2023-03-06 09:43:52
ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭ᠌ᠴᠢ ᠰᠢ ᠵᠢᠨ ᠫᠢᠩ 5 ᠤ᠋ ᠦᠳᠡ᠎ᠶ᠋ᠢᠨ ᠬᠣᠢᠨ᠎ᠠ ᠲᠡᠭᠦᠨ ᠤ ᠪᠠᠢᠭ᠎ᠠ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠤᠨ ᠵᠢᠶᠠᠩᠰᠦ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ᠂ ᠴᠢᠨᠠᠷ ᠰᠠᠢᠲᠠᠢ ᠬᠥᠭ᠌ᠵᠢᠯᠲᠡ ᠪᠣᠯ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠎ᠶ᠋ᠢᠨ ᠲᠡᠷᠢᠭᠦᠨ ᠴᠢᠬᠤᠯᠠ ᠡᠭᠦᠷᠭᠡ ᠮᠦᠨ᠃ ᠡᠷᠬᠡᠪᠰᠢ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠢᠮᠠᠭ᠍ᠲᠠ ᠱᠢᠨ᠎ᠡ᠎ᠶ᠋ᠢ ᠡᠭᠦᠳᠬᠦ᠌᠂ ᠵᠣᠬᠢᠴᠠᠩᠭᠤᠢ᠂ ᠪᠣᠬᠢᠷᠲᠤᠯ ᠦᠭᠡᠢ᠂ ᠨᠡᠭᠡᠭᠡᠯᠲᠡᠲᠦ᠂ ᠬᠠᠮᠲᠤ᠎ᠪᠠᠷ ᠡᠳ᠋ᠯᠡᠬᠦ᠌ ᠳᠣᠲᠣᠭᠠᠳᠤ ᠨᠢᠭᠡᠳᠦᠯ᠎ᠢᠶᠡᠷ ᠬᠥᠭ᠌ᠵᠢᠯᠲᠡ᠎ᠶ᠋ᠢ ᠡᠵᠡᠮᠳᠡᠵᠦ᠍᠂ ᠬᠥᠭ᠌ᠵᠢᠯᠲᠡ᠎ᠶ᠋ᠢ ᠬᠡᠮᠵᠢᠵᠦ᠍᠂ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠢ; ᠡᠷᠬᠡᠪᠰᠢ ᠶᠠᠰᠤ ᠴᠢᠨᠠᠷ᠎ᠢ ᠪᠦᠲᠦᠮᠵᠢᠲᠡᠶ ᠳᠡᠭᠡᠭ᠌ᠰᠢᠯᠡᠭᠦᠯᠬᠦ᠌ ᠪᠠ ᠲᠤᠭ᠎ᠠ ᠬᠡᠮᠵᠢᠶ᠎ᠡ᠎ᠶ᠋ᠢ ᠵᠣᠬᠢᠰᠲᠠᠶ ᠨᠡᠮᠡᠭ᠌ᠳᠡᠭᠦᠯᠬᠦ᠌᠎ᠶ᠋ᠢ ᠨᠠᠩ ᠰᠠᠢᠲᠤᠷ ᠨᠢᠭᠡᠳᠦᠯᠲᠡᠶ ᠲᠥᠯᠥᠪᠵᠢᠭᠦᠯᠵᠦ᠍᠂ ᠶᠠᠰᠤ ᠴᠢᠨᠠᠷ᠎ᠢ ᠲᠡᠷᠢᠭᠦᠨ᠎ᠳᠦ ᠲᠠᠯᠪᠢᠬᠤ᠂ ᠦᠷ᠎ᠡ ᠠᠱᠢᠭ᠎ᠢ ᠤᠷᠢᠳ᠎ᠢᠶᠠᠷ ᠪᠣᠳᠣᠯᠬᠢᠯᠠᠬᠤ᠎ᠶ᠋ᠢ ᠢᠮᠠᠭ᠍ᠲᠠ ᠪᠠᠷᠢᠮᠲᠠᠯᠠᠵᠤ᠂ ᠶᠠᠰᠤ ᠴᠢᠨᠠᠷ᠎ᠤᠨ ᠤᠬᠠᠮᠰᠠᠷ᠎ᠢᠶᠠᠨ ᠶᠡᠬᠡᠪᠡᠷ ᠴᠢᠩᠭᠠᠳᠭᠠᠵᠤ᠂ ᠶᠠᠰᠤ ᠴᠢᠨᠠᠷ᠎ᠢ ᠠᠮᠢ ᠨᠠᠰᠤᠪᠤᠯᠭᠠᠨ ᠦᠵᠡᠵᠦ᠍᠂ ᠴᠢᠨᠠᠷ ᠰᠠᠢᠲᠠᠶ ᠪᠠᠢᠬᠤ᠎ᠪᠠᠷ ᠬᠥᠭᠡᠭᠡᠴᠡᠯᠳᠦᠯ ᠪᠣᠯᠭᠠᠬᠤ ᠬᠡᠷᠡᠭ᠌ᠲᠡᠶ; ᠡᠷᠬᠡᠪᠰᠢ ᠥᠭᠡᠷᠡᠴᠢᠯᠡᠯᠲᠡ ᠨᠡᠭᠡᠭᠡᠯᠲᠡ᠎ᠶ᠋ᠢ ᠡᠷᠡᠰ ᠭᠤᠢᠪᠢᠰᠢ ᠥᠬᠡᠶ ᠭᠦᠨᠵᠡᠭᠡᠢᠷᠡᠭᠦᠯᠵᠦ᠂ ᠬᠥᠭ᠌ᠵᠢᠯᠲᠡ᠎ᠶ᠋ᠢᠨ ᠠᠷᠭ᠎ᠠ ᠬᠡᠯᠪᠡᠷᠢ᠎ᠶ᠋ᠢ ᠭᠦᠨᠵᠡᠭᠡᠶ ᠬᠤᠪᠢᠷᠠᠭᠤᠯᠵᠤ᠂ ᠦᠷ᠎ᠡ ᠡᠠᠰᠢᠭ ᠤᠨᠬᠤᠪᠢᠰᠤᠯᠲᠠ᠂ ᠬᠥᠳᠡᠯᠭᠡᠬᠦ᠌ ᠬᠦᠴᠦᠨ᠎ᠦ ᠬᠤᠪᠢᠰᠤᠯᠲᠠ᠎ᠪᠠᠷ ᠶᠠᠰᠤ ᠴᠢᠨᠠᠷ᠎ᠤᠨ ᠬᠤᠪᠢᠰᠤᠯᠲᠠ᠎ᠶ᠋ᠢ ᠠᠬᠢᠭᠤᠯᠵᠤ᠂ ᠦᠷᠭᠦᠯᠵᠢᠯᠡᠬᠦ᠌ ᠴᠢᠨᠠᠷ ᠰᠠᠢᠲᠠᠶ ᠬᠥᠭ᠌ᠵᠢᠯᠲᠡ᠎ᠶ᠋ᠢᠨ ᠪᠠᠢᠭᠤᠯᠤᠮᠵᠢ ᠲᠣᠭ᠍ᠲᠠᠴᠠ᠎ᠶ᠋ᠢ ᠲᠦᠷᠭᠡᠳᠭᠡᠨ ᠪᠦᠷᠢᠯᠳᠦᠭᠦᠯᠬᠦ᠌ ᠬᠡᠷᠡᠭ᠌ᠲᠡᠶ; ᠡᠷᠬᠡᠪᠰᠢ ᠠᠷᠠᠳ ᠲᠦᠮᠡᠨ᠎ᠦ ᠡᠳᠦᠷ ᠢᠷᠡᠬᠦᠶ᠎ᠡ ᠨᠡᠮᠡᠭ᠌ᠳᠡᠵᠦ᠍ ᠪᠠᠢᠭ᠎ᠠ ᠰᠠᠢ᠌ᠨ ᠰᠠᠢᠬᠠᠨ ᠠᠮᠢᠳᠤᠷᠠᠯ᠎ᠤᠨ ᠬᠡᠷᠡᠭ᠌ᠴᠡᠭᠡ᠎ᠶ᠋ᠢ ᠬᠠᠩᠭᠠᠬᠤ᠎ᠪᠠᠷ ᠵᠣᠷᠢᠯᠲᠠ ᠪᠠ ᠲᠤᠰᠤᠯᠳᠠ ᠪᠣᠯᠭᠠᠵᠤ᠂ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠲᠠᠰᠤᠷᠠᠯᠳᠠ ᠦᠭᠡᠢ ᠠᠮᠢᠳᠤᠷᠠᠯ᠎ᠤᠨ ᠴᠢᠨᠠᠷ ᠴᠢᠨᠰᠠᠭ᠎ᠠ ᠪᠣᠯᠭᠠᠨ ᠬᠤᠪᠢᠷᠠᠭᠤᠯᠵᠤ᠂ ᠠᠷᠠᠳ ᠤᠯᠠᠨ᠎ᠤ ᠬᠦᠷᠲᠡᠮᠵᠢ᠎ᠶ᠋ᠢᠨ ᠲᠦᠷᠦᠭ᠌ᠳᠡᠯ᠂ ᠵᠢᠷᠭᠠᠯᠲᠤ ᠲᠦᠷᠦᠭ᠌ᠳᠡᠯ᠂ ᠠᠮᠤᠷ ᠲᠦᠪᠱᠢᠨ᠎ᠦ ᠲᠦᠷᠦᠭ᠌ᠳᠡᠯ᠎ᠢ ᠲᠠᠰᠤᠷᠠᠯᠳᠠ ᠦᠭᠡᠢ ᠨᠡᠮᠡᠭ᠌ᠳᠡᠭᠦᠯᠬᠦ᠌ ᠬᠡᠷᠡᠭ᠌ᠲᠡᠢ ᠭᠡᠵᠦ ᠴᠢᠬᠤᠯᠠᠴᠢᠯᠠᠪᠠ᠃
