2023-03-06 10:07:35
ᠵᠠᠩ ᠶᠠᠨ ᠺᠦᠨ ᠤᠷᠤᠯᠴᠠᠪᠠ
3 ᠰᠠᠷ᠎ᠠ᠎ᠶ᠋ᠢᠨ 5 ᠤ᠋ ᠦᠳᠡ᠎ᠶ᠋ᠢᠨ ᠬᠣᠢᠨ᠎ᠠ᠂ ᠮᠠᠨ᠎ᠤ ᠤᠷᠤᠨ᠎ᠳᠤ ᠰᠠᠭᠤᠭ᠎ᠠ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ ᠥᠪᠡᠷ ᠥᠪᠡᠷᠰᠡᠳ᠎ᠤᠨ ᠪᠠᠢᠭᠠᠡᠲᠡᠭᠡᠳ ᠢᠯᠭᠠᠯ᠎ᠤᠨ ᠳᠤᠭᠤᠢᠯᠠᠩ᠎ᠳᠠᠭᠠᠨ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠪᠠᠢᠩᠭᠤ᠎ᠶ᠋ᠢᠨ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ ᠪᠠ ᠰᠠᠨᠠᠯ ᠳᠤᠷᠠᠳᠤᠯᠭ᠎ᠠ᠎ᠶ᠋ᠢᠨ ᠠᠵᠢᠯ᠎ᠤᠨ ᠪᠠᠢᠳᠠᠯ᠎ᠤᠨ ᠲᠤᠬᠠᠢ ᠮᠡᠳᠡᠭᠦᠯᠦᠯᠲᠡ᠎ᠶ᠋ᠢ ᠬᠢᠨᠠᠨ ᠵᠥᠪᠯᠡᠪᠡ᠃ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠵᠠᠩ ᠶᠠᠨ ᠺᠦᠨ ᠬᠢᠨᠠᠨ ᠵᠥᠪᠯᠡᠬᠦ᠌᠎ᠳᠦ ᠣᠷᠣᠯᠴᠠᠭ᠍ᠰᠠᠨ ᠪᠥᠭᠡᠳ ᠦᠭᠡ ᠬᠡᠯᠡᠵᠡᠢ᠃
ᠵᠠᠩ ᠶᠠᠨ ᠺᠦᠨ ᠦᠭᠡ ᠬᠡᠯᠡᠬᠦ᠎ᠳᠡᠭᠡᠨ᠂ ᠲᠡᠷᠢᠭᠦᠯᠡᠭ᠌ᠴᠢ ᠸᠠᠩ ᠶᠠᠩ ᠤ᠋ᠨ ᠬᠢᠭ᠌ᠰᠡᠨ ᠮᠡᠳᠡᠭᠦᠯᠦᠯᠲᠡ᠎ᠨᠢ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠶᠡᠷᠦᠩᠬᠡᠶ ᠱᠦᠵᠢ ᠰᠢ ᠵᠢᠨ ᠫᠢᠩ᠎ᠦᠨ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠵᠤ᠂ ᠠᠵᠢᠯ᠎ᠢᠶᠠᠨ ᠳ᠋ᠦᠩᠨᠡᠭᠰᠡᠨ ᠨᠢ ᠦᠨᠡᠨ᠎ᠡᠴᠡ ᠵᠥᠪ᠎ᠢ ᠡᠷᠢᠵᠦ᠍᠂ ᠪᠤᠰᠤᠳᠴᠢ ᠪᠥᠭᠡᠳ ᠪᠥᠬᠥ᠌ ᠲᠠᠯ᠎ᠠ ᠵᠢᠨ ᠪᠠᠢᠵᠤ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠬᠤ ᠲᠠᠯ᠎ᠠ ᠪᠡᠷ ᠴᠢᠭ᠌ᠯᠡᠯ ᠲᠣᠳᠣᠷᠬᠠᠶ᠂ ᠠᠷᠭ᠎ᠠ ᠬᠡᠮᠵᠢᠶ᠎ᠡ ᠬᠦᠴᠦᠲᠡᠶ ᠪᠠᠢᠵᠤ᠂ ᠠᠵᠢᠯ᠎ᠤᠨ ᠰᠠᠨᠠᠭᠤᠯᠭ᠎ᠠ ᠨᠢ ᠬᠠᠷᠠᠯᠲᠠ ᠲᠣᠳᠣᠷᠬᠠᠶ᠂ ᠭᠤᠤᠯᠳᠠᠯᠭ᠎ᠠ ᠲᠣᠪᠣᠢᠮ᠎ᠠ ᠪᠠᠢᠵᠤ᠂ ᠲᠣᠭ᠎ᠢ ᠥᠨᠳᠥᠷ ᠮᠠᠨᠳᠤᠭᠤᠯᠤᠭ᠍ᠰᠠᠨ᠂ ᠦᠨᠡᠨ᠎ᠢ ᠪᠠᠷᠢᠮᠲᠠᠯᠠᠨ ᠪᠣᠳᠠᠲᠠᠶ᠎ᠶ᠋ᠢ ᠡᠷᠬᠢᠮᠯᠡᠭ᠌ᠰᠡᠨ ᠂ ᠬᠥᠮᠦᠰ᠎ᠦᠨ ᠰᠡᠳᠭᠢᠯ᠎ᠢ ᠤᠷᠮᠠᠰᠢᠭᠤᠯᠤᠨ ᠬᠥᠭ᠌ᠵᠢᠭᠡᠭ᠌ᠰᠡᠨ ᠰᠠᠢᠨ ᠮᠡᠳᠡᠭᠦᠯᠦᠯᠲᠡ ᠪᠣᠯᠵᠠᠶ ᠭᠡᠵᠡᠢ᠃
ᠵᠠᠩ ᠶᠠᠨ ᠺᠦᠨ᠂ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠬᠦ᠌᠎ᠶ᠋ᠢ ᠪᠠᠷᠢᠮᠲᠠᠯᠠᠵᠤ᠂ ᠣᠨᠣᠯ᠂ ᠲᠦᠷᠢᠮ᠂ ᠦᠶ᠋ᠯᠡᠳᠦᠯᠭᠡ᠎ᠶ᠋ᠢᠨ ᠴᠢᠬᠤᠯᠠ ᠦᠷ᠎ᠡ ᠪᠦᠲᠦᠭᠡᠯ ᠣᠯᠵᠤ᠂ ᠣᠷᠣᠨ ᠨᠤᠲᠤᠭ᠎ᠤᠨ ᠤᠯᠤᠰ ᠲᠥᠷᠥ᠎ᠶ᠋ᠢᠨ ᠵᠥᠪᠯᠡᠯᠭᠡᠨ᠎ᠳᠦ ᠪᠠᠷᠢᠮᠵᠢᠶ᠎ᠠ ᠲᠤᠭᠲᠠᠭᠠᠨ ᠦᠭᠴᠦ᠂ ᠥᠯᠢᠭᠡᠷ ᠳᠠᠭᠤᠷᠢᠶᠠᠯ ᠦᠵᠡᠭᠦᠯᠪᠡ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ ᠪᠥᠬᠥ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠠᠯᠬᠤᠭ᠎ᠠ᠎ᠶ᠋ᠢ ᠪᠥᠬᠥ᠌ ᠲᠠᠯ᠎ᠠ᠎ᠪᠠᠷ ᠳᠠᠭᠠᠵᠤ᠂ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ᠎ᠶ᠋ᠢ ᠢᠮᠠᠭ᠍ᠲᠠ ᠲᠣᠪᠣᠢᠮ᠎ᠠ ᠪᠠᠢᠷᠢᠨ᠎ᠳᠤ ᠲᠠᠯᠪᠢᠵᠤ᠂ ᠨᠠᠮ᠎ᠤᠨ ᠤᠳᠤᠷᠢᠳᠤᠯᠭ᠎ᠠ᠂ ᠤᠯᠤᠰ ᠲᠥᠷᠥ᠎ᠶ᠋ᠢᠨ ᠵᠢᠯᠣᠭᠣᠳᠣᠯᠭ᠎ᠠ᠎ᠶ᠋ᠢ ᠦᠨᠡᠨ ᠬᠦ᠌ ᠪᠣᠳᠠᠲᠠᠶ᠎ᠳᠤ ᠨᠠᠢᠳᠠᠪᠤᠷᠢᠵᠢᠭᠤᠯᠤᠨ᠎ᠠ; ᠶᠡᠷᠦᠩᠬᠡᠶ ᠱᠦᠵᠢ
