2023ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2023-03-05 13:15:52

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ 5 ᠎ᠤ᠋ ᠦᠳᠡ ᠵᠢᠨ ᠡᠮᠦᠨᠡᠬᠢ 9 ᠴᠠᠭ ᠲᠤ᠌ ᠠᠷᠠᠳ᠎ᠤᠨ ᠶᠡᠬᠡ ᠬᠤᠷᠠᠯ᠎ᠤᠨ ᠲᠠᠩᠬᠢᠮ ᠳ᠋ᠤ ᠡᠬᠢᠯᠡᠵᠦ᠂ ᠲᠥᠷᠥ᠍᠎ᠶᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢᠳ ᠯᠢ ᠺᠧ ᠴᠢᠶᠠᠩ᠎ᠤᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ ᠢ᠋ ᠰᠤᠨᠤᠰᠴᠤ᠂ ᠲᠥᠷᠥ᠍᠎ᠶᠢᠨ ᠶᠠᠪᠤᠳᠠᠯ᠎ᠤᠨ ᠬᠣᠷᠢᠶᠠᠨ᠎ᠤ 2022 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ ᠲᠥᠯᠥᠪᠯᠡᠭᠡ᠎ᠶᠢ ᠬᠡᠷᠡᠭᠵᠢᠭᠦᠯᠦᠭᠰᠡᠨ ᠪᠠᠢᠳᠠᠯ ᠬᠢᠭᠡᠳ 2023 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ ᠲᠥᠯᠥᠪᠯᠡᠭᠡ᠎ᠶᠢᠨ ᠲᠥᠰᠥᠯ᠎ᠦᠨ ᠲᠤᠬᠠᠢ ᠮᠡᠳᠡᠭᠦᠯᠦᠯᠲᠡ ᠵᠢᠴᠢ 2023 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ ᠲᠥᠯᠥᠪᠯᠡᠭᠡ᠎ᠶᠢᠨ ᠲᠥᠰᠥᠯ᠎ᠢ ᠬᠢᠨᠠᠨ ᠪᠠᠢᠴᠠᠭᠠᠵᠤ᠂ ᠲᠦᠷᠦ᠎ᠶᠢᠨ ᠶᠠᠪᠤᠳᠠᠯ᠎ᠤᠨ ᠬᠣᠷᠢᠶᠠᠨ᠎ᠤ 2022 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠥᠪ᠎ᠢ ᠭᠦᠢᠴᠡᠳᠬᠡᠭᠰᠡᠨ ᠪᠠᠢᠳᠠᠯ ᠪᠣᠯᠣᠨ 2023 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠥᠪ᠎ᠦᠨ ᠲᠥᠰᠥᠯ᠎ᠦᠨ ᠲᠤᠬᠠᠢ ᠮᠡᠳᠡᠭᠦᠯᠦᠯᠲᠡ ᠵᠢᠴᠢ 2023 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠥᠪ᠎ᠦᠨ ᠲᠥᠰᠥᠯ᠎ᠢ ᠬᠢᠨᠠᠨ ᠪᠠᠢᠴᠠᠭᠠᠨ᠎ᠠ᠂ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠤᠷᠢᠶ᠎ᠠ ᠵᠢᠨ ᠳᠡᠳ᠋ ᠬᠣᠷᠢᠶᠠᠨ ᠳᠠᠷᠤᠭ᠎ᠠ ᠸᠠᠩ ᠴᠧᠨ᠎ᠦ ᠬᠢᠭᠰᠡᠨ ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠬᠠᠤᠯᠢ ᠲᠣᠭᠲᠠᠭᠠᠬᠤ ᠬᠠᠤᠯᠢ᠎ᠳᠤ ᠵᠠᠰᠠᠪᠤᠷᠢ ᠣᠷᠣᠭᠤᠯᠬᠤ ᠲᠦᠰᠦᠯ᠎ᠤᠨ ᠳᠤᠬᠠᠢ ᠳᠤᠳᠤᠷᠬᠠᠢᠯᠠᠯᠳᠠ ᠵᠢ ᠰᠤᠨᠤᠰᠴᠤ᠂ ᠶᠡᠬᠡ ᠬᠤᠷᠠᠯ᠎ᠠᠴᠠ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠤᠰᠬᠠᠢ ᠵᠦᠪᠯᠡᠯ ᠪᠠᠢᠭᠤᠯᠬᠤ ᠲᠤᠬᠠᠢ ᠰᠢᠢᠳᠪᠦᠷᠢ ᠵᠢᠨ ᠲᠦᠰᠦᠯ ᠢ᠋ ᠪᠠᠳᠤᠯᠠᠨ᠎ᠠ᠂ ᠶᠡᠬᠡ ᠬᠤᠷᠠᠯ᠎ᠡᠴᠡ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠳᠤᠰᠬᠠᠢ ᠵᠦᠪᠯᠡᠯ᠎ᠤᠨ ᠡᠷᠬᠢᠯᠡᠭᠴᠢ ᠭᠡᠰᠢᠭᠦᠨ᠂ ᠳᠡᠳ᠋ ᠡᠷᠬᠢᠯᠡᠭᠴᠢ ᠭᠡᠰᠢᠭᠦᠨ᠂ ᠭᠡᠰᠢᠭᠦᠨ᠎ᠢᠶᠡᠷ ᠵᠢᠱ᠌ᠢᠭᠳᠡᠭᠰᠡᠳ᠎ᠢ ᠪᠠᠲᠤᠯᠠᠬᠤ ᠠᠷᠭ᠎ᠠ᠎ᠶᠢᠨ ᠲᠥᠰᠥᠯ᠎ᠢ᠋ ᠪᠠᠳᠤᠯᠠᠨ᠎ᠠ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠦᠨᠳᠦᠰᠦᠨ ᠬᠠᠤᠯᠢ ᠪᠠ ᠬᠠᠤᠯᠢ ᠴᠠᠭᠠᠵᠠ᠎ᠶᠢᠨ ᠵᠦᠪᠯᠡᠯ᠂ ᠡᠳ᠋᠎ᠦᠨ ᠵᠠᠰᠠᠭ ᠠᠵᠤ ᠠᠬᠤᠢ᠎ᠶᠢᠨ ᠵᠦᠪᠯᠡᠯ᠎ᠤᠨ ᠡᠷᠬᠢᠯᠡᠭᠴᠢ ᠭᠡᠰᠢᠭᠦᠨ᠂ ᠳᠡᠳ᠋ ᠡᠷᠬᠢᠯᠡᠭᠴᠢ ᠭᠡᠰᠢᠭᠦᠨ᠂ ᠭᠡᠰᠢᠭᠦᠨ᠎ᠢᠶᠡᠷ ᠵᠢᠱ᠌ᠢᠭᠳᠡᠭᠰᠡᠳ᠎ᠦᠨ ᠬᠤᠶᠠᠷ ᠬᠤᠪᠢ ᠨᠡᠷᠡᠰ᠎ᠦᠨ ᠲᠥᠰᠥᠯ᠎ᠢ ᠪᠠᠲᠤᠯᠠᠨ᠎ᠠ᠃ ᠦᠳᠡ᠎ᠶᠢᠨ ᠬᠣᠢᠨ᠎ᠠ᠂ ᠡᠯ᠎ᠡ ᠲᠥᠯᠥᠭᠡᠯᠡᠭᠴᠢᠳ᠎ᠦᠨ ᠪᠦᠯᠬᠦᠮ ᠪᠥᠬᠥᠳᠡ ᠬᠤᠷᠠᠯ ᠬᠢᠵᠦ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠢ ᠬᠢᠨᠠᠨ ᠵᠦᠪᠯᠡᠨ᠎ᠡ᠃

5 ᠤ᠋ ᠦᠳᠡ᠎ᠶᠢᠨ ᠡᠮᠦᠨ᠎ᠡ᠂ ᠪᠥᠬᠥ ᠤᠯᠤᠰ᠎ᠤᠨ ᠤᠯᠤᠰ ᠲᠥᠷᠥ᠍᠎ᠶᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶᠠᠨ᠎ᠤ ᠠᠩᠬᠠᠳᠤᠭᠠᠷ ᠬᠤᠷᠠᠯ᠎ᠳᠤ ᠣᠷᠣᠯᠴᠠᠭᠰᠠᠨ ᠪᠥᠬᠥ ᠤᠯᠤᠰ᠎ᠤᠨ ᠤᠯᠤᠰ ᠲᠥᠷᠥ᠍᠎ᠶᠢᠨ ᠵᠥᠪᠯᠡᠯᠭᠡᠨ᠎ᠦ ᠭᠡᠰᠢᠭᠦᠳ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠤᠨ ᠡᠬᠢᠯᠡᠯᠳᠡ ᠵᠢᠨ ᠬᠤᠷᠠᠯ᠎ᠳᠤ ᠰᠤᠯᠠ ᠤᠷᠤᠯᠴᠠᠨ᠎ᠠ᠃ 5 ᠎ᠤ᠋ ᠦᠳᠡ᠎ᠶᠢᠨ ᠬᠣᠢᠨ᠎ᠠ᠂ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶᠠᠨ᠎ᠤ ᠠᠩᠬᠠᠳᠤᠭᠠᠷ ᠬᠤᠷᠠᠯ ᠳᠤᠭᠤᠢᠯᠠᠩ᠎ᠤᠨ ᠬᠤᠷᠠᠯ ᠬᠤᠷᠠᠯᠳᠤᠭᠤᠯᠵᠤ᠂ ᠤᠯᠤᠰ ᠲᠦᠷᠦ᠎ᠶᠢᠨ ᠵᠥᠪᠯᠡᠯᠭᠡᠨ᠎ᠦ ᠪᠠᠢᠩᠭᠤ᠎ᠶᠢᠨ ᠬᠣᠷᠢᠶᠠᠨ᠎ᠤ ᠠᠵᠢᠯ᠎ᠤᠨ ᠮᠡᠳᠡᠬᠦᠯᠦᠯᠳᠡ ᠪᠠ ᠰᠠᠨᠠᠯ ᠳᠤᠷᠠᠳᠤᠯᠭ᠎ᠠ ᠎ᠶᠢᠨ ᠠᠵᠢᠯ᠎ᠤᠨ ᠪᠠᠢᠳᠠᠯ᠎ᠤᠨ ᠮᠡᠳᠡᠬᠦᠯᠦᠯᠳᠡ ᠵᠢ ᠬᠢᠨᠠᠨ ᠵᠦᠪᠯᠡᠨ᠎ᠡ᠃

