2023ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2023-03-04 16:53:15

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠦᠯᠦᠬᠡᠯᠡᠭᠴᠢᠳ ᠎ᠤᠨ ᠶᠡᠬᠡ ᠬᠤᠷᠠᠯ ᠎ᠤᠨ ᠠᠩᠬᠠᠳᠤᠭᠠᠷ ᠬᠤᠷᠠᠯ ᠰᠤᠨᠢᠨ ᠮᠡᠳᠡᠬᠡ ᠨᠡᠢᠳᠡᠯᠡᠬᠦ ᠬᠤᠷᠠᠯ ᠬᠢᠨ᠎ᠡ

ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠠᠩᠬᠠᠳᠤᠭᠠᠷ ᠬᠤᠷᠠᠯ 3 ᠰᠠᠷ᠎ᠠ᠎ᠶ᠋ᠢᠨ 4 ᠤ᠋ ᠦᠳᠡ᠎ᠶ᠋ᠢᠨ ᠬᠣᠢᠨᠠᠬᠢ 3 ᠴᠠᠭ᠎ᠲᠤ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠡᠬᠢᠯᠡᠨ᠎ᠡ᠃

ᠡᠬᠢᠯᠡᠯᠲᠡ ᠵᠢᠨ ᠬᠤᠷᠠᠯ ᠳᠡᠭᠡᠷ᠎ᠡ᠂ ᠬᠤᠷᠠᠯ᠎ᠳᠤ ᠣᠷᠣᠯᠴᠠᠬᠤ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ ᠤᠯᠤᠰ ᠲᠦᠷᠦ᠍᠎ᠶ᠋ᠢᠨ ᠵᠥᠪᠯᠡᠯᠭᠡᠨ ᠎ᠦ ᠪᠦᠬᠦ᠌ ᠤᠯᠤᠰ᠎ᠤᠨ ᠬᠤᠷᠢᠶ᠎ᠠ ᠵᠢᠨ ᠪᠠᠢᠩᠭᠤ᠎ᠶ᠋ᠢᠨ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ ᠪᠤᠯᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠪᠦᠬᠦ᠌ ᠤᠯᠤᠰ᠎ᠤᠨ ᠬᠤᠷᠢᠶ᠎ᠠ ᠵᠢᠨ ᠰᠠᠨᠠᠯ ᠲᠤᠷᠷᠠᠳᠤᠯᠭ᠎ᠠ ᠵᠢᠨ ᠲᠤᠬᠠᠢ ᠠᠵᠢᠯ᠎ᠤᠨ ᠮᠡᠳᠡᠭᠦᠯᠦᠯᠲᠡ ᠵᠢ ᠰᠤᠨᠤᠰᠴᠤ ᠬᠢᠨᠠᠨ ᠵᠦᠪᠯᠡᠬᠦ ᠪᠤᠯᠤᠨ᠎ᠠ᠃

ᠲᠥᠪ᠎ᠦᠨ ᠷᠠᠳᠢᠣ᠋ ᠲᠧᠯᠸᠢᠰ᠎ᠦᠨ ᠶᠡᠷᠦᠩᠬᠡᠢ ᠬᠣᠷᠢᠢ᠎ᠠ᠎ᠡᠴᠡ ᠡᠬᠢᠯᠡᠯᠲᠡ᠎ᠶ᠋ᠢᠨ ᠬᠤᠷᠠᠯ ᠲᠡᠭᠡᠷ᠎ᠡ ᠸᠠᠩ ᠶᠠᠩ᠎ᠤᠨ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠪᠠᠢᠩᠭᠤ᠎ᠶ᠋ᠢᠨ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ ᠬᠢᠬᠦ ᠶ᠋ᠢ ᠱᠢᠭᠤᠳ ᠨᠡᠪᠲᠡᠷᠡᠭᠦᠯᠦᠨ᠎ᠡ;ᠱᠢᠨᠬᠤᠸᠠ ᠰᠦᠯᠵᠢᠶ᠎ᠡ ᠡᠬᠢᠯᠡᠯᠲᠡ᠎ᠶ᠋ᠢᠨ ᠬᠤᠷᠠᠯ᠎ᠢ ᠲᠤᠬᠠᠶ᠎ᠶ᠋ᠢᠨ ᠲᠠᠯᠠᠪᠠᠶ᠎ᠳᠤ ᠵᠢᠷᠤᠭ ᠦᠰᠦᠭ᠎ᠢᠶᠡᠷ ᠱᠢᠭᠤᠳ ᠨᠡᠪᠲᠡᠷᠡᠭᠦᠯᠦᠨ᠎ᠡ᠃

