2023-03-05 10:10:30
ᠰᠢ ᠵᠢᠨ ᠫᠢᠩ ᠯᠢ ᠺᠸ ᠴᠢᠶᠠᠩ ᠯᠢ ᠵᠠᠨ ᠱᠤ᠌ ᠯᠢ ᠴᠢᠶᠠᠩ ᠵᠤᠤ ᠯᠸ ᠵᠶ᠋ᠢ ᠬᠠᠨ ᠵᠧᠩ ᠼᠠᠢ ᠴᠢ ᠳ᠋ᠢᠩ ᠱᠢᠤᠸᠠᠢ ᠱᠢᠶᠠᠩ ᠯᠢ ᠰᠢ ᠸᠠᠩ ᠴᠢ ᠱᠠᠨ ᠬᠤᠷᠠᠯ ᠳᠤ ᠰᠠᠭᠠᠲᠠᠵᠤ ᠪᠠᠶᠠᠷ ᠬᠦᠷᠭᠡᠪᠡ
ᠸᠠᠩ ᠶᠠᠩ ᠤᠯᠤᠰ ᠲᠥᠷᠥ ᠶ᠋ᠢᠨ ᠵᠥᠪᠯᠡᠯᠭᠡᠨ ᠦ ᠠᠷᠪᠠᠨ ᠭᠤᠷᠪᠠᠳᠤᠭᠠᠷ ᠬᠤᠭᠤᠴᠠᠭᠠᠨ ᠤ ᠪᠠᠢᠩᠭᠤ ᠶ᠋ᠢᠨ ᠬᠣᠷᠢᠶ᠎ᠠ ᠶ᠋ᠢᠨ ᠠᠵᠢᠯ ᠤᠨ ᠮᠡᠳᠡᠭᠦᠯᠦᠯᠲᠡ ᠬᠢᠵᠠᠢ
ᠸᠠᠩ ᠬᠤ᠌ ᠨᠢᠩ ᠬᠤᠷᠠᠯ᠎ᠢ ᠡᠷᠭᠢᠯᠡᠪᠠ
ᠱᠤᠤ ᠬᠣᠩ ᠰᠠᠨᠠᠯ ᠳᠤᠷᠠᠳᠤᠯᠭ᠎ᠠ᠎ᠶ᠋ᠢᠨ ᠠᠵᠢᠯ᠎ᠤᠨ ᠪᠠᠢᠳᠠᠯ᠎ᠤᠨ ᠲᠤᠬᠠᠢ ᠮᠡᠳᠡᠭᠦᠯᠦᠯᠲᠡ ᠬᠢᠵᠠᠢ

3 ᠰᠠᠷ᠎ᠠ᠎ᠶ᠋ᠢᠨ 4 ᠤ᠋ ᠡᠳᠦᠷ᠂ ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠬᠣᠷᠢᠶ᠎ᠠ᠎ᠶ᠋ᠢᠨ ᠠᠩᠬᠠᠳᠤᠭᠠᠷ ᠬᠤᠷᠠᠯ ᠪᠡᠬᠡᠵᠢᠩ᠎ᠤᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠡᠬᠢᠯᠡᠪᠡ᠃ ᠵᠢᠷᠤᠬ ᠪᠤᠯ ᠰᠢ ᠵᠢᠨ ᠫᠢᠩ ᠂ ᠯᠢ ᠺᠸ ᠴᠢᠶᠠᠩ ᠂ ᠯᠢ ᠵᠠᠨ ᠱᠤ᠌ ᠂ ᠸᠠᠩ ᠶᠠᠩ ᠂ ᠯᠢ ᠴᠢᠶᠠᠩ ᠂ ᠵᠤᠤ ᠯᠸ ᠵᠶ᠋ᠢ ᠂ ᠬᠠᠨ ᠵᠧᠩ᠂ ᠼᠠᠢ ᠴᠢ ᠂ ᠳ᠋ᠢᠩ ᠱᠢᠤᠸᠠᠢ ᠱᠢᠶᠠᠩ ᠂ ᠯᠢ ᠰᠢ ᠂ ᠸᠠᠩ ᠴᠢ ᠱᠠᠨ ᠲᠡᠷᠢᠭᠦᠯᠡᠭ᠌ᠴᠢᠳ᠎ᠦᠨ ᠲᠠᠢᠰᠠᠨ᠎ᠳᠤ ᠰᠠᠭᠠᠲᠠᠵᠤ ᠪᠠᠢᠭ᠎ᠠ ᠨᠢ᠃
ᠱᠢᠨᠬᠤᠸᠠ ᠬᠤᠷᠢᠶ᠎ᠠ ᠵᠢᠨ ᠰᠤᠷᠪᠤᠯᠵᠢᠯᠠᠬᠴᠢ ᠯᠢ ᠰᠢᠤᠧᠠᠢ ᠷᠧᠨ ᠰᠡᠬᠦᠳᠡᠷᠯᠡᠪᠡ

3 ᠰᠠᠷ᠎ᠠ ᠵᠢᠨ 4᠎ᠤ᠋ ᠡᠳᠦᠷ᠂ ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠬᠤᠷᠢᠶ᠎ᠠ ᠵᠢᠨ ᠠᠩᠬᠠᠳᠤᠭᠠᠷ ᠬᠤᠷᠠᠯ ᠪᠡᠭᠡᠵᠢᠩ᠎ᠤᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠡᠬᠢᠯᠡᠪᠡ᠃ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠲᠡᠷᠢᠭᠦᠯᠡᠭᠴᠢ ᠸᠠᠩ ᠶᠠᠩ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠬᠤᠷᠢᠶ᠎ᠠ ᠵᠢᠨ ᠪᠠᠢᠩᠭᠤ᠎ᠶ᠋ᠢᠨ ᠬᠣᠷᠢᠶ᠎ᠠ᠎ᠶ᠋ᠢ ᠲᠦᠯᠦᠭᠡᠯᠡᠵᠦ ᠶᠡᠬᠡ ᠬᠤᠷᠠᠯ᠎ᠳᠤ ᠠᠵᠢᠯ᠎ᠤᠨ ᠮᠡᠳᠡᠭᠦᠯᠦᠯᠲᠡ ᠬᠢᠪᠡ᠃
ᠰᠢᠨᠬᠤᠸᠠ ᠬᠤᠷᠢᠶ᠎ᠠ ᠵᠢᠨ ᠰᠤᠷᠪᠤᠯᠵᠢᠯᠠᠭᠴᠢ ᠳ᠋ᠢᠩ ᠬᠠᠢ ᠲᠤᠤ ᠰᠡᠭᠦᠳᠡᠷᠯᠡᠪᠡ

3 ᠰᠠᠷ᠎ᠠ ᠵᠢᠨ 4᠎ᠤ᠋ ᠡᠳᠦᠷ᠂ ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠬᠤᠷᠢᠶ᠎ᠠ ᠵᠢᠨ ᠠᠩᠬᠠᠳᠤᠭᠠᠷ ᠬᠤᠷᠠᠯ ᠪᠡᠭᠡᠵᠢᠩ᠎ᠤᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠡᠬᠢᠯᠡᠪᠡ᠃ ᠸᠠᠩ ᠬᠣ᠌ ᠨᠢᠩ ᠡᠬᠢᠯᠡᠯᠲᠡ ᠵᠢᠨ ᠬᠤᠷᠠᠯ᠎ᠢ ᠡᠷᠬᠢᠯᠡᠵᠡᠢ᠃
ᠰᠢᠨᠬᠤᠸᠠ ᠬᠤᠷᠢᠶ᠎ᠠ ᠵᠢᠨ ᠰᠤᠷᠪᠤᠯᠵᠢᠯᠠᠭᠴᠢ ᠬᠤᠸᠠᠩ ᠵᠢᠩ ᠸᠧᠨ ᠰᠡᠭᠦᠳᠡᠷᠯᠡᠪᠡ
ᠡᠷᠡᠮᠡᠬᠡᠢᠯᠡᠨ ᠲᠡᠮᠡᠴᠡᠵᠤ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠬᠠᠮᠳᠤ ᠪᠡᠷ ᠪᠦᠳᠦᠭᠡᠵᠤ᠂ ᠵᠤᠷᠢᠬᠳᠠᠢ ᠤᠷᠤᠭ᠍ᠰᠢᠯᠠᠵᠤ ᠴᠠᠭ ᠦᠶ᠎ᠡ᠎ᠶ᠋ᠢᠨ ᠢᠷᠠᠭᠤ ᠬᠠᠭᠤᠳᠠᠰᠤ᠎ᠶ᠋ᠢ ᠳᠠᠬᠢᠨᠲᠠ ᠪᠢᠴᠢᠭ᠌ᠯᠡᠨ᠎ᠠ᠃ ᠭᠡᠷᠡᠯ ᠰᠠᠴᠤᠷᠠᠩᠭᠤᠢ ᠣᠨ ᠰᠠᠷ᠎ᠠ᠎ᠶ᠋ᠢ ᠥᠩᠭᠡᠷᠡᠭᠦᠯᠵᠦ᠍᠂ ᠪᠦᠯᠬᠦᠮᠳᠡᠯ ᠪᠠ ᠠᠷᠠᠳᠴᠢᠯᠠᠯ ᠬᠣᠶᠠᠷ ᠶᠡᠬᠡ ᠭᠣᠣᠯ ᠰᠡᠳᠦᠪ᠎ᠢ ᠪᠠᠷᠢᠮᠲᠠᠯᠠᠭ᠍ᠰᠠᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠪᠠᠰᠠ ᠨᠢᠭᠡᠨ ᠴᠢᠬᠤᠯᠠ ᠲᠡᠦᠬᠡᠨ ᠴᠠᠭ ᠮᠥᠴᠡ᠎ᠪᠡᠨ ᠤᠭ᠍ᠲᠤᠨ ᠠᠪᠤᠯ᠎ᠠ᠄ ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠬᠣᠷᠢᠶ᠎ᠠ᠎ᠶ᠋ᠢᠨ ᠠᠩᠬᠠᠳᠤᠭᠠᠷ ᠬᠤᠷᠠᠯ 4 ᠤ᠋ ᠦᠳᠡ᠎ᠶ᠋ᠢᠨ ᠬᠣᠢᠨ᠎ᠠ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠡᠬᠢᠯᠡᠪᠡ᠃
3 ᠰᠠᠷ᠎ᠠ᠎ᠶ᠋ᠢᠨ ᠪᠡᠭᠡᠵᠢᠩᠤᠷᠢᠬᠠᠨ ᠬᠠᠪᠤᠷ᠎ᠤᠨ ᠠᠭᠤᠷ ᠠᠮᠢᠰᠭᠤᠯ ᠵᠢᠨᠷ ᠪᠢᠯᠬᠠᠨ᠎ᠠ᠃ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠲᠦᠮᠡᠨ ᠬᠥᠮᠦᠨ᠎ᠦ ᠶᠣᠰᠣᠯᠠᠯ᠎ᠤᠨ ᠲᠠᠩᠬᠢᠮ᠎ᠳᠤ ᠳ᠋ᠧᠩ᠎ᠦᠨ ᠬᠡᠷᠡᠯ ᠳᠤᠸᠠᠯᠠᠵᠤ ᠂ ᠠᠭᠤᠷ ᠠᠮᠢᠰᠭᠤᠯ ᠲᠥᠪ ᠶᠡᠬᠡᠮᠰᠦᠭ ᠪᠥᠭᠡᠳ ᠬᠥᠷ ᠬᠥᠭ᠌ᠵᠢᠶᠡᠨᠲᠡᠶ ᠪᠠᠢᠯ᠎ᠠ᠃ ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠬᠤᠷᠠᠯ᠎ᠤᠨ ᠰᠦᠯᠳᠡ᠎ᠶ᠋ᠢ ᠲᠡᠷᠢᠭᠦᠯᠡᠭ᠌ᠴᠢᠳ᠎ᠦᠨ ᠲᠠᠢᠰᠠᠨ᠎ᠤ ᠭᠣᠣᠯ ᠳᠤᠮᠳᠠ ᠡᠯᠭᠦᠵᠦ᠍ ᠂ ᠬᠤᠷᠴᠠ ᠤᠯᠠᠭᠠᠨ ᠦᠩᠭᠡ᠎ᠲᠡᠶ ᠠᠷᠪᠠᠨ ᠤᠯᠠᠭᠠᠨ ᠲᠤᠭ᠎ᠢ ᠬᠣᠶᠠᠷ ᠭᠠᠷᠯᠠᠨ ᠵᠢᠭ᠍ᠰᠠᠭᠠᠪᠠ᠃
ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠠᠩᠬᠠᠳᠤᠭᠠᠷ ᠬᠤᠷᠠᠯ᠎ᠳᠤ ᠣᠷᠣᠯᠴᠠᠬᠤ ᠶᠣᠰᠣᠲᠠᠢ ᠭᠡᠱᠢᠭᠦᠨ 2169 ᠬᠥᠮᠦᠨ᠂ ᠪᠣᠳᠠᠲᠠᠢ ᠣᠷᠣᠯᠴᠠᠭ᠍ᠰᠠᠨ ᠨᠢ 2132 ᠬᠥᠮᠦᠨ ᠪᠠᠢᠵᠤ᠂ ᠲᠣᠭ᠍ᠲᠠᠭ᠍ᠰᠠᠨ ᠬᠥᠮᠦᠨ᠎ᠦ ᠲᠣᠭ᠎ᠠ᠎ᠳᠤ ᠨᠡᠢᠴᠡᠨ᠎ᠡ᠃
ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠠᠩᠬᠠᠳᠤᠭᠠᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠸᠠᠩ ᠬ᠍ᠤ᠌ ᠨᠢᠩ ᠂ ᠱ᠌ᠢ᠎ᠲᠡᠶ ᠹᠸᠩ ᠂ ᠬ᠍ᠤ᠌ ᠴᠦᠨ ᠬᠤᠸᠠ ᠂ ᠱᠸᠨ ᠶᠤᠸᠠᠢ ᠶᠤᠸᠠᠢ ᠂ ᠸᠠᠩ ᠶᠦᠩ ᠂ ᠵᠧᠦ ᠴᠢᠶᠠᠩ ᠂ ᠫᠠᠪᠠᠯᠠ ·ᠭᠸᠯᠸᠭᠨᠠᠮᠵᠢᠯ ᠂ ᠾᠧ ᠾᠧᠦ ᠬᠤᠸᠠ ᠂ ᠯᠢᠶᠠᠩ ᠵᠧᠨ ᠶᠢᠩ ᠂ ᠪᠠᠭᠠᠲᠤᠷ ᠂ ᠰᠤ᠌ ᠬᠤᠢ ᠂ ᠱᠤᠤ ᠬᠣᠩ ᠂ ᠭᠤᠤ ᠶᠦᠨ ᠯᠦᠩ ᠲᠡᠷᠢᠭᠦᠯᠡᠭ᠌ᠴᠢᠳ᠎ᠦᠨ ᠲᠠᠢᠰᠠᠨ᠎ᠤ ᠡᠮᠦᠨ᠎ᠡ ᠮᠥᠷ᠎ᠲᠦ ᠰᠠᠭᠠᠲᠠᠪᠠ᠃
ᠨᠠᠮ ᠪᠣᠯᠤᠨ ᠲᠦᠷᠦ᠍᠎ᠶ᠋ᠢᠨ ᠤᠳᠤᠷᠢᠳᠭᠤ ᠬᠥᠮᠦᠨ ᠰᠢ ᠵᠢᠨ ᠫᠢᠩ ᠂ ᠯᠢ ᠺᠸ ᠴᠢᠶᠠᠩ ᠂ ᠯᠢ ᠵᠠᠨ ᠱᠤ᠌ ᠂ ᠸᠠᠩ ᠶᠠᠩ ᠂ ᠯᠢ ᠴᠢᠶᠠᠩ ᠂ ᠵᠤᠤ ᠯᠸ ᠵᠶ᠋ᠢ ᠂ ᠬᠠᠨ ᠵᠧᠩ ᠂ ᠼᠠᠢ ᠴᠢ ᠂ ᠳ᠋ᠢᠩ ᠱᠢᠤᠸᠠᠢ ᠱᠢᠶᠠᠩ ᠂ ᠯᠢ ᠰᠢ ᠂ ᠸᠠᠩ ᠴᠢ ᠱᠠᠨ᠎ᠨᠠᠷ ᠲᠡᠷᠢᠭᠦᠯᠡᠭ᠌ᠴᠢᠳ᠎ᠦᠨ ᠲᠠᠢᠰᠠᠨ᠎ᠳᠤ ᠰᠠᠭᠠᠲᠠᠵᠤ ᠂ ᠶᠡᠬᠡ ᠬᠤᠷᠠᠯ ᠬᠤᠷᠠᠯᠳᠤᠭ᠍ᠰᠠᠨ᠎ᠳᠤ ᠪᠠᠶᠠᠷ ᠬᠦᠷᠭᠡᠪᠡ᠃
ᠦᠳᠡ᠎ᠶ᠋ᠢᠨ ᠬᠣᠢᠨᠠᠬᠢ 3 ᠴᠠᠭ᠎ᠲᠤ ᠂ ᠸᠠᠩ ᠬ᠍ᠤ᠌ ᠨᠢᠩ ᠶᠡᠬᠡ ᠬᠤᠷᠠᠯ ᠡᠬᠢᠯᠡᠭ᠌ᠰᠡᠨ᠎ᠢ ᠵᠠᠷᠯᠠᠵᠤ᠂ ᠪᠦᠭᠦᠳᠡᠭᠡᠷ᠎ᠢᠶᠡᠨ ᠪᠣᠰᠴᠤ᠌ ᠵᠣᠭ᠍ᠰᠣᠨ ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠰᠦᠯᠳᠡ ᠳᠠᠭᠤᠤ᠎ᠶ᠋ᠢ ᠳᠠᠭᠤᠯᠠᠪᠠ᠃
ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠸᠠᠩ ᠶᠠᠩ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠬᠣᠷᠢᠶ᠎ᠠ ᠵᠢᠨ ᠪᠠᠢᠩᠭᠤ᠎ᠶ᠋ᠢᠨ ᠬᠣᠷᠢᠶ᠎ᠠ᠎ᠶ᠋ᠢ ᠲᠥᠯᠥᠭᠡᠯᠡᠨ ᠶᠡᠬᠡ ᠬᠤᠷᠠᠯ᠎ᠳᠤ ᠠᠵᠢᠯ ᠤᠨ ᠮᠡᠲᠡᠬᠥᠯᠥᠯᠲᠡ ᠬᠢᠪᠠ ᠃ ᠸᠠᠩ ᠶᠠᠩ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ᠎ᠡᠴᠡ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ ᠠᠤᠭ᠎ᠠ ᠲᠥᠰᠦᠪ᠎ᠢ ᠵᠢᠷᠤᠭ᠍ᠯᠠᠵᠤ᠂ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ ᠵᠢᠨ ᠤᠷᠤᠭ᠍ᠰᠢᠯᠠᠯᠲᠠ᠎ᠶ᠋ᠢᠨ ᠴᠢᠭ᠌ᠯᠡᠯ᠎ᠢ ᠴᠢᠨᠠᠭ᠍ᠰᠢᠳᠠ ᠲᠣᠳᠣᠷᠬᠠᠢ ᠵᠢᠭᠠᠵᠤ ᠥᠭ᠌ᠴᠡᠢ᠃ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠲᠥᠪ᠎ᠦᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠦᠷᠭᠦᠯᠵᠢᠯᠡᠨ ᠭᠦᠨᠵᠡᠭᠡᠢ ᠲᠤᠭᠤᠱᠢᠯᠠᠭᠤᠯᠵᠤ᠂ ᠡᠯ᠎ᠡ ᠵᠦᠢᠯ᠎ᠦᠨ ᠡᠭᠦᠷᠭᠡ ᠴᠢᠳᠠᠪᠬᠢ᠎ᠪᠠᠨ ᠨᠠᠷᠢᠨ ᠬᠢᠨᠠᠮᠠᠭᠠᠢ ᠭᠦᠢᠴᠡᠳᠭᠡᠵᠦ᠍᠂ ᠪᠦᠬᠦ᠌ ᠶᠠᠪᠤᠴᠠ ᠵᠢᠨ ᠠᠷᠠᠳ᠎ᠤᠨ ᠠᠷᠠᠳᠴᠢᠯᠠᠯ᠎ᠢ ᠦᠢᠯᠡᠳᠦᠯᠭᠡᠵᠢᠭᠦᠯᠵᠦ᠍᠂ ᠳᠤᠮᠳᠠᠳᠤ᠎ᠶ᠋ᠢᠨ ᠬᠥᠪᠡᠭᠦᠳ ᠥᠬᠢᠳ᠎ᠦᠨ ᠶᠡᠬᠡ ᠪᠦᠯᠬᠦᠮᠳᠡᠯ᠎ᠢ ᠠᠬᠢᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ᠎ᠡᠴᠡ ᠲᠣᠭ᠍ᠲᠠᠭᠠᠭ᠍ᠰᠠᠨ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌᠎ᠳᠦ ᠱᠢᠨ᠎ᠡ ᠬᠤᠪᠢ ᠨᠡᠮᠡᠷᠢ ᠦᠵᠡᠭᠦᠯᠬᠦ᠌ ᠬᠡᠷᠡᠭ᠌ᠲᠡᠢ ᠭᠡᠵᠤ ᠴᠢᠬᠤᠯᠠᠴᠢᠯᠠᠵᠠᠢ᠃
ᠥᠩᠭᠡᠷᠡᠭ᠌ᠰᠡᠨ ᠲᠠᠪᠤᠨ ᠵᠢᠯ᠎ᠦᠨ ᠠᠵᠢᠯ᠎ᠢᠶᠠᠨ ᠳ᠋ᠦᠩᠨᠡᠬᠦ᠌᠎ᠳᠡᠭᠡᠨ᠂ ᠸᠠᠩ ᠶᠠᠩ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠡᠴᠡ ᠨᠠᠭᠠᠱᠢᠬᠢ ᠲᠠᠪᠤᠨ ᠵᠢᠯ ᠪᠣᠯ ᠲᠤᠢᠯ᠎ᠤᠨ ᠵᠢᠷ ᠤ᠋ᠨ ᠪᠤᠰᠤ᠎ᠶ᠋ᠢᠨ ᠲᠠᠪᠤᠨ ᠵᠢᠯ ᠮᠥᠨ᠃ ᠰᠢ ᠵᠢᠨ ᠫᠢᠩ ᠨᠥᠬᠥᠷ᠎ᠢᠶᠡᠷ ᠭᠣᠣᠯ ᠪᠤᠯᠭᠠᠭᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠪᠦᠬᠦ᠌ ᠲᠠᠯ᠎ᠠ ᠪᠠ ᠳᠡᠯᠡᠬᠡᠢ᠎ᠶ᠋ᠢᠨ ᠵᠠᠭᠤᠨ ᠵᠢᠯ᠎ᠳᠦ ᠲᠣᠬᠢᠶᠠᠯᠳᠤᠭ᠎ᠠ ᠦᠭᠡᠢ ᠶᠡᠬᠡ ᠬᠤᠪᠢᠰᠤᠯᠲᠠ᠎ᠶ᠋ᠢ ᠨᠢᠭᠡᠳᠦᠯᠲᠡᠢ ᠲᠥᠯᠥᠪᠵᠢᠭᠦᠯᠦᠨ᠂ ᠪᠦᠬᠦ᠌ ᠨᠠᠮ ᠪᠦᠬᠦ᠌ ᠴᠡᠷᠢᠭ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠬᠦᠨᠳᠦ ᠬᠡᠴᠡᠭᠦᠦ ᠡᠬᠡᠳᠡᠷᠡᠬᠡᠨ ᠪᠤᠳᠤᠯᠢᠶᠠᠨᠲᠠᠢ ᠳᠡᠯᠡᠬᠡᠢ ᠵᠢᠨ ᠪᠠᠢᠳᠠᠯ ᠪᠠ ᠡᠯ᠎ᠡ ᠵᠦᠢᠯ᠎ᠦᠨ ᠠᠶᠤᠯ ᠲᠦᠭ᠌ᠰᠢᠭᠦᠷᠢ ᠦᠷᠢᠰᠦᠯᠳᠦᠭᠡᠨ᠎ᠢ ᠪᠦᠲᠦᠮᠵᠢᠲᠡᠢ ᠠᠷᠭᠠᠴᠠᠭᠠᠵᠤ᠂ ᠴᠢᠨᠡᠭᠡᠯᠢᠭ ᠨᠡᠢᠭᠡᠮ᠎ᠢ ᠲᠤᠬᠲᠠᠬᠰᠠᠨ ᠬᠤᠭᠤᠴᠠᠭ᠎ᠠ ᠳᠤ ᠪᠦᠬᠦ᠌ ᠲᠠᠯ᠎ᠠ᠎ᠪᠠᠷ ᠪᠡᠶᠡᠯᠡᠭᠦᠯᠵᠤ᠂ ᠨᠢᠭᠡᠳᠦᠭᠡᠷ ᠵᠠᠭᠤᠨ ᠵᠢᠯ᠎ᠦᠨ ᠲᠡᠮᠡᠴᠡᠯ᠎ᠦᠨ ᠬᠠᠷᠠᠯᠲᠠ᠎ᠶ᠋ᠢ ᠢᠯᠠᠯᠲᠠ᠎ᠲᠠᠶ ᠪᠡᠶᠡᠯᠡᠭᠦᠯᠦᠨ᠂ ᠨᠠᠮ ᠪᠠ ᠲᠥᠷᠥ ᠵᠢᠨ ᠠᠵᠢᠯ ᠦᠢᠯᠡᠰ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠭ᠍ᠰᠠᠨ ᠴᠢᠬᠤᠯᠠ ᠶᠡᠬᠡ ᠠᠮᠵᠢᠯᠲᠠ ᠪᠦᠲᠦᠮᠵᠢ ᠣᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ ᠨᠢ ᠬᠤᠷᠢᠭᠯᠠᠭᠳᠠᠰᠢ ᠦᠭᠡᠢ ᠲᠡᠦᠬᠡᠨ ᠠᠬᠢᠴᠠ᠎ᠳᠤ ᠣᠷᠣᠪᠠ᠃ ᠲᠠᠪᠤᠨ ᠵᠢᠯ᠎ᠦᠨ ᠲᠤᠷᠰᠢ᠂ ᠰᠢ ᠵᠢᠨ ᠫᠢᠩ ᠨᠥᠬᠥᠷ᠎ᠢᠶᠡᠷ ᠭᠣᠣᠯ ᠪᠤᠯᠭᠠᠭᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠳᠠᠬᠢ ᠤᠳᠤᠷᠢᠳᠤᠯᠭ᠎ᠠ ᠵᠢ ᠪᠦᠬᠦ᠌ ᠲᠠᠯ᠎ᠠ᠎ᠪᠠᠷ ᠴᠢᠩᠭᠠᠳᠭᠠᠵᠤ᠂ ᠲᠥᠪ ᠤ᠋ᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠤᠨ ᠬᠤᠷᠠᠯ᠎ᠢ ᠠᠩᠬ᠎ᠠ ᠤᠳᠠᠭ᠎ᠠ ᠬᠤᠷᠠᠯᠳᠤᠭᠤᠯᠵᠤ᠂ 《ᠱᠢᠨ᠎ᠡ ᠴᠠᠭ ᠦᠶ᠎ᠡ᠎ᠳᠦ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠰᠠᠨᠠᠯ 》 ᠢ᠋ ᠲᠣᠭ᠍ᠲᠠᠭᠠᠵᠤ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ ᠦᠢᠯᠡᠰ᠎ᠦᠨ ᠬᠥᠭ᠌ᠵᠢᠯᠲᠡ᠎ᠳᠦ ᠦᠨᠳᠦᠰᠦᠨ ᠤᠯᠤᠰ ᠲᠦᠷᠦ᠍᠎ᠶ᠋ᠢᠨ ᠪᠠᠲᠤᠯᠠᠭ᠎ᠠ ᠬᠠᠩᠭᠠᠪᠠ᠃ ᠤᠯᠤᠰ ᠲᠦᠷᠦ᠍᠎ᠶ᠋ᠢᠨ ᠵᠥᠪᠯᠡᠯᠭᠡᠨ᠎ᠦ ᠪᠦᠬᠦ᠌ ᠤᠯᠤᠰ᠎ᠤᠨ ᠬᠣᠷᠢᠶ᠎ᠠ ᠵᠢᠴᠢ ᠲᠡᠭᠦᠨ᠎ᠦ ᠪᠠᠢᠩᠭᠤ᠎ᠶ᠋ᠢᠨ ᠬᠣᠷᠢᠶ᠎ᠠ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠣᠯᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠤᠯᠤᠰ ᠲᠦᠷᠦ᠍᠎ᠶ᠋ᠢᠨ ᠵᠥᠪᠯᠡᠯᠭᠡᠨ᠎ᠦ ᠱᠢᠨᠵᠢ ᠴᠢᠨᠠᠷ᠎ᠤᠨ ᠪᠠᠢᠷᠢ ᠲᠣᠭ᠍ᠲᠠᠭᠠᠯᠲᠠ᠎ᠶ᠋ᠢ ᠣᠨᠣᠪᠴᠢᠲᠠᠢ ᠡᠵᠡᠮᠳᠡᠵᠦ᠍᠂ ᠭᠣᠣᠯᠳᠠᠯᠭ᠎ᠠ᠎ᠶ᠋ᠢᠨ ᠲᠣᠭᠣᠷᠢᠨ᠎ᠳᠤ ᠶᠡᠬᠡ ᠲᠠᠯ᠎ᠠ᠎ᠳᠤ ᠦᠢᠯᠡᠴᠢᠯᠡᠵᠦ᠍᠂ ᠲᠤᠰᠭᠠᠢ ᠵᠥᠪᠯᠡᠬᠦ᠌ ᠪᠠᠢᠭᠤᠯᠤᠮᠵᠢ᠎ᠶ᠋ᠢᠨ ᠪᠠᠢᠭᠤᠯᠤᠯᠲᠠ᠎ᠶ᠋ᠢ ᠪᠣᠳᠠᠲᠠᠢ᠎ᠶ᠋ᠢ ᠡᠷᠬᠢᠮᠯᠡᠨ ᠪᠦᠲᠦᠮᠵᠢᠲᠡᠢ ᠭᠦᠨᠵᠡᠭᠡᠢᠷᠡᠭᠦᠯᠵᠦ᠍᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠲᠡᠦᠬᠡ᠎ᠶ᠋ᠢᠨ ᠠᠭᠤᠤ ᠦᠢᠯᠡᠰ᠎ᠢ ᠬᠠᠮᠲᠤ᠎ᠪᠠᠷ ᠪᠦᠳᠦᠭᠡᠵᠤ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠦᠢᠯᠡᠳᠦᠯᠭᠡ᠎ᠶ᠋ᠢᠨ ᠱᠢᠨ᠎ᠡ ᠵᠢ ᠡᠬᠦᠳᠬᠦ᠂ ᠤᠨᠤᠯ᠎ᠤᠨ ᠱᠢᠨ᠎ᠡ ᠵᠢ ᠡᠬᠦᠳᠬᠦ᠂ ᠪᠠᠢᠭᠤᠯᠤᠯ᠎ᠦᠨ ᠱᠢᠨ᠎ᠡ ᠵᠢ ᠡᠬᠦᠳᠬᠦ᠎ᠶ᠋ᠢ ᠴᠠᠭ ᠦᠶ᠎ᠡ᠎ᠲᠡᠶ ᠵᠡᠷᠭᠡ᠎ᠪᠡᠷ ᠤᠷᠤᠭ᠍ᠰᠢᠯᠠᠨ ᠠᠬᠢᠭᠤᠯᠵᠤ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠦᠢᠯᠡᠰ᠎ᠲᠦ ᠱᠢᠨ᠎ᠡ ᠳᠦᠷᠰᠦ ᠪᠠᠢᠳᠠᠯ ᠱᠢᠨ᠎ᠡ ᠳᠦᠷᠢ ᠳᠦᠷᠬᠦ ᠢᠯᠡᠷᠡᠵᠦ᠍᠂ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠎ᠳᠦ ᠱᠢᠨ᠎ᠡ ᠬᠤᠪᠢ ᠨᠡᠮᠡᠷᠢ ᠦᠵᠡᠭᠦᠯᠵᠡᠢ ᠭᠡᠵᠤ ᠵᠢᠭᠠᠵᠤ ᠭᠠᠷᠭᠠᠪᠠ᠃