ᠦᠳᠡ ᠶ᠋ᠢᠨ ᠬᠣᠢᠨᠠᠬᠢ 3 ᠴᠠᠭ᠎ᠲᠤ᠂ ᠪᠦᠬᠦ ᠤᠯᠤᠰ᠎ᠤᠨ ᠤᠯᠤᠰ ᠲᠥᠷᠥ᠍ ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶᠠᠨ᠎ᠤ ᠠᠩᠬᠠᠳᠤᠭᠠᠷ ᠬᠤᠷᠠᠯ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠭᠤᠷᠪᠠᠳᠤᠭᠠᠷ ᠳᠠᠪᠬᠤᠷᠯᠢᠭ᠋᠎ᠤᠨ ᠰᠢᠵᠢᠷ ᠠᠯᠲᠠᠨ ᠲᠢᠩᠬᠢᠮ ᠎ᠳᠦ ᠠᠷᠠᠳᠴᠢᠯᠠᠭᠰᠠᠨ ᠨᠠᠮ ᠪᠦᠯᠦᠭ᠎ᠦᠨ ᠲᠥᠪ ᠬᠣᠷᠢᠶ᠎ᠠ ᠪᠣᠯᠣᠨ ᠪᠦᠬᠦ ᠤᠯᠤᠰ᠎ᠤᠨ ᠦᠢᠯᠡᠳᠪᠦᠷᠢ ᠬᠤᠳᠠᠯᠳᠤᠭᠠᠨ ᠤ᠋ ᠬᠤᠯᠪᠤᠭ᠎ᠠ ᠤᠳᠤᠷᠢᠳᠬᠤ ᠬᠥᠮᠥᠰ᠎ᠦᠨ ᠰᠣᠷᠪᠣᠯᠵᠢᠯᠠᠭ᠍ᠴᠢᠳ᠎ᠤᠨ ᠬᠤᠷᠠᠯ ᠬᠢᠵᠦ᠂ ᠡᠯ᠎ᠡ ᠠᠷᠠᠳᠴᠢᠯᠠᠭᠰᠠᠨ ᠨᠠᠮ ᠪᠦᠯᠦᠭ᠎ᠦᠨ ᠲᠥᠪ ᠬᠣᠷᠢᠶᠠᠨ᠎ᠤ ᠲᠡᠷᠢᠭᠦᠯᠡᠭᠴᠢ ᠪᠣᠯᠣᠨ ᠪᠦᠬᠦ ᠤᠯᠤᠰ᠎ᠤᠨ ᠦᠢᠯᠡᠳᠪᠦᠷᠢ ᠬᠤᠳᠠᠯᠳᠤᠭᠠᠨ ᠤ᠋᠎ᠬᠤᠯᠪᠤᠭ᠎ᠠ ᠵᠢᠨ ᠲᠡᠷᠢᠭᠦᠯᠡᠭᠴᠢ ᠶ᠋ᠢ ᠤᠷᠢᠵᠤ ᠰᠤᠷᠪᠤᠯᠵᠢᠯᠠᠭᠴᠢ ᠵᠢᠨ ᠠᠰᠠᠭᠤᠯᠳᠠ ᠵᠢ ᠬᠠᠷᠢᠭᠤᠯᠤᠨ᠎ᠠ᠃

ᠲᠥᠪ᠎ᠦᠨ ᠷᠠᠳᠢᠣ᠋ ᠲᠧᠯᠸᠢᠰ᠎ᠦᠨ ᠶᠡᠷᠦᠩᠬᠡᠢ ᠬᠣᠷᠢᠶ᠎ᠠ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠤᠨ ᠡᠬᠢᠯᠡᠯᠳᠡ ᠵᠢᠨ ᠬᠤᠷᠠᠯ ᠢ᠋ ᠠᠬᠤᠢ ᠲᠠᠯᠠᠪᠠᠶ ᠶ᠋ᠢᠨ ᠰᠢᠭᠤᠳ ᠨᠡᠪᠲᠡᠷᠡᠭᠦᠯᠭᠡ ᠬᠢᠵᠦ᠂ ᠰᠢᠨᠬᠤᠸᠠ ᠰᠦᠯᠵᠢᠶ᠎ᠡ ᠡᠬᠢᠯᠡᠯᠳᠡ ᠬᠤᠷᠠᠯ ᠢ᠋ ᠠᠬᠤᠢ ᠲᠠᠯᠠᠪᠠᠶ ᠶ᠋ᠢᠨ ᠵᠢᠷᠤᠭ ᠪᠠ ᠦᠰᠦᠭ ᠪᠢᠴᠢᠭ ᠢ᠋ᠶ᠋ᠡᠷ ᠰᠢᠭᠤᠳ ᠨᠡᠪᠲᠡᠷᠡᠭᠦᠯᠬᠡ ᠬᠢᠨ᠎ᠡ᠃

(ᠰᠢᠨᠬᠤᠸᠠ ᠬᠣᠷᠢᠶᠠᠨ᠎ᠤ ᠪᠡᠭᠡᠵᠢᠩ᠎ᠦᠨ 3 ᠰᠠᠷ᠎ᠠ᠎ᠶᠢᠨ 4 ᠤ᠋ ᠴᠠᠬᠢᠯᠭᠠᠨ ᠮᠡᠳᠡᠬᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠮᠦᠩᠭᠦᠨᠬᠤᠸᠠᠷ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面