2023ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2023-03-05 10:59:09

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠵᠤᠤ ᠯᠸ ᠵᠢᠢ ᠵᠡᠷᠭᠡ 11 ᠬᠥᠮᠥᠨ᠎ᠢ ᠪᠠᠢᠩᠭᠤ᠎ᠶᠢᠨ ᠲᠡᠷᠢᠭᠦᠯᠡᠭᠴᠢ᠎ᠪᠡᠷ ᠲᠡᠪᠰᠢᠭᠦᠯᠦᠨ ᠰᠣᠩᠭᠣᠪᠠ


ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ᠂ ᠳᠣᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠠ ᠵᠢᠨ ᠤᠯᠤᠰ ᠳᠦᠷᠦ ᠢ᠋ᠢᠨ ᠲᠤᠪᠴᠢᠶ᠎ᠠ ᠵᠢᠨ ᠪᠠᠢᠩᠭᠤ ᠵᠢᠠ ᠭᠡᠰᠢᠭᠦᠨ ᠵᠣᠣ ᠯᠧ ᠵᠢᠢ 4 ᠤ᠋ ᠡᠳᠦᠷ ᠶᠠᠪᠤᠬᠳᠠᠬᠰᠠᠨ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠤᠨ ᠲᠡᠷᠢᠬᠦᠯᠡᠭᠴᠢᠳ᠎ᠤᠨ ᠪᠦᠯᠬᠦᠮ᠎ᠤᠨ ᠠᠩᠬᠠᠳᠤᠭᠠᠷ ᠤᠳᠠᠭ᠎ᠠ ᠵᠢᠨ ᠬᠤᠷᠠᠯ ᠲᠡᠭᠡᠷ᠎ᠡ᠂ ᠲᠡᠷᠢᠭᠦᠯᠡᠭᠴᠢᠳ᠎ᠦᠨ ᠪᠦᠯᠬᠦᠮ᠎ᠦᠨ ᠪᠠᠢᠩᠭᠤ᠎ᠶᠢᠨ ᠲᠡᠷᠢᠭᠦᠯᠡᠭᠴᠢ᠎ᠪᠡᠷ ᠲᠡᠪᠰᠢᠭᠦᠯᠦᠭᠳᠡᠨ ᠰᠤᠩᠭᠤᠬᠲᠠᠪᠠ᠃ ᠲᠡᠷᠢᠭᠦᠯᠡᠭᠴᠢᠳ᠎ᠤᠨ ᠪᠦᠯᠬᠦᠮ᠎ᠤᠨ ᠪᠠᠢᠩᠭᠤ ᠢ᠋ᠢᠨ ᠲᠡᠷᠢᠭᠦᠯᠡᠭᠴᠢ ᠪᠡᠷ ᠲᠡᠪᠰᠢᠭᠦᠯᠦᠭᠳᠡᠨ ᠰᠣᠩᠭᠣᠭᠳᠠᠭᠰᠠᠳ᠎ᠲᠤ ᠪᠠᠰᠠ ᠯᠢ ᠭᠠᠨ ᠵᠢᠶᠸ᠂ ᠯᠢ ᠬᠣᠩ ᠵᠦᠩ᠂ ᠸᠠᠩ ᠳ᠋ᠦᠩ ᠮᠢᠩ᠂ ᠰᠢᠶᠣᠣ ᠵᠢᠶᠸ᠂ ᠵᠧᠩ ᠵᠢᠶᠠᠨ ᠪᠠᠩ᠂ ᠳ᠋ᠢᠩ ᠵᠦᠩ ᠯᠢ᠂ ᠬᠤᠤ ᠮᠢᠩ ᠵᠢᠨ᠂ ᠼᠠᠢ ᠳᠠ ᠹᠸᠩ᠂ ᠾᠧ ᠸᠧᠢ᠂ ᠦ᠋ ᠸᠧᠢ ᠬᠤᠸᠠ ᠪᠤᠢ᠃

ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠤᠨ ᠪᠡᠯᠡᠳᠬᠡᠯ ᠬᠤᠷᠠᠯ᠎ᠤᠨ ᠰᠤᠩᠭᠤᠭᠤᠯᠢ ᠪᠡᠷ ᠪᠤᠢ ᠪᠤᠯᠤᠭᠰᠠᠨ ᠶᠡᠬᠡ ᠬᠤᠷᠠᠯ᠎ᠤᠨ ᠲᠡᠷᠢᠭᠦᠯᠡᠭᠴᠢᠳ᠎ᠦᠨ ᠪᠦᠯᠬᠦᠮ 4 ᠤ᠋ ᠦᠳᠡ ᠶ᠋ᠢᠨ ᠡᠮᠦᠨ᠎ᠡ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠠᠩᠬᠠᠳᠤᠭᠠᠷ ᠤᠳᠠᠭ᠎ᠠ ᠵᠢᠨ ᠬᠤᠷᠠᠯ ᠬᠢᠪᠡ᠃ ᠬᠤᠷᠠᠯ᠎ᠳᠤ ᠣᠷᠤᠯᠴᠠᠬᠤ ᠶᠣᠰᠣᠲᠠᠢ ᠬᠦᠮᠦᠨ 192 ᠪᠠᠢᠵᠦ᠂ 192 ᠬᠦᠮᠦᠨ ᠬᠤᠷᠠᠯ ᠳ᠋ᠤ ᠤᠷᠤᠯᠴᠠᠵᠦ᠂ ᠬᠤᠷᠠᠯ᠎ᠳᠤ ᠣᠷᠣᠯᠴᠠᠭᠰᠠᠨ ᠬᠥᠮᠥᠨ᠎ᠦ ᠲᠣᠭ᠎ᠠ ᠬᠠᠤᠯᠢ᠎ᠳᠤ ᠲᠣᠭᠲᠠᠭᠠᠭᠰᠠᠨ ᠬᠥᠮᠥᠨ᠎ᠦ ᠲᠣᠭ᠎ᠠ ᠲᠠᠢ ᠨᠡᠢᠴᠡᠪᠡ᠃

ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠬᠡᠷᠡᠭ ᠵᠥᠪᠯᠡᠬᠦ ᠳᠦᠷᠢᠮ ᠢ᠋ ᠦᠨᠳᠦᠰᠦᠯᠡᠨ᠂ ᠬᠤᠷᠠᠯ ᠡᠴᠡ ᠡᠩ ᠲᠡᠷᠢᠭᠦᠨ᠎ᠳᠦ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠤᠷᠢᠶ᠎ᠠ ᠵᠢᠨ ᠬᠤᠷᠢᠶᠠᠨ ᠳᠠᠷᠤᠭ᠎ᠠ ᠯᠢ ᠵᠠᠨ ᠱᠸ᠋᠎ᠶᠢᠨ ᠡᠷᠬᠢᠯᠡᠭᠡ᠎ᠲᠤᠤᠷ᠎ᠠ᠂ ᠶᠡᠬᠡ ᠬᠤᠷᠠᠯ᠎ᠤᠨ ᠲᠡᠷᠢᠭᠦᠯᠡᠭᠴᠢᠳ᠎ᠦᠨ ᠪᠦᠯᠬᠦᠮ᠎ᠦᠨ ᠪᠠᠢᠩᠭᠤ ᠢ᠋ᠢᠨ ᠲᠡᠷᠢᠭᠦᠯᠡᠭᠴᠢᠳ᠎ᠢ᠋ ᠲᠡᠪᠰᠢᠭᠦᠯᠦᠨ ᠰᠤᠩᠭᠤᠪᠠ᠃

