2023ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2023-03-04 17:33:24

ᠵᠣᠬᠢᠶᠠᠭ᠍ᠴᠢ᠄ ᠵᠠᠩ ᠺᠦᠶ ᠣᠩᠱᠢᠭ᠍ᠰᠠᠨ ᠣᠳᠠᠭ᠎ᠠ᠄ 3

ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ 3 ᠰᠠᠷ᠎ᠠ᠎ᠶ᠋ᠢᠨ 5 ᠎ᠤ᠋ ᠡᠳᠦᠷ ᠪᠡᠭᠡᠵᠢᠩ᠎ᠳᠦ ᠡᠬᠢᠯᠡᠨ᠎ᠡ᠃ 3 ᠰᠠᠷ᠎ᠠ᠎ᠶ᠋ᠢᠨ 3 ᠎ᠤ᠋ ᠦᠳᠡ᠎ᠶ᠋ᠢᠨ ᠡᠮᠦᠨ᠎ᠡ᠂ ᠪᠥᠬᠥ᠌ ᠣᠷᠣᠨ᠎ᠤ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠦᠰᠡᠯ ᠡᠷᠡᠮᠡᠯᠵᠡᠯ ᠪᠠ ᠬᠦᠨᠳᠦ ᠨᠠᠢᠳᠠᠯᠭ᠎ᠠ᠎ᠶ᠋ᠢ ᠡᠭᠦᠷᠭᠡᠯᠡᠵᠦ ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠳᠤ ᠣᠷᠣᠯᠴᠠᠬᠤ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ ᠬᠥᠬᠡᠬᠣᠲᠠ᠎ᠡᠴᠡ ᠮᠤᠷᠳᠠᠵᠤ ᠪᠡᠭᠡᠵᠢᠩ᠎ᠳᠦ ᠬᠦᠷᠴᠦ᠍᠂ ᠤᠷᠢᠬᠠᠨ ᠬᠠᠪᠤᠷ᠎ᠤᠨ ᠡᠨᠡ ᠬᠦ᠌ ᠦᠪᠡᠳᠡᠭ᠌ᠰᠢ ᠬᠤᠷᠠᠯ᠎ᠳᠤ ᠣᠷᠣᠯᠴᠠᠬᠤ ᠪᠤᠯᠤᠨ᠎ᠠ᠃

ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠲᠥᠯᠥᠭᠡᠯᠡᠭ᠌ᠴᠢ ᠨᠡᠢᠲᠡ 58 ᠬᠥᠮᠦᠨ ᠪᠤᠢ ᠂ ᠲᠥᠪ᠎ᠡᠴᠡ ᠨᠡᠷ᠎ᠡ ᠳᠤᠷᠠᠳᠤᠭ᠍ᠰᠠᠨ ᠲᠥᠯᠥᠭᠡᠯᠡᠭ᠌ᠴᠢ᠎ᠡᠴᠡ ᠭᠠᠳᠠᠨ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠡᠴᠡ ᠨᠡᠷ᠎ᠡ ᠳᠤᠷᠠᠳᠤᠭ᠍ᠰᠠᠨ ᠲᠥᠯᠥᠭᠡᠯᠡᠭ᠌ᠴᠢ ᠨᠡᠢᠲᠡ 53 ᠬᠥᠮᠦᠨ ᠪᠠᠢᠵᠤ᠂ ᠡᠭᠦᠨ᠎ᠦ ᠳᠣᠲᠣᠷᠠᠬᠢ ᠣᠯᠠᠩᠬᠢ ᠨᠢ ᠱᠢᠨ᠎ᠡ᠎ᠪᠡᠷ ᠰᠣᠩᠭᠣᠭ᠍ᠳᠠᠭ᠍ᠰᠠᠨ ᠪᠠᠢᠨ᠎ᠠ᠃ ᠠᠷᠢᠭᠤᠨ ᠳᠠᠷᠬᠠᠨ ᠡᠭᠦᠷᠭᠡ ᠬᠠᠷᠢᠭᠤᠴᠠᠯᠭ᠎ᠠ᠎ᠪᠠᠨ ᠰᠠᠢᠲᠤᠷ ᠭᠦᠶ᠋ᠴᠡᠳᠭᠡᠬᠦ᠌᠎ᠶ᠋ᠢᠨ ᠲᠥᠯᠥᠭᠡ᠂ ᠲᠥᠯᠥᠭᠡᠯᠡᠭ᠌ᠴᠢᠳ ᠬᠤᠷᠠᠯ᠎ᠡᠴᠡ ᠡᠮᠦᠨ᠎ᠡ ᠨᠠᠷᠢᠨ ᠬᠢᠨᠠᠮᠠᠭᠠᠶ ᠰᠤᠷᠤᠯᠴᠠᠵᠤ᠂ ᠭᠦᠨᠵᠡᠭᠡᠶ ᠪᠠᠢᠴᠠᠭᠠᠨ ᠰᠤᠳᠤᠯᠤᠯᠲᠠ ᠬᠢᠵᠦ᠍᠂ ᠨᠠᠷᠢᠨ ᠨᠢᠮᠪᠠᠶ ᠪᠡᠯᠡᠳᠭᠡᠯ ᠬᠢᠵᠡᠶ᠃

ᠤᠣ ᠬᠣᠶ ᠷᠠᠨ ᠲᠥᠯᠥᠭᠡᠯᠡᠭ᠌ᠴᠢ ᠡᠸᠡᠩᠬᠢ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠱᠢᠭᠤ᠎ᠡᠴᠡ ᠢᠷᠡᠭᠰᠡᠨ ᠪᠠᠢᠨ᠎ᠠ᠂ ᠲᠡᠷᠡ᠂ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠪᠡᠷ ᠰᠣᠩᠭᠣᠭ᠍ᠳᠠᠭ᠍ᠰᠠᠨ᠎ᠨᠢ ᠡᠷᠬᠢᠮ ᠳᠡᠭᠡᠳᠦ ᠢᠷᠠᠭᠤ ᠠᠯᠳᠠᠷ ᠮᠥᠨ᠂ ᠨᠠᠩ ᠴᠤ᠌ ᠬᠦᠨᠳᠦ ᠴᠢᠬᠤᠯᠠ ᠬᠠᠷᠢᠭᠤᠴᠠᠯᠭ᠎ᠠ ᠪᠠ ᠡᠭᠦᠷᠭᠡ ᠮᠥᠨ ᠭᠡᠪᠡ᠃ ᠲᠡᠷᠡ ᠦᠨᠳᠦᠰᠦᠨ ᠱᠠᠲᠤᠨ᠎ᠤ ᠡᠮ ᠡᠮᠨᠡᠯᠭᠡ ᠡᠷᠡᠭᠦᠯ ᠬᠠᠮᠠᠭᠠᠯᠠᠯ᠎ᠤᠨ ᠦᠢᠯᠡᠰ᠎ᠢ ᠠᠩᠬᠠᠷᠤᠭ᠍ᠰᠠᠭᠠᠷ ᠢᠷᠡᠵᠡᠢ᠂ ᠡᠨᠡ ᠤᠳᠠᠭ᠎ᠠ ᠪᠦᠬᠦ᠌ ᠤᠯᠤᠰ᠎ᠤᠨ ᠬᠣᠶᠠᠷ ᠬᠤᠷᠠᠯ᠎ᠳᠤ ᠣᠷᠣᠯᠴᠠᠬᠤ᠎ᠳᠠᠭᠠᠨ᠂ ᠲᠡᠷᠡ ᠬᠥᠭ᠌ᠵᠢᠭ᠌ᠰᠡᠨ ᠭᠠᠵᠠᠷ ᠣᠷᠣᠨ᠎ᠤ ᠱᠢᠯᠢᠳᠡᠭ ᠡᠮ ᠡᠮᠨᠡᠯᠭᠡ᠎ᠶ᠋ᠢᠨ ᠪᠠᠢᠭᠤᠯᠤᠮᠵᠢ᠎ᠲᠠᠶ ᠬᠠᠷᠢᠯᠴᠠᠭ᠎ᠠ ᠪᠠᠢᠭᠤᠯᠵᠤ᠂ ᠬᠣᠢᠱᠢᠳᠠ ᠬᠠᠮᠲᠤᠷᠠᠯᠴᠠᠬᠤ᠎ᠪᠠᠷ ᠳᠠᠮᠵᠢᠨ ᠮᠠᠯᠵᠢᠬᠤ ᠲᠠᠷᠢᠶᠠᠯᠠᠬᠤ ᠣᠷᠣᠨ᠎ᠤ ᠡᠮ ᠡᠮᠨᠡᠯᠭᠡ ᠡᠷᠡᠭᠦᠯ ᠬᠠᠮᠠᠭᠠᠯᠠᠯ᠎ᠤᠨ ᠲᠦᠪᠱᠢᠨ᠎ᠢ ᠳᠡᠭᠡᠭ᠌ᠰᠢᠯᠡᠭᠦᠯᠬᠦ᠌ ᠬᠦᠰᠡᠯ᠎ᠲᠡᠶ ᠪᠠᠢᠯ᠎ᠠ᠃

ᠸᠠᠩ ᠼᠠᠢ ᠶᠦᠨ ᠲᠥᠯᠥᠭᠡᠯᠡᠭ᠌ᠴᠢ ᠪᠣᠯ ᠰᠦ᠎ᠶ᠋ᠢᠨ ᠦᠶ᠋ᠯᠡᠰ᠎ᠦᠨ ᠮᠡᠷᠭᠡᠵᠢᠯ᠎ᠦᠨ ᠰᠤᠳᠤᠯᠤᠨ ᠨᠡᠭᠡᠭᠡᠬᠦ᠌ ᠠᠵᠢᠯᠲᠠᠨ ᠪᠣᠯᠤᠨ᠎ᠠ᠂ ᠲᠡᠷᠡ ᠦᠶ᠋ᠯᠡᠳᠪᠦᠷᠢᠯᠡᠯ ᠰᠤᠷᠭᠠᠨ ᠬᠦᠮᠤᠵᠢᠯ ᠰᠢᠨᠵᠢᠯᠡᠬᠦ ᠤᠬᠠᠭᠠᠨ ᠤ᠋ ᠰᠤᠳᠤᠯᠭᠠᠨ ᠬᠡᠷᠡᠭ᠌ᠯᠡᠯᠲᠡ᠎ᠶ᠋ᠢ ᠨᠢᠭᠡ ᠴᠣᠭ᠍ᠴᠠᠵᠢᠭᠤᠯᠬᠤ ᠡᠯ᠎ᠡ ᠭᠣᠭ᠍ᠴᠣᠭ᠎ᠠ᠎ᠶ᠋ᠢ ᠬᠡᠷᠬᠢᠨ ᠨᠡᠪᠲᠡᠷᠡᠭᠦᠯᠬᠦ᠌ ᠲᠤᠬᠠᠶ ᠢᠮᠠᠭ᠍ᠲᠠ ᠪᠣᠳᠣᠯᠬᠢᠯᠠᠵᠤ᠂ ᠦᠶ᠋ᠯᠡᠳᠪᠦᠷᠢᠯᠡᠯ ᠰᠤᠷᠭᠠᠨ ᠬᠦᠮᠤᠵᠢᠯ ᠰᠢᠨᠵᠢᠯᠡᠬᠦ ᠤᠬᠠᠭᠠᠨ ᠤ᠋ ᠰᠤᠳᠤᠯᠭᠠᠨ ᠬᠡᠷᠡᠭ᠌ᠯᠡᠯᠲᠡ᠎ᠶ᠋ᠢ ᠦᠨᠡᠨ ᠬᠦ᠌ ᠭᠦᠨᠵᠡᠭᠡᠢᠷᠡᠭᠦᠯᠦᠨ ᠪᠣᠳᠠᠲᠠᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠰᠦ᠎ᠶ᠋ᠢᠨ ᠦᠶ᠋ᠯᠡᠰ᠎ᠦᠨ ᠬᠥᠭ᠌ᠵᠢᠯ ᠮᠠᠨᠳᠤᠯ᠎ᠳᠤ ᠬᠦᠴᠦᠨ ᠨᠡᠮᠡᠷᠢᠯᠡᠬᠦ᠌᠎ᠶ᠋ᠢ ᠪᠣᠳᠣᠯᠬᠢᠯᠠᠭ᠍ᠰᠠᠭᠠᠷ ᠢᠷᠡᠵᠡᠶ᠃ ᠲᠡᠷᠡ᠂ ᠣᠷᠭᠢᠯᠤᠮ᠎ᠠ ᠬᠠᠯᠠᠭᠤᠨ ᠰᠡᠳᠭᠢᠯᠭᠡ ᠪᠣᠯᠤᠨ ᠰᠠᠢ᠌ᠨ ᠰᠠᠢᠬᠠᠨ ᠠᠵᠢᠯ᠎ᠤᠨ ᠪᠠᠢᠳᠠᠯ᠎ᠢᠶᠠᠷ ᠲᠤᠱᠢᠶᠠᠯ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠭᠡᠵᠦ᠍᠂ ᠠᠷᠠᠳ ᠲᠦᠮᠡᠨ᠎ᠦ ᠲᠥᠯᠥᠭᠡ ᠦᠭᠡ ᠬᠡᠯᠡᠵᠦ᠍᠂ ᠬᠥᠭ᠌ᠵᠢᠯᠲᠡ᠎ᠶ᠋ᠢᠨ ᠲᠥᠯᠥᠭᠡ ᠠᠷᠭ᠎ᠠ ᠤᠬᠠᠭᠠᠨ ᠭᠠᠷᠭᠠᠨ᠎ᠠ ᠬᠡᠯ᠎ᠠ᠃

ᠡᠸ᠋ ᠶᠢᠩ ᠪᠣᠯ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠮᠥᠨ᠂ ᠡᠨᠡ ᠤᠳᠠᠭ᠎ᠠ ᠦᠷᠭᠦᠯᠵᠢᠯᠡᠨ ᠲᠦᠯᠦᠭᠡᠯᠡᠭᠴᠢ ᠪᠡᠷ ᠰᠤᠩᠭᠤᠭᠳᠠᠭᠰᠠᠨ ᠲᠡᠭᠦᠨ᠎ᠦ ᠪᠡᠶ᠎ᠡ ᠳᠡᠭᠡᠷᠡᠬᠢ ᠡᠭᠦᠷᠭᠡ ᠨᠠᠩ ᠬᠦᠨᠳᠦ ᠪᠣᠯᠤᠭ᠍ᠰᠠᠨ ᠱᠢᠭ᠋ ᠰᠠᠨᠠᠭ᠍ᠳᠠᠪᠠ᠃ ᠥᠩᠭᠡᠷᠡᠭ᠌ᠰᠡᠨ ᠨᠢᠭᠡ ᠵᠢᠯ᠎ᠳᠦ᠂ ᠲᠡᠷᠡ ᠬᠠᠲᠤᠨ ᠭᠤᠤᠯ᠎ᠤᠨ ᠤᠰᠤᠨ᠎ᠤ ᠡᠬᠢ ᠪᠠᠶᠠᠯᠢᠭ᠎ᠢ ᠥᠨᠳᠥᠷ ᠪᠦᠲᠦᠮᠵᠢᠲᠡᠶ ᠠᠱᠢᠭ᠍ᠯᠠᠬᠤ᠎ᠶ᠋ᠢᠨ ᠲᠣᠭᠣᠷᠢᠨ᠎ᠳᠤ ᠪᠠᠢᠴᠠᠭᠠᠨ ᠰᠤᠳᠤᠯᠤᠯᠲᠠ ᠬᠢᠭ᠌ᠰᠡᠭᠡᠷ ᠢᠷᠡᠵᠡᠶ᠂ ᠡᠨᠡ ᠵᠢᠯ ᠶᠡᠬᠡ ᠬᠤᠷᠠᠯ ᠳᠡᠭᠡᠷ᠎ᠡ ᠲᠡᠪᠰᠢᠭᠦᠯᠬᠦ ᠪᠡᠷ ᠪᠠᠢᠭ᠎ᠠ ᠰᠠᠨᠠᠭᠤᠯᠭ᠎ᠠ᠎ᠨᠢ ᠴᠤ᠌ ᠡᠨᠡ ᠬᠦ᠌ ᠭᠤᠤᠯ ᠰᠡᠳᠦᠪ᠎ᠦᠨ ᠲᠣᠭᠣᠷᠢᠨ᠎ᠳᠤ ᠳᠤᠷᠠᠳᠤᠭ᠍ᠰᠠᠨ ᠶᠤᠮ᠃ ᠡᠦ ᠶᠢᠩ᠄ 《 ᠬᠠᠲᠤᠨ ᠭᠤᠤᠯ᠎ᠤᠨ ᠤᠰᠤ᠎ᠶ᠋ᠢ ᠨᠠᠩ ᠵᠦᠶ ᠵᠣᠬᠢᠰᠲᠠᠶ ᠠᠱᠢᠭ᠍ᠯᠠᠵᠤ᠂ ᠬᠠᠲᠤᠨ ᠭᠤᠤᠯ ᠳᠠᠭᠠᠤ ᠭᠠᠵᠠᠷ ᠣᠷᠣᠨ᠎ᠤ ᠠᠵᠤ ᠠᠬᠤᠶ᠎ᠶ᠋ᠢᠨ ᠡᠷᠡᠭᠦᠯ᠎ᠢᠶᠡᠷ ᠲᠦᠷᠭᠡᠨ ᠬᠥᠭ᠌ᠵᠢᠬᠦ᠌᠎ᠳᠦ ᠬᠦᠴᠦᠨ ᠨᠡᠮᠡᠷᠢᠯᠡᠬᠦ᠌᠎ᠶ᠋ᠢ ᠪᠢ ᠬᠦᠰᠡᠵᠦ᠍ ᠪᠠᠢᠨ᠎ᠠ》 ᠭᠡᠪᠡ᠃

