2023ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2023-03-08 11:05:18

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

— 2023 ᠣᠨ᠎ᠤ 3 ᠰᠠᠷ᠎ᠠ᠎ᠶ᠋ᠢᠨ 7 ᠎ᠤ᠋ ᠡᠳᠦᠷ ᠠᠷᠪᠠᠨ ᠳᠥᠷᠪᠡᠳᠦᠭᠡᠷ ᠬᠤᠭᠤᠴᠠᠭᠠᠨ ᠎ᠤ ᠪᠥᠬᠥ᠌ ᠤᠯᠤᠰ ᠎ᠤᠨ ᠠᠷᠠᠳ ᠎ᠤᠨ ᠲᠥᠯᠥᠭᠡᠯᠡᠭ᠌ᠴᠢᠳ ᠎ᠦᠨ ᠶᠡᠬᠡ ᠬᠤᠷᠠᠯ ᠎ᠤᠨ ᠠᠩᠬᠠᠳᠤᠭᠠᠷ ᠬᠤᠷᠠᠯ ᠳᠡᠭᠡᠷ᠎ᠡ

ᠲᠥᠷᠥ᠎ᠶ᠋ᠢᠨ ᠶᠠᠪᠤᠳᠠᠯ᠎ᠤᠨ ᠭᠡᠱᠢᠭᠦᠨ ᠪᠥᠭᠡᠳ ᠲᠥᠷᠥ᠎ᠶ᠋ᠢᠨ ᠶᠠᠪᠤᠳᠠᠯ ᠎ᠤᠨ ᠬᠣᠷᠢᠶ᠎ᠠ ᠵᠢᠨ ᠨᠠᠷᠢᠨ ᠪᠢᠴᠢᠭ᠎ᠦᠨ ᠳᠠᠷᠤᠭ᠎ᠠ ᠱᠢᠶᠤᠤ ᠵᠢᠶᠧ

ᠲᠥᠯᠥᠭᠡᠯᠡᠭ᠌ᠴᠢᠳ ᠡ᠄

ᠪᠢ ᠲᠦᠷᠦ᠍᠎ᠶ᠋ᠢᠨ ᠶᠠᠪᠤᠳᠠᠯ᠎ᠤᠨ ᠬᠣᠷᠢᠶᠠᠨ᠎ᠤ ᠨᠠᠢᠳᠠᠯᠭ᠎ᠠ᠎ᠪᠠᠷ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠬᠣᠶᠠᠳᠤᠭᠠᠷ ᠪᠦᠬᠦᠳᠡ ᠬᠤᠷᠠᠯ᠎ᠡᠴᠡ ᠪᠠᠲᠤᠯᠠᠭ᠍ᠰᠠᠨ《ᠨᠠᠮ ᠪᠠ ᠲᠦᠷᠦ᠍᠎ᠶ᠋ᠢᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢᠨ ᠲᠥᠰᠦᠯ》 ᠎ᠢ᠋ ᠦᠨᠳᠦᠰᠦᠯᠡᠨ᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢᠨ ᠲᠥᠰᠦᠯ᠎ᠦᠨ ᠲᠤᠬᠠᠢ ᠶᠡᠬᠡ ᠬᠤᠷᠠᠯ᠎ᠳᠤ ᠲᠣᠳᠣᠷᠬᠠᠢᠯᠠᠯᠲᠠ ᠬᠢᠶ᠎ᠠ᠂ ᠬᠢᠨᠠᠨ ᠵᠦᠪᠯᠡᠬᠦ ᠪᠣᠯᠪᠠᠤ᠃

ᠨᠠᠮ᠎ᠤᠨ ᠬᠣᠷᠢᠳᠤᠭᠠᠷ ᠶᠡᠬᠡ ᠬᠤᠷᠠᠯ᠎ᠡᠴᠡ ᠨᠠᠮ ᠪᠣᠯᠤᠨ ᠲᠦᠷᠦ᠍᠎ᠶ᠋ᠢᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠲᠤᠬᠠᠢ ᠴᠢᠬᠤᠯᠠ ᠪᠠᠢᠷᠢᠯᠠᠭᠤᠯᠤᠯᠲᠠ ᠬᠢᠵᠦ᠍᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠬᠣᠶᠠᠳᠤᠭᠠᠷ ᠪᠦᠬᠦᠳᠠ ᠬᠤᠷᠠᠯ᠎ᠡᠴᠡ《ᠨᠠᠮ ᠪᠣᠯᠤᠨ ᠲᠦᠷᠦ᠍᠎ᠶ᠋ᠢᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢᠨ ᠲᠥᠰᠦᠯ》 ᠎ᠢ᠋ ᠬᠢᠨᠠᠨ ᠵᠥᠪᠯᠡᠵᠦ᠍ ᠪᠠᠲᠤᠯᠠᠪᠠ᠃ ᠡᠨᠡ ᠤᠳᠠᠭ᠎ᠠ ᠵᠢᠨ ᠨᠠᠮ ᠪᠣᠯᠤᠨ ᠲᠥᠷᠥ᠎ᠶ᠋ᠢᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢᠨ ᠶᠡᠷᠦᠩᠬᠡᠶ ᠱᠠᠭᠠᠷᠳᠠᠯᠭ᠎ᠠ ᠪᠣᠯ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠵᠤ᠂ ᠨᠠᠮ᠎ᠤᠨ ᠲᠥᠪ ᠬᠣᠷᠢᠶᠠᠨ᠎ᠤ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ᠎ᠶ᠋ᠢ ᠴᠢᠩᠭᠠᠳᠭᠠᠬᠤ᠎ᠪᠠᠷ ᠶᠡᠷᠦᠩᠬᠡᠢᠯᠡᠨ ᠵᠢᠯᠣᠭᠣᠳᠣᠭᠤᠯᠵᠤ᠂ ᠤᠯᠤᠰ᠎ᠤᠨ ᠵᠠᠰᠠᠯᠲᠠ᠎ᠶ᠋ᠢᠨ ᠱᠢᠰᠲ᠋ᠧᠮ ᠪᠣᠯᠤᠨ ᠵᠠᠰᠠᠯᠲᠠ᠎ᠶ᠋ᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠠᠬᠢᠭᠤᠯᠬᠤ᠎ᠪᠠᠷ ᠤᠳᠤᠷᠢᠳᠤᠮᠵᠢ ᠪᠣᠯᠭᠠᠵᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠵᠤ᠂ 《ᠲᠠᠪᠤ᠎ᠶ᠋ᠢ ᠨᠢᠭᠡ ᠴᠣᠭ᠍ᠴᠠᠵᠢᠭᠤᠯᠬᠤ》ᠶᠡᠷᠦᠩᠬᠡᠶ ᠪᠠᠢᠷᠢᠱᠢᠭᠤᠯᠤᠯᠲᠠ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ᠂ 《ᠳᠥᠷᠪᠡᠨ ᠪᠥᠬᠥ᠌ ᠲᠠᠯ᠎ᠠ》ᠶ᠋ᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠵᠣᠬᠢᠴᠠᠭᠤᠯᠤᠨ ᠠᠬᠢᠭᠤᠯᠬᠤ ᠱᠠᠭᠠᠷᠳᠠᠯᠭ᠎ᠠ᠎ᠳᠤ ᠵᠤᠬᠢᠴᠠᠭᠤᠯᠤᠨ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠴᠡᠭᠡ ᠎ᠳᠤ ᠵᠤᠬᠢᠴᠠᠭᠤᠯᠤᠨ᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠨᠠᠮ᠎ᠤᠨ ᠲᠥᠪ ᠬᠣᠷᠢᠶ᠎ᠠ ᠵᠢᠨ ᠪᠠᠢᠭᠤᠯᠤᠮᠵᠢ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠮᠵᠢ᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠪᠠᠢᠭᠤᠯᠤᠮᠵᠢ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠪᠠᠢᠭᠤᠯᠤᠮᠵᠢ ᠎ᠶ᠋ᠢ ᠨᠢᠭᠡᠳᠦᠯᠲᠡᠶ ᠲᠥᠯᠥᠪᠵᠢᠬᠦᠯᠵᠤ᠂ ᠲᠥᠪ ᠪᠠ ᠣᠷᠣᠨ ᠨᠤᠲᠤᠭ᠎ᠢ ᠨᠢᠭᠡᠳᠦᠯᠲᠡᠶ ᠲᠥᠯᠥᠪᠵᠢᠬᠦᠯᠵᠤ᠂ ᠭᠣᠣᠯᠳᠠᠯᠭ᠎ᠠ᠎ᠲᠠᠶ ᠬᠦᠷᠢᠶᠡᠨ᠎ᠳ᠋ᠡᠬᠢ ᠪᠠᠢᠭᠤᠯᠤᠮᠵᠢ᠎ᠶ᠋ᠢᠨ ᠥᠭᠡᠷᠡᠴᠢᠯᠡᠯᠲᠡ ᠶ᠋ᠢ ᠭᠦᠨᠵᠡᠭᠡᠢᠷᠡᠭᠦᠯᠵᠦ᠂ ᠨᠡᠢᠭᠡᠮ ᠵᠢᠷᠤᠮ᠎ᠤᠨ ᠣᠳᠣᠬᠢᠴᠢᠯᠠᠬᠤ ᠪᠦᠲᠦᠭᠡᠨ ᠪᠠᠢᠭᠤᠯᠤᠯᠲᠠ ᠎ᠳᠠᠬᠢ ᠨᠠᠮ᠎ᠤᠨ ᠤᠳᠤᠷᠢᠳᠤᠯᠭ᠎ᠠ᠎ᠶ᠋ᠢ ᠪᠠᠢᠭᠤᠯᠤᠮᠵᠢ᠎ᠶ᠋ᠢᠨ ᠪᠠᠢᠷᠢᠯᠠᠭᠤᠯᠤᠯᠲᠠ᠎ᠶ᠋ᠢᠨ ᠲᠠᠯ᠎ᠠ᠎ᠪᠠᠷ ᠨᠡᠩ ᠱᠢᠨᠵᠢᠯᠡᠬᠦ᠌ ᠤᠬᠠᠭᠠᠨᠴᠢ ᠪᠤᠯᠭᠠᠵᠦ᠂ ᠡᠭᠦᠷᠭᠡ ᠲᠤᠰᠢᠶᠠᠯ᠎ᠤᠨ ᠲᠤᠬᠢᠷᠠᠭᠤᠯᠤᠯᠳᠠ ᠵᠢᠨ ᠲᠠᠯ᠎ᠠ ᠪᠡᠷ ᠨᠡᠩ ᠱᠢᠯᠢᠳᠡᠭ᠌ᠵᠢᠬᠦᠯᠵᠤ᠂ ᠪᠠᠢᠭᠤᠯᠤᠮᠵᠢ ᠲᠣᠭ᠍ᠲᠠᠴᠠ᠎ᠶ᠋ᠢᠨ ᠲᠠᠯ᠎ᠠ᠎ᠪᠠᠷ ᠨᠡᠩ ᠲᠡᠭᠦᠯᠳᠡᠷᠵᠢᠬᠦᠯᠵᠦ᠂ ᠠᠵᠢᠯᠯᠠᠭᠠᠨ᠎ᠤ ᠬᠠᠮᠢᠶᠠᠷᠤᠯᠲᠠ᠎ᠶ᠋ᠢᠨ ᠲᠠᠯ᠎ᠠ᠎ᠪᠠᠷ ᠨᠠᠩ ᠥᠨᠳᠥᠷ ᠪᠦᠲᠦᠮᠵᠢᠲᠡᠶ ᠪᠤᠯᠬᠤ ᠵᠢ ᠠᠬᠢᠭᠤᠯᠬᠤ ᠶᠠᠪᠤᠳᠠᠯ ᠪᠤᠯᠤᠨ᠎ᠠ᠃

ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠨᠢ ᠨᠠᠮ ᠪᠣᠯᠤᠨ ᠲᠥᠷᠥ᠎ᠶ᠋ᠢᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢᠨ ᠨᠢᠭᠡᠨ ᠴᠢᠬᠤᠯᠠ ᠡᠭᠦᠷᠭᠡ ᠪᠣᠯᠤᠭ᠍ᠰᠠᠨ᠎ᠤ ᠬᠤᠪᠢ᠎ᠳᠤ᠂ ᠭᠤᠤᠯᠳᠠᠯᠭ᠎ᠠ ᠨᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠂ ᠮᠥᠩᠭᠥᠨ ᠭᠦᠶ᠋ᠯᠭᠡᠭᠡᠨ᠎ᠦ ᠬᠢᠨᠠᠯᠲᠠ ᠬᠠᠮᠢᠶᠠᠷᠤᠯᠲᠠ᠂ ᠳ᠋ᠠᠢᠲ᠋ᠠ᠎ᠶ᠋ᠢᠨ ᠬᠠᠮᠢᠶᠠᠷᠤᠯᠲᠠ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠂ ᠮᠡᠳᠡᠯᠭᠡ᠎ᠶ᠋ᠢᠨ ᠥᠮᠴᠢᠯᠡᠯ᠎ᠦᠨ ᠡᠷᠬᠡ᠂ ᠦᠳᠡᠬᠦᠰ᠎ᠤᠨ ᠠᠵᠢᠯ ᠵᠡᠷᠭᠡ ᠭᠤᠤᠯᠳᠠᠯᠭ᠎ᠠ᠎ᠲᠠᠶ ᠬᠦᠷᠢᠶᠡᠨ᠎ᠳᠡᠬᠢ ᠪᠠᠢᠭᠤᠯᠤᠮᠵᠢ᠎ᠶ᠋ᠢᠨ ᠡᠭᠦᠷᠭᠡ ᠬᠠᠷᠢᠭᠤᠴᠠᠯᠭ᠎ᠠ᠎ᠶ᠋ᠢ ᠱᠢᠯᠢᠳᠡᠭ᠌ᠵᠢᠭᠦᠯᠬᠦ᠌ ᠪᠠ ᠲᠣᠬᠢᠷᠠᠭᠤᠯᠤᠯᠳᠠ ᠬᠢᠬᠦ᠎ᠶ᠋ᠢ ᠴᠢᠩᠭᠠᠳᠭᠠᠵᠤ᠂ ᠵᠠᠰᠠᠭ᠎ᠤᠨ ᠣᠷᠳᠣᠨ᠎ᠤ ᠡᠭᠦᠷᠭᠡ ᠲᠤᠰᠢᠶᠠᠯ᠎ᠢ ᠬᠤᠪᠢᠷᠠᠭᠤᠯᠵᠤ᠂ ᠬᠠᠤᠯᠢᠵᠢᠯ᠎ᠤᠨ ᠵᠠᠰᠠᠭ᠎ᠤᠨ ᠣᠷᠳᠣᠨ᠎ᠢ ᠲᠦᠷᠭᠡᠳᠭᠡᠨ ᠪᠠᠢᠭᠤᠯᠬᠤ᠎ᠳᠤ ᠪᠠᠢᠨ᠎ᠠ᠃

ᠡᠨᠡ ᠤᠳᠠᠭ᠎ᠠ ᠵᠢᠨ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢᠨ ᠪᠣᠳᠠᠲᠠᠢ ᠠᠭᠤᠯᠭ᠎ᠠ ᠨᠢ ᠳᠣᠣᠷᠠᠬᠢ ᠮᠡᠲᠦ᠃

ᠨᠢᠭᠡ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠶᠠᠮᠤᠨ᠎ᠢ ᠲᠠᠬᠢᠵᠤ ᠪᠠᠢᠭᠤᠯᠤᠨ᠎ᠠ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ ᠵᠢ ᠡᠭᠦᠳᠬᠦ ᠪᠤᠯ ᠮᠠᠨ᠎ᠤ ᠤᠯᠤᠰ᠎ᠤᠨ ᠣᠳᠣᠬᠢᠴᠢᠯᠠᠬᠤ ᠪᠦᠲᠦᠭᠡᠨ ᠪᠠᠢᠭᠤᠯᠤᠯᠲᠠ᠎ᠶ᠋ᠢᠨ ᠪᠦᠬᠦ᠌ ᠲᠠᠯ᠎ᠠ᠎ᠳᠤ ᠭᠣᠣᠯᠯᠠᠬᠤ ᠪᠠᠢᠷᠢ᠎ᠶ᠋ᠢ ᠡᠵᠡᠯᠡᠵᠦ᠍ ᠪᠠᠢᠳᠠᠭ᠃ ᠤᠯᠠᠨ ᠤᠯᠤᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠥᠷᠢᠰᠥᠯᠳᠦᠭᠡᠨ ᠪᠠ ᠭᠠᠳᠠᠨᠠᠬᠢ ᠬᠣᠷᠢᠭ᠍ᠯᠠᠯ ᠳᠠᠷᠤᠯᠲᠠ᠎ᠶ᠋ᠢᠨ ᠬᠦᠨᠳᠦ ᠬᠡᠴᠡᠭᠦᠦ ᠪᠠᠢᠳᠠᠯ᠎ᠤᠨ ᠡᠮᠦᠨ᠎ᠡ᠂ ᠡᠷᠬᠡᠪᠰᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠤᠳᠤᠷᠢᠳᠤᠯᠭ᠎ᠠ ᠪᠠ ᠬᠠᠮᠢᠶᠠᠷᠤᠯᠲᠠ᠎ᠶ᠋ᠢᠨ ᠪᠠᠢᠭᠤᠯᠤᠮᠵᠢ᠎ᠵᠢ ᠤᠯᠠᠮ ᠱᠢᠯᠤᠭᠤᠳᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠦᠴᠦᠨ᠎ᠤ ᠵᠠᠩᠭᠢᠯᠠᠭ᠎ᠠ᠎ᠶ᠋ᠢᠨ ᠭᠣᠣᠯᠯᠠᠬᠤ ᠮᠡᠷᠭᠡᠵᠢᠯ᠎ᠦᠨ ᠲᠠᠯ᠎ᠠ᠎ᠪᠠᠷ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠬᠤ ᠵᠢ ᠨᠡᠩ ᠰᠠᠢᠲᠤᠷ ᠨᠢᠭᠡᠳᠦᠯᠲᠡᠢ ᠲᠥᠯᠥᠪᠵᠢᠬᠦᠯᠦᠨ᠂ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠠᠯ᠎ᠠ ᠪᠡᠷ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠲᠦᠷᠭᠡᠪᠴᠢᠯᠠᠨ ᠪᠡᠶᠡᠯᠡᠭᠦᠯᠬᠦ᠌ ᠬᠡᠷᠡᠭ᠌ᠲᠡᠢ᠃ ᠡᠨᠡ ᠤᠳᠠᠭ᠎ᠠ᠎ᠶ᠋ᠢᠨ ᠨᠠᠮ ᠪᠣᠯᠤᠨ ᠲᠦᠷᠦ᠍᠎ᠶ᠋ᠢᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠳᠦ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠢᠯ᠎ᠳᠠᠬᠢ ᠨᠠᠮ᠎ᠤᠨ ᠲᠥᠪ ᠬᠣᠷᠢᠶᠠᠨ᠎ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠴᠢᠩᠭᠠᠳᠭᠠᠵᠤ᠂ ᠲᠥᠪ᠎ᠦᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠵᠥᠪᠯᠡᠯ᠎ᠢ ᠪᠠᠢᠭᠤᠯᠵᠤ᠂ ᠲᠥᠪ᠎ᠦᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠵᠥᠪᠯᠡᠯ᠎ᠦᠨ ᠬᠡᠷᠡᠭ ᠡᠷᠬᠢᠯᠡᠬᠦ᠌ ᠪᠠᠢᠭᠤᠯᠤᠮᠵᠢ᠎ᠶ᠋ᠢᠨ ᠲᠤᠱᠢᠶᠠᠯ ᠬᠠᠷᠢᠭᠤᠴᠠᠯᠭ᠎ᠠ᠎ᠶ᠋ᠢ ᠲᠠᠬᠢᠨ ᠪᠠᠢᠭᠤᠯᠤᠭ᠍ᠰᠠᠨ᠎ᠤ ᠳᠠᠷᠠᠭᠠᠬᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠶᠠᠮᠤᠨ᠎ᠡᠴᠡ ᠪᠦᠬᠦᠯᠢ ᠴᠣᠭ᠍ᠴᠠ ᠪᠠᠷ ᠨᠢ ᠡᠭᠦᠷᠭᠡᠯᠡᠨ᠎ᠡ᠃ 《ᠨᠠᠮ ᠪᠣᠯᠤᠨ ᠲᠥᠷᠦ᠍᠎ᠶ᠋ᠢᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢᠨ ᠲᠥᠰᠦᠯ》ᠤ᠋ᠨ ᠵᠣᠷᠢᠭ ᠰᠠᠨᠠᠭ᠎ᠠ᠎ᠶ᠋ᠢ ᠦᠨᠳᠦᠰᠦᠯᠡᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠶᠠᠮᠤᠨ᠎ᠤ ᠪᠠᠢᠯᠳᠤᠬᠤ ᠪᠣᠳᠣᠯᠭ᠎ᠠ᠎ᠶ᠋ᠢᠨ ᠲᠥᠯᠥᠪᠵᠢᠭᠦᠯᠪᠡ᠂ ᠪᠠᠢᠭᠤᠯᠤᠮᠵᠢ᠎ᠶ᠋ᠢᠨ ᠥᠭᠡᠷᠡᠴᠢᠯᠡᠯᠲᠡ᠂ ᠡᠬᠢ ᠪᠠᠶᠠᠯᠢᠭ᠎ᠢ ᠨᠢᠭᠡᠳᠦᠯᠲᠡᠢ ᠲᠥᠯᠥᠪᠵᠢᠭᠦᠯᠬᠦ᠌᠂ ᠶᠡᠷᠦᠩᠬᠡᠢᠯᠡᠨ ᠵᠣᠬᠢᠴᠠᠭᠤᠯᠬᠤ᠂ ᠲᠥᠷᠦ᠍᠎ᠶ᠋ᠢᠨ ᠪᠣᠳᠣᠯᠭ᠎ᠠ ᠬᠠᠤᠯᠢ ᠲᠣᠭ᠍ᠲᠠᠭᠠᠯ᠂ ᠱᠠᠯᠠᠪᠳᠠᠭᠤᠯᠤᠨ ᠪᠠᠢᠴᠠᠭᠠᠬᠤ ᠵᠡᠷᠭᠡ ᠬᠣᠷᠸ᠎ᠠ ᠬᠠᠮᠢᠶᠠᠷᠤᠯᠲᠠ᠎ᠶ᠋ᠢᠨ ᠡᠭᠦᠷᠭᠡ ᠬᠠᠷᠢᠭᠤᠴᠠᠯᠭ᠎ᠠ᠎ᠶ᠋ᠢ ᠴᠢᠩᠭᠠᠳᠭᠠᠵᠤ᠂ ᠱᠢᠨ᠎ᠡ ᠮᠠᠶᠢᠭ᠎ᠤᠨ ᠤᠯᠤᠰ ᠳᠠᠶᠠᠭᠠᠷ᠎ᠤᠨ ᠪᠠᠢᠭᠤᠯᠤᠮᠵᠢ᠎ᠶ᠋ᠢ ᠲᠡᠭᠦᠯᠳᠡᠷᠵᠢᠭᠦᠯᠬᠦ᠌᠎ᠶ᠋ᠢ ᠠᠬᠢᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠦᠬᠦ᠌ ᠬᠡᠯᠬᠢᠶ᠎ᠡ ᠵᠢᠨ ᠬᠠᠮᠢᠶᠠᠷᠤᠯᠲᠠ᠎ᠶ᠋ᠢ ᠱᠢᠯᠢᠳᠡᠭ᠌ᠵᠢᠭᠦᠯᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠤᠨᠳᠤᠤᠰᠢᠭᠤᠯᠬᠤ᠎ᠶ᠋ᠢ ᠠᠬᠢᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠪᠣᠯᠤᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢ ᠬᠠᠷᠢᠯᠴᠠᠨ ᠤᠶᠠᠯᠳᠤᠭᠤᠯᠬᠤ᠎ᠶ᠋ᠢ ᠠᠬᠢᠭᠤᠯᠤᠨ᠎ᠠ᠃

ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠶᠠᠮᠤᠨ᠎ᠤ ᠪᠣᠳᠠᠲᠠᠶ ᠬᠠᠮᠢᠶᠠᠷᠤᠯᠲᠠ᠎ᠶ᠋ᠢᠨ ᠲᠤᠱᠢᠶᠠᠯ ᠬᠠᠷᠢᠭᠤᠴᠠᠯᠭ᠎ᠠ᠎ᠶ᠋ᠢ ᠬᠤᠪᠢᠶᠠᠷᠢᠯᠠᠨ ᠱᠢᠯᠵᠢᠭᠦᠯᠦᠨ᠎ᠡ᠃ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢᠶᠡᠷ ᠬᠦᠳᠡᠭᠡ ᠠᠵᠤ ᠠᠬᠤᠢ ᠬᠥᠳᠡᠭᠡ ᠲᠣᠰᠭᠣᠨ᠎ᠤ ᠬᠥᠭ᠌ᠵᠢᠯᠲᠡ ᠵᠢ ᠠᠬᠢᠭᠤᠯᠬᠤ ᠲᠥᠯᠥᠪᠵᠢᠭᠦᠯᠭᠡ ᠪᠠ ᠲᠦᠷᠦ᠍᠎ᠶ᠋ᠢᠨ ᠪᠤᠳᠤᠯᠭ᠎ᠠ᠎ᠶ᠋ᠢ ᠵᠤᠬᠢᠶᠠᠨ ᠪᠠᠢᠭᠤᠯᠤᠨ ᠲᠤᠭᠤᠷᠪᠢᠬᠤ᠂ ᠬᠥᠳᠡᠭᠡ ᠲᠣᠰᠭᠣᠨ᠎ᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠳᠠᠪᠱᠢᠯᠲᠠ᠎ᠶ᠋ᠢ ᠵᠢᠯᠣᠭᠣᠳᠭᠤ ᠲᠤᠱᠢᠶᠠᠯ ᠬᠠᠷᠢᠭᠤᠴᠠᠯᠭ᠎ᠠ᠎ᠶ᠋ᠢ ᠬᠦᠳᠡᠭᠡ ᠠᠵᠤ ᠠᠬᠤᠢ ᠬᠥᠳᠡᠭᠡ ᠲᠣᠰᠭᠣᠨ᠎ᠤ ᠶᠠᠮᠤᠨ᠎ᠳᠤ ᠬᠤᠪᠢᠶᠠᠷᠢᠯᠠᠨ ᠦᠭᠬᠦᠨ᠎ᠡ᠃ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢᠶᠡᠷ ᠨᠡᠢᠭᠡᠮ᠎ᠦᠨ ᠬᠥᠭ᠌ᠵᠢᠯᠲᠡ ᠵᠢ ᠠᠬᠢᠭᠤᠯᠬᠤ ᠲᠥᠯᠥᠪᠵᠢᠭᠦᠯᠭᠡ ᠪᠠ ᠲᠦᠷᠦ᠍᠎ᠶ᠋ᠢᠨ ᠪᠤᠳᠤᠯᠭ᠎ᠠ᠎ᠶ᠋ᠢ ᠵᠤᠬᠢᠶᠠᠨ ᠪᠠᠢᠭᠤᠯᠤᠨ ᠲᠤᠭᠤᠷᠪᠢᠬᠤ ᠲᠤᠱᠢᠶᠠᠯ ᠬᠠᠷᠢᠭᠤᠴᠠᠯᠭ᠎ᠠ᠎ᠶ᠋ᠢ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠦᠪᠯᠡᠯ᠂ ᠠᠮᠢ ᠠᠬᠤᠢ ᠣᠷᠴᠢᠨ ᠲᠤᠭᠤᠷᠢᠨ ᠤ᠋ ᠶᠠᠮᠤᠨ᠂ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠤ᠎ᠶ᠋ᠢᠨ ᠵᠥᠪᠯᠡᠯ ᠵᠡᠷᠭᠡ ᠰᠠᠯᠠᠭ᠎ᠠ ᠮᠥᠴᠢᠷ᠎ᠲᠦ ᠲᠤᠰ ᠲᠤᠰ ᠬᠤᠪᠢᠶᠠᠷᠢᠯᠠᠨ ᠦᠭᠬᠦᠨ᠎ᠡ᠃ ᠳᠡᠭᠡᠳᠦ ᠱᠢᠨ᠎ᠡ ᠮᠡᠷᠭᠡᠵᠢᠯ᠎ᠦᠨ ᠬᠥᠭ᠌ᠵᠢᠯᠲᠡ ᠵᠢᠴᠢ ᠠᠵᠤ ᠦᠢᠯᠡᠰᠵᠢᠯᠲᠡ᠎ᠶ᠋ᠢᠨ ᠲᠥᠯᠥᠪᠵᠢᠭᠦᠯᠭᠡ ᠪᠠ ᠲᠦᠷᠦ᠍᠎ᠶ᠋ᠢᠨ ᠪᠤᠳᠤᠯᠭ᠎ᠠ᠎ᠶ᠋ᠢ ᠵᠣᠬᠢᠶᠠᠨ ᠪᠠᠢᠭᠤᠯᠤᠨ ᠲᠤᠭᠤᠷᠪᠢᠬᠤ᠂ ᠤᠯᠤᠰ᠎ᠤᠨ ᠪᠡᠶ᠎ᠡ᠎ᠪᠡᠨ ᠳᠠᠭᠠᠭᠠᠵᠤ ᠱᠢᠨ᠎ᠡ᠎ᠶ᠋ᠢ ᠡᠭᠦᠳᠬᠦ᠌ ᠵᠢᠱ᠌ᠢᠢ᠎ᠡ ᠦᠵᠡᠭᠦᠯᠬᠦ᠌ ᠤᠷᠤᠨ᠂ ᠤᠯᠤᠰ᠎ᠤᠨ ᠳᠡᠭᠡᠳᠦ ᠱᠢᠨ᠎ᠡ ᠮᠡᠷᠭᠡᠵᠢᠯ᠎ᠦᠨ ᠠᠵᠤ ᠦᠢᠯᠡᠰ᠎ᠦᠨ ᠨᠡᠬᠡᠬᠡᠯᠳᠡ ᠵᠢᠨ ᠲᠤᠭᠤᠷᠢᠭ ᠵᠡᠷᠭᠡ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠦᠷᠢᠶᠡᠯᠡᠩ ᠲᠣᠭᠣᠷᠢᠭ᠎ᠤᠨ ᠪᠦᠲᠦᠭᠡᠨ ᠪᠠᠢᠭᠤᠯᠤᠯᠲᠠ᠎ᠶ᠋ᠢ ᠵᠢᠯᠣᠭᠣᠳᠬᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠦᠢᠯᠡᠴᠢᠯᠡᠭᠡᠨ᠎ᠦ ᠦᠢᠯᠡᠰ᠂ ᠮᠡᠷᠭᠡᠵᠢᠯ᠎ᠦᠨ ᠵᠠᠬ᠎ᠠ ᠳᠡᠯᠭᠡᠭᠦᠷ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠵᠠᠭᠤᠴᠢ ᠵᠣᠬᠢᠶᠠᠨ ᠪᠠᠢᠭᠤᠯᠤᠯᠲᠠ᠎ᠶ᠋ᠢᠨ ᠬᠥᠭ᠌ᠵᠢᠯᠲᠡ᠎ᠶ᠋ᠢ ᠵᠢᠯᠣᠭᠣᠳᠭᠤ ᠵᠡᠷᠭᠡ ᠲᠤᠱᠢᠶᠠᠯ ᠬᠠᠷᠢᠭᠤᠴᠠᠯᠭ᠎ᠠ᠎ᠶ᠋ᠢ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠶᠠᠮᠤᠨ᠎ᠳᠤ ᠬᠤᠪᠢᠶᠠᠷᠢᠯᠠᠨ ᠦᠭᠬᠦᠨ᠎ᠡ᠃ ᠭᠠᠳᠠᠭᠠᠳᠤ᠎ᠶ᠋ᠢᠨ ᠤᠶᠤᠨ ᠴᠢᠳᠠᠪᠤᠷᠢ᠎ᠶ᠋ᠢ ᠣᠷᠣᠭᠤᠯᠤᠨ ᠠᠪᠴᠢᠷᠠᠬᠤ ᠠᠵᠢᠯ᠎ᠢ ᠬᠠᠷᠢᠭᠤᠴᠠᠬᠤ ᠲᠤᠱᠢᠶᠠᠯ ᠬᠠᠷᠢᠭᠤᠴᠠᠯᠭ᠎ᠠ᠎ᠶ᠋ᠢ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠶᠠᠮᠤᠨ᠎ᠳᠤ ᠬᠤᠪᠢᠶᠠᠷᠢᠯᠠᠨ ᠦᠭᠴᠤ᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠶᠠᠮᠤᠨ᠎ᠳᠤ ᠤᠯᠤᠰ᠎ᠤᠨ ᠭᠠᠳᠠᠭᠠᠳᠤ᠎ᠶ᠋ᠢᠨ ᠲᠤᠰᠭᠠᠢ ᠮᠡᠷᠭᠡᠵᠢᠯᠲᠡᠨ᠎ᠦ ᠲᠣᠪᠴᠢᠶ᠎ᠠ ᠵᠢᠨ ᠫᠠᠢᠰᠠ᠎ᠶ᠋ᠢ ᠨᠡᠮᠡᠵᠦ᠍ ᠡᠯᠭᠦᠨ᠎ᠡ᠃ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠶᠠᠮᠤᠨ ᠳ᠋ᠤ ᠤᠯᠤᠰ᠎ᠤᠨ ᠭᠠᠳᠠᠭᠠᠳᠤ᠎ᠶ᠋ᠢᠨ ᠲᠤᠰᠭᠠᠢ ᠮᠡᠷᠭᠡᠵᠢᠯᠲᠡᠨ᠎ᠦ ᠲᠣᠪᠴᠢᠶ᠎ᠠ᠎ᠶ᠋ᠢᠨ ᠫᠠᠢᠰᠠ ᠵᠢ ᠦᠯᠡᠳᠡᠭᠡᠬᠦ ᠦᠭᠡᠢ᠃

ᠡᠳ᠋᠎ᠦᠨ ᠵᠠᠰᠠᠭ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠵᠠᠷᠤᠳᠠᠯ᠎ᠢ ᠬᠤᠪᠢᠶᠠᠷᠢᠯᠠᠨ ᠬᠡᠷᠡᠭ᠌ᠯᠡᠬᠦ᠌ ᠲᠣᠭ᠍ᠲᠠᠴᠠ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠲᠥᠪ᠎ᠦᠨ ᠡᠳ᠋᠎ᠦᠨ ᠵᠠᠰᠠᠭ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠥᠯᠥᠪᠯᠡᠭᠡ᠎ᠶ᠋ᠢ ᠬᠡᠷᠡᠭ᠌ᠵᠢᠭᠦᠯᠬᠦ᠌ ᠪᠠ ᠲᠤᠰᠭᠠᠢ ᠪᠠᠢᠭᠤᠯᠤᠮᠵᠢ᠎ᠶ᠋ᠢᠨ ᠬᠠᠮᠢᠶᠠᠷᠤᠯᠲᠠ᠎ᠶ᠋ᠢᠨ ᠪᠠᠢᠭᠤᠯᠤᠮᠵᠢ ᠵᠢ ᠲᠡᠭᠦᠯᠳᠡᠷᠵᠢᠭᠦᠯᠦᠨ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠶᠠᠮᠤᠨ᠎ᠤ ᠲᠥᠪ᠎ᠦᠨ ᠡᠳ᠋᠎ᠦᠨ ᠵᠠᠰᠠᠭ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠥᠯᠥᠪᠯᠡᠭᠡ (ᠲᠤᠰᠭᠠᠢ ᠵᠦᠢᠯᠡᠰ᠂ ᠰᠠᠭᠤᠷᠢ ᠮᠥᠩᠭᠥ᠌ ᠵᠡᠷᠭᠡ) ᠶ᠋ᠢ ᠵᠣᠬᠢᠴᠠᠭᠤᠯᠤᠨ ᠬᠠᠮᠢᠶᠠᠷᠬᠤ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠦᠷᠦᠯ ᠵᠦᠢᠯ ᠤ᠋ᠨ ᠪᠡᠯᠡ ᠮᠥᠩᠭᠥ᠎ᠶ᠋ᠢ ᠵᠣᠬᠢᠴᠠᠭᠤᠯᠤᠨ ᠦᠨᠡᠯᠡᠬᠦ᠌ ᠵᠡᠷᠭᠡ ᠲᠤᠱᠢᠶᠠᠯ ᠬᠠᠷᠢᠭᠤᠴᠠᠯᠭ᠎ᠠ ᠳ᠋ᠤ ᠲᠤᠬᠢᠷᠠᠭᠤᠯᠤᠯᠳᠠ ᠬᠢᠨ᠎ᠠ᠃ ᠳᠠᠬᠢᠨ ᠪᠠᠢᠭᠤᠯᠤᠭ᠍ᠰᠠᠨ᠎ᠤ ᠳᠠᠷᠠᠭᠠᠬᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠶᠠᠮᠤᠨ ᠱᠢᠨᠵᠢᠯᠡᠬᠦ᠌ ᠤᠬᠠᠭᠠᠨ᠎ᠤ ᠰᠤᠳᠤᠯᠭᠠᠨ ᠤ᠋ ᠲᠥᠷᠥᠯ ᠵᠦᠶ᠋ᠯ᠎ᠢ ᠬᠢᠨᠠᠨ ᠦᠨᠡᠯᠡᠬᠦ ᠪᠠ ᠬᠠᠮᠢᠶᠠᠷᠬᠤ ᠪᠣᠳᠠᠲᠠᠶ ᠠᠵᠢᠯ ᠳ᠋ᠤ ᠣᠷᠣᠯᠴᠠᠬᠤ ᠦᠭᠡᠶ᠂ ᠭᠤᠤᠯᠳᠠᠭᠤ ᠱᠢᠨᠵᠢᠯᠡᠬᠦ᠌ ᠤᠬᠠᠭᠠᠨ᠎ᠤ ᠰᠤᠳᠤᠯᠭᠠᠨ ᠤ᠋ ᠬᠠᠮᠢᠶᠠᠷᠤᠯᠲᠠ᠎ᠶ᠋ᠢᠨ ᠲᠤᠰᠭᠠᠶ ᠪᠠᠢᠭᠤᠯᠤᠮᠵᠢ᠎ᠶ᠋ᠢᠨ ᠠᠵᠢᠯᠯᠠᠭᠠᠨ᠎ᠤ ᠬᠠᠮᠢᠶᠠᠷᠤᠯᠲᠠ᠎ᠶ᠋ᠢ ᠵᠢᠯᠣᠭᠣᠳᠤᠨ ᠬᠢᠨᠠᠯᠲᠠ ᠲᠠᠯᠪᠢᠬᠤ᠎ᠶ᠋ᠢ ᠬᠠᠷᠢᠭᠤᠴᠠᠵᠤ᠂ ᠱᠢᠨᠵᠢᠯᠡᠬᠦ᠌ ᠤᠬᠠᠭᠠᠨ᠎ᠤ ᠰᠤᠳᠤᠯᠭᠠᠨ ᠤ᠋ ᠲᠥᠷᠥᠯ ᠵᠦᠶ᠋ᠯ᠎ᠢ ᠬᠡᠷᠡᠭ᠌ᠵᠢᠭᠦᠯᠵᠦ᠍ ᠪᠠᠢᠭ᠎ᠠ ᠪᠠᠢᠳᠠᠯ᠎ᠢ ᠱᠠᠯᠠᠪᠳᠠᠭᠤᠯᠤᠨ ᠪᠠᠢᠴᠠᠭᠠᠬᠤ ᠪᠠ ᠱᠢᠨᠵᠢᠯᠡᠬᠦ᠌ ᠤᠬᠠᠭᠠᠨ᠎ᠤ ᠰᠤᠳᠤᠯᠭᠠᠨ ᠤ᠋ ᠦᠷ᠎ᠡ ᠪᠦᠲᠦᠭᠡᠯ᠎ᠢ ᠦᠨᠡᠯᠡᠨ ᠵᠢᠱ᠌ᠢᠵᠦ᠍ ᠦᠷ᠎ᠡ ᠪᠦᠲᠦᠮᠵᠢ ᠵᠢ ᠪᠠᠢᠴᠠᠭᠠᠬᠤ᠎ᠶ᠋ᠢ ᠴᠢᠩᠭᠠᠳᠭᠠᠨ᠎ᠠ᠃ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠶᠠᠮᠤᠨ᠎ᠳᠤ ᠬᠠᠷᠢᠶᠠᠯᠠᠭ᠍ᠳᠠᠬᠤ ᠳᠤᠮᠳᠠᠳᠤ ᠤᠯᠤᠰ᠎ᠤᠨ ᠬᠥᠳᠡᠭᠡ ᠲᠣᠰᠭᠣᠨ᠎ᠤ ᠮᠡᠷᠭᠡᠵᠢᠯ᠎ᠢ ᠨᠡᠭᠡᠭᠡᠨ ᠬᠥᠭ᠌ᠵᠢᠭᠦᠯᠬᠦ᠌ ᠲᠥᠪ᠎ᠢ ᠬᠥᠳᠡᠭᠡ ᠠᠵᠤ ᠠᠬᠤᠢ ᠬᠥᠳᠡᠭᠡ ᠲᠣᠰᠭᠣᠨ᠎ᠤ ᠶᠠᠮᠤᠨ᠎ᠳᠤ ᠬᠤᠪᠢᠶᠠᠷᠢᠯᠠᠨ ᠦᠭᠴᠤ᠂ ᠳᠤᠮᠳᠠᠳᠤ ᠤᠯᠤᠰ᠎ᠤᠨ ᠠᠮᠢᠳᠤ ᠪᠣᠳᠠᠰ᠎ᠤᠨ ᠮᠡᠷᠭᠡᠵᠢᠯ᠎ᠦᠨ ᠬᠥᠭ᠌ᠵᠢᠯᠲᠡ᠎ᠶ᠋ᠢᠨ ᠲᠥᠪ᠎ᠢ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠤ᠎ᠶ᠋ᠢᠨ ᠵᠥᠪᠯᠡᠯ᠎ᠳᠦ ᠬᠤᠪᠢᠶᠠᠷᠢᠯᠠᠨ ᠦᠭᠴᠤ᠂ ᠳᠤᠮᠳᠠᠳᠤ ᠤᠯᠤᠰ᠎ᠤᠨ 21 ᠳ᠋ᠤᠭᠡᠷ ᠵᠠᠭᠤᠨ᠎ᠤ ᠵᠥᠪᠯᠡᠬᠦ᠌ ᠵᠦᠢᠯ᠎ᠦᠨ ᠬᠠᠮᠢᠶᠠᠷᠤᠯᠲᠠ᠎ᠶ᠋ᠢᠨ ᠲᠥᠪ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠶᠠᠮᠤᠨ᠎ᠤ ᠳᠡᠭᠡᠳᠦ ᠮᠡᠷᠭᠡᠵᠢᠯ᠎ᠢ ᠰᠤᠳᠤᠯᠤᠨ ᠬᠥᠭ᠌ᠵᠢᠭᠦᠯᠬᠦ᠌ ᠲᠥᠪ᠎ᠢ ᠤᠯᠤᠰ᠎ᠤᠨ ᠪᠠᠢᠭᠠᠯᠢ᠎ᠶ᠋ᠢᠨ ᠱᠢᠨᠵᠢᠯᠡᠬᠦ᠌ ᠤᠬᠠᠭᠠᠨ᠎ᠤ ᠰᠠᠭᠤᠷᠢ ᠮᠥᠩᠭᠥᠨ᠎ᠦ ᠵᠥᠪᠯᠡᠯ᠎ᠳᠦ ᠬᠤᠪᠢᠶᠠᠷᠢᠯᠠᠨ ᠦᠭᠬᠦᠨ᠎ᠡ᠃ ᠤᠯᠤᠰ᠎ᠤᠨ ᠪᠠᠢᠭᠠᠯᠢ᠎ᠶ᠋ᠢᠨ ᠱᠢᠨᠵᠢᠯᠡᠬᠦ᠌ ᠤᠬᠠᠭᠠᠨ᠎ᠤ ᠰᠠᠭᠤᠷᠢ ᠮᠥᠩᠭᠥᠨ᠎ᠦ ᠵᠥᠪᠯᠡᠯ᠎ᠢ ᠮᠥᠨ ᠬᠦ᠌ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠶᠠᠮᠤᠨ ᠡᠴᠡ ᠬᠠᠮᠢᠶᠠᠷᠤᠨ᠎ᠠ᠃

ᠬᠣᠶᠠᠷ᠂ ᠤᠯᠤᠰ᠎ᠤᠨ ᠮᠥᠩᠭᠥᠨ ᠭᠦᠢᠯᠭᠡᠭᠡᠨ᠎ᠦ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠢ ᠲᠣᠪᠴᠢᠶ᠎ᠠ ᠵᠢ ᠪᠠᠢᠭᠤᠯᠤᠨ᠎ᠠ᠃ ᠨᠠᠮ᠎ᠤᠨ ᠬᠣᠷᠢᠳᠤᠭᠠᠷ ᠶᠡᠬᠡ ᠬᠤᠷᠠᠯ ᠡᠴᠡ ᠡᠯ᠎ᠡ ᠲᠦᠷᠦᠯ᠎ᠦᠨ ᠮᠥᠩᠭᠥᠨ ᠭᠦᠢᠯᠭᠡᠭᠡᠨ᠎ᠦ ᠠᠵᠢᠯᠯᠠᠭ᠎ᠠ᠎ᠶ᠋ᠢ ᠴᠥᠮ ᠬᠠᠤᠯᠢ ᠶᠣᠰᠣᠭᠠᠷ ᠬᠢᠨᠠᠯᠲᠠ ᠬᠠᠮᠢᠶᠠᠷᠤᠯᠲᠠ᠎ᠳᠤ ᠣᠷᠣᠭᠤᠯᠬᠤ ᠬᠡᠷᠡᠭ᠌ᠲᠡᠢ ᠭᠡᠵᠤ ᠲᠣᠳᠣᠷᠬᠠᠢ ᠪᠠᠢᠷᠢᠯᠠᠭᠤᠯᠤᠯᠲᠠ ᠬᠢᠪᠡ᠃ ᠮᠥᠩᠭᠥᠨ ᠭᠦᠢᠯᠭᠡᠭᠡᠨ᠎ᠦ ᠬᠦᠷᠢᠶᠡᠨ ᠴᠠᠷᠠᠭᠠᠨ ᠳ᠋ᠤ ᠤᠷᠳᠤ ᠬᠤᠭᠤᠴᠠᠭ᠎ᠠ᠎ᠪᠠᠷ ᠣᠷᠣᠱᠢᠵᠤ ᠪᠠᠢᠭ᠍ᠰᠠᠨ ᠲᠤᠪᠤᠢ᠌ᠮ᠎ᠠ ᠵᠥᠷᠢᠴᠡᠯ ᠪᠠ ᠠᠰᠠᠭᠤᠳᠠᠯ᠎ᠢ ᠱᠢᠢᠳᠪᠦᠷᠢᠯᠡᠬᠦ᠌᠎ᠶ᠋ᠢᠨ ᠲᠥᠯᠥᠭᠡ᠂ ᠳᠤᠮᠳᠠᠳᠤ ᠤᠯᠤᠰ᠎ᠤᠨ ᠪᠠᠩᠬᠢ ᠳᠠᠭᠠᠳᠭᠠᠯ᠎ᠤᠨ ᠬᠢᠨᠠᠯᠲᠠ ᠬᠠᠮᠢᠶᠠᠷᠤᠯᠲᠠ᠎ᠶ᠋ᠢᠨ ᠵᠥᠪᠯᠡᠯ᠎ᠦᠨ ᠰᠠᠭᠤᠷᠢᠨ ᠳᠡᠭᠡᠷ᠎ᠡ ᠤᠯᠤᠰ᠎ᠤᠨ ᠮᠥᠩᠭᠥᠨ ᠭᠦᠢᠯᠭᠡᠭᠡᠨ᠎ᠦ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠢ ᠲᠣᠪᠴᠢᠶ᠎ᠠ᠎ᠶ᠋ᠢ ᠪᠠᠢᠭᠤᠯᠵᠤ ᠂ ᠦᠨᠡᠲᠦ ᠲᠡᠮᠳᠡᠭ᠌ᠲᠦ᠍᠎ᠶ᠋ᠢᠨ ᠦᠢᠯᠡᠰ᠎ᠡᠴᠡ ᠪᠤᠰᠤᠳ ᠮᠥᠩᠭᠥᠨ ᠭᠦᠢᠯᠭᠡᠭᠡᠨ᠎ᠦ ᠦᠢᠯᠡᠰ᠎ᠦᠨ ᠬᠢᠨᠠᠯᠲᠠ ᠬᠠᠮᠢᠶᠠᠷᠤᠯᠲᠠ᠎ᠶ᠋ᠢ ᠨᠢᠭᠡᠳᠦᠯᠲᠡᠢ ᠬᠠᠷᠢᠭᠤᠴᠠᠨ᠂ ᠪᠠᠢᠭᠤᠯᠤᠮᠵᠢ᠎ᠶ᠋ᠢᠨ ᠬᠢᠨᠠᠯᠲᠠ ᠬᠠᠮᠢᠶᠠᠷᠤᠯᠲᠠ᠂ ᠦᠢᠯᠡ ᠠᠵᠢᠯᠯᠠᠭ᠎ᠠ᠎ᠶ᠋ᠢᠨ ᠬᠢᠨᠠᠯᠲᠠ ᠬᠠᠮᠢᠶᠠᠷᠤᠯᠲᠠ᠂ ᠴᠢᠳᠠᠮᠵᠢ᠎ᠶ᠋ᠢᠨ ᠬᠢᠨᠠᠯᠲᠠ ᠬᠠᠮᠢᠶᠠᠷᠤᠯᠲᠠ᠂ ᠨᠡᠪᠳᠡᠯᠬᠦ ᠮᠠᠶᠢᠭ ᠤ᠋ᠨ ᠬᠢᠨᠠᠯᠳᠠ ᠬᠠᠮᠢᠶᠠᠷᠤᠯᠳᠠ᠂ ᠦᠷᠭᠦᠯᠵᠢᠯᠡᠭᠰᠡᠨ ᠬᠢᠨᠠᠯᠳᠠ ᠬᠠᠮᠢᠶᠠᠷᠤᠯᠳᠠ ᠵᠢ ᠴᠢᠩᠭᠠᠳᠬᠠᠵᠤ᠂ ᠮᠥᠩᠭᠥᠨ ᠭᠦᠢᠯᠭᠡᠭᠡᠨ᠎ᠦ ᠬᠡᠷᠡᠭ᠌ᠯᠡᠭ᠌ᠴᠢᠳ᠎ᠦᠨ ᠡᠷᠬᠡ ᠠᠱᠢᠭ᠎ᠢ ᠬᠠᠮᠠᠭᠠᠯᠠᠬᠤ᠎ᠶ᠋ᠢ ᠨᠢᠭᠡᠳᠦᠯᠲᠡᠢ ᠲᠥᠯᠥᠪᠵᠢᠭᠦᠯᠦᠨ ᠬᠠᠷᠢᠭᠤᠴᠠᠵᠤ᠂ ᠠᠶᠤᠯ ᠲᠦᠭ᠌ᠰᠢᠭᠦᠷᠢ᠎ᠶ᠋ᠢ ᠬᠠᠮᠢᠶᠠᠷᠬᠤ ᠪᠠ ᠰᠡᠷᠭᠡᠢᠯᠡᠨ ᠱᠢᠢᠳᠪᠦᠷᠢᠯᠡᠬᠦ᠌᠎ᠶ᠋ᠢ ᠴᠢᠩᠭᠠᠳᠭᠠᠨ᠂ ᠬᠠᠤᠯᠢ ᠲᠣᠭ᠍ᠲᠠᠭᠠᠯ᠎ᠡᠴᠡ ᠵᠥᠷᠢᠴᠡᠭ᠌ᠰᠡᠨ ᠦᠢᠯᠡ ᠠᠵᠢᠯᠯᠠᠭ᠎ᠠ᠎ᠶ᠋ᠢ ᠬᠠᠤᠯᠢ ᠶᠣᠰᠣᠭᠠᠷ ᠪᠠᠢᠴᠠᠭᠠᠨ ᠱᠢᠢᠳᠪᠦᠷᠢᠯᠡᠵᠦ᠍᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠱᠢᠭᠤᠳ ᠬᠠᠷᠢᠶ᠎ᠠ ᠪᠠᠢᠭᠤᠯᠤᠮᠵᠢ ᠪᠣᠯᠭᠠᠨ᠎ᠠ᠃ ᠮᠥᠩᠭᠥᠨ ᠭᠦᠢᠯᠭᠡᠭᠡᠨ᠎ᠦ ᠬᠡᠷᠡᠭ᠌ᠯᠡᠭ᠌ᠴᠢᠳ᠎ᠦᠨ ᠬᠠᠤᠯᠢ ᠶᠣᠰᠣᠨ᠎ᠤ ᠡᠷᠬᠡ ᠠᠱᠢᠭ᠎ᠤᠨ ᠬᠠᠮᠠᠭᠠᠯᠠᠯᠲᠠ᠎ᠶ᠋ᠢ ᠴᠢᠩᠭᠠᠳᠭᠠᠵᠤ᠂ ᠮᠥᠩᠭᠥᠨ ᠭᠦᠢᠯᠭᠡᠭᠡᠨ᠎ᠦ ᠦᠢᠯᠡᠳᠬᠦᠨ ᠪᠠ ᠦᠢᠯᠡᠴᠢᠯᠡᠭᠡᠨ᠎ᠦ ᠠᠵᠢᠯᠯᠠᠭ᠎ᠠ᠎ᠶ᠋ᠢ ᠨᠢᠭᠡᠳᠦᠯᠲᠡᠢ ᠵᠢᠷᠤᠮᠵᠢᠭᠤᠯᠵᠤ᠂ ᠳᠤᠮᠳᠠᠳᠤ ᠤᠯᠤᠰ ᠤ᠋ᠨ ᠠᠷᠠᠳ ᠤ᠋ᠨ ᠪᠠᠩᠭᠢ ᠵᠢᠨ ᠮᠦᠩᠬᠦᠨ ᠭᠦᠢᠯᠭᠡᠭᠡᠨ᠎ᠦ ᠰᠲ᠋ᠤᠺ᠎ᠢ ᠡᠵᠡᠮᠳᠡᠭ᠌ᠰᠡᠨ ᠺᠣᠮᠫᠠᠨᠢ ᠵᠡᠷᠭᠡ ᠮᠥᠩᠭᠥᠨ ᠭᠦᠢᠯᠭᠡᠭᠡᠨ᠎ᠦ ᠪᠦᠯᠦᠭ᠌ᠯᠡᠯ᠎ᠤᠨ ᠡᠳᠦᠷ ᠲᠤᠲᠤᠮ᠎ᠤᠨ ᠬᠢᠨᠠᠨ ᠬᠠᠮᠢᠶᠠᠷᠬᠤ ᠲᠤᠱᠢᠶᠠᠯ ᠬᠠᠷᠢᠭᠤᠴᠠᠯᠭ᠎ᠠ᠂ ᠮᠥᠩᠭᠥᠨ ᠭᠦᠢᠯᠭᠡᠭᠡᠨ᠎ᠦ ᠬᠡᠷᠡᠭ᠌ᠯᠡᠭ᠌ᠴᠢᠳ᠎ᠦᠨ ᠬᠠᠮᠠᠭᠠᠯᠠᠯᠲᠠ ᠵᠢᠨ ᠬᠠᠮᠢᠶ᠎ᠠ ᠪᠦᠬᠦᠢ ᠲᠤᠰᠢᠶᠠᠯ ᠬᠠᠷᠢᠭᠤᠴᠠᠯᠭ᠎ᠠ᠂ ᠳᠤᠮᠳᠠᠳᠤ ᠤᠯᠤᠰ ᠤ᠋ᠨ ᠦᠨᠡᠳᠦ ᠲᠡᠮᠳᠡᠭᠳᠤ ᠵᠢᠨ ᠬᠢᠨᠠᠯᠳᠠ ᠬᠠᠮᠢᠶᠠᠷᠤᠯᠳᠠ ᠵᠢᠨ ᠵᠦᠪᠯᠡᠯ ᠤ᠋ᠨ ᠪᠡᠯᠡ ᠤᠷᠤᠭᠤᠯᠤᠬᠴᠢᠳ᠎ᠤᠨ ᠬᠠᠮᠠᠭᠠᠯᠠᠯᠳᠠ ᠵᠢᠨ ᠲᠤᠱᠢᠶᠠᠯ ᠬᠠᠷᠢᠭᠤᠴᠠᠯᠭ᠎ᠠ᠎ᠶ᠋ᠢ ᠤᠯᠤᠰ᠎ᠤᠨ ᠮᠥᠩᠭᠥᠨ ᠭᠦᠢᠯᠭᠡᠭᠡᠨ᠎ᠦ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠢ ᠲᠣᠪᠴᠢᠶ᠎ᠠ᠎ᠳᠤ ᠬᠤᠪᠢᠶᠠᠷᠢᠯᠠᠨ ᠦᠭᠬᠦᠨ᠎ᠠ᠃ ᠳᠤᠮᠳᠠᠳᠤ ᠤᠯᠤᠰ᠎ᠤᠨ ᠪᠠᠩᠬᠢ ᠳᠠᠭᠠᠳᠭᠠᠯ᠎ᠤᠨ ᠬᠢᠨᠠᠯᠲᠠ ᠬᠠᠮᠢᠶᠠᠷᠤᠯᠲᠠ᠎ᠶ᠋ᠢᠨ ᠵᠥᠪᠯᠡᠯ᠎ᠢ ᠦᠯᠡᠳᠡᠬᠡᠬᠦ ᠦᠬᠡᠢ᠃

