2023-03-06 09:25:32
ᠰᠢ ᠵᠢᠨ ᠫᠢᠩ ᠯᠢ ᠵᠠᠨ ᠱᠣ᠌ ᠸᠠᠩ ᠶᠠᠩ ᠯᠢ ᠴᠢᠶᠠᠩ ᠸᠠᠩ ᠬᠣ᠌ ᠨᠢᠩ ᠬᠠᠨ ᠵᠧᠩ ᠼᠠᠢ ᠴᠢ ᠳ᠋ᠢᠩ ᠱᠢᠤᠸᠠᠢ ᠱᠢᠶᠠᠩ ᠯᠢ ᠰᠢ ᠸᠠᠩ ᠴᠢ ᠱᠠᠨ᠎ᠨᠠᠷ ᠲᠡᠷᠢᠭᠦᠯᠡᠭ᠌ᠴᠢ᠎ᠶ᠋ᠢᠨ ᠲᠠᠢᠰᠠᠨ᠎ᠳᠤ ᠰᠠᠭᠠᠲᠠᠵᠠᠢ
ᠯᠢ ᠺᠸ ᠴᠢᠶᠠᠩ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠬᠢᠵᠦ᠍ ᠵᠤᠤ ᠯᠸ ᠵᠶ᠋ᠢ ᠬᠤᠷᠠᠯ᠎ᠢ ᠡᠷᠬᠢᠯᠡᠪᠡ
ᠬᠠᠤᠯᠢ ᠲᠣᠭ᠍ᠲᠠᠭᠠᠬᠤ ᠬᠠᠤᠯᠢ᠎ᠳᠤ ᠵᠠᠰᠠᠪᠤᠷᠢ ᠣᠷᠣᠭᠤᠯᠬᠤ ᠲᠥᠰᠦᠯ᠎ᠦᠨ ᠲᠤᠬᠠᠢ ᠲᠣᠳᠣᠷᠬᠠᠢᠯᠠᠯᠲᠠ ᠵᠡᠷᠭᠡ᠎ᠶ᠋ᠢ ᠰᠣᠨᠣᠰᠪᠠ
ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ 5 ᠤ᠋ ᠦᠳᠡ᠎ᠶ᠋ᠢᠨ ᠡᠮᠦᠨ᠎ᠡ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠡᠬᠢᠯᠡᠪᠡ᠃ ᠱᠢᠨ᠎ᠡ ᠨᠢᠭᠡ ᠬᠤᠭᠤᠴᠠᠭᠠᠨ᠎ᠤ 3000 ᠱᠢᠬᠠᠮ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠠᠷᠠᠳ ᠲᠦᠮᠡᠨ᠎ᠦ ᠬᠦᠨᠳᠦ ᠨᠠᠢᠳᠠᠯᠭ᠎ᠠ᠎ᠶ᠋ᠢ ᠡᠭᠦᠷᠭᠡᠯᠡᠨ ᠦᠪᠡᠳᠡᠭ᠌ᠰᠢ ᠬᠤᠷᠠᠯ᠎ᠳᠤ ᠣᠷᠣᠯᠴᠠᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ᠎ᠡᠴᠡ ᠣᠯᠭᠣᠭ᠍ᠰᠠᠨ ᠲᠠᠷᠬᠠᠨ ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠭᠡᠨ᠎ᠡ᠃
ᠬᠠᠪᠤᠷ᠎ᠤᠨ ᠡᠬᠢᠨ᠎ᠦ ᠪᠡᠭᠡᠵᠢᠩᠬᠤᠳᠠᠨᠠ᠂ ᠠᠮᠢᠵᠢᠷᠠᠯ᠎ᠤᠨ ᠬᠦᠴᠦᠨ᠎ᠢᠶᠡᠷ ᠪᠢᠯᠬᠠᠵᠤ᠂ ᠲᠦᠮᠡᠨ ᠪᠤᠳᠠᠰ ᠲᠦᠯᠵᠢᠨ ᠠᠮᠢᠯᠠᠨ᠎ᠠ᠃ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠶᠡᠬᠡ ᠶᠣᠰᠣᠯᠠᠯ᠎ᠤᠨ ᠲᠠᠩᠬᠢᠮ᠎ᠳᠤ ᠲᠥᠪ ᠬᠢᠴᠢᠶᠡᠩᠭᠦᠢ ᠪᠥᠭᠡᠳ ᠬᠦᠷ ᠬᠥᠭ᠌ᠵᠢᠶᠡᠨᠲᠡᠢ ᠠᠭᠤᠷ ᠠᠮᠢᠰᠬᠤᠯ᠎ᠢᠶᠡᠷ ᠪᠢᠯᠬᠠᠵᠤ᠂ ᠲᠡᠷᠢᠭᠦᠯᠡᠭ᠌ᠴᠢᠳ᠎ᠦᠨ ᠲᠠᠢᠰᠠᠨ᠎ᠤ ᠭᠣᠣᠯ ᠳᠤᠮᠳᠠ ᠡᠯᠭᠦᠭ᠌ᠰᠡᠨ ᠤᠯᠤᠰ᠎ᠤᠨ ᠰᠦᠯᠳᠡ ᠬᠤᠷᠴᠠ ᠤᠯᠠᠭᠠᠨ ᠲᠤᠬᠯᠤᠭᠠ ᠦᠩᠭᠡ ᠢᠯᠭᠠᠷᠠᠨ ᠭᠡᠷᠡᠯ ᠰᠠᠴᠤᠷᠠᠩᠬᠠᠨ ᠬᠠᠷᠠᠭᠳᠠᠨ᠎ᠠ᠃
ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ᠂ ᠭᠦᠢᠴᠡᠳᠭᠡᠭ᠌ᠴᠢ ᠲᠡᠷᠢᠭᠦᠯᠡᠭ᠌ᠴᠢ ᠵᠤᠤ ᠯᠸ ᠵᠶ᠋ᠢ ᠶᠡᠬᠡ ᠬᠤᠷᠠᠯ᠎ᠢ ᠡᠷᠬᠢᠯᠡᠪᠡ᠃ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ᠂ ᠭᠦᠢᠴᠡᠳᠭᠡᠭ᠌ᠴᠢ ᠲᠡᠷᠢᠭᠦᠯᠡᠭ᠌ᠴᠢ ᠯᠢ ᠭᠠᠨ ᠵᠢᠶ᠍ᠸ᠂ ᠯᠢ ᠬᠣᠩ ᠵᠦᠩ ᠂ ᠸᠠᠩ ᠳ᠋ᠦᠩ ᠮᠢᠩ ᠂ ᠱᠢᠶᠤᠤ ᠵᠢᠶ᠍ᠸ᠂ ᠵᠧᠩ ᠵᠢᠶᠠᠨ ᠪᠠᠩ᠂ ᠳ᠋ᠢᠩ ᠵᠦᠩ ᠯᠢ᠂ ᠬᠤᠤ ᠮᠢᠩ ᠵᠢᠨ᠂ ᠼᠠᠢ ᠳ᠋ᠠ ᠹᠸᠩ᠂ ᠾᠧ ᠸᠧᠢ᠂ ᠦ᠋ ᠸᠧᠢ ᠬᠤᠸᠠ ᠲᠡᠷᠢᠭᠦᠯᠡᠭ᠌ᠴᠢᠳ᠎ᠦᠨ ᠲᠠᠢᠰᠠᠨ᠎ᠤ ᠭᠦᠢᠴᠡᠳᠭᠡᠭ᠌ᠴᠢ ᠲᠡᠷᠢᠭᠦᠯᠡᠭ᠌ᠴᠢ᠎ᠶ᠋ᠢᠨ ᠰᠠᠭᠤᠳᠠᠯ᠎ᠳᠤ ᠰᠠᠭᠠᠲᠠᠪᠠ᠃
ᠰᠢ ᠵᠢᠨ ᠫᠢᠩ᠂ ᠯᠢ ᠺᠸ ᠴᠢᠶᠠᠩ᠂ ᠯᠢ ᠵᠠᠨ ᠱᠣ᠌᠂ ᠸᠠᠩ ᠶᠠᠩ ᠂ ᠯᠢ ᠴᠢᠶᠠᠩ ᠂ ᠸᠠᠩ ᠬᠣ᠌ ᠨᠢᠩ ᠂ ᠬᠠᠨ ᠵᠧᠩ ᠂ ᠼᠠᠢ ᠴᠢ ᠂ ᠳ᠋ᠢᠩ ᠱᠢᠤᠸᠠᠢ ᠱᠢᠶᠠᠩ ᠂ ᠯᠢ ᠰᠢ ᠂ ᠸᠠᠩ ᠴᠢ ᠱᠠᠨ᠎ᠨᠠᠷ ᠲᠡᠷᠢᠭᠦᠯᠡᠭ᠌ᠴᠢᠳ᠎ᠦᠨ ᠲᠠᠢᠰᠠᠨ᠎ᠳᠤ ᠰᠠᠭᠠᠲᠠᠪᠠ᠃
ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠳᠤ 2977 ᠬᠦᠮᠦᠨ ᠣᠷᠣᠯᠴᠠᠬᠤ ᠶᠤᠰᠤᠲᠠᠢ᠃ 5 ᠤ᠋ ᠦᠳᠡ᠎ᠶ᠋ᠢᠨ ᠡᠮᠦᠨᠡᠬᠢ ᠬᠤᠷᠠᠯ᠎ᠳᠤ 2948 ᠬᠥᠮᠦᠨ ᠣᠷᠣᠯᠴᠠᠵᠤ᠂ 29 ᠬᠥᠮᠦᠨ ᠣᠷᠣᠯᠴᠠᠭ᠍ᠰᠠᠨ ᠦᠭᠡᠢ᠂ ᠬᠤᠷᠠᠯ᠎ᠳᠤ ᠣᠷᠣᠯᠴᠠᠭ᠍ᠰᠠᠨ ᠬᠥᠮᠦᠨ᠎ᠦ ᠲᠣᠭ᠎ᠠ ᠬᠠᠤᠯᠢ᠎ᠳᠤ ᠲᠣᠭ᠍ᠲᠠᠭᠠᠭ᠍ᠰᠠᠨ ᠬᠥᠮᠦᠨ᠎ᠦ ᠲᠣᠭ᠎ᠠ᠎ᠳᠤ ᠨᠡᠢᠴᠡᠨ᠎ᠡ᠃
ᠦᠳᠡ᠎ᠶ᠋ᠢᠨ ᠡᠮᠦᠨᠡᠬᠢ 9 ᠴᠠᠭ᠎ᠲᠤ᠂ ᠵᠣᠣ ᠯᠧ ᠵᠢᠶ᠄ ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ ᠡᠬᠢᠯᠡᠯ᠎ᠠ ᠭᠡᠵᠦ ᠨᠡᠢᠲᠡᠯᠡᠪᠡ᠃ ᠪᠦᠭᠦᠳᠡᠭᠡᠷ᠎ᠢᠶᠡᠨ ᠪᠣᠰᠴᠤ᠌ ᠵᠣᠭ᠍ᠰᠣᠨ᠂ ᠴᠡᠷᠢᠭ᠎ᠦᠨ ᠬᠥᠭ᠌ᠵᠢᠮ᠎ᠦᠨ ᠠᠩᠬᠢ᠎ᠶ᠋ᠢᠨ ᠬᠦᠭᠵᠢᠮ᠎ᠤᠨ ᠬᠠᠪᠰᠤᠷᠭᠠᠯ ᠲᠤᠤᠷ᠎ᠠ ᠤᠯᠤᠰ᠎ᠤᠨ ᠰᠦᠯᠳᠡ ᠳᠠᠭᠤᠤ᠎ᠶ᠋ᠢ ᠬᠠᠩᠭᠢᠨᠠᠲᠠᠯ᠎ᠠ ᠳᠠᠭᠤᠯᠠᠪᠠ᠃
