2023-03-04 12:07:08
ᠸᠠᠩ ᠶᠠᠩ ᠬᠤᠷᠠᠯ ᠢ ᠡᠷᠭᠢᠯᠡᠵᠠᠢ
ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠠᠩᠬᠠᠳᠤᠭᠠᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠦᠷᠢᠯᠳᠦᠬᠦᠨ᠂ ᠲᠡᠷᠢᠭᠦᠯᠡᠭ᠌ᠴᠢᠳ᠎ᠦᠨ ᠪᠦᠯᠬᠦᠮ᠎ᠦᠨ ᠬᠤᠷᠠᠯᠡᠷᠬᠢᠯᠡᠭ᠌ᠴᠢ ᠪᠣᠯᠤᠨ ᠨᠠᠷᠢᠨ ᠪᠢᠴᠢᠭ᠎ᠦᠨ ᠳᠠᠷᠤᠭ᠎ᠠ᠎ᠶ᠋ᠢᠨ ᠨᠡᠷᠡᠰ ᠵᠢᠴᠢ ᠬᠤᠷᠠᠯ᠎ᠤᠨ ᠵᠥᠪᠯᠡᠬᠦ᠌ ᠵᠦᠢᠯ ᠵᠡᠷᠭᠡ᠎ᠶ᠋ᠢ ᠪᠠᠲᠤᠯᠠᠪᠠ
ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠬᠣᠷᠢᠶ᠎ᠠ ᠵᠢᠨ ᠠᠩᠬᠠᠳᠤᠭᠠᠷ ᠬᠤᠷᠠᠯ᠎ᠤᠨ ᠪᠡᠯᠡᠳᠭᠡᠯ ᠬᠤᠷᠠᠯ 3 ᠤ᠋ ᠦᠳᠡ᠎ᠶ᠋ᠢᠨ ᠬᠣᠢᠨ᠎ᠠ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠬᠤᠷᠠᠯᠳᠤᠪᠠ᠃
ᠬᠤᠷᠠᠯ᠎ᠢ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠸᠠᠩ ᠶᠠᠩ ᠡᠷᠭᠢᠯᠡᠵᠠᠢ᠃
ᠬᠤᠷᠠᠯ᠎ᠡᠴᠡ ᠭᠠᠷ ᠡᠷᠭᠦᠨ ᠪᠠᠲᠤᠯᠠᠬᠤ ᠵᠡᠷᠭᠡ ᠠᠷᠭ᠎ᠠ ᠬᠡᠯᠪᠡᠷᠢ᠎ᠪᠡᠷ᠂ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠬᠣᠷᠢᠶ᠎ᠠ᠎ᠶ᠋ᠢᠨ ᠠᠩᠬᠠᠳᠤᠭᠠᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠦᠷᠢᠯᠳᠦᠬᠦᠨ᠂ ᠲᠡᠷᠢᠭᠦᠯᠡᠭ᠌ᠴᠢᠳ᠎ᠦᠨ ᠪᠦᠯᠬᠦᠮ᠎ᠦᠨ ᠬᠤᠷᠠᠯ ᠡᠷᠬᠢᠯᠡᠭ᠌ᠴᠢ ᠪᠣᠯᠤᠨ ᠨᠠᠷᠢᠨ ᠪᠢᠴᠢᠭ᠎ᠦᠨ ᠳᠠᠷᠤᠭ᠎ᠠ᠎ᠶ᠋ᠢᠨ ᠨᠡᠷᠡᠰ᠂ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠬᠣᠷᠢᠶ᠎ᠠ᠎ᠶ᠋ᠢᠨ ᠠᠩᠬᠠᠳᠤᠭᠠᠷ ᠬᠤᠷᠠᠯ᠎ᠤᠨ ᠵᠥᠪᠯᠡᠬᠦ᠌ ᠵᠦᠶ᠋ᠯ ᠪᠣᠯᠤᠨ ᠡᠳᠦᠷ᠎ᠦᠨ ᠳᠠᠷᠠᠭᠠᠯᠠᠯ ᠵᠢᠴᠢ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠬᠣᠷᠢᠶ᠎ᠠ᠎ᠶ᠋ᠢᠨ ᠠᠩᠬᠠᠳᠤᠭᠠᠷ ᠬᠤᠷᠠᠯ᠎ᠤᠨ ᠰᠠᠨᠠᠯ ᠳᠤᠷᠠᠳᠤᠯᠭ᠎ᠠ᠎ᠶ᠋ᠢ ᠬᠢᠨᠠᠨ ᠪᠠᠢᠴᠠᠭᠠᠬᠤ ᠵᠥᠪᠯᠡᠯ᠎ᠦᠨ ᠨᠡᠷᠡᠰ᠎ᠢ ᠬᠢᠨᠠᠨ ᠵᠥᠪᠯᠡᠵᠦ᠍ ᠪᠠᠲᠤᠯᠠᠪᠠ᠃
ᠬᠤᠷᠠᠯ᠎ᠤᠨ ᠵᠥᠪᠯᠡᠬᠦ᠌ ᠵᠦᠶ᠋ᠯ ᠳᠠᠭᠤᠰᠤᠭ᠍ᠰᠠᠨ᠎ᠤ ᠳᠠᠷᠠᠭ᠎ᠠ᠂ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠠᠩᠬᠠᠳᠤᠭᠠᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠬᠤᠷᠠᠯ ᠡᠷᠬᠢᠯᠡᠭ᠌ᠴᠢ ᠸᠠᠩ ᠬᠤ᠌ ᠨᠢᠩ ᠲᠡᠷᠢᠭᠦᠯᠡᠭ᠌ᠴᠢ᠎ᠶ᠋ᠢᠨ ᠲᠠᠢᠰᠠᠨ᠎ᠳᠤ ᠭᠠᠷᠴᠤ᠌᠂ ᠡᠨᠳᠡ ᠰᠠᠭᠤᠭ᠎ᠠ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ 2100 ᠭᠠᠷᠤᠶ ᠭᠡᠱᠢᠭᠦᠨ᠎ᠳᠦ ᠪᠡᠶ᠎ᠡ ᠮᠡᠬᠦᠢᠨ ᠶᠤᠰᠤ ᠭᠦᠢᠴᠡᠳᠭᠡᠵᠤ᠂ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠸᠠᠩ ᠶᠠᠩ᠎ᠲᠠᠶ ᠳᠣᠲᠣᠨᠣ᠎ᠪᠠᠷ ᠭᠠᠷ ᠠᠳᠭᠤᠭ᠍ᠰᠠᠨ ᠪᠥᠭᠡᠳ ᠲᠡᠷᠢᠭᠦᠯᠡᠭ᠌ᠴᠢᠳ᠎ᠦᠨ ᠲᠠᠢᠰᠠᠨ᠎ᠳᠤ ᠰᠠᠭᠠᠲᠠᠭ᠍ᠰᠠᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠨᠠᠷ᠎ᠲᠡᠶ ᠨᠢᠭᠡᠳ ᠨᠢᠭᠡ᠎ᠪᠡᠷ ᠭᠠᠷ ᠠᠳᠭᠤᠪᠠ᠃
ᠸᠠᠩ ᠶᠠᠩ ᠬᠤᠷᠠᠯ ᠲᠡᠭᠦᠰᠭᠦ ᠦᠶ᠎ᠡ᠎ᠳᠦ ᠶᠠᠷᠢᠶ᠎ᠠ ᠲᠠᠯᠪᠢᠪᠠ᠃ ᠲᠡᠷᠡ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠠᠩᠬᠠᠳᠤᠭᠠᠷ ᠬᠤᠷᠠᠯ ᠤᠳᠠᠯ ᠦᠭᠡᠢ ᠡᠬᠢᠯᠡᠬᠦ᠌ ᠲᠠᠱᠢᠷᠠᠮ ᠳ᠋ᠤ᠂ ᠪᠢ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ ᠢ᠋ ᠲᠦᠯᠦᠭᠡᠯᠡᠵᠤ᠂ ᠱᠢᠨ᠎ᠡ ᠨᠢᠭᠡ ᠬᠤᠭᠤᠴᠠᠭᠠᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠪᠦᠬᠦ᠌ ᠭᠡᠱᠢᠭᠦᠳ ᠪᠣᠯᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠦᠷᠢᠯᠳᠦᠬᠦᠨ᠎ᠳᠦ ᠬᠠᠯᠠᠭᠤᠨ ᠪᠠᠶᠠᠷ ᠬᠦᠷᠭᠡᠵᠦ᠍ ᠪᠠᠢᠨ᠎ᠠ᠃ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠠᠩᠬᠠᠳᠤᠭᠠᠷ ᠬᠤᠷᠠᠯ ᠲᠡᠭᠦᠰ ᠠᠮᠵᠢᠯᠲᠠ ᠤᠯᠬᠤ᠎ᠶ᠋ᠢ ᠴᠢᠩ ᠰᠡᠳᠭᠢᠯ᠎ᠡᠴᠡ᠎ᠪᠡᠨ ᠬᠦᠰᠡᠨ ᠵᠥᠩᠨᠡᠵᠦ᠍᠂ ᠱᠢᠨ᠎ᠡ ᠨᠢᠭᠡ ᠬᠤᠭᠤᠴᠠᠭᠠᠨ᠎ᠤ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ ᠵᠢᠨ ᠵᠢᠯᠤᠭᠤᠳᠤᠯᠭ᠎ᠠ ᠳᠣᠣᠷ᠎ᠠ᠂ ᠤᠷᠢᠳᠤᠬᠢ᠎ᠶ᠋ᠢ ᠵᠠᠯᠭᠠᠮᠵᠢᠯᠠᠨ ᠬᠣᠢᠳᠤ᠎ᠬᠢ ᠵᠢ ᠰᠡᠩᠭᠡᠷᠡᠭᠦᠯᠵᠤ᠂ ᠤᠷᠢᠳᠤᠬᠢ᠎ᠶ᠋ᠢ ᠵᠠᠯᠭᠠᠮᠵᠢᠯᠠᠨ ᠬᠣᠢᠳᠤᠬᠢᠳᠤ ᠵᠠᠮ ᠨᠡᠭᠡᠭᠡᠵᠦ᠍᠂ ᠱᠢᠨ᠎ᠡ ᠠᠶᠠᠨᠳᠠᠭᠠᠨ ᠡᠷᠡᠮᠡᠭ᠌ᠡᠢᠯᠡᠨ ᠤᠷᠤᠭ᠍ᠰᠢᠯᠠᠵᠤ᠂ ᠱᠢᠨ᠎ᠡ ᠭᠢᠯᠠᠯᠵᠠᠮ᠎ᠠ ᠠᠮᠵᠢᠯᠲᠠ᠎ᠶ᠋ᠢ ᠤᠯᠵᠤ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ᠎ᠳᠤ ᠰᠢᠨ᠎ᠠ ᠨᠡᠩ ᠶᠡᠬᠡ ᠬᠤᠪᠢ ᠨᠡᠮᠡᠷᠢ ᠦᠵᠡᠭᠦᠯᠬᠦ᠌᠎ᠶ᠋ᠢ ᠴᠢᠩ ᠰᠡᠳᠭᠢᠯ᠎ᠡᠴᠡ᠎ᠪᠡᠨ ᠬᠦᠰᠡᠨ ᠵᠥᠩᠨᠡᠵᠦ᠍ ᠪᠠᠢᠨ᠎ᠠ ᠭᠡᠵᠠᠢ᠃
ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠵᠠᠩ ᠴᠢᠩ ᠯᠢ᠂ ᠯᠢᠦ ᠴᠢ ᠪᠦᠦ᠂ ᠫᠠᠪᠠᠯᠠ· ᠭᠸᠯᠸᠭᠨᠠᠮᠵᠢᠯ᠂ ᠸᠠᠨ ᠭᠠᠩ᠂ ᠾᠧ ᠾᠧᠦ ᠬᠤᠸᠠ᠂ ᠯᠦ᠍ ᠵᠠᠨ ᠬᠦᠩ᠂ ᠮᠠ ᠪᠢᠶᠤᠤ᠂ ᠴᠧᠨ ᠱᠢᠶᠤᠤ ᠭᠤᠸᠠᠩ᠂ ᠯᠢᠶᠠᠩ ᠵᠧᠨ ᠶᠢᠩ᠂ ᠱᠢᠶᠠ ᠪᠦᠦ ᠯᠦᠩ᠂ ᠶᠠᠩ ᠴᠤᠸᠠᠨ ᠲᠠᠩ᠂ ᠯᠢ ᠪᠢᠨ᠂ ᠪᠠᠭᠠᠲᠤᠷ᠂ ᠸᠠᠩ ᠶᠦᠩ ᠴᠢᠩ᠂ ᠾᠧ ᠯᠢ ᠹᠸᠩ᠂ ᠰᠤ᠌ ᠬᠤᠢ᠂ ᠵᠧᠩ ᠵᠢᠶᠠᠨ ᠪᠠᠩ᠂ ᠭᠦ᠋ ᠱᠧᠩ ᠽᠦ᠍᠂ ᠯᠢᠦ ᠱᠢᠨ ᠴᠧᠩ᠂ ᠾᠧ ᠸᠧᠢ᠂ ᠱᠤᠤ ᠬᠣᠩ᠂ ᠭᠤᠤ ᠶᠦᠨ ᠯᠦᠩ ᠬᠤᠷᠠᠯ᠎ᠳᠤ ᠣᠷᠣᠯᠴᠠᠪᠠ᠃
(ᠱᠢᠨᠬᠤᠸᠠ ᠬᠣᠷᠢᠶᠠᠨ᠎ᠤ ᠪᠡᠭᠡᠵᠢᠩ᠎ᠦᠨ 3 ᠰᠠᠷ᠎ᠠ᠎ᠶ᠋ᠢᠨ 3 ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