2023-03-05 13:20:47
ᠯᠢ ᠵᠠᠨ ᠱᠤ᠌ ᠬᠤᠷᠠᠯ ᠢ ᠡᠷᠬᠢᠯᠡᠪᠡ
ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ 4 ᠤ᠋ ᠦᠳᠡ᠎ᠶᠢᠨ ᠡᠮᠦᠨ᠎ᠡ ᠪᠡᠭᠡᠵᠢᠩ᠎ᠦᠨ ᠠᠷᠠᠳ᠎ᠤᠨ ᠶᠡᠬᠡ ᠬᠤᠷᠠᠯ ᠤ᠋ᠨ ᠳᠠᠩᠬᠢᠮ ᠳ᠋ᠤ ᠵᠠᠭᠤ ᠭᠤᠴᠢᠨ ᠵᠢᠷᠭᠤᠳᠤᠭᠠᠷ ᠤᠳᠠᠭ᠎ᠠ ᠵᠢᠨ ᠬᠣᠷᠢᠶᠠᠨ ᠳᠠᠷᠤᠭ᠎ᠠ ᠵᠢᠨ ᠬᠤᠷᠠᠯ ᠬᠤᠷᠠᠯᠳᠤᠭᠤᠯᠪᠠ᠃ ᠬᠤᠷᠢᠶᠠᠨ ᠳᠠᠷᠤᠭ᠎ᠠ ᠯᠢ ᠵᠠᠨ ᠱᠤ᠌ ᠬᠤᠷᠠᠯ᠎ᠢ ᠡᠷᠭᠢᠯᠡᠪᠡ ᠃
ᠬᠤᠷᠠᠯ᠎ᠠᠴᠠ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠨᠠᠷᠢᠨ ᠪᠢᠴᠢᠭ᠎ᠦᠨ ᠳᠠᠷᠤᠭ᠎ᠠ ᠶᠠᠩ ᠵᠧᠨ ᠦ᠋᠎ᠶᠢᠨ ᠬᠢᠭᠰᠡᠨ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠤᠨ ᠲᠡᠷᠢᠭᠦᠯᠡᠭᠴᠢᠳ᠎ᠦᠨ ᠪᠦᠯᠬᠦᠮ ᠪᠣᠯᠣᠨ ᠨᠠᠷᠢᠨ ᠪᠢᠴᠢᠭ᠎ᠦᠨ ᠳᠠᠷᠤᠭ᠎ᠠ᠎ᠶᠢᠨ ᠨᠡᠷᠡᠰ᠎ᠦᠨ ᠲᠥᠰᠥᠯ᠂ ᠵᠥᠪᠯᠡᠬᠦ ᠵᠦᠢᠯ᠎ᠦᠨ ᠲᠥᠰᠥᠯ᠎ᠢ ᠬᠢᠨᠠᠨ ᠵᠥᠪᠯᠡᠭᠰᠡᠨ ᠪᠠᠢᠳᠠᠯ᠎ᠤᠨ ᠲᠤᠬᠠᠢ ᠬᠠᠷᠢᠭᠤ ᠮᠡᠳᠡᠭᠦᠯᠦᠯᠲᠡ᠎ᠶᠢ ᠰᠣᠨᠣᠰᠴᠤ᠂ ᠬᠣᠶᠠᠷ ᠲᠥᠰᠥᠯ᠎ᠢ ᠲᠤᠰ ᠲᠤᠰ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠤᠨ ᠪᠡᠯᠡᠳᠬᠡᠯ ᠬᠤᠷᠠᠯ᠎ᠳᠤ ᠳᠡᠪᠰᠢᠭᠦᠯᠦᠨ ᠰᠤᠩᠭᠤᠭᠤᠯᠢ ᠬᠢᠯᠬᠡᠬᠦ ᠪᠠ ᠪᠠᠳᠤᠯᠠᠯᠳᠠ ᠬᠢᠯᠬᠡᠬᠦ ᠪᠡᠷ ᠳᠤᠭᠳᠠᠵᠠᠢ᠃