ᠰᠢ ᠵᠢᠨ ᠫᠢᠩ ᠵᠢᠶᠠᠩᠰᠦ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠳᠦ ᠬᠦᠷᠴᠤ ᠢᠷᠡᠬᠦ᠎ᠳᠤ ᠲᠤᠬᠠᠢ᠎ᠶ᠋ᠢᠨ ᠲᠠᠯᠠᠪᠠᠢ᠎ᠳᠤ ᠨᠢᠵᠢᠭᠢᠨᠡᠲᠡᠯ᠎ᠡ ᠠᠯᠠᠭ᠎ᠠ ᠲᠠᠱᠢᠵᠠᠭᠠᠪᠠ᠃
ᠵᠢᠶᠠᠩᠰᠦ᠎ᠶ᠋ᠢᠨ ᠲᠥᠯᠥᠭᠡᠯᠡᠭ᠌ᠴᠢᠳ᠎ᠦᠨ ᠪᠦᠯᠬᠦᠮ ᠨᠠᠷᠢᠨ ᠬᠢᠨᠠᠮᠠᠭᠠᠶ ᠬᠢᠨᠠᠨ ᠵᠦᠪᠯᠡᠵᠦ᠂ ᠬᠥᠷ ᠬᠥᠭ᠌ᠵᠢᠶᠡᠨ᠎ᠢᠶᠡᠷ ᠪᠢᠯᠬᠠᠵᠤ ᠪᠠᠢᠯ᠎ᠠ᠃ ᠱᠢᠤᠢ ᠺᠦᠨ ᠯᠢᠨ᠂ ᠯᠢᠦ ᠴᠢᠩ᠂ ᠱᠠᠨ ᠽᠸᠩ ᠬᠠᠢ᠂ ᠸᠧᠢ ᠴᠢᠶᠣᠤ ᠂ ᠵᠠᠩ ᠳ᠋ᠠ ᠳ᠋ᠦᠩ᠂ ᠦ᠋ ᠴᠢᠩ ᠸᠸᠨ ᠵᠡᠷᠭᠡ 6 ᠲᠥᠯᠥᠭᠡᠯᠡᠭ᠌ᠴᠢ ᠲᠤᠰ ᠲᠤᠰ ᠪᠦᠬᠦ᠌ ᠤᠯᠤᠰ᠎ᠤᠨ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ᠎ᠳᠤ ᠦᠢᠯᠡᠴᠢᠯᠡᠬᠦ᠌᠂ ᠣᠷᠣᠨ ᠪᠦᠰᠡ᠎ᠶ᠋ᠢᠨ ᠬᠠᠮᠵᠢᠯᠴᠠᠨ ᠱᠢᠨ᠎ᠡ᠎ᠶ᠋ᠢ ᠡᠭᠦᠳᠬᠦ᠌᠎ᠶ᠋ᠢ ᠶᠡᠬᠡᠪᠡᠷ ᠠᠬᠢᠭᠤᠯᠬᠤ᠂ ᠡᠷᠡᠰ ᠭᠤᠢᠪᠢᠰᠢ ᠦᠭᠡᠢ᠎ᠪᠡᠷ ᠦᠢᠯᠡᠳᠬᠦ᠌ ᠦᠢᠯᠡᠰ᠎ᠦᠨ ᠨᠤᠶᠠᠨ ᠤᠷᠬᠢᠯ᠎ᠳᠤ ᠠᠪᠠᠷᠢᠬᠤ᠂ ᠱᠢᠨ᠎ᠡ ᠴᠠᠭ ᠦᠶ᠎ᠡ᠎ᠶ᠋ᠢᠨ 《ᠱᠢᠨ᠎ᠡ ᠲᠠᠷᠢᠶᠠᠴᠢᠨ》 ᠪᠣᠯᠬᠤ᠂ ᠨᠠᠮ᠎ᠤᠨ ᠲᠥᠯᠥᠭᠡ ᠴᠢᠳᠠᠪᠤᠷᠢᠲᠠᠨ ᠬᠥᠮᠦᠵᠢᠭᠦᠯᠬᠦ᠌᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠲᠠᠭᠠᠭᠤᠯᠤᠬ᠍ᠴᠢ ᠪᠣᠯᠬᠤ ᠵᠡᠷᠭᠡ ᠠᠰᠠᠭᠤᠳᠠᠯ᠎ᠤᠨ ᠲᠤᠭᠤᠷᠢᠨ ᠳ᠋ᠤ ᠦᠭᠡ ᠬᠡᠯᠡᠪᠡ᠃ ᠰᠢ ᠵᠢᠨ ᠫᠢᠩ ᠪᠠᠢᠨ ᠲᠠᠬᠢᠨ ᠲᠤᠮᠳᠠ ᠨᠢ ᠦᠭᠡ ᠬᠡᠯᠡᠵᠦ᠍᠂ ᠤᠯᠠᠨ᠎ᠲᠠᠶ ᠪᠤᠳᠤᠯ ᠰᠠᠨᠠᠯ᠎ᠢᠶᠠᠨ ᠰᠣᠯᠢᠯᠴᠠᠪᠠ᠃
ᠣᠯᠠᠨ᠎ᠤ ᠬᠡᠯᠡᠬᠦ᠌᠎ᠶ᠋ᠢ ᠨᠠᠷᠢᠨ ᠬᠢᠨᠠᠮᠠᠭᠠᠶ ᠰᠣᠨᠣᠰᠤᠭ᠍ᠰᠠᠨ᠎ᠤ ᠳᠠᠷᠠᠭ᠎ᠠ ᠰᠢ ᠵᠢᠨ ᠫᠢᠩ ᠦᠭᠡ ᠬᠡᠯᠡᠪᠡ᠃ ᠲᠡᠷᠡ ᠡᠩ ᠲᠡᠷᠢᠭᠦᠨ᠎ᠳᠦ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠵᠥᠪᠱᠢᠶᠡᠷᠡᠵᠦ᠍ ᠪᠠᠢᠬᠤ᠎ᠪᠠᠨ ᠢᠯᠡᠳᠭᠡᠵᠦ᠍᠂ ᠵᠢᠶᠠᠩᠰᠦ᠎ᠶ᠋ᠢᠨ ᠲᠠᠪᠤᠨ ᠵᠢᠯ᠎ᠦᠨ ᠲᠤᠷᠱᠢᠬᠢ ᠠᠵᠤ ᠠᠬᠤᠢ ᠨᠡᠢᠭᠡᠮ᠎ᠦᠨ ᠬᠥᠭ᠌ᠵᠢᠯᠲᠡ ᠪᠣᠯᠤᠨ ᠨᠠᠮ᠎ᠤᠨ ᠪᠠᠢᠭᠤᠯᠤᠯᠲᠠ ᠵᠡᠷᠬᠡ ᠡᠯ᠎ᠡ ᠲᠠᠯ᠎ᠠ᠎ᠶ᠋ᠢᠨ ᠣᠯᠤᠭ᠍ᠰᠠᠨ ᠠᠮᠵᠢᠯᠲᠠ ᠪᠦᠲᠦᠮᠵᠢ᠎ᠶ᠋ᠢ ᠭᠦᠢᠴᠡᠳ ᠨᠤᠲᠠᠯᠠᠵᠤ᠂ ᠵᠢᠶᠠᠩᠰᠦ᠎ᠶ᠋ᠢᠨ ᠬᠢᠨ ᠦᠷᠭᠦᠯᠵᠢᠯᠡᠨ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠡᠷᠡᠮᠡᠬᠡᠢᠯᠡᠨ ᠤᠷᠤᠭ᠍ᠰᠢᠯᠠᠵᠤ᠂ ᠴᠢᠨᠠᠷ ᠰᠠᠢᠲᠠᠢ ᠬᠥᠭ᠌ᠵᠢᠯᠲᠡ᠎ᠶ᠋ᠢᠨ ᠲᠠᠯ᠎ᠠ᠎ᠪᠠᠷ ᠦᠷᠭᠦᠯᠵᠢᠯᠡᠨ ᠡᠮᠦᠨ᠎ᠡ ᠡᠩᠨᠡᠭᠡᠨ᠎ᠳᠦ ᠬᠤᠰᠢᠭᠤᠷᠠᠵᠤ᠂ 《ᠠᠵᠤ ᠠᠬᠤᠢ ᠬᠦᠴᠦᠷᠬᠡᠭ ᠠᠷᠠᠳ ᠲᠦᠮᠡᠨ ᠪᠠᠶᠠᠨ ᠴᠢᠨᠡᠬᠡᠯᠢᠭ ᠤᠷᠴᠢᠨ ᠲᠤᠭᠤᠷᠢᠨ ᠦᠵᠡᠰᠭᠦᠯᠡᠩᠳᠤ ᠰᠠᠢᠬᠠᠨ ᠨᠡᠢᠭᠡᠮ ᠤ᠋ᠨ ᠪᠤᠯᠪᠠᠰᠤᠨ ᠤ᠋ ᠬᠡᠮᠵᠢᠶ᠎ᠠ ᠦᠨᠳᠦᠷ》 ᠱᠢᠨ᠎ᠡ ᠵᠢᠶᠠᠩᠰᠦ᠎ᠶ᠋ᠢᠨ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠳᠦ ᠰᠠᠢ᠌ᠨ ᠰᠠᠢᠬᠠᠨ ᠡᠬᠢᠯᠡᠯᠲᠡ᠎ᠶ᠋ᠢ ᠪᠡᠶᠡᠯᠡᠭᠦᠯᠵᠦ᠍᠂ ᠪᠦᠬᠦ᠌ ᠤᠯᠤᠰ᠎ᠤᠨ ᠶᠡᠬᠡ ᠲᠠᠯ᠎ᠠ᠎ᠳᠤ ᠨᠡᠩ ᠶᠡᠬᠡ ᠱᠢᠨ᠎ᠡ ᠬᠤᠪᠢ ᠨᠡᠮᠡᠷᠢ ᠦᠵᠡᠭᠦᠯᠬᠦ᠌᠎ᠶ᠋ᠢ ᠬᠦᠰᠡᠪᠡ᠃
ᠰᠢ ᠵᠢᠨ ᠫᠢᠩ᠂ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠠᠯ᠎ᠠ ᠪᠡᠷ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠲᠦᠷᠭᠡᠳᠭᠡᠨ ᠪᠡᠶᠡᠯᠡᠭᠦᠯᠬᠦ᠌ ᠪᠣᠯ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠵᠢᠨ ᠵᠠᠢᠯᠠᠰᠢ ᠦᠭᠡᠢ ᠵᠠᠮ ᠮᠥᠨ᠃ ᠤᠯᠠᠨ ᠤᠯᠤᠰ᠎ᠤᠨ ᠬᠤᠷᠴᠠ ᠱᠢᠷᠦᠭᠦᠨ ᠥᠷᠢᠰᠥᠯᠳᠦᠭᠡᠨ᠎ᠦ ᠳᠤᠮᠳᠠ᠂ ᠪᠢᠳᠡ ᠬᠥᠭ᠌ᠵᠢᠯᠲᠡ᠎ᠶ᠋ᠢᠨ ᠱᠢᠨ᠎ᠡ ᠬᠦᠷᠢᠶ᠎ᠡ ᠴᠠᠷᠠᠭ᠎ᠠ ᠱᠢᠨ᠎ᠡ ᠤᠷᠤᠯᠳᠤᠭᠠᠨ᠎ᠤ ᠵᠠᠮ᠎ᠢ ᠨᠡᠭᠡᠭᠡᠵᠦ᠍᠂ ᠬᠥᠭ᠌ᠵᠢᠯᠲᠡ᠎ᠶ᠋ᠢᠨ ᠱᠢᠨ᠎ᠡ ᠬᠥᠳᠡᠯᠭᠡᠬᠦ ᠡᠨ᠋ᠸᠷᠬᠢ ᠱᠢᠨ᠎ᠡ ᠳᠠᠪᠠᠭᠤᠯᠢᠭ᠎ᠢ ᠪᠤᠢ ᠪᠣᠯᠭᠠᠬᠤ᠎ᠳᠤ ᠦᠨᠳᠦᠰᠦᠨ᠎ᠡᠴᠡ ᠨᠢ ᠠᠪᠴᠤ᠌ ᠬᠡᠯᠡᠪᠡᠯ ᠮᠥᠨ ᠯᠡ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠳᠦ ᠲᠦᠱᠢᠭ᠌ᠯᠡᠬᠦ᠌ ᠬᠡᠷᠡᠭ᠌ᠲᠡᠢ᠃ ᠪᠢᠳᠡ ᠨᠡᠢᠭᠡᠮ ᠵᠢᠷᠤᠮᠲᠤ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠬᠤᠭᠤᠴᠠᠭ᠎ᠠ ᠶᠣᠰᠣᠭᠠᠷ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠵᠤ ᠴᠢᠳᠠᠬᠤ ᠡᠰᠡᠬᠦ᠌᠎ᠶ᠋ᠢᠨ ᠵᠠᠩᠭᠢᠯᠠᠭ᠎ᠠ ᠨᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠠᠯ᠎ᠠ ᠪᠡᠷ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠳᠦ ᠪᠠᠢᠨ᠎ᠠ᠃ 《ᠳᠥᠷᠪᠡ᠎ᠳᠤ ᠬᠠᠨᠳᠤᠭᠤᠯᠬᠤ》 ᠶ᠋ᠢ ᠪᠠᠷᠢᠮᠲᠠᠯᠠᠵᠤ᠂ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠶ᠋ᠢ ᠲᠦᠷᠭᠡᠳᠭᠡᠨ ᠬᠡᠷᠡᠭ᠌ᠵᠢᠭᠦᠯᠵᠦ᠍᠂ ᠦᠢᠯᠡᠳᠪᠦᠷᠢᠯᠡᠯ ᠰᠤᠷᠭᠠᠨ ᠬᠦᠮᠦᠵᠢᠯ ᠰᠢᠨᠵᠢᠯᠡᠬᠦ ᠤᠬᠠᠭᠠᠨ ᠤ᠋ ᠰᠤᠳᠤᠯᠭᠠᠨ ᠤ᠋ ᠭᠦᠨᠵᠡᠭᠡᠶ ᠬᠠᠮᠲᠤᠷᠠᠯᠴᠠᠭ᠎ᠠ᠎ᠶ᠋ᠢ ᠠᠬᠢᠭᠤᠯᠵᠤ᠂ ᠴᠢᠬᠤᠯᠠ ᠶᠡᠬᠡ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠠᠪᠴᠠᠩ᠎ᠤᠨ ᠪᠠᠢᠭᠤᠯᠤᠯᠲᠠ᠎ᠶ᠋ᠢ ᠬᠦᠴᠦᠯᠡᠨ ᠴᠢᠩᠭᠠᠳᠭᠠᠵᠤ᠂ ᠣᠷᠣᠢᠯᠠᠭ᠍ᠰᠠᠨ ᠱᠢᠨᠵᠢᠯᠡᠬᠦ᠌ ᠤᠬᠠᠭᠠᠨᠲᠠᠨ ᠲᠦᠷᠦᠭᠦᠯᠡᠨ ᠠᠩᠬᠠᠨ᠎ᠤ ᠡᠭᠦᠳᠦᠯᠲᠡ᠎ᠶ᠋ᠢᠨ ᠴᠢᠨᠠᠷᠲᠠᠶ᠂ ᠬᠥᠲᠥᠯᠥᠨ ᠳᠠᠭᠠᠭᠤᠯᠬᠤ ᠴᠢᠨᠠᠷᠲᠠᠶ ᠱᠢᠨᠵᠢᠯᠡᠬᠦ᠌ ᠤᠬᠠᠭᠠᠨ ᠮᠡᠷᠭᠡᠵᠢᠯ᠎ᠦᠨ ᠪᠣᠭᠣᠮᠲᠠ ᠱᠢᠪᠲᠤᠯᠬᠤ᠎ᠶ᠋ᠢ ᠳᠡᠮᠵᠢᠵᠦ᠍᠂ ᠵᠠᠩᠭᠢᠯᠠᠭ᠎ᠠ᠎ᠶ᠋ᠢᠨ ᠭᠤᠤᠯᠯᠠᠬᠤ ᠮᠡᠷᠭᠡᠵᠢᠯ᠎ᠦᠨ ᠪᠡᠷᠬᠡ ᠰᠡᠳᠦᠪ᠎ᠢ ᠴᠢᠷᠮᠠᠢᠨ ᠱᠢᠶ᠋ᠳᠪᠦᠷᠢᠯᠡᠵᠦ᠍᠂ ᠭᠤᠤᠯᠳᠠᠯᠭ᠎ᠠ᠎ᠲᠠᠶ ᠬᠦᠷᠢᠶ᠎ᠡ ᠴᠠᠷᠠᠭ᠎ᠠ᠂ ᠵᠠᠩᠭᠢᠯᠠᠭ᠎ᠠ᠎ᠶ᠋ᠢᠨ ᠭᠣᠭ᠍ᠴᠣᠭ᠎ᠠ᠎ᠳᠤ ᠪᠡᠶ᠎ᠡ᠎ᠪᠡᠨ ᠳᠠᠭᠠᠭᠠᠵᠤ ᠡᠵᠡᠮᠳᠡᠵᠦ᠍ ᠲᠡᠢᠯᠬᠦ᠎ᠶ᠋ᠢ ᠪᠡᠶᠡᠯᠡᠭᠦᠯᠬᠦ᠌ ᠬᠡᠷᠡᠭ᠌ᠲᠡᠶ᠃ ᠠᠵᠤ ᠠᠬᠤᠢᠯᠠᠯ᠎ᠤᠨ ᠭᠤᠤᠯ ᠴᠣᠭ᠍ᠴᠠ᠎ᠶ᠋ᠢᠨ ᠪᠠᠢᠷᠢ ᠰᠠᠭᠤᠷᠢ᠎ᠶ᠋ᠢ ᠴᠢᠩᠭᠠᠳᠭᠠᠵᠤ᠂ ᠱᠢᠨ᠎ᠡ᠎ᠶ᠋ᠢ ᠡᠭᠦᠳᠬᠦ᠌ ᠬᠡᠯᠬᠢᠶᠡᠠᠵᠤ ᠦᠶ᠋ᠯᠡᠰ᠎ᠦᠨ ᠬᠡᠯᠬᠢᠶ᠎ᠡ ᠪᠠᠯᠠ ᠮᠥᠩᠭᠥᠨ᠎ᠦ ᠬᠡᠯᠬᠢᠶ᠎ᠡ ᠴᠢᠳᠠᠪᠤᠷᠢᠲᠠᠨ᠎ᠤ ᠬᠡᠯᠬᠢᠶ᠎ᠡ᠎ᠶ᠋ᠢᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠡᠯᠪᠡᠷᠢ᠎ᠶ᠋ᠢᠨ ᠭᠤᠤᠯᠯᠠᠭ᠍ᠴᠢ ᠠᠵᠤ ᠠᠬᠤᠢᠯᠠᠯ᠎ᠤᠨ ᠬᠥᠲᠥᠯᠥᠨ ᠳᠠᠭᠠᠭᠤᠯᠵᠤ ᠲᠤᠯᠭᠠᠭᠤᠷᠢᠯᠠᠬᠤ ᠦᠶ᠋ᠯᠡᠳᠦᠯ᠎ᠢ ᠪᠠᠳᠠᠷᠠᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠡᠯᠪᠡᠷᠢ᠎ᠶ᠋ᠢᠨ ᠳᠤᠮᠳᠠ ᠵᠢᠵᠢᠭ ᠪᠢᠴᠢᠯ ᠠᠵᠤ ᠠᠬᠤᠢᠯᠠᠯ᠎ᠤᠨ ᠡᠷᠡᠭᠦᠯ᠎ᠢᠶᠡᠷ ᠪᠣᠢᠵᠢᠬᠤ᠎ᠶ᠋ᠢ ᠠᠬᠢᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠤᠨᠳᠤᠤᠱᠢᠭᠤᠯᠬᠤ ᠪᠠ ᠠᠵᠤ ᠦᠢᠯᠡᠰᠵᠢᠭᠦᠯᠬᠦ᠌ ᠲᠦᠪᠱᠢᠨ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠪᠥᠬᠥ᠌ ᠪᠥᠮᠪᠥᠷᠴᠡᠭ᠎ᠲᠦ ᠨᠥᠯᠥᠭᠡᠯᠡᠬᠦ᠌ ᠬᠦᠴᠦᠨ᠎ᠲᠡᠶ ᠠᠵᠤ ᠦᠶ᠋ᠯᠡᠰ᠎ᠦᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠎ᠢ ᠬᠦᠴᠦᠯᠡᠨ ᠪᠠᠢᠭᠤᠯᠬᠤ ᠬᠡᠷᠡᠭ᠌ᠲᠡᠶ᠃ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠠᠢᠭᠤᠯᠤᠮᠵᠢ ᠵᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠱᠢᠨ᠎ᠡ᠎ᠶ᠋ᠢ ᠡᠭᠦᠳᠬᠦ᠌ ᠰᠣᠶᠣᠯ᠎ᠢ ᠶᠡᠬᠡᠪᠡᠷ ᠪᠣᠢᠵᠢᠭᠤᠯᠤᠨ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠦᠨᠡᠯᠡᠯᠲᠡ᠎ᠶ᠋ᠢᠨ ᠱᠢᠰᠲ᠋ᠧᠮ ᠪᠠ ᠤᠷᠮᠠᠱᠢᠭᠤᠯᠬᠤ ᠲᠣᠭ᠍ᠲᠠᠴᠠ᠎ᠶ᠋ᠢ ᠪᠦᠷᠢᠨᠱᠢᠭᠦᠯᠵᠦ᠍᠂ ᠱᠢᠨ᠎ᠡ᠎ᠶ᠋ᠢ ᠡᠭᠦᠳᠬᠦ᠌ ᠴᠢᠳᠠᠪᠤᠷᠢᠲᠠᠨ᠎ᠤ ᠴᠣᠯᠭᠣᠷᠠᠨ ᠭᠠᠷᠬᠤ᠂ ᠠᠪᠢᠶᠠᠰ ᠴᠢᠳᠠᠪᠤᠷᠢ᠎ᠪᠠᠨ ᠭᠦᠢᠴᠡᠳ ᠪᠠᠳᠠᠷᠠᠭᠤᠯᠬᠤ᠎ᠳᠤ ᠰᠠᠢ᠌ᠨ ᠰᠠᠢᠬᠠᠨ ᠣᠷᠴᠢᠨ ᠨᠥᠬᠥᠴᠡᠯ᠎ᠢ ᠡᠭᠦᠳᠴᠦ᠍ ᠥᠭ᠌ᠬᠦ ᠬᠡᠷᠡᠭ᠌ᠲᠡᠢ ᠭᠡᠵᠤ ᠵᠢᠭᠠᠵᠤ ᠭᠠᠷᠭᠠᠵᠠᠢ᠃
ᠰᠢ ᠵᠢᠨ ᠫᠢᠩ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠳᠭᠡᠨ ᠪᠠᠢᠭᠤᠯᠬᠤ ᠪᠣᠯ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠪᠠᠢᠯᠳᠤᠬᠤ ᠪᠤᠳᠤᠯᠭ᠎ᠠ᠎ᠶ᠋ᠢᠨ ᠦᠨᠳᠦᠰᠦᠨ ᠴᠡᠭ ᠮᠥᠨ᠃ ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠬᠦ᠌ ᠪᠠᠢᠯᠳᠤᠬᠤ ᠪᠤᠳᠤᠯᠭ᠎ᠠ᠎ᠶ᠋ᠢ ᠬᠡᠷᠡᠭ᠌ᠵᠢᠭᠦᠯᠬᠦ᠌᠎ᠶ᠋ᠢ ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠢ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠎ᠲᠡᠶ ᠣᠷᠭᠠᠨᠢᠭ᠎ᠢᠶᠠᠷ ᠤᠶᠠᠯᠳᠤᠭᠤᠯᠵᠤ᠂ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠲᠦᠷᠭᠡᠪᠴᠢᠯᠡᠨ ᠪᠠᠢᠭᠤᠯᠬᠤ ᠬᠡᠷᠡᠭ᠌ᠲᠡᠢ᠃ ᠠᠵᠤ ᠠᠬᠤᠢ᠎ᠶ᠋ᠢ ᠬᠥᠭ᠌ᠵᠢᠭᠦᠯᠬᠦ᠌ ᠬᠦᠴᠦᠯᠡᠬᠦ᠌ ᠴᠡᠭ᠎ᠢ ᠪᠣᠳᠠᠲᠤ ᠴᠣᠭ᠍ᠴᠠ᠎ᠶ᠋ᠢᠨ ᠠᠵᠤ ᠠᠬᠤᠢ ᠳᠡᠭᠡᠷ᠎ᠡ ᠲᠠᠯᠪᠢᠬᠤ᠎ᠶ᠋ᠢ ᠪᠠᠷᠢᠮᠲᠠᠯᠠᠵᠤ᠂ ᠱᠢᠨ᠎ᠡ ᠬᠡᠯᠪᠡᠷᠢ᠎ᠶ᠋ᠢᠨ ᠠᠵᠤ ᠦᠢᠯᠡᠳᠪᠦᠷᠢᠵᠢᠯᠲᠡ᠎ᠶ᠋ᠢ ᠭᠦᠨᠵᠡᠭᠡᠢ ᠠᠬᠢᠭᠤᠯᠵᠤ᠂ ᠠᠵᠤ ᠦᠢᠯᠡᠰ᠎ᠦᠨ ᠰᠠᠭᠤᠷᠢ᠎ᠶ᠋ᠢ ᠲᠠᠬᠢᠨ ᠴᠤᠬᠴᠠᠯᠠᠬᠤ ᠪᠠ ᠴᠢᠬᠤᠯᠠ ᠶᠡᠬᠡ ᠮᠡᠷᠭᠡᠵᠢᠯ ᠲᠣᠨᠣᠭ᠍ᠯᠠᠯ᠎ᠤᠨ ᠪᠣᠭᠣᠮᠲᠠ ᠱᠢᠪᠲᠤᠯᠬᠤ᠎ᠶ᠋ᠢ ᠴᠢᠩᠭᠠᠳᠭᠠᠵᠤ᠂ ᠦᠢᠯᠡᠳᠬᠦ᠌ ᠦᠢᠯᠡᠰ᠎ᠦᠨ ᠳᠡᠭᠡᠳᠦ ᠲᠡᠰᠵᠢᠯᠳᠡ᠂ ᠤᠶᠤᠨᠴᠢᠯᠠᠯᠳᠠ᠂ ᠪᠣᠬᠢᠷᠲᠤᠯ ᠦᠭᠡᠢ ᠬᠥᠭ᠌ᠵᠢᠯᠲᠡ᠎ᠶ᠋ᠢ ᠠᠬᠢᠭᠤᠯᠵᠤ᠂ ᠦᠢᠯᠡᠳᠬᠦ᠌ ᠦᠢᠯᠡᠰ᠎ᠦᠨ ᠬᠦᠴᠦᠷᠬᠡᠭ ᠮᠤᠵᠢ᠎ᠶ᠋ᠢ ᠲᠦᠷᠭᠡᠳᠭᠡᠨ ᠪᠠᠢᠭᠤᠯᠵᠤ᠂ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ᠎ᠢ ᠶᠡᠬᠡᠪᠡᠷ ᠬᠥᠭ᠌ᠵᠢᠭᠦᠯᠵᠦ᠍᠂ ᠲᠣᠭᠠᠴᠢᠯᠠᠭ᠍ᠰᠠᠨ ᠠᠵᠤ ᠠᠬᠤᠢ᠎ᠶ᠋ᠢ ᠲᠦᠷᠭᠡᠳᠭᠡᠨ ᠬᠥᠭ᠌ᠵᠢᠭᠦᠯᠬᠦ᠌ ᠬᠡᠷᠡᠭ᠌ᠲᠡᠢ᠃ ᠥᠨᠳᠥᠷ ᠲᠦᠪᠱᠢᠨ ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶ᠋ᠢᠨ ᠪᠠᠢᠭᠤᠯᠤᠮᠵᠢ᠎ᠶ᠋ᠢ ᠪᠠᠢᠭᠤᠯᠬᠤ᠂ ᠥᠨᠳᠥᠷ ᠲᠦᠪᠱᠢᠨ ᠪᠦᠬᠦᠢ ᠭᠠᠳᠠᠭᠠᠳᠤ ᠨᠡᠬᠡᠬᠡᠯᠳᠡ᠎ᠶ᠋ᠢ ᠠᠬᠢᠭᠤᠯᠬᠤ ᠱᠠᠭᠠᠷᠳᠠᠯᠭ᠎ᠠ ᠶᠣᠰᠣᠭᠠᠷ᠂ ᠭᠣᠣᠯᠳᠠᠯᠭ᠎ᠠ᠎ᠲᠠᠶ ᠬᠦᠷᠢᠶᠡᠨ ᠳ᠋ᠡᠬᠢ ᠥᠭᠡᠷᠡᠴᠢᠯᠡᠯᠲᠡ᠎ᠶ᠋ᠢ ᠭᠦᠨᠵᠡᠭᠡᠢ ᠠᠬᠢᠭᠤᠯᠵᠤ᠂ ᠣᠳᠣᠬᠢᠴᠢᠯᠠᠭ᠍ᠰᠠᠨ ᠰᠠᠭᠤᠷᠢ ᠲᠥᠬᠥᠭᠡᠷᠦᠮᠵᠢ᠎ᠶ᠋ᠢᠨ ᠱᠢᠰᠲ᠋ᠧᠮ ᠪᠣᠯᠤᠨ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ᠎ᠦᠨ ᠱᠢᠰᠲ᠋ᠧᠮ᠎ᠦᠨ ᠪᠠᠢᠭᠤᠯᠤᠯᠲᠠ᠎ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠳᠦᠷᠢᠮ᠎ᠦᠨ ᠮᠠᠶᠢᠭ᠎ᠤᠨ ᠨᠡᠬᠡᠬᠡᠯᠳᠡ᠎ᠶ᠋ᠢ ᠯᠠᠪᠳᠠᠭᠤᠨ᠎ᠢᠶᠠᠷ ᠥᠷᠭᠡᠳᠭᠡᠬᠦ᠌ ᠬᠡᠷᠡᠭ᠌ᠲᠡᠢ ᠬᠡᠵᠤ ᠵᠢᠭᠠᠵᠤ ᠭᠠᠷᠭᠠᠪᠠ᠃
ᠰᠢ ᠵᠢᠨ ᠫᠢᠩ᠂ ᠬᠥᠳᠡᠭᠡ ᠠᠵᠤ ᠠᠬᠤᠢ᠎ᠶ᠋ᠢᠨ ᠬᠦᠴᠦᠷᠬᠡᠭ ᠤᠯᠤᠰ ᠪᠣᠯ ᠨᠡᠢᠭᠡᠮ ᠵᠢᠷᠤᠮᠳᠤ ᠣᠳᠣᠬᠢᠴᠢᠯᠠᠭ᠍ᠰᠠᠨ ᠬᠦᠴᠦᠷᠬᠡᠭ ᠤᠯᠤᠰ᠎ᠤᠨ ᠦᠨᠳᠦᠰᠦ ᠰᠠᠭᠤᠷᠢ ᠮᠥᠨ᠂ ᠬᠥᠳᠡᠭᠡ ᠠᠵᠤ ᠠᠬᠤᠢ᠎ᠶ᠋ᠢᠨ ᠣᠳᠣᠬᠢᠴᠢᠯᠠᠯᠲᠠ᠎ᠶ᠋ᠢ ᠠᠬᠢᠭᠤᠯᠬᠤ ᠪᠣᠯ ᠴᠢᠨᠠᠷ ᠰᠠᠢᠲᠠᠢ ᠬᠥᠭ᠌ᠵᠢᠯᠲᠡ᠎ᠶ᠋ᠢ ᠪᠡᠶᠡᠯᠡᠭᠦᠯᠬᠦ᠌᠎ᠶ᠋ᠢᠨ ᠵᠠᠢᠯᠠᠰᠢ ᠦᠭᠡᠢ ᠱᠠᠭᠠᠷᠳᠠᠯᠭ᠎ᠠ ᠮᠥᠨ᠃ ᠲᠠᠷᠢᠶᠠᠨ ᠭᠠᠵᠠᠷ᠎ᠤᠨ ᠤᠯᠠᠭᠠᠨ ᠱᠤᠭᠤᠮ᠎ᠢ ᠴᠢᠩᠭ᠎ᠠ ᠰᠠᠬᠢᠵᠤ᠂ ᠠᠮᠤ ᠪᠤᠳᠠᠭ᠎ᠠ ᠲᠠᠷᠢᠬᠤ ᠲᠠᠯᠠᠪᠠᠢ᠎ᠶ᠋ᠢ ᠲᠣᠭ᠍ᠲᠠᠪᠤᠷᠢᠵᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠵᠤ᠂ ᠠᠮᠤ ᠪᠤᠳᠠᠭ᠎ᠠ ᠪᠣᠯᠤᠨ ᠴᠢᠬᠤᠯᠠ ᠲᠠᠷᠢᠶᠠᠯᠠᠩ᠎ᠤᠨ ᠪᠦᠲᠦᠭᠡᠭ᠌ᠳᠡᠬᠦᠨ᠎ᠦ ᠲᠣᠭ᠍ᠲᠠᠭᠤᠨ ᠠᠮᠤᠷ ᠲᠦᠪᠱᠢᠨ ᠬᠠᠩᠭᠠᠯᠭ᠎ᠠ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ᠃ ᠠᠵᠤ ᠦᠢᠯᠡᠰ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢᠨ ᠭᠣᠣᠯᠳᠠᠯᠭ᠎ᠠ᠎ᠶ᠋ᠢᠨ ᠲᠤᠳᠤᠷᠠᠬᠢ ᠭᠣᠣᠯᠳᠠᠯᠭ᠎ᠠ ᠪᠣᠯᠭᠠᠵᠤ᠂ ᠬᠥᠳᠡᠭᠡ ᠠᠵᠤ ᠠᠬᠤᠢ᠎ᠶ᠋ᠢᠨ ᠠᠵᠤ ᠦᠢᠯᠡᠰ᠎ᠦᠨ ᠬᠡᠯᠬᠢᠢ᠎ᠡ᠎ᠶ᠋ᠢ ᠢᠳᠡᠪᠬᠢᠲᠡᠢ᠎ᠪᠡᠷ ᠤᠷᠲᠤᠳᠭᠠᠨ ᠥᠷᠭᠡᠳᠭᠡᠵᠦ᠍᠂ ᠬᠥᠳᠡᠭᠡ ᠲᠣᠰᠭᠣᠨ᠎ᠤ ᠱᠢᠨ᠎ᠡ ᠠᠵᠤ ᠦᠢᠯᠡᠰ ᠱᠢᠨ᠎ᠡ ᠡᠵᠡᠩᠨᠡᠯᠲᠡ᠎ᠶ᠋ᠢᠨ ᠬᠡᠯᠪᠡᠷᠢ᠎ᠶ᠋ᠢ ᠪᠣᠢᠵᠢᠭᠤᠯᠤᠨ ᠬᠥᠭ᠌ᠵᠢᠭᠦᠯᠵᠦ᠍᠂ ᠲᠠᠷᠢᠶᠠᠴᠢᠳ᠎ᠤᠨ ᠣᠷᠣᠯᠭ᠎ᠠ᠎ᠶ᠋ᠢ ᠨᠡᠮᠡᠭ᠌ᠳᠡᠭᠦᠯᠦᠨ ᠪᠠᠶᠠᠵᠢᠭᠤᠯᠬᠤ ᠠᠷᠭ᠎ᠠ ᠵᠠᠮ᠎ᠢ ᠲᠠᠰᠤᠷᠠᠯᠳᠠ ᠦᠭᠡᠢ ᠥᠷᠭᠡᠳᠭᠡᠬᠦ᠌ ᠬᠡᠷᠡᠭ᠌ᠲᠡᠢ᠃ ᠪᠠᠯᠭᠠᠰᠤ ᠲᠣᠰᠭᠣᠨ᠎ᠤ ᠪᠠᠢᠷᠢᠱᠢᠭᠤᠯᠤᠯᠲᠠ᠎ᠶ᠋ᠢᠨ ᠲᠥᠯᠥᠪᠵᠢᠭᠦᠯᠭᠡ᠎ᠶ᠋ᠢ ᠱᠢᠯᠢᠳᠡᠭ᠌ᠵᠢᠭᠦᠯᠵᠦ᠍᠂ ᠬᠥᠳᠡᠭᠡ ᠲᠣᠰᠭᠣᠨ᠎ᠤ ᠰᠠᠭᠤᠷᠢ ᠲᠥᠬᠥᠭᠡᠷᠦᠮᠵᠢ ᠪᠣᠯᠤᠨ ᠤᠯᠠᠨ ᠨᠡᠢᠲᠡ᠎ᠶ᠋ᠢᠨ ᠦᠢᠯᠡᠴᠢᠯᠡᠭᠡᠨ᠎ᠦ ᠱᠢᠰᠲ᠋ᠧᠮ᠎ᠦᠨ ᠪᠠᠢᠭᠤᠯᠤᠯᠲᠠ᠎ᠶ᠋ᠢ ᠨᠢᠭᠡᠳᠦᠯᠲᠡᠢ ᠲᠥᠯᠥᠪᠵᠢᠭᠦᠯᠵᠦ᠍᠂ ᠬᠥᠳᠡᠭᠡ ᠲᠣᠰᠭᠣᠨ᠎ᠤ ᠬᠥᠮᠦᠰ᠎ᠦᠨ ᠣᠷᠣᠱᠢᠨ ᠰᠠᠭᠤᠬᠤ ᠣᠷᠴᠢᠨ ᠲᠣᠭᠣᠷᠢᠨ᠎ᠢ ᠴᠡᠭ᠌ᠴᠡᠯᠡᠨ ᠰᠠᠢᠵᠢᠷᠠᠭᠤᠯᠵᠤ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠭᠦᠨᠵᠡᠭᠡᠢ ᠬᠡᠷᠡᠭ᠌ᠵᠢᠭᠦᠯᠵᠦ᠍᠂ ᠣᠷᠣᠱᠢᠨ ᠰᠠᠭᠤᠬᠤ᠎ᠳᠤ ᠲᠣᠬᠢᠷᠠᠮᠵᠢᠲᠠᠢ ᠦᠢᠯᠡᠰ ᠪᠤᠰᠬᠠᠬᠤ᠎ᠳᠤ ᠲᠣᠬᠢᠷᠠᠮᠵᠢᠲᠠᠢ ᠦᠵᠡᠰᠭᠦᠯᠡᠩᠲᠦ ᠰᠠᠢᠬᠠᠨ ᠡᠶ᠎ᠡ ᠵᠤᠬᠢᠴᠠᠩᠭᠤᠢ ᠬᠥᠳᠡᠭᠡ ᠲᠣᠰᠭᠣᠨ᠎ᠢ ᠲᠦᠷᠭᠡᠳᠭᠡᠨ ᠪᠠᠢᠭᠤᠯᠬᠤ ᠬᠡᠷᠡᠭ᠌ᠲᠡᠢ᠃ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠪᠠ ᠥᠭᠡᠷᠡᠴᠢᠯᠡᠯᠲᠡ᠎ᠶ᠋ᠢᠨ ᠬᠣᠣᠰ ᠬᠥᠳᠡᠯᠭᠡᠭᠦᠷ᠎ᠢ ᠴᠢᠩᠭᠠᠳᠭᠠᠵᠤ᠂ ᠬᠥᠳᠡᠭᠡ ᠲᠣᠰᠭᠣᠨ᠎ᠤ ᠭᠠᠵᠠᠷ ᠱᠢᠷᠣᠢ᠎ᠶ᠋ᠢᠨ ᠲᠦᠷᠢᠮ᠎ᠦᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠤ᠂ ᠬᠥᠳᠡᠭᠡ ᠲᠣᠰᠭᠣᠨ᠎ᠤ ᠦᠨᠳᠦᠰᠦᠨ ᠡᠵᠡᠩᠨᠡᠯᠲᠡ᠎ᠶ᠋ᠢᠨ ᠲᠦᠷᠢᠮ᠎ᠢ ᠪᠡᠬᠢᠵᠢᠭᠦᠯᠦᠨ ᠲᠡᠭᠦᠯᠳᠡᠷᠵᠢᠭᠦᠯᠵᠦ᠍᠂ ᠱᠢᠨ᠎ᠡ ᠮᠠᠶᠢᠭ᠎ᠤᠨ ᠬᠥᠳᠡᠭᠡ ᠲᠣᠰᠭᠣᠨ᠎ᠤ ᠬᠠᠮᠲᠤ᠎ᠶ᠋ᠢᠨ ᠠᠵᠤ ᠠᠬᠤᠢ᠎ᠶ᠋ᠢ ᠬᠥᠭ᠌ᠵᠢᠭᠦᠯᠦᠨ᠂ ᠱᠢᠨ᠎ᠡ ᠮᠠᠶᠢᠭ᠎ᠤᠨ ᠲᠠᠷᠢᠶᠠᠯᠠᠩ᠎ᠤᠨ ᠡᠵᠡᠩᠨᠡᠯᠲᠡ᠎ᠶ᠋ᠢᠨ ᠭᠤᠤᠯ ᠴᠣᠭ᠍ᠴᠠ ᠪᠠ ᠨᠡᠢᠭᠡᠮᠴᠢᠯᠡᠭ᠌ᠰᠡᠨ ᠦᠢᠯᠡᠴᠢᠯᠡᠭᠡ᠎ᠶ᠋ᠢ ᠬᠥᠭ᠌ᠵᠢᠭᠦᠯᠵᠦ᠍᠂ ᠬᠥᠳᠡᠭᠡ ᠲᠣᠰᠭᠣᠨ᠎ᠤ ᠵᠣᠬᠢᠰᠲᠠᠢ ᠬᠡᠪᠴᠢᠶᠡᠲᠦ ᠡᠵᠡᠩᠨᠡᠯᠲᠡ᠎ᠶ᠋ᠢ ᠬᠥᠭ᠌ᠵᠢᠭᠦᠯᠵᠤ᠂ ᠬᠦᠳᠡᠬᠡ ᠠᠵᠤ ᠠᠬᠤᠢ ᠬᠥᠳᠡᠭᠡ ᠲᠣᠰᠭᠣᠨ᠎ᠤ ᠬᠥᠭ᠌ᠵᠢᠯᠲᠡ᠎ᠳᠦ ᠬᠥᠳᠡᠯᠭᠡᠬᠦ ᠬᠦᠴᠦᠨ ᠪᠠ ᠠᠮᠢᠵᠢᠷᠠᠯ᠎ᠤᠨ ᠬᠦᠴᠦᠨ ᠨᠡᠮᠡᠷᠢᠯᠡᠬᠦ᠌ ᠬᠡᠷᠡᠭ᠌ᠲᠡᠢ ᠬᠡᠵᠤ ᠴᠢᠬᠤᠯᠠᠴᠢᠯᠠᠪᠠ᠃
ᠰᠢ ᠵᠢᠨ ᠫᠢᠩ᠂ ᠠᠷᠠᠳ ᠲᠦᠮᠡᠨ ᠵᠣᠯ ᠵᠢᠷᠭᠠᠯ᠎ᠲᠠᠶ ᠠᠮᠤᠷ ᠠᠮᠤᠭᠤᠯᠠᠩ ᠠᠮᠢᠳᠤᠷᠠᠬᠤ ᠪᠣᠯ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠵᠢᠨ ᠡᠴᠦᠰ᠎ᠦᠨ ᠬᠠᠷᠠᠯᠲᠠ ᠮᠥᠨ᠃ ᠦᠨᠳᠦᠰᠦᠨ ᠱᠠᠲᠤᠨ᠎ᠤ ᠵᠠᠰᠠᠯᠲᠠ ᠪᠣᠯᠤᠨ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠨᠢ ᠠᠷᠠᠳ ᠤᠯᠠᠨ᠎ᠤ ᠦᠨᠳᠦᠰᠦᠨ ᠠᠱᠢᠭ ᠲᠤᠰᠠᠲᠠᠶ ᠬᠣᠯᠪᠣᠭ᠍ᠳᠠᠵᠤ᠂ ᠬᠠᠮᠲᠤ᠎ᠪᠠᠷ ᠪᠠᠶᠠᠵᠢᠬᠤ ᠶ᠋ᠢ ᠠᠬᠢᠭᠤᠯᠬᠤ᠂ ᠴᠢᠨᠠᠷ ᠰᠠᠢᠲᠠᠢ ᠠᠮᠢᠳᠤᠷᠠᠯ᠎ᠢ ᠴᠣᠭ᠍ᠴᠠᠯᠠᠬᠤ ᠰᠠᠭᠤᠷᠢᠯᠠᠬᠤ ᠴᠢᠨᠠᠷᠲᠠᠢ ᠢᠨᠵᠧᠨᠧᠷᠢᠩ ᠪᠣᠯᠤᠨ᠎ᠠ᠂ ᠡᠯ᠎ᠡ ᠱᠠᠲᠤᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ ᠡᠷᠬᠡᠪᠰᠢ ᠰᠡᠳᠭᠢᠯ᠎ᠳᠡᠭᠡᠨ ᠪᠠᠲᠤ ᠴᠡᠭᠡᠵᠢᠯᠡᠵᠦ᠍᠂ ᠴᠠᠭ ᠢᠮᠠᠭ᠍ᠲᠠ ᠠᠳᠭᠤᠵᠤ᠂ ᠯᠠᠪᠳᠠᠭᠤᠨ ᠪᠠᠲᠤᠲᠠᠢ ᠦᠷ᠎ᠡ ᠪᠦᠲᠦᠮᠵᠢ ᠤᠯᠬᠤ᠎ᠶ᠋ᠢ ᠪᠠᠲᠤᠯᠠᠬᠤ ᠬᠡᠷᠡᠭ᠌ᠲᠡᠢ᠃ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠤᠳᠤᠷᠢᠳᠤᠭ᠍ᠰᠠᠨ ᠦᠨᠳᠦᠰᠦᠨ ᠱᠠᠲᠤᠨ᠎ᠤ ᠤᠯᠠᠨ ᠲᠦᠮᠡᠨ᠎ᠦ ᠥᠪᠡᠷᠲᠡᠭᠡᠨ ᠵᠠᠰᠠᠬᠤ ᠲᠣᠭ᠍ᠲᠠᠴᠠ᠎ᠶ᠋ᠢ ᠪᠦᠷᠢᠨᠱᠢᠬᠦᠯᠵᠤ᠂ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠎ᠶ᠋ᠢᠨ ᠴᠣᠭ᠍ᠴᠠᠯᠠᠯᠲᠠ᠎ᠶ᠋ᠢ ᠴᠢᠩᠭᠠᠳᠭᠠᠵᠤ᠂ ᠲᠣᠣᠷᠵᠢᠭᠤᠯᠤᠭ᠍ᠰᠠᠨ ᠬᠠᠮᠢᠶᠠᠷᠤᠯᠲᠠ᠂ ᠨᠠᠷᠢᠯᠢᠬ᠍ᠵᠢᠭᠤᠯᠤᠭ᠍ᠰᠠᠨ ᠦᠢᠯᠡᠴᠢᠯᠡᠭᠡ᠂ ᠮᠡᠳᠡᠭᠡ ᠵᠠᠩᠭᠢᠵᠢᠯᠲᠠ᠎ᠪᠠᠷ ᠲᠤᠯᠭᠠᠭᠤᠷᠢᠯᠠᠭ᠍ᠰᠠᠨ ᠦᠨᠳᠦᠰᠦᠨ ᠱᠠᠲᠤᠨ᠎ᠤ ᠵᠠᠰᠠᠯᠲᠠ᠎ᠶ᠋ᠢᠨ ᠲᠠᠪᠴᠠᠩ᠎ᠢ ᠲᠡᠭᠦᠯᠳᠡᠷᠵᠢᠭᠦᠯᠵᠦ᠍᠂ ᠬᠤᠳᠠ ᠬᠥᠳᠡᠭᠡ ᠨᠡᠢᠭᠡᠮ ᠲᠣᠭᠣᠷᠢᠭ᠎ᠤᠨ ᠵᠠᠰᠠᠯᠲᠠ᠎ᠶ᠋ᠢᠨ ᠱᠢᠰᠲ᠋ᠧᠮ᠎ᠢ ᠪᠦᠷᠢᠨᠱᠢᠬᠦᠯᠵᠤ᠂ ᠠᠷᠠᠳ ᠤᠯᠠᠨ᠎ᠳᠤ ᠬᠡᠷ᠎ᠦᠨ ᠡᠭᠦᠳᠡᠨᠳᠡᠬᠡᠷᠡᠬᠢ ᠱᠢᠯᠢᠳᠡᠭ ᠦᠢᠯᠡᠴᠢᠯᠡᠭᠡ ᠪᠠ ᠨᠠᠷᠢᠯᠢᠭ ᠬᠠᠮᠢᠶᠠᠷᠤᠯᠲᠠ ᠵᠢ ᠬᠠᠩᠭᠠᠬᠤ ᠬᠡᠷᠡᠭ᠌ᠲᠡᠢ᠃ ᠱᠢᠨ᠎ᠡ ᠴᠠᠭ ᠦᠶ᠎ᠡ᠎ᠶ᠋ᠢᠨ 《ᠹᠸᠩ ᠴᠢᠶᠣᠤ᠎ᠶ᠋ᠢᠨ ᠲᠤᠷᠱᠢᠯᠭ᠎ᠠ》 ᠵᠢ ᠪᠠᠷᠢᠮᠲᠠᠯᠠᠨ ᠬᠥᠭ᠌ᠵᠢᠭᠦᠯᠵᠦ᠍᠂ ᠱᠢᠨ᠎ᠡ ᠪᠠᠢᠳᠠᠯ ᠳᠣᠣᠷᠠᠬᠢ ᠠᠷᠠᠳ᠎ᠤᠨ ᠳᠣᠲᠣᠭᠠᠳᠤ᠎ᠶ᠋ᠢᠨ ᠵᠥᠷᠢᠴᠡᠯ᠎ᠢ ᠵᠥᠪ᠎ᠢᠶᠡᠷ ᠱᠢᠢᠳᠪᠦᠷᠢᠯᠡᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠵᠥᠷᠢᠴᠡᠯ ᠵᠠᠭᠤᠷᠠᠯᠳᠤᠭᠠᠨ᠎ᠢ ᠴᠠᠭ ᠲᠤᠬᠠᠢᠳᠤᠨᠢ ᠦᠨᠳᠦᠰᠦᠨ ᠱᠠᠲᠤᠨ᠎ᠳᠤᠨᠢ ᠱᠢᠢᠳᠪᠦᠷᠢᠯᠡᠵᠦ᠍᠂ ᠴᠤᠬᠤᠢᠵᠤ ᠪᠠᠢᠭ᠎ᠠ ᠦᠶ᠎ᠡ᠎ᠳᠦᠨᠢ ᠱᠢᠢᠳᠪᠦᠷᠢᠯᠡᠬᠦ᠌ ᠬᠡᠷᠡᠭ᠌ᠲᠡᠢ᠃ ᠠᠷᠠᠳ ᠤᠯᠠᠨ᠎ᠤ ᠪᠠᠴᠢᠮᠳᠠᠵᠤ᠂ ᠬᠦᠴᠢᠷᠳᠠᠵᠤ᠂ ᠵᠤᠪᠠᠨᠢᠵᠤ᠂ ᠬᠦᠰᠡᠵᠦ ᠪᠠᠢᠭ᠎ᠠ ᠠᠰᠠᠭᠤᠳᠠᠯ᠎ᠢ ᠴᠢᠩᠭ᠎ᠠ ᠠᠳᠭᠤᠵᠤ᠂ ᠠᠷᠠᠳ᠎ᠤᠨ ᠠᠮᠢᠳᠤᠷᠠᠯ᠎ᠳᠤ ᠠᠱᠢᠭ ᠬᠦᠷᠲᠡᠭᠡᠬᠦ᠌᠂ ᠠᠷᠠᠳ᠎ᠤᠨ ᠰᠡᠳᠭᠢᠯ᠎ᠢ ᠳᠤᠯᠠᠭᠠᠴᠠᠭᠤᠯᠬᠤ ᠨᠡᠩ ᠤᠯᠠᠨ ᠠᠷᠭ᠎ᠠ ᠬᠡᠮᠵᠢᠶ᠎ᠡ ᠵᠢ ᠠᠪᠴᠤ᠌᠂ ᠦᠨᠳᠦᠰᠦᠨ ᠤᠯᠠᠨ ᠨᠡᠢᠲᠡ᠎ᠶ᠋ᠢᠨ ᠦᠢᠯᠡᠴᠢᠯᠡᠭᠡᠨ᠎ᠦ ᠱᠢᠰᠲ᠋ᠧᠮ᠎ᠢ ᠪᠦᠷᠢᠨᠱᠢᠬᠦᠯᠤᠨ᠂ ᠭᠣᠣᠯᠳᠠᠯᠭ᠎ᠠ᠎ᠲᠠᠶ ᠬᠥᠮᠦᠰ᠎ᠲᠦ ᠠᠵᠢᠯ ᠣᠯᠭᠣᠵᠤ ᠬᠠᠪᠰᠤᠷᠤᠨ ᠲᠡᠳᠬᠦᠬᠦ᠌᠂ ᠣᠷᠣᠯᠭ᠎ᠠ᠎ᠶ᠋ᠢᠨ ᠬᠤᠪᠢᠶᠠᠷᠢᠯᠠᠯᠲᠠ᠎ᠶ᠋ᠢ ᠲᠤᠬᠢᠷᠠᠭᠤᠯᠬᠤ᠂ ᠨᠡᠢᠭᠡᠮ᠎ᠦᠨ ᠪᠠᠲᠤᠯᠠᠭ᠎ᠠ᠎ᠶ᠋ᠢᠨ ᠱᠢᠰᠲ᠋ᠧᠮ᠎ᠢ ᠪᠦᠷᠢᠨᠱᠢᠬᠦᠯᠬᠦ᠌᠂ 《ᠨᠠᠰᠤᠲᠠᠢᠴᠤᠳ ᠪᠠᠭᠠᠴᠤᠳ》 ᠤ᠋ᠨ ᠦᠢᠯᠡᠴᠢᠯᠡᠭᠡ᠎ᠶ᠋ᠢ ᠴᠢᠩᠭᠠᠳᠭᠠᠬᠤ ᠵᠡᠷᠭᠡ ᠠᠵᠢᠯ᠎ᠢ ᠬᠦᠴᠦᠯᠡᠨ ᠰᠠᠢᠲᠤᠷ ᠬᠢᠬᠦ᠌ ᠬᠡᠷᠡᠭ᠌ᠲᠡᠢ᠃ ᠱᠢᠨ᠎ᠡ ᠱᠠᠲᠤ ᠦᠶ᠎ᠡ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠪᠣᠳᠠᠲᠠᠶ ᠠᠳᠭᠤᠨ ᠨᠠᠷᠢᠯᠢᠭ ᠠᠳᠭᠤᠵᠤ᠂ 《ᠬᠥᠬᠡᠭ᠌ᠴᠢᠨ ᠲᠥᠷᠥᠯ᠎ᠦᠨ ᠬᠥᠬᠡᠭ᠌ᠴᠢᠨ ᠬᠠᠮᠢᠶᠠᠷᠤᠯᠲᠠ》 ᠶ᠋ᠢᠨ ᠡᠯ᠎ᠡ ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠂ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌᠂ ᠡᠮᠴᠢᠯᠡᠭᠡᠨ᠎ᠦ ᠦᠶ᠋ᠯᠡᠴᠢᠯᠡᠭᠡᠨ᠎ᠦ ᠱᠢᠰᠲ᠋ᠧᠮ᠎ᠦᠨ ᠪᠠᠢᠭᠤᠯᠤᠯᠲᠠ᠎ᠶ᠋ᠢ ᠦᠷᠭᠦᠯᠵᠢᠯᠡᠨ ᠴᠢᠩᠭᠠᠳᠭᠠᠬᠤ ᠬᠡᠷᠡᠭ᠌ᠲᠡᠶ ᠭᠡᠵᠦ ᠵᠢᠭᠠᠵᠤ ᠭᠠᠷᠭᠠᠪᠠ᠃
ᠰᠢ ᠵᠢᠨ ᠫᠢᠩ ᠬᠠᠮᠤᠭ᠎ᠤᠨ ᠰᠡᠭᠦᠯ ᠳ᠋ᠤ᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠎ᠳᠤ ᠡᠷᠬᠡᠪᠰᠢ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠵᠤ᠂ ᠡᠷᠡᠰ ᠭᠤᠢᠪᠢᠰᠢ ᠦᠭᠡᠢ᠎ᠪᠡᠷ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠬᠡᠷᠡᠭ᠌ᠲᠡᠢ᠃ ᠡᠯ᠎ᠡ ᠱᠠᠲᠤᠨ᠎ᠤ ᠨᠠᠮ᠎ᠤᠨ ᠬᠣᠷᠢᠶ᠎ᠠ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠭᠣᠣᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠪᠠᠲᠤ ᠡᠭᠦᠷᠭᠡᠯᠡᠵᠦ᠍᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠠᠵᠢᠯ᠎ᠢ ᠦᠨᠡᠨ ᠬᠦ᠌ ᠴᠢᠩᠭᠠᠳᠭᠠᠵᠤ᠂ ᠬᠤᠭᠤᠴᠠᠭ᠎ᠠ ᠰᠣᠯᠢᠭ᠍ᠰᠠᠨ᠎ᠤ ᠳᠠᠷᠠᠭᠠᠬᠢ ᠡᠯ᠎ᠡ ᠱᠠᠲᠤᠨ᠎ᠤ ᠤᠳᠤᠷᠢᠳᠭᠤ ᠪᠠᠭ ᠪᠣᠯᠤᠨ ᠺᠠᠳ᠋ᠷ᠎ᠤᠨ ᠡᠩᠨᠡᠭᠡ ᠵᠢᠨ ᠪᠠᠢᠭᠤᠯᠤᠯᠲᠠ᠎ᠶ᠋ᠢ ᠴᠢᠩᠭᠠᠳᠭᠠᠵᠤ᠂ ᠡᠯ᠎ᠡ ᠬᠦᠷᠢᠶᠡᠨ᠎ᠳ᠋ᠡᠬᠢ ᠨᠠᠮ᠎ᠤᠨ ᠪᠠᠢᠭᠤᠯᠤᠯᠲᠠ᠎ᠶ᠋ᠢᠨ ᠠᠵᠢᠯ᠎ᠢ ᠴᠢᠩᠭᠠᠳᠭᠠᠵᠤ᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠭᠣᠣᠯ ᠰᠡᠳᠦᠪᠲᠦ ᠬᠥᠮᠦᠵᠢᠯ᠎ᠢ ᠭᠦᠨᠵᠡᠭᠡᠢ ᠥᠷᠨᠢᠭᠦᠯᠵᠦ᠍᠂ ᠱᠢᠨ᠎ᠡ ᠠᠶᠠᠨ᠎ᠳᠤ ᠡᠷᠡᠯᠬᠡᠭ᠌ᠯᠡᠨ ᠤᠷᠤᠭ᠍ᠰᠢᠯᠠᠬᠤ᠂ ᠱᠢᠨ᠎ᠡ ᠴᠠᠭ ᠦᠶ᠎ᠡ᠎ᠳᠦ ᠭᠠᠪᠢᠶ᠎ᠠ ᠪᠠᠢᠭᠤᠯᠬᠤ᠎ᠳᠤ ᠪᠠᠲᠤ ᠴᠢᠩᠭ᠎ᠠ ᠤᠯᠤᠰ ᠲᠦᠷᠦ᠍᠎ᠶ᠋ᠢᠨ ᠵᠢᠯᠤᠭᠤᠳᠤᠯᠭ᠎ᠠ ᠪᠣᠯᠤᠨ ᠤᠯᠤᠰ ᠲᠦᠷᠦ᠍᠎ᠶ᠋ᠢᠨ ᠪᠠᠲᠤᠯᠠᠭ᠎ᠠ ᠬᠠᠩᠭᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃
ᠼᠠᠢ ᠴᠢ᠂ ᠳ᠋ᠢᠩ ᠱᠢᠤᠸᠠᠢ ᠱᠢᠶᠠᠩ᠂ ᠾᠧ ᠯᠢ ᠹᠸᠩ ᠨᠠᠷ ᠣᠷᠣᠯᠴᠠᠪᠠ᠃

3 ᠰᠠᠷ᠎ᠠ ᠵᠢᠨ 5᠎ᠤ᠋ ᠡᠳᠦᠷ᠂ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭ᠌ᠴᠢ ᠰᠢ ᠵᠢᠨ ᠫᠢᠩ ᠲᠡᠭᠦᠨ ᠤ ᠪᠠᠢᠭ᠎ᠠ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠤᠨ ᠵᠢᠶᠠᠩᠰᠦ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠪᠠ᠃ ᠬᠤᠸᠠᠩ ᠵᠢᠩ ᠸᠧᠨ ᠰᠡᠭᠦᠳᠡᠷᠯᠡᠪᠡ
( ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 5 ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