢᠯᠡᠷᠡᠭᠦᠯᠵᠦ᠍᠂ ᠪᠠᠰᠠ ᠴᠤ᠌ ᠨᠠᠮ᠎ᠤᠨ ᠲᠡᠮᠡᠴᠡᠯ᠎ᠦᠨ ᠥᠩᠭᠡᠷᠡᠯᠲᠡ ᠪᠣᠯᠤᠨ ᠦᠢᠯᠡᠳᠦᠯᠭᠡ᠎ᠶ᠋ᠢᠨ ᠲᠤᠷᠱᠢᠯᠭ᠎ᠠ᠎ᠶ᠋ᠢᠨ ᠲᠤᠬᠠᠢ ᠭᠦᠨᠵᠡᠭᠡᠢ ᠳ᠋ᠦᠩᠨᠡᠯᠲᠡ ᠪᠣᠯᠤᠨ᠎ᠠ᠃ ᠡᠷᠬᠡᠪᠰᠢ ᠠᠷᠠᠳ ᠲᠦᠮᠡᠨ᠎ᠢ ᠳᠡᠭᠡᠳᠦᠯᠡᠬᠦ᠌᠂ ᠠᠷᠠᠳ ᠲᠦᠮᠡᠨ᠎ᠳᠦ ᠨᠢᠭ᠍ᠲᠠ ᠲᠦᠱᠢᠭ᠌ᠯᠡᠬᠦ᠌᠂ ᠠᠷᠠᠳ ᠲᠦᠮᠡᠨ᠎ᠳᠦ ᠲᠠᠰᠤᠷᠠᠯᠲᠠ ᠥᠬᠡᠶ ᠪᠤᠶᠠᠨ ᠦᠶ᠋ᠯᠡᠳᠬᠦ᠌᠂ ᠠᠷᠠᠳ ᠲᠦᠮᠡᠨ᠎ᠦ ᠳᠤᠮᠳᠠ ᠪᠠᠲᠤ ᠦᠨᠳᠦᠰᠦᠯᠡᠬᠦ᠌᠎ᠶ᠋ᠢ ᠪᠠᠷᠢᠮᠲᠠᠯᠠᠬᠤ᠎ᠶ᠋ᠢᠨ ᠬᠠᠮᠲᠤ ᠡᠯ᠎ᠡ ᠵᠦᠶ᠋ᠯ᠎ᠦᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠪᠣᠯᠤᠨ ᠪᠣᠳᠠᠲᠠᠶ ᠠᠵᠢᠯ᠎ᠳᠠᠭᠠᠨ ᠨᠠᠢᠳᠠᠪᠤᠷᠢᠵᠢᠭᠤᠯᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢ ᠨᠢᠭᠡᠳᠦᠯᠲᠡᠶ ᠲᠥᠯᠥᠪᠵᠢᠭᠦᠯᠬᠦ᠌ ᠠᠵᠢᠯ᠎ᠢ ᠰᠠᠢᠲᠤᠷ ᠬᠢᠬᠦ᠌ ᠳᠤᠮᠳᠠ ᠨᠠᠢᠳᠠᠪᠤᠷᠢᠵᠢᠭᠤᠯᠬᠤ ᠬᠡᠷᠡᠭ᠌ᠲᠡᠶ ᠬᠡᠵᠥ ᠴᠢᠬᠤᠯᠠᠴᠢᠯᠠᠪᠠ᠃

2021 ᠣᠨ᠎ᠤ 3 ᠰᠠᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ ᠪᠣᠯ ᠨᠢᠭᠡᠨ ᠪᠦᠬᠦᠯᠢ ᠴᠣᠭ᠍ᠴᠠ ᠮᠥᠨ᠂ ᠡᠷᠬᠡᠪᠰᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ᠌ ᠲᠠᠯ᠎ᠠ᠎ᠪᠠᠷ ᠤᠢ᠍ᠢᠯᠠᠭᠠᠨ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠦᠢᠯᠡᠴᠢᠯᠡᠬᠦ᠌ ᠪᠠ ᠠᠭᠤᠰᠤᠯᠴᠠᠬᠤ ᠪᠡᠷ ᠬᠦᠴᠦᠯᠡᠬᠦ ᠬᠡᠷᠡᠭ᠌ᠲᠡᠢ᠃ ᠦᠨᠳᠦᠰᠦᠲᠡᠨ᠎ᠦ ᠪᠦᠯᠬᠦᠮᠳᠡᠯ᠎ᠦᠨ ᠢᠷᠠᠭᠤ ᠠᠯᠳᠠᠷᠲᠤ ᠤᠯᠠᠮᠵᠢᠯᠠᠯ ᠪᠣᠯᠤᠨ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠤ᠋ ᠡᠷᠬᠢᠮ ᠳᠡᠭᠡᠳᠦ ᠢᠷᠠᠭᠤ ᠠᠯᠳᠠᠷ᠎ᠢ ᠬᠤᠪᠢ ᠲᠠᠬᠢᠨ ᠨᠠᠨᠳᠢᠩᠨᠠᠵᠤ᠂ ᠦᠷᠭᠦᠯᠵᠢᠯᠡᠨ ᠪᠠᠷᠢᠮᠲᠠᠯᠠᠵᠤ᠂ ᠦᠨᠳᠦᠰᠦᠲᠡᠨ᠎ᠦ ᠪᠦᠯᠬᠦᠮᠳᠡᠯ᠎ᠦᠨ ᠶᠡᠬᠡ ᠲᠠᠯ᠎ᠠ᠎ᠶ᠋ᠢ ᠪᠡᠬᠢᠵᠢᠭᠦᠯᠦᠨ ᠬᠥᠭ᠌ᠵᠢᠭᠦᠯᠬᠦ᠌ ᠬᠡᠷᠡᠭ᠌ᠲᠡᠢ᠃ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠰᠠᠢᠲᠤᠷ ᠠᠳᠭᠤᠵᠤ᠂ ᠪᠦᠬᠦ᠌ ᠨᠠᠮ᠎ᠤᠨ ᠭᠡᠱᠢᠭᠦᠨ᠎ᠢ ᠬᠦᠮᠦᠵᠢᠬᠦᠯᠦᠨ ᠵᠢᠯᠤᠭᠤᠳᠴᠤ ᠪᠠᠢᠭᠠᠳ ᠤᠭ ᠰᠠᠨᠠᠭ᠎ᠠ᠎ᠪᠠᠨ ᠦᠯᠦ᠍ ᠮᠠᠷᠲᠠᠵᠤ᠂ ᠡᠭᠦᠷᠭᠡ ᠬᠠᠷᠢᠭᠤᠴᠠᠯᠭ᠎ᠠ ᠎ᠪᠠᠨ ᠪᠠᠲᠤ ᠴᠡᠭᠡᠵᠢᠯᠡᠵᠦ᠍᠂ ᠡᠷᠡᠰ ᠭᠤᠢᠪᠢᠰᠢ ᠦᠭᠡᠢ᠎ᠪᠡᠷ ᠳᠤᠮᠳᠠᠳᠤ ᠤᠯᠤᠰ᠎ᠤᠨ ᠠᠷᠠᠳ ᠲᠦᠮᠡᠨ᠎ᠳᠦ ᠵᠣᠯ ᠵᠢᠷᠭᠠᠯ ᠡᠳ᠋ᠯᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠬᠡᠷᠡᠭ᠌ᠲᠡᠢ ᠬᠡᠵᠥ ᠴᠢᠬᠤᠯᠠᠴᠢᠯᠠᠪᠠ᠃

2022 ᠣᠨ᠎ᠤ 3 ᠰᠠᠷ᠎ᠠ᠂ ᠶᠡᠷᠦᠩᠬᠡᠢ ᠱᠦᠵᠢ ᠰᠢ ᠵᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠣᠣᠯ ᠱᠢᠵᠢᠮ᠎ᠢ ᠴᠢᠩᠭ᠎ᠠ ᠠᠳᠭᠤᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠬᠥᠮᠦᠵᠢᠯ᠎ᠢ ᠭᠦᠨᠵᠡᠭᠡᠢᠷᠡᠭᠦᠯᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠬᠥᠲᠥᠯᠥᠨ ᠵᠢᠯᠣᠭᠣᠳᠴᠤ᠌ ᠵᠢᠷᠭᠠᠯ ᠵᠣᠪᠠᠯᠠᠩ᠎ᠢᠶᠠᠨ ᠬᠠᠮᠲᠤᠳᠭᠠᠬᠤ᠂ ᠠᠯᠳᠠᠷ ᠭᠤᠳᠤᠮᠰᠢᠭ ᠵᠢᠡᠨ ᠬᠠᠮᠲᠤᠳᠭᠠᠬᠤ᠂ ᠤᠢ᠍ᠬᠦᠵᠦ᠍ ᠰᠡᠭᠡᠬᠦ᠌᠎ᠪᠡᠨ ᠬᠠᠮᠲᠤᠳᠭᠠᠬᠤ᠂ ᠬᠤᠪᠢ ᠵᠠᠶᠠᠭ᠎ᠠ᠎ᠪᠠᠨ ᠬᠠᠮᠲᠤᠳᠭᠠᠬᠤ ᠬᠠᠮᠲᠤ᠎ᠶ᠋ᠢᠨ ᠴᠣᠭ᠍ᠴᠠ᠎ᠶ᠋ᠢᠨ ᠣᠢᠯᠠᠭᠠᠭ᠍ᠳᠠᠬᠤᠨ᠎ᠢ ᠪᠠᠳᠤ ᠪᠤᠢ ᠪᠤᠯᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠦᠵᠡᠯ ᠰᠠᠨᠠᠭᠠᠨ᠎ᠤ ᠰᠠᠭᠤᠷᠢ᠎ᠶ᠋ᠢ ᠲᠠᠰᠤᠷᠠᠯᠲᠠ ᠦᠭᠡᠢ ᠪᠡᠬᠢᠵᠢᠭᠦᠯᠵᠤ᠂ ᠦᠨᠳᠦᠰᠦᠲᠡᠨ᠎ᠨᠦᠭᠦᠳ ᠳᠤᠮᠳᠠᠳᠤ᠎ᠶ᠋ᠢᠨ ᠦᠨᠳᠦᠰᠦᠲᠡᠨ᠎ᠦ ᠶᠡᠬᠡ ᠭᠡᠷ ᠪᠦᠯᠢ᠎ᠳᠦ ᠠᠨᠠᠷ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠬᠦ᠌᠎ᠶ᠋ᠢ ᠠᠬᠢᠭᠤᠯᠵᠤ᠂ ᠠᠭᠤᠤ ᠶᠡᠬᠡ ᠡᠬᠡ ᠤᠯᠤᠰ᠎ᠢᠶᠠᠨ ᠬᠠᠮᠲᠤ᠎ᠪᠠᠷ ᠪᠦᠲᠦᠭᠡᠨ ᠪᠠᠢᠭᠤᠯᠵᠤ᠂ ᠰᠠᠢᠨ ᠰᠠᠢᠬᠠᠨ ᠠᠮᠢᠳᠤᠷᠠᠯ᠎ᠢ ᠬᠠᠮᠲᠤ᠎ᠪᠠᠷ ᠴᠣᠭ᠍ᠴᠠᠯᠠᠵᠤ᠂ ᠲᠣᠭ᠍ᠲᠠᠭᠤᠨ ᠪᠥᠭᠡᠳ ᠡᠷᠡᠭᠦᠯ ᠠᠵᠤ ᠠᠬᠤᠢ ᠵᠢᠨ ᠣᠷᠴᠢᠨ ᠲᠤᠭᠤᠷᠢᠨ᠂ ᠲᠦᠷᠦ᠍ ᠲᠦᠪᠱᠢᠨ ᠲᠦᠮᠡᠨ ᠠᠮᠤᠭᠤᠯᠠᠩ ᠨᠡᠢᠭᠡᠮ᠎ᠦᠨ ᠣᠷᠴᠢᠨ ᠲᠣᠭᠣᠷᠢᠨ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ᠎ᠶ᠋ᠢᠨ ᠣᠷᠴᠢᠨ ᠲᠣᠭᠣᠷᠢᠨ᠎ᠢ ᠬᠦᠴᠤᠯᠡᠨ ᠪᠠᠳᠤᠯᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠬᠤ᠎ᠶ᠋ᠢ ᠤᠭ᠍ᠲᠤᠬᠤ ᠭᠡᠷᠡᠭᠳᠠᠢ ᠭᠡᠵᠤ ᠴᠢᠬᠤᠯᠠᠴᠢᠯᠠᠪᠠ᠃

ᠬᠦᠰᠡᠯ ᠨᠠᠢᠳᠠᠯᠭ᠎ᠠ ᠴᠢᠬᠢ ᠰᠡᠳᠬᠢᠯ᠎ᠳᠦ ᠬᠠᠳᠠᠩᠱᠢᠨ᠎ᠠ; ᠨᠠᠢᠳᠠᠪᠤᠷᠢᠵᠢᠭᠤᠯᠤᠯᠳᠠ ᠵᠢ ᠲᠠᠷᠤᠢ ᠬᠡᠯᠡᠵᠤ ᠲᠠᠷᠤᠢ ᠬᠦᠢᠴᠡᠳᠭᠡᠨ᠎ᠠ᠃

ᠰᠤᠷᠤᠯᠴᠠᠯᠭ᠎ᠠ ᠰᠦᠷ ᠲᠠᠯᠠᠢᠴᠠᠳᠠᠢ ᠶᠠᠪᠤᠬᠳᠠᠪᠠ᠃ ᠲᠡᠷᠡ ᠳᠠᠷᠤᠢ᠎ᠳᠤᠨᠢ ᠬᠤᠷᠠᠯ ᠬᠤᠷᠠᠯᠳᠤᠭᠤᠯᠵᠤ ᠶᠠᠷᠢᠶᠠᠨ᠎ᠤ ᠵᠣᠷᠢᠭ ᠰᠠᠨᠠᠭ᠎ᠠ᠎ᠶ᠋ᠢ ᠤᠯᠠᠮᠵᠢᠯᠠᠵᠤ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠰᠠᠨᠠᠯ᠎ᠢ ᠪᠠᠴᠢᠮ ᠶᠠᠭᠠᠷᠠᠯᠲᠠᠢ ᠰᠤᠳᠤᠯᠤᠨ ᠲᠣᠭ᠍ᠲᠠᠭᠠᠪᠠ ᠁ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠠᠬᠢ ᠬᠠᠯᠠᠮᠵᠢᠯᠠᠯ᠎ᠢ ᠢᠮᠠᠭ᠍ᠲᠠ ᠬᠠᠮᠤᠭ᠎ᠤᠨ ᠶᠡᠬᠡ ᠬᠥᠳᠡᠯᠭᠡᠬᠦ᠌ ᠬᠦᠴᠦᠨ ᠪᠣᠯᠭᠠᠵᠤ᠂ ᠳᠡᠭᠡᠳᠦ ᠬᠡᠮᠵᠢᠶᠡᠨ᠎ᠦ ᠤᠯᠤᠰ ᠲᠦᠷᠦ᠍᠎ᠶ᠋ᠢᠨ ᠤᠬᠠᠮᠰᠠᠷ᠂ ᠦᠵᠡᠯ ᠰᠠᠨᠠᠭᠠᠨ᠎ᠤ ᠤᠬᠠᠮᠰᠠᠷ ᠪᠣᠯᠤᠨ ᠦᠢᠯᠡ ᠠᠵᠢᠯᠯᠠᠭ᠎ᠠ᠎ᠶ᠋ᠢᠨ ᠤᠬᠠᠮᠰᠠᠷ᠎ᠢᠶᠠᠷ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠤᠮᠠᠷᠠᠲᠤ ᠬᠢᠯᠢ᠎ᠶ᠋ᠢᠨ ᠡᠬᠡ ᠭᠠᠵᠠᠷ᠎ᠲᠤ ᠲᠤᠭᠤᠱᠢᠯᠠᠭᠤᠯᠤᠨ ᠨᠠᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ᠎ᠶ᠋ᠢ ᠪᠦᠬᠦ᠌ ᠬᠦᠴᠦᠨ᠎ᠢᠶᠡᠷ ᠠᠬᠢᠭᠤᠯᠪᠠ᠃

