2023-03-07 11:38:36
ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶ᠎ᠠ ᠵᠢᠨ ᠪᠠᠢᠩᠭᠤ᠎ᠶ᠋ᠢᠨ ᠭᠡᠱᠢᠭᠦᠨ ᠯᠢ ᠴᠢᠶᠠᠩ᠂ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶ᠎ᠠ ᠵᠢᠨ ᠪᠠᠢᠩᠭᠤ᠎ᠶ᠋ᠢᠨ ᠭᠡᠱᠢᠭᠦᠨ ᠵᠤᠤ ᠯᠸ ᠵᠶ᠋ᠢ᠂ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶ᠎ᠠ ᠵᠢᠨ ᠪᠠᠢᠩᠭᠤ᠎ᠶ᠋ᠢᠨ ᠭᠡᠱᠢᠭᠦᠨ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠠᠩᠬᠠᠳᠤᠭᠠᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠬᠤᠷᠠᠯ᠎ᠢ ᠡᠷᠬᠢᠯᠡᠭ᠌ᠴᠢ ᠸᠠᠩ ᠬᠣ᠌ ᠨᠢᠩ ᠂ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶ᠎ᠠ ᠵᠢᠨ ᠪᠠᠢᠩᠭᠤ᠎ᠶ᠋ᠢᠨ ᠭᠡᠱᠢᠭᠦᠨ᠂ ᠲᠥᠪ᠎ᠦᠨ ᠱᠦᠵᠢ᠎ᠨᠡᠷ᠎ᠦᠨ ᠭᠠᠵᠠᠷ᠎ᠤᠨ ᠱᠦᠵᠢ ᠼᠠᠢ ᠴᠢ ᠂ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶ᠎ᠠ ᠵᠢᠨ ᠪᠠᠢᠩᠭᠤ᠎ᠶ᠋ᠢᠨ ᠭᠡᠱᠢᠭᠦᠨ᠂ ᠨᠠᠮ᠎ᠤᠨ ᠲᠥᠪ ᠬᠤᠷᠢᠶ᠎ᠠ ᠵᠢᠨ ᠠᠯᠪᠠᠨ ᠲᠢᠩᠬᠢᠮ᠎ᠦᠨ ᠡᠷᠬᠢᠯᠡᠭ᠌ᠴᠢ ᠳ᠋ᠢᠩ ᠱᠢᠤᠸᠠᠢ ᠱᠢᠶᠠᠩ᠂ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶ᠎ᠠ ᠵᠢᠨ ᠪᠠᠢᠩᠭᠤ᠎ᠶ᠋ᠢᠨ ᠭᠡᠱᠢᠭᠦᠨ᠂ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ ᠵᠢᠨ ᠱᠦᠵᠢ ᠯᠢ ᠰᠢ 6 ᠤ᠋ ᠡᠳᠦᠷ ᠲᠤᠰ ᠲᠤᠰ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠠᠩᠬᠠᠳᠤᠭᠠᠷ ᠬᠤᠷᠠᠯ᠎ᠳᠤ ᠣᠷᠣᠯᠴᠠᠵᠤ ᠪᠠᠢᠭ᠎ᠠ ᠭᠡᠱᠢᠭᠦᠳ᠎ᠢ ᠡᠷᠬᠢᠨ ᠦᠵᠡᠭ᠌ᠰᠡᠨ ᠪᠥᠭᠡᠳ ᠳᠤᠭᠤᠢᠯᠠᠩ ᠬᠤᠪᠢᠶᠠᠨ ᠶᠠᠷᠢᠯᠴᠠᠬᠤ᠎ᠳᠤ ᠣᠷᠣᠯᠴᠠᠵᠤ᠂ ᠤᠯᠠᠨ ᠲᠠᠢ ᠬᠠᠮᠲᠤ ᠪᠡᠷ ᠤᠯᠤᠰ᠎ᠤᠨ ᠶᠡᠬᠡ ᠶᠠᠪᠤᠳᠠᠯ᠎ᠢ ᠵᠦᠪᠯᠡᠪᠡ᠃