ᠬᠤᠷᠠᠯ᠎ᠤᠨ ᠵᠥᠪᠯᠡᠬᠦ᠌ ᠵᠦᠢᠯᠡᠰ᠎ᠢ ᠦᠨᠳᠦᠰᠦᠯᠡᠨ᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠶᠡᠷᠦᠩᠬᠡᠢ ᠰᠠᠢᠳ ᠯᠢ ᠺᠸ ᠴᠢᠶᠠᠩ ᠲᠦᠷᠦ᠍᠎ᠶ᠋ᠢᠨ ᠶᠠᠪᠤᠳᠠᠯ᠎ᠤᠨ ᠬᠣᠷᠢᠶᠠᠨ᠎ᠤ ᠡᠮᠦᠨ᠎ᠡ᠎ᠡᠴᠡ ᠶᠡᠬᠡ ᠬᠤᠷᠠᠯ᠎ᠲᠡᠭᠡᠷ᠎ᠡ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠬᠢᠪᠠ᠃ ᠢᠯᠡᠳᠭᠡᠯ ᠨᠢ 2 ᠬᠡᠰᠡᠭ᠎ᠢᠶᠡᠷ ᠪᠦᠷᠢᠯᠳᠦᠵᠡᠢ᠄ ᠨᠢᠭᠡ᠂ ᠥᠩᠭᠡᠷᠡᠭ᠌ᠰᠡᠨ ᠨᠢᠭᠡ ᠵᠢᠯ ᠪᠠ ᠲᠠᠪᠤᠨ ᠵᠢᠯ᠎ᠦᠨ ᠠᠵᠢᠯ᠎ᠤᠨ ᠡᠷᠭᠢᠴᠡᠭᠦᠯᠦᠯ; ᠬᠣᠶᠠᠷ᠂ ᠡᠨᠡ ᠵᠢᠯ᠎ᠦᠨ ᠵᠠᠰᠠᠭ᠎ᠤᠨ ᠣᠷᠳᠣᠨ᠎ᠤ ᠠᠵᠢᠯ᠎ᠤᠨ ᠲᠤᠬᠠᠢ ᠰᠠᠨᠠᠭᠤᠯᠭ᠎ᠠ᠃
ᠯᠢ ᠺᠸ ᠴᠢᠶᠠᠩ ᠢᠯᠡᠳᠭᠡᠯ᠎ᠳᠡᠭᠡᠨ᠂ 2022 ᠣᠨ ᠪᠣᠯ ᠨᠠᠮ ᠪᠣᠯᠤᠨ ᠤᠯᠤᠰ᠎ᠤᠨ ᠲᠡᠦᠬᠡᠨ ᠳ᠋ᠡᠬᠢ ᠲᠤᠢᠯ᠎ᠤᠨ ᠴᠢᠬᠤᠯᠠ ᠨᠢᠭᠡ ᠵᠢᠯ ᠪᠣᠯᠤᠨ᠎ᠠ᠃ ᠨᠠᠮ᠎ᠤᠨ ᠬᠣᠷᠢᠳᠤᠭᠠᠷ ᠶᠡᠬᠡ ᠬᠤᠷᠠᠯ ᠠᠮᠵᠢᠯᠲᠠ᠎ᠲᠠᠶ ᠬᠤᠷᠠᠯᠳᠤᠵᠤ ᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠠᠤᠭ᠎ᠠ ᠲᠥᠰᠦᠪ᠎ᠢ ᠵᠢᠷᠤᠭ᠍ᠯᠠᠪᠠ᠃ ᠲᠤᠭᠰᠢᠨ ᠰᠠᠯᠬᠢ ᠰᠢᠷᠦᠭᠦᠨ ᠳᠠᠪᠠᠯᠭᠠᠨ ᠪᠦᠬᠦᠢ ᠳᠡᠯᠡᠬᠡᠢ᠎ᠶ᠋ᠢᠨ ᠣᠷᠴᠢᠨ ᠨᠦᠭᠦᠴᠡᠯ ᠪᠣᠯᠤᠨ ᠪᠡᠷᠬᠡ ᠬᠠᠲᠠᠭᠤᠵᠢᠯᠲᠠᠢ ᠤᠯᠤᠰ᠎ᠤᠨ ᠳᠣᠲᠣᠭᠠᠳᠤ᠎ᠶ᠋ᠢᠨ ᠥᠭᠡᠷᠡᠴᠢᠯᠡᠯᠲᠡ ᠬᠥᠭ᠌ᠵᠢᠯᠲᠡ ᠲᠣᠭ᠍ᠲᠠᠭᠤᠨ᠎ᠤ ᠡᠭᠦᠷᠭᠡ᠎ᠶ᠋ᠢᠨ ᠡᠮᠦᠨ᠎ᠡ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠢ᠎ᠠ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠬᠦᠴᠢᠷ᠎ᠢ ᠰᠦᠷᠦᠨ ᠤᠷᠤᠭ᠍ᠰᠢᠯᠠᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠂ ᠠᠵᠤ ᠠᠬᠤᠢ᠎ᠶ᠋ᠢ ᠲᠤᠭᠲᠠᠭᠤᠨ ᠪᠠᠢᠯᠭᠠᠬᠤ᠂ ᠬᠥᠭ᠌ᠵᠢᠯᠲᠡ᠎ᠶ᠋ᠢ ᠠᠮᠤᠷ ᠲᠦᠪᠱᠢᠨ ᠪᠠᠢᠯᠭᠠᠬᠤ ᠱᠠᠭᠠᠷᠳᠠᠯᠭ᠎ᠠ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠬᠣᠷᠸ᠎ᠠ ᠡᠵᠡᠮᠱᠢᠯ ᠲᠤᠬᠢᠷᠠᠭᠤᠯᠭ᠎ᠠ᠎ᠶ᠋ᠢᠨ ᠡᠷᠴᠢᠮ᠎ᠢᠶᠡᠨ ᠴᠢᠩᠭᠠᠷᠠᠭᠤᠯᠵᠤ᠂ ᠠᠵᠤ ᠠᠬᠤᠢ᠎ᠶ᠋ᠢᠨ ᠲᠣᠭ᠍ᠲᠠᠭᠤᠨ ᠡᠷᠭᠢᠯᠲᠡ᠂ ᠬᠥᠭ᠌ᠵᠢᠯᠲᠡ᠎ᠶ᠋ᠢᠨ ᠶᠠᠰᠤ ᠴᠢᠨᠠᠷ᠎ᠤᠨ ᠲᠣᠭ᠍ᠲᠠᠭᠤᠨ ᠳᠡᠭᠡᠭ᠌ᠰᠢᠯᠡᠯᠲᠡ᠂ ᠨᠡᠢᠭᠡᠮ᠎ᠦᠨ ᠶᠡᠬᠡ ᠲᠠᠯ᠎ᠠ᠎ᠶ᠋ᠢᠨ ᠲᠣᠭ᠍ᠲᠠᠭᠤᠨ ᠪᠠᠢᠬᠤ᠎ᠶ᠋ᠢ ᠪᠠᠲᠤᠯᠠᠬᠤ ᠵᠢ ᠪᠡᠶᠡᠯᠡᠭᠦᠯᠵᠦ᠍᠂ ᠮᠠᠨ᠎ᠤ ᠤᠯᠤᠰ᠎ᠤᠨ ᠬᠥᠭ᠌ᠵᠢᠯᠲᠡ ᠲᠤᠢᠯ᠎ᠤᠨ ᠬᠢᠯᠪᠠᠷ ᠪᠤᠰᠤ ᠪᠡᠷ ᠲᠡᠮᠡᠴᠡᠨ ᠤᠯᠤᠭᠰᠠᠨ ᠱᠢᠨ᠎ᠡ ᠠᠮᠵᠢᠯᠲᠠ ᠪᠦᠲᠦᠮᠵᠢ ᠵᠢ ᠣᠯᠵᠠᠢ ᠭᠡᠵᠦ ᠵᠢᠭᠠᠵᠤ ᠭᠠᠷᠭᠠᠪᠠ᠃
ᠯᠢ ᠺᠸ ᠴᠢᠶᠠᠩ ᠢᠯᠡᠳᠭᠡᠯ᠎ᠳᠡᠭᠡᠨ᠂ ᠥᠩᠭᠡᠷᠡᠭ᠌ᠰᠡᠨ ᠲᠠᠪᠤᠨ ᠵᠢᠯ ᠪᠣᠯ ᠲᠤᠢᠯ᠎ᠤᠨ ᠶᠠᠷᠤ ᠪᠤᠰᠤ ᠵᠢᠨ᠂ ᠲᠤᠢᠯ᠎ᠤᠨ ᠵᠢᠷ ᠤ᠋ᠨ ᠪᠤᠰᠤ᠎ᠶ᠋ᠢᠨ ᠶᠤᠮ᠃ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠠ ᠳᠡᠯᠡᠬᠡᠢ᠎ᠶ᠋ᠢᠨ ᠬᠤᠪᠢᠰᠤᠯᠲᠠ᠎ᠶ᠋ᠢᠨ ᠲᠦᠷᠭᠡᠨ ᠬᠤᠪᠢᠷᠠᠯᠳᠠ᠂ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠤᠨ ᠲᠠᠭᠠᠷᠢᠯᠳᠠ᠂ ᠤᠯᠤᠰ᠎ᠤᠨ ᠳᠣᠲᠣᠭᠠᠳᠤ᠎ᠶ᠋ᠢᠨ ᠠᠵᠤ ᠠᠬᠤᠢ ᠤᠷᠤᠭᠤᠳᠠᠬᠤ ᠵᠡᠷᠭᠡ ᠤᠯᠠᠨ ᠳᠠᠪᠬᠤᠷ ᠱᠢᠯᠭᠠᠯᠲᠠ᠎ᠶ᠋ᠢ ᠳᠠᠭᠠᠭᠠᠵᠤ᠂ ᠲᠣᠭ᠍ᠲᠠᠭ᠍ᠰᠠᠨ ᠬᠤᠭᠤᠴᠠᠭᠠᠨ᠎ᠳᠤ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠣᠯᠵᠤ᠂ ᠲᠣᠭ᠍ᠲᠠᠭ᠍ᠰᠠᠨ ᠬᠤᠭᠤᠴᠠᠭᠠᠨ᠎ᠳᠤ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠵᠤ᠂ ᠨᠢᠭᠡᠳᠦᠭᠡᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠵᠤ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ ᠲᠡᠢᠰᠢ ᠤᠷᠤᠭᠰᠢᠯᠠᠬᠤ ᠱᠢᠨ᠎ᠡ ᠠᠶᠠᠨ᠎ᠢᠶᠠᠨ ᠡᠬᠢᠯᠡᠭᠦᠯᠵᠡᠢ ᠬᠡᠵᠤ ᠵᠢᠭᠠᠵᠤ ᠭᠠᠷᠭᠠᠪᠠ᠃
