2023ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2023-03-05 10:40:31

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠰᠤᠩᠭᠤᠭᠤᠯᠢ ᠪᠡᠷ ᠳᠠᠮᠵᠢᠨ ᠶᠡᠬᠡ ᠬᠤᠷᠠᠯ᠎ᠤᠨ ᠳᠡᠷᠢᠬᠦᠯᠡᠭᠴᠢᠳ᠎ᠤᠨ ᠪᠦᠯᠬᠦᠮ ᠪᠠ ᠨᠠᠷᠢᠨ ᠪᠢᠴᠢᠭ᠎ᠤᠨ ᠳᠠᠷᠤᠭ᠎ᠠ ᠵᠢ ᠰᠤᠩᠭᠤᠨ ᠭᠠᠷᠭᠠᠵᠦ ᠶᠡᠬᠡ ᠬᠤᠷᠠᠯ᠎ᠤᠨ ᠵᠦᠪᠯᠡᠬᠦ ᠵᠦᠢᠯ ᠢ᠋ ᠪᠠᠳᠤᠯᠠᠪᠠ

ᠯᠢ ᠵᠠᠨ ᠱᠤ᠌ ᠬᠤᠷᠠᠯ᠎ᠢ ᠡᠷᠬᠢᠯᠡᠵᠡᠢ


ᠠᠷᠪᠠᠨ ᠳᠥᠷᠪᠡᠳᠦᠭᠡᠷ ᠬᠤᠭᠤᠴᠠᠭᠠᠨ᠎ᠤ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ 4 ᠎ᠤ᠋ ᠦᠳᠡ᠎ᠶᠢᠨ ᠡᠮᠦᠨ᠎ᠡ ᠪᠡᠬᠡᠵᠢᠩ᠎ᠤᠨ ᠠᠷᠠᠳ᠎ᠤᠨ ᠶᠡᠬᠡ ᠬᠤᠷᠠᠯ᠎ᠤᠨ ᠳᠠᠩᠬᠢᠮ ᠳ᠋ᠤ ᠪᠡᠯᠡᠳᠬᠡᠯ ᠬᠤᠷᠠᠯ ᠬᠢᠪᠡ᠃ ᠡᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ ᠬᠤᠷᠢᠶᠠᠨ ᠳᠠᠷᠤᠭ᠎ᠠ ᠯᠢ ᠵᠠᠨ ᠱᠤ᠌ ᠬᠤᠷᠠᠯ ᠢ᠋ ᠡᠷᠬᠢᠯᠡᠵᠡᠢ᠃ ᠬᠤᠷᠠᠯ ᠡᠴᠡ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠤᠨ ᠲᠡᠷᠢᠭᠦᠯᠡᠭᠴᠢᠳ᠎ᠦᠨ ᠪᠦᠯᠬᠦᠮ ᠪᠤᠯᠤᠨ ᠨᠠᠷᠢᠨ ᠪᠢᠴᠢᠭ᠎ᠦᠨ ᠳᠠᠷᠤᠭ᠎ᠠ᠎ᠶᠢ ᠰᠣᠩᠭᠣᠨ ᠭᠠᠷᠭᠠᠵᠤ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠤᠨ ᠵᠦᠪᠯᠡᠬᠦ ᠵᠦᠢᠯ ᠢ᠋ ᠪᠠᠳᠤᠯᠠᠪᠠ᠃

ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤ᠋ᠨ ᠤᠳᠤ ᠪᠠᠢᠭ᠎ᠠ ᠲᠦᠯᠦᠬᠡᠯᠡᠭᠴᠢ 2977 ᠪᠤᠢ᠃ 3 ᠰᠠᠷ᠎ᠠ᠎ᠶᠢᠨ 3᠎ᠤ᠋ ᠡᠳᠦᠷ ᠪᠣᠯᠲᠠᠯ᠎ᠠ᠂ ᠶᠡᠬᠡ ᠬᠤᠷᠠᠯ᠎ᠤᠨ ᠨᠠᠷᠢᠨ ᠪᠢᠴᠢᠭ᠎ᠦᠨ ᠭᠠᠵᠠᠷ᠎ᠲᠤ ᠨᠡᠷ᠎ᠡ ᠮᠡᠳᠡᠬᠦᠯᠦᠭᠰᠡᠨ ᠲᠦᠯᠦᠬᠡᠯᠡᠭᠴᠢ 2962 ᠪᠤᠢ᠃ 4 ᠎ᠤ᠋ ᠡᠳᠦᠷ᠎ᠦᠨ ᠪᠡᠯᠡᠳᠬᠡᠯ ᠬᠤᠷᠠᠯ᠎ᠳᠤ 2951 ᠬᠥᠮᠥᠨ ᠣᠷᠣᠯᠴᠠᠵᠤ᠂ 26 ᠬᠥᠮᠥᠨ ᠣᠷᠣᠯᠴᠠᠭᠰᠠᠨ ᠦᠭᠡᠢ᠂ ᠬᠤᠷᠠᠯ᠎ᠳᠤ ᠣᠷᠣᠯᠴᠠᠭᠰᠠᠨ ᠬᠥᠮᠥᠨ᠎ᠦ ᠲᠣᠭ᠎ᠠ ᠬᠠᠤᠯᠢ᠎ᠳᠤ ᠲᠣᠭᠲᠠᠭᠠᠭᠰᠠᠨ ᠬᠥᠮᠥᠨ᠎ᠦ ᠲᠣᠭ᠎ᠠ᠎ᠲᠠᠢ ᠨᠡᠢᠴᠡᠵᠡᠢ᠃

ᠯᠢ ᠵᠠᠨ ᠱᠤ᠌᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ 2023 ᠣᠨ᠎ᠤ 3 ᠰᠠᠷ᠎ᠠ᠎ᠶᠢᠨ 5 ᠎ᠤ᠋ ᠡᠳᠦᠷ ᠬᠤᠷᠠᠯᠳᠤᠨ᠎ᠠ᠂ ᠶᠡᠬᠡ ᠬᠤᠷᠠᠯ᠎ᠤᠨ ᠡᠯ᠎ᠡ ᠵᠦᠢᠯ᠎ᠦᠨ ᠪᠡᠯᠡᠳᠬᠡᠯ ᠠᠵᠢᠯ ᠴᠦᠮ ᠪᠡᠯᠡᠬᠡᠨ ᠪᠣᠯᠵᠡᠢ ᠭᠡᠵᠦ ᠨᠡᠢᠲᠡᠯᠡᠪᠡ᠃

ᠯᠢ ᠵᠠᠨ ᠱᠤ᠌᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠤᠨ ᠵᠢᠯᠤᠭᠤᠳᠬᠤ ᠦᠵᠡᠯ ᠰᠠᠨᠠᠭ᠎ᠠ ᠪᠤᠯ᠄ ᠰᠢ᠎ᠶᠢᠨ ᠫᠢᠩ ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠣᠨ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠠᠩᠬᠠᠳᠤᠭᠠᠷ ᠪᠦᠬᠦᠳᠡ ᠬᠤᠷᠠᠯ᠂ ᠬᠣᠶᠠᠳᠤᠭᠠᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ ᠎ᠶᠢ ᠪᠦᠬᠦ ᠲᠠᠯ᠎ᠠ ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ 《ᠬᠣᠶᠠᠷ᠎ᠢ ᠲᠣᠭᠲᠠᠭᠠᠭᠰᠠᠨ》᠎ᠤ᠋ ᠰᠢᠢᠳᠪᠦᠷᠢᠯᠡᠭᠴᠢ ᠴᠢᠨᠠᠷᠳᠠᠢ ᠠᠴᠢ ᠬᠣᠯᠪᠣᠭᠳᠠᠯ᠎ᠢ ᠭᠦᠨᠵᠡᠭᠡᠢ ᠣᠢᠯᠠᠭᠠᠵᠤ᠂ 《ᠳᠥᠷᠪᠡᠨ ᠤᠬᠠᠮᠰᠠᠷ 》 ᠢ᠋ ᠴᠢᠩᠭᠠᠳᠬᠠᠨ᠂ 《ᠳᠥᠷᠪᠡᠨ ᠢᠲᠡᠭᠡᠯ》 ᠵᠢᠡᠨ ᠪᠠᠲᠤᠳᠬᠠᠵᠤ ᠂ 《ᠬᠣᠶᠠᠷ᠎ᠢ ᠬᠠᠮᠠᠭᠠᠯᠠᠬᠤ》 ᠵᠢ ᠪᠡᠶᠡᠯᠡᠭᠦᠯᠵᠦ᠂ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠬᠤ᠂ ᠠᠷᠠᠳ ᠲᠦᠮᠡᠨ ᠡᠵᠡᠡ ᠰᠠᠭᠤᠵᠤ ᠡᠷᠬᠡ ᠮᠡᠳᠡᠬᠦ᠂ ᠬᠠᠤᠯᠢ ᠪᠡᠷ ᠤᠯᠤᠰ᠎ᠢᠶᠠᠨ ᠵᠠᠰᠠᠬᠤ᠎ᠶᠢ ᠣᠷᠭᠠᠨᠢᠭ᠋᠎ᠢᠶᠠᠷ ᠨᠢᠬᠡᠳᠬᠡᠨ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠭᠤᠯᠤᠯ ᠢ᠋ ᠪᠠᠷᠢᠮᠲᠠᠯᠠᠨ ᠲᠡᠭᠦᠯᠳᠡᠷᠵᠢᠭᠦᠯᠵᠦ ᠂ ᠪᠦᠬᠦ ᠶᠠᠪᠤᠴᠠ᠎ᠶᠢᠨ ᠠᠷᠠᠳ᠎ᠤᠨ ᠠᠷᠠᠳᠴᠢᠯᠠᠯ᠎ᠢ ᠬᠥᠭᠵᠢᠭᠦᠯᠵᠦ᠂ ᠨᠠᠮ ᠪᠣᠯᠣᠨ ᠤᠯᠤᠰ᠎ᠤᠨ ᠠᠵᠢᠯ᠎ᠤᠨ ᠶᠡᠬᠡ ᠲᠠᠯ᠎ᠠ᠎ᠵᠢᠨ ᠳᠤᠭᠤᠷᠢᠨ ᠳ᠋ᠤ ᠂ ᠦᠨᠳᠦᠰᠦᠨ ᠬᠠᠤᠯᠢ ᠪᠣᠯᠣᠨ ᠬᠠᠤᠯᠢ ᠴᠠᠭᠠᠵᠠ᠎ᠠᠴᠠ ᠣᠯᠭᠣᠭᠰᠠᠨ ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠶᠡᠬᠡ ᠬᠤᠷᠠᠯ᠎ᠤᠨ ᠡᠯ᠎ᠡ ᠵᠦᠢᠯ᠎ᠦᠨ ᠡᠭᠦᠷᠭᠡ᠎ᠪᠡᠨ ᠲᠡᠭᠦᠰ ᠠᠮᠵᠢᠯᠲᠠ ᠎ᠲᠠᠢ ᠪᠡᠶᠡᠯᠡᠭᠦᠯᠵᠦ ᠂ ᠶᠡᠬᠡ ᠬᠤᠷᠠᠯ᠎ᠢ ᠠᠷᠠᠳᠴᠢᠯᠡᠯ ᠲᠠᠢ᠂ ᠪᠦᠯᠬᠦᠮᠳᠡᠯ ᠳᠠᠢ᠂ ᠪᠤᠳᠠᠳᠠᠢ ᠵᠢ ᠡᠷᠬᠢᠮᠯᠡᠭᠰᠡᠨ᠂ ᠡᠷᠡᠮᠡᠬᠡᠢᠯᠡᠨ ᠤᠷᠤᠭᠰᠢᠯᠠᠭᠰᠠᠨ ᠶᠡᠬᠡ ᠬᠤᠷᠠᠯ ᠪᠣᠯᠭᠠᠨ ᠬᠤᠷᠠᠯᠳᠤᠭᠤᠯᠵᠤ᠂ ᠪᠦᠬᠦ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠲᠠᠢ᠍ᠢᠴᠢᠯᠠᠨ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠤᠷᠢᠶ᠎ᠠ ᠵᠢᠨ ᠲᠣᠭᠣᠷᠢᠨ᠎ᠳᠤ ᠨᠢᠭ᠍ᠲᠠᠷᠠᠨ ᠪᠦᠯᠬᠦᠮᠳᠡᠵᠦ᠂ ᠢᠲᠡᠭᠡᠯ ᠵᠣᠷᠢᠭ᠋᠎ᠢᠶᠠᠨ ᠪᠠᠲᠤᠳᠬᠠᠨ᠂ ᠨᠢᠭᠡ ᠰᠡᠳᠬᠢᠯ ᠨᠡᠶ᠋ᠢᠲᠡ᠎ᠶᠢᠨ ᠵᠣᠷᠢᠭ᠋᠎ᠢᠶᠠᠷ ᠰᠢᠷᠭᠠᠭᠤ ᠬᠠᠲᠠᠭᠤᠵᠢᠯᠲᠠᠢ ᠠᠵᠢᠯᠯᠠᠵᠤ᠂ ᠡᠷᠡᠯᠬᠡᠭᠯᠡᠨ ᠤᠷᠤᠭᠰᠢᠯᠠᠵᠤ᠂ ᠨᠡᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠦᠬᠦ ᠲᠠᠯ᠎ᠠ᠎ᠪᠠᠷ ᠠᠬᠢᠭᠤᠯᠬᠤ᠎ᠶᠢᠨ ᠲᠥᠯᠥᠭᠡ ᠪᠦᠯᠬᠦᠮᠳᠡᠨ ᠲᠡᠮᠡᠴᠡᠨ᠎ᠡ ᠬᠡᠵᠦ ᠵᠢᠭᠠᠵᠤ ᠭᠠᠷᠭᠠᠪᠠ᠃

ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠵᠣᠬᠢᠶᠠᠨ ᠪᠠᠶ᠋ᠢᠭᠤᠯᠬᠤ ᠬᠠᠤᠯᠢ ᠪᠠ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠵᠦᠪᠯᠡᠬᠦ ᠵᠦᠢᠯ᠎ᠤᠨ ᠲᠦᠷᠢᠮ ᠳᠤᠭᠳᠠᠭᠠᠯ ᠵᠢᠡᠷ᠂ ᠳᠡᠷᠢᠬᠦᠯᠡᠭᠴᠢᠳ᠎ᠤᠨ ᠪᠦᠯᠬᠦᠮ ᠡᠴᠡ ᠪᠦᠬᠦ ᠤᠯᠤᠰ᠎ᠤᠨ ᠠᠷᠠᠳ᠎ᠤᠨ ᠲᠦᠯᠦᠬᠡᠯᠡᠭᠴᠢᠳ᠎ᠤᠨ ᠶᠡᠬᠡ ᠬᠤᠷᠠᠯ ᠢ᠋ ᠡᠷᠬᠢᠯᠡᠨ᠎ᠡ᠃

ᠪᠡᠯᠡᠳᠬᠡᠯ ᠬᠤᠷᠠᠯ᠎ᠠᠴᠠ ᠰᠣᠩᠭᠣᠵᠤ ᠭᠠᠷᠭᠠᠭᠰᠠᠨ ᠶᠡᠬᠡ ᠬᠤᠷᠠᠯ᠎ᠤᠨ ᠲᠡᠷᠢᠭᠦᠯᠡᠭᠴᠢᠳ᠎ᠦᠨ ᠪᠦᠯᠬᠦᠮ᠎ᠳᠦ ᠡᠯ᠎ᠡ ᠲᠠᠯ᠎ᠠ᠎ᠶᠢᠨ ᠲᠥᠯᠥᠭᠡᠯᠡᠭᠴᠢ ᠬᠥᠮᠥᠰ ᠨᠡᠶ᠋ᠢᠲᠡ 192 ᠬᠥᠮᠥᠨ ᠪᠤᠢ ᠂ ᠡᠭᠦᠨ᠎ᠦ ᠳᠣᠲᠣᠷ᠎ᠠ ᠄ ᠨᠠᠮ ᠪᠠ ᠲᠥᠷᠥ᠍᠎ᠶᠢᠨ ᠤᠳᠤᠷᠢᠳᠬᠤ ᠬᠥᠮᠥᠰ ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ ᠵᠢᠨ ᠬᠡᠰᠢᠬᠦᠨ᠂ ᠡᠯ᠎ᠡ ᠠᠷᠠᠳᠴᠢᠯᠠᠭᠰᠠᠨ ᠨᠠᠮ ᠪᠦᠯᠦᠭ᠎ᠦᠨ ᠲᠥᠪ ᠬᠣᠷᠢᠶ᠎ᠠ᠂ ᠪᠦᠬᠦ ᠤᠯᠤᠰ᠎ᠤᠨ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶᠢᠨ ᠬᠠᠷᠢᠭᠤᠴᠠᠯᠭᠠᠲᠠᠨ ᠪᠠ ᠨᠠᠮ ᠪᠦᠯᠦᠭ᠎ᠦᠨ ᠪᠤᠰᠤ ᠲᠥᠯᠥᠭᠡᠯᠡᠭᠴᠢ ᠬᠥᠮᠥᠰ ᠂ ᠲᠥᠪ ᠪᠠ ᠲᠥᠷᠥ᠍᠎ᠶᠢᠨ ᠪᠠᠢᠭᠤᠯᠭ᠎ᠠ᠎ᠶᠢᠨ ᠬᠠᠮᠢᠶ᠎ᠠ ᠪᠦᠬᠦᠢ ᠨᠢᠭᠡᠴᠢ᠎ᠶᠢᠨ ᠤᠳᠤᠷᠢᠳᠬᠤ ᠺᠠᠳ᠋ᠷ ᠵᠡᠷᠭᠡ ᠡᠯ᠎ᠡ ᠠᠷᠠᠳ᠎ᠤᠨ ᠪᠦᠯᠬᠦᠮ᠎ᠦᠨ ᠬᠠᠷᠢᠭᠤᠴᠠᠯᠭᠠᠲᠠᠨ᠂ ᠡᠯ᠎ᠡ ᠮᠤᠵᠢ ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠂ ᠰᠢᠶᠠᠩᠭᠠᠩ ᠤᠨᠴᠠᠭᠠᠢ ᠵᠠᠰᠠᠭ ᠵᠠᠬᠢᠷᠭᠠᠨ᠎ᠤ ᠣᠷᠣᠨ ᠂ ᠣᠣᠮᠧᠨ ᠤᠨᠴᠠᠭᠠᠢ ᠵᠠᠰᠠᠭ ᠵᠠᠬᠢᠷᠭᠠᠨ᠎ᠤ ᠣᠷᠣᠨ ᠂ ᠴᠢᠯᠦᠭᠡᠯᠡᠬᠦ ᠴᠡᠷᠢᠭ ᠪᠠ ᠵᠡᠪᠰᠡᠭᠲᠦ ᠴᠠᠭᠳᠠᠭ᠎ᠠ᠎ᠶᠢᠨ ᠴᠡᠷᠢᠭ ᠠᠩᠭᠢ᠎ᠶᠢᠨ ᠲᠥᠯᠥᠭᠡᠯᠡᠭᠴᠢᠳ᠎ᠦᠨ ᠪᠦᠯᠬᠦᠮ᠎ᠦᠨ ᠬᠠᠷᠢᠭᠤᠴᠠᠯᠭᠠᠲᠠᠨ ᠵᠡᠷᠬᠡ ᠰᠢᠶᠠᠩᠭᠠᠩ ᠣᠨᠴᠠᠭᠠᠶ ᠵᠠᠰᠠᠭ ᠵᠠᠬᠢᠷᠭᠠᠨ᠎ᠤ ᠣᠷᠣᠨ᠂ ᠣᠣᠮᠧᠨ ᠣᠨᠴᠠᠭᠠᠶ ᠵᠠᠰᠠᠭ ᠵᠠᠬᠢᠷᠭᠠᠨ᠎ᠤ ᠣᠷᠣᠨ᠂ ᠠᠵᠤ ᠠᠬᠤᠢᠯᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠨᠡᠢᠭᠡᠮ᠎ᠦᠨ ᠰᠢᠨᠵᠢᠯᠡᠬᠦ ᠤᠬᠠᠭᠠᠨ᠂ ᠰᠤᠷᠭᠠᠨ ᠬᠥᠮᠦᠵᠢᠯ᠂ ᠤᠳᠬ᠎ᠠ ᠤᠷᠠᠯᠢᠭ᠋᠂ ᠡᠷᠡᠭᠦᠯ ᠬᠠᠮᠠᠭᠠᠯᠠᠯ᠂ ᠪᠡᠶ᠎ᠡ᠎ᠶᠢᠨ ᠲᠠᠮᠢᠷ᠂ ᠲᠤᠮᠳᠠᠳᠤ ᠵᠢᠨ ᠬᠠᠷᠢᠶᠠᠲᠤ ᠨᠠᠷ᠂ ᠱᠠᠰᠢᠨ ᠰᠤᠷᠲᠠᠬᠤᠨ᠎ᠤ ᠡᠲᠡᠭᠡᠳ᠎ᠦᠨ ᠲᠥᠯᠥᠭᠡᠯᠡᠭᠴᠢ ᠵᠢᠴᠢ ᠠᠵᠢᠯᠴᠢᠨ᠂ ᠲᠠᠷᠢᠶᠠᠴᠢᠨ᠂ ᠴᠢᠯᠦᠭᠡᠯᠡᠬᠦ ᠴᠡᠷᠢᠭ᠂ ᠵᠡᠪᠰᠡᠭᠲᠦ ᠴᠠᠭᠳᠠᠭ᠎ᠠ ᠵᠢᠨ ᠴᠡᠷᠢᠭ ᠠᠩᠬᠢ ᠵᠡᠷᠭᠡ ᠦᠨᠳᠦᠰᠦᠨ ᠱᠠᠲᠤᠨ᠎ᠤ ᠲᠥᠯᠥᠭᠡᠯᠡᠭᠴᠢ᠂ 100 ᠲᠦᠮᠡ᠎ᠡᠴᠡ ᠳᠡᠭᠡᠭᠰᠢ ᠬᠥᠮᠥᠨ ᠠᠮᠠ᠎ᠲᠠᠢ ᠴᠥᠭᠡᠨ ᠲᠣᠭᠠᠲᠤ ᠦᠨᠳᠦᠰᠦᠲᠡᠨ᠎ᠦ ᠲᠥᠯᠥᠭᠡᠯᠡᠭᠴᠢ ᠵᠡᠷᠭᠡ ᠪᠤᠢ᠃ ᠯᠢ ᠬᠣᠩ ᠵᠦᠩ ᠶᠡᠬᠡ ᠬᠤᠷᠠᠯ᠎ᠤᠨ ᠨᠠᠷᠢᠨ ᠪᠢᠴᠢᠭ᠎ᠦᠨ ᠳᠠᠷᠤᠭ᠎ᠠ᠎ᠪᠠᠷ ᠰᠤᠩᠭᠤᠭᠳᠠᠵᠠᠢ᠃

ᠪᠡᠯᠡᠳᠬᠡᠯ ᠬᠤᠷᠠᠯ ᠎ᠠᠴᠠ ᠪᠠᠲᠤᠯᠠᠭᠰᠠᠨ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠤᠨ ᠵᠥᠪᠯᠡᠬᠦ ᠵᠦᠢᠯ ᠨᠡᠢ᠍ᠢᠳᠡ 9 ᠵᠦᠢᠯ ᠪᠠᠢᠨ᠎ᠠ᠃

ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠬᠡᠷᠡᠭ ᠵᠥᠪᠯᠡᠬᠦ ᠳᠦᠷᠢᠮ᠎ᠢ ᠦᠨᠳᠦᠰᠦᠯᠡᠪᠡᠯ᠂ ᠬᠤᠭᠤᠴᠠᠭ᠎ᠠ ᠪᠦᠷᠢ᠎ᠶᠢᠨ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠤᠨ ᠪᠡᠯᠡᠳᠬᠡᠯ ᠬᠤᠷᠠᠯ᠎ᠢ ᠳᠡᠭᠡᠷ᠎ᠡ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠦᠯᠦᠬᠡᠯᠡᠭᠴᠢᠳ᠎ᠤᠨ ᠶᠡᠬᠡ ᠬᠤᠷᠠᠯ᠎ᠤᠨ ᠪᠠᠢᠩᠭᠤ ᠵᠢᠨ ᠬᠤᠷᠢᠶ᠎ᠠ ᠡᠴᠡ ᠡᠷᠬᠢᠯᠡᠨ᠎ᠡ᠃ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠳᠡᠳ᠋ ᠬᠣᠷᠢᠶᠠᠨ ᠳᠠᠷᠤᠭ᠎ᠠ ᠸᠠᠩ ᠴᠧᠨ᠂ ᠼᠤᠤ ᠵᠢᠶᠠᠨ ᠮᠢᠩ᠂ ᠵᠠᠩ ᠴᠦᠨ ᠰᠢᠶᠠᠨ᠂ ᠱᠧᠨ ᠶᠤᠸᠠᠢ ᠶᠤᠸᠠᠢ᠂ ᠵᠢᠢ ᠪᠢᠩ ᠰᠢᠤᠸᠠᠨ᠂ ᠠᠢ᠍ᠢᠯᠢᠭᠧᠩ· ᠢᠮᠢᠩᠪᠠᠬᠠᠢ᠂ ᠸᠠᠨ ᠧ ᠰᠢᠶᠠᠩ᠂ ᠴᠧᠨ ᠵᠦ᠍᠂ ᠸᠠᠩ ᠳ᠋ᠦᠩ ᠮᠢᠩ᠂ ᠪᠠᠳᠮᠠᠫᠧᠷᠠᠩᠯᠠᠢ᠂ ᠳ᠋ᠢᠩ ᠵᠦᠩ ᠯᠢ᠂ ᠬᠤᠤ ᠮᠢᠩ ᠵᠢᠨ᠂ ᠼᠠᠢ ᠳᠠ ᠹᠧᠩ᠂ ᠦ᠋ ᠸᠧᠢ ᠬᠤᠸᠠ᠂ ᠨᠠᠷᠢᠨ ᠪᠢᠴᠢᠭ᠎ᠦᠨ ᠳᠠᠷᠤᠭ᠎ᠠ ᠶᠠᠩ ᠵᠧᠨ ᠦ᠋ ᠬᠤᠷᠠᠯ᠎ᠳᠤ ᠣᠷᠣᠯᠴᠠᠪᠠ᠃

(ᠰᠢᠨᠬᠤᠸᠠ ᠬᠤᠷᠢᠶ᠎ᠠ ᠵᠢᠨ ᠪᠡᠭᠡᠵᠢᠩ᠎ᠦᠨ 3 ᠰᠠᠷ᠎ᠠ᠎ᠶᠢᠨ 4 ᠎ᠤ᠋ ᠴᠠᠬᠢᠯᠭᠠᠨ ᠮᠡᠳᠡᠭᠡ )

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠮᠦᠩᠭᠦᠨᠬᠤᠸᠠᠷ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面