4 ᠤ᠋ ᠡᠳᠦᠷ᠎ᠦᠨ 12 ᠴᠠᠭ᠎ᠲᠤ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ ᠰᠣᠨᠢᠨ ᠮᠡᠳᠡᠭᠡ ᠨᠡᠢᠲᠡᠯᠡᠬᠦ᠌ ᠬᠤᠷᠠᠯ ᠬᠢᠵᠦ᠍᠂ ᠶᠡᠬᠡ ᠬᠤᠷᠠᠯ᠎ᠤᠨ ᠥᠭᠦᠯᠡᠭ᠌ᠴᠢ᠎ᠡᠴᠡ ᠶᠡᠬᠡ ᠬᠤᠷᠠᠯ᠎ᠤᠨ ᠵᠥᠪᠯᠡᠬᠦ᠌ ᠵᠦᠶ᠋ᠯᠡᠰ ᠪᠤᠯᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠤᠨ ᠬᠣᠯᠪᠣᠭ᠍ᠳᠠᠯ ᠪᠥᠬᠥᠶ ᠠᠰᠠᠭᠤᠳᠠᠯ᠎ᠤᠨ ᠲᠤᠬᠠᠶ ᠳᠤᠮᠳᠠᠳᠤ ᠭᠠᠳᠠᠭᠠᠳᠤ᠎ᠶ᠋ᠢᠨ ᠰᠤᠷᠪᠤᠯᠵᠢᠯᠠᠭᠴᠢ ᠵᠢᠨ ᠠᠰᠠᠭᠤᠯᠲᠠ᠎ᠳᠤ ᠬᠠᠷᠢᠭᠤᠯᠲᠠ ᠦᠭᠭᠦᠨ᠎ᠡ᠃ ᠲᠤᠬᠠᠶ᠎ᠶ᠋ᠢᠨ ᠦᠶ᠎ᠡ᠎ᠳᠦ ᠲᠥᠪ᠎ᠦᠨ ᠷᠠᠳᠢᠣ᠋ ᠲᠧᠯᠸᠢᠰ᠎ᠦᠨ ᠶᠡᠷᠦᠩᠬᠡᠶ ᠬᠣᠷᠢᠶ᠎ᠠ ᠡᠴᠡ ᠲᠤᠬᠠᠶ᠎ᠶ᠋ᠢᠨ ᠲᠠᠯᠠᠪᠠᠶ᠎ᠶ᠋ᠢᠨ ᠱᠢᠭᠤᠳ ᠨᠡᠪᠲᠡᠷᠡᠭᠦᠯᠭᠡ ᠬᠢᠵᠦ᠍᠂ ᠳᠤᠮᠳᠠᠳᠤ ᠤᠯᠤᠰ᠎ᠤᠨ ᠰᠦᠯᠵᠢᠶ᠎ᠡ ᠲᠤᠬᠠᠶ᠎ᠶ᠋ᠢᠨ ᠲᠠᠯᠠᠪᠠᠶ᠎ᠶ᠋ᠢᠨ ᠵᠢᠷᠤᠭ ᠦᠰᠦᠭ᠎ᠦᠨ ᠱᠢᠭᠤᠳ ᠨᠡᠪᠲᠡᠷᠡᠭᠦᠯᠭᠡ ᠬᠢᠨ᠎ᠠ᠃

(ᠱᠢᠨᠬᠤᠸᠠ ᠬᠣᠷᠢᠶᠠᠨ᠎ᠤ ᠪᠡᠭᠡᠵᠢᠩ᠎ᠦᠨ 3 ᠰᠠᠷ᠎ᠠ᠎ᠶ᠋ᠢᠨ 3 ᠤ᠋ ᠴᠠᠬᠢᠯᠭᠠᠨ ᠮᠡᠳᠡᠭᠡ )

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面