ᠭᠤᠷᠪᠠ᠂ ᠣᠷᠣᠨ ᠨᠤᠲᠤᠭ᠎ᠤᠨ ᠮᠥᠩᠭᠥᠨ ᠭᠦᠢᠯᠭᠡᠭᠡᠨ᠎ᠦ ᠬᠢᠨᠠᠯᠲᠠ ᠬᠠᠮᠢᠶᠠᠷᠤᠯᠲᠠ᠎ᠶ᠋ᠢᠨ ᠪᠠᠢᠭᠤᠯᠤᠮᠵᠢ ᠵᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ᠎ᠡ᠃ ᠣᠷᠣᠨ ᠨᠤᠲᠤᠭ᠎ᠤᠨ ᠮᠥᠩᠭᠥᠨ ᠭᠦᠢᠯᠭᠡᠭᠡᠨ᠎ᠦ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠲᠦ ᠣᠷᠣᠱᠢᠵᠤ ᠪᠠᠢᠭ᠎ᠠ ᠬᠢᠨᠠᠨ ᠬᠠᠮᠢᠶᠠᠷᠬᠤ ᠠᠷᠭ᠎ᠠ ᠪᠠᠷᠢᠯ ᠳᠤᠲᠠᠮᠠᠭ ᠪᠠᠢᠬᠤ᠂ ᠲᠤᠰᠭᠠᠢ ᠮᠡᠷᠭᠡᠵᠢᠯ᠎ᠦᠨ ᠴᠢᠳᠠᠪᠤᠷᠢᠲᠠᠨ ᠬᠦᠷᠦᠯᠴᠡᠬᠦ᠌ ᠦᠭᠡᠢ ᠪᠠᠢᠬᠤ ᠵᠡᠷᠭᠡ ᠠᠰᠠᠭᠤᠳᠠᠯ᠎ᠳᠤ ᠴᠢᠭ᠌ᠯᠡᠭᠦᠯᠦᠨ᠂ ᠮᠥᠩᠭᠥᠨ ᠭᠦᠢᠯᠭᠡᠭᠡᠨ᠎ᠦ ᠬᠠᠮᠢᠶᠠᠷᠤᠯᠲᠠ᠎ᠶ᠋ᠢᠨ ᠲᠤᠬᠠᠢ ᠲᠥᠪ᠎ᠦᠨ ᠠᠵᠢᠯ ᠶᠠᠪᠤᠳᠠᠯ᠎ᠤᠨ ᠡᠷᠬᠡ᠎ᠶ᠋ᠢ ᠴᠢᠩᠭᠠᠳᠭᠠᠵᠤ᠂ ᠲᠥᠪ᠎ᠦᠨ ᠮᠥᠩᠭᠥᠨ ᠭᠦᠢᠯᠭᠡᠭᠡᠨ᠎ᠦ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ ᠤ᠋ᠨ ᠣᠷᠣᠨ ᠨᠤᠲᠤᠭ ᠲᠤ᠌ ᠲᠣᠮᠢᠯᠠᠭ᠍ᠰᠠᠨ ᠪᠠᠢᠭᠤᠯᠤᠮᠵᠢ᠎ᠪᠠᠷ ᠭᠣᠣᠯ ᠪᠣᠯᠭᠠᠭ᠍ᠰᠠᠨ ᠣᠷᠣᠨ ᠨᠤᠲᠤᠭ᠎ᠤᠨ ᠮᠥᠩᠭᠥᠨ ᠭᠦᠢᠯᠭᠡᠭᠡᠨ᠎ᠦ ᠬᠢᠨᠠᠯᠲᠠ ᠬᠠᠮᠢᠶᠠᠷᠤᠯᠲᠠ᠎ᠶ᠋ᠢᠨ ᠪᠠᠢᠭᠤᠯᠤᠮᠵᠢ ᠵᠢ ᠪᠠᠢᠭᠤᠯᠵᠤ᠂ ᠲᠥᠪ᠎ᠦᠨ ᠮᠥᠩᠭᠥᠨ ᠭᠦᠢᠯᠭᠡᠭᠡᠨ᠎ᠦ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠦᠨ ᠣᠷᠣᠨ ᠨᠤᠲᠤᠭ ᠲᠤ᠌ ᠲᠣᠮᠢᠯᠠᠭ᠍ᠰᠠᠨ ᠪᠠᠢᠭᠤᠯᠤᠮᠵᠢ᠎ᠶ᠋ᠢᠨ ᠪᠠᠢᠷᠢᠯᠠᠭᠤᠯᠤᠯᠲᠠ ᠪᠠ ᠬᠦᠴᠦᠨ᠎ᠦ ᠲᠤᠬᠢᠷᠠᠭᠤᠯᠤᠯᠳᠠ᠎ᠶ᠋ᠢ ᠨᠢᠭᠡᠳᠦᠯᠲᠡᠢ ᠲᠥᠯᠥᠪᠵᠢᠭᠦᠯᠦᠨ ᠱᠢᠯᠢᠳᠡᠭ᠌ᠵᠢᠭᠦᠯᠦᠨ᠎ᠡ᠃ ᠡᠭᠦᠨ᠎ᠦ ᠬᠠᠮᠲᠤ ᠂ ᠣᠷᠣᠨ ᠨᠤᠲᠤᠭ᠎ᠤᠨ ᠮᠥᠩᠭᠥᠨ ᠭᠦᠶ᠋ᠯᠭᠡᠭᠡᠨ᠎ᠦ ᠬᠢᠨᠠᠯᠲᠠ ᠬᠠᠮᠢᠶᠠᠷᠤᠯᠲᠠ᠎ᠶ᠋ᠢᠨ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ ᠵᠢ ᠪᠤᠳᠠᠳᠠᠢᠵᠢᠭᠤᠯᠵᠤ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠪᠠᠢᠭᠤᠯᠤᠭ᠍ᠰᠠᠨ ᠮᠥᠩᠭᠥᠨ ᠭᠦᠶ᠋ᠯᠭᠡᠭᠡᠨ᠎ᠦ ᠬᠢᠨᠠᠯᠲᠠ ᠬᠠᠮᠢᠶᠠᠷᠤᠯᠲᠠ᠎ᠶ᠋ᠢᠨ ᠪᠠᠢᠭᠤᠯᠤᠮᠵᠢ ᠬᠢᠨᠠᠯᠲᠠ ᠬᠠᠮᠢᠶᠠᠷᠤᠯᠲᠠ᠎ᠶ᠋ᠢᠨ ᠡᠭᠦᠷᠭᠡ ᠬᠠᠷᠢᠭᠤᠴᠠᠯᠭ᠎ᠠ᠎ᠶ᠋ᠢ ᠲᠤᠰᠬᠠᠢ ᠬᠠᠷᠢᠭᠤᠴᠠᠵᠤ᠂ ᠮᠥᠩᠭᠥᠨ ᠭᠦᠶ᠋ᠯᠭᠡᠭᠡᠨ᠎ᠦ ᠠᠵᠢᠯ᠎ᠤᠨ ᠲᠣᠪᠴᠢᠶ᠎ᠠ ᠂ ᠮᠥᠩᠭᠥᠨ ᠭᠦᠶ᠋ᠯᠭᠡᠭᠡᠨ᠎ᠦ ᠠᠯᠪᠠᠨ ᠬᠡᠷ ᠵᠡᠷᠭᠡ ᠫᠠᠢᠰᠠ᠎ᠶ᠋ᠢ ᠳᠠᠭᠢᠵᠤ ᠨᠡᠮᠡᠵᠤ ᠡᠯᠭᠦᠬᠦ᠌ ᠥᠬᠡᠶ᠃

ᠲᠦᠷᠪᠡ᠂ ᠳᠤᠮᠳᠠᠳᠤ ᠤᠯᠤᠰ᠎ᠤᠨ ᠦᠨᠡᠲᠦ ᠲᠡᠮᠳᠡᠭ᠌ᠲᠦ᠍᠎ᠢ᠋ᠢᠨ ᠬᠢᠨᠠᠯᠳᠡ ᠬᠠᠮᠢᠶᠠᠷᠤᠯᠳᠡ ᠢ᠋ᠢᠨ ᠵᠦᠪᠯᠡᠯ ᠢ᠋ ᠲᠦᠷᠦ᠍᠎ᠶ᠋ᠢᠨ ᠶᠠᠪᠤᠳᠠᠯ᠎ᠤᠨ ᠬᠣᠷᠢᠶᠠᠨ᠎ᠤ ᠱᠢᠭᠤᠳ ᠬᠠᠷᠢᠶ᠎ᠠ ᠪᠠᠢᠭᠤᠯᠤᠮᠵᠢ ᠪᠣᠯᠭᠠᠨ ᠲᠤᠬᠢᠷᠠᠭᠤᠯᠤᠨ᠎ᠠ᠃ ᠬᠥᠷᠥᠩᠭᠡ᠎ᠶ᠋ᠢᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠤᠱᠢᠶᠠᠯ ᠬᠠᠷᠢᠭᠤᠴᠠᠯᠭ᠎ᠠ᠎ᠶ᠋ᠢ ᠴᠢᠩᠭᠠᠳᠭᠠᠬᠤ᠎ᠶ᠋ᠢᠨ ᠲᠥᠯᠥᠭᠡ᠂ ᠳᠤᠮᠳᠠᠳᠤ ᠤᠯᠤᠰ᠎ᠤᠨ ᠦᠨᠡᠲᠦ ᠲᠡᠮᠳᠡᠭ᠌ᠲᠦ᠍᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠵᠥᠪᠯᠡᠯ᠎ᠢ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠱᠢᠭᠤᠳ ᠬᠠᠷᠢᠶ᠎ᠠ ᠠᠵᠢᠯ ᠦᠶ᠋ᠯᠡᠰ᠎ᠦᠨ ᠨᠢᠭᠡᠴᠢ᠎ᠡᠴᠡ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠱᠢᠭᠤᠳ ᠬᠠᠷᠢᠶ᠎ᠠ ᠪᠠᠢᠭᠤᠯᠤᠮᠵᠢ ᠪᠣᠯᠭᠠᠨ ᠲᠤᠬᠢᠷᠠᠭᠤᠯᠤᠨ᠎ᠠ᠃ ᠵᠢᠭᠡᠯᠡᠯᠭᠡ᠎ᠶ᠋ᠢᠨ ᠲᠡᠮᠳᠡᠭ᠌ᠲᠦ᠍᠎ᠶ᠋ᠢᠨ ᠬᠠᠮᠢᠶᠠᠷᠤᠯᠲᠠ᠎ᠶ᠋ᠢᠨ ᠪᠠᠢᠭᠤᠯᠤᠮᠵᠢ ᠵᠢ ᠱᠢᠯᠤᠭᠤᠳᠭᠠᠵᠤ᠂ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠦᠪᠯᠡᠯ ᠤ᠋ᠨ ᠠᠵᠤ ᠠᠬᠤᠢᠯᠠᠯ᠎ᠤᠨ ᠵᠢᠭᠡᠯᠡᠯᠭᠡ᠎ᠶ᠋ᠢᠨ ᠲᠡᠮᠳᠡᠭ᠌ᠲᠦ ᠲᠠᠷᠬᠠᠭᠠᠬᠤ᠎ᠶ᠋ᠢ ᠬᠢᠨᠠᠨ ᠪᠠᠢᠴᠠᠭᠠᠬᠤ ᠲᠤᠱᠢᠶᠠᠯ ᠬᠠᠷᠢᠭᠤᠴᠠᠯᠭ᠎ᠠ᠎ᠶ᠋ᠢ ᠳᠤᠮᠳᠠᠳᠤ ᠤᠯᠤᠰ᠎ᠤᠨ ᠦᠨᠡᠲᠦ ᠲᠡᠮᠳᠡᠭ᠌ᠲᠦ᠍᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠵᠥᠪᠯᠡᠯ᠎ᠳᠦ ᠬᠤᠪᠢᠶᠠᠷᠢᠯᠠᠨ ᠣᠷᠣᠭᠤᠯᠵᠤ᠂ ᠳᠤᠮᠳᠠᠳᠤ ᠤᠯᠤᠰ᠎ᠤᠨ ᠦᠨᠡᠲᠦ ᠲᠡᠮᠳᠡᠭ᠌ᠲᠦ᠍᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠵᠥᠪᠯᠡᠯ᠎ᠡᠴᠡ ᠺᠣᠮᠫᠠᠨᠢ ( ᠠᠵᠤ ᠠᠬᠤᠢᠯᠠᠯ ) ᠎ᠶ᠋ᠢᠨ ᠵᠢᠭᠡᠯᠡᠯᠭᠡ᠎ᠶ᠋ᠢᠨ ᠲᠡᠮᠳᠡᠭ᠌ᠲᠦ ᠲᠠᠷᠬᠠᠭᠠᠬᠤ᠎ᠶ᠋ᠢ ᠬᠢᠨᠠᠨ ᠪᠠᠢᠴᠠᠭᠠᠬᠤ ᠠᠵᠢᠯ᠎ᠢ ᠨᠢᠭᠡᠳᠦᠯᠲᠡᠶ ᠬᠠᠷᠢᠭᠤᠴᠠᠨ᠎ᠠ᠃

ᠲᠠᠪᠤ᠂ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶ᠋ᠢᠨ ᠰᠠᠯᠪᠤᠷᠢ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢ ᠨᠢᠭᠡᠳᠦᠯᠲᠡᠶ ᠲᠦᠯᠦᠪᠵᠢᠬᠦᠯᠦᠨ ᠠᠬᠢᠭᠤᠯᠤᠨ᠎ᠠ᠃ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶ᠋ᠢᠨ ᠶᠡᠬᠡ ᠲᠤᠭᠤᠷᠢᠭ᠎ᠤᠨ ᠬᠤᠪᠢᠶᠠᠷᠢ ᠪᠠᠩᠬᠢ᠎ᠵᠢᠨ ᠪᠠᠢᠭᠤᠯᠤᠮᠵᠢ᠎ᠳᠤ ᠲᠤᠬᠢᠷᠠᠭᠤᠯᠤᠯᠳᠠ ᠬᠢᠵᠦ᠍᠂ ᠵᠠᠰᠠᠭ ᠵᠠᠬᠢᠷᠭᠠᠨ᠎ᠤ ᠣᠷᠣᠨ᠎ᠢᠶᠠᠷ ᠰᠠᠯᠪᠤᠷᠢ ᠪᠠᠢᠭᠤᠯᠤᠮᠵᠢ ᠪᠠᠢᠭᠤᠯᠤᠨ᠎ᠠ᠃ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶ᠋ᠢᠨ ᠶᠡᠬᠡ ᠲᠣᠭᠣᠷᠢᠭ᠎ᠤᠨ ᠬᠤᠪᠢᠶᠠᠷᠢ ᠪᠠᠨᠭᠬᠢ ᠵᠢᠴᠢ ᠬᠤᠪᠢᠶᠠᠷᠢ ᠪᠠᠩᠬᠢ᠎ᠶ᠋ᠢᠨ ᠡᠵᠡᠩᠨᠡᠯᠲᠡ ᠬᠠᠮᠢᠶᠠᠷᠤᠯᠲᠠ᠎ᠶ᠋ᠢᠨ ᠬᠡᠯᠲᠡᠰ᠂ ᠶᠡᠷᠦᠩᠬᠡᠶ ᠪᠠᠩᠬᠢ᠎ᠶ᠋ᠢᠨ ᠱᠢᠭᠤᠳ ᠬᠠᠷᠢᠶ᠎ᠠ ᠡᠵᠡᠩᠨᠡᠯᠲᠡ ᠬᠠᠮᠢᠶᠠᠷᠤᠯᠲᠠ᠎ᠶ᠋ᠢᠨ ᠬᠡᠯᠲᠡᠰ ᠪᠣᠯᠤᠨ ᠮᠤᠵᠢ᠎ᠶ᠋ᠢᠨ ᠭᠤᠤᠯ ᠰᠠᠯᠪᠤᠷᠢ ᠪᠠᠩᠬᠢ᠎ᠶ᠋ᠢ ᠬᠠᠰᠤᠵᠤ᠂ 31 ᠮᠤᠵᠢ (ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠣᠲᠠ) ᠎ᠳ᠋ᠤ ᠮᠤᠵᠢ᠎ᠶ᠋ᠢᠨ ᠱᠠᠲᠤᠨ᠎ᠤ ᠬᠤᠪᠢᠶᠠᠷᠢ ᠪᠠᠩᠬᠢ ᠪᠠᠢᠭᠤᠯᠵᠤ᠂ ᠱᠧᠨ᠋ᠵᠧᠨ᠂ ᠳ᠋ᠠᠯᠢᠶᠠᠨ᠂ ᠨᠢᠩᠪᠦ᠋ᠸᠧ᠂ ᠴᠢᠩᠳᠣᠤ ᠂ ᠱᠢᠶᠠᠮᠧᠨ᠎ᠳᠦ ᠲᠦᠯᠦᠪᠯᠡᠬᠡᠨ ᠳ᠋ᠤ ᠳᠤᠰᠠᠭᠠᠷ ᠵᠢᠬᠰᠠᠭᠠᠬᠰᠠᠨ ᠬᠤᠳᠠ᠎ᠳ᠋ᠡᠬᠢ ᠬᠤᠪᠢᠶᠠᠷᠢ ᠪᠠᠩᠬᠢ ᠪᠠᠢᠭᠤᠯᠤᠨ᠎ᠠ᠃ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶ᠋ᠢᠨ ᠪᠡᠭᠡᠵᠢᠩ᠎ᠳ᠋ᠡᠬᠢ ᠬᠤᠪᠢᠶᠠᠷᠢ ᠪᠠᠩᠬᠢ᠎ᠳᠤ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶ᠋ᠢᠨ ᠡᠵᠡᠩᠨᠡᠯᠲᠡ ᠬᠠᠮᠢᠶᠠᠷᠤᠯᠲᠠ᠎ᠶ᠋ᠢᠨ ᠬᠡᠯᠲᠡᠰ᠎ᠦᠨ ᠫᠠᠢᠰᠠ᠎ᠶ᠋ᠢ ᠦᠯᠡᠳᠡᠭᠡᠵᠤ᠂ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶ᠋ᠢᠨ ᠱᠠᠩᠬᠠᠢ᠎ᠳ᠋ᠡᠬᠢ ᠬᠤᠪᠢᠶᠠᠷᠢ ᠪᠠᠩᠬᠢ ᠪᠣᠯᠤᠨ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶ᠋ᠢᠨ ᠱᠠᠩᠬᠠᠢ᠎ᠳ᠋ᠡᠬᠢ ᠶᠡᠷᠦᠩᠬᠡᠢ ᠵᠠᠬᠢᠷᠭ᠎ᠠ ᠬᠠᠮᠲᠤᠷᠠᠨ ᠠᠵᠢᠯᠯᠠᠨ᠎ᠠ᠃ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶ᠋ᠢᠨ ᠱᠢᠶᠠᠨ (ᠬᠣᠲᠠ )᠎ᠤ᠋ ᠰᠠᠯᠪᠤᠷᠢ ᠪᠠᠩᠬᠢ᠎ᠶ᠋ᠢ ᠬᠠᠰᠤᠵᠤ ᠂ ᠬᠣᠯᠪᠣᠭ᠍ᠳᠠᠯ ᠪᠦᠬᠦᠢ ᠡᠭᠦᠷᠭᠡ ᠴᠢᠳᠠᠪᠤᠷᠢ᠎ᠶ᠋ᠢ ᠨᠢ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶ᠋ᠢᠨ ᠭᠠᠵᠠᠷ ᠤ᠋ᠨ ᠲᠡᠰ (ᠬᠣᠲᠠ )᠎ᠤ᠋ᠨ ᠭᠤᠤᠯ ᠰᠠᠯᠪᠤᠷᠢ ᠪᠠᠩᠬᠢ᠎ᠳᠤ ᠱᠢᠯᠵᠢᠭᠦᠯᠦᠨ ᠣᠷᠣᠭᠤᠯᠤᠨ᠎ᠠ᠃ ᠬᠢᠯᠢ᠎ᠶ᠋ᠢᠨ ᠪᠤᠶᠤ ᠭᠠᠳᠠᠭᠠᠳᠤ ᠠᠷᠠᠯᠵᠢᠶᠠᠨ᠎ᠤ ᠭᠤᠪᠢᠭᠤᠯᠭ᠎ᠠ᠎ᠶ᠋ᠢ ᠲᠠᠰᠤᠯᠤᠨ ᠪᠣᠳᠣᠵᠤ ᠪᠤᠷᠤᠯᠠᠭᠤᠯᠬᠤ ᠲᠤᠬᠠᠢᠯᠠᠭ᠍ᠰᠠᠨ ᠠᠵᠢᠯ᠎ᠤᠨ ᠬᠡᠮᠵᠢᠶ᠎ᠡ ᠪᠡᠷ ᠶᠡᠬᠡ ᠭᠠᠵᠠᠷ ᠣᠷᠣᠨ᠎ᠳᠤ ᠪᠣᠯ ᠠᠵᠢᠯ᠎ᠤᠨ ᠬᠡᠷᠡᠭ᠌ᠴᠡᠭᠡ᠎ᠪᠡᠨ ᠦᠨᠳᠦᠰᠦᠯᠡᠨ᠂ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶ᠋ᠢᠨ ᠭᠠᠵᠠᠷ ᠤ᠋ᠨ ᠲᠡᠰ (ᠬᠣᠲᠠ) ᠤ᠋ᠨ ᠭᠤᠤᠯ ᠰᠠᠯᠪᠤᠷᠢ ᠪᠠᠩᠬᠢ᠎ᠶ᠋ᠢᠨ ᠲᠣᠮᠢᠯᠠᠭ᠍ᠰᠠᠨ ᠪᠠᠢᠭᠤᠯᠤᠮᠵᠢ᠎ᠶ᠋ᠢᠨ ᠠᠷᠭ᠎ᠠ ᠬᠡᠯᠪᠡᠷᠢ ᠢ᠋ᠢ ᠠᠪᠴᠤ᠌ ᠬᠠᠮᠢᠶ᠎ᠠ ᠪᠦᠬᠦᠢ ᠬᠠᠮᠢᠶᠠᠷᠤᠯᠲᠠ ᠦᠢᠯᠡᠴᠢᠯᠡᠭᠡᠨ᠎ᠦ ᠡᠭᠦᠷᠭᠡ ᠴᠢᠳᠠᠪᠤᠷᠢ᠎ᠶ᠋ᠢ ᠬᠦᠢᠴᠡᠳᠬᠡᠨ᠎ᠠ᠃

ᠵᠢᠷᠭᠤᠭ᠎ᠠ᠂ ᠤᠯᠤᠰ᠎ᠤᠨ ᠥᠮᠴᠢᠯᠡᠯ ᠤ᠋ᠨ ᠮᠥᠩᠭᠥᠨ ᠭᠦᠶ᠋ᠯᠭᠡᠭᠡᠨ᠎ᠦ ᠬᠥᠷᠥᠩᠭᠡ᠎ᠶ᠋ᠢᠨ ᠬᠠᠮᠢᠶᠠᠷᠤᠯᠲᠠ᠎ᠶ᠋ᠢᠨ ᠪᠠᠢᠭᠤᠯᠤᠮᠵᠢ ᠵᠢ ᠲᠡᠭᠦᠯᠳᠡᠷᠵᠢᠭᠦᠯᠦᠨ᠎ᠡ᠃ ᠤᠯᠤᠰ᠎ᠤᠨ ᠥᠮᠴᠢᠯᠡᠯ᠎ᠦᠨ ᠮᠥᠩᠭᠥᠨ ᠭᠦᠢᠯᠭᠡᠭᠡᠨ᠎ᠦ ᠬᠦᠷᠦᠨᠭ᠌ᠭᠡ ᠪᠣᠯ ᠤᠯᠤᠰ᠎ᠤᠨ ᠣᠳᠣᠬᠢᠴᠢᠯᠠᠯᠲᠠ᠎ᠶ᠋ᠢ ᠠᠬᠢᠭᠤᠯᠬᠤ᠂ ᠤᠯᠤᠰ᠎ᠤᠨ ᠮᠥᠩᠭᠥᠨ ᠭᠦᠢᠯᠭᠡᠭᠡᠨ᠎ᠦ ᠠᠮᠤᠷ ᠲᠦᠪᠱᠢᠨ᠎ᠢ ᠬᠠᠮᠠᠭᠠᠯᠠᠬᠤ ᠴᠢᠬᠤᠯᠠ ᠪᠠᠲᠤᠯᠠᠭ᠎ᠠ ᠮᠥᠨ᠂ ᠮᠠᠨ᠎ᠤ ᠨᠠᠮ ᠪᠠ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠎ᠶ᠋ᠢᠨ ᠴᠢᠬᠤᠯᠠ ᠪᠣᠳᠠᠰ᠎ᠤᠨ ᠰᠠᠭᠤᠷᠢ ᠪᠠ ᠤᠯᠤᠰ ᠲᠦᠷᠦ᠍᠎ᠶ᠋ᠢᠨ ᠰᠠᠭᠤᠷᠢ ᠮᠥᠨ᠃ ᠮᠥᠩᠭᠥᠨ ᠭᠦᠢᠯᠭᠡᠭᠡᠨ᠎ᠦ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠂ ᠤᠯᠤᠰ᠎ᠤᠨ ᠥᠮᠴᠢᠯᠡᠯ᠎ᠦᠨ ᠮᠥᠩᠭᠥᠨ ᠭᠦᠢᠯᠭᠡᠭᠡᠨ᠎ᠦ ᠬᠦᠷᠦᠨᠭ᠌ᠭᠡ᠎ᠶ᠋ᠢᠨ ᠪᠡᠯᠡ ᠤᠷᠤᠭᠤᠯᠤᠭᠴᠢ ᠢ᠋ᠢᠨ ᠲᠤᠱᠢᠶᠠᠯ ᠬᠠᠷᠢᠭᠤᠴᠠᠯᠭ᠎ᠠ᠎ᠶ᠋ᠢ ᠭᠦᠢᠴᠡᠳᠭᠡᠬᠦ᠌ ᠪᠠᠢᠭᠤᠯᠤᠮᠵᠢ ᠪᠠ ᠤᠯᠤᠰ᠎ᠤᠨ ᠥᠮᠴᠢᠯᠡᠯ᠎ᠦᠨ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠶ᠋ᠢᠨ ᠬᠣᠭᠣᠷᠣᠨᠳᠣᠬᠢ ᠡᠷᠬᠡ ᠬᠠᠷᠢᠭᠤᠴᠠᠯᠭ᠎ᠠ᠎ᠶ᠋ᠢᠨ ᠬᠠᠷᠢᠴᠠᠭ᠎ᠠ᠎ᠶ᠋ᠢ ᠲᠤᠳᠤᠷᠬᠠᠢᠯᠠᠵᠤ᠂ ᠬᠠᠮᠢᠶᠠᠷᠬᠤ ᠪᠠ ᠡᠷᠬᠢᠯᠡᠬᠦ᠌᠎ᠶ᠋ᠢ ᠰᠠᠯᠭᠠᠬᠤ ᠂ ᠵᠠᠰᠠᠭ ᠪᠠ ᠠᠵᠤ ᠠᠬᠤᠢᠯᠠᠯ᠎ᠢ ᠰᠠᠯᠭᠠᠬᠤ᠎ᠶ᠋ᠢ ᠠᠬᠢᠭᠤᠯᠵᠤ᠂ ᠲᠥᠪ᠎ᠦᠨ ᠮᠥᠩᠭᠥᠨ ᠭᠦᠢᠯᠭᠡᠭᠡᠨ᠎ᠦ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠦᠨ ᠬᠠᠮᠢᠶᠠᠷᠴᠤ᠌ ᠪᠠᠢᠭ᠎ᠠ ᠵᠠᠬ᠎ᠠ ᠳᠡᠯᠭᠡᠭᠦᠷ᠎ᠦᠨ ᠡᠵᠡᠩᠨᠡᠯᠲᠡ᠎ᠶ᠋ᠢᠨ ᠲᠦᠷᠦᠯ᠎ᠦᠨ ᠪᠠᠢᠭᠤᠯᠤᠮᠵᠢ᠎ᠶ᠋ᠢ ᠰᠠᠯᠭᠠᠵᠤ᠂ ᠬᠣᠯᠪᠣᠭ᠍ᠳᠠᠯ ᠪᠦᠬᠦᠢ ᠤᠯᠤᠰ᠎ᠤᠨ ᠥᠮᠴᠢᠯᠡᠯ᠎ᠦᠨ ᠮᠥᠩᠭᠥᠨ ᠭᠦᠢᠯᠭᠡᠭᠡᠨ᠎ᠦ ᠬᠦᠷᠦᠨᠭ᠌ᠭᠡ᠎ᠶ᠋ᠢ ᠤᠯᠤᠰ᠎ᠤᠨ ᠥᠮᠴᠢᠯᠡᠯ᠎ᠦᠨ ᠮᠥᠩᠭᠥᠨ ᠭᠦᠢᠯᠭᠡᠭᠡᠨ᠎ᠦ ᠬᠦᠷᠦᠨᠭ᠌ᠭᠡ᠎ᠶ᠋ᠢᠨ ᠨᠠᠢᠳᠠᠯᠭ᠎ᠠ ᠬᠦᠯᠢᠶᠡᠭ᠌ᠰᠡᠨ ᠬᠠᠮᠢᠶᠠᠷᠤᠯᠲᠠ᠎ᠶ᠋ᠢᠨ ᠪᠠᠢᠭᠤᠯᠤᠮᠵᠢ᠎ᠳᠤ ᠬᠤᠪᠢᠶᠠᠷᠢᠯᠠᠨ ᠣᠷᠣᠭᠤᠯᠬᠤ ᠵᠢᠨ ᠲᠦᠯᠦᠭᠡ᠂ ᠲᠦᠷᠦ᠍᠎ᠶ᠋ᠢᠨ ᠶᠠᠪᠤᠳᠠᠯ᠎ᠤᠨ ᠬᠣᠷᠢᠶᠠᠨ᠎ᠤ ᠡᠷᠬᠡ ᠣᠯᠭᠣᠯᠲᠠ᠎ᠶ᠋ᠢ ᠦᠨᠳᠦᠰᠦᠯᠡᠨ ᠪᠡᠯᠡ ᠤᠷᠤᠭᠤᠯᠤᠭᠴᠢ ᠢ᠋ᠢᠨ ᠲᠤᠱᠢᠶᠠᠯ ᠬᠠᠷᠢᠭᠤᠴᠠᠯᠭ᠎ᠠ᠎ᠶ᠋ᠢ ᠨᠢᠭᠡᠳᠦᠯᠲᠡᠢ ᠭᠦᠢᠴᠡᠳᠭᠡᠭᠦᠯᠵᠦ᠍᠂ ᠤᠯᠤᠰ᠎ᠤᠨ ᠥᠮᠴᠢᠯᠡᠯ᠎ᠦᠨ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠶ᠋ᠢᠨ ᠦᠷᠭᠦᠯᠵᠢᠯᠡᠨ ᠡᠷᠡᠭᠦᠯ᠎ᠢᠶᠡᠷ ᠬᠥᠭ᠌ᠵᠢᠬᠦ᠌᠎ᠶ᠋ᠢ ᠠᠬᠢᠭᠤᠯᠤᠨ᠎ᠠ᠃

ᠳᠣᠯᠣᠭ᠎ᠠ᠂ ᠮᠥᠩᠭᠥᠨ ᠭᠦᠢᠯᠭᠡᠭᠡᠨ᠎ᠦ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠦᠨ ᠠᠵᠢᠯᠲᠠᠨ᠎ᠤ ᠨᠢᠭᠡᠳᠦᠯᠲᠡᠶ ᠵᠢᠷᠤᠮᠵᠢᠭ᠍ᠰᠠᠨ ᠬᠠᠮᠢᠶᠠᠷᠤᠯᠲᠠ᠎ᠶ᠋ᠢ ᠴᠢᠨᠭᠭᠠᠳᠬᠠᠨ᠎ᠠ᠃ ᠮᠥᠩᠭᠥᠨ ᠭᠦᠢᠯᠭᠡᠭᠡᠨ᠎ᠦ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠦᠨ ᠬᠠᠤᠯᠢ ᠲᠣᠭ᠍ᠲᠠᠭᠠᠯ ᠶᠣᠰᠣᠭᠠᠷ ᠮᠥᠩᠭᠥᠨ ᠭᠦᠢᠯᠭᠡᠭᠡᠨ᠎ᠦ ᠬᠠᠮᠢᠶᠠᠷᠤᠯᠲᠠ᠎ᠶ᠋ᠢᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠶ᠋ᠢ ᠠᠬᠢᠭᠤᠯᠵᠤ᠂ ᠮᠥᠩᠭᠥᠨ ᠭᠦᠢᠯᠭᠡᠭᠡᠨ᠎ᠦ ᠱᠢᠰᠲ᠋ᠧᠮ᠎ᠦᠨ ᠡᠨᠭᠨᠡᠬᠡ ᠢ᠋ᠢᠨ ᠬᠠᠮᠢᠶᠠᠷᠤᠯᠲᠠ᠎ᠶ᠋ᠢᠨ ᠨᠢᠭᠡᠳᠦᠯᠲᠡᠢ ᠴᠢᠨᠠᠷ᠂ ᠵᠢᠷᠤᠮᠵᠢᠯ᠎ᠤᠨ ᠴᠢᠨᠠᠷᠲᠠᠢ ᠠᠰᠠᠭᠤᠳᠠᠯ᠎ᠢ ᠱᠢᠢᠳᠪᠦᠷᠢᠯᠡᠬᠦ᠌᠎ᠶ᠋ᠢᠨ ᠲᠥᠯᠥᠭᠡ᠂ ᠳᠤᠮᠳᠠᠳᠤ ᠤᠯᠤᠰ᠎ᠤᠨ ᠠᠷᠠᠳ᠎ᠤᠨ ᠪᠠᠩᠬᠢ᠂ ᠤᠯᠤᠰ᠎ᠤᠨ ᠮᠥᠩᠭᠥᠨ ᠭᠦᠢᠯᠭᠡᠭᠡᠨ᠎ᠦ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠢ ᠲᠤᠪᠴᠢᠶ᠎ᠠ᠂ ᠳᠤᠮᠳᠠᠳᠤ ᠤᠯᠤᠰ᠎ᠤᠨ ᠦᠨᠡᠲᠦ ᠲᠡᠮᠳᠡᠭ᠌ᠲᠦ᠍᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠵᠥᠪᠯᠡᠯ᠂ ᠤᠯᠤᠰ᠎ᠤᠨ ᠭᠠᠳᠠᠭᠠᠳᠤ ᠭᠤᠪᠢᠭᠤᠯᠭ᠎ᠠ᠎ᠶ᠋ᠢᠨ ᠬᠠᠮᠢᠶᠠᠷᠤᠯᠲᠠ᠎ᠶ᠋ᠢᠨ ᠲᠤᠪᠴᠢᠶ᠎ᠠ ᠵᠢᠴᠢ ᠲᠡᠭᠦᠨ᠎ᠦ ᠰᠠᠯᠪᠤᠷᠢ ᠪᠠᠢᠭᠤᠯᠤᠮᠵᠢ᠂ ᠲᠣᠮᠢᠯᠠᠭ᠍ᠰᠠᠨ ᠪᠠᠢᠭᠤᠯᠤᠮᠵᠢ᠎ᠶ᠋ᠢᠨ ᠠᠵᠢᠯᠳᠠᠨ᠎ᠢ ᠤᠯᠤᠰ᠎ᠤᠨ ᠠᠯᠪᠠᠳᠠᠨ᠎ᠤ ᠨᠢᠭᠡᠳᠦᠯᠲᠡᠢ ᠵᠢᠷᠤᠮᠵᠢᠭ᠍ᠰᠠᠨ ᠬᠠᠮᠢᠶᠠᠷᠤᠯᠲᠠ᠎ᠳᠤ ᠣᠷᠣᠭᠤᠯᠵᠤ᠂ ᠵᠠᠰᠠᠭ ᠵᠠᠬᠢᠷᠭᠠᠨ᠎ᠤ ᠣᠷᠣᠨ ᠲᠣᠭ᠎ᠠ᠎ᠶ᠋ᠢ ᠬᠡᠷᠡᠭ᠌ᠯᠡᠵᠦ᠍᠂ ᠤᠯᠤᠰ᠎ᠤᠨ ᠠᠯᠪᠠᠳᠠᠨ᠎ᠤ ᠴᠠᠯᠢᠩ ᠤᠯᠭᠤᠮᠵᠢ ᠢ᠋ᠢᠨ ᠪᠠᠷᠢᠮᠵᠢᠶ᠎ᠠ᠎ᠶ᠋ᠢ ᠬᠡᠷᠡᠭ᠌ᠵᠢᠭᠦᠯᠦᠨ᠎ᠡ᠃