ᠲᠤᠭᠤᠱᠢᠯᠠᠭᠤᠯᠤᠯᠳᠠ ᠵᠢ ᠬᠦᠴᠤᠯᠡᠨ ᠠᠬᠢᠭᠤᠯᠪᠠ᠃ ᠰᠠᠢ᠌ᠨ ᠰᠠᠢᠬᠠᠨ ᠬᠦᠰᠡᠯ ᠡᠷᠡᠮᠡᠯᠵᠡᠯ᠎ᠡᠴᠡ ᠪᠣᠳᠠᠲᠠᠢ ᠠᠷᠭ᠎ᠠ ᠵᠠᠮ ᠬᠦᠷᠲᠡᠯ᠎ᠡ᠂ ᠠᠵᠢᠯ᠎ᠤᠨ ᠰᠡᠳᠭᠢᠴᠡ᠎ᠡᠴᠡ ᠭᠣᠣᠯᠳᠠᠯᠭ᠎ᠠ᠎ᠲᠠᠶ ᠠᠷᠭ᠎ᠠ ᠬᠡᠮᠵᠢᠶ᠎ᠡ ᠬᠦᠷᠲᠡᠯ᠎ᠡ᠂ ᠬᠦᠴᠦᠲᠡᠢ ᠬᠠᠷᠢᠭᠤᠴᠠᠯᠭ᠎ᠠ ᠡᠭᠦᠷᠭᠡᠯᠡᠬᠦ᠌᠎ᠡᠴᠡ ᠪᠣᠳᠠᠲᠠᠢ᠎ᠶ᠋ᠢ ᠡᠷᠬᠢᠮᠯᠡᠬᠦ᠌ ᠠᠷᠭ᠎ᠠ ᠬᠡᠮᠵᠢᠶ᠎ᠡ ᠬᠦᠷᠲᠡᠯ᠎ᠡ ᠁ ᠪᠦᠬᠦ᠌ ᠣᠷᠣᠨ ᠳᠠᠶᠠᠭᠠᠷ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠪᠠᠷ ᠬᠥᠭ᠌ᠵᠢᠯᠲᠡ᠎ᠶ᠋ᠢᠨ ᠴᠢᠭ᠌ᠯᠡᠯ᠎ᠢ ᠵᠠᠮᠴᠢᠯᠠᠨ ᠳᠠᠭᠠᠭᠤᠯᠬᠤ᠎ᠶ᠋ᠢ ᠪᠠᠷᠢᠮᠲᠠᠯᠠᠵᠤ᠂ ᠬᠥᠭ᠌ᠵᠢᠯᠲᠡ᠎ᠶ᠋ᠢᠨ ᠳᠠᠪᠠᠭᠤᠯᠢᠭ᠎ᠢ ᠪᠤᠢᠵᠢᠭᠤᠯᠵᠤ᠂ ᠬᠥᠭ᠌ᠵᠢᠯᠲᠡ᠎ᠶ᠋ᠢᠨ ᠬᠦᠴᠢᠷ ᠠᠰᠠᠭᠤᠳᠠᠯ᠎ᠢ ᠱᠢᠢᠳᠪᠦᠷᠢᠯᠡᠵᠦ᠍᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭ᠌ᠵᠢᠭᠦᠯᠬᠦ᠌᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠪᠠ᠃

ᠤᠷᠤᠰᠬᠠᠯ ᠤᠷᠤᠭᠤᠳᠠᠨ ᠤᠨᠭᠭᠤᠴᠠ ᠰᠡᠯᠢᠬᠦᠶ᠎ᠠ ᠠᠶᠠᠯᠠᠯ ᠤᠷᠤᠬᠰᠢᠳᠠᠢ᠂ ᠵᠠᠮ ᠲᠠᠨᠢᠨ ᠠᠶᠠᠨ ᠳ᠋ᠤ ᠮᠤᠷᠳᠠᠬᠤᠶ᠎ᠠ ᠴᠢᠭᠯᠡᠯ ᠠᠯᠳᠠᠬᠤ ᠦᠭᠡᠢ᠃ ᠱᠢᠨ᠎ᠡ ᠴᠠᠭ ᠦᠶ᠎ᠡ᠎ᠶ᠋ᠢᠨ ᠶᠡᠬᠡ ᠤᠷᠤᠰᠭᠠᠯ ᠰᠦᠷ ᠳᠠᠯᠠᠢᠴᠠᠲᠠᠢ᠂ ᠶᠡᠷᠦᠩᠬᠡᠢ ᠱᠦᠵᠢ ᠰᠢ ᠵᠢᠨ ᠫᠢᠩ ᠵᠠᠯᠠᠭᠤᠷ᠎ᠢ ᠠᠳᠬᠤᠵᠤ ᠠᠶᠠᠯᠠᠯ᠎ᠢ ᠵᠠᠮᠴᠢᠯᠠᠵᠤ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ ᠴᠢᠭ᠌ᠯᠡᠯ᠎ᠢ ᠵᠢᠭᠠᠬᠰᠠᠨ ᠵᠢᠡᠷ᠂《ᠥᠪᠥᠷ ᠮᠣᠩᠭᠣᠯ ᠨᠡᠷᠡᠮᠵᠢᠲᠦ》 ᠬᠥᠭ᠌ᠵᠢᠯᠲᠡ᠎ᠶ᠋ᠢᠨ ᠬᠥᠯᠭᠡ ᠣᠩᠭᠣᠴᠠ ᠡᠷᠡᠮᠡᠬᠡᠢᠯᠡᠨ ᠲᠡᠮᠡᠴᠡᠵᠦ᠍ ᠵᠢᠳᠬᠦᠯ ᠴᠢᠷᠮᠠᠢᠯᠭ᠎ᠠ ᠭᠠᠷᠭᠠᠬᠤ ᠴᠤᠭ ᠪᠠᠳᠠᠷᠠᠩᠭᠤᠢ ᠳᠦᠷᠰᠦ ᠪᠠᠢᠳᠠᠯ᠎ᠢᠶᠠᠷ ᠴᠤᠴᠠᠯᠲᠠ ᠦᠭᠡᠢ ᠤᠷᠤᠭ᠍ᠰᠢᠯᠠᠨ᠎ᠠ᠃

(ᠭᠤᠷᠪᠠ)ᠬᠥᠭ᠌ᠵᠢᠯᠲᠡ᠎ᠶ᠋ᠢᠨ ᠠᠬᠢᠴᠠ ᠨᠢ ᠦᠵᠡᠯ ᠰᠠᠨᠠᠭᠠᠨ᠎ᠤ ᠵᠢᠯᠤᠭᠤᠳᠤᠯᠭ᠎ᠠ᠎ᠪᠡᠷ ᠲᠦᠷᠭᠡᠨ ᠤᠷᠤᠭ᠍ᠰᠢᠯᠠᠳᠠᠭ; ᠤᠷᠤᠭ᠍ᠰᠢᠯᠠᠯᠲᠠ᠎ᠶ᠋ᠢᠨ ᠠᠯᠬᠤᠭ᠎ᠠ ᠨᠢ ᠡᠷᠡᠰ ᠪᠠᠲᠤ ᠴᠢᠭ᠌ᠯᠡᠯ ᠲᠠᠢ ᠪᠠᠢᠳᠠᠭ᠎ᠵᠢᠡᠷ ᠵᠢᠡᠨ ᠤᠯᠠᠮ ᠣᠮᠣᠭ ᠲᠡᠭᠦᠯᠳᠡᠷ ᠪᠣᠯᠳᠠᠭ᠃

ᠴᠠᠭ ᠢᠮᠠᠭ᠍ᠲᠠ ᠰᠡᠳᠬᠢᠯ ᠳ᠋ᠡᠭᠡᠨ ᠪᠤᠳᠤᠬᠤᠶ᠎ᠠ᠂ ᠴᠢᠩ ᠰᠡᠳᠬᠢᠯ᠎ᠤᠨ ᠬᠦᠰᠡᠯ ᠨᠠᠢᠳᠠᠯᠭ᠎ᠠ ᠠᠭᠤᠯᠠ ᠮᠡᠳᠦ ᠬᠦᠨᠳᠦ; ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠡᠷᠡᠮᠡᠭᠡᠢᠯᠡᠨ ᠲᠡᠮᠡᠴᠡᠵᠦ᠍ ᠲᠡᠷᠢᠭᠦᠨ᠎ᠤ ᠬᠢ ᠪᠤᠯᠬᠤ᠎ᠪᠠᠷ ᠴᠢᠷᠮᠠᠢᠮᠤᠢ᠃ ᠶᠡᠷᠦᠩᠬᠡᠢ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶᠠᠨ᠎ᠤ ᠥᠪᠥᠷ ᠮᠣᠩᠭᠣᠯ᠎ᠤᠨ ᠪᠠᠢᠳᠠᠯ᠎ᠳᠤ ᠲᠤᠬᠢᠷᠠᠭᠤᠯᠤᠨ ᠲᠣᠭ᠍ᠲᠠᠭᠠᠵᠤ ᠥᠭ᠌ᠭᠦᠭ᠌ᠰᠡᠨ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ ᠪᠣᠯᠤᠨ ᠠᠵᠢᠯᠯᠠᠭᠠᠨ᠎ᠤ ᠬᠥᠲᠥᠯᠪᠦᠷᠢ᠎ᠶ᠋ᠢ ᠲᠥᠯᠥᠪᠵᠢᠭᠦᠯᠦᠨ ᠪᠠᠢᠷᠢᠱᠢᠭᠤᠯᠬᠤ᠎ᠲᠠᠶ ᠨᠢᠭ᠍ᠲᠠ ᠤᠶᠠᠯᠳᠤᠭᠤᠯᠵᠤ᠂《ᠬᠣᠶᠠᠷ ᠬᠠᠯᠬᠠᠪᠴᠢ》᠂《ᠬᠣᠶᠠᠷ ᠰᠠᠭᠤᠷᠢᠨ》᠂《ᠨᠢᠭᠡ ᠪᠡᠬᠢᠯᠡᠯᠲᠡ》ᠵᠢ ᠲᠦᠷᠭᠡᠳᠭᠡᠨ ᠪᠠᠢᠭᠤᠯᠵᠤ᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭ᠌ᠵᠢᠭᠦᠯᠬᠦ᠌᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠨ᠎ᠠ ᠁ ᠠᠤᠭ᠎ᠠ ᠲᠥᠰᠦᠪ᠎ᠢ ᠡᠴᠦᠰ᠎ᠲᠦᠨᠢ ᠲᠤᠯᠲᠠᠯ᠎ᠠ ᠵᠢᠷᠤᠭ᠍ᠯᠠᠵᠤ᠂ ᠬᠠᠷᠠᠯᠲᠠ᠎ᠪᠠᠨ ᠰᠤᠯᠠᠷᠠᠭᠤᠯᠤᠯ ᠦᠭᠡᠢ ᠪᠠᠲᠤ ᠡᠵᠡᠮᠳᠡᠨ᠂ ᠥᠪᠥᠷ ᠮᠣᠩᠭᠣᠯ ᠦᠨᠡᠨ ᠪᠣᠳᠠᠲᠠᠢ ᠠᠵᠢᠯᠯᠠᠭ᠎ᠠ᠎ᠪᠠᠷ᠎ᠢᠶᠠᠨ ᠵᠤᠬᠰᠤᠰᠢ ᠦᠭᠡᠢ ᠤᠷᠤᠬᠰᠢᠯᠠᠬᠰᠡᠨ ᠰᠡᠳᠭᠢᠯ ᠬᠥᠳᠡᠯᠭᠡᠮ᠎ᠡ ᠦᠵᠡᠮᠵᠢ ᠪᠠᠢᠳᠠᠯ᠎ᠢ ᠪᠢᠴᠢᠭ᠌ᠯᠡᠨᠡᠮ᠃

ᠡᠨᠡ ᠪᠣᠯ ᠡᠷᠴᠢ ᠵᠣᠷᠢᠭ᠎ᠢᠶᠠᠨ ᠬᠥᠪᠴᠢᠯᠠᠵᠤ ᠡᠷᠡᠮᠡᠭᠡᠢᠯᠡᠨ ᠲᠠᠮᠠᠴᠡᠭᠰᠡᠨ ᠵᠢᠷᠤᠭ ᠦᠵᠡᠮᠵᠢ ᠮᠦᠨ᠄

《ᠨᠤᠤᠰᠤ ᠨᠤᠯᠤᠤᠭᠤᠷ ᠨᠡᠭᠦᠷᠡᠰᠦ ᠬᠣᠪᠣᠷ ᠱᠢᠷᠣᠢ ᠪᠠᠢᠭᠠᠯᠢ ᠵᠢᠨ ᠱᠢᠲᠠᠮᠠᠬᠠᠢ ᠬᠡᠢ》ᠡᠴᠡ 《ᠰᠠᠯᠬᠢ ᠭᠡᠷᠡᠯ ᠤᠰᠤᠲᠥ᠋ᠷᠥᠭ᠌ᠴᠢ ᠡᠨ᠋ᠸᠷᠬᠢ ᠵᠢᠨ ᠬᠠᠳᠠᠭᠠᠯᠠᠮᠵᠢ ᠲᠡᠷᠭᠡ ᠦᠢᠯᠡᠳᠬᠦ》ᠬᠦᠷᠲᠡᠯ᠎ᠡ᠂《ᠨᠡᠭᠦᠷᠡᠰᠦ ᠵᠢ ᠯᠡ ᠴᠢᠬᠤᠯᠠᠴᠢᠯᠠᠵᠤ ᠪᠠᠢᠬᠰᠠᠨ》ᠡᠴᠡ ᠤᠯᠠᠨ ᠡᠱᠢᠴᠢᠯᠡᠨ ᠬᠥᠭ᠌ᠵᠢᠬᠦ᠌ ᠬᠦᠷᠲᠡᠯ᠎ᠡ᠂ ᠲᠠᠷᠢᠶ᠎ᠠ ᠲᠠᠷᠢᠵᠤ ᠴᠢᠳᠠᠬᠤ᠎ᠡᠴᠡ《ᠣᠶᠤᠨᠴᠢ》 ᠪᠡᠷ ᠲᠠᠷᠢᠶ᠎ᠠ ᠲᠠᠷᠢᠬᠤ ᠬᠦᠷᠲᠡᠯ᠎ᠡ ᠁ ᠪᠢᠳᠡ ᠠᠷᠭ᠎ᠠ ᠬᠡᠯᠪᠡᠷᠢ᠎ᠪᠡᠨ ᠬᠤᠪᠢᠷᠠᠭᠤᠯᠵᠤ᠂ ᠪᠦᠲᠦᠴᠡ᠎ᠪᠡᠨ ᠲᠤᠬᠢᠷᠠᠭᠤᠯᠵᠤ᠂ ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠢ ᠥᠭᠡᠷᠡᠴᠢᠯᠡᠯᠲᠡ ᠵᠢ ᠲᠠᠰᠤᠷᠠᠯᠳᠠ ᠦᠭᠡᠢ ᠭᠦᠨᠵᠡᠭᠡᠢᠷᠠᠬᠦᠯᠵᠤ᠂ ᠡᠨᠧᠷᠭᠢ᠂ ᠬᠢᠮᠢ᠎ᠶ᠋ᠢᠨ ᠠᠵᠤ ᠦᠢᠯᠡᠳᠪᠦᠷᠢ ᠵᠡᠷᠭᠡ ᠤᠯᠠᠮᠵᠢᠯᠠᠯᠲᠤ ᠠᠵᠤ ᠦᠢᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠲᠡᠰ ᠳᠡᠪᠱᠢᠬᠦ᠌ ᠠᠯᠬᠤᠭ᠎ᠠ ᠵᠢ ᠲᠦᠷᠭᠡᠳᠭᠡᠵᠤ᠂ ᠲᠣᠭᠠᠴᠢᠯᠠᠭ᠍ᠰᠠᠨ ᠠᠵᠤ ᠠᠬᠤᠢ ᠵᠡᠷᠭᠡ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ ᠥᠷᠨᠢᠨ ᠬᠥᠭ᠌ᠵᠢᠵᠦ᠍᠂ ᠡᠨᠧᠷᠭᠢ᠎ᠶ᠋ᠢᠨ ᠬᠠᠩᠭᠠᠯᠭ᠎ᠠ᠎ᠶ᠋ᠢᠨ ᠪᠦᠲᠦᠴᠡ ᠲᠠᠰᠤᠷᠠᠯᠳᠠ ᠦᠭᠡᠢ ᠰᠠᠢᠵᠢᠷᠠᠵᠤ᠂ ᠦᠢᠯᠡᠳᠬᠦ᠌ ᠦᠢᠯᠡᠰ᠎ᠦᠨ ᠨᠡᠮᠡᠭ᠌ᠳᠡᠯ ᠢᠯᠡᠳᠲᠡ ᠲᠦᠷᠭᠡᠳᠴᠦ᠍᠂ ᠲᠠᠷᠢᠶᠠᠯᠠᠩ ᠮᠠᠯ ᠠᠵᠤ ᠠᠬᠤᠢ ᠵᠢᠨ ᠣᠳᠣᠬᠢᠴᠢᠯᠠᠯᠲᠠ᠎ᠶ᠋ᠢᠨ ᠲᠦᠪᠱᠢᠨ ᠲᠠᠰᠤᠷᠠᠯᠳᠠ ᠦᠭᠡᠢ ᠳᠡᠭᠡᠭ᠌ᠰᠢᠯᠡᠵᠦ᠍᠂ ᠭᠠᠳᠠᠭᠠᠳᠤ ᠨᠡᠭᠡᠭᠡᠯᠳᠠ ᠪᠠ ᠣᠷᠣᠨ ᠪᠦᠰᠡ᠎ᠶ᠋ᠢᠨ ᠬᠠᠮᠲᠤᠷᠠᠯᠴᠠᠭ᠎ᠠ ᠢᠳᠡᠪᠬᠢᠲᠡᠢ ᠦᠷ᠎ᠡ ᠪᠦᠲᠦᠮᠵᠢ ᠣᠯᠵᠤ᠂ ᠴᠢᠨᠠᠷ ᠰᠠᠢᠲᠠᠢ ᠬᠦᠭᠵᠢᠯᠳᠠ ᠵᠢᠨ ᠠᠯᠬᠤᠭ᠎ᠠ ᠡᠷᠡᠰ ᠪᠠᠳᠤ ᠪᠤᠯᠪᠠ᠃