ᠯᠢ ᠺᠸ ᠴᠢᠶᠠᠩ ᠢᠯᠡᠳᠬᠡᠯ᠎ᠳᠡᠭᠡᠨ᠂ ᠲᠠᠪᠤᠨ ᠵᠢᠯ᠎ᠦᠨ ᠲᠤᠷᠰᠢ᠂ ᠪᠢᠳᠡ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠭᠦᠨᠵᠡᠭᠡᠢ ᠲᠤᠭᠤᠱᠢᠯᠠᠭᠤᠯᠵᠤ᠂ ᠬᠣᠷᠸ᠎ᠠ ᠡᠵᠡᠮᠱᠢᠯ ᠲᠤᠬᠢᠷᠠᠭᠤᠯᠭ᠎ᠠ᠎ᠶ᠋ᠢᠨ ᠱᠢᠨ᠎ᠡ᠎ᠶ᠋ᠢ ᠡᠭᠦᠳᠴᠦ᠍᠂ ᠠᠵᠤ ᠠᠬᠤᠢ᠎ᠶ᠋ᠢᠨ ᠡᠷᠭᠢᠯᠲᠡ ᠵᠣᠬᠢᠰᠲᠠᠢ ᠬᠡᠪᠴᠢᠶᠡᠨ᠎ᠳᠦ ᠪᠠᠢᠬᠤ᠎ᠶ᠋ᠢ ᠪᠠᠲᠤᠯᠠᠪᠠ; ᠲᠣᠭ᠍ᠲᠠᠭ᠍ᠰᠠᠨ ᠬᠤᠭᠤᠴᠠᠭᠠᠨ᠎ᠳᠤ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠣᠯᠵᠤ᠂ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠬᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠪᠠ; ᠭᠤᠤᠯᠳᠠᠯᠭ᠎ᠠ᠎ᠲᠠᠶ ᠬᠦᠷᠢᠶ᠎ᠡ ᠪᠠ ᠵᠠᠩᠭᠢᠯᠠᠭ᠎ᠠ᠎ᠶ᠋ᠢᠨ ᠭᠣᠭ᠍ᠴᠣᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠦᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠵᠠᠬ᠎ᠠ ᠳᠡᠯᠭᠡᠭᠦᠷ᠎ᠦᠨ ᠠᠮᠢᠵᠢᠷᠠᠯ᠎ᠤᠨ ᠬᠦᠴᠦᠨ ᠪᠠ ᠨᠡᠢᠭᠡᠮ᠎ᠦᠨ ᠪᠦᠲᠦᠭᠡᠯᠴᠢ ᠬᠦᠴᠦᠨ᠎ᠢ ᠨᠠᠩ ᠶᠡᠬᠡᠪᠡᠷ ᠬᠥᠭ᠌ᠵᠢᠭᠡᠪᠠ; ᠱᠢᠨ᠎ᠡ᠎ᠶ᠋ᠢ ᠡᠭᠦᠳᠬᠦ᠌᠎ᠪᠡᠷ ᠬᠥᠭ᠌ᠵᠢᠯᠲᠡ᠎ᠶ᠋ᠢᠨ ᠬᠥᠳᠡᠯᠭᠡᠭᠦᠷ ᠪᠣᠯᠭᠠᠬᠤ ᠪᠠᠢᠯᠳᠤᠬᠤ ᠪᠣᠳᠣᠯᠭ᠎ᠠ᠎ᠶ᠋ᠢ ᠭᠦᠨᠵᠡᠭᠡᠢ ᠬᠡᠷᠡᠭ᠌ᠵᠢᠭᠦᠯᠵᠦ᠍᠂ ᠠᠵᠤ ᠦᠢᠯᠡᠰ᠎ᠦᠨ ᠪᠦᠲᠦᠴᠡ᠎ᠶ᠋ᠢ ᠱᠢᠯᠢᠳᠡᠭ᠌ᠵᠢᠬᠦᠯᠤᠨ ᠲᠡᠰ ᠳᠡᠪᠱᠢᠬᠦ᠌᠎ᠶ᠋ᠢ ᠠᠬᠢᠭᠤᠯᠪᠠ; ᠤᠯᠤᠰ᠎ᠤᠨ ᠳᠣᠲᠣᠭᠠᠳᠤ᠎ᠶ᠋ᠢᠨ ᠪᠦᠲᠦᠮᠵᠢᠲᠡᠢ ᠬᠡᠷᠡᠭ᠌ᠴᠡᠭᠡ᠎ᠶ᠋ᠢ ᠥᠷᠭᠡᠳᠭᠡᠵᠦ᠍᠂ ᠣᠷᠣᠨ ᠪᠦᠰᠡ᠎ᠶ᠋ᠢᠨ ᠵᠣᠬᠢᠴᠠᠩᠭᠤᠢ ᠬᠥᠭ᠌ᠵᠢᠯᠲᠡ ᠪᠠ ᠱᠢᠨ᠎ᠡ ᠮᠠᠶᠢᠭ᠎ᠤᠨ ᠬᠤᠳᠠ ᠪᠠᠯᠭᠠᠰᠤᠵᠢᠯᠲᠠ᠎ᠶ᠋ᠢ ᠠᠬᠢᠭᠤᠯᠪᠠ; ᠤᠯᠤᠰ᠎ᠤᠨ ᠠᠮᠤ ᠪᠤᠳᠠᠭᠠᠨ᠎ᠤ ᠠᠮᠤᠷ ᠲᠦᠪᠱᠢᠨ᠎ᠢ ᠪᠠᠲᠤᠯᠠᠵᠤ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠤᠳᠤᠯᠭ᠎ᠠ᠎ᠶ᠋ᠢ ᠶᠡᠬᠡᠪᠡᠷ ᠬᠡᠷᠡᠭ᠌ᠵᠢᠭᠦᠯᠪᠠ; ᠭᠠᠳᠠᠭᠠᠳᠤ ᠨᠡᠬᠡᠬᠡᠯᠳᠡ᠎ᠪᠡᠨ ᠡᠷᠡᠰ ᠥᠷᠭᠡᠳᠭᠡᠵᠦ᠍᠂ ᠬᠠᠷᠢᠯᠴᠠᠨ ᠠᠱᠢᠭ᠍ᠲᠠᠢ ᠬᠠᠮᠲᠤ ᠪᠠᠷ ᠠᠱᠢᠭ ᠬᠦᠷᠳᠡᠬᠦ᠌ ᠤᠯᠠᠨ ᠤᠯᠤᠰ᠎ᠤᠨ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠪᠠ; ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢ ᠴᠢᠩᠭᠠᠳᠭᠠᠵᠤ᠂ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠬᠥᠭ᠌ᠵᠢᠯᠲᠡ᠎ᠶ᠋ᠢ ᠠᠬᠢᠭᠤᠯᠪᠠ; ᠠᠷᠠᠳ᠎ᠤᠨ ᠠᠮᠢᠳᠤᠷᠠᠯ᠎ᠢ ᠦᠨᠡᠨ ᠬᠦ᠌ ᠪᠠᠲᠤᠯᠠᠨ ᠰᠠᠢᠵᠢᠷᠠᠭᠤᠯᠵᠤ᠂ ᠨᠡᠢᠭᠡᠮ᠎ᠦᠨ ᠠᠵᠢᠯ ᠦᠢᠯᠡᠰ᠎ᠦᠨ ᠬᠥᠭ᠌ᠵᠢᠯᠲᠡ᠎ᠶ᠋ᠢ ᠲᠦᠷᠭᠡᠳᠭᠡᠪᠠ; ᠵᠠᠰᠠᠭ᠎ᠤᠨ ᠣᠷᠳᠣᠨ᠎ᠤ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠪᠠ ᠵᠠᠰᠠᠯᠲᠠ᠎ᠶ᠋ᠢᠨ ᠲᠠᠯ᠎ᠠ᠎ᠪᠠᠷ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠵᠤ᠂ ᠨᠡᠢᠭᠡᠮ᠎ᠦᠨ ᠶᠡᠬᠡ ᠲᠠᠯ᠎ᠠ᠎ᠶ᠋ᠢᠨ ᠲᠣᠭ᠍ᠲᠠᠭᠤᠨ ᠪᠠᠢᠳᠠᠯ᠎ᠢ ᠪᠠᠲᠤᠯᠠᠪᠠ ᠬᠡᠵᠤ ᠵᠢᠭᠠᠵᠤ ᠭᠠᠷᠭᠠᠪᠠ᠃
ᠯᠢ ᠺᠸ ᠴᠢᠶᠠᠩ ᠢᠯᠡᠳᠭᠡᠯ᠎ᠳᠡᠭᠡᠨ᠂ ᠡᠳᠡᠭᠡᠷ ᠵᠢᠯ᠎ᠳᠦ ᠮᠠᠨ᠎ᠤ ᠤᠯᠤᠰ᠎ᠤᠨ ᠬᠥᠭ᠌ᠵᠢᠯᠲᠡ᠎ᠳᠦ ᠣᠯᠤᠭ᠍ᠰᠠᠨ ᠠᠮᠵᠢᠯᠲᠠ ᠪᠦᠲᠦᠮᠵᠢ ᠪᠣᠯ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ᠎ᠶ᠋ᠢᠨ ᠦᠷ᠎ᠡ ᠳ᠋ᠦᠩ ᠮᠥᠨ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ᠎ᠶ᠋ᠢᠨ ᠦᠷ᠎ᠡ ᠳ᠋ᠦᠩ ᠮᠥᠨ᠂ ᠪᠦᠬᠦ᠌ ᠨᠠᠮ ᠪᠦᠬᠦ᠌ ᠴᠡᠷᠢᠭ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠪᠦᠯᠬᠦᠮᠳᠡᠨ ᠲᠡᠮᠡᠴᠡᠭ᠌ᠰᠡᠨ᠎ᠦ ᠦᠷ᠎ᠡ ᠳ᠋ᠦᠩ ᠮᠥᠨ ᠬᠡᠵᠤ ᠵᠢᠭᠠᠵᠤ ᠭᠠᠷᠭᠠᠪᠠ᠃