ᠰᠢ ᠵᠢᠨ ᠫᠢᠩ᠎ᠦᠨ ᠥᠪᠥᠷ ᠮᠣᠩᠭᠣᠯ᠎ᠳᠤ ᠲᠤᠱᠢᠶᠠᠭ᠍ᠰᠠᠨ ᠲᠠᠪᠤᠨ ᠶᠡᠬᠡ ᠡᠭᠦᠷᠭᠡ᠎ᠶ᠋ᠢ ᠪᠡᠶᠡᠯᠡᠭᠦᠯᠬᠦ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠢ᠋ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ ᠵᠢᠨ ᠲᠤᠭᠤᠷᠢᠨ᠎ᠳᠤ᠂ ᠲᠠᠪᠤᠨ ᠵᠢᠯ᠎ᠦᠨ ᠠᠵᠢᠯ᠎ᠤᠨ ᠲᠥᠯᠥᠪᠵᠢᠭᠦᠯᠭᠡ᠎ᠶ᠋ᠢ ᠲᠣᠭ᠍ᠲᠠᠭᠠᠨ᠎ᠠ; ᠨᠠᠮ ᠵᠠᠰᠠᠭ᠎ᠤᠨ ᠬᠡᠷᠡᠭ᠌ᠴᠡᠭᠡ᠂ ᠣᠯᠠᠨ ᠲᠦᠮᠡᠨ᠎ᠦ ᠬᠦᠰᠡᠯ ᠡᠷᠡᠮᠡᠯᠵᠡᠯ᠂ ᠤᠯᠤᠰ ᠲᠥᠷᠥ᠎ᠶ᠋ᠢᠨ ᠵᠥᠪᠯᠡᠯᠭᠡᠨ᠎ᠦ ᠴᠢᠳᠠᠮᠵᠢᠳᠤ ᠠᠩᠬᠠᠷᠤᠯ᠎ᠢᠶᠡᠨ ᠲᠦᠪᠯᠡᠷᠡᠭᠦᠯᠵᠦ᠂ 《ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ᠎ᠳᠤ ᠤᠯᠤᠰ ᠲᠥᠷᠥ᠎ᠶ᠋ᠢᠨ ᠵᠥᠪᠯᠡᠯᠭᠡᠨ᠎ᠦ ᠬᠦᠴᠦᠨ᠎ᠢ ᠨᠡᠮᠡᠷᠢᠯᠡᠬᠦ᠌ 》 ᠵᠡᠷᠭᠡ ᠭᠤᠤᠯᠳᠠᠯᠭ᠎ᠠ᠎ᠲᠠᠶ ᠠᠵᠢᠯ᠎ᠢ ᠯᠠᠪᠳᠠᠭᠤᠨ ᠪᠠᠲᠤᠲᠠᠶ ᠠᠬᠢᠭᠤᠯᠵᠤ᠂ ᠶᠡᠷᠦᠩᠬᠡᠶ ᠱᠦᠵᠢ
ᠰᠢ ᠵᠢᠨ ᠫᠢᠩ᠎ᠦᠨ ᠵᠡᠭᠦᠨ ᠪᠠᠷᠠᠭᠤᠨ ᠣᠷᠣᠨ᠎ᠤ ᠬᠠᠮᠵᠢᠯᠴᠠᠭ᠎ᠠ᠎ᠶ᠋ᠢ ᠭᠦᠨᠵᠡᠭᠡᠢᠷᠡᠭᠦᠯᠬᠦ᠌ ᠲᠤᠬᠠᠶ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠪᠣᠳᠠᠲᠠᠶ᠎ᠳᠤ ᠨᠠᠢᠳᠠᠪᠤᠷᠢᠵᠢᠭᠤᠯᠬᠤ᠎ᠶ᠋ᠢ ᠠᠬᠢᠭᠤᠯᠤᠨ᠎ᠠ ᠭᠡᠵᠡᠢ᠃
