2023ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2023-03-04 12:10:20

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠸᠠᠩ ᠬᠣ᠌ ᠨᠢᠩ ᠬᠤᠷᠠᠯ ᠎ᠢ ᠡᠷᠬᠢᠯᠡᠵᠠᠢ

ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠠᠩᠬᠠᠳᠤᠭᠠᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠵᠢᠨ ᠨᠡᠷᠡᠰ ᠵᠡᠷᠭᠡ᠎ᠶ᠋ᠢ ᠪᠠᠲᠤᠯᠠᠪᠠ

ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠬᠤᠷᠢᠶ᠎ᠠ ᠵᠢᠨ ᠠᠩᠬᠠᠳᠤᠭᠠᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠠᠩᠬᠠᠳᠤᠭᠠᠷ ᠤᠳᠠᠭ᠎ᠠ ᠵᠢᠨ ᠬᠤᠷᠠᠯ 3 ᠤ᠋ ᠦᠳᠡ᠎ᠶ᠋ᠢᠨ ᠬᠣᠢᠨ᠎ᠠ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠬᠤᠷᠠᠯᠳᠤᠪᠠ᠃ ᠲᠡᠷᠢᠭᠦᠯᠡᠭ᠌ᠴᠢᠳ᠎ᠦᠨ ᠪᠦᠯᠬᠦᠮ᠎ᠦᠨ ᠬᠤᠷᠠᠯ ᠡᠷᠬᠢᠯᠡᠭ᠌ᠴᠢ ᠸᠠᠩ ᠬᠣ᠌ ᠨᠢᠩ ᠬᠤᠷᠠᠯ᠎ᠢ ᠡᠷᠬᠢᠯᠡᠵᠠᠢ᠃

ᠬᠤᠷᠠᠯ᠎ᠡᠴᠡ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠬᠤᠷᠢᠶ᠎ᠠ ᠵᠢᠨ ᠠᠩᠬᠠᠳᠤᠭᠠᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢᠳ᠎ᠦᠨ ᠨᠡᠷᠡᠰ᠂ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠬᠤᠷᠢᠶ᠎ᠠ ᠵᠢᠨ ᠠᠩᠬᠠᠳᠤᠭᠠᠷ ᠬᠤᠷᠠᠯ᠎ᠤᠨ ᠡᠯ᠎ᠡ ᠤᠳᠠᠭ᠎ᠠ᠎ᠶ᠋ᠢᠨ ᠪᠥᠬᠥᠳᠡ ᠬᠤᠷᠠᠯ᠎ᠤᠨ ᠭᠦᠶ᠋ᠴᠡᠳᠭᠡᠬᠴᠢ ᠲᠡᠷᠢᠭᠦᠯᠡᠭ᠌ᠴᠢ ᠪᠣᠯᠤᠨ ᠬᠤᠷᠠᠯ ᠡᠷᠬᠢᠯᠡᠭ᠌ᠴᠢ᠎ᠶ᠋ᠢᠨ ᠨᠡᠷᠡᠰ᠂ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠬᠤᠷᠢᠶ᠎ᠠ ᠵᠢᠨ ᠠᠩᠬᠠᠳᠤᠭᠠᠷ ᠬᠤᠷᠠᠯ᠎ᠤᠨ ᠳᠤᠭᠤᠢᠯᠠᠩ ᠬᠤᠪᠢᠶᠠᠬᠤ ᠠᠷᠭ᠎ᠠ ᠪᠣᠯᠤᠨ ᠭᠡᠱᠢᠭᠦᠳ᠎ᠤᠨ ᠳᠤᠭᠤᠢᠯᠠᠩ᠎ᠤᠨ ᠬᠤᠷᠠᠯᠳᠤᠭᠤᠯᠤᠭ᠍ᠴᠢ᠎ᠶ᠋ᠢᠨ ᠨᠡᠷᠡᠰ᠂ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠬᠤᠷᠢᠶ᠎ᠠ ᠵᠢᠨ ᠠᠩᠬᠠᠳᠤᠭᠠᠷ ᠬᠤᠷᠠᠯ᠎ᠤᠨ ᠳᠡᠳ᠋ ᠨᠠᠷᠢᠨ ᠪᠢᠴᠢᠭ᠎ᠦᠨ ᠳᠠᠷᠤᠭ᠎ᠠ᠎ᠶ᠋ᠢᠨ ᠨᠡᠷᠡᠰ᠂ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠬᠤᠷᠢᠶ᠎ᠠ ᠵᠢᠨ ᠠᠩᠬᠠᠳᠤᠭᠠᠷ ᠬᠤᠷᠠᠯ᠎ᠤᠨ ᠨᠠᠷᠢᠨ ᠪᠢᠴᠢᠭ᠎ᠦᠨ ᠭᠠᠵᠠᠷ᠎ᠤᠨ ᠪᠠᠢᠭᠤᠯᠤᠮᠵᠢ᠎ᠶ᠋ᠢᠨ ᠲᠣᠬᠢᠷᠠᠭᠤᠯᠤᠯᠲᠠ ᠪᠣᠯᠤᠨ ᠠᠵᠢᠯ᠎ᠤᠨ ᠡᠭᠦᠷᠭᠡ᠎ᠶ᠋ᠢ ᠬᠢᠨᠠᠨ ᠵᠥᠪᠯᠡᠵᠦ᠍ ᠪᠠᠲᠤᠯᠠᠪᠠ᠃

ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠠᠩᠬᠠᠳᠤᠭᠠᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠱ᠌ᠢ᠎ᠲᠡᠶ ᠹᠸᠩ ᠂ ᠬᠣ᠌ ᠴᠦᠨ ᠬᠤᠸᠠ ᠂ ᠱᠸᠨ ᠶᠤᠸᠠᠢ ᠶᠤᠸᠠᠢ ᠂ ᠵᠧᠦ ᠴᠢᠶᠠᠩ᠂ ᠫᠠᠪᠠᠯᠠ· ᠭᠸᠯᠸᠭᠨᠠᠮᠵᠢᠯ᠂ ᠾᠧ ᠾᠧᠦ ᠬᠤᠸᠠ᠂ ᠯᠢᠶᠠᠩ ᠵᠧᠨ ᠶᠢᠩ ᠂ ᠪᠠᠭᠠᠲᠤᠷ᠂ ᠰᠣ᠌ ᠬᠤᠢ᠂ ᠱᠤᠤ ᠬᠣᠩ᠂ ᠭᠤᠤ ᠶᠦᠨ ᠯᠦᠩ ᠲᠡᠷᠢᠭᠦᠯᠡᠭ᠌ᠴᠢᠳ᠎ᠦᠨ ᠲᠠᠢᠰᠠᠨ᠎ᠳᠤ ᠰᠠᠭᠠᠲᠠᠵᠠᠢ᠃

(ᠱᠢᠨᠬᠤᠸᠠ ᠬᠣᠷᠢᠶᠠᠨ᠎ᠤ ᠪᠡᠭᠡᠵᠢᠩ᠎ᠦᠨ 3 ᠰᠠᠷ᠎ᠠ᠎ᠶ᠋ᠢᠨ 3 ᠤ᠋ ᠴᠠᠬᠢᠯᠭᠠᠨ ᠮᠡᠳᠡᠭᠡ )

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面