ᠡᠨᠡ ᠪᠣᠯ ᠲᠠᠩᠭᠠᠷᠢᠭ ᠡᠴᠡ ᠪᠠᠨ ᠦᠯᠦ ᠪᠤᠴᠠᠬᠤ ᠵᠢᠷᠤᠭ ᠦᠵᠡᠮᠵᠢ ᠮᠥᠨ᠄

ᠪᠦᠬᠦ᠌ ᠣᠷᠣᠨ᠎ᠤ 87% ᠶ᠋ᠢᠨ ᠲᠠᠯᠠᠪᠠᠶ᠎ᠶ᠋ᠢ ᠨᠡᠭᠡᠭᠡᠨ ᠬᠥᠭ᠌ᠵᠢᠭᠦᠯᠬᠦ᠌᠎ᠶ᠋ᠢ ᠬᠢᠵᠠᠭᠠᠷᠯᠠᠬᠤ ᠣᠷᠣᠨ᠎ᠳᠤ ᠬᠤᠪᠢᠶᠠᠷᠢᠯᠠᠨ ᠣᠷᠣᠭᠤᠯᠵᠤ᠂ 51% ᠵᠢᠨ ᠲᠠᠯᠠᠪᠠᠢ᠎ᠶ᠋ᠢ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠳᠤ ᠣᠷᠣᠭᠤᠯᠵᠤ᠂ ᠨᠤᠲᠤᠭ ᠪᠡᠯᠴᠢᠭᠡᠷ᠎ᠦᠨ ᠤᠷᠭᠤᠮᠠᠯ᠎ᠤᠨ ᠬᠤᠴᠢᠯᠭ᠎ᠠ᠎ᠶ᠋ᠢᠨ ᠪᠦᠷᠬᠦᠴᠡ ᠪᠠ ᠣᠢ ᠱᠢᠭᠤᠶ᠎ᠶ᠋ᠢᠨ ᠪᠦᠷᠬᠦᠴᠡ᠎ᠶ᠋ᠢᠨ ᠨᠣᠷᠮ᠎ᠠ《ᠬᠣᠣᠰ ᠳᠡᠭᠡᠭ᠌ᠰᠢᠯᠡᠯᠲᠡ》 ᠲᠠᠢ ᠪᠤᠯᠵᠤ᠂ ᠴᠦᠯᠯᠡᠷᠬᠡᠭ᠌ᠵᠢᠭ᠌ᠰᠡᠨ ᠪᠠ ᠡᠯᠡᠰᠦᠷᠬᠡᠭ᠌ᠵᠢᠭ᠌ᠰᠡᠨ ᠭᠠᠵᠠᠷ ᠱᠢᠷᠣᠶ᠎ᠶ᠋ᠢᠨ ᠲᠠᠯᠠᠪᠠᠶ《ᠬᠤᠤᠰ ᠬᠠᠰᠤᠭ᠍ᠳᠠᠯ》 ᠢ᠋ ᠪᠠᠶᠠᠯᠡᠬᠦᠯᠵᠤ᠂ ᠬᠦᠯᠤᠨ ᠨᠠᠭᠤᠷ ᠲᠠᠭ᠎ᠠ ᠵᠢᠨ ᠨᠠᠭᠤᠷ ᠤᠯᠠᠭᠠᠨᠰᠤᠬᠠᠢ ᠳᠠᠬᠢᠨ ᠠᠮᠢᠵᠢᠷᠠᠯ᠎ᠤᠨ ᠬᠦᠴᠦᠨ ᠵᠢᠡᠷ ᠪᠢᠯᠬᠠᠪᠠ ᠁ ᠪᠢᠳᠡ ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠲᠠ ᠮᠥᠩᠭᠥᠨ ᠠᠭᠤᠯᠠ ᠮᠥᠨ ᠭᠡᠬᠦ᠌ ᠣᠢᠯᠠᠭᠠᠭ᠍ᠳᠠᠬᠤᠨ᠎ᠢ ᠭᠦᠨᠵᠡᠭᠡᠶ ᠦᠶ᠋ᠯᠡᠳᠦᠯᠭᠡᠵᠢᠭᠦᠯᠵᠤ᠂ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ ᠵᠠᠰᠠᠯᠲᠠ᠎ᠶ᠋ᠢ ᠪᠥᠬᠥ᠌ ᠲᠠᠯ᠎ᠠ᠎ᠪᠠᠷ ᠴᠢᠩᠭᠠᠳᠭᠠᠵᠤ᠂ ᠠᠮᠢ ᠠᠬᠤᠢ᠎ᠤᠷᠴᠢᠨ ᠲᠤᠭᠤᠷᠢᠨ᠎ᠤ ᠬᠠᠮᠠᠭᠠᠯᠠᠯᠲᠠ ᠪᠣᠯᠤᠨ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠬᠠᠷᠢᠴᠠᠭ᠎ᠠ᠎ᠶ᠋ᠢ ᠵᠥᠪ᠎ᠢᠶᠡᠷ ᠱᠢᠢᠳᠪᠦᠷᠢᠯᠡᠵᠤ᠂ ᠨᠤᠲᠤᠭ ᠪᠡᠯᠴᠢᠭᠡᠷ ᠣᠢᠲᠤ ᠭᠠᠵᠠᠷ᠎ᠢ ᠡᠪᠳᠡᠭ᠌ᠰᠡᠨ ᠠᠰᠠᠭᠤᠳᠠᠯ ᠵᠡᠷᠭᠡ ᠲᠤᠰᠭᠠᠢ ᠵᠦᠢᠯ᠎ᠤᠨ ᠴᠡᠭ᠌ᠴᠡᠯᠡᠨ ᠵᠠᠰᠠᠬᠤ ᠠᠵᠢᠯ᠎ᠢ ᠭᠦᠨᠵᠡᠭᠡᠢ ᠥᠷᠨᠢᠭᠦᠯᠵᠤ᠂ ᠲᠩᠷᠢ ᠨᠢ ᠨᠠᠩ ᠴᠡᠩᠭᠡᠷ᠂ ᠠᠭᠤᠯᠠ ᠨᠢ ᠨᠠᠩ ᠨᠣᠭᠣᠭᠠᠨ᠂ ᠤᠰᠤ ᠨᠢ ᠨᠠᠩ ᠲᠤᠩᠭᠠᠯᠠᠭ᠂ ᠣᠷᠴᠢᠨ ᠲᠣᠭᠣᠷᠢᠨ ᠨᠢ ᠨᠠᠩ ᠭᠣᠶᠣ ᠰᠠᠢᠬᠠᠨ ᠥᠪᠥᠷ ᠮᠣᠩᠭᠣᠯ ᠤᠮᠠᠷᠠᠲᠤ ᠬᠢᠯᠢ᠎ᠳᠤ ᠰᠦᠨᠳᠡᠷᠯᠡᠯ᠎ᠡ᠃

ᠡᠨᠡ ᠪᠣᠯ ᠰᠡᠳᠬᠢᠯ᠎ᠢ ᠲᠤᠯᠠᠭᠠᠴᠠᠭᠤᠯᠤᠮ᠎ᠠ ᠵᠢᠷᠤᠭ ᠦᠵᠡᠮᠵᠢ ᠮᠦᠨ᠄

ᠪᠦᠬᠦ᠌ ᠣᠷᠣᠨ᠎ᠤ ᠤᠳᠤ᠎ᠶ᠋ᠢᠨ ᠬᠡᠷᠡᠭ᠌ᠵᠢᠭᠦᠯᠵᠦ᠍ ᠪᠠᠢᠭ᠎ᠠ ᠪᠠᠷᠢᠮᠵᠢᠶ᠎ᠠ᠎ᠪᠡᠷ 157 ᠲᠦᠮᠡᠨ ᠶᠠᠳᠠᠭᠤ ᠬᠦᠴᠢᠷᠳᠡᠯᠲᠡᠢ ᠬᠥᠮᠦᠨ ᠠᠮᠠ᠎ᠶ᠋ᠢ ᠪᠦᠬᠦᠨ᠎ᠢ ᠶᠠᠳᠠᠭᠤ᠎ᠡᠴᠡ ᠠᠩᠭᠢᠵᠢᠷᠠᠭᠤᠯᠵᠤ᠂ 57 ᠶᠠᠳᠠᠭᠤ ᠬᠦᠴᠢᠷᠳᠡᠯᠲᠡᠢ ᠬᠣᠱᠢᠭᠤ ᠱᠢᠶᠠᠨ᠎ᠢ ᠪᠦᠬᠦᠨ᠎ᠢ ᠶᠠᠳᠠᠭᠤ᠎ᠡᠴᠡ ᠠᠩᠭᠢᠵᠢᠷᠠᠭᠤᠯᠵᠤ᠂ 3681 ᠶᠠᠳᠠᠭᠤ ᠬᠦᠴᠢᠷᠳᠡᠯᠳᠠᠢ ᠭᠠᠴᠠᠭ᠎ᠠ ᠲᠣᠰᠭᠣᠨ᠎ᠢ ᠪᠦᠬᠦᠨ᠎ᠢ ᠶᠠᠳᠠᠭᠤ᠎ᠡᠴᠡ ᠠᠩᠭᠢᠵᠢᠷᠠᠭᠤᠯᠵᠤ᠂ ᠲᠣᠭ᠍ᠲᠠᠭ᠍ᠰᠠᠨ ᠬᠤᠭᠤᠴᠠᠭᠠᠨ᠎ᠳᠤ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠣᠯᠵᠤ᠂ ᠲᠣᠭ᠍ᠲᠠᠭ᠍ᠰᠠᠨ ᠬᠤᠭᠤᠴᠠᠭᠠᠨ᠎ᠳᠤ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠪᠠ; ᠦᠨᠳᠦᠰᠦᠨ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠱᠢᠰᠲ᠋ᠧᠮ᠎ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠍᠂ ᠠᠵᠢᠯ ᠣᠯᠭᠣᠯᠲᠠ᠎ᠶ᠋ᠢᠨ ᠪᠠᠢᠳᠠᠯ᠎ᠢ ᠦᠷᠭᠦᠯᠵᠢᠯᠡᠨ ᠰᠠᠢᠵᠢᠷᠠᠭᠤᠯᠵᠤ᠂ ᠰᠠᠭᠤᠭᠠᠯᠢ ᠠᠷᠠᠳ᠎ᠤᠨ ᠣᠷᠣᠯᠭ᠎ᠠ᠎ᠶ᠋ᠢ ᠲᠣᠭ᠍ᠲᠠᠭᠤᠨ᠎ᠢᠶᠠᠷ ᠨᠡᠮᠡᠭ᠌ᠳᠡᠭᠦᠯᠪᠡ ᠁ ᠪᠢᠳᠡ ᠠᠷᠠᠳ ᠲᠦᠮᠡᠨ᠎ᠢᠶᠡᠷ ᠭᠤᠤᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠲᠤ ᠪᠣᠶ ᠪᠣᠯᠭᠠᠵᠤ᠂ ᠠᠷᠠᠳ ᠲᠦᠮᠡᠨ᠎ᠦ ᠰᠠᠢᠨ ᠰᠠᠢᠬᠠᠨ ᠠᠮᠢᠳᠤᠷᠠᠯ᠎ᠤᠨ ᠲᠤᠬᠠᠶ ᠬᠦᠰᠡᠯ ᠡᠷᠡᠮᠡᠯᠵᠡᠯ᠎ᠢ ᠢᠮᠠᠭ᠍ᠲᠠ ᠲᠡᠮᠡᠴᠡᠬᠦ᠌ ᠬᠠᠷᠠᠯᠲᠠ᠎ᠪᠠᠨ ᠪᠣᠯᠭᠠᠵᠤ᠂ ᠠᠷᠠᠳ᠎ᠤᠨ ᠠᠮᠢᠳᠤᠷᠠᠯ᠎ᠳᠦ ᠠᠩᠬᠠᠷᠤᠯ ᠲᠦᠪᠯᠡᠷᠡᠭᠦᠯᠦᠨ ᠬᠠᠢᠷ᠎ᠠ ᠰᠡᠳᠭᠢᠯᠭᠡ᠎ᠲᠡᠶ᠎ᠪᠡᠷ ᠬᠦᠴᠦ᠍ ᠳᠡᠯᠪᠢᠨ ᠪᠠᠲᠤᠯᠠᠨ ᠰᠠᠢᠵᠢᠷᠠᠭᠤᠯᠵᠤ᠂ ᠡᠳ᠋ ᠪᠠᠶᠠᠯᠢᠭ ᠡᠯᠪᠡᠭ ᠳᠡᠯᠪᠡᠭ᠂ ᠲᠦᠭ ᠲᠦᠮᠡᠨ ᠠᠢᠯ ᠡᠷᠦᠬᠡ ᠵᠢᠨ ᠵᠣᠯ ᠵᠢᠷᠭᠠᠯᠲᠤ ᠠᠮᠢᠳᠤᠷᠠᠯ᠎ᠤᠨ ᠳᠤᠮᠳᠠ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠦᠷᠲᠡᠮᠵᠢ᠎ᠶ᠋ᠢᠨ ᠲᠥᠷᠥᠭ᠌ᠳᠡᠯ ᠵᠢᠷᠭᠠᠯᠲᠤ ᠲᠥᠷᠥᠭ᠌ᠳᠡᠯ ᠠᠮᠤᠷ ᠲᠦᠪᠱᠢᠨ᠎ᠦ ᠲᠥᠷᠥᠭ᠌ᠳᠡᠯ᠎ᠢ ᠪᠢᠴᠢᠭ᠌ᠯᠡᠭ᠌ᠰᠡᠨ ᠪᠠᠢᠨ᠎ᠠ᠃

ᠡᠨᠡ ᠪᠣᠯ ᠪᠦᠯᠬᠦᠮᠳᠡᠨ ᠲᠡᠮᠡᠴᠡᠭᠰᠡᠨ ᠵᠢᠷᠤᠭ ᠦᠵᠡᠮᠵᠢ ᠮᠥᠨ᠄

ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠡᠷᠡᠰ ᠪᠠᠲᠤ ᠴᠣᠭ᠍ᠴᠠᠯᠠᠵᠦ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠶᠡᠬᠡ᠎ᠪᠡᠷ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠪᠦᠬᠦ᠌ ᠲᠠᠯ᠎ᠠ᠎ᠪᠠᠷ ᠳᠡᠯᠭᠡᠷᠡᠭᠦᠯᠦᠨ ᠬᠡᠷᠡᠭ᠌ᠯᠡᠵᠦ᠂ ᠦᠨᠳᠦᠰᠦᠲᠡᠨ᠎ᠨᠦᠭᠦᠳ ᠳᠤᠮᠳᠠᠳᠤ᠎ᠶ᠋ᠢᠨ ᠦᠨᠳᠦᠰᠦᠲᠡᠨ᠎ᠦ ᠶᠡᠬᠡ ᠭᠡᠷ ᠪᠦᠯᠢ᠎ᠳᠦ ᠠᠨᠠᠷ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠵᠦ᠂ ᠠᠭᠤᠤ ᠶᠡᠬᠡ ᠡᠬᠡ ᠤᠯᠤᠰ᠎ᠢᠶᠠᠨ ᠬᠠᠮᠲᠤ᠎ᠪᠠᠷ ᠪᠦᠲᠦᠭᠡᠨ ᠪᠠᠢᠭᠤᠯᠵᠦ᠂ ᠰᠠᠢᠨ ᠰᠠᠢᠬᠠᠨ ᠠᠮᠢᠳᠤᠷᠠᠯ᠎ᠢ ᠬᠠᠮᠲᠤ᠎ᠪᠠᠷ ᠴᠣᠭ᠍ᠴᠠᠯᠠᠪᠠ ᠁ ᠪᠢᠳᠡ ᠦᠨᠳᠦᠰᠦᠲᠡᠨ᠎ᠦ ᠪᠦᠯᠬᠦᠮᠳᠡᠯ ᠭᠡᠬᠦ᠌ ᠡᠨᠡ ᠬᠦ᠌ 《ᠠᠮᠢᠨ ᠰᠤᠳᠠᠰᠤ》 ᠎ᠶ᠋ᠢ ᠪᠠᠲᠤ ᠰᠠᠬᠢᠵᠦ᠂ ᠦᠨᠳᠦᠰᠦᠲᠡᠨ᠎ᠦ ᠠᠵᠢᠯ᠎ᠢ ᠪᠥᠬᠥ᠌ ᠣᠷᠣᠨ᠎ᠤ ᠠᠵᠢᠯ᠎ᠤᠨ ᠶᠡᠬᠡ ᠲᠠᠯ᠎ᠠ᠎ᠶ᠋ᠢᠨ ᠲᠣᠪᠣᠢᠮ᠎ᠠ ᠪᠠᠢᠷᠢᠨ᠎ᠳᠤ ᠲᠠᠯᠪᠢᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠦᠵᠡᠯ ᠰᠠᠨᠠᠭᠠᠨ᠎ᠤ ᠰᠠᠭᠤᠷᠢ᠎ᠶ᠋ᠢ ᠲᠠᠰᠤᠷᠠᠯᠲᠠ ᠦᠭᠡᠢ ᠪᠡᠬᠢᠵᠢᠭᠦᠯᠵᠦ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠡᠭᠦᠳᠦᠨ ᠪᠠᠢᠭᠤᠯᠤᠯᠲᠠ᠎ᠶ᠋ᠢ ᠭᠦᠨᠵᠡᠭᠡᠶ ᠪᠥᠭᠡᠳ ᠤᠳᠠᠭᠠᠨ ᠳᠠᠭᠠᠭᠠᠮᠠᠭᠠᠶ ᠥᠷᠨᠢᠭᠦᠯᠵᠦ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠲᠠᠰᠤᠷᠠᠯᠲᠠ ᠥᠬᠡᠶ ᠴᠢᠩᠭᠠᠳᠭᠠᠵᠤ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠎ᠤ᠋ ᠡᠷᠬᠢᠮ ᠳᠡᠭᠡᠳᠦ ᠢᠷᠠᠭᠤ ᠠᠯᠳᠠᠷ᠎ᠢ ᠢᠮᠠᠭ᠍ᠲᠠ ᠰᠠᠢᠲᠤᠷ ᠬᠠᠮᠠᠭᠠᠯᠠᠪᠠ᠃

ᠡᠨᠡ ᠪᠣᠯ ᠦᠨᠡᠨ ᠬᠦ᠌ ᠠᠳᠭᠤᠵᠤ ᠪᠣᠳᠠᠲᠠᠢ ᠠᠵᠢᠯᠯᠠᠭᠰᠠᠨ ᠵᠢᠷᠤᠭ ᠦᠵᠡᠮᠵᠢ ᠮᠥᠨ᠄

ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠭᠦᠨᠵᠡᠭᠡᠢ ᠥᠷᠨᠢᠭᠦᠯᠵᠦ᠍᠂ ᠬᠤᠪᠢᠰᠭᠠᠯᠳᠤ ᠤᠳᠤᠮᠱᠢᠯ᠎ᠢ ᠵᠠᠯᠭᠠᠮᠵᠢᠯᠠᠵᠤ᠂ ᠤᠶᠤᠨ ᠰᠠᠨᠠᠭᠠᠨ᠎ᠤ ᠰᠤᠳᠠᠰᠤ᠎ᠵᠢ ᠦᠷᠭᠦᠯᠵᠢᠯᠡᠨ ᠵᠠᠯᠭᠠᠮᠵᠢᠯᠠᠵᠤ᠂ ᠥᠴᠦᠬᠡᠨ ᠴᠦ᠍ ᠠᠭᠤᠴᠢᠯᠠᠬᠤ ᠦᠭᠡᠢ ᠣᠪᠣᠷ᠎ᠢᠶᠠᠷ ᠨᠡᠭᠦᠷᠡᠰᠦᠨ᠎ᠦ ᠬᠦᠷᠢᠶᠡᠨ᠎ᠳᠡᠬᠢ᠎ᠲᠤᠰᠭᠠᠢ᠎ᠴᠡᠭ᠌ᠴᠡᠯᠡᠨ᠎ᠵᠠᠰᠠᠯᠲᠠ ᠪᠣᠯᠤᠨ ᠤᠯᠤᠰ ᠲᠦᠷᠦ᠍ ᠬᠠᠤᠯᠢ ᠴᠠᠭᠠᠵᠠ᠎ᠶ᠋ᠢᠨ ᠡᠩᠨᠡᠭᠡᠨ᠎ᠦ ᠬᠥᠮᠦᠵᠢᠯ ᠴᠡᠭ᠌ᠴᠡᠯᠡᠯᠲᠡ᠎ᠶ᠋ᠢ ᠥᠷᠨᠢᠭᠦᠯᠵᠦ᠍᠂ ᠤᠯᠠᠨ ᠲᠦᠮᠡᠨ᠎ᠦ ᠳᠡᠷᠭᠡᠳᠡᠬᠢ ᠢᠯᠵᠢᠷᠡᠯ ᠪᠣᠯᠤᠨ ᠰᠤᠷᠲᠠᠯ᠎ᠤᠨ ᠠᠰᠠᠭᠤᠳᠠᠯ᠎ᠢ ᠶᠡᠬᠡ᠎ᠪᠡᠷ ᠴᠡᠭ᠌ᠴᠡᠯᠡᠨ ᠵᠠᠰᠠᠵᠤ᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌᠂ ᠤᠯᠤᠰ ᠲᠦᠷᠦ᠍᠎ᠶ᠋ᠢᠨ ᠠᠮᠢ ᠠᠬᠤᠢ᠎ᠶ᠋ᠢᠨ ᠪᠦᠬᠦᠯᠢ ᠴᠣᠭ᠍ᠴᠠ᠎ᠶ᠋ᠢᠨ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠬᠦᠴᠦᠯᠡᠨ ᠰᠠᠢᠲᠤᠷ ᠬᠢᠵᠦ᠍᠂ ᠢᠯᠵᠠᠷᠠᠬᠤ᠎ᠡᠴᠡ ᠵᠢᠷᠦᠬᠡᠱᠢᠶᠡᠬᠦ᠌᠂ ᠢᠯᠵᠠᠷᠠᠵᠤ ᠪᠣᠯᠬᠤ ᠦᠭᠡᠢ᠂ ᠢᠯᠵᠠᠷᠠᠬᠤ᠎ᠶ᠋ᠢ ᠪᠤᠳᠤᠬᠤ ᠦᠭᠡᠢ ᠪᠠᠢᠬᠤ᠎ᠶ᠋ᠢ ᠨᠢᠭᠡ ᠴᠤᠭ᠍ᠴᠠᠵᠢᠭᠤᠯᠤᠨ ᠠᠬᠢᠭᠤᠯᠪᠠ ᠁ ᠪᠢᠳᠡ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠭᠦᠨᠵᠡᠭᠡᠢ ᠠᠬᠢᠭᠤᠯᠵᠤ᠂ ᠤᠯᠤᠰ ᠲᠦᠷᠦ᠍᠎ᠶ᠋ᠢᠨ ᠠᠮᠢ ᠠᠬᠤᠢ᠎ᠶ᠋ᠢ ᠬᠦᠴᠦᠯᠡᠨ ᠴᠡᠪᠡᠷᠱᠢᠭᠦᠯᠦᠨ ᠵᠠᠰᠠᠵᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠵᠤ᠂ ᠴᠣ ᠱᠢᠨ᠎ᠡ ᠠᠵᠢᠯ ᠦᠢᠯᠡᠰ ᠪᠦᠳᠦᠭᠡᠬᠦ ᠠᠭᠤᠷ ᠠᠮᠢᠰᠭᠤᠯ᠎ᠢᠶᠠᠷ ᠪᠢᠯᠬᠠᠭᠤᠯᠪᠠ᠃

ᠥᠪᠥᠷ ᠮᠣᠩᠭᠣᠯ᠎ᠤᠨ ᠡᠯ᠎ᠡ ᠵᠦᠢᠯ᠎ᠦᠨ ᠠᠵᠢᠯ ᠦᠢᠯᠡᠰ ᠪᠦᠬᠦ᠌ ᠲᠠᠯ᠎ᠠ᠎ᠶ᠋ᠢᠨ ᠬᠥᠭ᠌ᠵᠢᠯᠲᠡ᠎ᠶ᠋ᠢ ᠪᠡᠶᠡᠯᠡᠭᠦᠯᠵᠦ᠍ ᠴᠢᠳᠠᠭ᠍ᠰᠠᠨ᠎ᠤ ᠬᠠᠮᠤᠭ᠎ᠤᠨ ᠦᠨᠳᠦᠰᠦᠨ ᠵᠦᠢᠯ ᠨᠢ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ᠎ᠳᠤ ᠪᠤᠢ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ᠎ᠳᠤ ᠪᠤᠢ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠢᠮᠠᠭ᠍ᠲᠠ ᠡᠷᠡᠰ ᠭᠤᠢᠪᠢᠰᠢ ᠦᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠦᠭᠡᠷᠡᠳᠦᠭᠦᠯᠬᠦ ᠦᠭᠡᠢ᠂ ᠬᠡᠯᠪᠡᠢᠬᠦ᠌ ᠦᠭᠡᠢ᠂ ᠬᠣᠢᠷᠭᠣᠱᠢᠬᠤ ᠦᠭᠡᠢ᠎ᠳᠦ ᠪᠠᠢᠬᠤ ᠵᠢ ᠦᠢᠯᠡᠳᠦᠯᠭᠡ ᠭᠦᠨᠵᠡᠭᠡᠢ ᠭᠡᠷᠡᠴᠢᠯᠡᠪᠡ᠃

(ᠲᠦᠷᠪᠡ)ᠢᠯᠡ ᠬᠤᠪᠢᠷᠠᠯᠲᠠ ᠨᠢ ᠡᠭᠡ ᠭᠠᠵᠠᠷ ᠲᠡᠭᠡᠷ᠎ᠡ ᠪᠢᠴᠢᠭᠯᠡᠭᠳᠡᠵᠦ᠂ ᠲᠠᠯᠳᠠ ᠬᠤᠪᠢᠷᠠᠯᠲᠠ ᠨᠢ ᠰᠡᠳᠭᠢᠯ ᠵᠢᠷᠦᠬᠡᠨ᠎ᠳᠦ ᠰᠡᠢᠯᠦᠭ᠌ᠳᠡᠨ᠎ᠡ᠃ ᠲᠣᠭ᠎ᠠ ᠪᠠᠷᠢᠮᠲᠠ᠎ᠡᠴᠡ ᠨᠡᠩ ᠠᠯᠤᠰ ᠬᠡᠳᠦ᠍᠎ᠶ᠋ᠢᠨ ᠠᠴᠢ ᠬᠣᠯᠪᠣᠭ᠍ᠳᠠᠯ᠎ᠲᠠᠶ ᠨᠢ ᠬᠥᠮᠦᠨ ᠨᠢᠭᠡᠪᠦᠷᠢ᠎ᠶ᠋ᠢᠨ ᠳᠣᠲᠣᠭᠠᠳᠤ ᠰᠡᠳᠭᠢᠯ᠎ᠳ᠋ᠡᠬᠢ ᠣᠮᠣᠭ᠍ᠰᠢᠯ᠂ ᠪᠦᠬᠦ᠌ ᠣᠷᠣᠨ᠎ᠤ ᠳᠡᠭᠡᠳᠦ ᠳᠤᠤᠷᠠᠳᠤ ᠱᠠᠲᠤ᠎ᠪᠠᠷ᠎ᠢᠶᠠᠨ ᠥᠭᠡᠳᠡᠯᠡᠨ ᠳᠠᠪᠱᠢᠬᠰᠠᠨ ᠵᠣᠷᠢᠭ ᠰᠠᠨᠠᠭ᠎ᠠ ᠮᠦᠨ᠃

《ᠪᠢ ᠶᠡᠷᠦᠩᠬᠡᠢ ᠱᠦᠵᠢ᠎ᠳᠦ ᠵᠠᠬᠢᠳᠠᠯ ᠪᠢᠴᠢᠬᠦ ᠰᠠᠨᠠᠭ᠎ᠠ᠎ᠲᠠᠶ᠂ ᠵᠠᠬᠢᠳᠠᠯ ᠳ᠋ᠠᠭᠠᠨ ᠮᠠᠨ᠎ᠤ ᠲᠣᠰᠭᠣᠨ᠎ᠤ ᠬᠥᠭ᠌ᠵᠢᠯᠲᠡ ᠮᠠᠰᠢ ᠰᠠᠢ᠌ᠨ ᠪᠠᠢᠨ᠎ᠠ᠂ ᠤᠯᠠᠨ ᠲᠦᠮᠡᠨ᠎ᠦ ᠠᠮᠢᠳᠤᠷᠠᠯ ᠮᠠᠰᠢ ᠰᠠᠢ᠌ᠨ ᠪᠠᠢᠨ᠎ᠠ᠂ ᠶᠡᠷᠦᠩᠬᠡᠢ ᠱᠦᠵᠢ ᠰᠠᠨᠠᠭ᠎ᠠ ᠠᠮᠤᠷ ᠪᠠᠢᠭᠠᠷᠠᠢ ᠭᠡᠵᠦ᠍ ᠬᠡᠯᠡᠮᠡᠷ ᠪᠠᠢᠨ᠎ᠠ》 ᠭᠡᠵᠦ ᠮᠠ ᠠᠨ ᠱᠠᠨ ᠲᠣᠰᠭᠣᠨ᠎ᠤ ᠠᠷᠠᠳ ᠵᠠᠩ ᠭᠦᠸᠧ ᠯᠢ ᠪᠠᠶᠠᠷ᠎ᠤᠨ ᠴᠢᠮᠡᠭᠡ᠎ᠪᠡᠨ ᠶᠡᠷᠦᠩᠬᠡᠢ ᠱᠦᠵᠢ᠎ᠳᠦ ᠳᠠᠮᠵᠢᠭᠤᠯᠬᠤ ᠵᠢ ᠴᠠᠭ ᠢᠮᠠᠬᠳᠠ ᠪᠤᠳᠤᠨ᠎ᠠ᠃

《ᠤᠯᠤᠰ᠎ᠡᠴᠡ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠭᠦᠯᠬᠦ᠎ᠶ᠋ᠢ ᠳᠤᠷᠠᠳᠤᠨ ᠭᠠᠷᠭᠠᠪᠠ᠂ ᠪᠢᠳᠡ ᠪᠣᠯ ᠴᠥᠮ ᠠᠱᠢᠭ ᠬᠦᠷᠲᠡᠭ᠌ᠴᠢ ᠮᠥᠨ᠃ ᠶᠡᠬᠡ ᠬᠢᠩᠭᠠᠨ ᠳᠠᠪᠠᠭ᠎ᠠ᠎ᠶ᠋ᠢᠨ ᠱᠢᠭᠤᠢᠲᠤ ᠣᠷᠣᠨ᠎ᠤ ᠠᠵᠢᠯᠳᠠᠨ ᠠᠵᠢᠯᠴᠢᠨ ᠯᠠᠪᠲᠠᠢ ᠡᠬᠡ ᠤᠯᠤᠰ᠎ᠤᠨ ᠤᠮᠠᠷᠠᠲᠤ᠎ᠶ᠋ᠢᠨ ᠡᠨᠡ ᠬᠦ᠌ 〈 ᠨᠣᠮᠢᠨ ᠨᠣᠭᠣᠭᠠᠨ ᠲᠦᠮᠡᠨ ᠭᠠᠵᠠᠷ᠎ᠤᠨ ᠤᠷᠳᠤ ᠴᠠᠭᠠᠨ ᠬᠡᠷᠡᠮ〉 ᠎ᠢ᠋ ᠰᠠᠢᠲᠤᠷ ᠬᠠᠮᠠᠭᠠᠯᠠᠵᠤ᠂ ᠲᠡᠭ᠌ᠷᠢ ᠨᠢ ᠨᠡᠩ ᠴᠡᠩᠭᠡᠷ᠂ ᠠᠭᠤᠯᠠ ᠨᠢ ᠨᠡᠩ ᠬᠦᠬᠡᠮᠳᠦᠭ᠂ ᠤᠰᠤ ᠨᠢ ᠨᠡᠩ ᠲᠤᠨᠭᠭᠠᠯᠠᠭ ᠪᠣᠯᠭᠠᠬᠤ ᠪᠡᠷ ᠴᠢᠷᠮᠠᠢᠬᠤ ᠶᠤᠮ》᠃ 《ᠮᠣᠳᠣ ᠣᠭ᠍ᠲᠣᠯᠤᠭ᠍ᠴᠢ》ᠪᠠᠢᠭ᠍ᠰᠠᠨ᠎ᠡᠴᠡ᠎ᠪᠠᠨ 《ᠮᠤᠳᠤ ᠬᠠᠮᠠᠭᠠᠯᠠᠭᠴᠢ》 ᠪᠣᠯᠤᠭ᠍ᠰᠠᠨ ᠥᠩᠭᠡᠷᠡᠯᠲᠡ᠎ᠲᠡᠶ᠂ ᠪᠸᠢ ᠠᠨ ᠣᠶ ᠱᠢᠭᠤᠶ᠎ᠶ᠋ᠢᠨ ᠲᠠᠯᠠᠪᠠᠶ᠎ᠶ᠋ᠢᠨ ᠠᠵᠢᠯᠲᠠᠨ ᠵᠧᠸ᠋ ᠢ ᠵᠧ ᠠᠮᠢ ᠠᠬᠤᠶ᠎ᠶ᠋ᠢᠨ ᠵᠠᠰᠠᠯᠲᠠ᠎ᠳᠤ ᠮᠠᠰᠢ ᠭᠦᠨ ᠲᠥᠷᠥᠭ᠌ᠳᠡᠯ᠎ᠲᠡᠶ ᠪᠠᠢᠯ᠎ᠠ᠃

《ᠶᠡᠷᠦᠩᠬᠡᠢ ᠱᠦᠵᠢ ᠰᠢ ᠵᠢᠨ ᠫᠢᠩ᠎ᠦᠨ ᠬᠠᠢᠷ᠎ᠠ ᠬᠠᠯᠠᠮᠵᠢ᠎ᠪᠠᠷ᠂ ᠨᠠᠮ᠎ᠤᠨ ᠲᠥᠪ ᠬᠣᠷᠢᠶᠠᠨ᠎ᠤ ᠰᠠᠢ᠌ᠨ ᠲᠦᠷᠦ᠍᠎ᠶ᠋ᠢᠨ ᠪᠤᠳᠤᠯᠭ᠎ᠠ᠎ᠶ᠋ᠢᠨ ᠳᠡᠮᠵᠢᠯᠭᠡ᠎ᠪᠡᠷ᠂ ᠤᠳᠤ᠎ᠶ᠋ᠢᠨ ᠰᠢᠶᠤᠤ ᠮᠢᠶᠤᠤ ᠽᠢ ᠲᠣᠰᠭᠣᠨ᠎ᠤ ᠤᠯᠠᠨ ᠲᠦᠮᠡᠨ᠎ᠦ ᠠᠮᠢᠳᠤᠷᠠᠯ ᠵᠤᠯ ᠵᠢᠷᠭᠠᠯᠳᠠᠢ᠂ ᠮᠠᠰᠢ ᠬᠥᠭ᠌ᠵᠢᠶᠡᠨᠲᠡᠢ ᠪᠠᠢᠨ᠎ᠠ᠃ ᠵᠣᠯ ᠵᠢᠷᠭᠠᠯ᠎ᠢ ᠪᠣᠯ ᠲᠡᠮᠡᠴᠡᠵᠦ᠍ ᠪᠠᠢᠭᠠᠳ ᠣᠯᠳᠠᠭ ᠶᠤᠮ᠂ ᠢᠷᠡᠭᠡᠳᠦᠢ᠎ᠳᠦ ᠪᠢᠳᠡ ᠨᠡᠩ ᠴᠤ᠌ ᠬᠠᠨᠴᠤᠢ ᠱᠢᠮᠠᠯᠠᠨ ᠴᠢᠷᠮᠠᠢᠨ ᠠᠵᠢᠯᠯᠠᠨ᠎ᠠ!》 ᠰᠢᠶᠤᠤ ᠮᠢᠶᠤᠤ ᠽᠢ ᠲᠣᠰᠭᠣᠨ᠎ᠤ ᠢᠷᠡᠭᠡᠳᠦᠢ᠎ᠶ᠋ᠢ ᠶᠠᠷᠢᠬᠤ᠎ᠳᠤ᠂ ᠲᠣᠰᠭᠣᠨ᠎ᠤ ᠨᠠᠮ᠎ᠤᠨ ᠶᠡᠷᠦᠩᠬᠡᠢ ᠡᠭᠦᠷ᠎ᠦᠨ ᠱᠦᠵᠢ ᠵᠤᠤ ᠬᠤᠢ ᠵᠢᠶ᠍ᠸ ᠳᠣᠭ᠍ᠳᠣᠯᠤᠭ᠍ᠰᠠᠨ ᠰᠡᠳᠭᠢᠯᠭᠡ᠎ᠪᠡᠨ ᠳᠠᠷᠤᠵᠤ ᠶᠠᠳᠠᠨ᠎ᠠ᠃

ᠲᠤᠷᠤᠨ᠎ᠠ ᠵᠢᠨ ᠰᠠᠯᠬᠢᠨ᠎ᠤ ᠡᠷᠴᠢᠨ᠎ᠳᠦ ᠡᠭᠡ ᠭᠠᠵᠠᠷ ᠲᠤ᠌ ᠨᠤᠭᠤᠭᠠᠨ ᠦᠩᠭᠡ ᠬᠦᠪᠦᠷᠡᠨᠡᠮ᠂ ᠮᠠᠨᠳᠤᠬᠤ ᠨᠠᠷᠠᠨ᠎ᠤ ᠭᠡᠷᠡᠯ ᠤᠷᠤᠬᠰᠢᠯᠠᠯᠳᠠ ᠵᠢᠨ ᠵᠠᠮ᠎ᠢ ᠭᠡᠢᠬᠦᠯᠤᠮᠤᠢ᠃ ᠪᠤᠤᠬᠢᠶ᠎ᠠ ᠪᠠᠨ ᠰᠠᠢᠳᠤᠷ ᠲᠠᠮᠵᠢᠭᠤᠯᠤᠨ ᠰᠢᠨ᠎ᠠ ᠠᠶᠠᠨ ᠳ᠋ᠠᠭᠠᠨ ᠡᠷᠡᠮᠡᠭᠡᠢᠯᠡᠨ ᠤᠷᠤᠬᠰᠢᠯᠠᠨᠠᠮ —

ᠪᠢᠳᠡ ᠠᠯᠢ ᠴᠤ᠌ ᠦᠶ᠎ᠡ᠎ᠡᠴᠡ ᠢᠯᠡᠭᠦᠦ ᠣᠮᠣᠭ ᠵᠣᠷᠢᠭ ᠲᠡᠭᠦᠯᠳᠡᠷ ᠪᠠᠢᠨ᠎ᠠ᠃ ᠨᠠᠮ᠎ᠤᠨ ᠲᠥᠪ ᠬᠣᠷᠢᠶ᠎ᠠ ᠤᠮᠠᠷᠠᠲᠤ ᠬᠢᠯᠢ᠎ᠶ᠋ᠢᠨ ᠡᠬᠡ ᠭᠠᠵᠠᠷ᠎ᠢ ᠴᠠᠭ ᠢᠮᠠᠭ᠍ᠲᠠ ᠰᠠᠨᠠᠭᠠᠯᠵᠠᠵᠤ᠂ ᠶᠡᠷᠦᠩᠬᠡᠶ ᠱᠦᠵᠢ ᠰᠢ ᠵᠢᠨ ᠫᠢᠩ ᠪᠡᠶ᠎ᠡ᠎ᠪᠡᠷ᠎ᠢᠶᠡᠨ ᠥᠪᠥᠷ ᠮᠣᠩᠭᠣᠯ᠎ᠢ ᠰᠤᠳᠤᠯᠤᠨ ᠨᠤᠳᠠᠯᠠᠵᠤ ᠴᠢᠭ᠌ᠯᠡᠯ᠎ᠢ ᠲᠣᠭ᠍ᠲᠠᠭᠠᠵᠤ᠂ ᠵᠠᠮ᠎ᠢ ᠵᠢᠭᠠᠨ ᠠᠶᠠᠯᠠᠯ᠎ᠢ ᠵᠠᠮᠴᠢᠯᠠᠵᠤ᠂ ᠴᠢᠩ ᠰᠡᠳᠭᠢᠯ᠎ᠦᠨ ᠰᠤᠷᠭᠠᠯ᠂ ᠭᠦᠨ ᠵᠤᠵᠠᠭᠠᠨ ᠬᠠᠢᠷ᠎ᠠ ᠰᠡᠳᠭᠢᠯᠭᠡ᠎ᠪᠡᠷ ᠵᠢᠡᠨ ᠪᠥᠬᠥ᠌ ᠣᠷᠣᠨ᠎ᠤ ᠦᠨᠳᠦᠰᠦᠲᠡᠨ᠎ᠨᠦᠭᠦᠳ᠎ᠦᠨ ᠺᠠᠳ᠋ᠷ ᠣᠯᠠᠨ ᠲᠦᠮᠡᠨ᠎ᠦ ᠣᠮᠣᠭ ᠲᠡᠭᠦᠯᠳᠡᠷ᠎ᠢᠶᠡᠷ ᠱᠢᠨ᠎ᠡ ᠱᠢᠯᠭᠠᠯᠲᠠ᠎ᠶ᠋ᠢᠨ ᠵᠠᠮ ᠳᠡᠭᠡᠷ᠎ᠡ ᠤᠷᠤᠭ᠍ᠰᠢᠯᠠᠨ ᠳᠠᠪᠱᠢᠬᠤ᠎ᠶ᠋ᠢ ᠵᠢᠯᠣᠭᠣᠳᠤᠨ ᠵᠣᠷᠢᠭ᠍ᠵᠢᠭᠤᠯᠵᠤ ᠪᠠᠢᠨ᠎ᠠ᠃ ᠥᠪᠥᠷ ᠮᠣᠩᠭᠣᠯ ᠶᠠᠮᠠᠷ ᠰᠠᠢᠬᠠᠨ ᠠᠵᠠ ᠵᠢᠷᠭᠠᠯ᠎ᠲᠠᠶ ᠪᠤᠢ᠂ ᠤᠮᠠᠷᠠᠲᠤ ᠬᠢᠯᠢ᠎ᠶ᠋ᠢᠨ ᠬᠥᠪᠡᠭᠦᠳ ᠥᠬᠢᠳ ᠶᠠᠮᠠᠷ ᠰᠠᠢᠬᠠᠨ ᠢᠷᠠᠭᠤ ᠠᠯᠳᠠᠷ᠎ᠲᠠᠶ ᠪᠤᠢ᠃

