2023-03-05 13:27:05
ᠵᠤᠤ ᠯᠸ ᠵᠢᠢ ᠬᠤᠷᠠᠯ᠎ᠢ ᠡᠷᠬᠢᠯᠡᠪᠡ
ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠤᠨ ᠲᠡᠷᠢᠭᠦᠯᠡᠭᠴᠢᠳ᠎ᠦᠨ ᠪᠦᠯᠬᠦᠮ᠎ᠦᠨ ᠪᠠᠢᠩᠭᠤ᠎ᠶᠢᠨ ᠲᠡᠷᠢᠭᠦᠯᠡᠭᠴᠢᠳ᠎ᠦᠨ ᠠᠩᠬᠠᠳᠤᠭᠠᠷ ᠤᠳᠠᠭ᠎ᠠ ᠵᠢᠨ ᠬᠤᠷᠠᠯ 4 ᠤ᠋ ᠦᠲᠡ ᠢ᠋ᠢᠨ ᠬᠤᠢᠨ᠎ᠡ ᠪᠡᠭᠡᠵᠢᠩ᠎ᠤᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠬᠤᠷᠠᠯᠳᠤᠪᠠ᠃ ᠶᠡᠬᠡ ᠬᠤᠷᠠᠯ᠎ᠤᠨ ᠲᠡᠷᠢᠭᠦᠯᠡᠭᠴᠢᠳ᠎ᠦᠨ ᠪᠦᠯᠬᠦᠮ᠎ᠦᠨ ᠪᠠᠢᠩᠭᠤ᠎ᠶᠢᠨ ᠲᠡᠷᠢᠭᠦᠯᠡᠭᠴᠢ ᠵᠤᠤ ᠯᠸ ᠵᠢᠢ ᠬᠤᠷᠠᠯ᠎ᠢ ᠡᠷᠬᠢᠯᠡᠪᠡ᠃
ᠲᠡᠷᠢᠭᠦᠯᠡᠭᠴᠢᠳ᠎ᠦᠨ ᠪᠦᠯᠬᠦᠮ᠎ᠦᠨ ᠪᠠᠢᠩᠭᠤ᠎ᠶᠢᠨ ᠲᠡᠷᠢᠭᠦᠯᠡᠭᠴᠢᠳ᠎ᠦᠨ ᠠᠩᠬᠠᠳᠤᠭᠠᠷ ᠤᠳᠠᠭ᠎ᠠ ᠵᠢᠨ ᠬᠤᠷᠠᠯ ᠬᠤᠷᠠᠯᠳᠤᠬᠤ ᠡᠴᠡ ᠡᠮᠦᠨ᠎ᠡ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠳᠤ ᠣᠷᠣᠯᠴᠠᠬᠤ ᠡᠯ᠎ᠡ ᠲᠥᠯᠥᠭᠡᠯᠡᠭᠴᠢᠳ᠎ᠦᠨ ᠪᠦᠯᠬᠦᠮ ᠬᠤᠷᠠᠯ ᠬᠤᠷᠠᠯᠳᠤᠭᠤᠯᠵᠤ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠤᠰᠬᠠᠢ ᠵᠦᠪᠯᠡᠯ᠎ᠢ ᠲᠤᠬᠢᠷᠠᠭᠤᠯᠬᠤ ᠲᠤᠬᠠᠢ ᠶᠡᠬᠡ ᠬᠤᠷᠠᠯ᠎ᠤᠨ ᠲᠣᠭᠲᠠᠭᠠᠯ᠎ᠤᠨ ᠲᠥᠰᠥᠯ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠤᠰᠬᠠᠢ ᠵᠦᠪᠯᠡᠯ᠎ᠤᠨ ᠡᠷᠬᠢᠯᠡᠭᠴᠢ ᠭᠡᠰᠢᠭᠦᠨ᠂ ᠳᠡᠳ᠋ ᠡᠷᠬᠢᠯᠡᠭᠴᠢ ᠭᠡᠰᠢᠭᠦᠨ᠂ ᠭᠡᠰᠢᠭᠦᠨ᠎ᠦ ᠵᠢᠱ᠌ᠢᠭᠳᠡᠭᠰᠡᠳ᠎ᠢ ᠪᠠᠲᠤᠯᠠᠬᠤ ᠠᠷᠭ᠎ᠠ᠎ᠶᠢᠨ ᠲᠥᠰᠥᠯ᠎ᠢ ᠬᠢᠨᠠᠨ ᠵᠦᠪᠯᠡᠪᠡ; ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠦᠨᠳᠦᠰᠦᠨ ᠬᠠᠤᠯᠢ ᠪᠠ ᠬᠠᠤᠯᠢ ᠴᠠᠭᠠᠵᠠ᠎ᠶᠢᠨ ᠵᠦᠪᠯᠡᠯ᠂ ᠡᠳ᠋᠎ᠦᠨ ᠵᠠᠰᠠᠭ ᠠᠵᠤ ᠠᠬᠤᠢ᠎ᠶᠢᠨ ᠵᠦᠪᠯᠡᠯ᠎ᠤᠨ ᠡᠷᠬᠢᠯᠡᠭᠴᠢ ᠭᠡᠰᠢᠭᠦᠨ᠂ ᠳᠡᠳ᠋ ᠡᠷᠬᠢᠯᠡᠭᠴᠢ ᠭᠡᠰᠢᠭᠦᠨ᠂ ᠭᠡᠰᠢᠭᠦᠨ ᠤ᠋ ᠵᠢᠱ᠌ᠢᠭᠳᠡᠭᠰᠡᠳ᠎ᠢ ᠶᠠᠷᠢᠯᠴᠠᠪᠠ᠃
ᠲᠤᠰ ᠤᠳᠠᠭ᠎ᠠ᠎ᠶᠢᠨ ᠲᠡᠷᠢᠭᠦᠯᠡᠭᠴᠢᠳ᠎ᠦᠨ ᠪᠦᠯᠬᠦᠮ᠎ᠦᠨ ᠪᠠᠢᠩᠭᠤ᠎ᠶᠢᠨ ᠲᠡᠷᠢᠭᠦᠯᠡᠭᠴᠢᠳ᠎ᠦᠨ ᠬᠤᠷᠠᠯ ᠡᠴᠡ ᠶᠡᠬᠡ ᠬᠤᠷᠠᠯ᠎ᠤᠨ ᠳᠡᠳ᠋ ᠨᠠᠷᠢᠨ ᠪᠢᠴᠢᠭ᠎ᠦᠨ ᠳᠠᠷᠤᠭ᠎ᠠ ᠯᠢᠦ ᠵᠢᠶᠦ᠋ᠨ ᠴᠧᠨ᠎ᠦ ᠬᠢᠭᠰᠡᠨ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠤᠰᠬᠠᠢ ᠵᠥᠪᠯᠡᠯ᠎ᠢ ᠲᠤᠬᠢᠷᠠᠭᠤᠯᠬᠤ ᠲᠤᠬᠠᠢ ᠶᠡᠬᠡ ᠬᠤᠷᠠᠯ᠎ᠤᠨ ᠨᠠᠷᠢᠨ ᠪᠢᠴᠢᠭ᠎ᠦᠨ ᠭᠠᠵᠠᠷ᠎ᠤᠨ ᠲᠣᠭᠲᠠᠭᠠᠯ᠎ᠤᠨ ᠲᠥᠰᠥᠯ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠤᠰᠬᠠᠢ ᠵᠥᠪᠯᠡᠯ᠎ᠦᠨ ᠡᠷᠬᠢᠯᠡᠭᠴᠢ ᠭᠡᠰᠢᠭᠦᠨ᠂ ᠳᠡᠳ᠋ ᠡᠷᠬᠢᠯᠡᠭᠴᠢ ᠭᠡᠰᠢᠭᠦᠨ᠂ ᠭᠡᠰᠢᠭᠦᠨ᠎ᠦ ᠵᠢᠱ᠌ᠢᠭᠳᠡᠭᠰᠡᠳ᠎ᠢ ᠪᠠᠲᠤᠯᠠᠬᠤ ᠠᠷᠭ᠎ᠠ᠎ᠶᠢᠨ ᠲᠥᠰᠥᠯ᠎ᠢ ᠬᠢᠨᠠᠨ ᠵᠥᠪᠯᠡᠭᠰᠡᠨ ᠪᠠᠢᠳᠠᠯ᠎ᠤᠨ ᠲᠤᠬᠠᠢ ᠬᠠᠷᠢᠭᠤ ᠮᠡᠳᠡᠭᠦᠯᠦᠯᠲᠡ᠎ᠶᠢ ᠰᠣᠨᠣᠰᠴᠠᠢ᠃
