2023-03-07 09:22:47
ᠸᠠᠩ ᠬᠣ᠌ ᠨᠢᠩ ᠼᠠᠢ ᠴᠢ ᠳ᠋ᠢᠩ ᠱᠢᠤᠸᠠᠢ ᠱᠢᠶᠠᠩ ᠡᠷᠬᠢᠨ ᠦᠵᠡᠬᠦ᠌ ᠪᠠ ᠶᠠᠷᠢᠯᠴᠠᠬᠤ᠎ᠳᠤ ᠣᠷᠣᠯᠴᠠᠪᠠ
ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭ᠌ᠴᠢ ᠰᠢ ᠵᠢᠨ ᠫᠢᠩ 6 ᠤ᠋ ᠦᠳᠡ᠎ᠶ᠋ᠢᠨ ᠬᠣᠢᠨ᠎ᠠ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠠᠩᠬᠠᠳᠤᠭᠠᠷ ᠬᠤᠷᠠᠯ᠎ᠳᠤ ᠣᠷᠣᠯᠴᠠᠵᠤ ᠪᠠᠢᠭ᠎ᠠ ᠠᠷᠠᠳᠴᠢᠯᠠᠯ᠎ᠢᠶᠠᠷ ᠤᠯᠤᠰ᠎ᠢᠶᠠᠨ ᠪᠠᠢᠭᠤᠯᠬᠤ ᠬᠤᠷᠠᠯ᠂ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶ᠋ᠢᠨ ᠡᠲᠡᠭᠡᠳ᠎ᠦᠨ ᠭᠡᠱᠢᠭᠦᠳ᠎ᠢ ᠡᠷᠬᠢᠨ ᠦᠵᠡᠭ᠌ᠰᠡᠨ ᠪᠥᠭᠡᠳ ᠳᠤᠭᠤᠢᠯᠠᠩ ᠬᠠᠮᠲᠤᠷᠠᠭ᠍ᠰᠠᠨ ᠬᠤᠷᠠᠯ᠎ᠳᠤ ᠣᠷᠣᠯᠴᠠᠵᠤ᠂ ᠰᠠᠨᠠᠯ ᠰᠠᠨᠠᠭᠤᠯᠭ᠎ᠠ᠎ᠶ᠋ᠢ ᠨᠢ ᠰᠣᠨᠣᠰᠴᠠᠢ᠃ ᠲᠡᠷᠡ᠂ ᠨᠠᠮ᠎ᠤᠨ ᠲᠥᠪ ᠬᠣᠷᠢᠢ᠎ᠠ 《ᠬᠣᠶᠠᠷ ᠡᠷᠡᠰ ᠭᠤᠢᠪᠢᠰᠢ ᠦᠭᠡᠢ ᠪᠠᠢᠬᠤ》᠂ 《ᠭᠤᠷᠪᠠᠨ ᠬᠤᠪᠢᠷᠠᠭ᠎ᠠ ᠦᠭᠡᠢ ᠪᠠᠢᠬᠤ》 ᠵᠢ ᠢᠮᠠᠭ᠍ᠲᠠ ᠪᠠᠷᠢᠮᠲᠠᠯᠠᠵᠤ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ ᠪᠣᠯᠤᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯᠲᠠᠨ᠎ᠢ ᠢᠮᠠᠭ᠍ᠲᠠ ᠥᠪᠡᠷ᠎ᠦᠨ ᠬᠥᠮᠦᠨ᠎ᠢᠶᠡᠨ ᠪᠣᠯᠭᠠᠨ ᠦᠵᠡᠪᠡ᠃ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ ᠪᠣᠯᠤᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯᠲᠠᠨ᠎ᠢ ᠬᠥᠲᠥᠯᠥᠨ ᠵᠢᠯᠣᠭᠣᠳᠴᠤ᠌ ᠨᠠᠮ᠎ᠤᠨ ᠲᠥᠪ ᠬᠤᠷᠢᠶ᠎ᠠ ᠵᠢᠨ ᠴᠢᠭ᠌ᠯᠡᠯᠲᠡ ᠲᠥᠷᠥ᠎ᠶ᠋ᠢᠨ ᠪᠣᠳᠣᠯᠭ᠎ᠠ᠎ᠶ᠋ᠢ ᠵᠥᠪ ᠣᠢᠯᠠᠭᠠᠭᠤᠯᠵᠤ᠂ ᠢᠲᠡᠭᠡᠯ ᠵᠣᠷᠢᠭ᠎ᠢ ᠨᠢ ᠬᠥᠪᠴᠢᠯᠡᠵᠦ᠍᠂ ᠳᠠᠷᠤᠭᠠᠰᠤ᠎ᠶ᠋ᠢ ᠨᠢ ᠬᠥᠩᠭᠡᠷᠡᠭᠦᠯᠵᠦ᠍᠂ ᠵᠣᠷᠢᠭ᠍ᠲᠠᠶ᠎ᠪᠠᠷ ᠬᠥᠭ᠌ᠵᠢᠭᠦᠯᠵᠦ᠍᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢᠨ ᠡᠷᠡᠭᠦᠯ᠎ᠢᠶᠡᠷ ᠬᠥᠭ᠌ᠵᠢᠵᠤ᠂ ᠴᠢᠨᠠᠷ ᠰᠠᠢᠲᠠᠶ ᠬᠥᠭ᠌ᠵᠢᠬᠦ᠌᠎ᠶ᠋ᠢ ᠪᠡᠶᠡᠯᠡᠭᠦᠯᠬᠦ᠌ ᠬᠡᠷᠡᠭ᠌ᠲᠡᠶ ᠭᠡᠵᠦ ᠴᠢᠬᠤᠯᠠᠴᠢᠯᠠᠪᠠ᠃
《3·8》 ᠤ᠋ ᠳᠡᠯᠡᠬᠡᠢ᠎ᠶ᠋ᠢᠨ ᠬᠥᠳᠡᠯᠮᠦᠷᠢᠴᠢᠨ ᠡᠮᠡᠭ᠌ᠲᠡᠢᠴᠦᠳ᠎ᠦᠨ ᠪᠠᠶᠠᠷ ᠤᠳᠠᠯ ᠦᠭᠡᠢ ᠬᠦᠷᠴᠦ᠍ ᠢᠷᠡᠬᠦ᠌ ᠲᠠᠱᠢᠷᠠᠮ᠎ᠢᠶᠠᠷ᠂ ᠰᠢ ᠵᠢᠨ ᠫᠢᠩ ᠨᠠᠮ᠎ᠤᠨ ᠲᠥᠪ ᠬᠤᠷᠢᠶ᠎ᠠ ᠵᠢᠨ ᠡᠮᠦᠨ᠎ᠡ᠎ᠡᠴᠡ ᠪᠦᠬᠦ᠌ ᠤᠯᠤᠰ᠎ᠤᠨ 《ᠬᠣᠶᠠᠷ ᠬᠤᠷᠠᠯ》 ᠳ᠋ᠤ ᠣᠷᠣᠯᠴᠠᠵᠤ ᠪᠠᠢᠭ᠎ᠠ ᠡᠮᠡᠭ᠌ᠲᠡᠢ ᠲᠥᠯᠥᠭᠡᠯᠡᠭ᠌ᠴᠢ᠂ ᠡᠮᠡᠭ᠌ᠲᠡᠢ ᠭᠡᠱᠢᠭᠦᠨ᠂ ᠡᠮᠡᠭ᠌ᠲᠡᠢ ᠠᠵᠢᠯᠳᠠᠨ᠂ ᠪᠦᠬᠦ᠌ ᠤᠯᠤᠰ᠎ᠤᠨ ᠡᠯ᠎ᠡ ᠦᠨᠳᠦᠰᠦᠲᠡᠨ ᠡᠯ᠎ᠡ ᠡᠲᠡᠭᠡᠳ᠎ᠦᠨ ᠡᠮᠡᠭ᠌ᠲᠡᠢᠴᠦᠳ᠂ ᠱᠢᠶᠠᠩᠭᠠᠩ ᠵᠠᠰᠠᠭ ᠵᠠᠬᠢᠷᠭᠠᠨ᠎ᠤ ᠣᠨᠴᠠᠭᠠᠢ ᠣᠷᠣᠨ᠂ ᠣᠣᠮᠧᠨ ᠵᠠᠰᠠᠭ ᠵᠠᠬᠢᠷᠭᠠᠨ᠎ᠤ ᠣᠨᠴᠠᠭᠠᠢ ᠣᠷᠣᠨ ᠪᠣᠯᠤᠨ ᠲᠠᠢᠸᠠᠨ ᠣᠷᠣᠨ᠎ᠤ ᠡᠮᠡᠭ᠌ᠲᠡᠢᠴᠤᠳ᠂ ᠭᠠᠳᠠᠭᠠᠳᠤ᠎ᠳᠤ ᠪᠠᠢᠭ᠎ᠠ ᠡᠮᠡᠭ᠌ᠲᠡᠢ ᠬᠠᠷᠢᠶᠠᠲᠤ ᠨᠡᠷ᠎ᠲᠦ ᠪᠠᠶᠠᠷ᠎ᠤᠨ ᠡᠳᠦᠷ᠎ᠦᠨ ᠮᠡᠨᠳᠦᠴᠢᠯᠡᠯ ᠪᠣᠯᠤᠨ ᠰᠠᠢ᠌ᠨ ᠰᠠᠢᠬᠠᠨ ᠵᠥᠩᠨᠡᠯ ᠳᠡᠪᠱᠢᠭᠦᠯᠪᠡ!
ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶ᠎ᠠ᠎ᠶᠢᠨ ᠪᠠᠢᠩᠭᠤ᠎ᠶ᠋ᠢᠨ ᠭᠡᠱᠢᠭᠦᠨ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠠᠩᠬᠠᠳᠤᠭᠠᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠬᠤᠷᠠᠯ᠎ᠢ ᠡᠷᠬᠢᠯᠡᠭ᠌ᠴᠢ ᠸᠠᠩ ᠬᠣ᠌ ᠨᠢᠩ᠂ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶ᠎ᠠ᠎ᠶᠢᠨ ᠪᠠᠢᠩᠭᠤ᠎ᠶ᠋ᠢᠨ ᠭᠡᠱᠢᠭᠦᠨ ᠼᠠᠢ ᠴᠢ᠂ ᠳ᠋ᠢᠩ ᠱᠢᠤᠸᠠᠢ ᠱᠢᠶᠠᠩ ᠡᠷᠬᠢᠨ ᠦᠵᠡᠬᠦ᠌ ᠪᠠ ᠶᠠᠷᠢᠯᠴᠠᠬᠤ᠎ᠳᠤ ᠣᠷᠣᠯᠴᠠᠪᠠ᠃
ᠳᠤᠭᠤᠢᠯᠠᠩ᠎ᠬᠠᠮᠲᠤᠷᠠᠭ᠍ᠰᠠᠨ ᠬᠤᠷᠠᠯ ᠳᠡᠭᠡᠷ᠎ᠡ᠂ ᠽᠸᠩ ᠢᠦᠢ ᠴᠢᠶᠦ᠋ᠨ᠂ ᠱᠢᠶᠧ ᠳ᠋ᠦᠩ᠂ ᠯᠢᠦ ᠵᠧᠨ ᠳ᠋ᠦᠩ᠂ ᠴᠧᠨ ᠱᠢᠶᠤᠤ ᠫᠢᠩ᠂ ᠱᠢᠶ᠍ᠸ ᠷᠤ᠌᠂ ᠰᠦᠨ ᠳ᠋ᠦᠩ ᠱᠧᠩ ᠵᠡᠷᠭᠡ 6 ᠭᠡᠱᠢᠭᠦᠨ᠂ ᠪᠦᠬᠦ᠌ ᠪᠥᠮᠪᠥᠷᠴᠡᠭ᠎ᠦᠨ ᠱᠢᠨ᠎ᠡ ᠡᠨᠧᠷᠭᠢ᠎ᠶ᠋ᠢᠨ ᠠᠵᠤ ᠦᠢᠯᠡᠰ᠎ᠦᠨ ᠠᠱᠢᠭ᠍ᠲᠠᠢ ᠪᠠᠢᠷᠢ᠎ᠶ᠋ᠢ ᠡᠵᠡᠯᠡᠬᠦ᠌᠂ ᠮᠥᠩᠭᠥᠨ ᠭᠦᠢᠯᠭᠡᠭᠡᠨ᠎ᠢᠶᠡᠷ ᠱᠢᠨᠵᠢᠯᠡᠬᠦ᠌ ᠤᠬᠠᠭᠠᠨ ᠲᠸᠭ᠌ᠨᠢ᠌ᠠ᠋ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠳᠡᠮᠵᠢᠬᠦ᠌᠂ ᠳᠤᠮᠳᠠ ᠵᠢᠵᠢᠭ ᠠᠵᠤ ᠠᠬᠤᠢᠯᠠᠯ᠎ᠤᠨ ᠬᠥᠭ᠌ᠵᠢᠯᠲᠡ᠎ᠳᠦ ᠨᠡᠩ ᠰᠠᠢ᠌ᠨ ᠨᠥᠬᠥᠴᠡᠯ ᠡᠭᠦᠳᠴᠤ ᠦᠭᠬᠦ᠂ ᠲᠠᠪᠴᠠᠩ᠎ᠤᠨ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠂ ᠬᠥᠳᠡᠭᠡ ᠲᠣᠰᠭᠣᠨ᠎ᠤ ᠠᠵᠤ ᠦᠢᠯᠡᠰ᠎ᠦᠨ ᠬᠥᠭ᠌ᠵᠢᠯ ᠮᠠᠨᠳᠤᠯ᠎ᠢ ᠠᠬᠢᠭᠤᠯᠬᠤ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢ᠎ᠶ᠋ᠢᠨ ᠳᠠᠪᠠᠭᠤᠯᠢᠭ ᠪᠠ ᠠᠮᠢᠵᠢᠷᠠᠯ᠎ᠤᠨ ᠬᠦᠴᠦᠨ᠎ᠢ ᠴᠢᠨᠠᠭ᠍ᠰᠢᠳᠠ ᠪᠠᠳᠠᠷᠠᠭᠤᠯᠬᠤ ᠵᠡᠷᠭᠡ᠎ᠶ᠋ᠢᠨ ᠲᠣᠭᠣᠷᠢᠨ᠎ᠳᠤ ᠦᠭᠡ ᠬᠡᠯᠡᠪᠡ᠃
ᠰᠢ ᠵᠢᠨ ᠫᠢᠩ ᠤᠯᠠᠨ᠎ᠤ ᠬᠡᠯᠡᠬᠦ᠌᠎ᠶ᠋ᠢ ᠨᠠᠷᠢᠨ ᠬᠢᠨᠠᠮᠠᠭᠠᠢ ᠰᠣᠨᠣᠰᠤᠭ᠍ᠰᠠᠨ᠎ᠤ ᠲᠠᠷᠠᠭ᠎ᠠ ᠴᠢᠬᠤᠯᠠ ᠶᠠᠷᠢᠶ᠎ᠠ ᠲᠠᠯᠪᠢᠪᠠ᠃ ᠲᠡᠷᠡ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠬᠤᠷᠠᠯ᠎ᠳᠤ ᠤᠷᠤᠯᠴᠠᠵᠤ ᠪᠠᠢᠭ᠎ᠠ ᠠᠷᠠᠳᠴᠢᠯᠠᠯ᠎ᠢᠶᠠᠷ ᠤᠯᠤᠰ᠎ᠢᠶᠠᠨ ᠪᠠᠢᠭᠤᠯᠬᠤ ᠬᠤᠷᠠᠯ᠂ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶ᠋ᠢᠨ ᠡᠲᠡᠭᠡᠳ᠎ᠦᠨ ᠭᠡᠱᠢᠭᠦᠳ᠎ᠢ ᠡᠷᠬᠢᠨ ᠦᠵᠡᠵᠦ᠍᠂ ᠤᠯᠠᠨ᠎ᠲᠠᠶ ᠬᠠᠮᠲᠤ ᠶᠠᠷᠢᠯᠴᠠᠨ ᠪᠤᠳᠤᠯ ᠰᠠᠨᠠᠯ᠎ᠢᠶᠠᠨ ᠰᠣᠯᠢᠯᠴᠠᠵᠤ ᠪᠠᠢᠭ᠎ᠠ᠎ᠳᠠᠭᠠᠨ ᠮᠠᠰᠢ ᠪᠠᠶᠠᠷ ᠲᠠᠢ ᠪᠠᠢᠨ᠎ᠠ ᠭᠡᠵᠦ ᠢᠯᠡᠳᠭᠡᠪᠡ᠃ ᠲᠡᠷᠡ ᠨᠠᠮ᠎ᠤᠨ ᠲᠥᠪ ᠬᠤᠷᠢᠶ᠎ᠠ ᠵᠢᠨ ᠡᠮᠦᠨ᠎ᠡ᠎ᠡᠴᠡ ᠬᠤᠷᠠᠯ᠎ᠳᠤ ᠣᠷᠣᠯᠴᠠᠭ᠍ᠰᠠᠨ ᠭᠡᠱᠢᠭᠦᠳ ᠪᠠ ᠠᠷᠠᠳᠴᠢᠯᠠᠯ᠎ᠢᠶᠠᠷ ᠤᠯᠤᠰ᠎ᠢᠶᠠᠨ ᠪᠠᠢᠭᠤᠯᠬᠤ ᠬᠤᠷᠠᠯ᠂ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶ᠋ᠢᠨ ᠥᠷᠭᠡᠨ ᠤᠯᠠᠨ ᠪᠦᠷᠢᠯᠳᠦᠬᠦᠨ ᠪᠠ ᠨᠡᠢᠲᠡ᠎ᠶ᠋ᠢᠨ ᠥᠮᠴᠢᠯᠡᠯ᠎ᠦᠨ ᠪᠤᠰᠤ ᠠᠵᠤ ᠠᠬᠤᠢ᠎ᠶ᠋ᠢᠨ ᠬᠥᠮᠦᠰ᠂ ᠥᠷᠭᠡᠨ ᠤᠯᠠᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ᠎ᠲᠦ ᠴᠢᠩ ᠰᠡᠳᠭᠢᠯ᠎ᠦᠨ ᠮᠡᠨᠳᠦᠴᠢᠯᠡᠯ ᠳᠡᠪᠱᠢᠭᠦᠯᠪᠡ᠃
ᠰᠢ ᠵᠢᠨ ᠫᠢᠩ᠂ 2022 ᠣᠨ ᠪᠣᠯ ᠨᠠᠮ ᠪᠣᠯᠤᠨ ᠤᠯᠤᠰ᠎ᠤᠨ ᠲᠡᠦᠬᠡᠨ ᠳᠡᠭᠡᠷᠡᠬᠢ ᠲᠤᠢᠯ᠎ᠤᠨ ᠴᠢᠬᠤᠯᠠ᠂ ᠲᠤᠢᠯ᠎ᠤᠨ ᠵᠠᠩᠭᠢᠯᠠᠭ᠎ᠠ᠎ᠶ᠋ᠢᠨ ᠨᠢᠭᠡ ᠵᠢᠯ ᠪᠣᠯᠤᠨ᠎ᠠ᠃ ᠳᠡᠯᠡᠬᠡᠢ ᠵᠢᠨ ᠣᠷᠴᠢᠨ ᠰᠠᠯᠬᠢ ᠶᠡᠬᠡ ᠳᠠᠪᠠᠯᠭᠠᠨ ᠱᠢᠷᠦᠭᠦᠨ ᠪᠠᠢᠭᠰᠠᠨ ᠪᠠ ᠤᠯᠤᠰ᠎ᠤᠨ ᠳᠣᠲᠣᠭᠠᠳᠤ᠎ᠳᠤ ᠵᠢᠱ᠌ᠢᠯᠲᠡ᠎ᠡᠴᠡ ᠳᠠᠪᠠᠭᠰᠠᠨ ᠤᠯᠠᠨ ᠳᠠᠪᠬᠤᠷ ᠬᠦᠴᠦᠨ ᠵᠦᠢᠯ᠎ᠦᠨ ᠲᠠᠭᠠᠷᠢᠯᠳᠠ᠎ᠳᠤ ᠲᠤᠯᠭᠠᠷᠠᠵᠤ ᠪᠠᠢᠭᠰᠠᠨ ᠪᠠᠢᠳᠠᠯ ᠳᠣᠣᠷ᠎ᠠ᠂ ᠪᠦᠬᠦ᠌ ᠠᠷᠠᠳ ᠲᠦᠮᠡᠨ ᠪᠦᠯᠬᠦᠮᠳᠡᠨ ᠲᠡᠮᠡᠴᠡᠵᠤ᠂ ᠨᠤᠭᠤᠷᠠᠰᠢ ᠦᠭᠡᠢ ᠴᠢᠷᠮᠠᠢᠭᠰᠠᠨ ᠵᠢᠡᠷ᠂ ᠪᠢᠳᠡ ᠴᠢᠬᠤᠯᠠ ᠶᠡᠬᠡ ᠪᠥᠭᠡᠳ ᠠᠯᠤᠰ ᠬᠡᠳᠤ ᠵᠢᠨ ᠨᠥᠯᠥᠭᠡ ᠦᠵᠡᠬᠦᠯᠬᠦ ᠬᠡᠳᠦᠨ ᠶᠡᠬᠡ ᠶᠠᠪᠤᠳᠠᠯ᠎ᠢ ᠪᠦᠲᠦᠭᠡᠵᠦ᠍᠂ ᠨᠠᠮ ᠪᠠ ᠤᠯᠤᠰ᠎ᠤᠨ ᠠᠵᠢᠯ ᠦᠢᠯᠡᠰ ᠦᠯᠡᠮᠵᠢ ᠦᠷ᠎ᠡ ᠪᠦᠲᠦᠭᠡᠯ ᠤᠯᠪᠠ᠃ ᠳᠤᠮᠳᠠᠳᠤ ᠤᠯᠤᠰ᠎ᠤᠨ ᠡᠪ ᠬᠠᠮᠲᠤ ᠨᠠᠮ ᠬᠣᠷᠢᠳᠤᠭᠠᠷ ᠤᠳᠠᠭ᠎ᠠ᠎ᠶ᠋ᠢᠨ ᠪᠦᠬᠦ᠌ ᠤᠯᠤᠰ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠢ ᠢᠯᠠᠯᠲᠠ᠎ᠲᠠᠶ᠎ᠪᠠᠷ ᠬᠤᠷᠠᠯᠳᠤᠭᠤᠯᠵᠤ᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠠᠤᠭ᠎ᠠ ᠲᠥᠰᠦᠪ᠎ᠢ ᠵᠢᠷᠤᠭ᠍ᠯᠠᠪᠠ᠃ ᠪᠢᠳᠡ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ ᠵᠡᠷᠭᠡ ᠬᠦᠴᠢᠷ ᠪᠡᠷᠬᠡ ᠪᠠ ᠥᠷᠢᠰᠥᠯᠳᠦᠭᠡᠨ᠎ᠢ ᠢᠯᠠᠨ ᠳᠠᠪᠠᠵᠤ᠂ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠂ ᠡᠪᠦᠯ᠎ᠦᠨ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠢ ᠲᠣᠭ᠍ᠲᠠᠭ᠍ᠰᠠᠨ ᠬᠤᠭᠤᠴᠠᠭᠠᠨ᠎ᠳᠤ ᠠᠮᠤᠷ ᠲᠦᠪᠱᠢᠨ᠎ᠢᠶᠡᠷ ᠤᠷᠤᠭ᠍ᠰᠢᠲᠠᠢ ᠡᠷᠬᠢᠯᠡᠪᠡ᠃ ᠪᠢᠳᠡ ᠰᠡᠷᠭᠡᠢᠯᠡᠨ ᠡᠵᠡᠮᠳᠡᠬᠦ᠌ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠬᠥᠳᠡᠯᠦᠩᠭᠦᠶ᠎ᠪᠡᠷ ᠱᠢᠯᠢᠳᠡᠭ᠌ᠵᠢᠭᠦᠯᠦᠨ ᠲᠣᠬᠢᠷᠠᠭᠤᠯᠵᠤ᠂ ᠨᠡᠯᠢᠶᠡᠳ ᠣᠬᠣᠷᠬᠠᠨ ᠬᠤᠭᠤᠴᠠᠭᠠᠨ᠎ᠳᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠲᠣᠭ᠍ᠲᠠᠭᠤᠨ᠎ᠢᠶᠠᠷ ᠱᠢᠯᠵᠢᠬᠦ᠌ ᠵᠢ ᠪᠡᠶᠡᠯᠡᠭᠦᠯᠵᠦ᠍᠂ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠡᠪᠡᠳᠴᠢᠨ᠎ᠢᠶᠡᠷ ᠥᠭᠦᠬᠦ᠌ ᠨᠣᠷᠮ᠎ᠠ ᠪᠥᠬᠥ᠌ ᠪᠥᠮᠪᠥᠷᠴᠡᠭ᠎ᠦᠨ ᠬᠠᠮᠤᠭ᠎ᠤᠨ ᠳᠤᠤᠷ᠎ᠠ ᠲᠦᠪᠱᠢᠨ᠎ᠳᠦ ᠪᠠᠢᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠴᠢᠬᠤᠯᠠ ᠶᠡᠬᠡ ᠱᠢᠶ᠋ᠳᠪᠦᠷᠢᠲᠦ ᠴᠢᠨᠠᠷᠲᠠᠶ ᠢᠯᠠᠯᠲᠠ᠎ᠶ᠋ᠢ ᠤᠯᠪᠠ᠃ ᠪᠢᠳᠡ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ᠂ ᠣᠨᠣᠪᠴᠢᠲᠠᠢ᠂ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠬᠦᠴᠦᠯᠡᠨ ᠪᠠᠢᠭᠤᠯᠵᠤ᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠵᠤ᠂ ᠪᠦᠬᠦ᠌ ᠪᠥᠮᠪᠥᠷᠴᠡᠭ᠎ᠦᠨ ᠵᠣᠭᠣᠰ ᠮᠠᠭᠤᠳᠠᠬᠤ ᠬᠡᠮᠵᠢᠶ᠎ᠠ 40 ᠭᠠᠷᠤᠢ ᠵᠢᠯ᠎ᠦᠨ ᠲᠤᠷᠱᠢᠬᠢ ᠱᠢᠨ᠎ᠡ ᠥᠨᠳᠥᠷ ᠲᠦᠪᠱᠢᠨ᠎ᠳᠦ ᠬᠦᠷᠦᠭ᠌ᠰᠡᠨ ᠪᠠᠢᠳᠠᠯ ᠳᠣᠣᠷ᠎ᠠ᠂ ᠮᠠᠨ᠎ᠤ ᠤᠯᠤᠰ᠎ᠤᠨ ᠪᠠᠷᠠᠭᠠᠨ᠎ᠤ ᠦᠨ᠎ᠡ᠎ᠶ᠋ᠢᠨ ᠶᠡᠷᠦᠩᠬᠡᠢ ᠲᠦᠪᠱᠢᠨ ᠲᠣᠭ᠍ᠲᠠᠭᠤᠨ ᠪᠠᠢᠳᠠᠯ᠎ᠢᠶᠠᠨ ᠪᠠᠲᠤᠯᠠᠵᠤ᠂ ᠪᠦᠬᠦ᠌ ᠵᠢᠯ᠎ᠦᠨ ᠠᠵᠤ ᠠᠬᠤᠢ᠎ᠶ᠋ᠢᠨ ᠨᠡᠮᠡᠭ᠌ᠳᠡᠯ 3% ᠳ᠋ᠤ ᠬᠦᠷᠴᠦ᠍᠂ ᠳᠡᠯᠡᠬᠡᠢ᠎ᠶ᠋ᠢᠨ ᠭᠣᠣᠯ ᠪᠣᠯᠬᠤ ᠠᠵᠤ ᠠᠬᠤᠢ᠎ᠶ᠋ᠢᠨ ᠴᠣᠭ᠍ᠴᠠ᠎ᠶ᠋ᠢᠨ ᠲᠤᠳᠤᠷ᠎ᠠ ᠮᠠᠰᠢ ᠥᠨᠳᠥᠷ ᠲᠤ᠌ ᠤᠷᠤᠵᠠᠢ᠃ ᠡᠳᠡᠭᠡᠷ ᠠᠮᠵᠢᠯᠲᠠ᠎ᠶ᠋ᠢ ᠣᠯᠤᠭ᠍ᠰᠠᠨ ᠨᠢ ᠦᠨᠡᠬᠡᠷ ᠬᠢᠯᠪᠠᠷ ᠪᠤᠰᠤ ᠶᠤᠮ ᠭᠡᠵᠤ ᠴᠢᠬᠤᠯᠠᠴᠢᠯᠠᠵᠠᠢ᠃
ᠰᠢ ᠵᠢᠨ ᠫᠢᠩ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠡᠴᠡ ᠨᠠᠭᠠᠱᠢᠬᠢ 5 ᠵᠢᠯ ᠪᠣᠯ ᠲᠤᠢᠯ᠎ᠤᠨ ᠶᠡᠷᠦ᠍ ᠪᠤᠰᠤ᠎ᠶ᠋ᠢᠨ᠂ ᠲᠤᠢᠯ᠎ᠤᠨ ᠵᠢᠷ ᠤ᠋ᠨ ᠪᠤᠰᠤ 5 ᠵᠢᠯ ᠪᠣᠯᠤᠨ᠎ᠠ᠃ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠭᠠᠳᠠᠭᠠᠳᠤ ᠣᠷᠴᠢᠨ ᠨᠥᠬᠥᠴᠡᠯ ᠰᠢᠷᠦᠬᠦᠰᠦᠨ ᠬᠤᠪᠢᠷᠠᠵᠤ᠂ ᠲᠤᠭᠳᠠᠭᠠᠯᠳᠤ ᠪᠤᠰᠤ ᠪᠠ ᠲᠦᠰᠦᠭᠡᠯᠡᠬᠦᠶᠠ ᠪᠡᠷᠬᠡ ᠬᠦᠴᠦᠨ ᠵᠦᠢᠯ ᠢᠯᠡᠳᠲᠡ ᠨᠡᠮᠡᠭ᠌ᠳᠡᠪᠠ᠂ ᠢᠯᠠᠩᠭᠤᠶ᠎ᠠ ᠠᠮᠧᠷᠢᠺᠠ᠎ᠪᠠᠷ ᠲᠣᠯᠣᠭᠠᠢᠯᠠᠭᠤᠯᠤᠭ᠍ᠰᠠᠨ ᠥᠷᠥᠨᠡᠳᠠᠬᠢᠨ᠎ᠤ ᠤᠯᠤᠰ᠎ᠤᠳ ᠮᠠᠨ᠎ᠤ ᠤᠯᠤᠰ᠎ᠢ ᠪᠦᠬᠦ᠌ ᠲᠠᠯ᠎ᠠ᠎ᠪᠠᠷ ᠬᠢᠵᠠᠭᠠᠷᠯᠠᠵᠤ᠂ ᠪᠦᠰᠡᠯᠡᠨ ᠬᠤᠷᠢᠵᠤ᠂ ᠳᠠᠷᠤᠯᠳᠠ ᠦᠭᠴᠤ᠂ ᠮᠠᠨ᠎ᠤ ᠤᠯᠤᠰ᠎ᠤᠨ ᠬᠥᠭ᠌ᠵᠢᠯᠲᠡ᠎ᠳᠦ ᠤᠷᠢᠳ ᠡᠮᠦᠨ᠎ᠡ ᠪᠠᠢᠭ᠎ᠠ ᠦᠭᠡᠢ ᠬᠠᠲᠠᠭᠤ ᠴᠢᠩᠭ᠎ᠠ ᠱᠢᠯᠭᠠᠯᠲᠠ᠎ᠶ᠋ᠢ ᠠᠪᠴᠢᠷᠠᠭ᠍ᠰᠠᠨ ᠪᠠᠢᠨ᠎ᠠ᠃ ᠡᠭᠦᠨ᠎ᠦ ᠵᠡᠷᠭᠡ᠎ᠪᠡᠷ ᠤᠯᠤᠰ᠎ᠤᠨ ᠳᠣᠲᠣᠭᠠᠳᠤ᠎ᠳᠤ ᠪᠠᠰᠠ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ ᠲᠠᠬᠢᠨ ᠳᠠᠪᠲᠠᠨ ᠳᠡᠯᠭᠡᠷᠡᠭᠰᠡᠨ᠂ ᠠᠵᠤ ᠠᠬᠤᠢ ᠤᠷᠤᠭᠤᠳᠠᠬᠤ ᠳᠠᠷᠤᠯᠲᠠ ᠨᠡᠮᠡᠭ᠌ᠳᠡᠭᠰᠡᠨ ᠵᠡᠷᠭᠡ ᠤᠯᠠᠨ ᠵᠦᠢᠯ᠎ᠦᠨ ᠬᠦᠴᠢᠷᠳᠡᠯ᠎ᠳᠦ ᠲᠤᠯᠭᠠᠷᠠᠪᠠ᠃ ᠪᠢᠳᠡ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠵᠤ᠂ ᠬᠦᠴᠢᠷ᠎ᠢ ᠰᠦᠷᠦᠨ ᠤᠷᠤᠭ᠍ᠰᠢᠯᠠᠵᠤ᠂ ᠯᠠᠪᠳᠠᠭᠤᠨ᠎ᠢᠶᠠᠷ ᠠᠷᠭᠠᠴᠠᠭᠠᠵᠤ᠂ ᠭᠠᠵᠢᠭᠤ ᠪᠤᠷᠤᠭᠤ᠎ᠶ᠋ᠢ ᠢᠲᠡᠭᠡᠬᠦ᠌ ᠦᠭᠡᠢ᠂ ᠳᠠᠷᠤᠯᠲᠠ ᠡᠴᠡ ᠠᠶᠤᠬᠤ ᠦᠭᠡᠢ᠂ ᠬᠦᠴᠢᠷ᠎ᠡᠴᠡ ᠵᠠᠢᠯᠠᠬᠤ ᠦᠭᠡᠢ ᠪᠠᠢᠵᠤ᠂ ᠤᠯᠤᠰ᠎ᠤᠨ ᠳᠣᠲᠣᠭᠠᠳᠤ᠎ᠶ᠋ᠢᠨ ᠦᠢᠯᠡᠳᠪᠦᠷᠢᠯᠡᠯ᠎ᠦᠨ ᠶᠡᠷᠦᠩᠬᠡᠢ ᠦᠷᠳᠡᠭ ᠵᠢᠯ ᠳᠤᠮᠳᠠᠴᠢ᠎ᠪᠠᠷ 5.2% ᠵᠢᠡᠷ ᠨᠡᠮᠡᠭ᠌ᠳᠡᠵᠦ᠍᠂ ᠲᠣᠭ᠍ᠲᠠᠭ᠍ᠰᠠᠨ ᠬᠤᠭᠤᠴᠠᠭᠠᠨ᠎ᠳᠤ ᠶᠠᠳᠠᠭᠤ ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠣᠯᠵᠤ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠵᠦ᠍᠂ ᠨᠢᠭᠡᠳᠦᠭᠡᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠵᠦ᠍᠂ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠭ᠍ᠰᠠᠨ ᠴᠢᠬᠤᠯᠠ ᠶᠡᠬᠡ ᠠᠮᠵᠢᠯᠲᠠ ᠤᠯᠬᠤ᠎ᠶ᠋ᠢ ᠠᠬᠢᠭᠤᠯᠵᠤ᠂ ᠮᠠᠨ᠎ᠤ ᠤᠯᠤᠰ᠎ᠤᠨ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠣᠷᠣᠬᠤ᠎ᠶ᠋ᠢ ᠠᠬᠢᠭᠤᠯᠪᠠ᠃ 5 ᠵᠢᠯ᠎ᠦᠨ ᠲᠤᠷᠱᠢᠬᠢ ᠠᠮᠵᠢᠯᠲᠠ ᠪᠦᠲᠦᠮᠵᠢ ᠪᠣᠯ ᠪᠦᠬᠦ᠌ ᠨᠠᠮ ᠪᠦᠬᠦ᠌ ᠤᠯᠤᠰ᠎ᠤᠨ ᠠᠷᠠᠳ ᠲᠦᠮᠡᠨ᠎ᠦ ᠪᠦᠯᠬᠦᠮᠳᠡᠨ ᠲᠡᠮᠡᠴᠡᠭ᠌ᠰᠡᠨ᠎ᠦ ᠦᠷ᠎ᠡ ᠳ᠋ᠦᠩ ᠮᠥᠨ᠂ ᠪᠠᠰᠠ ᠴᠤ᠌ ᠥᠷᠭᠡᠨ ᠤᠯᠠᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ᠎ᠦᠨ ᠬᠤᠪᠢ ᠨᠡᠮᠡᠷᠢᠰᠢᠩᠬᠡᠵᠤ ᠪᠠᠢᠭ᠎ᠠ ᠶᠤᠮ ᠭᠡᠵᠤ ᠵᠢᠭᠠᠵᠤ ᠭᠠᠷᠭᠠᠵᠠᠢ᠃
ᠰᠢ ᠵᠢᠨ ᠫᠢᠩ᠂ ᠳᠡᠯᠡᠬᠡᠢ᠎ᠶ᠋ᠢᠨ ᠪᠠ ᠤᠯᠤᠰ᠎ᠤᠨ ᠳᠣᠲᠣᠭᠠᠳᠤ᠎ᠶ᠋ᠢᠨ ᠣᠷᠴᠢᠨ ᠨᠦᠬᠦᠴᠡᠯ᠎ᠳᠤ ᠡᠬᠦᠰᠦᠭᠰᠡᠨ ᠭᠦᠨᠵᠡᠭᠡᠢ ᠪᠦᠬᠡᠳ ᠪᠤᠳᠤᠯᠢᠶᠠᠨᠲᠠᠢ ᠬᠤᠪᠢᠷᠠᠯᠲᠠ᠎ᠶ᠋ᠢᠨ ᠡᠮᠦᠨ᠎ᠡ᠂ ᠡᠷᠬᠡᠪᠰᠢ ᠯᠠᠪᠳᠠᠭᠤᠨ ᠪᠣᠯᠭᠣᠮᠵᠢᠲᠠᠢ ᠪᠠᠢᠵᠤ᠂ ᠲᠣᠭ᠍ᠲᠠᠯ ᠬᠦᠴᠦᠨ᠎ᠢᠶᠡᠨ ᠪᠠᠲᠤᠯᠠᠵᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠵᠤ᠂ ᠢᠳᠡᠪᠬᠢᠲᠡᠢ ᠠᠵᠢᠯᠯᠠᠵᠤ᠂ ᠪᠦᠯᠬᠦᠮᠳᠡᠨ ᠨᠢᠭᠡᠳᠴᠦ᠍᠂ ᠵᠣᠷᠢᠭ᠍ᠲᠠᠢ ᠲᠡᠮᠡᠴᠡᠬᠦ᠌ ᠬᠡᠷᠡᠭ᠌ᠲᠡᠢ᠃ ᠯᠠᠪᠳᠠᠭᠤᠨ ᠲᠣᠭ᠍ᠲᠠᠭᠤᠨ ᠪᠠᠢᠵᠤ᠂ ᠲᠣᠭ᠍ᠲᠠᠯ ᠬᠦᠴᠦᠨ᠎ᠢᠶᠡᠨ ᠪᠠᠲᠤᠯᠠᠬᠤ ᠭᠡᠳᠡᠭ ᠨᠢ ᠳᠠᠷᠤᠢ ᠳᠡᠯᠡᠬᠡᠢ᠎ᠶ᠋ᠢᠨ ᠪᠠᠢᠳᠠᠯ᠎ᠤᠨ ᠭᠦᠨᠵᠡᠭᠡᠢ ᠬᠤᠪᠢᠷᠠᠯᠲᠠ᠎ᠶ᠋ᠢ ᠯᠠᠪᠳᠠᠭᠤᠨ ᠲᠣᠭ᠍ᠲᠠᠭᠤᠨ᠎ᠢᠶᠠᠷ ᠠᠵᠢᠭ᠍ᠯᠠᠵᠤ᠂ ᠡᠯ᠎ᠡ ᠵᠦᠢᠯ᠎ᠦᠨ ᠠᠶᠤᠯ ᠲᠦᠭ᠌ᠰᠢᠭᠦᠷᠢ ᠪᠠ ᠥᠷᠢᠰᠥᠯᠳᠦᠭᠡᠨ᠎ᠢ ᠯᠠᠪᠳᠠᠭᠤᠨ᠎ᠢᠶᠠᠷ ᠠᠷᠭᠠᠴᠠᠭᠠᠵᠤ᠂ ᠬᠤᠪᠢᠷᠠᠯᠲᠠ᠎ᠶ᠋ᠢ ᠵᠥᠪ ᠲᠠᠨᠢᠵᠤ᠂ ᠱᠢᠨᠵᠢᠯᠡᠬᠦ᠌ ᠤᠬᠠᠭᠠᠨᠴᠢ᠎ᠪᠠᠷ ᠠᠷᠭᠠᠴᠠᠭᠠᠨ᠂ ᠰᠠᠨᠠᠭᠠᠴᠢᠯᠠᠭ᠎ᠠ᠎ᠡᠴᠡ᠎ᠪᠠᠨ ᠬᠤᠪᠢᠷᠠᠯᠲᠠ᠎ᠶ᠋ᠢ ᠡᠷᠢᠯᠬᠢᠯᠡᠵᠦ᠍᠂ ᠪᠠᠢᠯᠳᠤᠬᠤ ᠪᠤᠳᠤᠯᠭ᠎ᠠ᠎ᠶ᠋ᠢᠨ ᠠᠷᠭ᠎ᠠ ᠪᠤᠳᠤᠯᠭ᠎ᠠ᠎ᠪᠠᠨ ᠴᠠᠭ ᠲᠤᠬᠠᠢᠳᠤᠨᠢ ᠱᠢᠯᠢᠳᠡᠭ᠌ᠵᠢᠭᠦᠯᠦᠨ ᠲᠤᠬᠢᠷᠠᠭᠤᠯᠬᠤ ᠮᠥᠷᠲᠡᠭᠡᠨ ᠪᠠᠰᠠ ᠪᠠᠢᠯᠳᠤᠬᠤ ᠪᠤᠳᠤᠯᠭ᠎ᠠ᠎ᠶ᠋ᠢᠨ ᠲᠣᠭ᠍ᠲᠠᠯ ᠬᠦᠴᠦᠨ᠎ᠢᠶᠡᠨ ᠪᠠᠲᠤᠯᠠᠵᠤ᠂ ᠰᠠᠨᠠᠭᠰᠠᠨ ᠳ᠋ᠠᠭᠠᠨ ᠬᠦᠷᠬᠦ ᠪᠡᠷ ᠰᠢᠨᠳᠠᠷᠠᠰᠢ ᠦᠭᠡᠢ ᠴᠢᠷᠮᠠᠢᠵᠤ᠂ ᠡᠯ᠎ᠡ ᠵᠦᠢᠯ᠎ᠦᠨ ᠠᠶᠤᠯ ᠲᠦᠭ᠌ᠰᠢᠭᠦᠷᠢ᠎ᠡᠴᠡ ᠡᠮᠢᠶᠡᠬᠦ᠌ ᠦᠭᠡᠢ᠂ ᠨᠢᠭᠡᠨᠲᠡ ᠲᠣᠭ᠍ᠲᠠᠭᠠᠭ᠍ᠰᠠᠨ ᠪᠠᠢᠯᠳᠤᠬᠤ ᠪᠤᠳᠤᠯᠭ᠎ᠠ᠎ᠶ᠋ᠢᠨ ᠬᠠᠷᠠᠯᠲᠠ ᠪᠠᠨ ᠵᠤᠷᠢᠵᠤ ᠡᠷᠡᠰ ᠭᠤᠢᠪᠢᠰᠢ ᠦᠭᠡᠢ ᠤᠷᠤᠭ᠍ᠰᠢᠯᠠᠬᠤ ᠶᠠᠪᠤᠳᠠᠯ ᠪᠣᠯᠤᠨ᠎ᠠ᠃ ᠲᠣᠭ᠍ᠲᠠᠭᠤᠨ᠎ᠤ ᠳᠤᠮᠳᠠ ᠤᠷᠤᠭᠰᠢᠯᠠᠨ ᠳᠠᠪᠰᠢᠵᠤ᠂ ᠢᠳᠡᠪᠬᠢᠲᠡᠢ᠎ᠪᠡᠷ ᠠᠵᠢᠯᠯᠠᠬᠤ ᠪᠣᠯ ᠳᠠᠷᠤᠢ ᠦᠨᠳᠦᠰᠦᠨ ᠴᠢᠭ᠌ᠯᠡᠯ᠎ᠢ ᠲᠣᠭ᠍ᠲᠠᠭᠤᠨ ᠪᠠᠢᠯᠭᠠᠬᠤ᠂ ᠴᠢᠭ᠌ᠯᠡᠯᠲᠡ ᠲᠦᠷᠦ᠍᠎ᠶ᠋ᠢᠨ ᠪᠤᠳᠤᠯᠭ᠎ᠠ᠎ᠶ᠋ᠢ ᠲᠣᠭ᠍ᠲᠠᠭᠤᠨ ᠪᠠᠢᠯᠭᠠᠬᠤ᠂ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠲᠣᠭ᠍ᠲᠠᠭᠤᠨ ᠪᠠᠢᠯᠭᠠᠬᠤ᠂ ᠰᠠᠭᠤᠷᠢ᠎ᠶ᠋ᠢ ᠪᠠᠲᠤ ᠰᠠᠬᠢᠬᠤ᠂ ᠯᠠᠪᠳᠠᠭᠤᠨ ᠲᠣᠭ᠍ᠲᠠᠭᠤᠨ ᠪᠠᠢᠬᠤ ᠵᠢ ᠪᠠᠳᠤᠯᠠᠬᠰᠠᠨ ᠰᠠᠭᠤᠷᠢᠨ ᠳᠡᠭᠡᠷ᠎ᠡ ᠢᠳᠡᠪᠬᠢᠲᠡᠢ᠎ᠪᠡᠷ ᠤᠷᠤᠭ᠍ᠰᠢᠯᠠᠨ ᠲᠠᠪᠱᠢᠵᠤ᠂ ᠵᠣᠭ᠍ᠰᠣᠩᠭᠢᠷᠠᠬᠤ ᠦᠭᠡᠢ ᠪᠠᠢᠵᠤ᠂ ᠲᠦᠷᠭᠡᠨ ᠪᠣᠯᠭᠠᠵᠤ ᠴᠢᠳᠠᠪᠠᠯ ᠲᠦᠷᠭᠡᠨ ᠪᠣᠯᠭᠠᠵᠤ᠂ ᠬᠠᠮᠤᠭ᠎ᠤᠨ ᠰᠠᠢ᠌ᠨ ᠦᠷ᠎ᠡ ᠳ᠋ᠦᠩ᠎ᠢ ᠤᠯᠬᠤ᠎ᠪᠠᠷ ᠴᠢᠷᠮᠠᠢᠬᠤ ᠶᠠᠪᠤᠳᠠᠯ ᠪᠣᠯᠤᠨ᠎ᠠ᠃ ᠪᠦᠯᠬᠦᠮᠳᠡᠨ ᠨᠢᠭᠡᠳᠴᠦ᠍᠂ ᠵᠣᠷᠢᠭ᠍ᠲᠠᠶ᠎ᠪᠠᠷ ᠲᠡᠮᠡᠴᠡᠬᠥ ᠬᠡᠷᠡᠭᠲᠡᠢ᠃ ᠬᠦᠴᠦᠨ ᠴᠢᠳᠠᠯ ᠬᠡᠵᠤ ᠪᠦᠯᠬᠦᠮᠳᠡᠯ᠎ᠡᠴᠡ ᠢᠷᠡᠳᠡᠭ ᠶᠤᠮ᠃ ᠡᠳᠡᠭᠡᠷ ᠵᠢᠯ᠎ᠦᠳ᠎ᠲᠦ᠂ ᠪᠢᠳᠡᠨ᠎ᠳᠦ ᠲᠤᠯᠭᠠᠷᠠᠵᠤ ᠪᠠᠢᠭ᠎ᠠ ᠡᠯ᠎ᠡ ᠵᠦᠢᠯ᠎ᠦᠨ ᠠᠶᠤᠯ ᠲᠦᠭ᠌ᠰᠢᠭᠦᠷᠢ ᠪᠠ ᠥᠷᠢᠰᠥᠯᠳᠦᠭᠡᠨ ᠬᠣᠢᠨ᠎ᠠ ᠬᠣᠢᠨ᠎ᠠ᠎ᠡᠴᠡ᠎ᠪᠠᠨ ᠦᠷᠭᠦᠯᠵᠢᠯᠡᠵᠦ᠍᠂ ᠶᠡᠬᠡ ᠳᠠᠢᠯᠠᠯᠳᠤᠭᠠᠨ ᠬᠣᠢᠨ᠎ᠠ ᠬᠣᠢᠨ᠎ᠠ᠎ᠡᠴᠡ᠎ᠪᠠᠨ ᠦᠷᠭᠦᠯᠵᠢᠯᠡᠵᠦ᠍᠂ ᠳᠠᠢᠯᠠᠯᠳᠤᠭᠠᠨ ᠨᠢᠭᠡ ᠪᠦᠷᠢ ᠨᠢ ᠴᠥᠮ ᠪᠦᠬᠦ᠌ ᠠᠷᠠᠳ ᠲᠦᠮᠡᠨ᠎ᠦ ᠪᠦᠯᠬᠦᠮᠳᠡᠨ ᠲᠡᠮᠡᠴᠡᠬᠦ᠌᠂ ᠨᠤᠭᠤᠷᠠᠰᠢ ᠦᠭᠡᠢ ᠲᠡᠮᠡᠴᠡᠬᠦ᠌᠎ᠳᠦ ᠲᠦᠱᠢᠭ᠌ᠯᠡᠨ ᠢᠯᠠᠯᠲᠠ ᠤᠯᠵᠤ ᠢᠷᠡᠭ᠌ᠰᠡᠨ ᠶᠤᠮ᠃ ᠢᠷᠡᠭᠡᠳᠦᠢ᠎ᠶ᠋ᠢᠨ ᠬᠡᠰᠡᠭ ᠬᠤᠭᠤᠴᠠᠭᠠᠨ᠎ᠳᠤ᠂ ᠪᠢᠳᠡᠨ᠎ᠳᠦ ᠲᠤᠯᠭᠠᠷᠠᠬᠤ ᠠᠶᠤᠯ ᠲᠦᠭ᠌ᠰᠢᠭᠦᠷᠢ ᠥᠷᠢᠰᠥᠯᠳᠦᠭᠡᠨ ᠤᠯᠠᠮ᠎ᠡᠴᠡ ᠤᠯᠠᠮ ᠣᠯᠠᠱᠢᠷᠠᠵᠤ᠂ ᠤᠯᠠᠮ᠎ᠡᠴᠡ ᠤᠯᠠᠮ ᠬᠦᠨᠳᠦ ᠬᠡᠴᠡᠭᠦᠦ ᠪᠣᠯᠬᠤ ᠪᠣᠯᠤᠨ᠎ᠠ᠃ ᠭᠠᠭ᠍ᠴᠠ ᠬᠦ᠌ ᠪᠦᠬᠦ᠌ ᠠᠷᠠᠳ ᠲᠦᠮᠡᠨ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠬᠠᠲᠠᠭᠤ ᠪᠡᠷᠬᠡᠱᠢᠶᠡᠯ᠎ᠢ ᠬᠠᠮᠲᠤ᠎ᠪᠠᠷ ᠲᠤᠭᠤᠯᠵᠤ᠂ ᠤᠯᠠᠨ᠎ᠤ ᠵᠤᠷᠢᠭ᠎ᠢ ᠨᠢᠭᠡᠳᠭᠡᠵᠦ᠂ ᠵᠣᠷᠢᠭ᠍ᠲᠠᠢ᠎ᠪᠠᠷ ᠲᠡᠮᠡᠴᠡᠵᠦ᠍᠂ ᠴᠢᠳᠠᠮᠠᠭᠠᠢ᠎ᠪᠠᠷ ᠲᠡᠮᠡᠴᠡᠪᠡᠯ ᠰᠠᠶᠢ ᠨᠡᠩ ᠶᠡᠬᠡ ᠱᠢᠨ᠎ᠡ ᠢᠯᠠᠯᠲᠠ᠎ᠶ᠋ᠢ ᠲᠠᠰᠤᠷᠠᠯᠳᠠ ᠦᠭᠡᠢ ᠲᠡᠮᠡᠴᠡᠨ ᠣᠯᠵᠤ ᠴᠢᠳᠠᠨ᠎ᠠ ᠭᠡᠵᠦ ᠴᠢᠬᠤᠯᠠᠴᠢᠯᠠᠪᠠ᠃
ᠰᠢ ᠵᠢᠨ ᠫᠢᠩ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢ ᠪᠣᠯ ᠮᠠᠨ᠎ᠤ ᠨᠠᠮ᠎ᠤᠨ ᠤᠷᠳᠤ ᠬᠤᠭᠤᠴᠠᠭ᠎ᠠ᠎ᠪᠠᠷ ᠲᠦᠷᠦ᠍ ᠪᠠᠷᠢᠬᠤ᠂ ᠪᠦᠬᠦ᠌ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ 《ᠬᠣᠣᠰ ᠵᠠᠭᠤᠨ ᠵᠢᠯ》 ᠤ᠋ᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌ ᠪᠠ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠍᠎ᠶ᠋ᠢ ᠲᠡᠷᠭᠡᠯᠱᠢᠭᠦᠯᠬᠦ᠌ ᠴᠢᠬᠤᠯᠠ ᠬᠦᠴᠦᠨ ᠮᠥᠨ᠃ ᠪᠢᠳᠡ ᠢᠮᠠᠭ᠍ᠲᠠ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ ᠪᠣᠯᠤᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯᠲᠠᠨ᠎ᠢ ᠥᠪᠡᠷ᠎ᠦᠨ ᠬᠥᠮᠦᠨ᠎ᠢᠶᠡᠨ ᠪᠣᠯᠭᠠᠨ ᠦᠵᠡᠵᠤ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ ᠬᠦᠴᠢᠷᠳᠡᠯ᠎ᠳᠦ ᠲᠤᠯᠭᠠᠷᠠᠭ᠍ᠰᠠᠨ ᠦᠶ᠎ᠡ᠎ᠳᠦ ᠳᠡᠮᠵᠢᠯᠭᠡ ᠦᠵᠡᠭᠦᠯᠵᠦ᠍᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ ᠲᠦᠬᠡᠷᠢᠭᠳᠡᠯ᠎ᠳᠦ ᠲᠤᠯᠭᠠᠷᠠᠭ᠍ᠰᠠᠨ ᠦᠶ᠎ᠡ᠎ᠳᠦ ᠵᠢᠯᠤᠭᠤᠳᠤᠯᠭ᠎ᠠ ᠦᠵᠡᠬᠦᠯᠵᠡᠢ᠃ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠬᠥᠭ᠌ᠵᠢᠯᠲᠡ᠎ᠶ᠋ᠢᠨ ᠣᠷᠴᠢᠨ ᠨᠦᠬᠦᠴᠡᠯ᠎ᠢ ᠱᠢᠯᠢᠳᠡᠭ᠌ᠵᠢᠭᠦᠯᠵᠦ᠍᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠵᠠᠬ᠎ᠠ ᠳᠡᠯᠭᠡᠭᠦᠷ᠎ᠦᠨ ᠥᠷᠢᠰᠥᠯᠳᠦᠭᠡᠨ᠎ᠳᠦ ᠡᠷᠬᠡ ᠲᠡᠭ᠌ᠰᠢ᠎ᠪᠡᠷ ᠣᠷᠣᠯᠴᠠᠬᠤ᠎ᠶ᠋ᠢ ᠬᠦᠯᠢᠶᠡᠰᠦᠯᠡᠵᠤ ᠪᠠᠢᠭ᠎ᠠ ᠲᠦᠷᠢᠮ᠎ᠦᠨ ᠬᠠᠷᠰᠢ ᠰᠠᠭᠠᠳ᠎ᠢ ᠠᠷᠢᠯᠭᠠᠵᠤ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠥᠮᠴᠢᠯᠡᠯ᠎ᠦᠨ ᠡᠷᠬᠡ ᠪᠣᠯᠤᠨ ᠠᠵᠤ ᠠᠬᠤᠢᠯᠠᠯᠲᠠᠨ᠎ᠤ ᠡᠷᠬᠡ ᠠᠱᠢᠭ᠎ᠢ ᠬᠠᠤᠯᠢ ᠶᠣᠰᠣᠭᠠᠷ ᠬᠠᠮᠠᠭᠠᠯᠠᠵᠤ᠂ ᠲᠦᠷᠢᠮ ᠪᠣᠯᠤᠨ ᠬᠠᠤᠯᠢ ᠴᠠᠭᠠᠵᠠ᠎ᠶ᠋ᠢᠨ ᠲᠠᠯ᠎ᠠ᠎ᠪᠠᠷ ᠤᠯᠤᠰ᠎ᠤᠨ ᠥᠮᠴᠢᠯᠡᠯ᠎ᠦᠨ ᠠᠵᠤ ᠠᠬᠤᠢᠯᠠᠯ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠳᠤ ᠡᠷᠬᠡ ᠲᠡᠭ᠌ᠰᠢ᠎ᠪᠡᠷ ᠬᠠᠨᠳᠤᠬᠤ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠵᠤ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ ᠪᠣᠯᠤᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠬᠥᠭ᠌ᠵᠢᠨ ᠪᠤᠵᠠᠭᠠᠢᠷᠠᠬᠤ᠎ᠶ᠋ᠢ ᠵᠣᠷᠢᠭ᠍ᠵᠢᠭᠤᠯᠤᠨ ᠳᠡᠮᠵᠢᠵᠦ᠍᠂ ᠵᠠᠬ᠎ᠠ ᠳᠡᠯᠭᠡᠭᠦᠷ᠎ᠦᠨ ᠵᠢᠱ᠌ᠢᠯᠲᠡ ᠪᠣᠯᠤᠨ ᠢᠲᠡᠭᠡᠯ᠎ᠢ ᠬᠥᠭ᠌ᠵᠢᠭᠡᠬᠦ᠌ ᠬᠡᠷᠡᠭ᠌ᠲᠡᠶ᠃ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠠᠵᠢᠯ ᠣᠯᠭᠣᠯᠲᠠ᠎ᠶ᠋ᠢ ᠲᠣᠭ᠍ᠲᠠᠪᠤᠷᠢᠵᠢᠭᠤᠯᠬᠤ᠂ ᠣᠷᠣᠯᠭ᠎ᠠ᠎ᠶ᠋ᠢ ᠨᠡᠮᠡᠭ᠌ᠳᠡᠭᠦᠯᠬᠦ᠌᠎ᠶ᠋ᠢ ᠠᠬᠢᠭᠤᠯᠬᠤ ᠳᠤᠮᠳᠠᠬᠢ ᠴᠢᠬᠤᠯᠠ ᠦᠶ᠋ᠯᠡᠳᠦᠯ᠎ᠢ ᠢᠳᠡᠪᠬᠢᠲᠡᠶ ᠪᠠᠳᠠᠷᠠᠭᠤᠯᠵᠤ᠂ ᠨᠠᠩ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠌ ᠳᠤᠮᠳᠠ ᠵᠢᠵᠢᠭ ᠪᠢᠴᠢᠯ ᠠᠵᠤ ᠠᠬᠤᠢᠯᠠᠯ ᠪᠣᠯᠤᠨ ᠦᠶ᠋ᠯᠡᠳᠪᠦᠷᠢ ᠬᠤᠳᠠᠯᠳᠤᠭᠠᠨ᠎ᠤ ᠬᠤᠪᠢ ᠡᠷᠦᠬᠡ᠎ᠶ᠋ᠢᠨ ᠬᠥᠭ᠌ᠵᠢᠯᠲᠡ᠎ᠶ᠋ᠢ ᠳᠡᠮᠵᠢᠵᠦ᠍᠂ ᠲᠠᠪᠴᠠᠩ᠎ᠤᠨ ᠠᠵᠤ ᠠᠬᠤᠢᠯᠠᠯ᠎ᠤᠨ ᠠᠵᠢᠯ ᠣᠯᠭᠣᠯᠲᠠ᠎ᠶ᠋ᠢ ᠡᠭᠦᠳᠬᠦ᠌᠂ ᠬᠡᠷᠡᠭ᠌ᠯᠡᠭᠡ᠎ᠶ᠋ᠢ ᠥᠷᠭᠡᠳᠭᠡᠬᠦ᠌᠂ ᠣᠯᠠᠨ ᠤᠯᠤᠰ᠎ᠤᠨ ᠥᠷᠢᠰᠥᠯᠳᠦᠭᠡᠨ᠎ᠳᠦ ᠴᠢᠳᠠᠪᠤᠷᠢ᠎ᠪᠠᠨ ᠪᠠᠳᠠᠷᠠᠭᠤᠯᠬᠤ᠎ᠶ᠋ᠢ ᠳᠡᠮᠵᠢᠬᠦ᠌ ᠬᠡᠷᠡᠭ᠌ᠲᠡᠶ᠃ ᠲᠤᠳᠤᠨᠤ ᠪᠦᠭᠡᠳ ᠲᠤᠳᠤᠷᠬᠠᠢ ᠵᠠᠰᠠᠭ ᠬᠤᠳᠠᠯᠳᠤᠭᠠᠨ᠎ᠤ ᠬᠠᠷᠢᠴᠠᠭ᠎ᠠ᠎ᠶ᠋ᠢ ᠪᠠᠢᠭᠤᠯᠬᠤ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠵᠤ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ ᠪᠠ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯᠲᠠᠨ᠎ᠤ ᠬᠦᠴᠢᠷ ᠵᠣᠪᠠᠭᠤᠷᠢ᠎ᠶ᠋ᠢ ᠨᠢ ᠱᠢᠢᠳᠪᠦᠷᠢᠯᠡᠨ ᠥᠭ᠌ᠴᠦ᠂ ᠲᠡᠳᠡᠨ᠎ᠢ ᠵᠣᠷᠢᠭ᠍ᠲᠠᠢ ᠠᠵᠢᠯᠯᠠᠵᠤ᠂ ᠳᠠᠷᠤᠭᠠᠰᠤ ᠦᠭᠡᠢ᠎ᠪᠡᠷ ᠠᠵᠢᠯᠯᠠᠬᠤ ᠪᠤᠯᠭᠠᠵᠤ᠂ ᠨᠢᠭᠡ ᠰᠡᠳᠭᠢᠯ ᠨᠢᠭᠡ ᠵᠣᠷᠢᠭ᠎ᠢᠶᠠᠷ ᠬᠥᠭ᠌ᠵᠢᠯᠲᠡ ᠵᠢ ᠬᠦᠭᠡᠭᠡᠴᠡᠯᠳᠦᠭᠦᠯᠬᠦ ᠬᠡᠷᠡᠭ᠌ᠲᠡᠢ᠃ ᠦᠵᠡᠯ ᠰᠠᠨᠠᠭ᠎ᠠ ᠤᠯᠤᠰ ᠲᠥᠷᠥ᠎ᠶ᠋ᠢᠨ ᠵᠢᠯᠣᠭᠣᠳᠤᠮᠵᠢ᠎ᠶ᠋ᠢ ᠴᠢᠩᠭᠠᠳᠭᠠᠵᠤ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ ᠪᠣᠯᠤᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯᠲᠠᠨ᠎ᠢ ᠬᠥᠲᠥᠯᠥᠨ ᠵᠢᠯᠣᠭᠣᠳᠴᠤ᠌ ᠨᠠᠮ᠎ᠤᠨ ᠲᠥᠪ ᠬᠤᠷᠢᠶ᠎ᠠ ᠵᠢᠨ 《ᠬᠣᠶᠠᠷ ᠡᠷᠡᠰ ᠭᠤᠢᠪᠢᠰᠢ ᠥᠬᠡᠶ ᠪᠠᠢᠬᠤ》᠂ 《ᠬᠣᠶᠠᠷ ᠡᠷᠡᠭᠦᠯ》 ᠤ᠋ᠨᠲᠤᠬᠠᠶ ᠴᠢᠭ᠌ᠯᠡᠯᠲᠡ ᠲᠥᠷᠥ᠎ᠶ᠋ᠢᠨ ᠪᠣᠳᠣᠯᠭ᠎ᠠ᠎ᠶ᠋ᠢ ᠵᠥᠪ ᠣᠢᠯᠠᠭᠠᠭᠤᠯᠵᠤ᠂ ᠡᠷᠡᠭᠡᠯᠵᠡᠯ᠎ᠢ ᠨᠢ ᠠᠷᠢᠯᠭᠠᠵᠤ᠂ ᠳᠠᠷᠤᠭᠠᠰᠤ ᠵᠢ ᠨᠢ ᠬᠦᠩᠭᠡᠷᠡᠭᠦᠯᠵᠦ᠂ ᠵᠣᠷᠢᠭ᠍ᠲᠠᠶ᠎ᠪᠠᠷ ᠬᠥᠭ᠌ᠵᠢᠭᠦᠯᠬᠦ᠌ ᠬᠡᠷᠡᠭ᠌ᠲᠡᠶ ᠭᠡᠵᠦ ᠵᠢᠭᠠᠵᠤ ᠭᠠᠷᠭᠠᠪᠠ᠃