ᠸᠠᠩ ᠶᠠᠩ ᠮᠡᠳᠡᠭᠦᠯᠦᠯᠲᠡ᠎ᠳᠡᠭᠡᠨ ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠬᠤ᠂ ᠨᠠᠮ ᠪᠠ ᠤᠯᠤᠰ᠎ᠤᠨ ᠭᠤᠤᠯ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠦᠨ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠂ ᠤᠯᠤᠰ ᠲᠦᠷᠦ᠍᠎ᠶ᠋ᠢᠨ ᠵᠥᠪᠯᠡᠯᠭᠡᠨ᠎ᠦ ᠵᠥᠪᠯᠡᠬᠦ᠌ ᠶᠠᠰᠤ ᠴᠢᠨᠠᠷ᠎ᠢ ᠳᠡᠭᠡᠭ᠌ᠰᠢᠯᠡᠭᠦᠯᠬᠦ᠂ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ ᠠᠵᠢᠯ᠎ᠢ ᠥᠷᠭᠡᠨ᠎ᠢᠶᠡᠷ ᠥᠷᠨᠢᠭᠦᠯᠬᠦ᠂ ᠬᠠᠮᠤᠭ᠎ᠤᠨ ᠥᠷᠭᠡᠨ ᠳᠡᠯᠭᠡᠷ ᠡᠬᠡ ᠣᠷᠣᠨᠴᠢ ᠨᠢᠭᠡᠳᠦᠮᠡᠯ ᠹᠷᠣᠨᠲ᠎ᠤᠨ ᠵᠣᠬᠢᠶᠠᠨ ᠪᠠᠢᠭᠤᠯᠤᠯᠲᠠ᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠬᠤ᠂ ᠠᠵᠢᠯ᠎ᠤᠨ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠬᠤ᠂ ᠲᠤᠰ ᠪᠡᠶ᠎ᠡ᠎ᠶ᠋ᠢᠨ ᠪᠠᠢᠭᠤᠯᠤᠯᠲᠠ᠎ᠪᠠᠨ ᠴᠢᠩᠭᠠᠳᠭᠠᠬᠤ ᠵᠡᠷᠭᠡ 7 ᠲᠠᠯ᠎ᠠ᠎ᠪᠠᠷ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠢ ᠡᠷᠭᠢᠴᠡᠭᠦᠯᠵᠦ᠂ ᠡᠷᠬᠡᠪᠰᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠭᠤᠢᠪᠢᠰᠢ ᠦᠭᠡᠢ ᠪᠠᠷᠢᠮᠲᠠᠯᠠᠬᠤ᠂ ᠡᠷᠬᠡᠪᠰᠢ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠱᠢᠨᠵᠢ ᠴᠢᠨᠠᠷ᠎ᠤᠨ ᠪᠠᠢᠷᠢ ᠲᠣᠭ᠍ᠲᠠᠭᠠᠯᠲᠠ᠎ᠶ᠋ᠢ ᠣᠨᠣᠪᠴᠢᠲᠠᠢ ᠡᠵᠡᠮᠱᠢᠬᠦ᠂ ᠡᠷᠬᠡᠪᠰᠢ ᠭᠣᠣᠯ ᠠᠵᠢᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍ ᠵᠥᠪᠯᠡᠬᠦ᠌ ᠦᠷ᠎ᠡ ᠪᠦᠲᠦᠮᠵᠢ᠎ᠪᠡᠨ ᠦᠷᠭᠦᠯᠵᠢᠯᠡᠨ ᠳᠡᠭᠡᠭ᠌ᠰᠢᠯᠡᠭᠦᠯᠬᠦ᠂ ᠡᠷᠬᠡᠪᠰᠢ ᠪᠦᠯᠬᠦᠮᠳᠡᠯ ᠪᠠ ᠠᠷᠠᠳᠴᠢᠯᠠᠯ᠎ᠤᠨ ᠬᠣᠶᠠᠷ ᠶᠡᠬᠡ ᠭᠣᠣᠯ ᠰᠡᠳᠦᠪ᠎ᠢ ᠪᠠᠷᠢᠮᠲᠠᠯᠠᠬᠤ᠂ ᠡᠷᠬᠡᠪᠰᠢ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠳ᠎ᠦᠨ ᠬᠠᠷᠢᠭᠤᠴᠠᠯᠭ᠎ᠠ ᠡᠭᠦᠷᠭᠡᠯᠡᠯ᠎ᠢ ᠴᠢᠩᠭᠠᠳᠬᠠᠬᠤ ᠲᠠᠯ᠎ᠠ ᠪᠡᠷ ᠭᠤᠤᠯ ᠪᠤᠳᠤᠯ ᠲᠦᠷᠦᠭᠳᠡᠯᠵᠢᠡᠨᠳ᠋ᠦᠨᠭᠨᠡᠬᠦᠵᠢᠨ ᠬᠠᠮᠲᠤ ᠬᠣᠢᠱᠢᠳᠠ᠎ᠶ᠋ᠢᠨ ᠠᠵᠢᠯ᠎ᠳᠤ ᠰᠠᠨᠠᠭᠤᠯᠭ᠎ᠠ ᠳᠤᠷᠠᠳᠪᠠ᠃
ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠬᠤᠷᠢᠶ᠎ᠠ ᠵᠢᠨ ᠪᠠᠢᠩᠭᠤ᠎ᠶ᠋ᠢᠨ ᠬᠤᠷᠢᠶ᠎ᠠ ᠵᠢᠨ ᠨᠠᠢᠳᠠᠯᠭ᠎ᠠ᠎ᠪᠠᠷ ᠱᠤᠤ ᠬᠣᠩ ᠶᠡᠬᠡ ᠬᠤᠷᠠᠯ᠎ᠳᠤ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠰᠠᠨᠠᠯ ᠳᠤᠷᠠᠳᠤᠯᠭ᠎ᠠ᠎ᠶ᠋ᠢᠨ ᠠᠵᠢᠯ᠎ᠤᠨ ᠪᠠᠢᠳᠠᠯ᠎ᠤᠨ ᠲᠤᠬᠠᠶ ᠮᠡᠳᠡᠭᠦᠯᠦᠯᠲᠡ ᠬᠢᠪᠠ᠃ ᠲᠡᠷᠡ᠂ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠬᠤᠭᠤᠴᠠᠭᠠᠨ᠎ᠳᠤ᠂ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠤᠯᠤᠰ ᠲᠦᠷᠦ᠍᠎ᠶ᠋ᠢᠨ ᠵᠥᠪᠯᠡᠯᠭᠡᠨ᠎ᠦ ᠡᠯ᠎ᠡ ᠣᠷᠣᠯᠴᠠᠭ᠍ᠴᠢ ᠨᠢᠭᠡᠴᠢ ᠪᠣᠯᠤᠨ ᠡᠯ᠎ᠡ ᠲᠤᠰᠭᠠᠢ ᠵᠥᠪᠯᠡᠯ 《ᠤᠯᠤᠰ᠎ᠤᠨ ᠶᠡᠬᠡ ᠶᠠᠪᠤᠳᠠᠯ》᠂ ᠠᠷᠠᠳ᠎ᠤᠨ ᠠᠩᠬᠠᠷᠤᠯ ᠲᠠᠯᠪᠢᠵᠤ ᠪᠠᠢᠭ᠎ᠠ ᠠᠰᠠᠭᠤᠳᠠᠯ᠎ᠤᠨ ᠲᠣᠭᠣᠷᠢᠨ᠎ᠳᠤ ᠰᠠᠨᠠᠯ ᠳᠤᠷᠠᠳᠤᠯᠭ᠎ᠠ ᠳᠤᠷᠠᠳᠴᠤ᠌᠂ ᠦᠨᠡᠨ ᠦᠭᠡ ᠬᠡᠯᠡᠵᠦ᠍᠂ ᠪᠣᠳᠠᠲᠠᠢ ᠠᠷᠭ᠎ᠠ ᠭᠠᠷᠭᠠᠵᠤ᠂ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠪᠠ᠃ ᠲᠠᠪᠤᠨ ᠵᠢᠯ᠎ᠦᠨ ᠲᠤᠷᠰᠢ᠂ ᠨᠡᠢ᠌ᠲᠡ 29323 ᠬᠤᠪᠢ ᠰᠠᠨᠠᠯ ᠵᠥᠪᠯᠡᠯᠭᠡ᠎ᠶ᠋ᠢ ᠬᠦᠯᠢᠶᠡᠨ ᠠᠪᠴᠤ᠌᠂ ᠬᠢᠨᠠᠨ ᠪᠠᠢᠴᠠᠭᠠᠬᠤ ᠪᠡᠷ ᠳᠠᠮᠵᠢᠨ 23818 ᠬᠤᠪᠢ᠎ᠶ᠋ᠢ ᠨᠢ ᠬᠡᠷᠡᠭ ᠪᠤᠯᠭᠠᠨ ᠳᠠᠩᠰᠠᠯᠠᠪᠠ᠃ 2023 ᠣᠨ᠎ᠤ 2 ᠰᠠᠷ᠎ᠠ᠎ᠶ᠋ᠢᠨ ᠰᠡᠭᠦᠯᠴᠢ ᠪᠣᠯᠲᠠᠯ᠎ᠠ᠂ 99.8% ᠵᠢᠨ ᠰᠠᠨᠠᠯ ᠳᠤᠷᠠᠳᠤᠯᠭ᠎ᠠ᠎ᠶ᠋ᠢ ᠨᠢᠭᠡᠨᠲᠡ ᠱᠢᠢᠳᠪᠦᠷᠢᠯᠡᠵᠦ᠍ ᠬᠠᠷᠢᠭᠤᠯᠲᠠ ᠥᠭ᠌ᠪᠡ᠃ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ ᠬᠣᠯᠪᠣᠭ᠍ᠳᠠᠯ ᠪᠦᠬᠦᠢ ᠲᠠᠯ᠎ᠠ᠎ᠶ᠋ᠢᠨ ᠬᠢᠨ᠎ᠲᠡᠶ ᠬᠠᠮᠲᠤᠷᠠᠨ ᠭᠦᠨᠵᠡᠭᠡᠢ ᠵᠥᠪᠯᠡᠯᠭᠡ ᠬᠢᠵᠦ᠍᠂ ᠰᠠᠨᠠᠯ ᠳᠤᠷᠠᠳᠤᠯᠭ᠎ᠠ᠎ᠶ᠋ᠢᠨ ᠳᠣᠲᠣᠷᠠᠬᠢ ᠮᠠᠰᠢ ᠤᠯᠠᠨ ᠰᠠᠨᠠᠯ ᠰᠠᠨᠠᠭᠤᠯᠭ᠎ᠠ᠎ᠶ᠋ᠢ ᠨᠢᠭᠡᠨᠲᠡ ᠬᠣᠯᠪᠣᠭ᠍ᠳᠠᠯ ᠪᠦᠬᠦᠢ ᠲᠥᠯᠥᠪᠵᠢᠭᠦᠯᠭᠡ ᠲᠦᠷᠦ᠍᠎ᠶ᠋ᠢᠨ ᠪᠤᠳᠤᠯᠭ᠎ᠠ ᠪᠠ ᠠᠷᠭ᠎ᠠ ᠠᠪᠴᠠᠯ᠎ᠳᠤ ᠢᠯᠡᠷᠡᠭᠦᠯᠦᠭ᠌ᠰᠡᠨ ᠪᠠᠢᠨ᠎ᠠ ᠭᠡᠵᠤ ᠬᠡᠯᠡᠪᠡ᠃