ᠪᠡᠭᠡᠵᠢᠩ᠎ᠳᠦ ᠬᠦᠷᠬᠦ᠌ ᠭᠠᠯᠲᠤ ᠲᠡᠷᠭᠡᠨ ᠳᠡᠭᠡᠷ᠎ᠡ᠂ ᠴᠥᠭᠡᠨ ᠪᠤᠰᠤ ᠲᠥᠯᠥᠭᠡᠯᠡᠭ᠌ᠴᠢᠳ ᠪᠠᠰᠠ ᠲᠡᠪᠰᠢᠬᠦᠯᠬᠦ ᠪᠡᠷ ᠪᠠᠢᠭ᠎ᠠ ᠰᠠᠨᠠᠭᠤᠯᠭ᠎ᠠ᠎ᠪᠠᠨ ᠵᠠᠰᠠᠵᠤ ᠪᠠᠢᠪᠠ᠃ ᠲᠡᠳᠡ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠪᠣᠯᠤᠭ᠍ᠰᠠᠨ᠎ᠤ ᠬᠤᠪᠢ᠎ᠳᠤ᠂ ᠬᠠᠷᠢᠭᠤᠴᠠᠯᠭ᠎ᠠ ᠬᠦᠨᠳᠦ᠂ ᠡᠭᠦᠷᠭᠡ ᠦᠩᠬᠡ ᠬᠡᠷᠡᠯᠳᠡᠢ ᠶᠤᠮ᠂ ᠳᠡᠭᠡᠳᠦ ᠬᠡᠮᠵᠢᠶᠡᠨ᠎ᠦ ᠤᠯᠤᠰ ᠲᠦᠷᠦ᠍᠎ᠶ᠋ᠢᠨ ᠬᠠᠷᠢᠭᠤᠴᠠᠯᠭᠠᠲᠤ ᠰᠡᠳᠭᠢᠯᠭᠡ ᠪᠣᠯᠤᠨ ᠲᠡᠦᠬᠡᠨ ᠡᠭᠦᠷᠭᠡᠲᠦ ᠪᠤᠳᠤᠯ᠎ᠢᠶᠠᠷ ᠡᠭᠦᠷᠭᠡ ᠬᠠᠷᠢᠭᠤᠴᠠᠯᠭ᠎ᠠ᠎ᠪᠠᠨ ᠰᠠᠢᠲᠤᠷ ᠭᠦᠢᠴᠡᠳᠭᠡᠵᠦ᠍᠂ ᠴᠤᠭ ᠪᠠᠳᠠᠷᠠᠩᠭᠤᠢ ᠪᠠᠢᠳᠠᠯ᠂ ᠪᠣᠳᠠᠲᠠᠢ᠎ᠶ᠋ᠢ ᠡᠷᠬᠢᠮᠯᠡᠬᠦ᠌ ᠰᠤᠷᠲᠠᠯ᠎ᠢᠶᠠᠷ ᠶᠡᠬᠡ ᠬᠤᠷᠠᠯ᠎ᠳᠤ ᠰᠠᠢᠲᠤᠷ ᠤᠷᠤᠯᠴᠠᠵᠤ᠂ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠰᠠᠢ᠌ᠨ ᠰᠠᠢᠬᠠᠨ ᠲᠦᠷᠢ ᠲᠥᠷᠬᠦ᠌᠎ᠶ᠋ᠢ ᠭᠦᠢᠴᠡᠳ ᠢᠯᠡᠷᠡᠭᠦᠯᠵᠦ᠍᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠎ᠳᠤ ᠤᠶᠤᠨ ᠤᠬᠠᠭᠠᠨ ᠪᠣᠯᠤᠨ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠢᠯᠡᠳᠭᠡᠵᠡᠭᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面