2023ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2023-03-05 10:50:38

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

— ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ ᠡᠬᠢᠯᠡᠭ᠌ᠰᠡᠨ᠎ᠳᠤ ᠬᠠᠯᠠᠭᠤᠨ ᠪᠠᠶᠠᠷ ᠬᠦᠷᠭᠡᠶ᠎ᠡ

ᠤᠷᠢᠨ ᠬᠠᠪᠤᠷ ᠡᠬᠡ ᠭᠠᠵᠠᠷ ᠲᠤ᠌ ᠰᠠᠭᠠᠲᠠᠬᠤᠶ᠎ᠠ᠂ ᠲᠦᠮᠡᠨ ᠪᠣᠳᠠᠰ ᠲᠦᠯᠵᠢᠨ ᠰᠢᠨᠡᠳᠦᠨ᠎ᠠ᠃ 3 ᠰᠠᠷ᠎ᠠ᠎ᠶ᠋ᠢᠨ 5 ᠤ᠋ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ ᠪᠡᠭᠡᠵᠢᠩ᠎ᠳᠦ ᠦᠪᠡᠳᠡᠭ᠌ᠰᠢ ᠶᠡᠬᠡ᠎ᠪᠡᠷ ᠡᠬᠢᠯᠡᠪᠡ᠃ ᠱᠢᠨ᠎ᠡ ᠨᠢᠭᠡ ᠬᠤᠭᠤᠴᠠᠭᠠᠨ᠎ᠤ 3000 ᠱᠢᠬᠠᠮ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠠᠷᠠᠳ ᠲᠦᠮᠡᠨ᠎ᠦ ᠬᠦᠨᠳᠦ ᠨᠠᠢᠳᠠᠯᠭ᠎ᠠ᠎ᠶ᠋ᠢ ᠡᠭᠦᠷᠭᠡᠯᠡᠵᠦ᠍᠂ ᠨᠡᠢᠰᠯᠡᠯ ᠬᠤᠳᠠᠨ᠎ᠠ ᠴᠤᠭ᠍ᠯᠠᠷᠠᠨ ᠲᠦᠷᠦ᠍᠎ᠶ᠋ᠢᠨ ᠶᠠᠪᠤᠳᠠᠯ᠎ᠢ ᠬᠠᠮᠲᠤ ᠪᠠᠷ ᠵᠥᠪᠯᠡᠵᠦ᠍᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠵᠢ ᠰᠠᠢᠳᠤᠷ ᠡᠬᠢᠯᠡᠬᠦᠯᠬᠦ᠎ᠵᠢᠨ ᠲᠦᠯᠦᠬᠡ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠪᠠᠢᠨ᠎ᠠ᠃ ᠪᠢᠳᠡ ᠶᠡᠬᠡ ᠬᠤᠷᠠᠯ᠎ᠤᠨ ᠬᠤᠷᠠᠯᠳᠤᠭ᠍ᠰᠠᠨ᠎ᠳᠤ ᠬᠠᠯᠠᠭᠤᠨ ᠪᠠᠶᠠᠷ ᠬᠦᠷᠭᠡᠵᠦ᠍ ᠪᠠᠢᠨ᠎ᠠ!

ᠨᠠᠮ᠎ᠤᠨ ᠬᠣᠷᠢᠳᠤᠭᠠᠷ ᠶᠡᠬᠡ ᠬᠤᠷᠠᠯ᠎ᠡᠴᠡ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ ᠠᠤᠭ᠎ᠠ ᠲᠥᠰᠦᠪ᠎ᠢ ᠵᠢᠷᠤᠭ᠍ᠯᠠᠵᠤ᠂ ᠱᠢᠨ᠎ᠡ ᠠᠶᠠᠨ᠎ᠳᠤ ᠡᠷᠡᠯᠬᠡᠭ᠌ᠯᠡᠨ ᠤᠷᠤᠭ᠍ᠰᠢᠯᠠᠬᠤ ᠴᠠᠭ ᠦᠶ᠎ᠡ᠎ᠶ᠋ᠢᠨ ᠪᠦᠷᠢᠶ᠎ᠡ᠎ᠶ᠋ᠢ ᠬᠠᠩᠭᠢᠨᠠᠭᠤᠯᠪᠠ᠃ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠡᠴᠡ ᠬᠠᠤᠯᠢ ᠲᠣᠭ᠍ᠲᠠᠭᠠᠬᠤ ᠬᠠᠤᠯᠢ᠎ᠳᠤ ᠵᠠᠰᠠᠪᠤᠷᠢ ᠣᠷᠣᠭᠤᠯᠬᠤ ᠲᠥᠰᠦᠯ᠎ᠢ ᠬᠢᠨᠠᠨ ᠵᠦᠪᠯᠡᠵᠦ᠂ ᠱᠢᠨ᠎ᠡ ᠨᠢᠭᠡ ᠬᠤᠭᠤᠴᠠᠭᠠᠨ᠎ᠤ ᠲᠥᠷᠥ᠎ᠶ᠋ᠢᠨ ᠪᠠᠢᠭᠤᠯᠤᠮᠵᠢ᠎ᠶ᠋ᠢᠨ ᠤᠳᠤᠷᠢᠳᠭᠤ ᠬᠥᠮᠦᠰ᠎ᠢ ᠰᠣᠩᠭᠣᠨ ᠲᠣᠭ᠍ᠲᠠᠭᠠᠵᠤ᠂ ᠠᠯᠢ ᠤᠯᠠᠨ ᠨᠥᠯᠥᠭᠡ ᠶᠡᠬᠡᠲᠡᠢ ᠴᠢᠬᠤᠯᠠ ᠶᠡᠬᠡ ᠬᠡᠷᠡᠭ ᠶᠠᠪᠤᠳᠠᠯ᠎ᠢ ᠲᠣᠭ᠍ᠲᠠᠭᠠᠬᠤ ᠪᠤᠯᠤᠨ᠎ᠠ᠃ ᠲᠤᠰ ᠤᠳᠠᠭᠠᠨ᠎ᠤ ᠬᠤᠷᠠᠯ᠎ᠢ ᠰᠠᠢᠲᠤᠷ ᠬᠤᠷᠠᠯᠳᠤᠭᠤᠯᠵᠤ᠂ ᠨᠠᠮ᠎ᠤᠨ ᠵᠣᠷᠢᠯᠲᠠ ᠪᠠ ᠠᠷᠠᠳ ᠲᠦᠮᠡᠨ᠎ᠦ ᠬᠦᠰᠡᠯ ᠎ᠢ᠋ ᠤᠯᠤᠰ᠎ᠤᠨ ᠵᠤᠷᠢᠯᠲᠠ ᠪᠣᠯᠭᠠᠨ ᠨᠢᠭ᠍ᠲᠠᠷᠠᠭᠤᠯᠬᠤ ᠨᠢ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ ᠪᠠ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠂ ᠪᠥᠬᠥ᠌ ᠨᠠᠮ ᠪᠥᠬᠥ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠲᠠᠢ᠌ᠴᠢᠯᠠᠨ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠥᠬᠥ᠌ ᠲᠠᠯ᠎ᠠ᠎ᠪᠠᠷ ᠪᠥᠳᠥᠭᠡᠨ ᠪᠠᠢᠭᠤᠯᠬᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠥᠬᠥ᠌ ᠲᠠᠯ᠎ᠠ᠎ᠪᠠᠷ ᠠᠬᠢᠭᠤᠯᠬᠤ᠎ᠶ᠋ᠢᠨ ᠲᠥᠯᠥᠭᠡ ᠪᠦᠯᠬᠦᠮᠳᠡᠨ ᠲᠡᠮᠡᠴᠡᠬᠦ᠌᠎ᠳᠦ ᠲᠤᠢᠯ᠎ᠤᠨ ᠴᠢᠬᠤᠯᠠ ᠠᠴᠢ ᠬᠣᠯᠪᠣᠭ᠍ᠳᠠᠯ᠎ᠲᠠᠶ ᠶᠤᠮ᠃

ᠥᠩᠭᠡᠷᠡᠭ᠌ᠰᠡᠨ ᠲᠠᠪᠤᠨ ᠵᠢᠯ ᠪᠣᠯᠤᠨ ᠱᠢᠨ᠎ᠡ ᠴᠠᠭ ᠦᠶ᠎ᠡ᠎ᠡᠴᠡ ᠨᠠᠭᠠᠱᠢᠬᠢ ᠠᠷᠪᠠᠨ ᠵᠢᠯ᠎ᠳᠦ᠂ ᠪᠠᠷᠲᠠᠭ᠎ᠠ ᠲᠤᠭᠤᠯᠬᠤ ᠲᠦᠭ᠌ᠰᠢᠭᠦᠷᠢ᠂ ᠲᠠᠪᠠᠭ᠎ᠠ ᠳᠠᠪᠠᠬᠤ ᠪᠡᠷᠬᠡ᠂ ᠪᠣᠭᠣᠮᠲᠠ ᠱᠢᠪᠲᠤᠯᠬᠤ ᠬᠦᠴᠢᠷᠳᠠᠯ ᠲᠤᠯᠭᠠᠷᠠᠵᠤ᠂ ᠨᠠᠮ ᠪᠣᠯᠤᠨ ᠤᠯᠤᠰ᠎ᠤᠨ ᠬᠥᠭ᠌ᠵᠢᠯᠲᠡ᠎ᠶ᠋ᠢᠨ ᠠᠬᠢᠴᠠ ᠳᠤᠮᠳᠠ ᠲᠤᠢᠯ᠎ᠤᠨ ᠶᠡᠷᠦ᠍ ᠪᠤᠰᠤ᠂ ᠵᠢᠷ᠎ᠤᠨ ᠪᠤᠰᠤ ᠶᠤᠮ᠃ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠮᠠᠨ᠎ᠤ ᠨᠠᠮ ᠠᠷᠠᠳ ᠲᠦᠮᠡᠨ᠎ᠳᠦ ᠴᠢᠩᠭ᠎ᠠ ᠲᠦᠱᠢᠭ᠌ᠯᠡᠨ ᠬᠦᠴᠢᠷ᠎ᠢ ᠰᠦᠷᠦᠨ ᠤᠷᠤᠭ᠍ᠰᠢᠯᠠᠵᠤ᠂ ᠡᠷᠡᠮᠡᠬᠡᠢᠯᠡᠨ ᠲᠠᠪᠰᠢᠵᠤ᠂ ᠳᠠᠪᠠᠵᠤ ᠳᠡᠢᠯᠦᠰᠢ ᠦᠭᠡᠢ ᠪᠡᠷᠬᠡ ᠪᠠᠷᠳᠠᠭ᠎ᠠ ᠬᠠᠷᠰᠢ ᠰᠠᠭᠠᠳ ᠢ᠋ ᠢᠯᠠᠨ ᠳᠠᠪᠠᠵᠤ᠂ ᠭᠠᠢᠬᠠᠰᠢ ᠠᠯᠳᠠᠭᠤᠯᠤᠬᠰᠠᠨ ᠶᠢᠷᠲᠢᠨᠴᠦ᠍᠎ᠶ᠋ᠢᠨ ᠭᠠᠢᠬᠠᠮᠱᠢᠭ᠎ᠢ ᠡᠭᠦᠳᠴᠦ᠍᠂ ᠳᠤᠮᠳᠠᠳᠤ ᠤᠯᠤᠰ᠎ᠤᠨ ᠮᠠᠶᠢᠬ᠎ᠤᠨ ᠣᠳᠣᠬᠢᠴᠢᠯᠠᠯᠲᠠ᠎ᠶ᠋ᠢ ᠠᠮᠵᠢᠯᠲᠠ᠎ᠲᠠᠶ ᠠᠬᠢᠭᠤᠯᠤᠨ ᠥᠷᠭᠡᠳᠭᠡᠵᠦ᠍᠂ ᠬᠥᠮᠦᠨ ᠲᠥᠷᠥᠯᠬᠢᠲᠡᠨ᠎ᠦ ᠪᠣᠯᠪᠠᠰᠤᠨ᠎ᠤ ᠱᠢᠨ᠎ᠡ ᠬᠡᠯᠪᠡᠷᠢ᠎ᠶ᠋ᠢ ᠲᠠᠰᠤᠷᠠᠯᠲᠠ ᠦᠭᠡᠢ ᠪᠠᠶᠠᠯᠢᠭ᠍ᠵᠢᠭᠤᠯᠤᠨ ᠬᠥᠭ᠌ᠵᠢᠭᠦᠯᠵᠦ᠍᠂ ᠤᠯᠤᠰ᠎ᠢᠶᠠᠨ ᠬᠦᠴᠦᠷᠬᠡᠭ᠌ᠵᠢᠭᠦᠯᠬᠦ᠌ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠳᠤ ᠭᠡᠭᠡᠨ ᠰᠠᠷᠠᠭᠤᠯ ᠢᠷᠡᠭᠡᠳᠦᠢ᠎ᠶ᠋ᠢ ᠨᠡᠭᠡᠭᠡᠵᠦ᠍ ᠥᠭ᠌ᠴᠡᠢ᠃ ᠱᠢᠨ᠎ᠡ ᠴᠠᠭ ᠦᠶ᠎ᠡ᠎ᠶ᠋ᠢᠨ ᠠᠷᠪᠠᠨ ᠵᠢᠯ᠎ᠦᠨ ᠠᠭᠤᠤ ᠶᠡᠬᠡ ᠬᠤᠪᠢᠰᠤᠯᠲᠠ ᠨᠢ ᠨᠠᠮ᠎ᠤᠨ ᠲᠡᠦᠬᠡ᠂ ᠱᠢᠨ᠎ᠡ ᠳᠤᠮᠳᠠᠳᠤ ᠤᠯᠤᠰ᠎ᠤᠨ ᠲᠡᠦᠬᠡ᠂ ᠥᠭᠡᠷᠡᠴᠢᠯᠡᠯᠲᠡ ᠨᠡᠭᠡᠭᠡᠯᠳᠡ᠎ᠶ᠋ᠢᠨ ᠲᠡᠦᠬᠡ᠂ ᠨᠡᠢᠭᠡᠮ ᠵᠢᠷᠤᠮ᠎ᠤᠨ ᠬᠥᠭ᠌ᠵᠢᠯᠲᠡ᠎ᠶ᠋ᠢᠨ ᠲᠡᠦᠬᠡ᠂ ᠳᠤᠮᠳᠠᠳᠤ᠎ᠶ᠋ᠢᠨ ᠦᠨᠳᠦᠰᠦᠲᠡᠨ᠎ᠦ ᠬᠥᠭ᠌ᠵᠢᠯᠲᠡ᠎ᠶ᠋ᠢᠨ ᠲᠡᠦᠬᠡᠨ᠎ᠳᠦ ᠬᠦᠰᠢᠶ᠎ᠠ ᠲᠡᠮᠳᠡᠭ᠎ᠦᠨ ᠠᠴᠢ ᠬᠣᠯᠪᠣᠭ᠍ᠳᠠᠯ᠎ᠲᠠᠶ ᠪᠠᠢᠵᠤ᠂ ᠨᠠᠮ᠂ ᠳᠤᠮᠳᠠᠳᠤ ᠤᠯᠤᠰ᠎ᠤᠨ ᠠᠷᠠᠳ ᠲᠦᠮᠡᠨ᠂ ᠨᠡᠢᠭᠡᠮ ᠵᠢᠷᠤᠮ᠎ᠤᠨ ᠣᠳᠣᠬᠢᠴᠢᠯᠠᠬᠤ ᠪᠥᠳᠥᠭᠡᠨ ᠪᠠᠢᠭᠤᠯᠤᠯᠲᠠ᠂ ᠱᠢᠨᠵᠢᠯᠡᠬᠦ᠌ ᠤᠬᠠᠭᠠᠨ᠎ᠤ ᠨᠡᠢᠭᠡᠮ ᠵᠢᠷᠤᠮ᠎ᠤᠨ 21 ᠳ᠋ᠤᠬᠡᠷ ᠵᠠᠭᠤᠨ᠎ᠤ ᠳᠤᠮᠳᠠᠳᠤ ᠤᠯᠤᠰ᠎ᠲᠠᠬᠢ ᠬᠥᠭ᠌ᠵᠢᠯᠲᠡ᠎ᠳᠦ ᠠᠯᠤᠰ ᠬᠡᠳᠥ᠎ᠶ᠋ᠢᠨ ᠨᠥᠯᠥᠭᠡ᠎ᠦᠵᠡᠬᠦᠯᠬᠦ ᠶᠤᠮ᠃

ᠤᠯᠤᠰ᠎ᠤᠨ ᠶᠡᠬᠡ ᠶᠠᠪᠤᠳᠠᠯ᠎ᠢ ᠬᠡᠬᠦᠳᠡᠭ ᠴᠡᠬᠡᠵᠢᠨ ᠳ᠋ᠡᠬᠡᠨ ᠪᠠᠭᠳᠠᠭᠠᠵᠤ᠂ ᠠᠷᠠᠳ᠎ᠤᠨ ᠠᠮᠢᠳᠤᠷᠠᠯ᠎ᠢ ᠰᠡᠳᠭᠢᠯ᠎ᠵᠢᠷᠤᠬᠡᠨ ᠳ᠋ᠡᠬᠡᠨ ᠪᠤᠳᠤᠨ᠎ᠠ; ᠠᠷᠠᠳ᠎ᠤᠨ ᠰᠠᠨᠠᠭ᠎ᠠ᠎ᠶ᠋ᠢ ᠲᠦᠪᠯᠡᠷᠡᠬᠦᠯᠵᠤ᠂ ᠬᠦᠴᠦᠨ ᠴᠢᠳᠠᠯ᠎ᠢ ᠨᠢᠭᠲᠠᠷᠠᠭᠤᠯᠤᠨ᠎ᠠ᠃ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠵᠢᠴᠢ ᠲᠡᠭᠦᠨ᠎ᠦ ᠪᠠᠢᠩᠭᠤ᠎ᠶ᠋ᠢᠨ ᠬᠣᠷᠢᠢ᠎ᠠ ᠨᠠᠮ᠎ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠦ᠍ ᠡᠵᠡᠨ ᠰᠠᠭᠤᠬᠤ᠂ ᠬᠠᠤᠯᠢ᠎ᠪᠠᠷ ᠤᠯᠤᠰ᠎ᠢᠶᠠᠨ ᠵᠠᠰᠠᠬᠤ᠎ᠶ᠋ᠢ ᠣᠷᠭᠠᠨᠢᠭ᠎ᠢᠶᠠᠷ ᠨᠢᠭᠡᠳᠭᠡᠬᠦ᠌᠎ᠶ᠋ᠢ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠳᠤ ᠢᠮᠠᠭ᠍ᠲᠠ ᠲᠤᠭᠤᠱᠢᠯᠠᠭᠤᠯᠵᠤ᠂ ᠨᠠᠮ᠎ᠤᠨ ᠲᠥᠪ ᠬᠣᠷᠢᠶ᠎ᠠ ᠵᠢᠨ ᠡᠷᠬᠡ ᠰᠦᠷ ᠪᠣᠯᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠡᠷᠡᠰ ᠬᠠᠮᠠᠭᠠᠯᠠᠵᠤ᠂ ᠨᠠᠮ᠎ᠤᠨ ᠲᠥᠪ ᠬᠣᠷᠢᠶ᠎ᠠ ᠵᠢᠨ ᠦᠨᠳᠦᠰᠦᠨ ᠪᠤᠳᠤᠯᠭ᠎ᠠ ᠴᠢᠭ᠌ᠯᠡᠯᠲᠡ ᠪᠣᠯᠤᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠡᠷᠡᠰ ᠲᠤᠭᠤᠱᠢᠯᠠᠭᠤᠯᠪᠠ ; ᠠᠷᠠᠳ ᠲᠦᠮᠡᠨ᠎ᠢᠶᠡᠷ ᠭᠣᠣᠯ ᠪᠣᠯᠭᠠᠬᠤ᠎ᠶ᠋ᠢ ᠪᠠᠷᠢᠮᠲᠠᠯᠠᠵᠤ᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠢᠳᠡᠪᠬᠢᠲᠡᠢ ᠦᠢᠯᠡᠳᠦᠯᠭᠡᠵᠢᠭᠦᠯᠵᠦ᠍᠂ ᠠᠷᠠᠳ ᠤᠯᠠᠨ᠎ᠤ ᠦᠨᠳᠦᠰᠦᠨ ᠠᠱᠢᠭ ᠲᠤᠰᠠ᠎ᠶ᠋ᠢ ᠬᠠᠤᠯᠢ ᠶᠣᠰᠣᠭᠠᠷ ᠬᠠᠮᠠᠭᠠᠯᠠᠪᠠ; ᠦᠨᠳᠦᠰᠦᠨ ᠬᠠᠤᠯᠢ ᠬᠠᠤᠯᠢ ᠴᠠᠭᠠᠵᠠ᠎ᠡᠴᠡ ᠣᠯᠭᠣᠭ᠍ᠰᠠᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠶ᠋ᠢ ᠪᠠᠷᠢᠮᠲᠠᠯᠠᠵᠤ᠂ ᠣᠳᠣᠬᠢᠴᠢᠯᠠᠭ᠍ᠰᠠᠨ ᠵᠠᠰᠠᠯᠲᠠ᠎ᠶ᠋ᠢᠨ ᠬᠠᠤᠯᠢ ᠴᠠᠭᠠᠵᠠ᠎ᠶ᠋ᠢᠨ ᠱᠢᠰᠲ᠋ᠧᠮ᠎ᠢ ᠴᠢᠨᠠᠬᠰᠢᠳᠠ ᠲᠡᠭᠦᠯᠳᠡᠷᠵᠢᠭᠦᠯᠵᠦ᠍᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ ᠴᠢᠬᠤᠯᠠ ᠶᠡᠬᠡ ᠱᠢᠨ᠎ᠡ ᠠᠬᠢᠯᠳᠠ ᠲᠠᠢ ᠪᠤᠯᠬᠤ ᠵᠢ ᠠᠬᠢᠭᠤᠯᠵᠤ᠂ ᠨᠠᠮ ᠪᠠ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠎ᠳᠦ ᠢᠳᠡᠪᠬᠢᠲᠡᠢ ᠬᠤᠪᠢ ᠨᠡᠮᠡᠷᠢ ᠦᠵᠡᠭᠦᠯᠪᠠ᠃

ᠤᠴᠢᠷ ᠶᠠᠪᠤᠳᠠᠯ᠎ᠢ ᠥᠩᠭᠡᠷᠡᠭᠡᠬᠦ᠌ ᠦᠭᠡᠢ ᠪᠣᠯ ᠬᠦᠴᠢᠷ᠎ᠢ ᠮᠡᠳᠡᠬᠦ᠌ ᠦᠭᠡᠢ᠂ ᠠᠮᠵᠢᠯᠳᠠ ᠤᠯᠬᠤ ᠨᠢ ᠦᠵᠡᠬᠦ ᠳ᠋ᠤ ᠠᠮᠠᠷᠬᠠᠨ ᠪᠣᠯᠪᠠᠴᠤ᠌ ᠦᠨᠡᠨ ᠳ᠋ᠡᠭᠡᠨ ᠪᠡᠷᠬᠡ ᠬᠠᠳᠠᠭᠤᠵᠢᠯᠳᠠᠢ᠃ ᠳᠤᠮᠳᠠᠳᠤ ᠤᠯᠤᠰ᠎ᠤᠨ ᠡᠪ ᠬᠠᠮᠲᠤ ᠨᠠᠮ ᠬᠢᠵᠠᠭᠠᠯᠠᠰᠢ ᠦᠭᠡᠢ ᠪᠠᠲᠤ ᠴᠢᠩᠭ᠎ᠠ ᠤᠳᠤᠷᠢᠳᠭᠤ ᠬᠦᠴᠦᠨ᠂ ᠵᠣᠬᠢᠶᠠᠨ ᠪᠠᠢᠭᠤᠯᠬᠤ ᠬᠦᠴᠦᠨ᠂ ᠬᠡᠷᠡᠭ᠌ᠵᠢᠭᠦᠯᠬᠦ᠌ ᠬᠦᠴᠦᠨ᠎ᠲᠡᠶ ᠪᠠᠢᠵᠤ᠂ ᠰᠠᠯᠬᠢ ᠪᠣᠷᠣᠭᠠᠨ ᠢᠷᠡᠬᠦ᠌ ᠦᠶ᠎ᠡ ᠳ᠋ᠤ ᠢᠮᠠᠭᠳᠠ ᠪᠦᠬᠦ᠌ ᠠᠷᠠᠳ ᠲᠦᠮᠡᠨ᠎ᠦ ᠬᠠᠮᠤᠭ᠎ᠤᠨ ᠨᠠᠢᠳᠠᠪᠤᠷᠢᠲᠠᠢ ᠲᠦᠱᠢᠭ ᠲᠤᠯᠭᠠᠭᠤᠷᠢ ᠪᠣᠯᠬᠤ᠎ᠶ᠋ᠢ ᠲᠡᠦᠬᠡ ᠪᠠ ᠦᠢᠯᠡᠳᠦᠯᠭᠡ ᠭᠦᠢᠴᠡᠳ ᠭᠡᠷᠡᠴᠢᠯᠡᠪᠡ᠃ 《 ᠬᠣᠶᠠᠷ᠎ᠢ ᠲᠣᠭ᠍ᠲᠠᠭᠠᠭᠰᠠᠨ》 ᠪᠣᠯ ᠨᠠᠮ ᠪᠠ ᠤᠯᠤᠰ᠎ᠤᠨ ᠠᠵᠢᠯ ᠦᠢᠯᠡᠰ᠎ᠦᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠤᠯᠬᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠬᠤ᠎ᠶ᠋ᠢ ᠠᠬᠢᠭᠤᠯᠬᠤ ᠱᠢᠢᠳᠪᠦᠷᠢᠯᠡᠭ᠌ᠴᠢ ᠴᠢᠨᠠᠷᠲᠠᠢ ᠬᠦᠴᠦᠨ ᠵᠦᠢᠯ ᠮᠥᠨ᠂ ᠠᠯᠢᠪᠠ ᠬᠦᠴᠢᠷ ᠪᠡᠷᠬᠡᠱᠢᠶᠡᠯ ᠬᠠᠷᠰᠢ ᠰᠠᠭᠠᠳ᠎ᠢ ᠢᠯᠠᠨ ᠳᠠᠪᠠᠵᠤ᠂ ᠠᠯᠢᠪᠠ ᠲᠣᠭ᠍ᠲᠠᠭᠠᠯᠳᠤ ᠪᠤᠰᠤ ᠴᠢᠨᠠᠷ᠎ᠢ ᠠᠷᠭᠠᠴᠠᠭᠠᠬᠤ᠎ᠶ᠋ᠢᠨ ᠬᠠᠮᠤᠭ᠎ᠤᠨ ᠶᠡᠬᠡ ᠲᠣᠭ᠍ᠲᠠᠭᠠᠯᠲᠤ ᠴᠢᠨᠠᠷ᠂ ᠬᠠᠮᠤᠭ᠎ᠤᠨ ᠶᠡᠬᠡ ᠤᠮᠤᠭ ᠵᠤᠷᠢᠭ᠂ ᠬᠠᠮᠤᠭ᠎ᠤᠨ ᠶᠡᠬᠡ ᠪᠠᠲᠤᠯᠠᠭ᠎ᠠ ᠮᠥᠨ᠃ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ ᠪᠤᠯ ᠤᠯᠤᠰ᠎ᠤᠨ ᠨᠡᠢᠭᠡᠮ ᠵᠢᠷᠤᠮ᠎ᠤᠨ ᠵᠠᠮ᠎ᠢᠶᠠᠷ ᠤᠷᠤᠭ᠍ᠰᠢᠯᠠᠬᠤ᠎ᠶ᠋ᠢ ᠪᠦᠲᠦᠮᠵᠢᠲᠡᠢ ᠪᠠᠲᠤᠯᠠᠵᠤ᠂ ᠤᠯᠤᠰ᠎ᠤᠨ ᠵᠠᠰᠠᠯᠲᠠ ᠨᠢ ᠰᠠᠮᠠᠭᠤᠷᠠᠯ᠎ᠢ ᠵᠠᠰᠠᠵᠤ ᠮᠠᠨᠳᠤᠯ ᠪᠠᠭᠤᠷᠠᠯ᠎ᠤᠨ ᠲᠡᠦᠬᠡᠨ ᠦᠶᠡᠯᠡᠯ᠎ᠡᠴᠡ ᠮᠤᠯᠳᠤᠷᠠᠵᠤ ᠭᠠᠷᠬᠤ᠎ᠶ᠋ᠢ ᠪᠦᠲᠦᠮᠵᠢᠲᠡᠢ ᠪᠠᠲᠤᠯᠠᠬᠤ᠂ ᠤᠯᠤᠰ᠎ᠤᠨ ᠤᠯᠤᠰ ᠲᠦᠷᠦ᠍᠎ᠶ᠋ᠢᠨ ᠠᠮᠢᠳᠤᠷᠠᠯ ᠤ᠋ᠨ ᠠᠮᠢᠵᠢᠷᠠᠯ᠎ᠤᠨ ᠬᠦᠴᠦᠨ᠎ᠢᠶᠡᠷ ᠪᠢᠯᠬᠠᠬᠰᠠᠨ ᠮᠥᠷᠲᠡᠭᠡᠨ ᠠᠮᠤᠷ ᠲᠣᠭ᠍ᠲᠠᠭᠤᠨ ᠡᠮᠬᠢ ᠵᠢᠷᠤᠮ᠎ᠲᠠᠶ ᠪᠠᠢᠬᠤ᠎ᠶ᠋ᠢ ᠪᠦᠲᠦᠮᠵᠢᠲᠡᠢ ᠪᠠᠲᠤᠯᠠᠬᠤ᠂ ᠨᠠᠮ᠎ᠤᠨ ᠤᠳᠤᠷᠢᠳᠤᠯᠭ᠎ᠠ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠌᠂ ᠬᠠᠤᠯᠢ᠎ᠪᠠᠷ ᠤᠯᠤᠰ᠎ᠢᠶᠠᠨ ᠵᠠᠰᠠᠬᠤ᠎ᠶ᠋ᠢ ᠣᠷᠭᠠᠨᠢᠭ᠎ᠢᠶᠠᠷ ᠨᠢᠭᠡᠳᠭᠡᠬᠦ᠌᠎ᠶ᠋ᠢ ᠪᠠᠷᠢᠮᠲᠠᠯᠠᠬᠤ ᠦᠨᠳᠦᠰᠦᠨ ᠤᠯᠤᠰ ᠲᠦᠷᠦ᠍᠎ᠶ᠋ᠢᠨ ᠪᠠᠢᠭᠤᠯᠤᠯ᠎ᠤᠨ ᠲᠤᠬᠢᠷᠠᠭᠤᠯᠤᠯᠳᠠ ᠮᠥᠨ᠂ ᠮᠠᠨ᠎ᠤ ᠤᠯᠤᠰ᠎ᠤᠨ ᠤᠯᠤᠰ᠎ᠤᠨ ᠪᠠᠢᠳᠠᠯ ᠪᠠ ᠪᠣᠳᠠᠲᠤ ᠪᠠᠢᠳᠠᠯ᠎ᠲᠠᠶ ᠨᠡᠢᠴᠡᠵᠦ᠍᠂ ᠨᠡᠢᠭᠡᠮ ᠵᠢᠷᠤᠮᠲᠤ ᠤᠯᠤᠰ᠎ᠤᠨ ᠱᠢᠨᠵᠢ ᠴᠢᠨᠠᠷ᠎ᠢ ᠢᠯᠡᠷᠡᠭᠦᠯᠵᠦ᠍᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠌᠎ᠶ᠋ᠢ ᠪᠠᠲᠤᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠶ᠋ᠢ ᠪᠠᠲᠤᠯᠠᠬᠤ ᠰᠠᠢ᠌ᠨ ᠪᠠᠢᠭᠤᠯᠤᠯ ᠮᠥᠨ᠂ ᠵᠦᠢᠷᠯᠡᠰᠢ ᠦᠭᠡᠢ ᠳᠠᠪᠠᠭᠤᠯᠢᠭ ᠴᠢᠨᠠᠷ ᠪᠠ ᠬᠦᠴᠦᠷᠬᠡᠭ ᠶᠡᠬᠡ ᠠᠮᠢᠵᠢᠷᠠᠯ᠎ᠤᠨ ᠬᠦᠴᠦᠨ᠎ᠲᠡᠶ ᠶᠤᠮ᠃

《ᠤᠯᠠᠨ᠎ᠤ ᠬᠦᠴᠦ᠍᠎ᠶ᠋ᠢ ᠬᠤᠷᠠᠮᠳᠤᠭᠤᠯᠪᠠᠰᠤ ᠪᠦᠳᠦᠬᠦ ᠦᠭᠡᠢ ᠶᠠᠪᠤᠳᠠᠯ ᠬᠡᠮᠡᠨ ᠦᠭᠡᠢ; ᠤᠯᠠᠨ᠎ᠤ ᠤᠬᠠᠭᠠᠨ᠎ᠢ ᠬᠤᠷᠠᠮᠳᠤᠭᠤᠯᠪᠠᠰᠤ ᠪᠦᠲᠦᠭᠡᠬᠦ ᠦᠭᠡᠢ ᠶᠠᠪᠤᠳᠠᠯ ᠬᠡᠮᠡᠨ ᠠᠯᠠᠭ᠎ᠠ》᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠨᠢ ᠳᠤᠮᠳᠠᠳᠤ᠎ᠶ᠋ᠢᠨ ᠦᠨᠳᠦᠰᠦᠲᠡᠨ᠎ᠦ ᠵᠤᠷᠢᠯᠳᠠ ᠪᠠ ᠬᠦᠰᠡᠯ ᠡᠷᠡᠮᠡᠯᠵᠡᠯ᠎ᠢ ᠠᠴᠢᠶᠠᠯᠠᠵᠤ᠂ ᠳᠤᠮᠳᠠᠳᠤ ᠤᠯᠤᠰ᠎ᠤᠨ ᠠᠷᠠᠳ ᠲᠦᠮᠡᠨ᠎ᠦ ᠲᠡᠮᠡᠴᠡᠯ ᠪᠠ ᠬᠦᠴᠦ᠍ ᠬᠥᠯᠥᠰᠥ᠍ ᠱᠢᠩᠭᠡᠵᠦ᠍ ᠪᠠᠢᠨ᠎ᠠ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠮᠠᠨ᠎ᠤ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠤᠳᠤᠷᠢᠳᠤᠨ ᠤᠷᠲᠤ ᠬᠤᠭᠤᠴᠠᠭᠠᠨ᠎ᠤ ᠰᠦᠪᠡᠭ᠌ᠴᠢᠯᠡᠯᠲᠡ ᠪᠠ ᠦᠢᠯᠡᠳᠦᠯᠭᠡ᠎ᠶ᠋ᠢᠨ ᠳᠤᠮᠳᠠ ᠲᠦᠮᠡᠨ ᠪᠡᠷᠬᠡ ᠮᠢᠩᠭᠠᠨ ᠵᠣᠪᠠᠭᠤᠷᠢ᠎ᠶ᠋ᠢ ᠲᠤᠭᠤᠯᠵᠤ᠂ ᠯᠤᠲᠤ ᠶᠡᠬᠡ ᠦᠨ᠎ᠡ ᠦᠷᠲᠡᠭ ᠭᠠᠷᠭᠠᠵᠤ ᠪᠠᠢᠭᠠᠳ ᠣᠯᠤᠭ᠍ᠰᠠᠨ ᠴᠢᠬᠤᠯᠠ ᠶᠡᠬᠡ ᠦᠷ᠎ᠡ ᠪᠦᠲᠦᠭᠡᠯ ᠮᠥᠨ᠂ ᠤᠷᠢᠳ ᠡᠮᠦᠨ᠎ᠡ ᠪᠠᠢᠭ᠎ᠠ ᠦᠭᠡᠢ ᠡᠭᠦᠳᠦᠯᠲᠡ᠎ᠶ᠋ᠢᠨ ᠴᠢᠨᠠᠷᠲᠠᠢ ᠦᠢᠯᠡᠰ ᠮᠥᠨ᠂ ᠡᠷᠬᠡᠪᠰᠢ ᠲᠦᠭ ᠲᠦᠮᠡᠨ ᠠᠷᠠᠳ ᠲᠦᠮᠡᠨ᠎ᠦ ᠡᠭᠦᠳᠦᠨ ᠪᠦᠲᠦᠭᠡᠬᠦ᠌ ᠠᠤᠭ᠎ᠠ ᠬᠦᠴᠦᠨ᠎ᠢ ᠪᠠᠳᠠᠷᠠᠭᠤᠯᠬᠤ ᠬᠡᠷᠡᠭ᠌ᠲᠡᠢ᠃ ᠵᠠᠮ ᠲᠤᠷᠰᠢ᠂ ᠮᠠᠨ᠎ᠤ ᠨᠠᠮ ᠠᠷᠠᠳ ᠲᠦᠮᠡᠨ ᠳ᠋ᠤ ᠴᠢᠩᠭ᠎ᠠ ᠲᠦᠱᠢᠭ᠌ᠯᠡᠨ ᠲᠡᠦᠬᠡᠨ ᠬᠠᠭᠤᠳᠠᠰᠤᠨ᠎ᠳᠤ ᠲᠡᠮᠳᠡᠭ᠌ᠯᠡᠭ᠌ᠳᠡᠭ᠌ᠰᠡᠨ ᠠᠯᠢ ᠤᠯᠠᠨ ᠬᠠᠷᠢᠭᠤᠯᠲᠠ᠎ᠶ᠋ᠢᠨ ᠬᠠᠭᠤᠳᠠᠰᠤ᠎ᠶ᠋ᠢ ᠲᠤᠱᠢᠶᠠᠵᠠᠢ᠃ ᠤᠷᠤᠭ᠍ᠰᠢᠯᠠᠯᠲᠠ᠎ᠶ᠋ᠢᠨ ᠵᠠᠮ ᠳᠡᠭᠡᠷ᠎ᠡ᠂ ᠶᠡᠬᠡ ᠰᠠᠯᠬᠢ ᠰᠢᠷᠦᠭᠦᠨ ᠳᠠᠪᠠᠯᠭᠠᠨ ᠪᠠᠢᠭ᠍ᠰᠠᠨ ᠴᠤ᠌ ᠲᠡᠷᠡ᠂ ᠲᠤᠭ᠍ᠰᠢᠨ ᠳᠠᠪᠠᠯᠭᠠᠨ ᠱᠢᠷᠦᠭᠦᠨ ᠳᠤᠯᠭᠢᠶᠠᠨ ᠪᠠᠢᠭ᠍ᠰᠠᠨ ᠴᠤ᠌ ᠲᠡᠷᠡ᠂ ᠠᠷᠠᠳ ᠲᠦᠮᠡᠨ ᠬᠡᠵᠢᠶᠡᠳᠡ ᠮᠠᠨ᠎ᠤ ᠨᠠᠮ᠎ᠤᠨ ᠬᠠᠮᠤᠭ᠎ᠤᠨ ᠪᠠᠲᠤ ᠴᠢᠩᠭ᠎ᠠ ᠲᠦᠱᠢᠭ ᠲᠤᠯᠭᠠᠭᠤᠷᠢ᠂ ᠬᠠᠮᠤᠭ᠎ᠤᠨ ᠶᠡᠬᠡ ᠤᠮᠤᠭ ᠵᠤᠷᠢᠭ ᠪᠣᠯᠬᠤ ᠶᠤᠮ᠃ ᠠᠯᠢᠪᠠ ᠪᠦᠬᠦᠨ ᠠᠷᠠᠳ ᠲᠦᠮᠡᠨ᠎ᠦ ᠲᠥᠯᠥᠭᠡ ᠪᠠᠢᠬᠤ᠂ ᠠᠯᠢᠪᠠ ᠪᠦᠬᠦᠨ᠎ᠳᠦ ᠠᠷᠠᠳ ᠲᠦᠮᠡᠨ ᠳ᠋ᠤ ᠲᠦᠱᠢᠭ᠌ᠯᠡᠬᠦ᠌᠎ᠶ᠋ᠢ ᠢᠮᠠᠭ᠍ᠲᠠ ᠪᠠᠷᠢᠮᠲᠠᠯᠠᠵᠤ᠂ ᠢᠮᠠᠭ᠍ᠲᠠ ᠠᠷᠠᠳ ᠲᠦᠮᠡᠨ᠎ᠲᠡᠶ ᠵᠢᠷᠭᠠᠯ ᠵᠤᠪᠠᠯᠠᠩ ᠵᠢᠡᠨ ᠬᠠᠮᠳᠤᠳᠬᠠᠵᠤ ᠂ ᠠᠷᠠᠳ ᠲᠦᠮᠡᠨ᠎ᠲᠡᠶ ᠰᠡᠳᠭᠢᠯ ᠵᠢᠷᠦᠬᠡ᠎ᠪᠡᠨ ᠬᠣᠯᠪᠣᠵᠤ᠂ ᠠᠷᠠᠳ ᠲᠦᠮᠡᠨ᠎ᠦ ᠪᠤᠳᠤᠵᠤ ᠪᠠᠢᠭ᠎ᠠ ᠵᠦᠢᠯ᠎ᠢ ᠪᠤᠳᠤᠵᠦ᠍᠂ ᠠᠷᠠᠳ ᠲᠦᠮᠡᠨ᠎ᠦ ᠬᠦᠰᠡᠯ ᠨᠠᠢᠳᠠᠯᠭ᠎ᠠ᠎ᠶ᠋ᠢ ᠭᠦᠢᠴᠡᠳᠭᠡᠵᠦ᠍᠂ ᠠᠷᠠᠳ ᠲᠦᠮᠡᠨ᠎ᠦ ᠭᠣᠣᠯ ᠴᠣᠭ᠍ᠴᠠ᠎ᠶ᠋ᠢᠨ ᠪᠠᠢᠷᠢ ᠰᠠᠭᠤᠷᠢ᠎ᠶ᠋ᠢ ᠬᠦᠨᠳᠦᠳᠭᠡᠵᠦ᠍᠂ ᠠᠷᠠᠳ ᠲᠦᠮᠡᠨ᠎ᠦ ᠦᠢᠯᠡᠳᠦᠯᠭᠡ ᠠᠵᠢᠯᠯᠠᠭ᠎ᠠ ᠳᠤᠮᠳᠠ ᠢᠯᠡᠳᠭᠡᠭ᠌ᠰᠡᠨ ᠬᠦᠰᠡᠯ ᠰᠠᠨᠠᠭ᠎ᠠ᠂ ᠡᠭᠦᠳᠦᠭ᠌ᠰᠡᠨ ᠲᠤᠷᠱᠢᠯᠭ᠎ᠠ᠂ ᠡᠳ᠋ᠯᠡᠵᠤ ᠪᠠᠢᠭ᠎ᠠ ᠡᠷᠬᠡ᠂ ᠪᠠᠳᠠᠷᠠᠭᠤᠯᠵᠤ ᠪᠠᠢᠭ᠎ᠠ ᠦᠢᠯᠡᠳᠦᠯ᠎ᠢ ᠬᠦᠨᠳᠦᠳᠭᠡᠵᠦ᠍᠂ ᠠᠷᠠᠳ ᠲᠦᠮᠡᠨ᠎ᠦ ᠰᠠᠢ᠌ᠨ ᠰᠠᠢᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ᠎ᠢ ᠲᠠᠰᠤᠷᠠᠯᠳᠠ ᠦᠭᠡᠢ ᠪᠣᠳᠠᠲᠤ ᠠᠬᠤᠢ ᠪᠣᠯᠭᠠᠨ ᠬᠤᠪᠢᠷᠠᠭᠤᠯᠳᠠᠭ ᠯᠠ ᠶᠤᠮ ᠪᠤᠯ ᠯᠠᠪᠲᠠᠢ ᠰᠡᠳᠭᠢᠯ ᠨᠢᠭᠡᠳᠦᠨ ᠳᠤᠮᠳᠠᠳᠤ᠎ᠶ᠋ᠢᠨ ᠵᠡᠭᠦᠳᠦ᠍ ᠪᠠᠨ ᠬᠠᠮᠲᠤ᠎ᠪᠠᠷ ᠲᠡᠷᠭᠡᠯᠱᠢᠭᠦᠯᠬᠦ᠌ ᠠᠤᠭ᠎ᠠ ᠶᠡᠬᠡ ᠬᠦᠴᠦᠨ᠎ᠢ ᠨᠢᠭ᠍ᠲᠠᠷᠠᠭᠤᠯᠵᠤ ᠴᠢᠳᠠᠬᠤ ᠶᠤᠮ᠃

ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ ᠪᠣᠯ ᠨᠡᠢᠭᠡᠮ ᠵᠢᠷᠤᠮ᠎ᠤᠨ ᠠᠷᠠᠳᠴᠢᠯᠠᠭ᠍ᠰᠠᠨ ᠤᠯᠤᠰ ᠲᠦᠷᠦ᠍᠎ᠶ᠋ᠢᠨ ᠮᠥᠨ ᠴᠢᠨᠠᠷ᠎ᠤᠨ ᠱᠢᠨᠵᠢ ᠮᠥᠨ᠂ ᠬᠠᠮᠤᠭ᠎ᠤᠨ ᠥᠷᠭᠡᠨ ᠳᠡᠯᠭᠡᠷ᠂ ᠬᠠᠮᠤᠭ᠎ᠤᠨ ᠦᠨᠡᠨ ᠪᠣᠳᠠᠲᠠᠢ᠂ ᠬᠠᠮᠤᠭ᠎ᠤᠨ ᠲᠤᠰᠠᠲᠠᠢ ᠠᠷᠠᠳᠴᠢᠯᠠᠯ ᠮᠥᠨ᠃ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ ᠪᠣᠯ ᠮᠠᠨ᠎ᠤ ᠤᠯᠤᠰ᠎ᠤᠨ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠪᠡᠶᠡᠯᠡᠭᠦᠯᠬᠦ᠌ ᠪᠠᠢᠭᠤᠯᠤᠯ᠎ᠦᠨ ᠴᠢᠬᠤᠯᠠ ᠠᠴᠢᠶᠠᠯᠠᠪᠤᠷᠢ ᠮᠥᠨ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠰᠢ ᠵᠢᠨ ᠫᠢᠩ ᠨᠥᠬᠥᠷ᠎ᠢᠶᠡᠷ ᠭᠣᠣᠯ ᠪᠤᠯᠭᠠᠭᠰᠠᠨ ᠨᠠᠮ᠎ᠤᠨ ᠲᠥᠪ ᠬᠣᠷᠢᠶ᠎ᠠ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠤᠯᠤᠰ ᠲᠦᠷᠦ᠍᠎ᠶ᠋ᠢᠨ ᠬᠥᠭ᠌ᠵᠢᠯᠲᠡ᠎ᠶ᠋ᠢᠨ ᠵᠠᠮ᠎ᠢᠶᠠᠷ ᠵᠠᠮᠨᠠᠬᠤ᠎ᠶ᠋ᠢ ᠪᠠᠷᠢᠮᠲᠠᠯᠠᠵᠤ᠂ ᠪᠦᠬᠦ᠌ ᠶᠠᠪᠤᠴᠠ ᠵᠢᠨ ᠠᠷᠠᠳ᠎ᠤᠨ ᠠᠷᠠᠳᠴᠢᠯᠠᠯ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠌ ᠪᠠᠢᠭᠤᠯᠤᠯ᠎ᠤᠨ ᠱᠢᠰᠲ᠋ᠧᠮ᠎ᠢ ᠪᠦᠷᠢᠨᠱᠢᠭᠦᠯᠵᠦ᠍᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠵᠢᠴᠢ ᠲᠡᠭᠦᠨ᠎ᠦ ᠪᠠᠢᠩᠭᠤ᠎ᠶ᠋ᠢᠨ ᠬᠣᠷᠢᠶᠠᠨ᠎ᠤ ᠬᠠᠤᠯᠢ ᠶᠣᠰᠣᠭᠠᠷ ᠡᠷᠬᠡ ᠲᠤᠱᠢᠶᠠᠯ᠎ᠢᠶᠠᠨ ᠬᠡᠷᠡᠭ᠌ᠵᠢᠭᠦᠯᠬᠦ᠌᠎ᠶ᠋ᠢ ᠳᠡᠮᠵᠢᠵᠦ᠍᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠠᠵᠢᠯ᠎ᠢᠶᠠᠨ ᠰᠠᠢᠵᠢᠷᠠᠭᠤᠯᠤᠨ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠵᠤ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ ᠨᠡᠩ ᠪᠣᠯᠪᠠᠰᠤᠷᠠᠩᠭᠤᠢ ᠂ ᠨᠡᠩ ᠲᠣᠭ᠍ᠲᠠᠪᠤᠷᠢᠵᠢᠭ᠍ᠰᠠᠨ ᠪᠠᠢᠨ᠎ᠠ᠃ ᠤᠷᠤᠭ᠍ᠰᠢᠯᠠᠯᠲᠠ᠎ᠵᠢᠨ ᠵᠠᠮ ᠳᠡᠭᠡᠷ᠎ᠡ᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠤᠨ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠵᠤ᠂ ᠠᠷᠠᠳ ᠲᠦᠮᠡᠨ ᠡᠷᠬᠡ ᠮᠡᠳᠡᠵᠦ᠍ ᠡᠵᠡᠨ ᠰᠠᠭᠤᠬᠤ ᠵᠢ ᠨᠠᠮ᠎ᠤᠨ ᠲᠥᠷᠥ᠎ᠶ᠋ᠢ ᠵᠠᠰᠠᠵᠤ ᠵᠠᠰᠠᠭ᠎ᠢ ᠡᠷᠭᠢᠯᠡᠬᠦ᠌ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ ᠳᠡᠭᠡᠷ᠎ᠡ ᠦᠨᠡᠨ ᠪᠣᠳᠠᠲᠠᠶ ᠂ ᠠᠬᠤᠢᠴᠢ ᠪᠡᠷ ᠢᠯᠡᠷᠡᠭᠦᠯᠵᠦ᠂ ᠨᠠᠮ ᠪᠠ ᠲᠥᠷᠥ᠎ᠶ᠋ᠢᠨ ᠪᠠᠢᠭᠤᠯᠭ᠎ᠠ᠎ᠶ᠋ᠢᠨ ᠡᠯ᠎ᠡ ᠲᠠᠯ᠎ᠠ ᠡᠯ᠎ᠡ ᠱᠠᠲᠤ ᠳᠠᠪᠬᠤᠷᠭ᠎ᠠ᠎ᠶ᠋ᠢᠨ ᠠᠵᠢᠯ ᠳᠡᠭᠡᠷ᠎ᠡ ᠦᠨᠡᠨ ᠪᠣᠳᠠᠲᠠᠶ᠂ ᠠᠬᠤᠢᠴᠢ ᠪᠡᠷ ᠢᠯᠡᠷᠡᠭᠦᠯᠵᠦ᠂ ᠠᠷᠠᠳ ᠲᠦᠮᠡᠨ᠎ᠦ ᠰᠠᠢᠨ ᠰᠠᠢᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ᠎ᠢ ᠪᠡᠶᠡᠯᠡᠭᠦᠯᠬᠦ᠌ ᠠᠵᠢᠯ ᠳᠡᠭᠡᠷ᠎ᠡ ᠦᠨᠡᠨ ᠪᠣᠳᠠᠲᠠᠶ᠂ ᠠᠬᠤᠢᠴᠢ᠎ᠪᠠᠷ ᠢᠯᠡᠷᠡᠭᠦᠯᠵᠦ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ᠎ᠦᠨ ᠣᠨᠴᠠᠯᠢᠭ ᠪᠠ ᠳᠠᠪᠠᠭᠤᠯᠢᠭ᠎ᠢ ᠭᠦᠢᠴᠡᠳ ᠪᠠᠳᠠᠷᠠᠭᠤᠯᠵᠤ᠂ ᠨᠠᠮ ᠪᠠ ᠤᠯᠤᠰ᠎ᠤᠨ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ᠂ ᠭᠦᠢᠴᠡᠳᠭᠡᠬᠦ᠂ ᠬᠢᠨᠠᠯᠲᠠ ᠲᠠᠯᠪᠢᠵᠤ ᠨᠠᠢᠳᠠᠪᠤᠷᠢᠵᠢᠭᠤᠯᠬᠤ ᠡᠯ᠎ᠡ ᠭᠣᠭ᠍ᠴᠣᠭ᠎ᠠ᠎ᠳᠤ ᠪᠦᠷ ᠠᠷᠠᠳ ᠲᠦᠮᠡᠨ᠎ᠦ ᠳᠠᠭᠤᠨ᠎ᠢ ᠣᠯᠵᠤ ᠰᠣᠨᠣᠰᠬᠤ ᠵᠢ ᠦᠨᠡᠨ ᠬᠦ᠌ ᠪᠠᠲᠤᠯᠠᠵᠤ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ᠎ᠢᠶᠠᠷ ᠳᠠᠮᠵᠢᠭᠤᠯᠤᠨ ᠤᠯᠤᠰ ᠣᠷᠣᠨ ᠪᠠ ᠦᠨᠳᠦᠰᠦᠲᠡᠨ᠎ᠦ ᠢᠷᠡᠭᠡᠳᠦᠢ ᠬᠤᠪᠢ ᠵᠠᠶᠠᠭ᠎ᠠ᠎ᠶ᠋ᠢ ᠠᠷᠠᠳ ᠲᠦᠮᠡᠨ᠎ᠦ ᠭᠠᠷ᠎ᠲᠤ ᠪᠠᠲᠤ ᠡᠵᠡᠮᠱᠢᠭᠦᠯᠬᠦ ᠬᠡᠷᠡᠭᠲᠡᠢ᠃

ᠡᠨᠡ ᠵᠢᠯ ᠪᠣᠯ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠬᠤ ᠡᠬᠢᠯᠡᠯᠲᠡ᠎ᠶ᠋ᠢᠨ ᠵᠢᠯ ᠮᠥᠨ᠂ ᠪᠠᠰᠠ ᠴᠤ᠌ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠵᠢᠴᠢ ᠲᠡᠭᠦᠨ᠎ᠦ ᠪᠠᠢᠩᠭᠤ᠎ᠶ᠋ᠢᠨ ᠬᠣᠷᠢᠶᠠᠨ᠎ᠤ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠠᠩᠬᠠᠨ᠎ᠤ ᠵᠢᠯ ᠮᠥᠨ᠃ ᠱᠢᠨ᠎ᠡ ᠬᠠᠷᠠᠯᠲᠠ ᠲᠡᠢᠰᠢ ᠡᠷᠡᠮᠡᠬᠡᠢᠯᠡᠨ ᠤᠷᠤᠭ᠍ᠰᠢᠯᠠᠬᠤ ᠳ᠋ᠤ᠂ ᠪᠢᠳᠠ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ ᠎ᠤᠨ ᠲᠥᠪ ᠬᠤᠷᠢᠶ᠎ᠠ ᠵᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ ᠂ 《 ᠬᠣᠶᠠᠷ᠎ᠢ ᠲᠣᠭ᠍ᠲᠠᠭᠠᠭᠰᠠᠨ 》 ᠤ᠋ ᠱᠢᠢᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠭᠦᠨᠵᠡᠭᠡᠢ ᠣᠢᠯᠠᠭᠠᠵᠤ᠂ 《 ᠲᠦᠷᠪᠡᠨ ᠤᠬᠠᠮᠰᠠᠷ 》 ᠵᠢᠡᠨ ᠴᠢᠩᠭᠠᠳᠭᠠᠵᠤ᠂ 《 ᠲᠦᠷᠪᠡᠨ ᠢᠲᠡᠭᠡᠯ 》 ᠵᠢᠡᠨ ᠪᠠᠲᠤᠳᠭᠠᠵᠤ ᠂ 《 ᠬᠣᠶᠠᠷ᠎ᠢ ᠬᠠᠮᠠᠭᠠᠯᠠᠬᠤ》ᠵᠢ ᠪᠡᠶᠡᠯᠡᠭᠦᠯᠵᠦ᠂ ᠲᠡᠦᠬᠡ᠎ᠶ᠋ᠢᠨ ᠢᠲᠡᠭᠡᠯ᠎ᠢᠶᠡᠨ ᠪᠠᠲᠤᠳᠭᠠᠵᠤ ᠂ ᠲᠡᠦᠬᠡ᠎ᠶ᠋ᠢᠨ ᠰᠠᠨᠠᠭᠠᠴᠢᠯᠠᠭᠠᠲᠤ ᠴᠢᠨᠠᠷ᠎ᠢ᠋ᠢᠡᠨ ᠴᠢᠩᠭᠠᠳᠭᠠᠵᠤ᠂ ᠡᠷᠡᠯᠬᠡᠭ᠌ᠯᠡᠨ ᠤᠷᠤᠭ᠍ᠰᠢᠯᠠᠬᠤ ᠬᠦᠴᠦᠨ ᠴᠢᠳᠠᠯ᠎ᠢ᠋ᠢᠡᠨ ᠬᠥᠭ᠌ᠵᠢᠭᠡᠵᠦ᠍᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠱᠢᠨ᠎ᠡ ᠴᠠᠭ ᠦᠶ᠎ᠡ᠎ᠶ᠋ᠢᠨ ᠢᠷᠠᠭᠤ ᠬᠠᠭᠤᠳᠠᠰᠤ᠎ᠶ᠋ᠢ ᠪᠢᠴᠢᠭ᠌ᠯᠡᠵᠦ᠍᠂ ᠲᠡᠦᠬᠡ᠎ᠶ᠋ᠢᠨ ᠱᠢᠨ᠎ᠡ ᠠᠭᠤᠤ ᠦᠢᠯᠡᠰ᠎ᠢ ᠪᠦᠳᠦᠬᠡᠳᠦᠬᠡᠢ᠃

ᠶᠡᠬᠡ ᠬᠤᠷᠠᠯ᠎ᠤᠨ ᠲᠡᠭᠦᠰ ᠠᠮᠵᠢᠯᠲᠠ ᠲᠠᠢ ᠬᠤᠷᠠᠯᠳᠤᠬᠤ᠎ᠶ᠋ᠢ ᠵᠥᠩᠨᠡᠶ᠎ᠡ!

(ᠱᠢᠨᠬᠤᠸᠠ ᠬᠤᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 4 ᠎ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠮᠦᠩᠭᠦᠨᠬᠤᠸᠠᠷ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面