ᠲᠡᠷᠢᠭᠦᠯᠡᠭᠴᠢᠳ᠎ᠦᠨ ᠪᠦᠯᠬᠦᠮ᠎ᠦᠨ ᠪᠠᠢᠩᠭᠤ᠎ᠶᠢᠨ ᠲᠡᠷᠢᠭᠦᠯᠡᠭᠴᠢ᠎ᠶᠢᠨ ᠡᠭᠦᠷᠭᠡ ᠬᠠᠷᠢᠭᠤᠴᠠᠯᠭ᠎ᠠ ᠪᠣᠯ᠄ ᠲᠡᠷᠢᠭᠦᠯᠡᠭᠴᠢᠳ᠎ᠦᠨ ᠪᠦᠯᠬᠦᠮ᠎ᠦᠨ ᠬᠤᠷᠠᠯ᠎ᠢ ᠡᠷᠬᠢᠯᠡᠨ ᠬᠤᠷᠠᠯᠳᠤᠭᠤᠯᠤᠨ᠎ᠠ; ᠲᠡᠷᠢᠭᠦᠯᠡᠭᠴᠢᠳ᠎ᠦᠨ ᠪᠦᠯᠬᠦᠮ᠎ᠳᠦ ᠳᠡᠪᠰᠢᠭᠦᠯᠦᠨ ᠬᠢᠨᠠᠨ ᠵᠦᠪᠯᠡᠭᠦᠯᠬᠦ᠎ᠪᠠᠷ ᠪᠠᠢᠭ᠎ᠠ ᠵᠦᠢᠯ᠎ᠦᠳ᠎ᠦᠨ ᠲᠤᠬᠠᠢ ᠨᠠᠷᠢᠨ ᠪᠢᠴᠢᠭ᠎ᠦᠨ ᠭᠠᠵᠠᠷ ᠪᠠ ᠬᠣᠯᠪᠣᠭᠳᠠᠯ ᠪᠦᠬᠦᠢ ᠲᠤᠰᠬᠠᠢ ᠵᠦᠪᠯᠡᠯ᠎ᠤᠨ ᠮᠡᠳᠡᠭᠦᠯᠦᠯᠲᠡ᠎ᠶᠢ ᠰᠣᠨᠣᠰᠴᠤ᠂ ᠲᠡᠷᠢᠭᠦᠯᠡᠭᠴᠢᠳ᠎ᠦᠨ ᠪᠦᠯᠬᠦᠮ᠎ᠳᠦ ᠰᠠᠨᠠᠭᠤᠯᠭ᠎ᠠ ᠭᠠᠷᠭᠠᠨ᠎ᠠ ; ᠬᠤᠷᠠᠯ᠎ᠤᠨ ᠡᠳᠦᠷ᠎ᠦᠨ ᠳᠠᠷᠠᠭᠠᠯᠠᠯ᠎ᠳᠤ ᠴᠢᠬᠤᠯᠠ ᠪᠦᠬᠦᠢ ᠲᠣᠬᠢᠷᠠᠭᠤᠯᠤᠯᠲᠠ ᠬᠢᠵᠦ ᠪᠣᠯᠣᠨ᠎ᠠ ; ᠲᠥᠯᠥᠭᠡᠯᠡᠭᠴᠢᠳ᠎ᠦᠨ ᠪᠦᠯᠬᠦᠮ᠎ᠦᠨ ᠳᠠᠷᠤᠭ᠎ᠠ ᠨᠠᠷ᠎ᠤᠨ ᠬᠤᠷᠠᠯ᠎ᠢ ᠬᠤᠷᠠᠯᠳᠤᠭᠤᠯᠵᠤ᠂ ᠰᠠᠨᠠᠯ ᠵᠥᠪᠯᠡᠯᠭᠡ ᠪᠠ ᠬᠣᠯᠪᠣᠭᠳᠠᠯ ᠪᠦᠬᠦᠢ ᠮᠡᠲᠡᠭᠦᠯᠦᠯᠲᠡ ᠢ᠋ᠢᠨ ᠴᠢᠬᠤᠯᠠ ᠶᠡᠬᠡ ᠠᠰᠠᠭᠤᠳᠠᠯ᠎ᠤᠨ ᠲᠤᠬᠠᠢ ᠡᠯ᠎ᠡ ᠲᠥᠯᠥᠭᠡᠯᠡᠭᠴᠢᠳ᠎ᠦᠨ ᠪᠦᠯᠬᠦᠮ᠎ᠦᠨ ᠬᠢᠨᠠᠨ ᠵᠦᠪᠯᠡᠭᠰᠡᠨ ᠰᠠᠨᠠᠯ᠎ᠢ ᠰᠣᠨᠣᠰᠴᠤ᠂ ᠶᠠᠷᠢᠯᠴᠠᠭ᠎ᠠ ᠦᠷᠨᠢᠭᠦᠯᠬᠦ ᠢ᠋ᠢᠨ ᠵᠡᠷᠬᠡ ᠪᠡᠷ ᠶᠠᠷᠢᠯᠴᠠᠭᠰᠠᠨ ᠪᠠᠢᠳᠠᠯ ᠪᠠ ᠰᠠᠨᠠᠯ᠎ᠢᠶᠠᠨ ᠲᠡᠷᠢᠭᠦᠯᠡᠭᠴᠢᠳ᠎ᠦᠨ ᠪᠦᠯᠬᠦᠮ᠎ᠳᠦ ᠮᠡᠳᠡᠭᠦᠯᠤᠯᠲᠠ ᠬᠢᠵᠦ ᠪᠤᠯᠤᠨ᠎ᠠ ; ᠴᠢᠬᠤᠯᠠ ᠶᠡᠬᠡ ᠲᠤᠰᠬᠠᠢ ᠠᠰᠠᠭᠤᠳᠠᠯ᠎ᠤᠨ ᠲᠤᠬᠠᠢ ᠲᠥᠯᠥᠭᠡᠯᠡᠭᠴᠢᠳ᠎ᠦᠨ ᠪᠦᠯᠬᠦᠮ᠎ᠦᠨ ᠰᠣᠩᠭᠣᠵᠤ ᠭᠠᠷᠭᠠᠭᠰᠠᠨ ᠬᠣᠯᠪᠣᠭᠳᠠᠯ ᠪᠦᠬᠦᠢ ᠲᠥᠯᠥᠭᠡᠯᠡᠭᠴᠢᠳ᠎ᠢ ᠴᠤᠭᠯᠠᠭᠤᠯᠤᠨ ᠶᠠᠷᠢᠯᠴᠠᠭ᠎ᠠ ᠦᠷᠨᠢᠭᠦᠯᠵᠦ ᠪᠤᠯᠤᠨ᠎ᠠ᠂ ᠬᠤᠷᠠᠯ᠎ᠤᠨ ᠶᠠᠷᠢᠯᠴᠠᠭᠰᠠᠨ ᠪᠠᠢᠳᠠᠯ ᠪᠠ ᠰᠠᠨᠠᠯ᠎ᠢ ᠲᠡᠷᠢᠭᠦᠯᠡᠭᠴᠢᠳ᠎ᠦᠨ ᠪᠦᠯᠬᠦᠮ᠎ᠳᠦ ᠮᠡᠳᠡᠭᠦᠯᠦᠯᠲᠡ ᠬᠢᠪᠡᠯ ᠵᠤᠬᠢᠨ᠎ᠠ᠃

ᠲᠡᠷᠢᠭᠦᠯᠡᠭᠴᠢᠳ᠎ᠦᠨ ᠪᠦᠯᠬᠦᠮ᠎ᠦᠨ ᠪᠠᠢᠩᠭᠤ᠎ᠶᠢᠨ ᠲᠡᠷᠢᠭᠦᠯᠡᠭᠴᠢᠳ᠎ᠢ ᠲᠡᠪᠰᠢᠭᠦᠯᠦᠨ ᠰᠣᠩᠭᠣᠵᠦ ᠲᠣᠭᠲᠠᠭᠠᠭᠰᠠᠨ᠎ᠤ ᠳᠠᠷᠠᠭ᠎ᠠ᠂ ᠯᠢ ᠵᠠᠨ ᠱᠸ᠋ ᠲᠡᠷᠢᠭᠦᠯᠡᠭᠴᠢᠳ᠎ᠦᠨ ᠪᠦᠯᠬᠦᠮ᠎ᠦᠨ ᠡᠯ᠎ᠡ ᠪᠠᠢᠩᠭᠤ᠎ᠶᠢᠨ ᠲᠡᠷᠢᠭᠦᠯᠡᠭᠴᠢᠳ᠎ᠢ ᠲᠡᠷᠢᠭᠦᠯᠡᠭᠴᠢ᠎ᠶᠢᠨ ᠲᠠᠢᠰᠠᠨ᠎ᠳᠤ ᠤᠷᠢᠵᠤ ᠬᠤᠷᠠᠯ ᠢ᠋ ᠡᠷᠬᠢᠯᠡᠭᠦᠯᠪᠡ᠃ ᠲᠡᠷᠢᠭᠦᠯᠡᠭᠴᠢᠳ᠎ᠦᠨ ᠪᠦᠯᠬᠦᠮ᠎ᠦᠨ ᠪᠠᠢᠩᠭᠤ᠎ᠶᠢᠨ ᠲᠡᠷᠢᠭᠦᠯᠡᠭᠴᠢᠳ ᠲᠠᠢᠰᠠᠨ᠎ᠳᠤ ᠰᠠᠭᠠᠳᠠᠬᠰᠠᠨ᠎ᠤ ᠲᠠᠷᠠᠭ᠎ᠠ᠂ ᠯᠢ ᠵᠠᠨ ᠱᠸ᠋ ᠲᠡᠳᠡᠨ᠎ᠲᠠᠢ ᠨᠢᠭᠡᠳ ᠨᠢᠭᠡ᠎ᠪᠡᠷ ᠭᠠᠷ ᠠᠳᠬᠤᠨ ᠮᠡᠨᠳᠦᠴᠢᠯᠡᠭᠰᠡᠨ᠎ᠤ ᠲᠠᠷᠠᠭ᠎ᠠ ᠬᠤᠷᠠᠯ᠎ᠤᠨ ᠲᠢᠩᠬᠢᠮ ᠡᠴᠡ ᠠᠯᠬᠤᠨ ᠭᠠᠷᠪᠠ᠃ ᠪᠦᠬᠦ ᠲᠠᠯᠠᠪᠠᠢ ᠪᠡᠷ ᠢ᠋ᠢᠡᠨ ᠬᠠᠯᠠᠭᠤᠨ ᠢ᠋ᠢᠡᠷ ᠠᠯᠠᠭ᠎ᠠ ᠲᠠᠰᠢᠵᠠᠢ᠃