ᠲᠡᠷᠢᠭᠦᠯᠡᠭ᠌ᠴᠢᠳᠤᠨᠲᠠᠢᠰᠠᠨᠳᠤ ᠰᠠᠭᠠᠲᠠᠭᠰᠠᠨ ᠨᠦᠬᠦᠳ ᠲᠸ᠋ ᠪᠠᠰᠠ᠄ ᠮᠠ ᠱᠢᠩ ᠷᠦᠢ᠂ ᠸᠠᠩ ᠴᠧᠨ᠂ ᠸᠠᠩ ᠢ᠂ ᠶᠢᠨ ᠯᠢ᠂ ᠯᠢᠦ ᠾᠧ᠂ ᠯᠢᠦ ᠭᠦᠸᠧ ᠵᠦᠩ᠂ ᠱᠢᠤᠢ ᠴᠢ ᠯᠢᠶᠠᠩ᠂ ᠰᠦᠨ ᠴᠦᠨ ᠯᠠᠨ᠂ ᠯᠢ ᠭᠠᠨ ᠵᠢᠶᠧ᠂ ᠯᠢ ᠱᠤ᠌ ᠯᠸᠢ᠂ ᠯᠢ ᠬᠣᠩ ᠵᠥᠩ᠂ ᠶᠠᠩ ᠱᠢᠶᠣᠤ ᠳ᠋ᠦ᠋᠂ ᠾᠧ ᠸᠧᠶ ᠳ᠋ᠦᠩ᠂ ᠾᠧ ᠯᠢ ᠹᠧᠩ᠂ ᠵᠠᠩ ᠶᠢᠦ ᠱᠢᠶᠠ᠂ ᠵᠠᠩ ᠭᠦᠸᠧ ᠴᠢᠩ᠂ ᠴᠧᠨ ᠸᠸᠨ ᠴᠢᠩ᠂ ᠴᠧᠨ ᠵᠢᠶ ᠨᠢᠩ᠂ ᠴᠧᠨ ᠮᠢᠨ ᠡᠯ᠂ ᠶᠤᠸᠠᠨ ᠵᠢᠶᠠ ᠵᠢᠶᠦ᠋ᠨ᠂ ᠬᠤᠸᠠᠩ ᠺᠦᠨ ᠮᠢᠩ᠂ ᠯᠢᠦ᠍᠎ᠶ᠋ᠢᠨ ᠭᠦᠸᠧ᠂ ᠸᠠᠩ ᠱᠢᠶᠤᠤ ᠬᠣᠩ᠂ ᠼᠤᠤ ᠵᠢᠶᠠᠨ ᠮᠢᠩ᠂ ᠵᠠᠩ ᠴᠦᠨ ᠱᠢᠶᠠᠨ᠂ ᠵᠢᠶ ᠪᠢᠩ ᠱᠢᠤᠸᠠᠨ᠂ ᠠᠢ᠌ᠯᠢᠭ᠌ᠸᠩ·ᠢᠮᠢᠩᠪᠠᠬᠠᠢ᠂ ᠸᠠᠨ ᠧ ᠱᠢᠶᠠᠩ᠂ ᠴᠧᠨ ᠵᠦ᠍᠂ ᠸᠠᠩ ᠳ᠋ᠦᠩ ᠮᠢᠩ᠂ ᠪᠠᠳᠮᠠᠫᠸᠷᠠᠩᠯᠠᠢ᠂ ᠳ᠋ᠢᠩ ᠵᠥᠩ ᠯᠢ᠂ ᠬᠤᠤ ᠮᠢᠩ ᠵᠢᠨ᠂ ᠼᠠᠢ ᠳ᠋ᠠ ᠹᠧᠩ᠂ ᠡᠸ᠋ ᠸᠧᠶ ᠬᠤᠸᠠ᠂ ᠸᠧᠶ ᠹᠧᠩ ᠾᠧ᠂ ᠱᠢᠶᠣᠤ ᠵᠢᠶᠧ᠂ ᠵᠣᠣ ᠺᠧ ᡁᠢ᠂ ᠵᠠᠩ ᠵᠢᠶᠦ᠋ᠨ᠂ ᠯᠢᠦ ᠴᠢ ᠪᠦᠦ᠂ ᠸᠠᠨ ᠭᠠᠩ᠂ ᠯᠦ᠍ ᠵᠠᠨ ᠬᠥᠩ᠂ ᠮᠠ ᠪᠢᠶᠤᠤ᠂ ᠴᠧᠨ ᠱᠢᠶᠤᠤ ᠭᠤᠸᠠᠩ᠂ ᠱᠢᠶᠠ ᠪᠦᠦ ᠯᠦᠩ᠂ ᠶᠠᠩ ᠴᠤᠸᠠᠨ ᠲᠠᠩ᠂ ᠯᠢ ᠪᠢᠨ᠂ ᠸᠠᠩ ᠶᠦᠩ ᠴᠢᠩ᠂ ᠵᠧᠩ ᠵᠢᠶᠠᠨ ᠪᠠᠩ᠂ ᠭᠦ ᠱᠸᠨᠭ ᠽᠤ᠌᠂ ᠯᠢᠦ ᠱᠢᠨ ᠴᠧᠩ᠂ ᠾᠧ ᠸᠧᠶ ᠨᠠᠷ ᠪᠤᠢ᠃
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠂ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ ᠵᠢᠨ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠨᠥᠬᠥᠳ ᠤᠷᠢᠯᠭ᠎ᠠ᠎ᠪᠠᠷ ᠡᠬᠢᠯᠡᠯᠲᠡ᠎ᠶ᠋ᠢᠨ ᠬᠤᠷᠠᠯ᠎ᠳᠤ ᠰᠤᠯᠠ ᠣᠷᠣᠯᠴᠠᠪᠠ᠃ ᠳᠤᠮᠳᠠᠳᠤ ᠤᠯᠤᠰ᠎ᠲᠤ ᠰᠠᠭᠤᠭ᠎ᠠ ᠭᠠᠳᠠᠭᠠᠳᠤ᠎ᠶ᠋ᠢᠨ ᠡᠯᠴᠢᠨ ᠰᠠᠢᠳ᠂ ᠭᠠᠳᠠᠭᠠᠳᠤ᠎ᠳᠤ ᠰᠠᠭᠤᠭ᠎ᠠ ᠬᠠᠷᠢᠶᠠᠲᠤ ᠨᠠᠷ ᠤᠷᠢᠯᠭ᠎ᠠ᠎ᠪᠠᠷ ᠡᠬᠢᠯᠡᠯᠲᠡ᠎ᠶ᠋ᠢᠨ ᠬᠤᠷᠠᠯ᠎ᠳᠤ ᠣᠷᠣᠯᠴᠠᠪᠠ᠃
( ᠱᠢᠨᠬᠤᠸᠠ ᠬᠤᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 4 ᠤ᠋ ᠴᠠᠬᠢᠯᠭᠠᠨ ᠮᠡᠳᠡᠭᠡ )
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠮᠦᠩᠭᠦᠨᠬᠤᠸᠠᠷ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