ᠬᠤᠷᠠᠯ ᠡᠴᠡ ᠶᠡᠬᠡ ᠬᠤᠷᠠᠯ᠎ᠤᠨ ᠳᠡᠳ᠋ ᠨᠠᠷᠢᠨ ᠪᠢᠴᠢᠭ᠎ᠦᠨ ᠳᠠᠷᠤᠭ᠎ᠠ ᠵᠢᠶᠠᠩ ᠰᠢᠨ ᡁᠢᠶᠢᠨ ᠬᠢᠭᠰᠡᠨ ᠶᠡᠬᠡ ᠬᠤᠷᠠᠯ᠎ᠤᠨ ᠨᠠᠷᠢᠨ ᠪᠢᠴᠢᠭ᠎ᠦᠨ ᠭᠠᠵᠠᠷ᠎ᠤᠨ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠦᠨᠳᠦᠰᠦᠨ ᠬᠠᠤᠯᠢ ᠪᠠ ᠬᠠᠤᠯᠢ ᠴᠠᠭᠠᠵᠠ᠎ᠶᠢᠨ ᠵᠦᠪᠯᠡᠯ᠂ ᠡᠳ᠋᠎ᠦᠨ ᠵᠠᠰᠠᠭ ᠠᠵᠤ ᠠᠬᠤᠢ᠎ᠶᠢᠨ ᠵᠦᠪᠯᠡᠯ᠎ᠤᠨ ᠡᠷᠬᠢᠯᠡᠭᠴᠢ ᠭᠡᠰᠢᠭᠦᠨ᠂ ᠳᠡᠳ᠋ ᠡᠷᠬᠢᠯᠡᠭᠴᠢ ᠭᠡᠰᠢᠭᠦᠨ᠂ ᠭᠡᠰᠢᠭᠦᠨ᠎ᠦ ᠵᠢᠱ᠌ᠢᠭᠳᠡᠭᠰᠡᠳ᠎ᠢ ᠶᠠᠷᠢᠯᠴᠠᠭᠰᠠᠨ ᠪᠠᠢᠳᠠᠯ᠎ᠤᠨ ᠲᠤᠬᠠᠢ ᠬᠠᠷᠢᠭᠤ ᠮᠡᠳᠡᠭᠦᠯᠦᠯᠲᠡ᠎ᠶᠢ ᠰᠣᠨᠣᠰᠴᠠᠢ᠃
ᠳᠡᠭᠡᠷ᠎ᠡ ᠳᠤᠷᠠᠳᠤᠭᠰᠠᠨ ᠲᠣᠭᠲᠠᠭᠠᠯ᠎ᠤᠨ ᠲᠥᠰᠥᠯ᠂ ᠪᠠᠲᠤᠯᠠᠬᠤ ᠠᠷᠭ᠎ᠠ᠎ᠶᠢᠨ ᠲᠥᠰᠥᠯ ᠪᠠ ᠵᠢᠱ᠌ᠢᠭᠳᠡᠭᠰᠡᠳ᠎ᠤᠨ ᠨᠡᠷᠡᠰ᠎ᠦᠨ ᠲᠥᠰᠥᠯ᠎ᠢ ᠶᠡᠬᠡ ᠬᠤᠷᠠᠯ᠎ᠤᠨ ᠲᠡᠷᠢᠭᠦᠯᠡᠭᠴᠢᠳ᠎ᠦᠨ ᠪᠦᠯᠬᠦᠮ᠎ᠢᠶᠡᠷ ᠵᠥᠪᠰᠢᠶᠡᠷᠡᠭᠦᠯᠦᠭᠰᠡᠨ᠎ᠦ ᠲᠠᠷᠠᠭ᠎ᠠ ᠶᠡᠬᠡ ᠬᠤᠷᠠᠯ᠎ᠤᠨ ᠡᠬᠢᠯᠡᠯᠳᠡ ᠵᠢᠨ ᠬᠤᠷᠠᠯ᠎ᠳᠤ ᠳᠡᠪᠰᠢᠭᠦᠯᠵᠦ ᠪᠠᠲᠤᠯᠠᠭᠤᠯᠤᠨ᠎ᠠ᠃
ᠶᠡᠬᠡ ᠬᠤᠷᠠᠯ᠎ᠤᠨ ᠲᠡᠷᠢᠭᠦᠯᠡᠭᠴᠢᠳ᠎ᠦᠨ ᠪᠦᠯᠬᠦᠮ᠎ᠦᠨ ᠪᠠᠢᠩᠭᠤ᠎ᠶᠢᠨ ᠲᠡᠷᠢᠭᠦᠯᠡᠭᠴᠢ ᠯᠢ ᠭᠠᠨ ᠵᠢᠶᠸ᠂ ᠯᠢ ᠬᠣᠩ ᠵᠦᠩ᠂ ᠸᠠᠩ ᠳ᠋ᠦᠩ ᠮᠢᠩ᠂ ᠰᠢᠶᠣᠣ ᠵᠢᠶᠸ᠂ ᠵᠧᠩ ᠵᠢᠶᠠᠨ ᠪᠠᠩ᠂ ᠳ᠋ᠢᠩ ᠵᠦᠩ ᠯᠢ᠂ ᠬᠤᠤ ᠮᠢᠩ ᠵᠢᠨ᠂ ᠼᠠᠢ ᠳᠠ ᠹᠸᠩ᠂ ᠾᠧ ᠸᠧᠢ᠂ ᠦ᠋ ᠸᠧᠢ ᠬᠤᠸᠠ ᠬᠤᠷᠠᠯ᠎ᠳᠤ ᠣᠷᠣᠯᠴᠠᠵᠠᠢ᠃
(ᠰᠢᠨᠬᠤᠸᠠ ᠬᠤᠷᠢᠶ᠎ᠠ ᠵᠢᠨ ᠪᠡᠭᠡᠵᠢᠩ᠎ᠦᠨ 3 ᠰᠠᠷ᠎ᠠ᠎ᠶᠢᠨ 4 ᠤ᠋ ᠴᠠᠬᠢᠯᠭᠠᠨ ᠮᠡᠳᠡᠭᠡ )
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠮᠦᠩᠭᠦᠨᠬᠤᠸᠠᠷ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