ᠨᠠᠢ᠍ᠮᠠ ᠂ ᠤᠯᠤᠰ᠎ᠤᠨ ᠳ᠋ᠠᠢᠲ᠋ᠠ᠎ᠶ᠋ᠢᠨ ᠲᠣᠪᠴᠢᠶ᠎ᠠ᠎ᠶ᠋ᠢ ᠪᠠᠢᠭᠤᠯᠤᠨ᠎ᠠ᠃ ᠣᠳᠣᠬᠠᠨ᠎ᠤ ᠨᠡᠢᠭᠡᠮ᠎ᠳᠦ ᠲᠣᠭᠠᠴᠢᠯᠠᠭ᠍ᠰᠠᠨ ᠡᠬᠢ ᠪᠠᠶᠠᠯᠢᠭ᠂ ᠲᠣᠭᠠᠴᠢᠯᠠᠭ᠍ᠰᠠᠨ ᠠᠵᠤ ᠠᠬᠤᠶ᠎ᠨᠢ ᠠᠵᠤ ᠠᠬᠤᠶ ᠨᠡᠢᠭᠡᠮ᠎ᠦᠨ ᠬᠥᠭ᠌ᠵᠢᠯᠲᠡ᠎ᠳᠦ ᠰᠠᠭᠤᠷᠢ ᠴᠢᠨᠠᠷᠲᠠᠶ ᠦᠶ᠋ᠯᠡᠳᠦᠯ ᠦᠵᠡᠬᠦᠯᠵᠦ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ᠂ ᠣᠳᠣᠬᠢᠴᠢᠯᠠᠭ᠍ᠰᠠᠨ ᠠᠵᠤ ᠠᠬᠤᠶ᠎ᠶ᠋ᠢᠨ ᠱᠢᠰᠲ᠋ᠧᠮ᠎ᠢ ᠪᠠᠢᠭᠤᠯᠬᠤ᠂ ᠤᠯᠤᠰ᠎ᠤᠨ ᠥᠷᠢᠰᠥᠯᠳᠦᠭᠡᠨ᠎ᠦ ᠱᠢᠨ᠎ᠡ ᠳᠠᠪᠠᠭᠤᠯᠢᠭ᠎ᠢ ᠴᠣᠭ᠍ᠴᠠᠯᠠᠬᠤ᠎ᠳᠤ ᠴᠢᠬᠤᠯᠠ ᠶᠡᠬᠡ ᠠᠴᠢ ᠬᠣᠯᠪᠣᠭ᠍ᠳᠠᠯ᠎ᠲᠠᠶ ᠪᠠᠢᠵᠦ᠂ ᠡᠷᠬᠡᠪᠰᠢ ᠳ᠋ᠠᠢᠲ᠋ᠠ᠎ᠶ᠋ᠢᠨ ᠬᠠᠮᠢᠶᠠᠷᠤᠯᠲᠠ᠂ ᠨᠡᠭᠡᠭᠡᠯᠲᠡ᠂ ᠠᠱᠢᠭ᠍ᠯᠠᠯᠲᠠ ᠪᠠᠨ ᠴᠢᠩᠭᠠᠳᠭᠠᠬᠤ ᠬᠡᠷᠡᠭ᠌ᠲᠡᠶ᠃ ᠳ᠋ᠠᠢᠲ᠋ᠠ᠎ᠶ᠋ᠢᠨ ᠠᠮᠤᠷ ᠲᠦᠪᠱᠢᠨ᠂ ᠠᠵᠢᠯ ᠲᠥᠷᠥᠯ᠎ᠦᠨ ᠳ᠋ᠠᠢᠲ᠋ᠠ᠎ᠶ᠋ᠢᠨ ᠬᠢᠨᠠᠯᠲᠠ ᠬᠠᠮᠢᠶᠠᠷᠤᠯᠲᠠ ᠂ ᠮᠡᠳᠡᠭᠡ ᠵᠠᠩᠭᠢᠵᠢᠯᠲᠠ᠎ᠶ᠋ᠢᠨ ᠬᠥᠭ᠌ᠵᠢᠯᠲᠡ᠂ ᠲᠣᠭᠠᠴᠢᠯᠠᠭ᠍ᠰᠠᠨ ᠵᠠᠰᠠᠭ᠎ᠤᠨ ᠣᠷᠳᠣᠨ᠎ᠤ ᠪᠠᠢᠭᠤᠯᠤᠯᠲᠠ ᠵᠡᠷᠭᠡ ᠣᠲᠣ᠎ᠶ᠋ᠢᠨ ᠠᠵᠢᠯ᠎ᠤᠨ ᠪᠠᠢᠷᠢᠱᠢᠯ᠎ᠢ ᠶᠡᠷᠦᠩᠬᠡᠶ᠎ᠳᠡᠭᠡᠨ ᠲᠣᠭ᠍ᠲᠠᠭᠤᠨ ᠪᠠᠢᠯᠭᠠᠬᠤ᠎ᠶ᠋ᠢ ᠪᠠᠲᠤᠯᠠᠭ᠍ᠰᠠᠨ ᠤᠷᠢᠲᠠᠯ ᠳᠤᠤᠷ᠎ᠠ᠂ ᠳ᠋ᠠᠢᠲ᠋ᠠ᠎ᠶ᠋ᠢᠨ ᠡᠬᠢ ᠪᠠᠶᠠᠯᠢᠭ᠎ᠢ ᠡᠮᠬᠢᠯᠡᠨ ᠨᠡᠢᠯᠡᠭᠦᠯᠵᠦ᠍ ᠬᠠᠮᠲᠤ ᠪᠡᠷ ᠡᠳ᠋ᠯᠡᠬᠦ ᠪᠠ ᠨᠡᠭᠡᠭᠡᠨ ᠠᠱᠢᠭ᠍ᠯᠠᠬᠤ ᠲᠠᠯ᠎ᠠ᠎ᠪᠠᠷ᠎ᠬᠢ ᠬᠣᠯᠪᠣᠭ᠍ᠳᠠᠯ ᠪᠥᠬᠥᠶ ᠡᠭᠦᠷᠭᠡ ᠬᠠᠷᠢᠭᠤᠴᠠᠯᠭ᠎ᠠ᠎ᠶ᠋ᠢ ᠬᠠᠷᠢᠴᠠᠩᠭᠤᠶ ᠲᠥᠪᠯᠡᠷᠡᠭᠦᠯᠵᠦ᠍᠂ ᠤᠯᠤᠰ᠎ᠤᠨ ᠳ᠋ᠠᠢᠲ᠋ᠠ᠎ᠶ᠋ᠢᠨ ᠲᠣᠪᠴᠢᠶ᠎ᠠ᠎ᠶ᠋ᠢ ᠪᠠᠢᠭᠤᠯᠤᠨ᠂ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠬᠠᠮᠢᠶᠠᠷᠤᠯᠲᠠ ᠳ᠋ᠡᠬᠢ ᠤᠯᠤᠰ᠎ᠤᠨ ᠲᠣᠪᠴᠢᠶ᠎ᠠ ᠪᠣᠯᠭᠠᠵᠤ᠂ ᠳ᠋ᠠᠢᠲ᠋ᠠ᠎ᠶ᠋ᠢᠨ ᠰᠠᠭᠤᠷᠢ ᠲᠦᠷᠢᠮ᠎ᠦᠨ ᠪᠠᠢᠭᠤᠯᠤᠯᠲᠠ᠎ᠶ᠋ᠢ ᠵᠣᠬᠢᠴᠠᠭᠤᠯᠤᠨ ᠠᠬᠢᠭᠤᠯᠬᠤ᠎ᠶ᠋ᠢ ᠬᠠᠷᠢᠭᠤᠴᠠᠵᠤ᠂ ᠲᠣᠭᠠᠴᠢᠯᠠᠭ᠍ᠰᠠᠨ ᠳᠤᠮᠳᠠᠳᠤ ᠤᠯᠤᠰ᠂ ᠲᠣᠭᠠᠴᠢᠯᠠᠭ᠍ᠰᠠᠨ ᠠᠵᠤ ᠠᠬᠤᠶ᠂ ᠲᠣᠭᠠᠴᠢᠯᠠᠭ᠍ᠰᠠᠨ ᠨᠡᠢᠭᠡᠮ᠎ᠦᠨ ᠲᠥᠯᠥᠪᠵᠢᠭᠦᠯᠭᠡ ᠪᠠ ᠪᠥᠲᠥᠭᠡᠨ ᠪᠠᠢᠭᠤᠯᠤᠯᠲᠠ ᠵᠡᠷᠭᠡ᠎ᠶ᠋ᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠲᠥᠪ᠎ᠦᠨ ᠰᠦᠯᠵᠢᠶᠡᠨ᠎ᠦ ᠠᠮᠤᠷ ᠲᠦᠪᠱᠢᠨ ᠪᠠ ᠮᠡᠳᠡᠭᠡ ᠵᠠᠩᠭᠢᠵᠢᠯᠲᠠ᠎ᠶ᠋ᠢᠨ ᠵᠥᠪᠯᠡᠯ᠎ᠦᠨ ᠠᠯᠪᠠᠨ ᠭᠡᠷ᠎ᠦᠨ ᠡᠭᠦᠷᠭᠡᠯᠡᠵᠦ᠍ ᠪᠠᠢᠭ᠍ᠰᠠᠨ ᠲᠣᠭᠠᠴᠢᠯᠠᠭ᠍ᠰᠠᠨ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶ᠋ᠢᠨ ᠲᠥᠰᠦᠯ᠎ᠢ ᠰᠤᠳᠤᠯᠤᠨ ᠲᠣᠭ᠍ᠲᠠᠭᠠᠬᠣ᠂ ᠣᠯᠠᠨ ᠨᠡᠢᠲᠡ᠎ᠶ᠋ᠢᠨ ᠦᠶ᠋ᠯᠡᠴᠢᠯᠡᠭᠡ ᠪᠠ ᠨᠡᠢᠭᠡᠮ᠎ᠦᠨ ᠵᠠᠰᠠᠯᠲᠠ᠎ᠶ᠋ᠢᠨ ᠮᠡᠳᠡᠭᠡ ᠵᠠᠩᠭᠢᠵᠢᠯᠲᠠ᠎ᠶ᠋ᠢ ᠵᠣᠬᠢᠴᠠᠭᠤᠯᠤᠨ ᠠᠬᠢᠭᠤᠯᠬᠣ᠂ ᠤᠶᠤᠨᠲᠤ ᠬᠣᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢ ᠵᠣᠬᠢᠴᠠᠭᠤᠯᠤᠨ ᠠᠬᠢᠭᠤᠯᠬᠣ᠂ ᠤᠯᠤᠰ᠎ᠤᠨ ᠴᠢᠬᠤᠯᠠ ᠮᠡᠳᠡᠭᠡ ᠵᠠᠩᠭᠢ᠎ᠶ᠋ᠢᠨ ᠡᠬᠢ ᠪᠠᠶᠠᠯᠢᠭ᠎ᠢ ᠨᠡᠭᠡᠭᠡᠨ ᠠᠱᠢᠭ᠍ᠯᠠᠬᠤ ᠪᠠ ᠬᠠᠮᠲᠤ᠎ᠪᠠᠷ ᠡᠳ᠋ᠯᠡᠬᠦ᠌᠎ᠶ᠋ᠢ ᠵᠣᠬᠢᠴᠠᠭᠤᠯᠬᠣ᠂ ᠮᠡᠳᠡᠭᠡ ᠵᠠᠩᠭᠢ᠎ᠶ᠋ᠢᠨ ᠡᠬᠢ ᠪᠠᠶᠠᠯᠢᠭ᠎ᠤᠨ ᠠᠵᠢᠯ ᠲᠥᠷᠥᠯ ᠪᠠ ᠰᠠᠯᠠᠭ᠎ᠠ ᠮᠥᠴᠢᠷ ᠠᠯᠤᠰᠯᠠᠨ ᠬᠣᠯᠪᠣᠯᠳᠤᠨ ᠨᠡᠪᠲᠡᠷᠡᠯᠴᠡᠬᠦ᠌ ᠵᠡᠷᠭᠡ ᠲᠤᠱᠢᠶᠠᠯ ᠬᠠᠷᠢᠭᠤᠴᠠᠯᠭ᠎ᠠ ᠵᠢᠴᠢ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠡᠭᠦᠷᠭᠡᠯᠡᠵᠦ᠍ ᠪᠠᠢᠬᠰᠠᠨ ᠲᠣᠭᠠᠴᠢᠯᠠᠭ᠍ᠰᠠᠨ ᠠᠵᠤ ᠠᠬᠤᠢ᠎ᠶ᠋ᠢᠨ ᠬᠥᠭ᠌ᠵᠢᠯᠲᠡ᠎ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠣ᠂ ᠤᠯᠤᠰ᠎ᠤᠨ ᠲᠤᠮᠤ ᠳ᠋ᠠᠢᠲ᠋ᠠ᠎ᠶ᠋ᠢᠨ ᠪᠠᠢᠯᠳᠤᠬᠤ ᠪᠤᠳᠤᠯᠭ᠎ᠠ᠎ᠶ᠋ᠢ ᠵᠣᠬᠢᠶᠠᠨ ᠪᠠᠢᠭᠤᠯᠤᠨ ᠬᠡᠷᠡᠭ᠌ᠵᠢᠭᠦᠯᠬᠦ᠂ ᠳ᠋ᠠᠢᠲ᠋ᠠ᠎ᠶ᠋ᠢᠨ ᠡᠯᠧᠮᠧᠨ᠋ᠲ᠎ᠦᠨ ᠰᠠᠭᠤᠷᠢ ᠲᠦᠷᠢᠮ᠎ᠦᠨ ᠪᠠᠢᠭᠤᠯᠤᠯᠲᠠ᠎ᠶ᠋ᠢ ᠠᠬᠢᠭᠤᠯᠬᠣ᠂ ᠲᠣᠭᠠᠴᠢᠯᠠᠭ᠍ᠰᠠᠨ ᠰᠠᠭᠤᠷᠢ ᠲᠥᠬᠥᠭᠡᠷᠦᠮᠵᠢ᠎ᠶ᠋ᠢᠨ ᠪᠠᠢᠷᠢᠱᠢᠭᠤᠯᠤᠯᠲᠠ ᠪᠦᠲᠦᠭᠡᠨ ᠪᠠᠢᠭᠤᠯᠤᠯᠲᠠ᠎ᠶ᠋ᠢ ᠠᠬᠢᠭᠤᠯᠬᠤ ᠵᠡᠷᠭᠡ ᠲᠤᠱᠢᠶᠠᠯ ᠬᠠᠷᠢᠭᠤᠴᠠᠯᠭ᠎ᠠ᠎ᠶ᠋ᠢ ᠤᠯᠤᠰ᠎ᠤᠨ ᠳ᠋ᠠᠢᠲ᠋ᠠ᠎ᠶ᠋ᠢᠨ ᠲᠣᠪᠴᠢᠶᠠᠨ᠎ᠳᠤ ᠬᠤᠪᠢᠶᠠᠷᠢᠯᠠᠨ ᠣᠷᠣᠭᠤᠯᠤᠨ᠎ᠠ᠃

ᠶᠢᠰᠦ᠂ ᠬᠦᠲᠡᠭᠡ ᠠᠵᠦ ᠠᠬᠣᠢ ᠬᠥᠳᠡᠭᠡ ᠲᠣᠰᠭᠣᠨ᠎ᠤ ᠶᠠᠮᠤᠨ᠎ᠤ ᠲᠤᠱᠢᠶᠠᠯ ᠬᠠᠷᠢᠭᠤᠴᠠᠯᠭ᠎ᠠ᠎ᠶ᠋ᠢ ᠱᠢᠯᠢᠳᠡᠭ᠌ᠵᠢᠭᠦᠯᠦᠨ᠎ᠡ᠃ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠪᠠᠷ ᠭᠤᠤᠯᠳᠠᠯᠭ᠎ᠠ ᠪᠣᠯᠭᠠᠭ᠍ᠰᠠᠨ 《ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ》 ᠎ᠤ᠋ ᠡᠯ᠎ᠡ ᠵᠦᠶ᠋ᠯ᠎ᠦᠨ ᠠᠵᠢᠯ᠎ᠢ ᠨᠢᠭᠡᠳᠦᠯᠲᠡᠶ ᠲᠥᠯᠥᠪᠯᠡᠨ ᠰᠠᠢᠲᠤᠷ ᠠᠳᠭᠤᠵᠤ᠂ ᠬᠦᠳᠡᠭᠡ ᠠᠵᠤ ᠠᠬᠤᠢ ᠵᠢᠨ ᠬᠦᠴᠦᠷᠬᠡᠭ ᠤᠯᠤᠰ᠎ᠢ ᠲᠦᠷᠭᠡᠪᠴᠢᠯᠡᠨ ᠪᠦᠲᠦᠭᠡᠨ ᠪᠠᠢᠭᠤᠯᠵᠦ᠂ ᠬᠦᠳᠡᠭᠡ ᠠᠵᠤ ᠠᠬᠤᠢ ᠵᠢᠨ ᠪᠦᠬᠦ᠌ ᠲᠠᠯ᠎ᠠ᠎ᠪᠠᠷ ᠳᠡᠰ ᠳᠡᠪᠱᠢᠬᠦ᠌᠂ ᠬᠥᠳᠡᠭᠡ ᠲᠣᠰᠭᠣᠨ᠎ᠤ ᠪᠦᠬᠦ᠌ ᠲᠠᠯ᠎ᠠ᠎ᠶ᠋ᠢᠨ ᠳᠠᠪᠱᠢᠯᠲᠠ᠂ ᠲᠠᠷᠢᠶᠠᠴᠢᠳ᠎ᠤᠨ ᠪᠦᠬᠦ᠌ ᠲᠠᠯ᠎ᠠ᠎ᠶᠢᠨ ᠬᠥᠭ᠌ᠵᠢᠯᠲᠡ᠎ᠶᠢ ᠪᠦᠬᠦᠯᠢ ᠴᠣᠬᠴᠠ ᠪᠡᠷ ᠠᠬᠢᠭᠣᠯᠬᠤ ᠵᠢᠨ ᠲᠦᠯᠦᠭᠡ᠂ ᠤᠯᠤᠰ᠎ᠤᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠲᠣᠪᠴᠢᠶ᠎ᠠ ᠪᠡᠷ ᠲᠣᠯᠣᠭᠠᠢᠯᠠᠨ ᠳᠠᠬᠢᠨ ᠶᠠᠳᠠᠭᠤᠷᠠᠬᠤ᠎ᠶ᠋ᠢ ᠰᠡᠷᠭᠡᠢᠯᠡᠬᠦ᠌ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ᠌ ᠠᠵᠢᠯ᠎ᠢ ᠦᠷᠨᠢᠭᠦᠯᠵᠤ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠭᠣᠣᠯᠳᠠᠯᠭ᠎ᠠ᠎ᠲᠠᠶ ᠬᠠᠪᠰᠤᠷᠤᠨ ᠲᠡᠳᠬᠦᠬᠦ᠌ ᠱᠢᠶᠠᠨ ᠪᠣᠯᠤᠨ ᠭᠣᠣᠯᠳᠠᠯᠭ᠎ᠠ᠎ᠲᠠᠶ ᠭᠠᠵᠠᠷ ᠣᠷᠣᠨ᠎ᠤ ᠬᠠᠪᠰᠤᠷᠤᠨ ᠲᠡᠳᠬᠦᠬᠦ᠌ ᠲᠦᠷᠦ᠍᠎ᠶ᠋ᠢᠨ ᠪᠤᠳᠤᠯᠭ᠎ᠠ᠎ᠶ᠋ᠢ ᠵᠣᠬᠢᠶᠠᠨ ᠪᠠᠢᠭᠤᠯᠤᠨ ᠲᠣᠭ᠍ᠲᠠᠭᠠᠬᠣ᠂ ᠵᠡᠭᠦᠨ ᠪᠠᠷᠠᠭᠤᠨ ᠣᠷᠣᠨ᠎ᠤ ᠬᠠᠮᠵᠢᠯᠴᠠᠭ᠎ᠠ᠂ ᠠᠵᠢᠯ ᠲᠦᠷᠦᠯ ᠶ᠋ᠢᠡᠷ ᠬᠠᠪᠰᠣᠷᠣᠨ ᠲᠡᠳᠬᠦᠬᠦ᠂ ᠨᠡᠢᠭᠡᠮ᠎ᠦᠨ ᠬᠠᠪᠰᠤᠷᠤᠨ ᠲᠡᠳᠬᠦᠬᠦ᠎ᠶᠢ ᠵᠣᠬᠢᠶᠠᠨ ᠪᠠᠢᠭᠣᠯᠣᠨ ᠦᠷᠨᠢᠬᠦᠯᠵᠤ᠂ ᠲᠥᠪ᠎ᠦᠨ ᠡᠳ᠋᠎ᠦᠨ ᠵᠠᠰᠠᠭ᠎ᠤᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠬᠠᠮᠢᠶ᠎ᠠ ᠪᠥᠬᠥᠶ ᠪᠠᠯᠠ ᠮᠥᠩᠭᠥ᠎ᠶ᠋ᠢᠨ ᠬᠤᠪᠢᠶᠠᠷᠢᠯᠠᠯᠲᠠ᠎ᠶ᠋ᠢ ᠠᠬᠢᠭᠤᠯᠬᠤ ᠲᠤᠬᠠᠶ ᠰᠠᠨᠠᠭᠤᠯᠭ᠎ᠠ᠎ᠶ᠋ᠢᠨ ᠲᠥᠰᠦᠯ᠎ᠢ ᠰᠤᠳᠤᠯᠤᠨ ᠳᠤᠷᠠᠳᠭᠤ᠎ᠶ᠋ᠢᠨ ᠬᠠᠮᠲᠤ ᠪᠡᠯᠡ ᠮᠥᠩᠭᠥ᠎ᠶ᠋ᠢᠨ ᠬᠡᠷᠡᠭ᠌ᠯᠡᠯᠲᠡ᠎ᠵᠢ ᠵᠢᠭᠠᠨ ᠵᠢᠯᠣᠭᠣᠳᠴᠤ ᠬᠢᠨᠠᠯᠲᠠ ᠲᠠᠯᠪᠢᠨ᠂ ᠬᠥᠳᠡᠭᠡ ᠲᠣᠰᠭᠣᠨ᠎ᠢ ᠬᠠᠪᠰᠤᠷᠤᠨ ᠲᠡᠳᠬᠦᠬᠦ᠌ ᠠᠵᠤ ᠦᠢᠯᠡᠰ᠎ᠦᠨ ᠬᠥᠭ᠌ᠵᠢᠯᠲᠡ᠎ᠶ᠋ᠢ ᠠᠬᠢᠭᠤᠯᠵᠤ᠂ ᠬᠥᠳᠡᠭᠡ ᠲᠣᠰᠭᠣᠨ᠎ᠤ ᠨᠡᠢᠭᠡᠮ᠎ᠦᠨ ᠦᠢᠯᠡᠰ ᠪᠠ ᠣᠯᠠᠨ ᠨᠡᠢᠲᠡ᠎ᠶ᠋ᠢᠨ ᠦᠢᠯᠡᠴᠢᠯᠡᠭᠡᠨ᠎ᠦ ᠬᠥᠭ᠌ᠵᠢᠯᠲᠡ᠎ᠶ᠋ᠢ ᠠᠬᠢᠭᠤᠯᠬᠤ ᠵᠡᠷᠭᠡ ᠲᠤᠱᠢᠶᠠᠯ ᠬᠠᠷᠢᠭᠤᠴᠠᠯᠭ᠎ᠠ᠎ᠶ᠋ᠢ ᠬᠦᠲᠡᠭᠡ ᠠᠵᠦ ᠠᠬᠣᠢ ᠬᠥᠳᠡᠭᠡ ᠲᠣᠰᠭᠣᠨ᠎ᠤ ᠶᠠᠮᠤᠨ᠎ᠳᠤ ᠬᠤᠪᠢᠶᠠᠷᠢᠯᠠᠨ ᠣᠷᠣᠭᠤᠯᠤᠨ᠎ᠠ᠂ ᠬᠥᠳᠡᠭᠡ ᠠᠵᠤ ᠠᠬᠤᠶ ᠬᠥᠳᠡᠭᠡ ᠲᠣᠰᠭᠣᠨ᠎ᠤ ᠶᠠᠮᠤᠨ᠎ᠳᠤ ᠤᠯᠤᠰ᠎ᠤᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠲᠣᠪᠴᠢᠶ᠎ᠠ᠎ᠶ᠋ᠢᠨ ᠫᠠᠢᠰᠠ᠎ᠶ᠋ᠢ ᠨᠡᠮᠡᠵᠦ᠍ ᠲᠣᠬᠢᠷᠠᠭᠣᠯᠣᠨ᠎ᠠ᠃ ᠲᠤᠰᠠᠭᠠᠷ ᠪᠠᠢᠭᠤᠯᠤᠭ᠍ᠰᠠᠨ ᠤᠯᠤᠰ᠎ᠤᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠲᠣᠪᠴᠢᠶ᠎ᠠ᠎ᠶ᠋ᠢ ᠬᠠᠰᠤᠨ᠎ᠠ᠃

ᠤᠯᠤᠰ᠎ᠤᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠲᠣᠪᠴᠢᠶ᠎ᠠ᠎ᠶ᠋ᠢᠨ ᠲᠤᠱᠢᠶᠠᠯ ᠬᠠᠷᠢᠭᠤᠴᠠᠯᠭ᠎ᠠ᠎ᠶ᠋ᠢ ᠬᠥᠳᠡᠭᠡ ᠠᠵᠤ ᠠᠬᠤᠶ ᠬᠥᠳᠡᠭᠡ ᠲᠣᠰᠭᠣᠨ᠎ᠤ ᠶᠠᠮᠤᠨ᠎ᠳᠤ ᠬᠤᠪᠢᠶᠠᠷᠢᠯᠠᠨ ᠣᠷᠣᠭᠤᠯᠤᠨ᠎ᠠ᠂ ᠶᠠᠳᠠᠭᠤ᠎ᠠᠴᠠ ᠠᠩᠭᠢᠵᠢᠷᠠᠭ᠍ᠰᠠᠨ ᠭᠠᠵᠠᠷ ᠣᠷᠣᠨ ᠪᠣᠯᠤᠨ ᠶᠠᠳᠠᠭᠤ᠎ᠠᠴᠠ ᠠᠩᠭᠢᠵᠢᠷᠠᠭ᠍ᠰᠠᠨ ᠣᠯᠠᠨ ᠲᠦᠮᠡᠨ᠎ᠢ ᠬᠠᠪᠰᠤᠷᠤᠨ ᠲᠡᠳᠬᠦᠬᠦ᠌ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠵᠤ᠂ ᠪᠥᠬᠥ᠌ ᠤᠯᠤᠰ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠱᠢᠪᠲᠤᠯᠬᠤ ᠬᠠᠷᠠᠯᠲᠠ ᠡᠭᠦᠷᠭᠡ᠎ᠶ᠋ᠢ ᠪᠡᠶᠡᠯᠡᠭᠦᠯᠦᠭ᠌ᠰᠡᠨ᠎ᠦ ᠳᠠᠷᠠᠭᠠᠬᠢ ᠱᠢᠯᠵᠢᠯᠲᠡ᠎ᠶ᠋ᠢᠨ ᠬᠤᠭᠤᠴᠠᠭᠠᠨ᠎ᠳᠤ ᠬᠣᠯᠪᠣᠭ᠍ᠳᠠᠯ ᠪᠥᠬᠥᠶ ᠬᠠᠪᠰᠤᠷᠤᠨ ᠲᠡᠳᠬᠦᠬᠦ᠌ ᠲᠥᠷᠥ᠎ᠶ᠋ᠢᠨ ᠪᠣᠳᠣᠯᠭ᠎ᠠ᠂ ᠡᠳ᠋᠎ᠦᠨ ᠵᠠᠰᠠᠭ᠎ᠤᠨ ᠳᠡᠮᠵᠢᠯᠭᠡ᠂ ᠲᠥᠷᠥᠯ ᠵᠦᠶ᠋ᠯ᠎ᠦᠨ ᠲᠣᠬᠢᠷᠠᠭᠤᠯᠤᠯᠲᠠ᠎ᠶᠢ ᠶᠡᠷᠦᠩᠬᠡᠶ᠎ᠳᠡᠭᠡᠨ ᠲᠣᠭ᠍ᠲᠠᠭᠤᠨ ᠪᠠᠢᠯᠭᠠᠬᠤ᠎ᠶ᠋ᠢ ᠪᠠᠲᠤᠯᠠᠵᠤ᠂ ᠪᠠᠯᠠ ᠮᠥᠩᠭᠥ᠌ ᠲᠥᠷᠥᠯ ᠵᠦᠶ᠋ᠯ᠎ᠢ ᠬᠠᠷᠢᠴᠠᠩᠭᠤᠶ᠎ᠪᠠᠷ ᠲᠤᠰᠠᠭᠠᠷ ᠠᠵᠢᠯᠯᠠᠭᠤᠯᠤᠨ ᠬᠠᠮᠢᠶᠠᠷᠤᠨ᠎ᠠ᠃

ᠠᠷᠪᠠ᠂ ᠦᠳᠡᠭᠦᠰ᠎ᠤᠨ ᠠᠵᠢᠯ᠎ᠤᠨ ᠪᠠᠢᠭᠤᠯᠤᠮᠵᠢ ᠵᠢ ᠲᠡᠭᠦᠯᠳᠡᠷᠵᠢᠭᠦᠯᠦᠨ᠎ᠡ᠃ ᠬᠥᠮᠦᠨ ᠠᠮᠠ᠎ᠶ᠋ᠢᠨ ᠨᠠᠰᠤᠵᠢᠯ᠎ᠢ ᠢᠳᠡᠪᠬᠢᠲᠡᠢ ᠠᠷᠭᠠᠴᠠᠭᠠᠬᠤ ᠤᠯᠤᠰ᠎ᠤᠨ ᠪᠠᠢᠯᠳᠤᠬᠤ ᠪᠤᠳᠤᠯᠭ᠎ᠠ᠎ᠶ᠋ᠢ ᠬᠡᠷᠡᠭ᠌ᠵᠢᠭᠦᠯᠵᠦ᠍᠂ ᠨᠠᠰᠤᠵᠢᠯ᠎ᠤᠨ ᠦᠢᠯᠡᠰ ᠪᠠ ᠨᠠᠰᠤᠵᠢᠯ᠎ᠤᠨ ᠠᠵᠤ ᠦᠢᠯᠡᠰ᠎ᠢ ᠨᠡᠩ ᠰᠠᠢᠲᠤᠷ ᠬᠥᠭ᠌ᠵᠢᠭᠦᠯᠦᠨ᠂ ᠪᠦᠬᠦ᠌ ᠨᠠᠰᠤᠲᠠᠢᠴᠤᠳ᠎ᠲᠤ ᠨᠠᠰᠤᠵᠢᠯ᠎ᠤᠨ ᠦᠨᠳᠦᠰᠦᠨ ᠦᠢᠯᠡᠴᠢᠯᠡᠭᠡ ᠡᠳ᠋ᠯᠡᠭᠦᠯᠬᠦ᠌᠎ᠶ᠋ᠢ ᠠᠬᠢᠭᠤᠯᠬᠣ᠎ᠶᠢᠨ ᠲᠦᠯᠦᠭᠡ᠂ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠤ᠎ᠶ᠋ᠢᠨ ᠵᠥᠪᠯᠡᠯ᠎ᠦᠨ ᠬᠥᠮᠦᠨ ᠠᠮᠠ᠎ᠶ᠋ᠢᠨ ᠨᠠᠰᠤᠵᠢᠯ᠎ᠢ ᠠᠷᠭᠠᠴᠠᠭᠠᠬᠤ ᠲᠦᠷᠦ᠍᠎ᠶ᠋ᠢᠨ ᠪᠤᠳᠤᠯᠭ᠎ᠠ ᠠᠷᠭ᠎ᠠ ᠬᠡᠮᠵᠢᠶ᠎ᠡ᠎ᠶ᠋ᠢ ᠵᠣᠬᠢᠶᠠᠨ ᠪᠠᠢᠭᠤᠯᠤᠨ ᠲᠣᠭ᠍ᠲᠠᠭᠠᠵᠤ ᠵᠣᠬᠢᠴᠠᠭᠤᠯᠤᠨ ᠨᠠᠢᠳᠠᠪᠤᠷᠢᠵᠢᠭᠤᠯᠬᠤ᠂ ᠪᠦᠬᠦ᠌ ᠤᠯᠤᠰ᠎ᠤᠨ ᠦᠳᠡᠭᠦᠰ᠎ᠤᠨ ᠠᠵᠢᠯ᠎ᠤᠨ ᠵᠥᠪᠯᠡᠯ᠎ᠦᠨ ᠡᠬᠦᠷᠭᠡᠯᠡᠬᠦ ᠪᠣᠳᠠᠲᠠᠢ ᠠᠵᠢᠯ ᠵᠡᠷᠭᠡ ᠲᠤᠱᠢᠶᠠᠯ ᠬᠠᠷᠢᠭᠤᠴᠠᠯᠭ᠎ᠠ᠎ᠶ᠋ᠢ ᠠᠷᠠᠳ᠎ᠤᠨ ᠶᠠᠪᠤᠳᠠᠯ᠎ᠤᠨ ᠶᠠᠮᠤᠨ᠎ᠳᠤ ᠬᠤᠪᠢᠶᠠᠷᠢᠯᠠᠨ ᠣᠷᠣᠭᠤᠯᠤᠨ᠎ᠠ᠃ ᠪᠦᠬᠦ᠌ ᠤᠯᠤᠰ᠎ᠤᠨ ᠦᠳᠡᠭᠦᠰ᠎ᠤᠨ ᠠᠵᠢᠯ᠎ᠤᠨ ᠵᠦᠪᠯᠡᠯ᠎ᠤᠨ ᠠᠯᠪᠠᠨ ᠭᠡᠷ᠎ᠢ ᠠᠷᠠᠳ᠎ᠤᠨ ᠶᠠᠪᠤᠳᠠᠯ᠎ᠤᠨ ᠶᠠᠮᠤᠨ᠎ᠳᠤ ᠥᠭᠡᠷᠡᠴᠢᠯᠡᠨ ᠪᠠᠢᠭᠤᠯᠵᠤ᠂ ᠲᠡᠭᠦᠨ᠎ᠦ ᠶᠡᠷᠦᠩᠬᠡᠢᠯᠡᠨ ᠵᠣᠬᠢᠴᠠᠭᠤᠯᠬᠤ᠂ ᠱᠠᠯᠠᠪᠳᠠᠨ ᠵᠢᠯᠣᠭᠣᠳᠭᠤ᠂ ᠨᠠᠰᠤᠵᠢᠯ᠎ᠤᠨ ᠦᠢᠯᠡᠰ᠎ᠦᠨ ᠬᠥᠭ᠌ᠵᠢᠯᠲᠡ᠎ᠶ᠋ᠢ ᠵᠣᠬᠢᠶᠠᠨ ᠪᠠᠢᠭᠤᠯᠵᠤ ᠠᠬᠢᠭᠤᠯᠬᠤ ᠲᠤᠱᠢᠶᠠᠯ ᠬᠠᠷᠢᠭᠤᠴᠠᠯᠭ᠎ᠠ᠎ᠶ᠋ᠢ ᠴᠢᠩᠭᠠᠳᠭᠠᠨ᠎ᠠ᠃ ᠳᠤᠮᠳᠠᠳᠤ ᠤᠯᠤᠰ᠎ᠤᠨ ᠨᠠᠰᠤᠲᠠᠢᠴᠤᠳ᠎ᠤᠨ ᠨᠡᠢᠭᠡᠮᠯᠢᠭ᠎ᠢ ᠠᠷᠠᠳ᠎ᠤᠨ ᠶᠠᠪᠤᠳᠠᠯ᠎ᠤᠨ ᠶᠠᠮᠤᠨ᠎ᠠᠴᠠ ᠣᠷᠣᠯᠠᠨ ᠬᠠᠮᠢᠶᠠᠷᠬᠤ ᠪᠣᠯᠭᠠᠨ ᠥᠭᠡᠷᠡᠴᠢᠯᠡᠨ᠎ᠡ᠃

ᠠᠷᠪᠠᠨ ᠨᠢᠭᠡ᠂ ᠮᠡᠳᠡᠯᠭᠡ᠎ᠶ᠋ᠢᠨ ᠦᠮᠴᠢᠯᠡᠯ᠎ᠤᠨ ᠡᠷᠭᠡ᠎ᠶ᠋ᠢᠨ ᠬᠠᠮᠢᠶᠠᠷᠤᠯᠲᠠ᠎ᠶ᠋ᠢᠨ ᠪᠠᠢᠭᠤᠯᠤᠮᠵᠢ ᠵᠢ ᠲᠡᠭᠦᠯᠳᠡᠷᠵᠢᠭᠦᠯᠦᠨ᠎ᠡ᠃ ᠱᠢᠨ᠎ᠡ᠎ᠶ᠋ᠢ ᠡᠭᠦᠳᠬᠦ᠌ ᠬᠡᠯᠪᠡᠷᠢ᠎ᠵᠢᠨ ᠤᠯᠤᠰ᠎ᠤᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠬᠤ᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠂ ᠥᠨᠳᠥᠷ ᠲᠦᠪᠱᠢᠨ ᠪᠥᠬᠥᠶ ᠭᠠᠳᠠᠭᠠᠳᠤ ᠨᠡᠭᠡᠭᠡᠯᠲᠡ᠎ᠶ᠋ᠢ ᠥᠷᠭᠡᠳᠭᠡᠬᠦ᠌ ᠳᠣᠲᠣᠭᠠᠳᠤ ᠬᠡᠷᠡᠭ᠌ᠴᠡᠭᠡ᠎ᠳᠦ ᠵᠣᠬᠢᠴᠠᠭᠤᠯᠤᠨ᠂ ᠮᠡᠳᠡᠯᠭᠡ᠎ᠶ᠋ᠢᠨ ᠦᠮᠴᠢᠯᠡᠯ᠎ᠤᠨ ᠡᠷᠭᠡ᠎ᠶ᠋ᠢᠨ ᠬᠦᠴᠦᠷᠬᠡᠭ ᠤᠯᠤᠰ᠎ᠤᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠵᠤ᠂ ᠮᠡᠳᠡᠯᠭᠡ᠎ᠶ᠋ᠢᠨ ᠦᠮᠴᠢᠯᠡᠯ᠎ᠤᠨ ᠡᠷᠭᠡ᠎ᠶ᠋ᠢᠨ ᠡᠭᠦᠳᠦᠨ ᠪᠦᠲᠦᠭᠡᠬᠦ᠌᠂ ᠬᠡᠷᠡᠭ᠌ᠯᠡᠬᠦ᠌᠂ ᠬᠠᠮᠠᠭᠠᠯᠠᠬᠤ᠂ ᠬᠠᠮᠢᠶᠠᠷᠬᠤ ᠪᠠ ᠦᠶ᠋ᠯᠡᠴᠢᠯᠡᠬᠦ᠌ ᠲᠦᠪᠱᠢᠨ᠎ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠬᠦ᠌᠎ᠶ᠋ᠢᠨ ᠲᠦᠯᠦᠭᠡ᠂ ᠤᠯᠤᠰ᠎ᠤᠨ ᠮᠡᠳᠡᠯᠭᠡ᠎ᠶ᠋ᠢᠨ ᠦᠮᠴᠢᠯᠡᠯ᠎ᠤᠨ ᠡᠷᠭᠡ᠎ᠶ᠋ᠢᠨ ᠲᠣᠪᠴᠢᠶ᠎ᠠ᠎ᠶ᠋ᠢ ᠤᠯᠤᠰ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ ᠵᠢᠨ ᠬᠠᠮᠢᠶᠠᠷᠤᠯᠳᠠ ᠳ᠋ᠡᠬᠢ ᠤᠯᠤᠰ᠎ᠤᠨ ᠲᠣᠪᠴᠢᠶ᠎ᠠ᠎ᠡᠴᠡ ᠲᠥᠷᠥ᠎ᠶ᠋ᠢᠨ ᠶᠠᠪᠤᠳᠠᠯ᠎ᠤᠨ ᠬᠣᠷᠢᠶ᠎ᠠ᠎ᠶ᠋ᠢᠨ ᠱᠢᠭᠤᠳ ᠬᠠᠷᠢᠶ᠎ᠠ ᠪᠠᠢᠭᠤᠯᠤᠮᠵᠢ ᠪᠣᠯᠭᠠᠨ ᠲᠣᠬᠢᠷᠠᠭᠤᠯᠤᠨ᠎ᠠ᠃ ᠲᠠᠸᠠᠷ᠎ᠤᠨ ᠲᠡᠮᠳᠡᠭ᠂ ᠲᠤᠰᠭᠠᠶ ᠠᠱᠢᠭ ᠵᠡᠷᠭᠡ ᠬᠦᠷᠢᠶ᠎ᠡ ᠴᠠᠷᠠᠭ᠎ᠠ᠎ᠶ᠋ᠢᠨ ᠬᠠᠤᠯᠢ ᠬᠡᠷᠡᠭ᠌ᠵᠢᠭᠦᠯᠬᠦ᠌ ᠡᠭᠦᠷᠭᠡ ᠬᠠᠷᠢᠭᠤᠴᠠᠯᠭ᠎ᠠ᠎ᠶ᠋ᠢ ᠦᠷᠭᠦᠯᠵᠢᠯᠡᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠢᠯᠡᠭ᠌ᠰᠡᠨ ᠬᠠᠤᠯᠢ ᠬᠡᠷᠡᠭ᠌ᠵᠢᠭᠦᠯᠬᠦ᠌ ᠡᠩᠨᠡᠭᠡ᠎ᠡᠴᠡ ᠡᠭᠦᠷᠭᠡᠯᠡᠵᠦ᠍᠂ ᠬᠠᠮᠢᠶ᠎ᠠ ᠪᠥᠬᠥᠶ ᠬᠠᠤᠯᠢ ᠬᠡᠷᠡᠭ᠌ᠵᠢᠭᠦᠯᠬᠦ᠌ ᠠᠵᠢᠯ᠎ᠨᠢ ᠤᠯᠤᠰ᠎ᠤᠨ ᠮᠡᠳᠡᠯᠭᠡ᠎ᠶ᠋ᠢᠨ ᠦᠮᠴᠢᠯᠡᠯ᠎ᠤᠨ ᠡᠷᠭᠡ᠎ᠶ᠋ᠢᠨ ᠲᠣᠪᠴᠢᠶ᠎ᠠ᠎ᠶ᠋ᠢᠨ ᠲᠤᠰᠭᠠᠶ ᠵᠢᠯᠣᠭᠣᠳᠣᠯᠭ᠎ᠠ᠎ᠶ᠋ᠢ ᠬᠦᠯᠢᠶᠡᠨ᠎ᠡ᠃