ᠲᠠᠷᠠᠭ᠎ᠠ᠎ᠳᠤᠨᠢ᠂ ᠵᠤᠤ ᠯᠧ ᠵᠢᠢ ᠵᠢᠨ ᠡᠷᠬᠢᠯᠡᠭᠡ ᠲᠤᠤᠷ᠎ᠠ᠂ ᠲᠡᠷᠢᠭᠦᠯᠡᠭᠴᠢᠳ᠎ᠦᠨ ᠪᠦᠯᠬᠦᠮ᠎ᠦᠨ ᠬᠤᠷᠠᠯ ᠡᠴᠡ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠤᠨ ᠡᠳᠦᠷ᠎ᠦᠨ ᠳᠠᠷᠠᠭᠠᠯᠠᠯ᠎ᠢ ᠪᠠᠲᠤᠯᠠᠪᠠ᠃ ᠬᠤᠷᠠᠯ᠎ᠤᠨ ᠡᠲᠦᠷ᠎ᠤᠨ ᠳᠠᠷᠠᠭᠠᠯᠠᠯ ᠢ᠋ ᠦᠨᠳᠦᠰᠦᠯᠡᠪᠡᠯ᠂ ᠡᠨᠡ ᠤᠳᠠᠭᠠᠨ᠎ᠤ ᠶᠡᠬᠡ ᠬᠤᠷᠠᠯ ᠢ᠋ 3 ᠰᠠᠷ᠎ᠠ ᠶ᠋ᠢᠨ 5 ᠎ᠤ᠋ ᠦᠳᠡ ᠶ᠋ᠢᠨ ᠡᠮᠦᠨ᠎ᠡ ᠡᠬᠢᠯᠡᠭᠦᠯᠵᠦ᠂ 3 ᠰᠠᠷ᠎ᠠ ᠶ᠋ᠢᠨ 13 ᠎ᠤ᠋ ᠦᠳᠡ ᠶ᠋ᠢᠨ ᠡᠮᠦᠨ᠎ᠡ ᠲᠡᠭᠦᠰᠭᠡᠬᠦ ᠪᠡᠷ ᠲᠤᠬᠲᠠᠪᠠ᠂ ᠬᠤᠷᠠᠯ᠎ᠤᠨ ᠬᠤᠭᠤᠴᠠᠭ᠎ᠠ ᠨᠢ 8 ᠡᠲᠦᠷ ᠬᠠᠭᠠᠰ᠃

ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠬᠡᠷᠡᠭ ᠵᠥᠪᠯᠡᠬᠦ ᠳᠦᠷᠢᠮ᠎ᠦᠨ ᠲᠣᠭᠲᠠᠭᠠᠯ᠎ᠢ ᠦᠨᠳᠦᠰᠦᠯᠡᠨ᠂ ᠲᠡᠷᠢᠭᠦᠯᠡᠭᠴᠢᠳ᠎ᠦᠨ ᠪᠦᠯᠬᠦᠮ᠎ᠦᠨ ᠠᠩᠬᠠᠳᠤᠭᠠᠷ ᠤᠳᠠᠭ᠎ᠠ ᠵᠢᠨ ᠬᠤᠷᠠᠯ ᠡᠴᠡ ᠲᠡᠪᠰᠢᠭᠦᠯᠦᠨ ᠰᠤᠩᠭᠤᠬᠰᠠᠨ ᠲᠡᠷᠢᠭᠦᠯᠡᠭᠴᠢᠳ᠎ᠦᠨ ᠪᠦᠯᠬᠦᠮ᠎ᠦᠨ ᠪᠦᠷᠢᠯᠳᠦᠭᠦᠨ᠎ᠨᠠᠷ ᠡᠴᠡ ᠤᠳᠠᠭ᠎ᠠ ᠪᠦᠷᠢ᠎ᠶᠢᠨ ᠶᠡᠬᠡ ᠬᠤᠷᠠᠯ᠎ᠤᠨ ᠪᠦᠬᠦᠳᠡ ᠬᠤᠷᠠᠯ᠎ᠤᠨ ᠭᠦᠢᠴᠡᠳᠬᠡᠭᠴᠢ ᠲᠡᠷᠢᠭᠦᠯᠡᠭᠴᠢ᠎ᠶᠢᠨ ᠲᠤᠰᠢᠶᠠᠯ᠎ᠢ ᠲᠤᠰ ᠲᠤᠰ ᠡᠭᠦᠷᠭᠡᠯᠡᠨ᠎ᠡ᠃ ᠪᠠᠲᠤᠯᠠᠯᠲᠠ ᠬᠢᠬᠦ᠎ᠪᠡᠷ ᠲᠠᠮᠵᠢᠨ᠂ ᠬᠤᠷᠠᠯ ᠡᠴᠡ ᠶᠡᠬᠡ ᠬᠤᠷᠠᠯ᠎ᠤᠨ ᠪᠦᠬᠦᠳᠡ ᠬᠤᠷᠠᠯ᠎ᠤᠨ ᠭᠦᠢᠴᠡᠳᠭᠡᠭᠴᠢ ᠲᠡᠷᠢᠭᠦᠯᠡᠭᠴᠢ᠎ᠶᠢ ᠲᠡᠪᠰᠢᠭᠦᠯᠦᠨ ᠰᠤᠩᠭᠤᠪᠠ᠃