ᠦᠨᠳᠦᠰᠦᠨ ᠬᠠᠤᠯᠢ ᠪᠠ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠵᠣᠬᠢᠶᠠᠨ ᠪᠠᠶ᠋ᠢᠭᠤᠯᠬᠤ ᠬᠠᠤᠯᠢ᠎ᠶᠢᠨ ᠲᠣᠭᠲᠠᠭᠠᠯ ᠵᠢᠡᠷ᠂ ᠬᠣᠷᠢᠶᠠᠨ ᠳᠠᠷᠤᠭ᠎ᠠ ᠵᠢᠨ ᠬᠤᠷᠠᠯ ᠨᠢ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠤᠷᠢᠶ᠎ᠠ ᠵᠢᠨ ᠴᠢᠬᠤᠯᠠ ᠡᠳᠦᠷ ᠳᠤᠳᠤᠮ᠎ᠤᠨ ᠠᠵᠢᠯ ᠢ᠋ ᠬᠠᠷᠢᠭᠤᠴᠠᠨ ᠰᠢᠢᠳᠪᠦᠷᠢᠯᠡᠨ᠎ᠡ᠃
2018 ᠣᠨ᠎ᠤ 3 ᠰᠠᠷ᠎ᠠ᠎ᠠᠴᠠ ᠨᠠᠭᠠᠰᠢ ᠂ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ ᠬᠣᠷᠢᠶᠠᠨ ᠳᠠᠷᠤᠭ᠎ᠠ ᠵᠢᠨ ᠬᠤᠷᠠᠯ᠎ᠠᠴᠠ ᠰᠢ᠎ᠶᠢᠨ ᠫᠢᠩ ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ ᠣᠨᠴᠠᠭᠠᠢᠯᠠᠨ ᠶᠡᠷᠦᠩᠬᠡᠢ ᠱᠦᠵᠢ ᠰᠢ᠎ᠶᠢᠨ ᠫᠢᠩ ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠴᠢᠬᠤᠯᠠ ᠦᠵᠡᠯ ᠰᠠᠨᠠᠭ᠎ᠠ ᠵᠢ ᠪᠦᠬᠦ ᠳᠠᠯ᠎ᠠ ᠪᠡᠷ ᠳᠤᠭᠤᠰᠢᠯᠠᠭᠤᠯᠵᠤ᠂ ᠪᠦᠬᠦ ᠶᠠᠪᠤᠴᠠ᠎ᠶᠢᠨ ᠠᠷᠠᠳ᠎ᠤᠨ ᠠᠷᠠᠳᠴᠢᠯᠠᠯ᠎ᠤᠨ ᠴᠢᠬᠤᠯᠠ ᠶᠡᠬᠡ ᠣᠢᠯᠠᠭᠠᠭᠳᠠᠬᠤᠨ᠎ᠢ ᠦᠢᠯᠡᠳᠦᠯᠭᠡᠵᠢᠭᠦᠯᠵᠦ᠂ ᠰᠢᠨ᠎ᠡ ᠴᠠᠭ ᠦᠶ᠎ᠡ᠎ᠶᠢᠨ ᠰᠢᠨ᠎ᠡ ᠠᠶᠠᠨ᠎ᠳᠠᠬᠢ ᠨᠠᠮ ᠪᠣᠯᠣᠨ ᠤᠯᠤᠰ᠎ᠤᠨ ᠭᠣᠣᠯ ᠡᠭᠦᠷᠭᠡ᠎ᠶᠢᠨ ᠲᠣᠭᠣᠷᠢᠨ᠎ᠳᠤ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠵᠦ᠂ ᠰᠢᠨ᠎ᠡ ᠴᠠᠭ ᠦᠶ᠎ᠡ᠎ᠶᠢᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠠᠵᠢᠯ᠎ᠤᠨ ᠴᠢᠨᠠᠷ ᠰᠠᠢᠲᠠᠢ ᠬᠥᠭᠵᠢᠯᠲᠡ᠎ᠳᠦ ᠴᠢᠬᠤᠯᠠ ᠬᠤᠪᠢ ᠨᠡᠮᠡᠷᠢ ᠦᠵᠡᠭᠦᠯᠪᠡ᠃
ᠪᠦᠬᠦ ᠤᠯᠤᠰ ᠤ᠋ᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢ᠍ᠢᠩᠭᠤ ᠵᠢᠨ ᠬᠤᠷᠢᠶ᠎ᠠ ᠵᠢᠨ ᠳᠡᠳ᠋ ᠬᠣᠷᠢᠶᠠᠨ ᠳᠠᠷᠤᠭ᠎ᠠ ᠸᠠᠩ ᠴᠧᠨ ᠂ ᠼᠤᠤ ᠵᠢᠶᠠᠨ ᠮᠢᠩ ᠂ ᠵᠠᠩ ᠴᠦᠨ ᠰᠢᠶᠠᠨ ᠂ ᠱᠧᠨ ᠶᠤᠸᠠᠢ ᠶᠤᠸᠠᠢ ᠂ ᠵᠢᠢ ᠪᠢᠩ ᠰᠢᠤᠸᠠᠨ ᠂ ᠠᠶ᠋ᠢᠯᠢᠭᠧᠩ ·ᠢᠮᠢᠩᠪᠠᠬᠠᠶ ᠂ ᠸᠠᠨ ᠧ ᠰᠢᠶᠠᠩ᠂ ᠴᠧᠨ ᠵᠣ᠌᠂ ᠸᠠᠩ ᠳ᠋ᠦᠩ ᠮᠢᠩ ᠂ ᠪᠠᠳᠮᠠᠫᠧᠷᠠᠩᠯᠠᠢ᠂ ᠳ᠋ᠢᠩ ᠵᠥᠩ ᠯᠢ᠂ ᠬᠤᠤ ᠮᠢᠩ ᠵᠢᠨ᠂ ᠼᠠᠢ ᠳᠠ ᠹᠧᠩ ᠂ ᠦ᠋ ᠸᠧᠢ ᠬᠤᠸᠠ ᠬᠤᠷᠠᠯ᠎ᠳᠤ ᠣᠷᠣᠯᠴᠠᠪᠠ ᠃
3 ᠤ᠋ ᠦᠳᠡ᠎ᠶᠢᠨ ᠬᠣᠢᠨ᠎ᠠ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠳᠤ ᠣᠷᠤᠯᠴᠠᠬᠤ ᠡᠯ᠎ᠡ ᠲᠥᠯᠥᠭᠡᠯᠡᠭᠴᠢᠳ᠎ᠦᠨ ᠪᠦᠯᠬᠦᠮ ᠬᠤᠷᠠᠯ ᠬᠤᠷᠠᠯᠳᠤᠭᠤᠯᠵᠤ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠤᠨ ᠲᠡᠷᠢᠭᠦᠯᠡᠭᠴᠢᠳ᠎ᠦᠨ ᠪᠦᠯᠬᠦᠮ ᠪᠠ ᠨᠠᠷᠢᠨ ᠪᠢᠴᠢᠭ᠎ᠦᠨ ᠳᠠᠷᠤᠭ᠎ᠠ᠎ᠶᠢᠨ ᠨᠡᠷᠡᠰ᠎ᠦᠨ ᠲᠦᠰᠦᠯ᠂ ᠵᠦᠪᠯᠡᠬᠦ ᠵᠦᠢᠯ᠎ᠤᠨ ᠲᠦᠰᠦᠯ ᠢ᠋ ᠬᠢᠨᠠᠨ ᠵᠦᠪᠯᠡᠪᠡ᠃
(ᠰᠢᠨᠬᠤᠸᠠ ᠬᠣᠷᠢᠶᠠᠨ᠎ᠤ ᠪᠡᠭᠡᠵᠢᠩ᠎ᠦᠨ 3 ᠰᠠᠷ᠎ᠠ᠎ᠶᠢᠨ 4 ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠮᠦᠩᠭᠦᠨᠬᠤᠸᠠᠷ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