ᠯᠢ ᠺᠸ ᠴᠢᠶᠠᠩ ᠢᠯᠡᠳᠭᠡᠯ᠎ᠳᠡᠭᠡᠨ᠂ ᠮᠠᠨ᠎ᠤ ᠤᠯᠤᠰ ᠪᠣᠯ ᠬᠥᠭ᠌ᠵᠢᠵᠦ᠍ ᠪᠠᠢᠭ᠎ᠠ ᠲᠤᠮᠤ ᠤᠯᠤᠰ ᠮᠥᠨ᠂ ᠨᠡᠢᠭᠡᠮ ᠵᠢᠷᠤᠮ᠎ᠤᠨ ᠠᠩᠬᠠᠨ᠎ᠤ ᠱᠠᠲᠤᠨ᠎ᠳᠤ ᠣᠷᠣᠱᠢᠵᠤ᠂ ᠬᠥᠭ᠌ᠵᠢᠯᠲᠡ ᠲᠡᠩᠴᠡᠭᠦᠷᠢ ᠦᠭᠡᠢ ᠭᠦᠢᠴᠡᠳ ᠦᠭᠡᠢ ᠪᠠᠢᠬᠤ ᠠᠰᠠᠭᠤᠳᠠᠯ ᠮᠥᠨ ᠬᠦ᠌ ᠳᠤᠪᠤᠢ᠌ᠮ᠎ᠠ ᠣᠷᠣᠱᠢᠵᠤ ᠪᠠᠢᠬᠰᠠᠭᠠᠷ ᠬᠡᠳᠡᠭ᠎ᠢ ᠰᠡᠷᠭᠡᠭ᠎ᠢᠶᠡᠷ ᠲᠠᠨᠢᠬᠤ ᠬᠡᠷᠡᠭᠳᠡᠢ᠃ ᠠᠰᠠᠭᠤᠳᠠᠯ ᠪᠠ ᠥᠷᠢᠰᠥᠯᠳᠦᠭᠡᠨ᠎ᠳᠦ ᠱᠢᠭᠤᠳ ᠬᠠᠨᠳᠤᠵᠤ᠂ ᠪᠦᠬᠦ᠌ ᠰᠡᠳᠭᠢᠯ ᠪᠦᠬᠦ᠌ ᠵᠣᠷᠢᠭ᠎ᠢᠶᠠᠷ᠎ᠢᠶᠠᠨ ᠵᠠᠰᠠᠭ᠎ᠤᠨ ᠣᠷᠳᠣᠨ᠎ᠤ ᠠᠵᠢᠯ᠎ᠢ ᠰᠠᠢᠵᠢᠷᠠᠭᠤᠯᠵᠤ᠂ ᠠᠷᠠᠳ ᠲᠦᠮᠡᠨ᠎ᠦ ᠬᠦᠨᠳᠦ ᠨᠠᠢᠳᠠᠯᠭ᠎ᠠ᠎ᠶ᠋ᠢ ᠬᠥᠰᠡᠷᠳᠡᠭᠦᠯᠵᠤ ᠪᠤᠯᠬᠤ ᠦᠭᠡᠢ ᠬᠡᠵᠤ ᠵᠢᠭᠠᠵᠤ ᠭᠠᠷᠭᠠᠪᠠ᠃
ᠯᠢ ᠺᠸ ᠴᠢᠶᠠᠩ ᠢᠯᠡᠳᠭᠡᠯ᠎ᠳᠡᠭᠡᠨ᠂ ᠡᠨᠡ ᠵᠢᠯ ᠪᠣᠯ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠰᠢᠯᠠᠭᠤᠯᠬᠤ ᠡᠬᠢᠯᠡᠯᠲᠡ᠎ᠶ᠋ᠢᠨ ᠵᠢᠯ ᠪᠣᠯᠤᠨ᠎ᠠ᠃ ᠬᠥᠭ᠌ᠵᠢᠯᠲᠡ᠎ᠶ᠋ᠢᠨ ᠭᠣᠣᠯ ᠵᠢᠱ᠌ᠢᠭ᠌ᠰᠡᠨ ᠬᠠᠷᠠᠯᠲᠠ ᠪᠣᠯ᠄ ᠤᠯᠤᠰ ᠤ᠋ᠨ ᠳᠣᠲᠣᠭᠠᠳᠤ᠎ᠶ᠋ᠢᠨ ᠦᠢᠯᠡᠳᠪᠦᠷᠢᠯᠡᠯ᠎ᠦᠨ ᠶᠡᠷᠦᠩᠬᠡᠢ ᠥᠷᠲᠡᠭ᠎ᠢ 5% ᠣᠷᠴᠢᠮ ᠨᠡᠮᠡᠭ᠌ᠳᠡᠭᠦᠯᠦᠨ᠎ᠡ; ᠬᠣᠲᠠ ᠪᠠᠯᠭᠠᠰᠤᠨ᠎ᠳᠤ 1200 ᠲᠦᠮᠡ ᠣᠷᠴᠢᠮ ᠬᠥᠮᠦᠨ᠎ᠳᠦ ᠱᠢᠨ᠎ᠡ᠎ᠪᠡᠷ ᠠᠵᠢᠯ ᠣᠯᠭᠣᠵᠤ᠂ ᠬᠣᠲᠠ ᠪᠠᠯᠭᠠᠰᠤᠨ᠎ᠤ ᠪᠠᠢᠴᠠᠭᠠᠭ᠍ᠰᠠᠨ ᠠᠵᠢᠯ ᠠᠯᠳᠠᠯᠲᠠ᠎ᠶ᠋ᠢᠨ ᠨᠣᠷᠮ᠎ᠠ᠎ᠶ᠋ᠢ 5.5% ᠣᠷᠴᠢᠮ ᠪᠠᠢᠯᠭᠠᠨ᠎ᠠ; ᠰᠠᠭᠤᠭᠠᠯᠢ ᠠᠷᠠᠳ᠎ᠤᠨ ᠬᠡᠷᠡᠭ᠌ᠯᠡᠭᠡ ᠵᠢᠨ ᠦᠨ᠎ᠡ ᠬᠠᠩᠰᠢ᠎ᠶ᠋ᠢᠨ ᠥᠰᠥᠯᠲᠡ᠎ᠶ᠋ᠢ 3% ᠣᠷᠴᠢᠮ ᠪᠠᠢᠯᠭᠠᠨ᠎ᠠ; ᠰᠠᠭᠤᠭᠠᠯᠢ ᠠᠷᠠᠳ᠎ᠤᠨ ᠣᠷᠣᠯᠭ᠎ᠠ᠎ᠶ᠋ᠢᠨ ᠨᠡᠮᠡᠭ᠌ᠳᠡᠯ ᠪᠠ ᠠᠵᠤ ᠠᠬᠤᠢ᠎ᠶ᠋ᠢᠨ ᠨᠡᠮᠡᠭ᠌ᠳᠡᠯ ᠢ᠋ ᠦᠨᠳᠦᠰᠦᠨ᠎ᠳᠡᠭᠡᠨ ᠠᠳᠠᠯᠢ ᠠᠯᠬᠤᠮ᠎ᠳ᠋ᠤ ᠪᠠᠢᠯᠭᠠᠨ᠎ᠠ; ᠭᠠᠳᠠᠭᠠᠳᠤ᠎ᠡᠴᠡ ᠤᠷᠤᠭᠤᠯᠬᠤ ᠪᠠ ᠭᠠᠳᠠᠭᠠᠳᠤ ᠳ᠋ᠤ ᠭᠠᠷᠭᠠᠬᠤ᠎ᠶ᠋ᠢ ᠲᠣᠭ᠍ᠲᠠᠭᠤᠨ ᠪᠠᠢᠯᠭᠠᠬᠤ᠎ᠶ᠋ᠢ ᠠᠬᠢᠭᠤᠯᠤᠨ ᠶᠠᠰᠤ ᠴᠢᠨᠠᠷ᠎ᠢ ᠳᠡᠭᠡᠭ᠌ᠰᠢᠯᠡᠭᠦᠯᠵᠦ᠍᠂ ᠤᠯᠠᠨ ᠤᠯᠤᠰ ᠤ᠋ᠨ ᠣᠷᠣᠯᠭ᠎ᠠ ᠵᠠᠷᠤᠯᠭ᠎ᠠ᠎ᠶ᠋ᠢ ᠦᠨᠳᠦᠰᠦᠨ᠎ᠳᠡᠭᠡᠨ ᠲᠡᠩᠴᠡᠭᠦᠷᠢᠲᠡᠢ ᠪᠠᠢᠯᠭᠠᠨ᠎ᠠ; ᠠᠮᠤ ᠪᠤᠳᠠᠭᠠᠨ᠎ᠤ ᠤᠨᠠᠯᠲᠠ 1.3 ᠲᠦᠮᠡᠨ ᠳ᠋ᠦᠩᠱᠢᠭᠤᠷ ᠵᠢᠩ᠎ᠡᠴᠡ ᠳᠡᠭᠡᠭ᠌ᠰᠢ ᠪᠠᠢᠬᠤ᠎ᠶ᠋ᠢ ᠪᠠᠲᠤᠯᠠᠨ᠎ᠠ; ᠨᠢᠭᠡᠴᠢ ᠤᠯᠤᠰ᠎ᠤᠨ ᠳᠣᠲᠣᠭᠠᠳᠤ᠎ᠶ᠋ᠢᠨ ᠦᠢᠯᠡᠳᠪᠦᠷᠢᠯᠡᠯ᠎ᠦᠨ ᠶᠡᠷᠦᠩᠬᠡᠢ ᠦᠷᠲᠡᠭ᠎ᠦᠨ ᠡᠨᠧᠷᠭᠢ᠎ᠶ᠋ᠢᠨ ᠬᠣᠷᠣᠭ᠍ᠳᠠᠭᠤᠯᠤᠯ ᠪᠠ ᠭᠣᠣᠯ ᠪᠣᠯᠬᠤ ᠪᠣᠬᠢᠷᠲᠤᠯ ᠪᠣᠳᠠᠰ᠎ᠤᠨ ᠭᠠᠳᠠᠭ᠍ᠰᠢᠯᠠᠭᠤᠯᠤᠯᠲᠠ᠎ᠶ᠋ᠢ ᠦᠷᠭᠦᠯᠵᠢᠯᠡᠨ ᠪᠠᠭᠤᠷᠠᠭᠤᠯᠵᠤ᠂ ᠨᠡᠬᠦᠷᠡᠰᠦ ᠴᠢᠯᠠᠭᠤᠨ ᠲᠤᠰᠤ ᠬᠡᠢ ᠵᠡᠷᠬᠡ ᠴᠢᠯᠠᠭᠤᠵᠢᠮᠠᠯ ᠡᠨᠧᠷᠭᠢ᠎ᠶ᠋ᠢᠨ ᠬᠡᠷᠡᠭ᠌ᠯᠡᠭᠡ᠎ᠶ᠋ᠢ ᠭᠣᠣᠯᠳᠠᠯᠭ᠎ᠠ᠎ᠲᠠᠶ ᠬᠢᠵᠠᠭᠠᠷᠯᠠᠵᠤ᠂ ᠠᠮᠢ ᠠᠬᠤᠢ ᠣᠷᠴᠢᠨ ᠲᠤᠭᠤᠷᠢᠨ᠎ᠤ ᠶᠠᠰᠤ ᠴᠢᠨᠠᠷ᠎ᠢ ᠲᠣᠭ᠍ᠲᠠᠭᠤᠨ᠎ᠢᠶᠠᠷ ᠰᠠᠢᠵᠢᠷᠠᠭᠤᠯᠤᠨ᠎ᠠ ᠭᠡᠵᠤ ᠵᠢᠭᠠᠵᠤ ᠭᠠᠷᠭᠠᠵᠠᠢ᠃
ᠡᠨᠡ ᠵᠢᠯ᠎ᠦᠨ ᠵᠠᠰᠠᠭ᠎ᠤᠨ ᠣᠷᠳᠣᠨ᠎ᠤ ᠠᠵᠢᠯ᠎ᠤᠨ ᠲᠤᠬᠠᠢ ᠰᠠᠨᠠᠭᠤᠯᠭ᠎ᠠ᠎ᠳᠠᠭᠠᠨ ᠯᠢ ᠺᠸ ᠴᠢᠶᠠᠩ ᠬᠡᠳᠦᠨ ᠵᠦᠢᠯ᠎ᠦᠨ ᠭᠣᠣᠯᠳᠠᠯᠭ᠎ᠠ᠎ᠶ᠋ᠢ ᠳᠤᠷᠠᠳᠴᠠᠢ᠄ ᠨᠢᠭᠡ᠎ᠳᠦ᠂ ᠤᠯᠤᠰ᠎ᠤᠨ ᠳᠣᠲᠣᠭᠠᠳᠤ᠎ᠶ᠋ᠢᠨ ᠬᠡᠷᠡᠭ᠌ᠴᠡᠭᠡ᠎ᠶ᠋ᠢ ᠬᠦᠴᠦᠯᠡᠨ ᠥᠷᠭᠡᠳᠭᠡᠨ᠎ᠡ; ᠬᠣᠶᠠᠷ᠎ᠲᠤ᠂ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠲᠦᠷᠭᠡᠪᠴᠢᠯᠡᠨ ᠪᠠᠢᠭᠤᠯᠤᠨ᠎ᠠ; ᠭᠤᠷᠪᠠ᠎ᠳᠤ᠂ 《 ᠬᠣᠶᠠᠷ ᠥᠴᠦᠬᠡᠨ ᠴᠦ᠍ ᠭᠤᠢᠪᠢᠰᠢ ᠦᠭᠡᠢ ᠪᠠᠢᠬᠤ 》 ᠶ᠋ᠢ ᠦᠨᠡᠨ ᠬᠦ᠌ ᠨᠠᠢᠳᠠᠪᠤᠷᠢᠵᠢᠭᠤᠯᠤᠨ᠎ᠠ; ᠳᠥᠷᠪᠡ᠎ᠳᠦ᠂ ᠭᠠᠳᠠᠭᠠᠳᠤ ᠪᠠᠯᠠ᠎ᠶ᠋ᠢ ᠨᠠᠩ ᠶᠡᠬᠡ ᠡᠷᠴᠢᠮ᠎ᠢᠶᠡᠷ ᠲᠠᠲᠠᠨ ᠤᠷᠤᠭᠤᠯᠬᠤ ᠪᠠ ᠠᠱᠢᠭ᠍ᠯᠠᠨ᠎ᠠ; ᠲᠠᠪᠤ᠎ᠳᠤ᠂ ᠠᠵᠤ ᠠᠬᠤᠢ ᠮᠥᠩᠭᠥᠨ ᠭᠦᠢᠯᠭᠡᠭᠡᠨ᠎ᠦ ᠬᠦᠨᠳᠦ ᠶᠡᠬᠡ ᠠᠶᠤᠯ ᠲᠦᠭ᠌ᠰᠢᠭᠦᠷᠢ᠎ᠶ᠋ᠢ ᠪᠦᠲᠦᠮᠵᠢᠲᠡᠢ ᠰᠡᠷᠭᠡᠢᠯᠡᠨ ᠠᠷᠢᠯᠭᠠᠨ᠎ᠠ; ᠵᠢᠷᠭᠤᠭ᠎ᠠ᠎ᠳᠤ᠂ ᠠᠮᠤ ᠪᠤᠳᠠᠭᠠᠨ᠎ᠤ ᠦᠶ᠋ᠯᠡᠳᠪᠦᠷᠢᠯᠡᠯ᠎ᠢ ᠲᠣᠭ᠍ᠲᠠᠪᠤᠷᠢᠵᠢᠭᠤᠯᠵᠤ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠤᠨ᠎ᠠ; ᠲᠤᠯᠤᠭ᠎ᠠ᠎ᠳᠤ᠂ ᠬᠥᠭ᠌ᠵᠢᠯᠲᠡ᠎ᠶ᠋ᠢᠨ ᠠᠷᠭ᠎ᠠ ᠬᠡᠯᠪᠡᠷᠢ᠎ᠶ᠋ᠢ ᠪᠣᠬᠢᠷᠲᠤᠯ ᠦᠭᠡᠢ ᠲᠡᠢᠰᠢ ᠬᠤᠪᠢᠷᠠᠭᠤᠯᠬᠤ᠎ᠶ᠋ᠢ ᠠᠬᠢᠭᠤᠯᠤᠨ᠎ᠠ; ᠨᠠᠢ᠍ᠮᠠ᠎ᠳᠤ᠂ ᠠᠷᠠᠳ᠎ᠤᠨ ᠦᠨᠳᠦᠰᠦᠨ ᠠᠮᠢᠳᠤᠷᠠᠯ᠎ᠢ ᠪᠠᠲᠤᠯᠠᠵᠤ ᠨᠡᠢᠭᠡᠮ᠎ᠦᠨ ᠠᠵᠢᠯ ᠦᠢᠯᠡᠰ᠎ᠢ ᠬᠥᠭ᠌ᠵᠢᠭᠦᠯᠦᠨ᠎ᠡ᠃
ᠢᠯᠡᠳᠭᠡᠯ᠎ᠳᠦ᠂ ᠯᠢ ᠺᠸ ᠴᠢᠶᠠᠩ ᠪᠠᠰᠠ ᠦᠨᠳᠦᠰᠦᠲᠡᠨ᠂ ᠱᠠᠱᠢᠨ ᠰᠤᠷᠲᠠᠬᠤᠨ ᠪᠣᠯᠤᠨ ᠬᠠᠷᠢᠶᠠᠲᠤ᠎ᠨᠠᠷ᠎ᠤᠨ ᠠᠵᠢᠯ᠂ ᠤᠯᠤᠰ᠎ᠤᠨ ᠪᠠᠲᠤᠯᠠᠨ ᠬᠠᠮᠠᠭᠠᠯᠠᠯᠲᠠ ᠪᠣᠯᠤᠨ ᠴᠡᠷᠢᠭ ᠠᠩᠭᠢ᠎ᠶ᠋ᠢᠨ ᠪᠦᠲᠦᠭᠡᠨ ᠪᠠᠢᠭᠤᠯᠤᠯᠲᠠ᠂ ᠱᠢᠶᠠᠩᠭᠠᠩ᠂ ᠣᠣᠮᠧᠨ᠎ᠦ ᠬᠥᠭ᠌ᠵᠢᠯᠲᠡ ᠪᠣᠯᠤᠨ ᠲᠠᠢᠸᠠᠨ ᠬᠣᠭᠣᠯᠠᠶ᠎ᠶ᠋ᠢᠨ ᠬᠣᠶᠠᠷ ᠬᠦᠪᠡᠬᠡ᠎ᠶ᠋ᠢᠨ ᠬᠠᠷᠢᠯᠴᠠᠭ᠎ᠠ ᠵᠢᠴᠢ ᠮᠠᠨ᠎ᠤ ᠤᠯᠤᠰ᠎ᠤᠨ ᠭᠠᠳᠠᠭᠠᠳᠤ ᠬᠠᠷᠢᠯᠴᠠᠭᠠᠨ᠎ᠤ ᠲᠥᠷᠥ᠎ᠶ᠋ᠢᠨ ᠪᠣᠳᠣᠯᠭ᠎ᠠ᠎ᠶ᠋ᠢᠨ ᠲᠤᠬᠠᠶ ᠲᠣᠳᠣᠷᠬᠠᠢᠯᠠᠨ ᠥᠭᠦᠯᠡᠵᠡᠶ᠃
ᠯᠢ ᠺᠸ ᠴᠢᠶᠠᠩ᠎ᠤᠨ ᠢᠯᠡᠳᠭᠡᠯ ᠬᠠᠯᠠᠭᠤᠨ ᠠᠯᠠᠭ᠎ᠠ ᠲᠡᠱᠢᠯᠲᠡ᠎ᠶ᠋ᠢ ᠤᠯᠪᠠ᠃
ᠬᠤᠷᠠᠯ᠎ᠤᠨ ᠵᠥᠪᠯᠡᠬᠦ᠌ ᠵᠦᠶ᠋ᠯᠡᠰ᠎ᠢ ᠦᠨᠳᠦᠰᠦᠯᠡᠨ᠂ ᠶᠡᠬᠡ ᠬᠤᠷᠠᠯ᠎ᠡᠴᠡ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ 2022 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠬᠡᠷᠡᠭ᠌ᠵᠢᠭᠦᠯᠦᠭ᠌ᠰᠡᠨ ᠪᠠᠢᠳᠠᠯ ᠬᠢᠭᠡᠳ 2023 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠥᠰᠦᠯ᠎ᠦᠨ ᠲᠤᠬᠠᠢ ᠮᠡᠳᠡᠭᠦᠯᠦᠯᠲᠡ ᠵᠢᠴᠢ 2023 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠥᠰᠦᠯ᠂ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ 2022 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠢ ᠬᠦᠢᠴᠡᠳᠬᠡᠭ᠌ᠰᠡᠨ ᠪᠠᠢᠳᠠᠯ ᠬᠢᠭᠡᠳ 2023 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠦᠨ ᠲᠥᠰᠦᠯ᠎ᠦᠨ ᠲᠤᠬᠠᠢ ᠮᠡᠳᠡᠭᠦᠯᠦᠯᠲᠡ ᠵᠢᠴᠢ 2023 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠦᠨ ᠲᠥᠰᠦᠯ᠎ᠢ ᠬᠢᠨᠠᠨ ᠪᠠᠢᠴᠠᠭᠠᠨ᠎ᠠ᠃
ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠨᠠᠢᠳᠠᠯᠭ᠎ᠠ᠎ᠪᠠᠷ᠂ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠳᠡᠳ᠋ ᠬᠣᠷᠢᠶᠠᠨ ᠳᠠᠷᠤᠭ᠎ᠠ ᠸᠠᠩ ᠴᠧᠨ ᠬᠠᠤᠯᠢ ᠲᠣᠭ᠍ᠲᠠᠭᠠᠬᠤ ᠬᠠᠤᠯᠢ᠎ᠳᠤ ᠵᠠᠰᠠᠪᠤᠷᠢ ᠣᠷᠣᠭᠤᠯᠬᠤ ᠲᠥᠰᠦᠯ᠎ᠦᠨ ᠲᠤᠬᠠᠶ ᠲᠣᠳᠣᠷᠬᠠᠢᠯᠠᠯᠲᠠ ᠬᠢᠪᠠ᠃
ᠬᠠᠤᠯᠢ ᠲᠣᠭ᠍ᠲᠠᠭᠠᠬᠤ ᠬᠠᠤᠯᠢ᠎ᠳᠤ ᠵᠠᠰᠠᠪᠤᠷᠢ ᠣᠷᠣᠭᠤᠯᠬᠤ ᠲᠥᠰᠦᠯ᠎ᠦᠨ ᠲᠤᠬᠠᠢ ᠲᠣᠳᠣᠷᠬᠠᠢᠯᠠᠯᠲᠠ᠎ᠳᠤ᠂ ᠬᠠᠤᠯᠢ ᠲᠣᠭ᠍ᠲᠠᠭᠠᠬᠤ ᠪᠣᠯ ᠤᠯᠤᠰ᠎ᠤᠨ ᠴᠢᠬᠤᠯᠠ ᠤᠯᠤᠰ ᠲᠦᠷᠦ᠍᠎ᠶ᠋ᠢᠨ ᠠᠵᠢᠯᠯᠠᠭ᠎ᠠ ᠮᠥᠨ᠂ ᠨᠠᠮ᠎ᠤᠨ ᠵᠣᠷᠢᠯᠲᠠ ᠪᠠ ᠠᠷᠠᠳ ᠲᠦᠮᠡᠨ᠎ᠦ ᠵᠣᠷᠢᠭ ᠰᠠᠨᠠᠭ᠎ᠠ ᠵᠢ ᠬᠠᠤᠯᠢ᠎ᠳᠤ ᠲᠣᠭ᠍ᠲᠠᠭᠠᠭ᠍ᠰᠠᠨ ᠳᠡᠰ ᠳᠠᠷᠠᠭᠠᠯᠠᠯ ᠵᠢᠡᠷ ᠳᠠᠮᠵᠢᠭᠤᠯᠤᠨ ᠲᠦᠷᠦ᠍᠎ᠶ᠋ᠢᠨ ᠵᠣᠷᠢᠭ ᠰᠠᠨᠠᠭ᠎ᠠ ᠪᠣᠯᠭᠠᠨ ᠬᠤᠪᠢᠷᠠᠭᠤᠯᠬᠤ ᠶᠠᠪᠤᠴᠠ ᠮᠥᠨ᠂ ᠲᠡᠷᠡ ᠨᠢ ᠨᠠᠮ ᠪᠠ ᠤᠯᠤᠰ ᠤ᠋ᠨ ᠠᠵᠢᠯ ᠦᠢᠯᠡᠰ᠎ᠦᠨ ᠬᠥᠭ᠌ᠵᠢᠯᠲᠡ᠎ᠶ᠋ᠢᠨ ᠪᠦᠬᠦ᠌ ᠲᠠᠯ᠎ᠠ᠎ᠳᠤ ᠬᠣᠯᠪᠣᠭ᠍ᠳᠠᠵᠤ ᠪᠠᠢᠳᠠᠭ᠃ ᠬᠠᠤᠯᠢ ᠲᠣᠭ᠍ᠲᠠᠭᠠᠬᠤ ᠬᠠᠤᠯᠢ ᠪᠣᠯ ᠤᠯᠤᠰ᠎ᠤᠨ ᠬᠠᠤᠯᠢ ᠲᠣᠭ᠍ᠲᠠᠭᠠᠬᠤ ᠲᠦᠷᠢᠮ ᠪᠠ ᠬᠠᠤᠯᠢ ᠲᠣᠭ᠍ᠲᠠᠭᠠᠬᠤ ᠠᠵᠢᠯᠯᠠᠭ᠎ᠠ᠎ᠶ᠋ᠢ ᠵᠢᠷᠤᠮᠵᠢᠭᠤᠯᠵᠤ᠂ ᠨᠡᠢᠭᠡᠮ ᠵᠢᠷᠤᠮ᠎ᠤᠨ ᠬᠠᠤᠯᠢᠵᠢᠯ ᠤ᠋ᠨ ᠨᠢᠭᠡᠳᠦᠯ᠎ᠢ ᠬᠠᠮᠠᠭᠠᠯᠠᠬᠤ ᠦᠨᠳᠦᠰᠦᠨ ᠬᠠᠤᠯᠢ ᠴᠠᠭᠠᠵᠠ ᠮᠥᠨ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠢ ᠪᠠᠷᠢᠮᠲᠠᠯᠠᠨ ᠬᠥᠭ᠌ᠵᠢᠭᠦᠯᠬᠦ᠌ ᠪᠦᠬᠦ᠌ ᠲᠠᠯ᠎ᠠ ᠪᠠ ᠪᠠᠢᠯᠳᠤᠬᠤ ᠪᠤᠳᠤᠯᠭ᠎ᠠ᠎ᠶ᠋ᠢᠨ ᠦᠨᠳᠦᠷᠴᠡ ᠡᠴᠡ᠂ ᠪᠦᠬᠦ᠌ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ ᠲᠤᠬᠠᠢ ᠠᠯᠢ ᠤᠯᠠᠨ ᠴᠢᠬᠤᠯᠠ ᠶᠡᠬᠡ ᠪᠠᠢᠷᠢᠯᠠᠭᠤᠯᠤᠯᠲᠠ ᠬᠢᠵᠦ᠍᠂ ᠠᠯᠢ ᠤᠯᠠᠨ ᠴᠢᠬᠤᠯᠠ ᠶᠡᠬᠡ ᠠᠵᠢᠯ᠎ᠢ ᠠᠬᠢᠭᠤᠯᠵᠤ᠂ ᠲᠡᠦᠬᠡᠲᠦ ᠴᠢᠨᠠᠷᠲᠠᠢ ᠠᠮᠵᠢᠯᠲᠠ ᠣᠯᠵᠠᠢ᠃ ᠶᠡᠷᠦᠩᠬᠡᠢ ᠱᠦᠵᠢ ᠰᠢ ᠵᠢᠨ ᠫᠢᠩ ᠪᠦᠬᠦ᠌ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ ᠠᠯᠢ ᠤᠯᠠᠨ ᠴᠢᠬᠤᠯᠠ ᠶᠡᠬᠡ ᠤᠨᠤᠯ ᠪᠠ ᠦᠢᠯᠡᠳᠦᠯᠭᠡ᠎ᠶ᠋ᠢᠨ ᠠᠰᠠᠭᠤᠳᠠᠯ᠎ᠢ ᠭᠦᠨᠵᠡᠭᠡᠢ ᠲᠣᠳᠣᠷᠬᠠᠢᠯᠠᠨ ᠥᠭᠦᠯᠡᠵᠦ᠍᠂ ᠰᠢ ᠵᠢᠨ ᠫᠢᠩ᠎ᠦᠨ ᠬᠠᠤᠯᠢᠵᠢᠯ᠎ᠤᠨ ᠦᠵᠡᠯ ᠰᠠᠨᠠᠭ᠎ᠠ ᠨᠢ ᠱᠢᠨ᠎ᠡ ᠴᠠᠭ ᠦᠶ᠎ᠡ᠎ᠶ᠋ᠢᠨ ᠪᠦᠬᠦ᠌ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ᠂ ᠬᠠᠤᠯᠢ ᠲᠣᠭ᠍ᠲᠠᠭᠠᠬᠤ ᠠᠵᠢᠯ᠎ᠢ ᠴᠢᠩᠭᠠᠳᠭᠠᠨ ᠰᠠᠢᠵᠢᠷᠠᠭᠤᠯᠬᠤ᠎ᠳᠤ ᠦᠨᠳᠦᠰᠦᠨ ᠵᠢᠷᠤᠮᠯᠠᠯ ᠬᠠᠩᠭᠠᠵᠠᠢ ᠭᠡᠵᠤ ᠵᠢᠭᠠᠵᠤ ᠭᠠᠷᠭᠠᠵᠠᠢ᠃
ᠲᠣᠳᠣᠷᠬᠠᠢᠯᠠᠯᠲᠠ᠎ᠳᠤ᠂ ᠬᠠᠤᠯᠢ ᠲᠣᠭ᠍ᠲᠠᠭᠠᠬᠤ ᠬᠠᠤᠯᠢ᠎ᠳᠤ ᠵᠠᠰᠠᠪᠤᠷᠢ ᠣᠷᠣᠭᠤᠯᠬᠤ ᠪᠣᠯ ᠱᠢᠨ᠎ᠡ ᠴᠠᠭ ᠦᠶ᠎ᠡ᠎ᠳᠦ ᠬᠠᠤᠯᠢ ᠲᠣᠭ᠍ᠲᠠᠭᠠᠬᠤ ᠠᠵᠢᠯ᠎ᠳᠠᠬᠢ ᠨᠠᠮ᠎ᠤᠨ ᠪᠥᠬᠥ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠴᠢᠩᠭᠠᠳᠭᠠᠵᠤ᠂ ᠬᠠᠤᠯᠢᠵᠢᠯ᠎ᠢᠶᠡᠷ ᠳᠠᠮᠵᠢᠭᠤᠯᠤᠨ ᠨᠠᠮ᠎ᠤᠨ ᠱᠤᠭᠤᠮ ᠴᠢᠭ᠌ᠯᠡᠯᠲᠡ ᠲᠥᠷᠥ᠎ᠶ᠋ᠢᠨ ᠪᠣᠳᠣᠯᠭ᠎ᠠ ᠪᠠ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠲᠤᠭᠤᠰᠢᠯᠠᠭᠤᠯᠤᠨ ᠬᠡᠷᠡᠭ᠌ᠵᠢᠭᠦᠯᠬᠦ᠌᠎ᠶ᠋ᠢ ᠪᠠᠲᠤᠯᠠᠬᠤ᠎ᠶ᠋ᠢᠨ ᠵᠠᠢᠯᠠᠰᠢ ᠥᠬᠡᠶ ᠱᠠᠭᠠᠷᠳᠠᠯᠭ᠎ᠠ ᠮᠥᠨ; ᠱᠢᠨ᠎ᠡ ᠴᠠᠭ ᠦᠶ᠎ᠡ᠎ᠳᠦ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠪᠠᠷᠢᠮᠲᠠᠯᠠᠨ ᠬᠥᠭ᠌ᠵᠢᠭᠦᠯᠵᠦ᠍᠂ ᠬᠠᠤᠯᠢᠵᠢᠯ᠎ᠢᠶᠡᠷ ᠳᠠᠮᠵᠢᠭᠤᠯᠤᠨ ᠠᠷᠠᠳ ᠲᠦᠮᠡᠨ᠎ᠦ ᠡᠵᠡᠨ ᠰᠠᠭᠤᠵᠤ ᠡᠷᠬᠡ ᠮᠡᠳᠡᠬᠦ᠌᠎ᠶ᠋ᠢ ᠪᠠᠲᠤᠯᠠᠬᠤ᠎ᠶ᠋ᠢᠨ ᠪᠤᠰᠤᠳᠴᠢ ᠱᠠᠭᠠᠷᠳᠠᠯᠭ᠎ᠠ ᠮᠥᠨ; ᠱᠢᠨ᠎ᠡ ᠴᠠᠭ ᠦᠶ᠎ᠡ᠎ᠳᠦ ᠪᠦᠬᠦ᠌ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ᠂ ᠦᠨᠳᠦᠰᠦᠨ ᠬᠠᠤᠯᠢ᠎ᠪᠠᠷ ᠤᠯᠤᠰ᠎ᠢᠶᠠᠨ ᠵᠠᠰᠠᠬᠤ᠎ᠶ᠋ᠢ ᠠᠬᠢᠭᠤᠯᠬᠤ᠂ ᠨᠡᠢᠭᠡᠮ ᠵᠢᠷᠤᠮ᠎ᠤᠨ ᠬᠠᠤᠯᠢᠵᠢᠯ᠎ᠤᠨ ᠤᠯᠤᠰ᠎ᠢ ᠪᠦᠲᠦᠭᠡᠨ ᠪᠠᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ; ᠱᠢᠨ᠎ᠡ ᠴᠠᠭ ᠦᠶ᠎ᠡ᠎ᠳᠦ ᠥᠭᠡᠷᠡᠴᠢᠯᠡᠯᠲᠡ ᠪᠠ ᠬᠠᠤᠯᠢᠵᠢᠯ᠎ᠤᠨ ᠬᠠᠷᠢᠴᠠᠭ᠎ᠠ᠎ᠶ᠋ᠢ ᠵᠥᠪ᠎ᠢᠶᠡᠷ ᠱᠢᠢᠳᠪᠦᠷᠢᠯᠡᠭ᠌ᠰᠡᠨ ᠦᠢᠯᠡᠳᠦᠯᠭᠡ᠎ᠶ᠋ᠢᠨ ᠲᠤᠷᠱᠢᠯᠭ᠎ᠠ᠎ᠶ᠋ᠢ ᠳ᠋ᠦᠩᠨᠡᠵᠦ᠍᠂ ᠬᠠᠤᠯᠢᠵᠢᠯ᠎ᠤᠨ ᠳᠣᠣᠷ᠎ᠠ ᠥᠭᠡᠷᠡᠴᠢᠯᠡᠯᠲᠡ᠎ᠶ᠋ᠢ ᠠᠬᠢᠭᠤᠯᠬᠤ ᠪᠠ ᠥᠭᠡᠷᠡᠴᠢᠯᠡᠯᠲᠡ᠎ᠶ᠋ᠢᠨ ᠳᠤᠮᠳᠠ ᠬᠠᠤᠯᠢᠵᠢᠯ᠎ᠢ ᠲᠡᠭᠦᠯᠳᠡᠷᠵᠢᠭᠦᠯᠬᠦ᠌᠎ᠶ᠋ᠢ ᠨᠢᠭᠡᠳᠭᠡᠬᠦ᠌ ᠵᠢ ᠨᠡᠩ ᠰᠠᠢᠲᠤᠷ ᠪᠠᠷᠢᠮᠲᠠᠯᠠᠬᠤ ᠵᠢᠨ ᠠᠬᠤᠢᠴᠢ ᠱᠠᠭᠠᠷᠳᠠᠯᠭ᠎ᠠ ᠪᠣᠯᠤᠨ᠎ᠠ᠃ ᠬᠠᠤᠯᠢ ᠲᠣᠭ᠍ᠲᠠᠭᠠᠬᠤ ᠬᠠᠤᠯᠢ᠎ᠳᠤ ᠵᠠᠰᠠᠪᠤᠷᠢ ᠣᠷᠣᠭᠤᠯᠬᠤ ᠲᠥᠰᠦᠯ ᠨᠡᠢ᠌ᠳᠡ 37 ᠵᠦᠢᠯ ᠪᠠᠢᠨ᠎ᠠ᠃ ᠨᠢᠭᠡ᠎ᠳᠦ᠂ ᠬᠠᠤᠯᠢ ᠲᠣᠭ᠍ᠲᠠᠭᠠᠬᠤ ᠵᠢᠯᠣᠭᠣᠳᠭᠤ ᠦᠵᠡᠯ ᠰᠠᠨᠠᠭ᠎ᠠ ᠪᠠ ᠵᠠᠷᠴᠢᠮ᠎ᠢ ᠲᠡᠭᠦᠯᠳᠡᠷᠵᠢᠭᠦᠯᠦᠨ᠎ᠡ; ᠬᠣᠶᠠᠷ᠎ᠲᠤ᠂ ᠦᠨᠳᠦᠰᠦᠨ ᠬᠠᠤᠯᠢ᠎ᠳᠤ ᠨᠡᠢᠴᠡᠬᠦ᠌ ᠡᠰᠡᠬᠦ᠌᠎ᠶ᠋ᠢ ᠬᠢᠨᠠᠨ ᠪᠠᠢᠴᠠᠭᠠᠬᠤ ᠬᠣᠯᠪᠣᠭ᠍ᠳᠠᠯ ᠪᠦᠬᠦᠢ ᠱᠠᠭᠠᠷᠳᠠᠯᠭ᠎ᠠ᠎ᠶ᠋ᠢ ᠲᠣᠳᠣᠷᠬᠠᠢᠯᠠᠨ᠎ᠠ; ᠭᠤᠷᠪᠠ᠎ᠳᠤ᠂ ᠬᠠᠤᠯᠢ ᠲᠣᠭ᠍ᠲᠠᠭᠠᠬᠤ ᠱᠢᠢᠳᠪᠦᠷᠢᠲᠦ ᠪᠤᠳᠤᠯᠭ᠎ᠠ ᠬᠢᠭᠡᠳ ᠥᠭᠡᠷᠡᠴᠢᠯᠡᠯᠲᠡ᠎ᠶ᠋ᠢᠨ ᠱᠢᠢᠳᠪᠦᠷᠢᠲᠦ ᠪᠤᠳᠤᠯᠭ᠎ᠠ᠎ᠶ᠋ᠢ ᠵᠣᠯᠭᠠᠯᠴᠠᠭᠤᠯᠬᠤ᠂ ᠨᠢᠭᠡᠳᠦᠭᠦᠯᠬᠦ᠌ ᠲᠦᠷᠢᠮ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ; ᠲᠦᠷᠪᠡ᠎ᠳᠦ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠵᠢᠴᠢ ᠲᠡᠭᠦᠨ᠎ᠦ ᠪᠠᠢᠩᠭᠤ᠎ᠶ᠋ᠢᠨ ᠬᠣᠷᠢᠶᠠᠨ᠎ᠤ ᠬᠠᠤᠯᠢ ᠲᠣᠭ᠍ᠲᠠᠭᠠᠬᠤ ᠡᠷᠬᠡ᠎ᠶ᠋ᠢᠨ ᠬᠡᠪᠴᠢᠶ᠎ᠡ᠂ ᠬᠠᠤᠯᠢ ᠲᠣᠭ᠍ᠲᠠᠭᠠᠬᠤ ᠲᠡᠰ ᠲᠠᠷᠠᠭᠠᠯᠠᠯ ᠪᠠ ᠠᠵᠢᠯ᠎ᠤᠨ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ; ᠲᠠᠪᠤ᠎ᠳᠤ᠂ ᠬᠢᠨᠠᠨ ᠪᠠᠢᠴᠠᠭᠠᠬᠤ ᠪᠠᠢᠭᠤᠯᠤᠮᠵᠢ᠎ᠵᠢᠨ ᠥᠭᠡᠷᠡᠴᠢᠯᠡᠯᠲᠡ ᠵᠢᠨ ᠨᠦᠬᠦᠪᠦᠷᠢᠯᠡᠬᠦ ᠴᠢᠬᠤᠯᠠᠳᠠᠢ ᠬᠤᠯᠪᠤᠬᠳᠠᠯ ᠪᠦᠬᠦᠢ ᠠᠭᠤᠯᠭ᠎ᠠ᠎ᠳᠦ ᠵᠣᠬᠢᠴᠠᠭᠤᠯᠤᠨ᠎ᠠ; ᠵᠢᠷᠭᠤᠭ᠎ᠠ᠎ᠳᠤ᠂ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭ᠍ᠲᠠᠭᠠᠯ᠂ ᠲᠦᠷᠢᠮ ᠲᠣᠭ᠍ᠲᠠᠭᠠᠯ᠎ᠤᠨ ᠡᠷᠬᠡ᠎ᠶ᠋ᠢᠨ ᠬᠡᠪᠴᠢᠶ᠎ᠡ ᠪᠠ ᠲᠠᠰ ᠲᠠᠷᠠᠭᠠᠯᠠᠯ᠎ᠢ ᠲᠡᠭᠦᠯᠳᠡᠷᠵᠢᠭᠦᠯᠦᠨ᠎ᠡ; ᠳᠣᠯᠣᠭ᠎ᠠ᠎ᠳᠤ᠂ ᠳᠡᠩᠰᠡᠯᠡᠵᠦ᠍ ᠬᠢᠨᠠᠨ ᠪᠠᠢᠴᠠᠭᠠᠬᠤ ᠲᠦᠷᠢᠮ᠎ᠢ ᠲᠡᠭᠦᠯᠳᠡᠷᠵᠢᠭᠦᠯᠦᠨ᠎ᠡ ᠭᠡᠵᠦ ᠵᠢᠭᠠᠵᠤ ᠭᠠᠷᠭᠠᠪᠠ᠃
ᠬᠤᠷᠠᠯ᠎ᠡᠴᠡ ᠪᠠᠲᠤᠯᠠᠯᠲᠠ ᠬᠢᠬᠦ᠌᠎ᠪᠡᠷ ᠲᠠᠮᠵᠢᠨ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠤᠨ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠤᠰᠭᠠᠢ ᠵᠥᠪᠯᠡᠯ᠎ᠢ ᠪᠠᠢᠭᠤᠯᠬᠤ ᠲᠤᠬᠠᠢ ᠲᠣᠭ᠍ᠲᠠᠭᠠᠯ᠎ᠢ ᠪᠠᠲᠤᠯᠠᠵᠤ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠤᠨ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠤᠰᠭᠠᠢ ᠵᠥᠪᠯᠡᠯ᠎ᠦᠨ ᠡᠷᠬᠢᠯᠡᠭ᠌ᠴᠢ ᠭᠡᠱᠢᠭᠦᠨ᠂ ᠳᠡᠳ᠋ ᠡᠷᠬᠢᠯᠡᠭ᠌ᠴᠢ ᠭᠡᠱᠢᠭᠦᠨ᠂ ᠭᠡᠱᠢᠭᠦᠨ᠎ᠦ ᠵᠢᠱ᠌ᠢᠭ᠌ᠳᠡᠭ᠌ᠴᠢ᠎ᠶ᠋ᠢ ᠪᠠᠲᠤᠯᠠᠬᠤ ᠠᠷᠭ᠎ᠠ᠎ᠶ᠋ᠢ ᠪᠠᠲᠤᠯᠠᠵᠤ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠦᠨᠳᠦᠰᠦᠨ ᠬᠠᠤᠯᠢ ᠪᠠ ᠬᠠᠤᠯᠢ ᠴᠠᠭᠠᠵᠠ᠎ᠶ᠋ᠢᠨ ᠵᠥᠪᠯᠡᠯ᠎ᠦᠨ ᠡᠷᠬᠢᠯᠡᠭ᠌ᠴᠢ ᠭᠡᠱᠢᠭᠦᠨ᠂ ᠳᠡᠳ᠋ ᠡᠷᠬᠢᠯᠡᠭ᠌ᠴᠢ ᠭᠡᠱᠢᠭᠦᠨ᠂ ᠭᠡᠱᠢᠭᠦᠨ᠎ᠦ ᠨᠡᠷᠡᠰ᠎ᠢ ᠪᠠᠲᠤᠯᠠᠵᠤ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠡᠳ᠋᠎ᠤᠨ ᠵᠠᠰᠠᠭ ᠠᠵᠤ ᠠᠬᠤᠢ᠎ᠵᠢᠨ ᠵᠦᠪᠯᠡᠯ᠎ᠤᠨ ᠡᠷᠬᠢᠯᠡᠭ᠌ᠴᠢ ᠭᠡᠱᠢᠭᠦᠨ᠂ ᠳᠡᠳ᠋ ᠡᠷᠬᠢᠯᠡᠭ᠌ᠴᠢ ᠭᠡᠱᠢᠭᠦᠨ᠂ ᠭᠡᠱᠢᠭᠦᠨ᠎ᠦ ᠨᠡᠷᠡᠰ᠎ᠢ ᠪᠠᠲᠤᠯᠠᠪᠠ᠃
ᠲᠡᠷᠢᠭᠦᠯᠡᠭ᠌ᠴᠢᠳ᠎ᠦᠨ ᠲᠠᠢᠰᠠᠨ᠎ᠳᠤ ᠰᠠᠭᠠᠲᠠᠭᠰᠠᠳ ᠲᠤ᠌ ᠪᠠᠰᠠ᠄ ᠮᠠ ᠱᠢᠩ ᠷᠦᠢ᠂ ᠸᠠᠩ ᠢ᠂ ᠶᠢᠨ ᠯᠢ᠂ ᠱ᠌ᠢ᠎ᠲᠡᠶ ᠹᠧᠩ᠂ ᠯᠢᠦ ᠾᠧ᠂ ᠯᠢᠦ ᠭᠦᠸᠧ ᠵᠦᠩ᠂ ᠱᠢᠤᠢ ᠴᠢ ᠯᠢᠶᠠᠩ᠂ ᠰᠦᠨ ᠴᠦᠨ ᠯᠠᠨ᠂ ᠯᠢ ᠱᠤ᠌ ᠯᠸᠢ᠂ ᠶᠠᠩ ᠱᠢᠶᠣᠤ ᠳ᠋ᠦ᠋᠂ ᠾᠧ ᠸᠧᠶ ᠳ᠋ᠦᠩ᠂ ᠾᠧ ᠯᠢ ᠹᠧᠩ᠂ ᠵᠠᠩ ᠶᠢᠦ ᠱᠢᠶᠠ᠂ ᠵᠠᠩ ᠭᠦᠸᠧ ᠴᠢᠩ᠂ ᠴᠧᠨ ᠸᠸᠨ ᠴᠢᠩ᠂ ᠴᠧᠨ ᠵᠢᠶ ᠨᠢᠩ᠂ ᠴᠧᠨ ᠮᠢᠨ ᠡᠯ᠂ ᠬᠤ᠌ ᠴᠦᠨ ᠬᠤᠸᠠ᠂ ᠶᠤᠸᠠᠨ ᠵᠢᠶᠠ ᠵᠢᠶᠦ᠋ᠨ᠂ ᠬᠤᠸᠠᠩ ᠺᠦᠨ ᠮᠢᠩ᠂ ᠯᠢᠦ᠍᠎ᠶ᠋ᠢᠨ ᠭᠦᠸᠧ᠂ ᠸᠠᠩ ᠱᠢᠶᠤᠤ ᠬᠣᠩ᠂ ᠼᠤᠤ ᠵᠢᠶᠠᠨ ᠮᠢᠩ᠂ ᠵᠠᠩ ᠴᠦᠨ ᠱᠢᠶᠠᠨ᠂ ᠱᠧᠨ ᠶᠤᠸᠠᠢ ᠶᠤᠸᠠᠢ᠂ ᠵᠢᠶ ᠪᠢᠩ ᠱᠢᠤᠸᠠᠨ᠂ ᠠᠢ᠌ᠯᠢᠭ᠌ᠸᠩ · ᠢᠮᠢᠩᠪᠠᠬᠠᠢ᠂ ᠸᠠᠨ ᠧ ᠱᠢᠶᠠᠩ᠂ ᠴᠧᠨ ᠵᠦ᠍᠂ ᠪᠠᠳᠮᠠᠫᠷᠠᠩᠯᠠᠢ᠂ ᠸᠧᠶ ᠹᠧᠩ ᠾᠧ᠂ ᠸᠠᠩ ᠶᠦᠩ᠂ ᠵᠣᠣ ᠺᠧ ᡁᠢ᠂ ᠵᠧᠸ᠋ ᠴᠢᠶᠠᠩ᠂ ᠵᠠᠩ ᠵᠢᠶᠦ᠋ᠨ᠂ ᠯᠢᠦ ᠴᠢ ᠪᠦᠦ᠂ ᠫᠠᠪᠠᠯᠠ· ᠭᠧᠯᠸᠭ᠌ᠨᠡᠮᠵᠢᠯ᠂ ᠸᠠᠨ ᠭᠠᠩ᠂ ᠾᠧ ᠾᠧᠦ ᠬᠤᠸᠠ᠂ ᠯᠦ᠍ ᠵᠠᠨ ᠬᠥᠩ᠂ ᠮᠠ ᠪᠢᠶᠤᠤ᠂ ᠴᠧᠨ ᠱᠢᠶᠤᠤ ᠭᠤᠸᠠᠩ᠂ ᠯᠢᠶᠠᠩ ᠵᠧᠨ ᠶᠢᠩ᠂ ᠱᠢᠶᠠ ᠪᠦᠦ ᠯᠦᠩ᠂ ᠶᠠᠩ ᠴᠤᠸᠠᠨ ᠲᠠᠩ᠂ ᠯᠢ ᠪᠢᠨ᠂ ᠪᠠᠭᠠᠲᠤᠷ᠂ ᠸᠠᠩ ᠶᠦᠩ ᠴᠢᠩ᠂ ᠰᠤ᠌ ᠬᠣᠶ᠂ ᠭᠦ ᠱᠸᠨᠭ ᠽᠤ᠌᠂ ᠯᠢᠦ ᠱᠢᠨ ᠴᠧᠩ᠂ ᠱᠤᠤ ᠬᠣᠩ᠂ ᠭᠤᠤ ᠶᠦᠨ ᠯᠦᠩ᠂ ᠵᠢᠴᠢ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶᠠᠨ᠎ᠤ ᠭᠡᠱᠢᠭᠦᠨ ᠯᠢ ᠱᠠᠩ ᠹᠦ᠂ ᠯᠢᠦ ᠵᠧᠨ ᠯᠢ᠂ ᠮᠢᠶᠣᠣ ᠬᠤᠸᠠ᠂ ᠵᠠᠩ ᠱᠧᠩ ᠮᠢᠨᠨᠡᠷ ᠪᠤᠢ᠃
ᠱᠢᠶᠠᠩᠭᠠᠩ ᠣᠨᠴᠠᠭᠠᠢ ᠵᠠᠰᠠᠭ ᠵᠠᠬᠢᠷᠭᠠᠨ᠎ᠤ ᠣᠷᠣᠨ᠎ᠤ ᠵᠠᠰᠠᠭ ᠵᠠᠬᠢᠷᠭᠠᠨ᠎ᠤ ᠳᠠᠷᠤᠭ᠎ᠠ ᠯᠢ ᠵᠢᠶᠠ ᠴᠤᠤ᠂ ᠣᠣᠮᠧᠨ ᠣᠨᠴᠠᠭᠠᠢ ᠵᠠᠰᠠᠭ ᠵᠠᠬᠢᠷᠭᠠᠨ᠎ᠤ ᠣᠷᠣᠨ᠎ᠤ ᠵᠠᠰᠠᠭ ᠵᠠᠬᠢᠷᠭᠠᠨ᠎ᠤ ᠳᠠᠷᠤᠭ᠎ᠠ ᠾᠧ ᠢ ᠴᠧᠩ ᠬᠤᠷᠠᠯ᠎ᠳᠤ ᠰᠤᠯᠠ ᠣᠷᠣᠯᠴᠠᠭ᠍ᠰᠠᠨ ᠪᠥᠭᠡᠳ ᠲᠡᠷᠢᠭᠦᠯᠡᠭ᠌ᠴᠢ᠎ᠶ᠋ᠢᠨ ᠲᠠᠢᠰᠠᠨ᠎ᠳᠤ ᠰᠠᠭᠠᠲᠠᠪᠠ᠃
ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶᠠᠨ᠎ᠤ ᠭᠡᠱᠢᠭᠦᠳ ᠶᠡᠬᠡ ᠬᠤᠷᠠᠯ᠎ᠳᠤ ᠰᠤᠯᠠ ᠣᠷᠣᠯᠴᠠᠪᠠ᠃ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠠᠩᠬᠠᠳᠤᠭᠠᠷ ᠬᠤᠷᠠᠯ᠎ᠳᠤ ᠣᠷᠣᠯᠴᠠᠵᠤ ᠪᠠᠢᠭ᠎ᠠ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ ᠶᠡᠬᠡ ᠬᠤᠷᠠᠯ᠎ᠳᠤ ᠰᠤᠯᠠ ᠣᠷᠣᠯᠴᠠᠪᠠ᠃
ᠲᠥᠪ᠎ᠦᠨ ᠪᠠ ᠲᠦᠷᠦ᠍᠎ᠶ᠋ᠢᠨ ᠪᠠᠢᠭᠤᠯᠭ᠎ᠠ᠎ᠶ᠋ᠢᠨ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠂ ᠴᠢᠯᠥᠭᠡᠯᠡᠬᠦ᠌ ᠴᠡᠷᠢᠭ᠎ᠦᠨ ᠬᠣᠯᠪᠣᠭ᠍ᠳᠠᠯ ᠪᠦᠬᠦᠢ ᠨᠢᠭᠡᠴᠢ ᠪᠣᠯᠤᠨ ᠵᠡᠪᠰᠡᠭ᠌ᠲᠦ ᠴᠠᠭ᠍ᠳᠠᠭ᠎ᠠ᠎ᠶ᠋ᠢᠨ ᠴᠡᠷᠢᠭ ᠠᠩᠭᠢ᠂ ᠡᠯ᠎ᠡ ᠠᠷᠠᠳ᠎ᠤᠨ ᠪᠦᠯᠬᠦᠮ᠎ᠦᠨ ᠬᠣᠯᠪᠣᠭ᠍ᠳᠠᠯ ᠪᠦᠬᠦᠢ ᠬᠠᠷᠢᠭᠤᠴᠠᠯᠭᠠᠲᠠᠨ ᠶᠡᠬᠡ ᠬᠤᠷᠠᠯ᠎ᠳᠤ ᠰᠤᠯᠠ ᠣᠷᠣᠯᠴᠠᠭ᠍ᠰᠠᠨ ᠪᠤᠶᠤ ᠶᠡᠬᠡ ᠬᠤᠷᠠᠯ᠎ᠢ ᠰᠤᠯᠠ ᠰᠣᠨᠣᠰᠴᠠᠢ᠃
ᠳᠤᠮᠳᠠᠳᠤ ᠤᠯᠤᠰ᠎ᠲᠤ ᠰᠠᠭᠤᠭ᠎ᠠ ᠭᠠᠳᠠᠭᠠᠳᠤ᠎ᠶ᠋ᠢᠨ ᠡᠯᠴᠢᠨ ᠰᠠᠢᠳ ᠶᠡᠬᠡ ᠬᠤᠷᠠᠯ᠎ᠢ ᠰᠤᠯᠠ ᠰᠣᠨᠣᠰᠪᠠ᠃
(ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 5 ᠤ᠋ ᠴᠠᠬᠢᠯᠭᠠᠨ ᠮᠡᠳᠡᠭᠡ)

3 ᠰᠠᠷ᠎ᠠ ᠵᠢᠨ 5᠎ᠤ᠋ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ ᠪᠡᠭᠡᠵᠢᠩ᠎ᠦᠨ ᠠᠷᠠᠳ ᠤᠨ ᠶᠡᠬᠡ ᠬᠤᠷᠠᠯ ᠤᠨ ᠲᠠᠩᠬᠢᠮ ᠳᠤ ᠡᠬᠢᠯᠡᠪᠡ᠃ ᠨᠠᠮ ᠪᠠ ᠲᠦᠷᠦ ᠵᠢᠨ ᠤᠳᠤᠷᠢᠳᠤᠯᠭ᠎ᠠ ᠰᠢ ᠵᠢᠨ ᠫᠢᠩ ᠂ ᠯᠢ ᠺᠸ ᠴᠢᠶᠠᠩ᠂ ᠯᠢ ᠵᠠᠨ ᠱᠣ᠌᠂ ᠸᠠᠩ ᠶᠠᠩ᠂ ᠯᠢ ᠴᠢᠶᠠᠩ᠂ ᠸᠠᠩ ᠬᠣ᠌ ᠨᠢᠩ ᠂ ᠬᠠᠨ ᠵᠧᠩ᠂ ᠼᠠᠢ ᠴᠢ᠂ ᠳ᠋ᠢᠩ ᠱᠢᠤᠸᠠᠢ ᠱᠢᠶᠠᠩ ᠂ ᠯᠢ ᠰᠢ ᠂ ᠸᠠᠩ ᠴᠢ ᠱᠠᠨ᠎ᠨᠠᠷ ᠬᠤᠷᠠᠯ᠎ᠳᠤ ᠤᠷᠤᠯᠴᠠᠵᠠᠢ᠃ ᠵᠢᠦᠢ ᠫᠧᠩ ᠰᠡᠭᠦᠳᠡᠷᠯᠡᠪᠡ

3 ᠰᠠᠷ᠎ᠠ ᠵᠢᠨ 5᠎ᠤ᠋ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠡᠬᠢᠯᠡᠪᠡ᠃ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠶᠡᠷᠦᠩᠬᠡᠢ ᠰᠠᠢᠳ ᠯᠢ ᠺᠧ ᠴᠢᠶᠠᠩ ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ ᠬᠢᠵᠡᠢ᠃ ᠷᠤᠤ ᠠᠢ ᠮᠢᠨ ᠰᠡᠭᠦᠳᠡᠷᠯᠡᠪᠡ

3 ᠰᠠᠷ᠎ᠠ ᠵᠢᠨ 5᠎ᠤ᠋ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠡᠬᠢᠯᠡᠪᠡ᠃ ᠵᠤᠤ ᠯᠧ ᠵᠢᠢ ᠡᠬᠢᠯᠡᠯᠲᠡ ᠵᠢᠨ ᠬᠤᠷᠠᠯ᠎ᠢ ᠡᠷᠬᠢᠯᠡᠵᠡᠢ᠃ ᠬᠤᠸᠠᠩ ᠵᠢᠩ ᠸᠧᠨ ᠰᠡᠭᠦᠳᠡᠷᠯᠡᠪᠡ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