ᠬᠤᠷᠠᠯ ᠡᠴᠡ ᠪᠠᠲᠤᠯᠠᠯᠲᠠ ᠬᠢᠬᠦ᠎ᠪᠡᠷ ᠳᠠᠮᠵᠢᠨ᠂ ᠯᠢᠦ ᠵᠢᠶᠦ᠋ᠨ ᠴᠧᠨ᠂ ᠮᠸᠩ ᠰᠢᠶᠠᠩ ᠹᠸᠩ᠂ ᠵᠢᠶᠠᠩ ᠰᠢᠨ ᡁᠢ᠂ ᠯᠢᠦ ᠵᠢᠶᠠᠨ ᠪᠥᠸᠧ᠂ ᠸᠠᠩ ᠴᠤᠤ᠎ᠶᠢ ᠶᠡᠬᠡ ᠬᠤᠷᠠᠯ᠎ᠤᠨ ᠳᠡᠳ᠋ ᠨᠠᠷᠢᠨ ᠪᠢᠴᠢᠭ᠎ᠦᠨ ᠳᠠᠷᠤᠭ᠎ᠠ᠎ᠪᠤᠯᠭᠠᠬᠤ ᠪᠠᠷ ᠲᠣᠭᠲᠠᠪᠠ᠃ ᠬᠤᠷᠠᠯ ᠡᠴᠡ ᠸᠠᠩ ᠴᠤᠤ᠎ᠳᠤ ᠶᠡᠬᠡ ᠬᠤᠷᠠᠯ᠎ᠤᠨ ᠥᠭᠦᠯᠡᠭᠴᠢ᠎ᠶᠢᠨ ᠲᠤᠰᠢᠶᠠᠯ᠎ᠢ ᠬᠠᠪᠰᠤᠷᠭᠠᠨ ᠡᠭᠦᠷᠭᠡᠯᠡᠭᠦᠯᠬᠦ ᠪᠡᠷ ᠲᠤᠬᠲᠠᠪᠠ᠃

ᠬᠤᠷᠠᠯ ᠡᠴᠡ ᠪᠠᠲᠤᠯᠠᠯᠲᠠ ᠬᠢᠬᠦ᠎ᠪᠡᠷ ᠲᠠᠮᠵᠢᠨ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠤᠰᠬᠠᠢ ᠵᠦᠪᠯᠡᠯ ᠲᠤᠬᠢᠷᠠᠭᠤᠯᠬᠤ ᠲᠤᠬᠠᠢ ᠶᠡᠬᠡ ᠬᠤᠷᠠᠯ᠎ᠤᠨ ᠲᠣᠭᠲᠠᠭᠠᠯ᠎ᠤᠨ ᠲᠥᠰᠥᠯ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠤᠰᠬᠠᠢ ᠵᠦᠪᠯᠡᠯ᠎ᠤᠨ ᠡᠷᠬᠢᠯᠡᠭᠴᠢ ᠭᠡᠰᠢᠭᠦᠨ᠂ ᠳᠡᠳ᠋ ᠡᠷᠬᠢᠯᠡᠭᠴᠢ ᠭᠡᠰᠢᠭᠦᠨ᠂ ᠭᠡᠰᠢᠭᠦᠨ᠎ᠦ ᠵᠢᠱ᠌ᠢᠭᠳᠡᠭᠰᠡᠳ᠎ᠦᠨ ᠲᠤᠬᠠᠢ ᠶᠡᠬᠡ ᠬᠤᠷᠠᠯ᠎ᠤᠨ ᠪᠠᠲᠤᠯᠠᠬᠤ ᠠᠷᠭ᠎ᠠ᠎ᠶᠢᠨ ᠲᠥᠰᠥᠯ᠎ᠢ ᠡᠯ᠎ᠡ ᠲᠥᠯᠥᠭᠡᠯᠡᠭᠴᠢᠳ᠎ᠦᠨ ᠪᠦᠯᠬᠦᠮ᠎ᠳᠦ ᠳᠡᠪᠰᠢᠭᠦᠯᠵᠦ ᠬᠢᠨᠠᠨ ᠵᠦᠪᠯᠡᠭᠦᠯᠦᠭᠰᠡᠨ᠎ᠤ ᠲᠠᠷᠠᠭ᠎ᠠ᠂ ᠶᠡᠬᠡ ᠬᠤᠷᠠᠯ᠎ᠤᠨ ᠪᠥᠬᠥᠳᠡ ᠬᠤᠷᠠᠯ᠎ᠳᠤ ᠳᠡᠪᠰᠢᠭᠦᠯᠵᠦ ᠪᠠᠲᠤᠯᠠᠭᠤᠯᠬᠤ᠎ᠪᠠᠷ ᠲᠣᠭᠲᠠᠪᠠ᠃

ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠬᠡᠷᠡᠭ ᠵᠥᠪᠯᠡᠬᠦ ᠳᠦᠷᠢᠮ᠎ᠦᠨ ᠲᠤᠬᠲᠠᠭᠠᠯ ᠢ᠋ ᠦᠨᠳᠦᠰᠦᠯᠡᠨ᠂ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠦᠨᠳᠦᠰᠦᠨ ᠬᠠᠤᠯᠢ ᠪᠠ ᠬᠠᠤᠯᠢ ᠴᠠᠭᠠᠵᠠ᠎ᠶᠢᠨ ᠵᠥᠪᠯᠡᠯ ᠨᠢ ᠶᠡᠬᠡ ᠬᠤᠷᠠᠯ᠎ᠤᠨ ᠬᠤᠭᠤᠴᠠᠭᠠᠨ᠎ᠳᠤ ᠬᠠᠤᠯᠢ ᠲᠣᠭᠲᠠᠭᠠᠬᠤ ᠬᠠᠤᠯᠢ᠎ᠳᠤ ᠵᠠᠰᠠᠪᠤᠷᠢ ᠣᠷᠣᠭᠤᠯᠬᠤ ᠲᠥᠰᠥᠯ᠎ᠢ ᠬᠢᠨᠠᠨ ᠵᠥᠪᠯᠡᠬᠦ ᠴᠢᠬᠤᠯᠠᠲᠠᠢ᠂ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠡᠳ᠋᠎ᠦᠨ ᠵᠠᠰᠠᠭ ᠠᠵᠤ ᠠᠬᠤᠢ᠎ᠶᠢᠨ ᠵᠥᠪᠯᠡᠯ ᠨᠢ ᠶᠡᠬᠡ ᠬᠤᠷᠠᠯ᠎ᠤᠨ ᠬᠤᠭᠤᠴᠠᠭᠠᠨ᠎ᠳᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭᠵᠢᠬᠦᠯᠦᠯᠲᠡ᠎ᠶᠢᠨ ᠲᠥᠯᠥᠪᠯᠡᠭᠡ᠎ᠶᠢ ᠬᠢᠨᠠᠨ ᠪᠠᠢᠴᠠᠭᠠᠵᠦ᠂ ᠲᠥᠪ ᠪᠠ ᠣᠷᠣᠨ ᠨᠤᠲᠤᠭ᠎ᠤᠨ ᠲᠥᠰᠥᠪ᠎ᠢ ᠬᠢᠨᠠᠨ ᠪᠠᠢᠴᠠᠭᠠᠬᠤ ᠴᠢᠬᠤᠯᠠᠲᠠᠢ᠂ ᠡᠭᠦᠨ᠎ᠦ ᠲᠤᠯᠠ 3 ᠰᠠᠷ᠎ᠠ᠎ᠶᠢᠨ 5᠎ᠤ᠋ ᠦᠳᠡ᠎ᠶᠢᠨ ᠡᠮᠦᠨᠡᠬᠢ ᠠᠩᠬᠠᠳᠤᠭᠠᠷ ᠪᠦᠬᠦᠳᠡ ᠬᠤᠷᠠᠯ ᠳᠡᠭᠡᠷ᠎ᠡ ᠰᠣᠩᠭᠣᠨ ᠭᠠᠷᠭᠠᠬᠤ ᠴᠢᠬᠤᠯᠠᠲᠠᠢ᠃ ᠬᠤᠷᠠᠯ ᠡᠴᠡ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠦᠨᠳᠦᠰᠦᠨ ᠬᠠᠤᠯᠢ ᠪᠠ ᠬᠠᠤᠯᠢ ᠴᠠᠭᠠᠵᠠ᠎ᠶᠢᠨ ᠵᠦᠪᠯᠡᠯ᠂ ᠡᠳ᠋᠎ᠦᠨ ᠵᠠᠰᠠᠭ ᠠᠵᠤ ᠠᠬᠤᠢ᠎ᠶᠢᠨ ᠵᠦᠪᠯᠡᠯ᠎ᠤᠨ ᠡᠷᠬᠢᠯᠡᠭᠴᠢ ᠭᠡᠰᠢᠭᠦᠨ᠂ ᠳᠡᠳ᠋ ᠡᠷᠬᠢᠯᠡᠭᠴᠢ ᠭᠡᠰᠢᠭᠦᠨ᠂ ᠭᠡᠰᠢᠭᠦᠳ᠎ᠤᠨ ᠰᠠᠨᠠᠭᠤᠯᠭ᠎ᠠ ᠢ᠋ᠢᠨ ᠵᠢᠱ᠌ᠢᠭᠳᠡᠭᠰᠡᠳ᠎ᠦᠨ ᠨᠡᠷᠡᠰ᠎ᠢ ᠬᠢᠨᠠᠨ ᠵᠦᠪᠯᠡᠪᠡ᠃ ᠬᠤᠷᠠᠯ ᠡᠴᠡ ᠪᠠᠲᠤᠯᠠᠯᠲᠠ ᠬᠢᠬᠦ᠎ᠪᠡᠷ ᠳᠡᠮᠵᠢᠨ᠂ ᠬᠣᠯᠪᠣᠭᠳᠠᠯ ᠪᠦᠬᠦᠢ ᠵᠢᠱ᠌ᠢᠭᠳᠡᠭᠰᠠᠳ ᠢ᠋ ᠡᠯ᠎ᠡ ᠲᠥᠯᠥᠭᠡᠯᠡᠭᠴᠢᠳ᠎ᠦᠨ ᠪᠦᠯᠬᠦᠮ᠎ᠳᠦ ᠳᠡᠪᠰᠢᠭᠦᠯᠦᠨ ᠶᠠᠷᠢᠯᠴᠠᠭᠤᠯᠤᠭᠰᠠᠨ᠎ᠤ ᠳᠠᠷᠠᠭ᠎ᠠ᠂ ᠶᠡᠬᠡ ᠬᠤᠷᠠᠯ᠎ᠤᠨ ᠪᠥᠬᠥᠳᠡ ᠬᠤᠷᠠᠯ᠎ᠳᠤ ᠳᠡᠪᠰᠢᠭᠦᠯᠦᠨ ᠪᠠᠲᠤᠯᠠᠭᠤᠯᠬᠤ᠎ᠪᠠᠷ ᠲᠣᠭᠲᠠᠪᠠ᠃