ᠪᠢᠳᠡ ᠠᠯᠢ ᠴᠤ᠌ ᠦᠶ᠎ᠡ᠎ᠡᠴᠡ ᠢᠯᠡᠭᠦᠦ ᠢᠲᠡᠭᠡᠯ᠎ᠵᠤᠷᠢᠬ ᠲᠡᠶ ᠪᠠᠢᠨ᠎ᠠ᠃ ᠴᠢᠨᠠᠷ ᠰᠠᠢᠲᠠᠶ ᠬᠥᠭ᠌ᠵᠢᠯᠲᠡ᠎ᠶ᠋ᠢᠨ ᠵᠠᠮ ᠲᠣᠳᠣᠷᠬᠠᠶ ᠪᠠᠢᠵᠤ᠂ ᠠᠵᠤ ᠠᠬᠤᠶ᠎ᠶ᠋ᠢᠨ ᠡᠷᠭᠢᠯᠳᠡ ᠲᠣᠭ᠍ᠲᠠᠭᠤᠨ᠎ᠤ ᠳᠤᠮᠳᠠ ᠰᠠᠢᠵᠢᠷᠠᠬᠤ ᠬᠠᠨᠳᠤᠰᠢ ᠢᠯᠡᠷᠡᠵᠦ᠍᠂ ᠥᠪᠡᠷᠮᠢᠴᠡ ᠳᠠᠪᠠᠭᠤᠯᠢᠭ᠎ᠲᠠᠶ ᠪᠠᠢᠭᠠᠯᠢ᠎ᠶ᠋ᠢᠨ ᠠᠮᠢ ᠠᠬᠤᠶ᠎ᠶ᠋ᠢᠨ ᠳᠠᠪᠠᠭᠤᠯᠢᠭ ᠲᠠᠰᠤᠷᠠᠯᠲᠠ ᠥᠬᠡᠶ ᠪᠡᠬᠢᠵᠢᠵᠦ᠍᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ᠎ᠶ᠋ᠢᠨ ᠠᠮᠢ ᠠᠬᠤᠶ ᠠᠯᠬᠤᠮ ᠠᠯᠬᠤᠮ᠎ᠢᠶᠠᠷ ᠪᠦᠷᠢᠯᠳᠦᠵᠦ᠍᠂ ᠥᠪᠥᠷ ᠮᠣᠩᠭᠣᠯ ᠳᠠᠬᠢᠨ ᠮᠣᠷᠳᠠᠵᠤ᠂ ᠱᠢᠨ᠎ᠡ ᠪᠠᠢᠳᠠᠯ᠎ᠢ ᠡᠭᠦᠳᠴᠦ᠍᠂ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌ ᠢᠲᠡᠭᠡᠯ ᠲᠡᠭᠦᠯᠳᠡᠷ᠂ ᠵᠤᠷᠢᠭ ᠲᠡᠭᠦᠯᠳᠡᠷ᠂ ᠬᠥᠳᠡᠯᠭᠡᠬᠦ᠌ ᠬᠦᠴᠦᠨ ᠲᠡᠭᠦᠯᠳᠡᠷ ᠪᠠᠢᠨ᠎ᠠ᠃

ᠪᠢᠳᠡ ᠠᠯᠢ ᠴᠤ᠌ ᠦᠶ᠎ᠡ᠎ᠡᠴᠡ ᠢᠯᠡᠭᠦᠦ ᠡᠷᠴᠢ ᠵᠣᠷᠢᠭ ᠲᠡᠭᠦᠯᠳᠡᠷ ᠪᠠᠢᠨ᠎ᠠ᠃ ᠣᠨᠳᠣᠣ ᠭᠠᠵᠠᠷ᠎ᠲᠤ ᠨᠡᠭᠦᠯᠭᠡᠭ᠌ᠰᠡᠨ ᠶᠠᠳᠠᠭᠤ᠎ᠡᠴᠡ ᠠᠩᠭᠢᠵᠢᠷᠠᠭ᠍ᠰᠠᠨ ᠤᠯᠠᠨ ᠲᠦᠮᠡᠨ ᠠᠭᠤᠵᠢᠮ ᠰᠠᠷᠠᠭᠤᠯ ᠲᠣᠭᠣᠰᠭᠠᠨ ᠪᠠᠢᠱᠢᠩ᠎ᠳᠤ ᠰᠠᠭᠤᠵᠤ᠂ ᠨᠤᠲᠤᠭ᠎ᠲᠠᠭᠠᠨ ᠪᠤᠴᠠᠵᠤ ᠦᠢᠯᠡᠰ ᠪᠤᠰᠭᠠᠬᠰᠠᠨ ᠱᠢᠨ᠎ᠡ ᠮᠠᠶᠢᠭ᠎ᠤᠨ ᠲᠠᠷᠢᠶᠠᠴᠢᠨ ᠰᠦᠯᠵᠢᠶᠡᠨ ᠳᠡᠭᠡᠷ᠎ᠡ ᠱᠢᠭᠤᠳ ᠨᠡᠪᠲᠡᠷᠡᠭᠦᠯᠭᠡ᠎ᠪᠡᠷ ᠨᠤᠲᠤᠭ᠎ᠤᠨ ᠭᠠᠷᠤᠯᠲᠠ᠎ᠪᠠᠨ ᠬᠤᠳᠠᠯᠳᠤᠵᠤ᠂ ᠨᠡᠩ ᠤᠯᠠᠨ ᠳᠠᠭᠠᠳᠭᠠᠯ᠎ᠳᠤ ᠣᠷᠣᠯᠴᠠᠭ᠍ᠰᠠᠨ ᠤᠯᠠᠨ ᠲᠦᠮᠡᠨ ᠨᠡᠩ ᠳᠥᠭᠥᠮ ᠳᠥᠲᠡ ᠥᠨᠳᠥᠷ ᠪᠦᠲᠦᠮᠵᠢᠲᠡᠢ ᠦᠢᠯᠡᠴᠢᠯᠡᠭᠡ ᠬᠦᠷᠳᠡᠵᠤ᠂ ᠡᠯ᠎ᠡ ᠵᠦᠢᠯ᠎ᠦᠨ ᠲᠦᠷᠦ᠍᠎ᠶ᠋ᠢᠨ ᠪᠤᠳᠤᠯᠭ᠎ᠠ ᠵᠢᠨ ᠠᠱᠢᠭᠳᠠᠢ ᠨᠦᠭᠦᠴᠡᠯ᠂ ᠠᠷᠠᠳ᠎ᠤᠨ ᠠᠮᠢᠳᠤᠷᠠᠯ᠎ᠤᠨ ᠠᠱᠢᠭ ᠨᠢ ᠱᠢᠨ᠎ᠡ᠎ᠶ᠋ᠢ ᠡᠭᠦᠳᠬᠦ᠌ ᠦᠢᠯᠡᠰ ᠪᠤᠰᠭᠠᠬᠤ᠎ᠳᠤ ᠨᠡᠩ ᠶᠡᠬᠡ ᠲᠠᠪᠴᠠᠩ ᠪᠣᠯᠤᠨ ᠠᠵᠠ ᠲᠣᠬᠢᠶᠠᠯ ᠬᠠᠩᠭᠠᠪᠠ ᠁ ᠡᠳᠦᠷ ᠢᠷᠡᠬᠦᠶ᠎ᠡ ᠱᠢᠨᠡᠳᠦᠨ ᠬᠤᠪᠢᠷᠠᠵᠤ ᠪᠠᠢᠭ᠎ᠠ ᠬᠥᠭ᠌ᠵᠢᠯᠲᠡ᠎ᠶ᠋ᠢᠨ ᠠᠮᠵᠢᠯᠲᠠ ᠪᠦᠲᠦᠮᠵᠢ ᠨᠢ ᠬᠥᠮᠦᠰ᠎ᠦᠨ ᠡᠳᠦᠷ ᠢᠷᠡᠬᠦᠶ᠎ᠡ ᠰᠠᠢᠵᠢᠷᠠᠵᠤ ᠪᠠᠢᠭ᠎ᠠ ᠬᠦᠷᠲᠡᠮᠵᠢ᠎ᠶ᠋ᠢᠨ ᠲᠦᠷᠦᠭ᠌ᠳᠡᠯ ᠪᠣᠯᠤᠨ ᠵᠢᠷᠭᠠᠯᠲᠤ ᠲᠦᠷᠦᠭ᠌ᠳᠡᠯ᠎ᠳᠦ ᠠᠭᠤᠰᠴᠤ᠌᠂ ᠲᠣᠭ᠎ᠠ ᠲᠣᠮᠰᠢ ᠦᠭᠡᠢ ᠬᠥᠮᠦᠰ᠎ᠦᠨ ᠠᠮᠢᠳᠤᠷᠠᠯ᠎ᠢ ᠨᠡᠩ ᠡᠷᠡᠮᠡᠯᠵᠡᠯ᠎ᠲᠡᠶ ᠪᠣᠯᠭᠠᠵᠤ᠂ ᠠᠵᠢᠯ ᠦᠢᠯᠡᠰ ᠪᠤᠰᠬᠠᠬᠤ ᠵᠢ ᠨᠡᠩ ᠢᠳᠡ ᠬᠦᠴᠦᠨ᠎ᠲᠡᠶ ᠪᠣᠯᠭᠠᠪᠠ᠃

ᠴᠠᠭ ᠮᠥᠴᠡ ᠵᠢᠨ ᠤᠷᠤᠰᠬᠠᠯ᠎ᠳᠦ ᠡᠳᠦᠷ ᠰᠥᠨᠢ᠎ᠶ᠋ᠢ ᠨᠠᠨᠳᠢᠩᠨᠠᠮᠤᠢ᠂ ᠤᠷᠤᠭ᠍ᠰᠢᠯᠠᠯᠲᠠ᠎ᠶ᠋ᠢᠨ ᠠᠶᠠᠨ᠎ᠳᠤ ᠬᠡᠩᠭᠡᠷᠭᠡ ᠵᠢᠨ ᠲᠠᠭᠤᠨ ᠤᠷᠤᠬᠰᠢᠯᠠᠯᠳᠠ ᠵᠢ ᠰᠢᠪᠳᠠᠮᠤᠢ᠃ ᠥᠪᠥᠷ ᠮᠣᠩᠭᠣᠯ᠎ᠤᠨ ᠬᠥᠮᠦᠨ ᠨᠢᠭᠡᠪᠦᠷᠢ᠎ᠶ᠋ᠢᠨ ᠠᠵᠢᠯᠴᠢ ᠬᠥᠳᠡᠯᠮᠦᠷᠢᠴᠢ ᠲᠡᠮᠡᠴᠡᠯ᠎ᠤᠨ ᠨᠠᠷᠢᠨ ᠤᠷᠤᠰᠭᠠᠯ ᠬᠤᠷᠠᠨ ᠴᠤᠬᠯᠠᠷᠠᠵᠤ ᠳᠣᠯᠭᠢᠶᠠᠯᠠᠨ ᠤᠷᠤᠭ᠍ᠰᠢᠯᠠᠬᠤ ᠲᠡᠦᠬᠡ᠎ᠶ᠋ᠢᠨ ᠤᠷᠳᠤ ᠤᠷᠤᠰᠭᠠᠯ᠂ ᠴᠠᠭ ᠦᠶ᠎ᠡ᠎ᠶ᠋ᠢᠨ ᠤᠷᠤᠰᠭᠠᠯ᠎ᠢ ᠪᠦᠷᠢᠯᠳᠦᠭᠦᠯᠪᠠ᠃

( ᠲᠠᠪᠤ) ᠢᠷᠡᠭᠡᠳᠦᠢ᠎ᠶ᠋ᠢ ᠲᠥᠰᠦᠭᠡᠯᠡᠬᠦ᠌ ᠬᠠᠮᠤᠭ᠎ᠤᠨ ᠰᠠᠢ᠌ᠨ ᠠᠷᠭ᠎ᠠ ᠪᠣᠯ ᠳᠠᠷᠤᠢ ᠢᠷᠡᠭᠡᠳᠦᠢ᠎ᠶ᠋ᠢ ᠡᠭᠦᠳᠦᠨ ᠪᠦᠲᠦᠭᠡᠬᠦ᠌ ᠶᠠᠪᠤᠳᠠᠯ ᠪᠣᠯᠤᠨ᠎ᠠ᠃ ᠰᠦᠷ ᠳᠠᠯᠠᠢᠴᠠᠲᠠᠢ ᠬᠥᠭ᠌ᠵᠢᠯᠲᠡ᠎ᠶ᠋ᠢᠨ ᠠᠬᠢᠴᠠ᠂ ᠥᠪᠡᠷᠮᠢᠴᠡ ᠣᠨᠴᠠᠯᠢᠭ᠎ᠲᠠᠶ ᠠᠵᠢᠯ ᠦᠢᠯᠡᠰ᠎ᠦᠨ ᠪᠠᠢᠷᠢᠱᠢᠯ᠂ ᠥᠷ᠎ᠦᠨ ᠲᠤᠶᠠᠭ᠎ᠠ ᠨᠢᠭᠡᠨᠲᠡ ᠰᠠᠴᠤᠷᠠᠬᠰᠠᠨ ᠰᠠᠢ᠌ᠨ ᠰᠠᠢᠬᠠᠨ ᠢᠷᠡᠭᠡᠳᠦᠢ ᠨᠢ ᠪᠢᠳᠡᠨ᠎ᠤ ᠳᠠᠷᠪᠠᠭᠤᠯ ᠵᠢᠨᠨ ᠦᠨᠲᠦᠷ ᠮᠠᠨᠳᠤᠭᠤᠯᠵᠤ᠂ ᠰᠠᠯᠬᠢᠨ᠎ᠤ ᠠᠶ᠎ᠠ᠎ᠪᠠᠷ ᠤᠷᠤᠭ᠍ᠰᠢᠯᠠᠬᠤ᠎ᠶ᠋ᠢ ᠤᠷᠢᠶᠠᠯᠠᠵᠤ ᠪᠠᠢᠨ᠎ᠠ᠃

ᠠᠶᠠᠯᠠᠯ᠎ᠢᠶᠠᠨ ᠲᠠᠬᠢᠨ ᠡᠬᠢᠯᠡᠭᠦᠯᠵᠤ᠂ ᠲᠤᠭ᠎ᠢ ᠥᠨᠳᠥᠷ ᠮᠠᠨᠳᠤᠭᠤᠯᠤᠨ᠎ᠠ᠃ ᠲᠡᠦᠬᠡ᠎ᠶ᠋ᠢᠨ ᠠᠶᠠᠯᠠᠯ ᠰᠦᠷ ᠳᠠᠯᠠᠢᠴᠠᠲᠠᠢ ᠶᠠᠪᠤᠭ᠍ᠳᠠᠵᠤ᠂ ᠪᠢᠳᠡᠨ᠎ᠦ 《ᠬᠣᠶᠠᠷ᠎ᠢ ᠲᠣᠭ᠍ᠲᠠᠭᠠᠬᠤ》 ᠵᠢ ᠡᠷᠡᠰ ᠬᠦᠷᠢᠶᠡᠯᠡᠵᠦ᠍᠂ 《 ᠬᠣᠶᠠᠷ᠎ᠢ ᠬᠠᠮᠠᠭᠠᠯᠠᠬᠤ》 ᠵᠢ ᠡᠷᠡᠰ ᠪᠡᠶᠡᠯᠡᠭᠦᠯᠵᠦ᠍᠂ ᠨᠡᠩ ᠥᠨᠳᠥᠷ ᠤᠯᠤᠰ ᠲᠦᠷᠦ᠍᠎ᠶ᠋ᠢᠨ ᠵᠣᠭ᠍ᠰᠣᠴᠠ ᠪᠠ ᠪᠠᠢᠯᠳᠤᠬᠤ ᠪᠤᠳᠤᠯᠭ᠎ᠠ᠎ᠶ᠋ᠢᠨ ᠰᠡᠳᠭᠢᠬᠦᠢ᠎ᠪᠡᠷ ᠴᠢᠨᠠᠷ ᠰᠠᠢᠲᠠᠢ ᠬᠥᠭ᠌ᠵᠢᠯᠲᠡ᠎ᠶ᠋ᠢ ᠨᠡᠩ᠎ᠢᠳᠡᠪᠬᠢᠲᠡᠢ᠎ᠰᠠᠨᠠᠭᠠᠴᠢᠯᠠᠭ᠎ᠠ᠎ᠠᠴᠠ᠎ᠪᠠᠨ᠎ᠠᠬᠢᠭᠤᠯᠵᠤ᠂᠎ᠠᠮᠢ ᠠᠬᠤᠢ᠎ᠶ᠋ᠢᠨ ᠳᠠᠪᠠᠭᠤᠯᠢᠭ᠎ᠢ ᠨᠡᠩ ᠪᠦᠲᠦᠮᠵᠢᠲᠡᠢ᠎ᠪᠡᠷ ᠬᠥᠭ᠌ᠵᠢᠯᠲᠡ᠎ᠶ᠋ᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠠᠷᠠᠳ ᠲᠦᠮᠡᠨ᠎ᠦ ᠡᠳᠦᠷ ᠢᠷᠡᠬᠦᠶ᠎ᠡ ᠨᠡᠮᠡᠭ᠌ᠳᠡᠵᠦ᠍ ᠪᠠᠢᠭ᠎ᠠ ᠰᠠᠢ᠌ᠨ ᠰᠠᠢᠬᠠᠨ ᠠᠮᠢᠳᠤᠷᠠᠯ᠎ᠤᠨ ᠬᠡᠷᠡᠭ᠌ᠴᠡᠭᠡ᠎ᠶ᠋ᠢ ᠨᠡᠩ ᠯᠠᠪᠳᠠᠭᠤᠨ ᠪᠠᠲᠤᠲᠠᠢ ᠬᠠᠩᠭᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠍᠎ᠶ᠋ᠢᠨ ᠠᠮᠢ ᠠᠬᠤᠢ᠎ᠶ᠋ᠢᠨ ᠪᠠᠢᠭᠤᠯᠤᠯᠲᠠ᠎ᠶ᠋ᠢ ᠨᠡᠩ ᠬᠦᠴᠦᠲᠡᠢ ᠠᠬᠢᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠪᠢᠳᠡᠨ᠎ᠳᠦ ᠵᠢᠷᠤᠭ᠍ᠯᠠᠵᠤ ᠥᠭ᠌ᠭᠦᠭ᠌ᠰᠡᠨ ᠠᠤᠭ᠎ᠠ ᠲᠥᠰᠦᠪ᠎ᠢ ᠨᠡᠩ ᠰᠠᠢ᠌ᠨ ᠰᠠᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠬᠤ᠎ᠪᠠᠷ ᠴᠢᠷᠮᠠᠢᠬᠤ᠎ᠶ᠋ᠢ ᠲᠤᠯᠭᠠᠮ ᠱᠠᠭᠠᠷᠳᠠᠵᠤ ᠪᠠᠢᠨ᠎ᠠ᠃

ᠠᠶᠠᠯᠠᠯ ᠵᠢᠨᠨ ᠳᠠᠬᠢᠨ ᠡᠬᠢᠯᠡᠭᠦᠯᠵᠤ᠂ ᠡᠭᠦᠷᠭᠡ ᠬᠠᠷᠢᠭᠤᠴᠠᠯᠭ᠎ᠠ᠎ᠪᠠᠨ ᠵᠣᠷᠢᠭ᠍ᠲᠠᠶ ᠡᠭᠦᠷᠭᠡᠯᠡᠨ᠎ᠠ᠃ ᠬᠥᠭ᠌ᠵᠢᠯᠲᠡ᠎ᠶ᠋ᠢᠨ ᠬᠦᠷᠳᠦ ᠦᠷᠭᠦᠯᠵᠢᠯᠡᠨ ᠤᠷᠤᠭ᠍ᠰᠢᠯᠠᠵᠦ᠂ ᠪᠢᠳᠡᠨ᠎ᠦ ᠡᠭᠦᠷᠭᠡ ᠬᠠᠷᠢᠭᠤᠴᠠᠯᠭ᠎ᠠ᠎ᠪᠠᠨ ᠤᠬᠠᠵᠤ ᠡᠭᠦᠷᠭᠡ ᠲᠤᠰᠢᠶᠠᠯ ᠵᠢᠨᠨ ᠬᠦᠢᠴᠡᠳᠭᠡᠠ᠂ ᠤᠯᠤᠰ᠎ᠤᠨ ᠠᠮᠢ ᠠᠬᠤᠶ᠎ᠶ᠋ᠢᠨ ᠠᠮᠤᠷ ᠲᠦᠪᠱᠢᠨ᠎ᠢ ᠬᠠᠮᠠᠭᠠᠯᠠᠬᠤ ᠴᠢᠬᠤᠯᠠ ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ᠂ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠂ ᠠᠮᠤ ᠪᠤᠳᠠᠭᠠᠨ᠎ᠤ ᠠᠮᠤᠷ ᠲᠦᠪᠱᠢᠨ᠂ ᠠᠵᠤ ᠦᠢᠯᠡᠰ᠎ᠦᠨ ᠠᠮᠤᠷ ᠲᠦᠪᠱᠢᠨ᠎ᠢ ᠪᠠᠲᠤᠯᠠᠬᠤ ᠴᠢᠬᠤᠯᠠ ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ᠂ ᠤᠯᠤᠰ᠎ᠤᠨ ᠡᠷᠭᠢᠨ ᠲᠣᠭᠣᠷᠢᠨ᠎ᠤ ᠪᠠ ᠭᠠᠳᠠᠭ᠍ᠰᠢ ᠨᠡᠭᠡᠭᠡᠯᠲᠡ ᠬᠢᠬᠦ᠌ ᠪᠠᠢᠯᠳᠤᠬᠤ ᠪᠣᠳᠣᠯᠭ᠎ᠠ᠎ᠶ᠋ᠢ ᠲᠦᠰᠦᠪᠯᠡᠡ ᠰᠢᠢᠳᠪᠦᠷᠢᠯᠡᠬᠦ᠎ᠳᠤ ᠦᠶ᠋ᠯᠡᠴᠢᠯᠡᠬᠦ᠌ ᠴᠢᠬᠤᠯᠠ ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ᠂ ᠤᠯᠤᠰ᠎ᠤᠨ ᠨᠢᠭᠡᠳᠦᠯ᠂ ᠦᠨᠳᠦᠰᠦᠲᠡᠨ᠎ᠦ ᠪᠦᠯᠬᠦᠮᠳᠡᠯ᠎ᠢ ᠬᠠᠮᠠᠭᠠᠯᠠᠬᠤ ᠴᠢᠬᠤᠯᠠ ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ᠂ ᠡᠬᠡ ᠤᠯᠤᠰ᠎ᠤᠨ ᠤᠮᠠᠷᠠᠲᠤ ᠬᠢᠯᠢ᠎ᠶ᠋ᠢ ᠰᠠᠬᠢᠨ ᠬᠠᠮᠠᠭᠠᠯᠠᠬᠤ ᠴᠢᠬᠤᠯᠠ ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ ᠵᠢ ᠡᠷᠡᠰ ᠪᠠᠲᠤ ᠤᠬᠠᠮᠰᠠᠷ᠂ ᠡᠷᠡᠰ ᠪᠠᠳᠤ ᠬᠦᠴᠦᠨ ᠵᠢᠡᠷ ᠡᠬᠦᠷᠭᠡᠯᠡᠡ᠂ 《ᠬᠣᠶᠠᠷ ᠬᠠᠯᠬᠠᠪᠴᠢ》 ᠎ᠶ᠋ᠢ ᠨᠡᠩ ᠪᠠᠲᠤ ᠪᠡᠬᠢ ᠪᠣᠯᠭᠠᠵᠦ᠂ 《ᠬᠣᠶᠠᠷ ᠰᠠᠭᠤᠷᠢᠨ》 ᠎ᠤ᠋ ᠶᠠᠰᠤ ᠴᠢᠨᠠᠷ᠎ᠢ ᠵᠡᠷᠭᠡ᠎ᠪᠡᠷ ᠳᠡᠭᠡᠭ᠌ᠰᠢᠯᠡᠵᠦ᠂ 《ᠨᠢᠭᠡ ᠪᠡᠬᠢᠯᠡᠯᠲᠡ》 ᠎ᠶ᠋ᠢᠨ ᠦᠢᠯᠡᠳᠦᠯ᠎ᠢ ᠨᠡᠩ ᠢᠯᠡᠷᠬᠡᠶ ᠪᠣᠯᠭᠠᠬᠤ ᠵᠢ ᠲᠤᠯᠭᠠᠮ ᠱᠠᠭᠠᠷᠳᠠᠵᠤ ᠪᠠᠢᠨ᠎ᠠ᠃

ᠠᠶᠠᠯᠠᠯ ᠵᠢᠨᠨ ᠳᠠᠬᠢᠨ ᠡᠬᠢᠯᠡᠭᠦᠯᠵᠦ ᠂ ᠣᠮᠣᠭ ᠵᠣᠷᠢᠭ ᠪᠠᠳᠠᠷᠠᠩᠭᠤᠢ ᠠᠵᠢᠯᠯᠠᠨ᠎ᠠ᠃ ᠴᠠᠭ ᠦᠶ᠎ᠡ᠎ᠶ᠋ᠢᠨ ᠶᠡᠬᠡ ᠤᠷᠤᠰᠭᠠᠯ ᠣᠢᠯᠤᠨ ᠳᠠᠪᠠᠯᠭᠠᠯᠠᠵᠤ᠂ ᠪᠢᠳᠡᠡ᠎ᠤ ᠲᠡᠦᠬᠡ᠎ᠶ᠋ᠢᠨ ᠠᠵᠠ ᠲᠣᠬᠢᠶᠠᠯ᠎ᠢ ᠠᠮᠵᠢᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢᠶᠠᠷ ᠠᠶᠠᠯᠠᠯ᠎ᠤᠨ ᠴᠢᠭ᠌ᠯᠡᠯ᠎ᠢ ᠬᠦᠳᠦᠯᠥᠨ ᠳᠠᠭᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢᠶᠠᠷ ᠪᠠᠢᠷᠢᠯᠠᠭᠤᠯᠤᠯᠲᠠ ᠬᠢᠵᠦ᠍᠂ ᠴᠢᠨᠠᠷ ᠰᠠᠢᠲᠠᠢ ᠬᠥᠭ᠌ᠵᠢᠯᠲᠡ᠎ᠪᠡᠷ ᠬᠠᠷᠠᠯᠲᠠ᠎ᠪᠠᠨ ᠲᠣᠭ᠍ᠲᠠᠭᠠᠵᠤ᠂ 《ᠱᠢᠪᠲᠤᠯᠤᠯᠲᠠ ᠬᠢᠬᠦ᠌》 ᠵᠣᠷᠢᠭ ᠰᠠᠨᠠᠭ᠎ᠠ᠂ 《ᠡᠭᠦᠳᠦᠨ ᠪᠦᠲᠦᠭᠡᠬᠦ᠌》 ᠡᠷᠴᠢ ᠵᠣᠷᠢᠭ᠂ 《ᠠᠵᠢᠯ ᠬᠢᠬᠦ》ᠰᠤᠷᠲᠠᠯ᠎ᠢᠶᠠᠨ ᠡᠭᠦᠷᠢᠳᠡ ᠪᠠᠲᠤᠯᠠᠵᠤ᠂ ᠰᠠᠯᠬᠢ ᠳᠠᠪᠠᠯᠭᠠᠨ᠎ᠠᠴᠠ ᠠᠶᠤᠬᠤ᠎ᠦᠭᠡᠢ᠂ ᠥᠷᠢᠰᠥᠯᠳᠦᠭᠡᠨ᠎ᠳᠦ ᠱᠢᠭᠤᠳ ᠬᠠᠨᠳᠤᠵᠤ᠂ ᠦᠵᠡᠯ ᠰᠠᠨᠠᠭ᠎ᠠ᠎ᠪᠠᠨ ᠴᠢᠯᠥᠭᠡᠯᠡᠬᠦ᠌ ᠳᠤᠮᠳᠠ ᠱᠢᠨ᠎ᠡ ᠵᠠᠮ ᠨᠡᠭᠡᠭᠡᠵᠦ᠍᠂ ᠦᠨᠡᠨ ᠬᠦ᠌ ᠠᠳᠭᠤᠨ ᠪᠣᠳᠠᠲᠠᠢ ᠠᠵᠢᠯᠯᠠᠬᠤ ᠳᠤᠮᠳᠠ ᠱᠢᠨ᠎ᠡ ᠣᠷᠣᠨ ᠵᠠᠢ᠎ᠶ᠋ᠢ ᠨᠡᠭᠡᠭᠡᠵᠦ᠍᠂ ᠨᠡᠩ ᠤᠯᠠᠨ 《ᠬᠠᠪᠤᠷ᠎ᠤᠨ ᠦᠯᠢᠭᠡᠷ》᠎ᠢ᠋ ᠦᠷᠭᠦᠯᠵᠢᠯᠡᠨ ᠪᠢᠴᠢᠭ᠌ᠯᠡᠬᠦ᠌᠎ᠪᠡᠷ ᠴᠢᠷᠮᠠᠢᠬᠤ ᠵᠢ ᠲᠤᠯᠭᠠᠮ ᠱᠠᠭᠠᠷᠲᠠᠵᠦ ᠪᠤᠢ᠃

ᠠᠶᠠᠯᠠᠯ᠎ᠢᠶᠠᠨ ᠲᠠᠬᠢᠨ ᠡᠬᠢᠯᠡᠭᠦᠯᠵᠦ᠍᠂ ᠪᠦᠯᠬᠦᠮᠳᠡᠨ ᠤᠷᠤᠭ᠍ᠰᠢᠯᠠᠨ᠎ᠠ᠃ ᠰᠠᠢ᠌ᠨ ᠰᠠᠢᠬᠠᠨ ᠠᠯᠤᠰ ᠢᠷᠡᠭᠡᠳᠦᠢ ᠬᠢᠵᠠᠭᠠᠯᠠᠰᠢ ᠦᠭᠡᠢ ᠭᠡᠭᠡᠨ ᠰᠠᠷᠠᠭᠤᠯ ᠪᠠᠢᠨ᠎ᠠ᠂ ᠡᠨᠡ ᠨᠢ ᠪᠢᠳᠡᠨ᠎ᠤ ᠴᠢᠩ ᠰᠡᠳᠭᠢᠯ᠎ᠦᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠵᠤ᠂ ᠲᠡᠮᠡᠴᠡᠯ᠎ᠦᠨ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠵᠤ᠂ ᠤᠷᠤᠭ᠍ᠰᠢᠯᠠᠨ ᠲᠠᠪᠱᠢᠬᠤ ᠬᠦᠴᠦᠨ ᠴᠢᠳᠠᠯ᠎ᠢ ᠬᠥᠭ᠌ᠵᠢᠭᠡᠨ᠂ ᠡᠭᠦᠳᠦᠨ ᠪᠦᠲᠦᠭᠡᠬᠦ᠌ ᠲᠠᠯᠳᠠ ᠴᠢᠳᠠᠪᠤᠷᠢ᠎ᠶ᠋ᠢ ᠬᠥᠭ᠌ᠵᠢᠭᠡᠵᠦ᠍᠂ ᠡᠯ᠎ᠡ ᠲᠠᠯ᠎ᠠ᠎ᠶ᠋ᠢᠨ ᠤᠶᠤᠨ ᠤᠬᠠᠭᠠᠨ ᠪᠠ ᠬᠦᠴᠦᠨ ᠴᠢᠳᠠᠯ᠎ᠢ ᠲᠠᠢ᠌ᠴᠢᠯᠠᠨ ᠨᠢᠭ᠍ᠲᠠᠷᠠᠭᠤᠯᠵᠤ᠂ ᠰᠡᠳᠭᠢᠯ᠎ᠢᠶᠡᠨ ᠨᠢᠭᠡᠳᠭᠡᠵᠦ᠍ ᠬᠦᠴᠦ᠍᠎ᠪᠡᠨ ᠬᠠᠮᠲᠤᠳᠭᠠᠬᠤ ᠬᠦᠴᠦᠷᠬᠡᠭ ᠶᠡᠬᠡ ᠬᠠᠮᠲᠤᠷᠠᠯ ᠬᠦᠴᠦᠨ᠎ᠢ ᠪᠦᠷᠢᠯᠳᠦᠭᠦᠯᠬᠦ᠌᠎ᠶ᠋ᠢ ᠲᠤᠯᠭᠠᠮ ᠱᠠᠭᠠᠷᠳᠠᠵᠤ ᠪᠠᠢᠨ᠎ᠠ᠃ ᠥᠪᠥᠷ ᠮᠣᠩᠭᠣᠯ᠎ᠤᠨ ᠥᠨᠥᠳᠦᠷ ᠪᠣᠯ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠬᠠᠮᠲᠤ᠎ᠪᠠᠷ ᠲᠡᠮᠡᠴᠡᠭ᠌ᠰᠡᠨ᠎ᠦ ᠦᠷ᠎ᠡ ᠳ᠋ᠦᠩ ᠮᠥᠨ᠂ ᠥᠪᠥᠷ ᠮᠣᠩᠭᠣᠯ᠎ᠤᠨ ᠮᠠᠷᠭᠠᠰᠢ ᠮᠥᠨ ᠬᠦ᠌ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠪᠦᠯᠬᠦᠮᠳᠡᠨ ᠲᠡᠮᠡᠴᠡᠬᠦ᠌᠎ᠶ᠋ᠢ ᠱᠠᠭᠠᠷᠳᠠᠨ᠎ᠠ᠃ ᠲᠦᠮᠡᠨ ᠤᠯᠠᠨ᠎ᠢᠶᠠᠷ᠎ᠢᠶᠠᠨ ᠰᠡᠳᠭᠢᠯ ᠨᠢᠭᠡᠳᠦᠨ ᠴᠢᠷᠮᠠᠢᠨ ᠠᠵᠢᠯᠯᠠᠵᠤ᠂ ᠰᠠᠯᠬᠢ ᠪᠣᠷᠣᠭᠠᠨ᠎ᠳᠤ ᠰᠠᠭᠠᠲᠠᠯ ᠦᠭᠡᠢ ᠤᠷᠤᠭ᠍ᠰᠢᠯᠠᠵᠤ᠂ ᠥᠷᠭᠡᠨ ᠠᠭᠤᠳᠠᠮ ᠤᠷᠤᠨ ᠵᠠᠢ᠎ᠳᠦ ᠡᠷᠡᠮᠡᠬᠡᠢᠯᠡᠨ ᠤᠷᠤᠭᠰᠢᠯᠠᠪᠠᠯ ᠯᠠᠪᠲᠠᠢ ᠶᠡᠬᠡ ᠦᠢᠯᠡᠰ ᠪᠦᠲᠦᠭᠡᠵᠦ᠍ ᠴᠢᠳᠠᠬᠤ ᠶᠤᠮ᠃

( ᠵᠢᠷᠭᠤᠭ᠎ᠠ ) 《ᠠᠶᠤᠩᠭ᠎ᠠ ᠨᠢᠵᠢᠭᠢᠨᠡᠵᠦ᠍ ᠰᠠᠯᠬᠢ ᠲᠡᠭᠲᠡᠭᠦᠶ᠎ᠠ ᠢᠴᠡᠭᠰᠡᠳ ᠬᠦᠲᠡᠯᠵᠦ᠂ ᠲᠡᠯᠡᠭᠡᠢ ᠶᠢᠷᠲᠢᠠᠴᠤ ᠰᠢᠨᠡᠲᠦᠨ ᠬᠤᠪᠢᠷᠠᠵᠤ ᠠᠵᠠ ᠲᠤᠬᠢᠶᠠᠯ ᠢᠪᠡᠭᠡᠮᠤᠢ》᠃ ᠪᠦᠬᠦ᠌ ᠤᠯᠤᠰ᠎ᠤᠨ ᠬᠣᠶᠠᠷ ᠬᠤᠷᠠᠯ ᠬᠤᠷᠠᠯᠳᠤᠬᠤ ᠲᠠᠱᠢᠷᠠᠮ᠎ᠳᠤ᠂ ᠢᠴᠡᠭ᠌ᠰᠡᠳ ᠬᠥᠳᠡᠯᠬᠦ᠌ ᠴᠠᠭ ᠤᠯᠠᠷᠢᠯ ᠪᠣᠯᠪᠠ᠃ ᠬᠠᠪᠤᠷ᠎ᠤᠨ ᠠᠶᠤᠩᠭ᠎ᠠ ᠨᠢᠵᠢᠭᠢᠨᠡᠭᠦᠶ᠎ᠠ᠂ ᠲᠦᠮᠡᠨ ᠪᠣᠳᠠᠰ ᠠᠮᠢᠯᠠᠨ ᠰᠡᠷᠭᠦᠵᠦ᠍᠂ ᠬᠠᠪᠤᠷ᠎ᠤᠨ ᠠᠮᠢᠰᠬᠤᠯ ᠡᠬᠡ ᠭᠠᠵᠠᠷ᠎ᠲᠤ ᠪᠢᠯᠬᠠᠨ᠎ᠠ; ᠳᠣᠷᠣᠨ᠎ᠠ᠎ᠶ᠋ᠢᠨ ᠰᠠᠯᠬᠢ ᠬᠦᠴᠦᠲᠡᠶ ᠦᠯᠢᠶᠡᠬᠦᠶ᠎ᠠ᠂ ᠡᠭᠡ ᠭᠠᠵᠠᠷ ᠬᠦᠭᠡᠷᠡᠡ ᠨᠤᠭᠤᠭᠠᠷᠠᠵᠦ᠂ ᠬᠦᠰᠡᠯ ᠵᠡᠭᠦᠳᠦ ᠬᠠᠪᠤᠷ ᠴᠠᠭ ᠲᠣ᠌ ᠬᠦᠪᠦᠷᠡᠨᠠᠮ᠃

《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠤᠤᠯ ᠱᠢᠵᠢᠮ᠎ᠢ ᠴᠢᠩᠭ᠎ᠠ ᠠᠳᠭᠤᠬᠤ ᠬᠡᠷᠡᠭᠲᠡᠢ》᠂ 《ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠦ᠂ ᠪᠣᠬᠢᠷᠲᠤᠯ ᠦᠭᠡᠢ ᠬᠥᠭ᠌ᠵᠢᠬᠦᠯᠬᠦ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ ᠵᠢᠨᠷ ᠡᠷᠡᠰ ᠭᠤᠢᠪᠢᠰᠢ ᠦᠭᠡᠢ ᠵᠠᠮᠨᠠᠬᠤ ᠭᠡᠷᠡᠭᠲᠡᠢ》᠂《ᠤᠯᠤᠰ᠎ᠤᠨ ᠠᠮᠢ ᠠᠬᠤᠢ᠎ᠶ᠋ᠢᠨ ᠠᠮᠤᠷ ᠲᠦᠪᠱᠢᠨ᠂ ᠡᠨᠧᠷᠭᠢ᠎ᠶ᠋ᠢᠨ ᠠᠮᠤᠷ ᠲᠦᠪᠱᠢᠨ᠂ ᠠᠮᠤ ᠪᠤᠳᠠᠭᠠᠨ᠎ᠤ ᠠᠮᠤᠷ ᠲᠦᠪᠱᠢᠨ᠂ ᠠᠵᠤ ᠦᠢᠯᠡᠰ᠎ᠦᠨ ᠠᠮᠤᠷ ᠲᠦᠪᠱᠢᠨ᠎ᠦ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ ᠪᠠᠠ ᠦᠨᠡᠡᠬᠦ ᠬᠦᠢᠴᠡᠳᠭᠡᠬᠦ ᠬᠡᠷᠡᠭᠲᠡᠢ》᠂ 《ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠠᠳᠭᠤᠬᠤ ᠭᠡᠷᠡᠭᠲᠡᠢ》᠂ 《ᠨᠡᠭᠦᠷᠡᠰᠦᠲᠥ᠋ᠷᠥᠭ᠌ᠴᠢ᠎ᠶ᠋ᠢᠨ ᠭᠠᠲᠠᠭᠰᠢᠯᠠᠭᠤᠯᠤᠯᠲᠠ ᠤᠷᠬᠢᠯ᠎ᠤᠨ ᠬᠡᠮᠵᠢᠭᠲᠡᠯ ᠳ᠋ᠤ ᠬᠦᠷᠬᠦ ᠨᠡᠭᠦᠷᠡᠰᠦᠲᠥ᠋ᠷᠥᠭ᠌ᠴᠢ ᠵᠢ ᠰᠠᠭᠠᠷᠮᠠᠭᠵᠢᠭᠤᠯᠬᠤ ᠠᠵᠢᠯ᠎ᠢ ᠢᠳᠡᠪᠬᠢᠲᠡᠢ ᠯᠠᠪᠳᠠᠭᠤᠨ᠎ᠢᠶᠠᠷ ᠠᠬᠢᠭᠤᠯᠬᠤ ᠬᠡᠷᠡᠭ᠌ᠲᠡᠢ》 ᠁ ᠡᠨᠡ ᠵᠢᠯ᠎ᠤᠨ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ᠂ ᠳᠠᠬᠢᠨᠲᠠ ᠪᠢᠳᠡᠨ᠎ᠦ ᠱᠢᠨ᠎ᠡ ᠠᠶᠠᠨ᠎ᠳᠤ ᠡᠷᠡᠯᠬᠡᠭ᠌ᠯᠡᠨ ᠤᠷᠤᠭ᠍ᠰᠢᠯᠠᠵᠦ᠂ ᠱᠢᠨ᠎ᠡ ᠴᠠᠭ ᠦᠶ᠎ᠠ᠎ᠳᠤ ᠭᠠᠪᠢᠶ᠎ᠠ ᠪᠠᠢᠭᠤᠯᠬᠤ ᠤᠷᠤᠭ᠍ᠰᠢᠯᠠᠯᠲᠠ ᠵᠢᠨ ᠴᠢᠭ᠌ᠯᠡᠯ᠎ᠢ ᠵᠢᠭᠠᠵᠤ᠂ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠵᠠᠢ᠃

ᠱᠢᠨ᠎ᠡ ᠱᠢᠯᠭᠠᠯᠲᠠ᠎ᠶ᠋ᠢᠨ ᠵᠠᠮ᠎ᠢᠶᠠᠷ ᠵᠠᠮᠨᠠᠬᠤ ᠳ᠋ᠠᠭᠠᠠ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠶᠡᠷᠦᠩᠬᠡᠢ ᠱᠦᠵᠢ ᠰᠢ ᠵᠢᠨ ᠫᠢᠩ᠎ᠦᠨ ᠵᠢᠭᠠᠭ᠍ᠰᠠᠨ ᠴᠢᠭ᠌ᠯᠡᠯ᠎ᠢᠶᠡᠷ ᠡᠷᠡᠰ ᠭᠤᠢᠪᠢᠰᠢ ᠦᠭᠡᠢ᠎ᠪᠡᠷ ᠴᠤᠴᠠᠯᠲᠠ ᠦᠭᠡᠢ ᠤᠷᠤᠭ᠍ᠰᠢᠯᠠᠵᠤ᠂ ᠡᠴᠦᠰ᠎ᠲᠦᠨᠢ ᠲᠤᠯᠲᠠᠯ᠎ᠠ ᠬᠢᠪᠡᠯ᠂ ᠪᠢᠳᠡ ᠯᠠᠪᠲᠠᠢ ᠡᠬᠡ ᠤᠯᠤᠰ᠎ᠤᠨ ᠤᠮᠠᠷᠠᠲᠤ᠎ᠶ᠋ᠢᠨ ᠦᠵᠡᠮᠵᠢ᠎ᠶ᠋ᠢᠨ ᠣᠷᠣᠨ᠎ᠢᠶᠠᠨ ᠨᠡᠩ ᠦᠵᠡᠰᠭᠦᠯᠡᠩᠲᠦ ᠰᠠᠢᠬᠠᠨ ᠪᠣᠯᠭᠠᠨ ᠪᠦᠳᠦᠭᠡᠨ ᠪᠠᠢᠭᠤᠯᠵᠤ᠂ ᠱᠢᠨ᠎ᠡ ᠴᠠᠭ ᠦᠶ᠎ᠡ᠎ᠶ᠋ᠢᠨ ᠥᠪᠥᠷ ᠮᠣᠩᠭᠣᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌ ᠨᠢ ᠯᠠᠪᠲᠠᠢ᠃

ᠰᠢᠨ᠎ᠠ ᠱᠢᠯᠭᠠᠯᠲᠠ᠎ᠶ᠋ᠢᠨ ᠵᠠᠮ᠎ᠵᠢᠨᠷ ᠵᠠᠮᠨᠠᠬᠤ ᠳ᠋ᠠᠭᠠᠠ᠂ ᠪᠠᠲᠤ ᠴᠢᠩᠭ᠎ᠠ ᠢᠲᠡᠭᠡᠯ ᠵᠣᠷᠢᠭ᠎ᠢᠶᠠᠷ ᠤᠨ ᠰᠠᠷ᠎ᠠ᠎ᠶ᠋ᠢᠨ ᠬᠤᠩᠬᠤ᠎ᠶ᠋ᠢ ᠬᠠᠩᠬᠢᠨᠠᠭᠤᠯᠵᠤ᠂ ᠴᠤᠭ ᠪᠠᠳᠠᠷᠠᠩᠭᠤᠢ ᠳᠦᠷᠰᠦ ᠪᠠᠢᠳᠠᠯ᠎ᠢᠶᠠᠷ ᠴᠠᠭ ᠦᠶ᠎ᠡ᠎ᠶ᠋ᠢᠨ ᠴᠢᠪᠬᠠᠳᠠᠰᠤ᠎ᠶ᠋ᠢ ᠴᠢᠪᠬᠠᠳᠠᠪᠠᠯ᠂ ᠪᠢᠳᠡ ᠯᠠᠪᠲᠠᠢ ᠨᠡᠩ ᠢᠳᠡ ᠡᠷᠴᠢᠮᠯᠢᠭ ᠲᠡᠦᠬᠡ᠎ᠶ᠋ᠢᠨ ᠨᠠᠢᠷᠠᠯ ᠬᠥᠭ᠌ᠵᠢᠮ᠎ᠢ ᠬᠥᠭ᠌ᠵᠢᠮᠳᠡᠵᠦ᠍᠂ ᠨᠡᠩ ᠭᠡᠷᠡᠯ ᠰᠠᠴᠤᠷᠠᠩᠭᠤᠢ ᠠᠮᠵᠢᠯᠲᠠ ᠪᠦᠲᠦᠮᠵᠢ ᠶ᠋ᠢ ᠡᠭᠦᠳᠴᠦ᠍᠂ ᠨᠡᠩ ᠰᠠᠢ᠌ᠨ ᠰᠠᠢᠬᠠᠨ ᠢᠷᠡᠭᠡᠳᠦᠢ ᠵᠦᠭ ᠤᠷᠤᠭ᠍ᠰᠢᠯᠠᠵᠤ ᠴᠢᠳᠠᠨ᠎ᠠ᠃

ᠴᠠᠭ ᠮᠥᠴᠡ ᠤᠰᠤᠨ ᠤᠷᠤᠰᠭᠠᠯ ᠮᠡᠲᠦ᠂ ᠬᠠᠪᠤᠷ᠎ᠤᠨ ᠤᠷᠢᠨ ᠲᠤᠯᠠᠭᠠᠠ ᠡᠬᠡ ᠭᠠᠵᠠᠷ᠎ᠢ ᠢᠪᠡᠭᠡᠯ᠎ᠡ᠃

ᠥᠨᠳᠥᠷ᠎ᠲᠦ ᠵᠣᠭ᠍ᠰᠣᠨ ᠠᠯᠤᠰ᠎ᠢ ᠪᠠᠷᠠᠯᠠᠰᠤᠭᠠᠢ᠂ ᠲᠡᠭᠡᠬᠦ ᠮᠥᠷᠲᠡᠭᠡᠨ ᠢᠷᠡᠭᠡᠳᠦᠶ᠎ᠶ᠋ᠢᠨ ᠱᠢᠨ᠎ᠡ ᠪᠠᠢᠳᠠᠯ᠎ᠢ ᠦᠵᠡᠰᠦᠭᠡᠢ!

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠰᠢᠡᠬᠤᠸᠠ ᠬᠤᠷᠢᠶ᠎ᠠ
兼容浏览器的HTML页面