ᠰᠢ ᠵᠢᠨ ᠫᠢᠩ᠂ ᠴᠢᠨᠠᠷ ᠰᠠᠢᠲᠠᠢ ᠬᠥᠭ᠌ᠵᠢᠯᠲᠡ ᠨᠢ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢ᠎ᠶ᠋ᠢᠨ ᠬᠥᠭ᠌ᠵᠢᠯᠲᠡ᠎ᠳᠦ ᠨᠡᠩ ᠥᠨᠳᠥᠷ ᠱᠠᠭᠠᠷᠳᠠᠯᠭ᠎ᠠ ᠳᠤᠷᠠᠳᠴᠠᠢ᠃ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ ᠤ᠋ᠨ ᠬᠢᠨ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠦᠢᠯᠡᠳᠦᠯᠭᠡᠵᠢᠭᠦᠯᠵᠦ᠍᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢ᠎ᠶ᠋ᠢᠨ ᠬᠥᠭ᠌ᠵᠢᠯᠲᠡ᠎ᠳᠦ ᠣᠷᠣᠱᠢᠵᠤ ᠪᠠᠢᠭ᠎ᠠ ᠳᠤᠲᠠᠭᠤᠳᠠᠯ ᠪᠣᠯᠤᠨ ᠲᠤᠯᠭᠠᠷᠠᠵᠤ ᠪᠠᠢᠭ᠎ᠠ ᠥᠷᠢᠰᠥᠯᠳᠦᠭᠡᠨ᠎ᠢ ᠭᠦᠨᠵᠡᠭᠡᠢ ᠡᠵᠡᠮᠳᠡᠵᠦ᠍᠂ ᠬᠥᠭ᠌ᠵᠢᠯᠲᠡ᠎ᠶ᠋ᠢᠨ ᠬᠡᠯᠪᠡᠷᠢ᠎ᠪᠡᠨ ᠬᠤᠪᠢᠷᠠᠭᠤᠯᠵᠤ᠂ ᠠᠵᠤ ᠦᠢᠯᠡᠰ᠎ᠦᠨ ᠪᠦᠲᠦᠴᠡ᠎ᠪᠡᠨ ᠲᠤᠬᠢᠷᠠᠭᠤᠯᠵᠤ᠂ ᠨᠡᠮᠡᠭ᠌ᠳᠡᠯ᠎ᠦᠨ ᠬᠥᠳᠡᠯᠭᠡᠬᠦ᠌ ᠬᠦᠴᠦᠨ᠎ᠢᠶᠡᠨ ᠬᠤᠪᠢᠷᠠᠭᠤᠯᠵᠤ᠂ ᠭᠣᠣᠯ ᠦᠢᠯᠡᠰ᠎ᠢᠶᠡᠨ ᠪᠠᠲᠤ ᠰᠠᠬᠢᠵᠤ᠂ ᠪᠣᠳᠠᠲᠤ ᠴᠤᠬᠴᠠ ᠵᠢᠨ ᠦᠢᠯᠡᠰ᠎ᠢᠶᠡᠨ ᠬᠦᠴᠦᠷᠬᠡᠭ᠌ᠵᠢᠭᠦᠯᠵᠦ᠍᠂ ᠤᠬᠠᠮᠰᠠᠷ᠎ᠡᠴᠡ᠎ᠪᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠵᠠᠮ᠎ᠢᠶᠠᠷ ᠵᠠᠮᠨᠠᠬᠤ ᠬᠡᠷᠡᠭ᠌ᠲᠡᠢ᠃ ᠴᠢᠳᠠᠪᠤᠷᠢ᠎ᠲᠠᠶ᠂ ᠨᠥᠬᠥᠴᠡᠯ᠎ᠲᠡᠶ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ ᠤ᠋ᠨ ᠬᠢᠨ ᠪᠡᠶ᠎ᠡ᠎ᠪᠡᠨ ᠳᠠᠭᠠᠭᠠᠵᠤ ᠱᠢᠨ᠎ᠡ᠎ᠶ᠋ᠢ ᠡᠭᠦᠳᠬᠦ᠌᠎ᠶ᠋ᠢ ᠴᠢᠩᠭᠠᠳᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠠᠯ᠎ᠠ ᠪᠡᠷ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌ ᠪᠠ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠣᠨᠳᠣᠣᠱᠢᠭᠤᠯᠬᠤ ᠳᠤᠮᠳᠠ ᠨᠡᠩ ᠶᠡᠬᠡ ᠦᠢᠯᠡᠳᠦᠯ ᠦᠵᠡᠭᠦᠯᠬᠦ᠌ ᠬᠡᠷᠡᠭ᠌ᠲᠡᠢ᠃ ᠠᠷᠠᠳ᠎ᠤᠨ ᠬᠥᠷᠥᠩᠭᠡ᠎ᠶ᠋ᠢᠨ ᠪᠠᠯᠠ ᠣᠷᠣᠭᠤᠯᠤᠯᠲᠠ᠎ᠶ᠋ᠢᠨ ᠠᠮᠢᠵᠢᠷᠠᠯ᠎ᠤᠨ ᠬᠦᠴᠦᠨ᠎ᠢ ᠬᠥᠭ᠌ᠵᠢᠭᠡᠵᠦ᠍᠂ ᠨᠠᠩ ᠣᠯᠠᠨ ᠠᠷᠠᠳ᠎ᠤᠨ ᠬᠥᠷᠥᠩᠭᠡ᠎ᠶ᠋ᠢᠨ ᠤᠯᠤᠰ᠎ᠤᠨ ᠴᠢᠬᠤᠯᠠ ᠶᠡᠬᠡ ᠢᠨᠵᠧᠨᠧᠷᠢᠩ᠂ ᠭᠤᠤᠯᠳᠠᠯᠭ᠎ᠠ᠎ᠲᠠᠶ ᠠᠵᠤ ᠦᠶ᠋ᠯᠡᠰ᠎ᠦᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠳᠤ ᠣᠷᠣᠯᠴᠠᠬᠤ᠎ᠶ᠋ᠢ ᠵᠣᠷᠢᠭ᠍ᠵᠢᠭᠤᠯᠬᠤ ᠪᠠ ᠲᠠᠲᠠᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠨᠠᠩ ᠶᠡᠬᠡ ᠬᠤᠪᠢ ᠨᠡᠮᠡᠷᠢ ᠦᠵᠡᠭᠦᠯᠬᠦ ᠭᠡᠷᠡᠭᠳᠠᠢ᠃ ᠡᠯ᠎ᠡ ᠲᠥᠷᠥᠯ᠎ᠦᠨ ᠬᠥᠷᠥᠩᠭᠡ᠎ᠶ᠋ᠢᠨ ᠡᠷᠡᠭᠦᠯ᠎ᠢᠶᠡᠷ ᠬᠥᠭ᠌ᠵᠢᠬᠦ᠌᠎ᠶ᠋ᠢ ᠬᠠᠤᠯᠢ ᠶᠣᠰᠣᠭᠠᠷ ᠵᠢᠷᠤᠮᠵᠢᠭᠤᠯᠬᠤ ᠪᠠ ᠬᠥᠲᠥᠯᠥᠨ ᠵᠢᠯᠣᠭᠣᠳᠴᠤ᠌᠂ ᠱᠢᠰᠲᠧᠮ᠎ᠦᠨ ᠴᠢᠨᠠᠷᠲᠠᠶ ᠮᠥᠩᠭᠥᠨ ᠭᠦᠢᠯᠭᠡᠭᠡᠨ᠎ᠦ ᠲᠦᠭ᠌ᠰᠢᠭᠦᠷᠢ᠎ᠶ᠋ᠢ ᠪᠦᠲᠦᠮᠵᠢᠲᠡᠶ ᠰᠡᠷᠭᠡᠢᠯᠡᠨ ᠠᠷᠢᠯᠭᠠᠵᠤ᠂ ᠡᠯ᠎ᠡ ᠲᠥᠷᠥᠯ᠎ᠦᠨ ᠥᠮᠴᠢᠯᠡᠯ᠎ᠦᠨ ᠠᠵᠤ ᠠᠬᠤᠢᠯᠠᠯ᠎ᠳᠤ ᠭᠣᠣᠯᠴᠢ᠎ᠪᠠᠷ ᠥᠷᠢᠰᠥᠯᠳᠦᠬᠦ᠌᠂ ᠥᠷᠢᠰᠥᠯᠳᠦᠨ ᠬᠥᠭ᠌ᠵᠢᠬᠦ᠌ ᠣᠷᠴᠢᠨ ᠨᠦᠬᠦᠴᠡᠯ᠎ᠢ ᠡᠭᠦᠳᠴᠦ᠍ ᠥᠭ᠌ᠬᠦ ᠬᠡᠷᠡᠭ᠌ᠲᠡᠶ ᠬᠡᠵᠤ ᠴᠢᠬᠤᠯᠠᠴᠢᠯᠠᠪᠠ᠃
ᠰᠢ ᠵᠢᠨ ᠫᠢᠩ᠂ ᠳᠤᠮᠳᠠᠳᠤ ᠤᠯᠤᠰ᠎ᠤᠨ ᠮᠠᠶᠢᠬ ᠤ᠋ᠨ ᠣᠳᠣᠬᠢᠴᠢᠯᠠᠯᠲᠠ ᠪᠣᠯ ᠪᠦᠬᠦ᠌ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ ᠣᠳᠣᠬᠢᠴᠢᠯᠠᠯᠲᠠ ᠮᠥᠨ᠃ ᠤᠯᠤᠰ᠎ᠤᠨ ᠥᠮᠴᠢᠯᠡᠯ᠎ᠦᠨ ᠠᠵᠤ ᠠᠬᠤᠢᠯᠠᠯ ᠬᠡᠰᠡᠨ ᠦᠬᠡᠢ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ ᠴᠤ᠌ ᠬᠡᠰᠡᠨ ᠦᠬᠡᠢ᠂ ᠴᠥᠮ ᠬᠠᠮᠲᠤ᠎ᠪᠠᠷ ᠪᠠᠶᠠᠵᠢᠬᠤ ᠶ᠋ᠢ ᠠᠬᠢᠭᠤᠯᠬᠤ ᠴᠢᠬᠤᠯᠠ ᠬᠦᠴᠦᠨ ᠮᠥᠨ᠂ ᠴᠦᠮ ᠬᠠᠮᠲᠤ᠎ᠪᠠᠷ ᠪᠠᠶᠠᠵᠢᠬᠤ᠌᠎ᠶ᠋ᠢ ᠠᠬᠢᠭᠤᠯᠬᠤ ᠨᠡᠢᠭᠡᠮ᠎ᠦᠨ ᠬᠠᠷᠢᠭᠤᠴᠠᠯᠭ᠎ᠠ᠎ᠶ᠋ᠢ ᠡᠷᠬᠡᠪᠰᠢ ᠡᠭᠦᠷᠭᠡᠯᠡᠬᠦ᠌ ᠬᠡᠷᠡᠭ᠌ᠲᠡᠢ᠃ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯᠲᠠᠨ ᠤᠯᠤᠰ ᠭᠡᠷ᠎ᠦᠨ ᠬᠠᠢᠷ᠎ᠠ ᠰᠡᠳᠭᠢᠯᠭᠡ᠎ᠪᠡᠨ ᠨᠡᠮᠡᠭᠳᠡᠬᠦᠯᠵᠤ᠂ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠤᠬᠠᠮᠰᠠᠷ᠎ᠡᠴᠡ᠎ᠪᠠᠨ ᠦᠢᠯᠡᠳᠦᠯᠭᠡᠵᠢᠭᠦᠯᠵᠦ᠍᠂ ᠤᠷᠢᠳ᠎ᠢᠶᠠᠷ ᠪᠠᠶᠠᠵᠢᠭ᠍ᠰᠠᠨ ᠨᠢ ᠰᠡᠭᠦᠯᠡᠷ ᠪᠠᠶᠠᠵᠢᠬᠤ᠎ᠪᠠᠨ ᠳᠠᠢᠴᠢᠯᠠᠬᠤ᠂ ᠬᠠᠮᠲᠤ᠎ᠪᠠᠷ ᠪᠠᠶᠠᠵᠢᠬᠤ᠌᠎ᠶ᠋ᠢ ᠠᠬᠢᠭᠤᠯᠬᠤ ᠬᠠᠷᠢᠭᠤᠴᠠᠯᠭᠠᠲᠤ ᠰᠡᠳᠭᠢᠯᠭᠡ ᠪᠠ ᠡᠭᠦᠷᠭᠡᠲᠦ ᠪᠤᠳᠤᠯ᠎ᠢᠶᠠᠨ ᠴᠢᠩᠭᠠᠳᠭᠠᠬᠤ ᠬᠡᠷᠡᠭ᠌ᠲᠡᠢ᠃ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ ᠠᠵᠤ ᠠᠬᠤᠢᠯᠠᠯ᠎ᠤᠨ ᠳᠣᠲᠣᠭᠠᠳᠤ᠎ᠳᠠᠭᠠᠨ ᠡᠶ᠎ᠡ ᠵᠣᠬᠢᠴᠠᠩᠭᠤᠶ ᠬᠥᠳᠡᠯᠮᠦᠷᠢ᠎ᠶ᠋ᠢᠨ ᠬᠠᠷᠢᠴᠠᠭ᠎ᠠ᠎ᠶ᠋ᠢ ᠢᠳᠡᠪᠬᠢᠲᠡᠶ ᠪᠠᠢᠭᠤᠯᠵᠤ᠂ ᠪᠥᠬᠥ᠌ ᠠᠵᠢᠯᠲᠠᠨ᠎ᠤ ᠠᠱᠢᠭ ᠲᠤᠰᠠ᠎ᠶ᠋ᠢᠨ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠶ᠋ᠢ ᠠᠬᠢᠭᠤᠯᠵᠤ᠂ ᠠᠵᠤ ᠠᠬᠤᠢᠯᠠᠯ᠎ᠤᠨ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠪᠥᠬᠥ᠌ ᠠᠵᠢᠯᠲᠠᠨ᠎ᠳᠤ ᠨᠠᠩ ᠡᠷᠬᠡ ᠲᠡᠭ᠌ᠰᠢ᠎ᠪᠡᠷ ᠬᠦᠷᠲᠡᠭᠡᠬᠦ᠌ ᠬᠡᠷᠡᠭ᠌ᠲᠡᠶ᠃ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ ᠪᠣᠯᠤᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯᠲᠠᠨ ᠬᠠᠤᠯᠢ ᠶᠣᠰᠣᠭᠠᠷ ᠲᠣᠭ᠍ᠲᠠᠭᠠᠯ᠎ᠳᠤ ᠨᠡᠢᠴᠡᠭ᠌ᠰᠡᠨ ᠡᠵᠡᠩᠨᠡᠯᠲᠡ᠎ᠶ᠋ᠢᠨ ᠬᠣᠷᠢᠭ᠎ᠠ ᠱᠤᠭᠤᠮ᠎ᠢ ᠪᠠᠲᠤ ᠴᠣᠭ᠍ᠴᠠᠯᠠᠵᠤ᠂ ᠱᠢᠯᠢᠳᠡᠭ ᠠᠵᠤ ᠠᠬᠤᠢᠯᠠᠯᠲᠠᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠤᠯᠤᠰ᠎ᠢᠶᠠᠨ ᠬᠠᠢᠷᠠᠯᠠᠵᠤ ᠦᠶ᠋ᠯᠡᠰ᠎ᠢᠶᠡᠨ ᠳᠡᠭᠡᠳᠦᠯᠡᠬᠦ᠌᠂ ᠬᠠᠤᠯᠢ᠎ᠶ᠋ᠢ ᠰᠠᠬᠢᠵᠤ ᠡᠵᠡᠩᠨᠡᠬᠦ᠌᠂ ᠦᠶ᠋ᠯᠡᠰ ᠪᠤᠰᠭᠠᠵᠤ ᠱᠢᠨ᠎ᠡ᠎ᠶ᠋ᠢ ᠡᠭᠦᠳᠬᠦ᠌᠂ ᠨᠡᠢᠭᠡᠮ᠎ᠳᠦ ᠠᠴᠢ ᠬᠠᠷᠢᠭᠤᠯᠠᠬᠤ ᠥᠯᠢᠭᠡᠷ ᠳᠠᠭᠤᠷᠢᠶᠠᠯ ᠪᠣᠯᠬᠤ ᠬᠡᠷᠡᠭ᠌ᠲᠡᠶ᠃ ᠳᠤᠮᠳᠠᠳᠤ᠎ᠶ᠋ᠢᠨ ᠦᠨᠳᠦᠰᠦᠲᠡᠨ᠎ᠦ ᠤᠯᠠᠮᠵᠢᠯᠠᠯᠲᠤ ᠰᠠᠢᠬᠠᠨ ᠵᠠᠩ ᠰᠤᠷᠲᠠᠯ᠎ᠢ ᠵᠠᠯᠭᠠᠮᠵᠢᠯᠠᠨ ᠪᠠᠳᠠᠷᠠᠭᠤᠯᠵᠤ᠂ ᠨᠡᠢᠭᠡᠮ᠎ᠦᠨ ᠨᠡᠢᠲᠡ᠎ᠶ᠋ᠢᠨ ᠠᠰᠠᠷᠠᠮᠵᠢ ᠨᠢᠭᠦᠯᠡᠰᠦᠩᠭᠦᠢ᠎ᠶ᠋ᠢᠨ ᠦᠢᠯᠡᠰ᠎ᠲᠦ ᠢᠳᠡᠪᠬᠢᠲᠡᠢ ᠣᠷᠣᠯᠴᠠᠬᠤ ᠪᠠ ᠡᠷᠬᠢᠯᠡᠵᠦ᠍᠂ ᠪᠠᠶᠠᠵᠢᠭ᠍ᠰᠠᠨ ᠴᠤ᠌ ᠬᠠᠷᠢᠭᠤᠴᠠᠯᠭᠠᠡᠬᠦᠷᠬᠡᠯᠡᠬᠦ᠂ ᠪᠠᠶᠠᠵᠢᠭ᠍ᠰᠠᠨ ᠴᠤ᠌ ᠵᠢᠷᠤᠮ᠎ᠢ ᠡᠷᠬᠢᠮᠯᠡᠬᠦ᠂ ᠪᠠᠶᠠᠵᠢᠭ᠍ᠰᠠᠨ ᠴᠤ᠌ ᠬᠠᠢᠷ᠎ᠠ ᠵᠢ ᠲᠡᠬᠡᠳᠦᠯᠡᠬᠦᠶ᠋ᠢ ᠪᠡᠶᠡᠯᠡᠭᠦᠯᠬᠦ᠌ ᠬᠡᠷᠡᠭ᠌ᠲᠡᠢ ᠬᠡᠵᠤ ᠵᠢᠭᠠᠵᠤ ᠭᠠᠷᠭᠠᠪᠠ᠃
ᠱ᠌ᠢ᠎ᠲᠡᠶ ᠹᠸᠩ᠂ ᠾᠧ ᠯᠢ ᠹᠸᠩ᠂ ᠬᠤᠤ ᠮᠢᠩ ᠵᠢᠨ᠂ ᠭᠤᠤ ᠶᠦᠨ ᠯᠦᠩ ᠨᠠᠷ ᠳᠤᠭᠤᠢᠯᠠᠩ᠎ᠬᠠᠮᠲᠤᠷᠠᠭ᠍ᠰᠠᠨ ᠬᠤᠷᠠᠯ᠎ᠳᠤ ᠣᠷᠣᠯᠴᠠᠪᠠ᠃

3 ᠰᠠᠷ᠎ᠠ᠎ᠶ᠋ᠢᠨ 6 ᠤ᠋ ᠡᠳᠦᠷ᠂ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭ᠌ᠴᠢ ᠰᠢ ᠵᠢᠨ ᠫᠢᠩ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠠᠩᠬᠠᠳᠤᠭᠠᠷ ᠬᠤᠷᠠᠯ᠎ᠳᠤ ᠣᠷᠣᠯᠴᠠᠵᠤ ᠪᠠᠢᠭ᠎ᠠ ᠠᠷᠠᠳᠴᠢᠯᠠᠯ᠎ᠢᠶᠠᠷ ᠤᠯᠤᠰ᠎ᠢᠶᠠᠨ ᠪᠠᠢᠭᠤᠯᠬᠤ ᠬᠤᠷᠠᠯ᠂ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶ᠋ᠢᠨ ᠡᠲᠡᠭᠡᠳ᠎ᠦᠨ ᠭᠡᠱᠢᠭᠦᠳ᠎ᠢ ᠡᠷᠭᠢᠨ ᠦᠵᠡᠭ᠌ᠰᠡᠨ ᠪᠥᠭᠡᠳ ᠳᠤᠭᠤᠢᠯᠠᠩ ᠬᠠᠮᠲᠤᠷᠠᠭ᠍ᠰᠠᠨ ᠬᠤᠷᠠᠯ᠎ᠳᠤ ᠣᠷᠣᠯᠴᠠᠵᠤ᠂ ᠰᠠᠨᠠᠯ ᠰᠠᠨᠠᠭᠤᠯᠭ᠎ᠠ᠎ᠶ᠋ᠢ ᠨᠢ ᠰᠣᠨᠣᠰᠪᠠ᠃ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶ᠎ᠠ ᠵᠢᠨ ᠪᠠᠢᠩᠭᠤ᠎ᠶ᠋ᠢᠨ ᠭᠡᠱᠢᠭᠦᠨ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠠᠩᠬᠠᠳᠤᠭᠠᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠬᠤᠷᠠᠯ᠎ᠢ ᠡᠷᠬᠢᠯᠡᠭ᠌ᠴᠢ ᠸᠠᠩ ᠬᠤ᠌ ᠨᠢᠩ᠂ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶ᠎ᠠ ᠵᠢᠨ ᠪᠠᠢᠩᠭᠤ᠎ᠶ᠋ᠢᠨ ᠭᠡᠱᠢᠭᠦᠨ ᠼᠠᠢ ᠴᠢ᠂ ᠳ᠋ᠢᠩ ᠱᠢᠤᠸᠠᠢ ᠱᠢᠶᠠᠩ ᠡᠷᠬᠢᠨ ᠦᠵᠡᠬᠦ᠌ ᠪᠠ ᠶᠠᠷᠢᠯᠴᠠᠬᠤ᠎ᠳᠤ ᠣᠷᠣᠯᠴᠠᠪᠠ᠃ ᠰᠶ᠋ᠶᠸ ᠬᠤᠸᠠᠨ ᠤ᠋ᠤᠢ ᠰᠡᠭᠦᠳᠡᠷᠯᠡᠪᠡ
(ᠱᠢᠨᠬᠤᠸᠠ ᠬᠤᠷᠢᠶᠠᠨ᠎ᠤ ᠪᠡᠭᠡᠵᠢᠩ᠎ᠦᠨ 3 ᠰᠠᠷ᠎ᠠ᠎ᠶ᠋ᠢᠨ 6 ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