ᠬᠤᠷᠠᠯ ᠡᠴᠡ ᠪᠠᠲᠤᠯᠠᠯᠲᠠ ᠬᠢᠬᠦ᠎ᠪᠡᠷ ᠲᠠᠮᠵᠢᠨ᠂ ᠶᠡᠬᠡ ᠬᠤᠷᠠᠯ᠎ᠤᠨ ᠬᠤᠭᠤᠴᠠᠭᠠᠨ᠎ᠳᠤ ᠲᠥᠯᠥᠭᠡᠯᠡᠭᠴᠢᠳ᠎ᠦᠨ ᠰᠠᠨᠠᠯ ᠵᠥᠪᠯᠡᠯᠭᠡ ᠳᠤᠷᠠᠳᠬᠤ ᠴᠠᠭ᠎ᠢ 3 ᠰᠠᠷ᠎ᠠ᠎ᠶᠢᠨ 7 ᠤ᠋ 12 ᠴᠠᠭ᠎ᠢᠶᠠᠷ ᠬᠢᠵᠠᠭᠠᠷᠯᠠᠬᠤ᠎ᠪᠠᠷ ᠲᠣᠭᠲᠠᠪᠠ᠃ ᠬᠤᠷᠠᠯ᠎ᠤᠨ ᠬᠤᠭᠤᠴᠠᠭᠠᠨ᠎ᠳᠤ᠂ ᠶᠡᠬᠡ ᠬᠤᠷᠠᠯ᠎ᠤᠨ ᠨᠠᠷᠢᠨ ᠪᠢᠴᠢᠭ᠎ᠦᠨ ᠭᠠᠵᠠᠷ ᠡᠴᠡ ᠲᠥᠯᠥᠭᠡᠯᠡᠭᠴᠢᠳ᠎ᠦᠨ ᠪᠦᠯᠬᠦᠮ ᠪᠠ ᠲᠥᠯᠥᠭᠡᠯᠡᠭᠴᠢᠳ᠎ᠦᠨ ᠶᠡᠬᠡ ᠬᠤᠷᠠᠯ᠎ᠤᠨ ᠬᠤᠭᠤᠴᠠᠭᠠᠨ᠎ᠳᠤ ᠳᠤᠷᠠᠳᠤᠭᠰᠠᠨ ᠰᠠᠨᠠᠯ ᠵᠥᠪᠯᠡᠯᠭᠡ᠎ᠶᠢ ᠰᠤᠳᠤᠯᠵᠤ᠂ ᠰᠢᠢᠳᠪᠦᠷᠢᠯᠡᠬᠦ ᠰᠠᠨᠠᠯ ᠳᠤᠷᠠᠳᠴᠤ᠂ ᠲᠡᠷᠢᠭᠦᠯᠡᠭᠴᠢᠳ᠎ᠦᠨ ᠪᠦᠯᠬᠦᠮ᠎ᠳᠦ ᠮᠡᠳᠡᠭᠦᠯᠤᠨ ᠲᠣᠭᠲᠠᠭᠠᠯ ᠭᠠᠷᠭᠠᠯᠭᠠᠨ᠎ᠠ᠃

( ᠰᠢᠨᠬᠤᠸᠠ ᠬᠤᠷᠢᠶ᠎ᠠ ᠵᠢᠨ ᠪᠡᠭᠡᠵᠢᠩ᠎ᠦᠨ 3 ᠰᠠᠷ᠎ᠠ ᠶ᠋ᠢᠨ 4᠎ᠤ᠋ ᠴᠠᠬᠢᠯᠭᠠᠨ ᠮᠡᠳᠡᠭᠡ )

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠮᠦᠩᠭᠦᠨᠬᠤᠸᠠᠷ

ᠣᠷᠴᠢᠭᠤᠯᠤᠭ᠍ᠴᠢ᠄

ᠢᠷᠡᠯᠲᠡ᠄ ᠰᠢᠡᠬᠤᠸᠠ ᠬᠤᠷᠢᠶ᠎ᠠ
兼容浏览器的HTML页面