ᠭᠡᠱᠢᠭᠦᠳ ᠦᠭᠡ ᠬᠡᠯᠡᠬᠦ᠎ᠳᠡᠭᠡᠨ᠂ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠎ᠦ ᠤᠯᠤᠰ ᠲᠥᠷᠥ᠎ᠶ᠋ᠢᠨ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠪᠦᠯᠬᠦᠮᠳᠡᠨ ᠲᠡᠮᠡᠴᠡᠬᠦ᠌ ᠴᠠᠭ ᠦᠶ᠎ᠡ᠎ᠶ᠋ᠢᠨ ᠱᠠᠭᠠᠷᠳᠠᠯᠭ᠎ᠠ᠎ᠶ᠋ᠢ ᠦᠶ᠋ᠯᠡᠳᠦᠯᠭᠡᠵᠢᠭᠦᠯᠵᠦ᠍᠂ ᠢᠷᠠᠭᠤ ᠠᠯᠳᠠᠷ᠎ᠢᠶᠠᠨ ᠨᠠᠨᠳᠢᠩᠨᠠᠵᠤ᠂ ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠶ ᠭᠦᠶ᠋ᠴᠡᠳᠭᠡᠵᠦ᠍᠂ ᠨᠠᠮ᠎ᠤᠨ ᠲᠥᠷᠥ᠎ᠶ᠋ᠢᠨ ᠪᠣᠳᠣᠯᠭ᠎ᠠ᠎ᠶ᠋ᠢᠨ ᠰᠠᠢᠨ ᠤᠬᠠᠭᠤᠯᠤᠭ᠍ᠴᠢ᠂ ᠦᠵᠡᠯ ᠰᠠᠨᠠᠭ᠎ᠠ ᠤᠯᠤᠰ ᠲᠥᠷᠥ᠎ᠶ᠋ᠢᠨ ᠰᠠᠢᠨ ᠳᠠᠭᠠᠭᠤᠯᠤᠭ᠍ᠴᠢ᠂ ᠡᠲᠡᠭᠡᠳ ᠢᠯᠭᠠᠯ᠎ᠤᠨ ᠣᠯᠠᠨ ᠲᠦᠮᠡᠨ᠎ᠦ ᠳᠣᠲᠣᠨᠣ ᠬᠥᠮᠦᠨ ᠪᠣᠯᠵᠣ᠂ ᠭᠤᠤᠯ ᠶᠡᠬᠡ ᠲᠠᠯ᠎ᠠ᠎ᠲᠠᠶ ᠨᠢᠭ᠍ᠲᠠ ᠤᠶᠠᠯᠳᠤᠭᠤᠯᠤᠨ ᠰᠠᠨᠠᠯ ᠰᠠᠨᠠᠭᠤᠯᠭ᠎ᠠ ᠳᠤᠷᠠᠳᠴᠤ᠌᠂ ᠰᠠᠢᠨ ᠠᠷᠭ᠎ᠠ ᠪᠣᠳᠣᠯᠭ᠎ᠠ ᠭᠠᠷᠭᠠᠵᠤ᠂ ᠦᠨᠡᠨ ᠪᠣᠳᠠᠲᠠᠶ ᠠᠷᠭ᠎ᠠ ᠭᠠᠷᠭᠠᠵᠤ᠂ ᠱᠢᠨ᠎ᠡ ᠴᠠᠭ ᠦᠶ᠎ᠡ᠎ᠶ᠋ᠢᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠎ᠦ ᠴᠣᠭ ᠵᠢᠪᠬᠤᠭ᠎ᠠ᠎ᠶ᠋ᠢ ᠢᠯᠡᠷᠡᠭᠦᠯᠦᠨ᠎ᠡ ᠭᠡᠵᠦ᠍ ᠢᠯᠡᠳᠭᠡᠵᠡᠭᠡᠪᠡ᠃
ᠮᠠᠨ᠎ᠤ ᠤᠷᠤᠨ᠎ᠳᠤ ᠰᠠᠭᠤᠭ᠎ᠠ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ ᠬᠦᠦᠳᠠᠭᠤᠯᠠ᠂ ᠪᠠᠶ ᠴᠢᠩ ᠶᠤᠸᠠᠨ᠂ ᠠᠨ ᠷᠦᠨ ᠱᠧᠩ᠂ ᠰᠦᠨ ᠵᠢᠶᠦ᠋ᠨ ᠴᠢᠩ ᠲᠣᠰ ᠲᠣᠰ ᠡᠯ᠎ᠡ ᠳᠤᠭᠤᠢᠯᠠᠩ᠎ᠤᠨ ᠬᠢᠨᠠᠨ ᠵᠥᠪᠯᠡᠬᠦ᠌᠎ᠳᠦ ᠣᠷᠣᠯᠴᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