ᠠᠷᠪᠠᠨ ᠬᠣᠶᠠᠷ᠂ ᠤᠯᠤᠰ᠎ᠤᠨ ᠵᠠᠬᠢᠳᠠᠯ ᠰᠤᠷᠪᠤᠯᠵᠢᠯᠠᠯ᠎ᠤᠨ ᠲᠣᠪᠴᠢᠶ᠎ᠠ᠎ᠶ᠋ᠢ ᠲᠦᠷᠦ᠍᠎ᠶ᠋ᠢᠨ ᠶᠠᠪᠤᠳᠠᠯ᠎ᠤᠨ ᠬᠣᠷᠢᠶᠠᠨ᠎ᠤ ᠱᠢᠭᠤᠳ ᠬᠠᠷᠢᠶ᠎ᠠ ᠪᠠᠢᠭᠤᠯᠤᠮᠵᠢ ᠪᠣᠯᠭᠠᠨ ᠲᠤᠬᠢᠷᠠᠭᠤᠯᠤᠨ᠎ᠠ᠃ ᠱᠢᠨ᠎ᠡ ᠴᠠᠭ ᠦᠶ᠎ᠡ᠎ᠶ᠋ᠢᠨ ᠨᠠᠮ᠎ᠤᠨ ᠣᠯᠠᠨ ᠲᠦᠮᠡᠨᠴᠢ ᠱᠤᠭᠤᠮ᠎ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠠᠷᠠᠳ᠎ᠤᠨ ᠵᠠᠬᠢᠳᠠᠯ ᠰᠤᠷᠪᠤᠯᠵᠢᠯᠠᠯ᠎ᠤᠨ ᠠᠵᠢᠯ᠎ᠢ ᠴᠢᠩᠭᠠᠳᠭᠠᠨ ᠰᠠᠢᠵᠢᠷᠠᠭᠤᠯᠵᠤ᠂ ᠠᠷᠠᠳ ᠲᠦᠮᠡᠨ᠎ᠦ ᠦᠨᠳᠦᠰᠦᠨ ᠠᠱᠢᠭ ᠲᠤᠰᠠ᠎ᠶ᠋ᠢ ᠨᠠᠩ ᠰᠠᠢᠲᠤᠷ ᠬᠠᠮᠠᠭᠠᠯᠠᠬᠤ᠎ᠶ᠋ᠢᠨ ᠲᠥᠯᠥᠭᠡ᠂ ᠤᠯᠤᠰ᠎ᠤᠨ ᠵᠠᠬᠢᠳᠠᠯ ᠰᠤᠷᠪᠤᠯᠵᠢᠯᠠᠯ᠎ᠤᠨ ᠲᠣᠪᠴᠢᠶ᠎ᠠ᠎ᠶ᠋ᠢ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ ᠎ᠤᠨ ᠬᠠᠮᠢᠶᠠᠷᠤᠯᠳᠠ ᠳ᠋ᠡᠬᠢ ᠤᠯᠤᠰ᠎ᠤᠨ ᠲᠣᠪᠴᠢᠶ᠎ᠠ᠎ᠡᠴᠡ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠱᠢᠭᠤᠳ ᠬᠠᠷᠢᠶ᠎ᠠ ᠪᠠᠢᠭᠤᠯᠤᠮᠵᠢ ᠪᠣᠯᠭᠠᠨ ᠲᠣᠬᠢᠷᠠᠭᠤᠯᠤᠨ᠎ᠠ᠃

ᠠᠷᠪᠠᠨ ᠭᠤᠷᠪᠠ᠂ ᠲᠥᠪ᠎ᠦᠨ ᠲᠦᠷᠦ᠍᠎ᠶ᠋ᠢᠨ ᠪᠠᠢᠭᠤᠯᠭ᠎ᠠ᠎ᠶ᠋ᠢᠨ ᠠᠵᠢᠯᠳᠠᠨ᠎ᠤ ᠣᠷᠣᠨ ᠲᠣᠭ᠎ᠠ᠎ᠶ᠋ᠢ ᠴᠤᠮᠬᠠᠳᠬᠠᠨ ᠬᠠᠰᠤᠨ᠎ᠠ᠃ ᠲᠥᠪ᠎ᠦᠨ ᠲᠥᠷᠥ᠎ᠶ᠋ᠢᠨ ᠪᠠᠢᠭᠤᠯᠭ᠎ᠠ᠎ᠶ᠋ᠢᠨ ᠡᠯ᠎ᠡ ᠰᠠᠯᠠᠭ᠎ᠠ ᠮᠥᠴᠢᠷ᠎ᠦᠨ ᠠᠵᠢᠯᠲᠠᠨ᠎ᠤ ᠣᠷᠣᠨ ᠲᠣᠭ᠎ᠠ᠎ᠶ᠋ᠢ ᠨᠢᠭᠡᠳᠦᠯᠲᠡᠶ᠎ᠪᠡᠷ 5% ᠶ᠋ᠢᠨ ᠬᠠᠷᠢᠴᠠᠯ᠎ᠢᠶᠠᠷ ᠴᠤᠮᠬᠠᠳᠬᠠᠨ ᠬᠠᠰᠤᠵᠤ᠂ ᠡᠭᠡᠭᠦᠯᠦᠨ ᠬᠤᠷᠢᠶᠠᠭ᠍ᠰᠠᠨ ᠣᠷᠣᠨ ᠲᠣᠭ᠎ᠠ᠎ᠶ᠋ᠢ ᠭᠣᠣᠯᠳᠠᠭᠤ ᠭᠣᠣᠯᠳᠠᠯᠭ᠎ᠠ᠎ᠲᠠᠶ ᠬᠦᠷᠢᠶ᠎ᠡ ᠪᠣᠯᠤᠨ ᠴᠢᠬᠤᠯᠠ ᠠᠵᠢᠯ᠎ᠳᠤ ᠬᠡᠷᠡᠭ᠌ᠯᠡᠨ᠎ᠡ᠃ ᠴᠤᠮᠬᠠᠳᠬᠠᠨ ᠬᠠᠰᠤᠭ᠍ᠰᠠᠨ᠎ᠤ ᠳᠠᠷᠠᠭᠠᠬᠢ ᠴᠥᠭᠡᠨ ᠲᠣᠭᠠᠨ᠎ᠤ ᠰᠠᠯᠠᠭ᠎ᠠ ᠮᠥᠴᠢᠷ᠎ᠦᠨ ᠣᠷᠣᠨ ᠲᠣᠭ᠎ᠠ ᠬᠡᠲᠦᠷᠡᠭ᠌ᠰᠡᠨ ᠠᠰᠠᠭᠤᠳᠠᠯ᠎ᠢ 5 ᠵᠢᠯ᠎ᠦᠨ ᠱᠢᠯᠵᠢᠯᠲᠡ᠎ᠶ᠋ᠢᠨ ᠬᠤᠭᠤᠴᠠᠭ᠎ᠠ ᠦᠭᠴᠦ ᠠᠯᠬᠤᠮ ᠠᠯᠬᠤᠮ᠎ᠢᠶᠠᠷ ᠰᠢᠢᠳᠪᠦᠷᠢᠯᠡᠭᠦᠯᠦᠨ᠎ᠡ᠃

ᠲᠥᠯᠥᠭᠡᠯᠡᠭ᠌ᠴᠢᠳ ᠡ᠂ ᠳᠡᠭᠡᠷ᠎ᠡ ᠳᠤᠷᠠᠳᠤᠭ᠍ᠰᠠᠨ ᠲᠥᠰᠦᠯ ᠶᠣᠰᠣᠭᠠᠷ ᠲᠣᠬᠢᠷᠠᠭᠤᠯᠤᠯᠲᠠ ᠬᠢᠭ᠌ᠰᠡᠨ᠎ᠦ ᠳᠠᠷᠠᠭ᠎ᠠ᠂ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠡᠴᠡ ᠭᠠᠳᠠᠨ᠎ᠠ᠂ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠪᠦᠷᠢᠯᠳᠦᠬᠦᠨ ᠰᠠᠯᠠᠭ᠎ᠠ ᠮᠥᠴᠢᠷ᠎ᠢ ᠮᠥᠨ 26 ᠲᠣᠬᠢᠷᠠᠭᠤᠯᠪᠠ᠃ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠵᠣᠬᠢᠶᠠᠨ ᠪᠠᠢᠭᠤᠯᠬᠤ ᠬᠠᠤᠯᠢ᠎ᠶ᠋ᠢᠨ ᠲᠣᠭ᠍ᠲᠠᠭᠠᠯ᠎ᠢ ᠦᠨᠳᠦᠰᠦᠯᠡᠵᠦ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠶᠠᠮᠤᠨ᠂ ᠬᠦᠳᠡᠭᠡ ᠠᠵᠦ ᠠᠬᠤᠢ ᠬᠥᠳᠡᠭᠡ ᠲᠣᠰᠭᠣᠨ᠎ᠤ ᠶᠠᠮᠤᠨ ᠵᠡᠷᠭᠡ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠪᠦᠷᠢᠯᠳᠦᠬᠦᠨ ᠰᠠᠯᠠᠭ᠎ᠠ ᠮᠥᠴᠢᠷ᠎ᠦᠨ ᠲᠣᠬᠢᠷᠠᠭᠤᠯᠤᠯᠲᠠ ᠪᠠ ᠪᠠᠢᠷᠢᠯᠠᠭᠤᠯᠤᠯᠲᠠ᠎ᠶ᠋ᠢ ᠶᠡᠬᠡ ᠬᠤᠷᠠᠯ᠎ᠳ᠋ᠤ᠌ ᠳᠡᠪᠰᠢᠭᠦᠯᠪᠡ᠂ ᠬᠢᠨᠠᠨ ᠵᠦᠪᠯᠡᠬᠦ ᠪᠤᠯᠪᠠᠤ᠃

ᠤᠯᠤᠰ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ᠂ ᠤᠯᠤᠰ᠎ᠤᠨ ᠮᠥᠩᠭᠥᠨ ᠭᠦᠶ᠋ᠯᠭᠡᠭᠡᠨ᠎ᠦ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ᠂ ᠳᠤᠮᠳᠠᠳᠤ ᠤᠯᠤᠰ᠎ᠤᠨ ᠦᠨᠡᠲᠦ ᠲᠡᠮᠳᠡᠭ᠌ᠲᠦ᠍᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠵᠥᠪᠯᠡᠯ᠂ ᠤᠯᠤᠰ᠎ᠤᠨ ᠵᠠᠬᠢᠳᠠᠯ ᠰᠤᠷᠪᠤᠯᠵᠢᠯᠠᠯ᠎ᠤᠨ ᠲᠣᠪᠴᠢᠶ᠎ᠠ᠂ ᠤᠯᠤᠰ᠎ᠤᠨ ᠮᠡᠳᠡᠯᠭᠡ᠎ᠶ᠋ᠢᠨ ᠦᠮᠴᠢᠯᠡᠯ᠎ᠤᠨ ᠡᠷᠭᠡ᠎ᠶ᠋ᠢᠨ ᠲᠣᠪᠴᠢᠶ᠎ᠠ᠂ ᠤᠯᠤᠰ᠎ᠤᠨ ᠳ᠋ᠠᠢᠲ᠋ᠠ᠎ᠶ᠋ᠢᠨ ᠲᠣᠪᠴᠢᠶ᠎ᠠ᠂ ᠤᠯᠤᠰ᠎ᠤᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠲᠣᠪᠴᠢᠶ᠎ᠠ ᠵᠡᠷᠭᠡ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠪᠦᠷᠢᠯᠳᠦᠬᠦᠨ ᠰᠠᠯᠠᠭ᠎ᠠ ᠮᠥᠴᠢᠷ᠎ᠡᠴᠡ ᠭᠠᠳᠠᠨᠠᠬᠢ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠬᠠᠷᠢᠶ᠎ᠠ ᠪᠠᠢᠭᠤᠯᠤᠮᠵᠢ᠎ᠶ᠋ᠢᠨ ᠲᠣᠬᠢᠷᠠᠭᠤᠯᠤᠯᠲᠠ ᠪᠠ ᠪᠠᠢᠷᠢᠯᠠᠭᠤᠯᠤᠯᠲᠠ᠎ᠶ᠋ᠢ ᠱᠢᠨ᠎ᠡ᠎ᠪᠡᠷ ᠪᠦᠷᠢᠯᠳᠦᠬᠦ᠌ ᠲᠥᠷᠥ᠎ᠶ᠋ᠢᠨ ᠶᠠᠪᠤᠳᠠᠯ᠎ᠤᠨ ᠬᠣᠷᠢᠶ᠎ᠠ᠎ᠡᠴᠡ ᠬᠢᠨᠠᠨ ᠪᠠᠢᠴᠠᠭᠠᠵᠤ ᠵᠥᠪᠱᠢᠶᠡᠷᠡᠨ᠎ᠡ᠃

ᠲᠠᠷᠠᠭᠠᠴᠢ᠎ᠶ᠋ᠢᠨ ᠠᠯᠬᠤᠮ᠎ᠳᠤ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢ ᠬᠡᠷᠡᠭ᠌ᠵᠢᠭᠦᠯᠬᠦ᠌ ᠠᠵᠢᠯ᠎ᠤᠨ ᠳᠤᠮᠳᠠ᠂ ᠪᠢᠳᠠ 《ᠬᠣᠶᠠᠷ᠎ᠢ ᠲᠣᠭ᠍ᠲᠠᠭᠠᠭᠰᠠᠨ》 ᠤ᠋ ᠱᠢᠢᠳᠪᠦᠷᠢᠯᠡᠭ᠌ᠴᠢ ᠴᠢᠨᠠᠷᠲᠠᠢ ᠠᠴᠢ ᠬᠣᠯᠪᠣᠭ᠍ᠳᠠᠯ᠎ᠢ ᠭᠦᠨᠵᠡᠭᠡᠢ ᠲᠠᠨᠢᠵᠤ᠂ 《ᠳᠥᠷᠪᠡᠨ ᠤᠬᠠᠮᠰᠠᠷ》ᠢ᠋ᠢᠡᠨ ᠴᠢᠩᠭᠠᠳᠭᠠᠵᠤ᠂ 《ᠳᠥᠷᠪᠡᠨ ᠢᠲᠡᠭᠡᠯ》 ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠂ ᠨᠠᠮ᠎ᠤᠨ ᠲᠥᠪ ᠬᠣᠷᠢᠶᠠᠨ᠎ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠡᠷᠡᠰ ᠬᠠᠮᠠᠭᠠᠯᠠᠵᠤ᠂ ᠨᠠᠮ ᠪᠣᠯᠤᠨ ᠲᠦᠷᠦ᠍᠎ᠶ᠋ᠢᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢᠨ ᠲᠤᠬᠠᠢ ᠨᠠᠮ᠎ᠤᠨ ᠲᠥᠪ ᠬᠣᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠥᠭᠡᠷᠡᠴᠢᠯᠡᠯᠲᠡ᠎ᠶ᠋ᠢᠨ ᠵᠠᠩᠭᠢᠯᠠᠭ᠎ᠠ᠎ᠶ᠋ᠢᠨ ᠭᠣᠭ᠍ᠴᠣᠭ᠎ᠠ᠎ᠶ᠋ᠢ ᠰᠠᠢᠲᠤᠷ ᠠᠳᠭᠤᠵᠤ᠂ ᠦᠵᠡᠯ ᠰᠠᠨᠠᠭ᠎ᠠ ᠤᠯᠤᠰ ᠲᠥᠷᠥ᠎ᠶ᠋ᠢᠨ ᠠᠵᠢᠯ᠎ᠢ ᠰᠠᠢᠲᠤᠷ ᠬᠢᠵᠦ᠂ ᠥᠭᠡᠷᠡᠴᠢᠯᠡᠯᠲᠡ᠎ᠶ᠋ᠢᠨ ᠰᠠᠬᠢᠯᠭ᠎ᠠ ᠪᠠᠲᠤ᠎ᠶ᠋ᠢ ᠴᠢᠩᠳᠠᠯᠠᠵᠦ᠂ ᠪᠠᠢᠭᠤᠯᠤᠮᠵᠢ᠂ ᠡᠭᠦᠷᠭᠡ ᠬᠠᠷᠢᠭᠤᠴᠠᠯᠭ᠎ᠠ᠂ ᠠᠵᠢᠯᠲᠠᠨ ᠵᠡᠷᠭᠡ᠎ᠶ᠋ᠢ ᠱᠠᠭᠠᠷᠳᠠᠯᠭ᠎ᠠ ᠶᠣᠰᠣᠭᠠᠷ ᠴᠠᠭ ᠲᠤᠬᠠᠶ᠎ᠳᠤᠨᠢ ᠲᠣᠬᠢᠷᠠᠭᠤᠯᠤᠨ ᠪᠣᠳᠠᠲᠠᠢᠵᠢᠭᠤᠯᠬᠤ ᠎ᠶ᠋ᠢ ᠪᠠᠲᠤᠯᠠᠵᠤ᠂ ᠦᠵᠡᠯ ᠰᠠᠨᠠᠭ᠎ᠠ ᠰᠠᠮᠠᠭᠤᠷᠠᠬᠤ ᠦᠭᠡᠢ᠂ ᠠᠵᠢᠯ ᠲᠠᠰᠤᠯᠳᠠᠬᠤ ᠦᠬᠡᠢ᠂ ᠡᠩᠨᠡᠭᠡ ᠰᠠᠷᠨᠢᠬᠤ ᠦᠭᠡᠢ᠂ ᠡᠷᠴᠢ ᠵᠣᠷᠢᠭ ᠰᠤᠯᠠᠷᠠᠭᠤᠯᠬᠤ ᠦᠭᠡᠢ ᠪᠠᠢᠬᠤ ᠵᠢ ᠪᠠᠳᠤᠯᠠᠨ᠎ᠠ᠃

ᠲᠥᠯᠥᠭᠡᠯᠡᠭ᠌ᠴᠢᠳ ᠡ᠂ ᠡᠨᠡ ᠵᠢᠯ ᠪᠣᠯ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠬᠤ ᠡᠬᠢᠯᠡᠯᠲᠡ᠎ᠶ᠋ᠢᠨ ᠵᠢᠯ ᠮᠥᠨ᠂《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢ ᠬᠡᠷᠡᠭ᠌ᠵᠢᠭᠦᠯᠬᠦ᠌ ᠤᠷᠢᠳᠤᠬᠢ᠎ᠶ᠋ᠢ ᠵᠠᠯᠭᠠᠮᠵᠢᠯᠠᠨ ᠬᠣᠢᠳᠤᠬᠢ᠎ᠳᠦ ᠵᠠᠮ ᠨᠡᠭᠡᠭᠡᠬᠦ ᠵᠠᠩᠭᠢᠯᠠᠭ᠎ᠠ᠎ᠶ᠋ᠢᠨ ᠨᠢᠭᠡ ᠵᠢᠯ ᠮᠥᠨ᠃ ᠪᠢᠳᠡ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠠᠭᠤᠤ ᠶᠡᠬᠡ ᠲᠤᠭ᠎ᠢ ᠥᠨᠳᠥᠷ ᠮᠠᠨᠳᠤᠭᠤᠯᠤᠨ᠂ ᠰᠢ ᠵᠢᠨ ᠫᠢᠩ ᠨᠥᠬᠥᠷ᠎ᠢᠶᠡᠷ ᠭᠣᠣᠯ ᠪᠤᠯᠭᠠᠭᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠢᠭ᠍ᠲᠠᠷᠠᠨ ᠪᠦᠯᠬᠦᠮᠳᠡᠵᠦ᠍᠂ ᠦᠵᠡᠯ ᠰᠠᠨᠠᠭ᠎ᠠ᠎ᠪᠠᠨ ᠨᠢᠭᠡᠳᠭᠡᠨ᠂ ᠦᠢᠯᠡ ᠠᠵᠢᠯᠯᠠᠭ᠎ᠠ᠎ᠪᠠᠨ ᠨᠢᠭᠡᠳᠭᠡᠵᠦ᠍᠂ ᠵᠤᠷᠢᠭ᠎ᠵᠢᠡᠨ ᠬᠦᠪᠴᠢᠯᠡᠨ ᠥᠭᠡᠷᠡᠴᠢᠯᠡᠯᠲᠡ ᠬᠢᠵᠦ᠍᠂ ᠱᠢᠷᠭᠠᠭᠤ ᠠᠵᠢᠯᠯᠠᠨ ᠪᠣᠳᠠᠲᠠᠢ ᠠᠵᠢᠯᠯᠠᠵᠤ᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ᠎ᠶ᠋ᠢᠨ ᠲᠥᠯᠥᠭᠡ ᠪᠦᠯᠬᠦᠮᠳᠡᠨ ᠲᠡᠮᠡᠴᠡᠰᠦᠭᠡᠢ!

(ᠰᠢᠨᠬᠤᠸᠠ ᠬᠤᠷᠢᠶᠠᠨ᠎ᠤ ᠪᠡᠭᠡᠵᠢᠨᠭ᠎ᠤᠨ 3 ᠰᠠᠷ᠎ᠠ᠎ᠵᠢᠨ 7 ᠎ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面