6 ᠤ᠋ ᠦᠳᠡ᠎ᠶ᠋ᠢᠨ ᠡᠮᠦᠨ᠎ᠡ᠂ ᠯᠢ ᠴᠢᠶᠠᠩ ᠠᠵᠤ ᠠᠬᠤᠶ᠎ᠶ᠋ᠢᠨ ᠡᠲᠡᠭᠡᠳ᠎ᠦᠨ ᠭᠡᠱᠢᠭᠦᠳ᠎ᠦᠨ ᠳᠤᠭᠤᠢᠯᠠᠩ᠎ᠬᠠᠮᠲᠤᠷᠠᠭ᠍ᠰᠠᠨ ᠬᠤᠷᠠᠯ᠎ᠳᠤ ᠣᠷᠣᠯᠴᠠᠪᠠ᠃ ᠮᠠ ᠵᠢᠶᠠᠨ ᠲᠠᠩ ᠂ ᠴᠧᠨ ᡁᠢ ᠬᠤᠸᠠ ᠂ ᠱ᠌ᠢ ᠯᠸᠢ ᠵᠡᠷᠭᠡ ᠭᠡᠱᠢᠭᠦᠳ᠎ᠦᠨ ᠬᠡᠯᠡᠬᠦ᠎ᠶ᠋ᠢ ᠨᠠᠷᠢᠨ ᠬᠢᠨᠠᠮᠠᠭᠠᠢ ᠰᠣᠨᠣᠰᠤᠭ᠍ᠰᠠᠨ᠎ᠤ ᠳᠠᠷᠠᠭ᠎ᠠ ᠂ ᠯᠢ ᠴᠢᠶᠠᠩ᠂ ᠥᠩᠭᠡᠷᠡᠭ᠌ᠰᠡᠨ ᠲᠠᠪᠤᠨ ᠵᠢᠯ ᠪᠣᠯ ᠲᠤᠢᠯ᠎ᠤᠨ ᠶᠡᠷᠦ᠍ ᠪᠤᠰᠤ᠂ ᠲᠤᠢᠯ᠎ᠤᠨ ᠵᠢᠷ᠎ᠤᠨ ᠪᠤᠰᠤᠪᠠᠢᠵᠤ ᠂ ᠮᠠᠨ᠎ᠤ ᠤᠯᠤᠰ᠎ᠤᠨ ᠠᠵᠤ ᠠᠬᠤᠢ ᠨᠡᠢᠭᠡᠮ᠎ᠦᠨ ᠬᠥᠭ᠌ᠵᠢᠯᠲᠡ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠭ᠍ᠰᠠᠨ ᠴᠢᠬᠤᠯᠠ ᠶᠡᠬᠡ ᠠᠮᠵᠢᠯᠲᠠ ᠪᠦᠲᠦᠮᠵᠢ ᠣᠯᠵᠠᠢ᠃ ᠡᠨᠡ ᠪᠣᠯ ᠰᠢ ᠵᠢᠨ ᠫᠢᠩ ᠨᠥᠬᠥᠷ᠎ᠢᠶᠡᠷ ᠭᠣᠣᠯ ᠪᠤᠯᠭᠠᠭᠰᠠᠨ ᠨᠠᠮ᠎ᠤᠨ ᠲᠥᠪ ᠬᠤᠷᠢᠶ᠎ᠠ ᠵᠢᠨ ᠡᠷᠡᠰ ᠴᠢᠩᠭ᠎ᠠ ᠤᠳᠤᠷᠢᠳᠤᠯᠭ᠎ᠠ᠎ᠶ᠋ᠢᠨ ᠦᠷ᠎ᠡ ᠳ᠋ᠦᠩ ᠮᠥᠨ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠱᠢᠨᠵᠢᠯᠡᠬᠦ᠌ ᠤᠬᠠᠭᠠᠨᠴᠢ ᠵᠢᠯᠣᠭᠣᠳᠤᠯᠭ᠎ᠠ᠎ᠵᠢᠨ ᠦᠷ᠎ᠡ ᠳ᠋ᠦᠩ ᠮᠥᠨ᠂ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠪᠦᠯᠬᠦᠮᠳᠡᠨ ᠲᠡᠮᠡᠴᠡᠭ᠌ᠰᠡᠨ ᠦ ᠦᠷ᠎ᠡ ᠳ᠋ᠦᠩ ᠮᠥᠨ᠃ ᠪᠢᠳᠡ ᠡᠭᠦᠨ᠎ᠦ ᠳᠤᠮᠳᠠ᠎ᠡᠴᠡ 《 ᠬᠣᠶᠠᠷ᠎ᠢ ᠲᠤᠭᠲᠠᠭᠠᠭᠰᠡᠨ》 ᠤ᠋ ᠱᠢᠶ᠋ᠳᠪᠦᠷᠢᠯᠡᠭ᠌ᠴᠢ ᠴᠢᠨᠠᠷᠲᠠᠶ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ 《 ᠬᠣᠶᠠᠷ᠎ᠢ ᠬᠠᠮᠠᠭᠠᠯᠠᠬᠤ 》 ᠶ᠋ᠢ ᠨᠠᠩ ᠡᠷᠡᠰ ᠪᠠᠲᠤ ᠤᠬᠠᠮᠰᠠᠷ᠎ᠡᠴᠡ᠎ᠪᠠᠨ ᠪᠡᠶᠡᠯᠡᠭᠦᠯᠵᠦ᠍᠂ ᠪᠦᠯᠬᠦᠮᠳᠡᠨ ᠲᠡᠮᠡᠴᠡᠬᠦ᠌ ᠬᠠᠮᠲᠤ᠎ᠶ᠋ᠢᠨ ᠦᠵᠡᠯ ᠰᠠᠨᠠᠭ᠎ᠠ ᠤᠯᠤᠰ ᠲᠥᠷᠥ᠎ᠶ᠋ᠢᠨ ᠰᠠᠭᠤᠷᠢ᠎ᠶ᠋ᠢ ᠪᠡᠬᠢᠵᠢᠭᠦᠯᠵᠦ᠍ ᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠬᠦᠴᠦᠷᠬᠡᠭ ᠶᠡᠬᠡ ᠬᠠᠮᠲᠤᠷᠠᠯ ᠬᠦᠴᠦᠨ᠎ᠢ ᠨᠢᠭ᠍ᠲᠠᠷᠠᠭᠤᠯᠬᠤ ᠬᠡᠷᠡᠭ᠌ᠲᠡᠶ ᠭᠡᠵᠤ ᠬᠡᠪᠡ᠃ ᠯᠢ ᠴᠢᠶᠠᠩ᠂ ᠡᠨᠡ ᠵᠢᠯ᠎ᠡᠴᠡ ᠨᠠᠭᠠᠰᠢ ᠂ ᠮᠠᠨ᠎ᠤ ᠤᠯᠤᠰ᠎ᠤᠨ ᠠᠵᠤ ᠠᠬᠤᠢ᠎ᠶ᠋ᠢᠨ ᠬᠥᠭ᠌ᠵᠢᠯᠲᠡ ᠰᠠᠢ᠌ᠨ ᠡᠬᠢᠯᠡᠯᠲᠡ᠎ᠲᠡᠶ ᠪᠣᠯᠤᠭ᠍ᠰᠠᠨ ᠪᠣᠯᠪᠠᠴᠤ᠌ ᠲᠤᠯᠭᠠᠷᠠᠵᠤ ᠪᠠᠢᠭ᠎ᠠ ᠬᠦᠴᠢᠷᠳᠡᠯ ᠥᠷᠢᠰᠥᠯᠳᠦᠭᠡᠨ ᠪᠣᠯᠤᠨ ᠲᠣᠭ᠍ᠲᠠᠭᠠᠯᠲᠤ ᠪᠤᠰᠤ ᠡᠯᠧᠮᠧᠨ᠋ᠲ ᠮᠥᠨ ᠬᠦ᠌ ᠴᠥᠭᠡᠨ ᠪᠤᠰᠤ ᠪᠠᠢᠨ᠎ᠠ᠃ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠲᠥᠪ᠎ᠦᠨ ᠠᠵᠤ ᠠᠬᠤᠢ᠎ᠶ᠋ᠢᠨ ᠠᠵᠢᠯ᠎ᠤᠨ ᠬᠤᠷᠠᠯ᠎ᠤᠨ ᠪᠠᠢᠷᠢᠯᠠᠭᠤᠯᠤᠯᠲᠠ ᠶᠣᠰᠣᠭᠠᠷ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠵᠤ ᠂ ᠱᠢᠨ᠎ᠡ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢ ᠪᠦᠷᠢᠨ ᠪᠦᠲᠦᠨ᠂ ᠵᠦᠪ ᠤᠨᠤᠪᠴᠢᠲᠠᠢ᠂ ᠪᠦᠬᠦ᠌ ᠲᠠᠯ᠎ᠠ᠎ᠪᠠᠷ ᠲᠤᠭᠤᠱᠢᠯᠠᠭᠤᠯᠵᠤ ᠂ ᠴᠢᠨᠠᠷ ᠰᠠᠢᠲᠠᠢ ᠬᠥᠭ᠌ᠵᠢᠯᠲᠡ᠎ᠶ᠋ᠢ ᠬᠦᠴᠦᠯᠡᠨ ᠠᠬᠢᠭᠤᠯᠬᠤ ᠬᠡᠷᠡᠭ᠌ᠲᠡᠢ᠃ ᠬᠣᠷᠸ᠎ᠠ ᠲᠥᠷᠥ᠎ᠶ᠋ᠢᠨ ᠪᠣᠳᠣᠯᠭ᠎ᠠ᠎ᠶ᠋ᠢ ᠱᠢᠨᠵᠢᠯᠡᠬᠦ᠌ ᠤᠬᠠᠭᠠᠨᠴᠢᠨᠠᠷᠢᠯᠢᠭ ᠣᠨᠣᠴᠠᠲᠠᠶ ᠬᠡᠷᠡᠭ᠌ᠵᠢᠭᠦᠯᠵᠦ᠍᠂ ᠨᠡᠮᠡᠭ᠌ᠳᠡᠯ᠎ᠢ ᠲᠤᠭᠲᠠᠭᠤᠨ ᠪᠠᠢᠯᠭᠠᠬᠤ᠂ ᠠᠵᠢᠯ ᠣᠯᠭᠣᠯᠲᠠ᠎ᠶ᠋ᠢ ᠲᠤᠭᠲᠠᠭᠤᠨ ᠪᠠᠢᠯᠭᠠᠬᠤ᠂ ᠪᠠᠷᠠᠭᠠᠨ᠎ᠤ ᠦᠨ᠎ᠡ᠎ᠶ᠋ᠢ ᠲᠤᠭᠲᠠᠭᠤᠨ ᠪᠠᠢᠯᠭᠠᠬᠤ ᠠᠵᠢᠯ᠎ᠢ ᠲᠣᠪᠣᠢᠮ᠎ᠠ ᠰᠠᠢᠲᠤᠷ ᠬᠢᠵᠦ᠍ ᠂ ᠠᠵᠤ ᠠᠬᠤᠶ᠎ᠶ᠋ᠢᠨ ᠡᠷᠬᠢᠯᠲᠡ ᠵᠢᠨ ᠪᠦᠬᠦᠯᠢ ᠴᠣᠭ᠍ᠴᠠ᠎ᠶ᠋ᠢᠨ ᠰᠠᠢᠵᠢᠷᠠᠯᠲᠠ᠎ᠶ᠋ᠢ ᠠᠬᠢᠭᠤᠯᠵᠤ ᠂ ᠪᠥᠬᠥ᠌ ᠵᠢᠯ᠎ᠦᠨ ᠬᠥᠭ᠌ᠵᠢᠯᠲᠡ᠎ᠶ᠋ᠢᠨ ᠬᠠᠷᠠᠯᠲᠠ ᠡᠭᠦᠷᠭᠡ᠎ᠶ᠋ᠢ ᠴᠢᠷᠮᠠᠢᠨ ᠪᠡᠶᠡᠯᠡᠭᠦᠯᠬᠦ᠌ ᠬᠡᠷᠡᠭ᠌ᠲᠡᠶ᠃ ᠠᠷᠭ᠎ᠠ ᠪᠤᠳᠤᠯᠭ᠎ᠠ ᠵᠢ ᠶᠡᠷᠦᠩᠬᠡᠢᠯᠡᠨ ᠬᠡᠷᠡᠭ᠌ᠵᠢᠭᠦᠯᠵᠦ᠍ ᠪᠦᠲᠦᠮᠵᠢᠲᠡᠢ ᠬᠡᠷᠡᠭ᠌ᠴᠡᠭᠡ᠎ᠶ᠋ᠢ ᠥᠷᠭᠡᠳᠭᠡᠵᠦ᠍ ᠂ ᠬᠡᠷᠡᠭ᠌ᠴᠡᠭᠡ᠎ᠪᠡᠷ ᠬᠠᠩᠭᠠᠯᠭ᠎ᠠ᠎ᠶ᠋ᠢ ᠳᠠᠢᠴᠢᠯᠠᠬᠤ ᠂ ᠬᠠᠩᠭᠠᠯᠭ᠎ᠠ᠎ᠪᠠᠷ ᠬᠡᠷᠡᠭ᠌ᠴᠡᠭᠡ᠎ᠶ᠋ᠢ ᠪᠤᠢ ᠪᠤᠯᠭᠠᠬᠤ ᠶ᠋ᠢ ᠨᠡᠩ ᠰᠠᠢᠲᠤᠷ ᠪᠡᠶᠡᠯᠡᠭᠦᠯᠬᠦ᠌ ᠬᠡᠷᠡᠭ᠌ᠲᠡᠢ᠃ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠶ᠋ᠢ ᠶᠡᠬᠡᠪᠡᠷ ᠠᠬᠢᠭᠤᠯᠵᠤ ᠂ ᠥᠨᠳᠥᠷ ᠲᠦᠪᠱᠢᠨ ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶ᠋ᠢᠨ ᠪᠠᠢᠭᠤᠯᠤᠮᠵᠢ᠎ᠶ᠋ᠢ ᠲᠦᠷᠭᠡᠳᠭᠡᠨ ᠪᠠᠢᠭᠤᠯᠵᠤ᠂ ᠥᠨᠳᠥᠷ ᠲᠦᠪᠱᠢᠨ ᠪᠦᠬᠦᠢ ᠭᠠᠳᠠᠭᠠᠳᠤ ᠨᠡᠭᠡᠭᠡᠯᠳᠠ᠎ᠶ᠋ᠢ ᠠᠬᠢᠭᠤᠯᠬᠤ ᠬᠡᠷᠡᠭ᠌ᠲᠡᠢ᠃ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠱᠢᠢᠳᠪᠦᠷᠢᠯᠡᠬᠦ᠌᠎ᠶ᠋ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠬᠢᠵᠦ᠍᠂ ᠱᠢᠰᠲ᠋ᠧᠮ᠎ᠦᠨ ᠴᠢᠨᠠᠷᠲᠠᠢ ᠠᠶᠤᠯ ᠲᠦᠭ᠌ᠰᠢᠭᠦᠷᠢ ᠦᠯᠦ᠍ ᠭᠠᠷᠭᠠᠬᠤ ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭ᠌ᠲᠡᠢ ᠭᠡᠵᠦ ᠴᠢᠬᠤᠯᠠᠴᠢᠯᠠᠪᠠ᠃
6 ᠤ᠋ ᠦᠳᠡ᠎ᠶ᠋ᠢᠨ ᠡᠮᠦᠨ᠎ᠡ᠂ ᠵᠤᠤ ᠯᠸ ᠵᠶ᠋ᠢ ᠭᠣᠮᠢᠨᠳᠠᠩ᠎ᠤᠨ ᠬᠤᠪᠢᠰᠭᠠᠯᠲᠤ ᠬᠣᠷᠢᠶ᠎ᠠ᠂ ᠲᠠᠢᠸᠠᠨ᠎ᠤ ᠠᠷᠠᠳᠴᠢᠯᠠᠯ ᠵᠢᠡᠷ ᠥᠪᠡᠷᠲᠡᠭᠡᠨ ᠵᠠᠰᠠᠬᠤ ᠬᠣᠯᠪᠣᠭ᠎ᠠ᠂ ᠲᠤᠮᠳᠠᠳᠤ ᠵᠢᠨ ᠪᠦᠬᠦ ᠤᠯᠤᠰ᠎ᠤᠨ ᠲᠠᠢᠸᠠᠨ᠎ᠤ ᠠᠬ᠎ᠠ ᠳᠡᠭᠦᠦ᠍᠎ᠨᠡᠷ᠎ᠦᠨ ᠨᠥᠬᠥᠷᠯᠡᠯ᠎ᠦᠨ ᠬᠣᠯᠪᠣᠭ᠎ᠠ᠎ᠶ᠋ᠢᠨ ᠡᠲᠡᠭᠡᠳ᠎ᠦᠨ ᠭᠡᠱᠢᠭᠦᠳ᠎ᠦᠨ ᠳᠤᠭᠤᠢᠯᠠᠩ᠎ᠬᠠᠮᠲᠤᠷᠠᠭ᠍ᠰᠠᠨ ᠬᠤᠷᠠᠯ᠎ᠳᠤ ᠣᠷᠣᠯᠴᠠᠪᠠ᠃ ᠴᠧᠨ ᠱᠢᠩ ᠶᠢᠩ᠂ ᠵᠠᠩ ᠱᠢᠤᠸᠠᠢ ᠴᠢᠶᠣᠤ᠂ ᠡᠸ᠋ ᠭᠦᠸᠧ ᠬᠤᠸᠠ ᠵᠡᠷᠭᠡ ᠭᠡᠱᠢᠭᠦᠳ᠎ᠦᠨ ᠬᠡᠯᠡᠬᠦ᠎ᠶ᠋ᠢ ᠨᠠᠷᠢᠨ ᠬᠢᠨᠠᠮᠠᠭᠠᠶ ᠰᠣᠨᠣᠰᠤᠭ᠍ᠰᠠᠨ᠎ᠤ ᠳᠠᠷᠠᠭ᠎ᠠ᠂ ᠵᠣᠣ ᠯᠸ ᠵᠢᠶ᠂ ᠥᠩᠭᠡᠷᠡᠭ᠌ᠰᠡᠨ ᠲᠠᠪᠤᠨ ᠵᠢᠯ᠎ᠦᠨ ᠠᠮᠵᠢᠯᠲᠠ ᠪᠦᠲᠦᠮᠵᠢ ᠪᠣᠯᠤᠨ ᠱᠢᠨ᠎ᠡ ᠴᠠᠭ ᠦᠶ᠎ᠡ᠎ᠶ᠋ᠢᠨ ᠠᠷᠪᠠᠨ ᠵᠢᠯ᠎ᠦᠨ ᠠᠭᠤᠤ ᠶᠡᠬᠡ ᠬᠤᠪᠢᠰᠤᠯᠲᠠ᠎ᠨᠢ 《 ᠬᠣᠶᠠᠷ᠎ᠢ ᠲᠣᠭ᠍ᠲᠠᠭᠠᠭᠰᠠᠨ》 ᠤ᠋ ᠱᠢᠶ᠋ᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠭᠦᠶ᠋ᠴᠡᠳ ᠢᠯᠡᠷᠡᠭᠦᠯᠵᠦ᠍᠂ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠪᠠᠢᠭᠤᠯᠤᠯ᠎ᠤᠨ ᠢᠯᠡᠷᠬᠡᠢ ᠳᠠᠪᠠᠭᠤᠯᠢᠭ ᠴᠢᠨᠠᠷ᠎ᠢ ᠢᠯᠡᠷᠡᠭᠦᠯᠵᠦ᠍᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠤᠤᠷ᠎ᠠ ᠲᠦᠭ ᠲᠦᠮᠡᠨ ᠠᠷᠠᠳ ᠲᠦᠮᠡᠨ ᠪᠦᠯᠬᠦᠮᠳᠡᠨ ᠨᠢᠭᠡᠳᠴᠦ᠍᠂ ᠡᠷᠡᠯᠬᠡᠭ᠌ᠯᠡᠨ ᠲᠡᠮᠡᠴᠡᠭᠰᠡᠨ ᠰᠦᠷ ᠳᠠᠯᠠᠢᠴᠠᠲᠠᠶ ᠬᠦᠴᠦᠨ᠎ᠢ ᠢᠯᠡᠷᠡᠭᠦᠯᠪᠡ᠃ ᠨᠠᠮ ᠪᠠ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠎ᠶ᠋ᠢᠨ ᠣᠯᠤᠭ᠍ᠰᠠᠨ ᠠᠮᠵᠢᠯᠲᠠ ᠪᠦᠲᠦᠮᠵᠢ᠎ᠳᠦ ᠡᠯ᠎ᠡ ᠠᠷᠠᠳᠴᠢᠯᠠᠭ᠍ᠰᠠᠨ ᠨᠠᠮ ᠪᠦᠯᠦᠭ ᠪᠠ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ᠎ᠦᠨ ᠬᠦᠴᠦ᠍ ᠬᠥᠳᠡᠯᠮᠦᠷᠢ ᠪᠠ ᠤᠶᠤᠨ ᠤᠬᠠᠭᠠᠨ ᠠᠭᠤᠯᠤᠭ᠍ᠳᠠᠵᠤ ᠪᠠᠢᠨ᠎ᠠ ᠭᠡᠵᠤ ᠵᠢᠭᠠᠵᠤ ᠭᠠᠷᠭᠠᠵᠠᠢ᠃ ᠵᠤᠤ ᠯᠸ ᠵᠶ᠋ᠢ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠮᠵᠢᠯᠲᠠ᠎ᠲᠠᠶ ᠠᠬᠢᠭᠤᠯᠤᠨ ᠥᠷᠭᠡᠳᠭᠡᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠤᠨᠤᠯ᠎ᠤᠨ ᠱᠢᠰᠲᠸᠮ᠎ᠢ ᠠᠩᠬ᠎ᠠ ᠠᠯᠬᠤᠮ ᠪᠠᠢᠭᠤᠯᠵᠤ᠂ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠳᠤ ᠭᠡᠭᠡᠨ ᠰᠠᠷᠠᠭᠤᠯ ᠢᠷᠡᠭᠡᠳᠦᠢ᠎ᠶ᠋ᠢ ᠨᠡᠭᠡᠭᠡᠵᠦ᠍ ᠥᠭ᠌ᠪᠡ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠤᠤᠷ᠎ᠠ ᠳᠤᠮᠳᠠᠳᠤ ᠤᠯᠤᠰ᠎ᠤᠨ ᠣᠨᠴᠠᠯᠢᠭ᠎ᠲᠠᠶ ᠣᠳᠣᠬᠢᠴᠢᠯᠠᠯᠲᠠ᠎ᠶ᠋ᠢᠨ ᠵᠠᠮ᠎ᠢᠶᠠᠷ ᠡᠷᠡᠰ ᠭᠤᠢᠪᠢᠰᠢ ᠥᠬᠡᠶ ᠵᠠᠮᠨᠠᠬᠤ᠎ᠶ᠋ᠢ ᠭᠦᠨᠵᠡᠭᠡᠶ ᠰᠤᠷᠤᠯᠴᠠᠨ ᠣᠢᠯᠠᠭᠠᠬᠤ ᠬᠡᠷᠡᠭ᠌ᠲᠡᠶ ᠭᠡᠪᠡ᠃ ᠵᠤᠤ ᠯᠸ ᠵᠶ᠋ᠢ᠂ ᠬᠣᠢᠱᠢᠳᠠ᠎ᠶ᠋ᠢᠨ ᠲᠠᠪᠤᠨ ᠵᠢᠯ ᠪᠣᠯ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠡᠬᠢᠯᠡᠯᠲᠡ᠎ᠶ᠋ᠢᠨ ᠵᠠᠩᠭᠢᠯᠠᠭ᠎ᠠ᠎ᠶ᠋ᠢᠨ ᠬᠤᠭᠤᠴᠠᠭ᠎ᠠ ᠪᠣᠯᠤᠨ᠎ᠠ᠃ ᠳᠤᠮᠳᠠᠳᠤ ᠤᠯᠤᠰ᠎ᠤᠨ ᠭᠣᠮᠢᠨᠳᠠᠩ᠎ᠤᠨ ᠬᠤᠪᠢᠰᠭᠠᠯᠲᠤ ᠬᠣᠷᠢᠶ᠎ᠠ᠂ ᠲᠠᠢᠸᠠᠨ᠎ᠤ ᠠᠷᠠᠳᠴᠢᠯᠠᠯ ᠵᠢᠡᠷ ᠥᠪᠡᠷᠲᠡᠭᠡᠨ ᠵᠠᠰᠠᠬᠤ ᠬᠣᠯᠪᠣᠭ᠎ᠠ᠂ ᠲᠤᠮᠳᠠᠳᠤ ᠵᠢᠨ ᠪᠦᠬᠦ ᠤᠯᠤᠰ᠎ᠤᠨ ᠲᠠᠢᠸᠠᠨ ᠤ᠋ ᠠᠬ᠎ᠠ ᠳᠡᠭᠦᠦ ᠨᠠᠷ ᠤ᠋ᠨ ᠨᠦᠬᠦᠷᠯᠡᠯ ᠤ᠋ᠨ ᠬᠤᠯᠪᠤᠭ᠎ᠠ ᠳᠤᠮᠳᠠᠳᠤ ᠤᠯᠤᠰ᠎ᠤᠨ ᠡᠪ ᠬᠠᠮᠲᠤ ᠨᠠᠮ᠎ᠲᠠᠶ ᠪᠤᠳᠤᠯ ᠰᠠᠨᠠᠭ᠎ᠠ ᠨᠢᠭᠡᠲᠡᠢ ᠂ ᠵᠣᠭ᠍ᠰᠣᠯᠳᠠ ᠨᠢᠭᠡᠳᠡᠢ᠂ ᠠᠵᠢᠯᠯᠠᠭ᠎ᠠ ᠨᠢᠭᠡᠳᠡᠢ ᠪᠠᠢᠬᠤ ᠤᠬᠠᠮᠰᠠᠷᠲᠤ ᠴᠢᠨᠠᠷ ᠪᠣᠯᠤᠨ ᠡᠷᠡᠰ ᠪᠠᠲᠤ ᠴᠢᠨᠠᠷ᠎ᠢᠶᠠᠨ ᠴᠢᠩᠭᠠᠳᠭᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ᠎ᠡᠴᠡ ᠲᠣᠭ᠍ᠲᠠᠭᠠᠭ᠍ᠰᠠᠨ ᠬᠠᠷᠠᠯᠲᠠ ᠡᠭᠦᠷᠭᠡ᠎ᠶ᠋ᠢᠨ ᠲᠣᠭᠣᠷᠢᠨ᠎ᠳᠤ᠂ ᠱᠢᠨ᠎ᠡ ᠬᠡᠯᠪᠡᠷᠢ᠎ᠶ᠋ᠢᠨ ᠲᠦᠷᠦ᠍᠎ᠶ᠋ᠢᠨ ᠨᠠᠮ᠎ᠤᠨ ᠪᠠᠢᠭᠤᠯᠤᠯ᠎ᠤᠨ ᠳᠠᠪᠠᠭᠤᠯᠢᠭ᠎ᠢ ᠭᠦᠢᠴᠡᠳ ᠪᠠᠳᠠᠷᠠᠭᠤᠯᠵᠤ᠂ ᠠᠷᠠᠳᠴᠢᠯᠠᠯ᠎ᠢ ᠪᠠᠳᠠᠷᠠᠭᠤᠯᠬᠤ ᠪᠠ ᠪᠦᠯᠬᠦᠮᠳᠡᠯ᠎ᠢ ᠴᠢᠩᠭᠠᠳᠭᠠᠬᠤ᠎ᠶ᠋ᠢ ᠬᠠᠷᠢᠯᠴᠠᠨ ᠨᠡᠪᠲᠡᠷᠡᠯᠴᠡᠭᠦᠯᠬᠦ᠌᠂ ᠠᠷᠭ᠎ᠠ ᠤᠬᠠᠭᠠᠨ ᠭᠠᠷᠭᠠᠨ ᠵᠠᠰᠠᠭ᠎ᠲᠤ ᠲᠤᠰᠠᠯᠠᠬᠤ ᠪᠠ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ ᠬᠣᠣᠰ ᠴᠢᠭ᠌ᠯᠡᠯ᠎ᠢᠶᠡᠷ ᠬᠦᠴᠦᠯᠡᠬᠦ ᠵᠢ ᠪᠠᠷᠢᠮᠳᠠᠯᠠᠨ᠂ ᠰᠡᠳᠭᠢᠯ ᠨᠢᠭᠡᠳᠦᠨ ᠳᠤᠮᠳᠠᠳᠤ᠎ᠶ᠋ᠢᠨ ᠵᠡᠭᠦᠳᠦ᠍᠎ᠶ᠋ᠢ ᠬᠠᠮᠲᠤ᠎ᠪᠠᠷ ᠲᠡᠷᠭᠡᠯᠱᠢᠭᠦᠯᠬᠦ᠌ ᠬᠦᠴᠦᠷᠬᠡᠭ ᠶᠡᠬᠡ ᠬᠠᠮᠲᠤᠷᠠᠯ ᠬᠦᠴᠦᠨ᠎ᠢ ᠨᠢᠭ᠍ᠲᠠᠷᠠᠭᠤᠯᠬᠤ᠎ᠶ᠋ᠢ ᠬᠦᠰᠡᠵᠦ᠍ ᠪᠠᠢᠨ᠎ᠠ᠃ ᠱᠢᠨ᠎ᠡ ᠴᠠᠭ ᠦᠶ᠎ᠡ᠎ᠶ᠋ᠢᠨ ᠨᠠᠮ᠎ᠤᠨ ᠲᠠᠢᠸᠠᠨ᠎ᠤ ᠠᠰᠠᠭᠤᠳᠠᠯ᠎ᠢ ᠱᠢᠢᠳᠪᠦᠷᠢᠯᠡᠬᠦ᠌ ᠶᠡᠷᠦᠩᠬᠡᠢ ᠠᠷᠭ᠎ᠠ ᠪᠤᠳᠤᠯᠭ᠎ᠠ᠎ᠶ᠋ᠢ ᠲᠤᠭᠤᠱᠢᠯᠠᠭᠤᠯᠵᠤ᠂ ᠤᠯᠤᠰ ᠲᠦᠷᠦ᠍᠎ᠶ᠋ᠢᠨ ᠵᠣᠭ᠍ᠰᠣᠯᠳᠠᠪᠠᠨ ᠪᠠᠲᠤᠳᠭᠠᠨ᠂ ᠲᠤᠰ ᠪᠡᠶ᠎ᠡ᠎ᠶ᠋ᠢᠨ ᠳᠠᠪᠠᠭᠤᠯᠢᠭ᠎ᠢᠶᠠᠨ ᠪᠠᠳᠠᠷᠠᠭᠤᠯᠵᠤ᠂ 《 ᠲᠤᠰᠠᠭᠠᠷ ᠲᠣᠭ᠍ᠲᠠᠨᠢᠭᠤᠯᠬᠤ 》 ᠶ᠋ᠢ ᠡᠷᠡᠰ ᠡᠰᠡᠷᠭᠦᠴᠡᠨ ᠨᠢᠭᠡᠳᠦᠯ᠎ᠢ ᠠᠬᠢᠭᠤᠯᠵᠤ᠂ ᠡᠬᠡ ᠤᠯᠤᠰ ᠵᠢᠡᠨ ᠨᠢᠭᠡᠳᠭᠡᠬᠦ᠌ ᠶᠡᠬᠡ ᠦᠢᠯᠡᠰ᠎ᠢ ᠡᠷᠡᠰ ᠭᠤᠢᠪᠢᠰᠢ ᠦᠭᠡᠢ ᠠᠬᠢᠭᠤᠯᠬᠤ ᠬᠡᠷᠡᠭ᠌ᠲᠡᠢ ᠭᠡᠵᠤ ᠵᠢᠭᠠᠵᠤ ᠭᠠᠷᠭᠠᠪᠠ᠃
6 ᠤ᠋ ᠦᠳᠡ᠎ᠶ᠋ᠢᠨ ᠡᠮᠦᠨ᠎ᠡ᠂ ᠸᠠᠩ ᠬ᠍ᠤ᠌ ᠨᠢᠩ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠡᠲᠡᠭᠡᠳ᠎ᠦᠨ ᠭᠡᠱᠢᠭᠦᠳ᠎ᠦᠨ ᠳᠤᠭᠤᠢᠯᠠᠩ ᠬᠠᠮᠲᠤᠷᠠᠭ᠍ᠰᠠᠨ ᠬᠤᠷᠠᠯ᠎ᠳᠤ ᠣᠷᠣᠯᠴᠠᠪᠠ᠃ ᠬᠤᠸᠠᠩ ᠯᠢ ᠱᠢᠨ᠂ ᠯᠢᠦ ᠵᠢᠶᠠ ᠢ᠂ ᠯᠢ ᠷᠦᠩ ᠼᠠᠨ ᠵᠡᠷᠭᠡ ᠭᠡᠱᠢᠭᠦᠳ᠎ᠦᠨ ᠬᠡᠯᠡᠬᠦ᠎ᠶ᠋ᠢ ᠨᠠᠷᠢᠨ ᠬᠢᠨᠠᠮᠠᠭᠠᠢ ᠰᠣᠨᠣᠰᠤᠭ᠍ᠰᠠᠨ᠎ᠤ ᠳᠠᠷᠠᠭ᠎ᠠ᠂ ᠸᠠᠩ ᠬ᠍ᠤ᠌ ᠨᠢᠩ ᠂ ᠱᠢᠨ᠎ᠡ ᠴᠠᠭ ᠦᠶ᠎ᠡ᠎ᠶ᠋ᠢᠨ ᠠᠷᠪᠠᠨ ᠵᠢᠯ᠎ᠦᠨ ᠠᠭᠤᠤ ᠶᠡᠬᠡ ᠬᠤᠪᠢᠰᠤᠯᠲᠠ᠂ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠣᠯᠤᠭ᠍ᠰᠠᠨ ᠠᠯᠢᠪᠠ ᠠᠮᠵᠢᠯᠲᠠ ᠪᠦᠲᠦᠮᠵᠢ᠎ᠶ᠋ᠢᠨ ᠦᠨᠳᠦᠰᠦ ᠨᠢ 《 ᠬᠣᠶᠠᠷ᠎ᠢ ᠲᠣᠭ᠍ᠲᠠᠭᠠᠭ᠍ᠰᠠᠨ 》 ᠳ᠋ᠤ ᠪᠠᠢᠨ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠡᠲᠡᠭᠡᠳ᠎ᠦᠨ ᠭᠡᠱᠢᠭᠦᠳ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ ᠪᠣᠯᠤᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ 《 ᠬᠣᠶᠠᠷ᠎ᠢ ᠲᠣᠭ᠍ᠲᠠᠭᠠᠬᠰᠠᠨ 》᠎ᠤ᠋ ᠱᠢᠶ᠋ᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ 《 ᠳᠥᠷᠪᠡᠨ ᠤᠬᠠᠮᠰᠠᠷ 》 ᠵᠢᠨᠨ ᠴᠢᠩᠭᠠᠳᠭᠠᠵᠤ᠂ 《 ᠳᠥᠷᠪᠡᠨ ᠢᠲᠡᠭᠡᠯ 》 ᠵᠢᠨᠨ ᠪᠠᠲᠤᠳᠭᠠᠵᠤ᠂ 《 ᠬᠣᠶᠠᠷ᠎ᠢ ᠬᠠᠮᠠᠭᠠᠯᠠᠬᠤ 》 ᠶ᠋ᠢ ᠪᠡᠶᠡᠯᠡᠭᠦᠯᠵᠦ᠍᠂ ᠤᠯᠤᠰ ᠲᠥᠷᠥ᠎ᠶ᠋ᠢᠨ ᠮᠠᠭᠠᠳᠯᠠᠬᠤ ᠴᠢᠳᠠᠪᠤᠷᠢ᠂ ᠤᠯᠤᠰ ᠲᠥᠷᠥ᠎ᠶ᠋ᠢᠨ ᠣᠢᠯᠠᠭᠠᠬᠤ ᠴᠢᠳᠠᠪᠤᠷᠢ᠂ ᠤᠯᠤᠰ ᠲᠥᠷᠥ᠎ᠶ᠋ᠢᠨ ᠬᠡᠷᠡᠭ᠌ᠵᠢᠭᠦᠯᠬᠦ᠌ ᠴᠢᠳᠠᠪᠤᠷᠢ᠎ᠪᠠᠨ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠤᠬᠠᠮᠰᠠᠷ᠎ᠡᠴᠡ᠎ᠪᠠᠨ ᠦᠵᠡᠯ ᠰᠠᠨᠠᠭ᠎ᠠ ᠤᠯᠤᠰ ᠲᠥᠷᠥ᠍ ᠦᠶ᠋ᠯᠡ ᠠᠵᠢᠯᠯᠠᠭ᠎ᠠ᠎ᠶ᠋ᠢᠨ ᠲᠠᠯ᠎ᠠ᠎ᠪᠠᠷ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ᠎ᠲᠠᠶ ᠳᠡᠭᠡᠳᠦ ᠬᠡᠮᠵᠢᠶ᠎ᠡ᠎ᠪᠡᠷ ᠨᠢᠭᠡᠳᠦᠯᠲᠡᠶ ᠪᠠᠢᠬᠤ ᠬᠡᠷᠡᠭ᠌ᠲᠡᠶ᠃ ᠶᠡᠷᠦᠩᠬᠡᠢ ᠱᠦᠵᠢ ᠰᠢ ᠵᠢᠨ ᠫᠢᠩ᠎ᠦᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠳᠠᠬᠢ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠵᠤ᠂ ᠱᠢᠨ᠎ᠡ ᠴᠠᠭ ᠦᠶ᠎ᠡ ᠱᠢᠨ᠎ᠡ ᠠᠶᠠᠨ᠎ᠳᠠᠬᠢ ᠨᠠᠮ᠎ᠤᠨ ᠭᠣᠣᠯ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠦᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠪᠠᠢᠭᠤᠯᠤᠯ᠎ᠢ ᠰᠠᠢᠲᠤᠷ ᠪᠠᠷᠢᠮᠲᠠᠯᠠᠵᠤ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ ᠦᠢᠯᠡᠰ᠎ᠢ ᠰᠠᠢᠲᠤᠷ ᠬᠥᠭ᠌ᠵᠢᠭᠦᠯᠬᠦ᠌ ᠬᠡᠷᠡᠭ᠌ᠲᠡᠢ᠃ ᠡᠪ ᠬᠠᠮᠲᠤ ᠨᠠᠮ᠎ᠤᠨ ᠭᠡᠱᠢᠭᠦᠨ᠎ᠦ ᠬᠣᠱᠢᠭᠤᠴᠢ ᠵᠢᠱ᠌ᠢᠶᠡᠴᠢ ᠦᠢᠯᠡᠳᠦᠯ᠎ᠢ ᠪᠠᠳᠠᠷᠠᠭᠤᠯᠵᠤ᠂ ᠤᠯᠤᠰ ᠲᠦᠷᠦ᠍᠎ᠶ᠋ᠢᠨ ᠴᠢᠳᠠᠪᠤᠷᠢ᠎ᠪᠠᠨ ᠳᠡᠭᠡᠭ᠌ᠰᠢᠯᠡᠭᠦᠯᠬᠦ᠌ ᠲᠠᠯ᠎ᠠ᠎ᠪᠠᠷ ᠦᠯᠢᠭᠡᠷ ᠳᠠᠭᠤᠷᠢᠶᠠᠯ ᠪᠤᠯᠵᠤ᠂ ᠥᠨᠳᠥᠷ ᠲᠦᠪᠱᠢᠨ᠎ᠢᠶᠡᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠲᠠᠯ᠎ᠠ᠎ᠪᠠᠷ ᠦᠯᠢᠭᠡᠷ ᠳᠠᠭᠤᠷᠢᠶᠠᠯ ᠪᠤᠯᠵᠤ᠂ ᠬᠠᠮᠲᠤᠷᠠᠨ ᠠᠵᠢᠯᠯᠠᠬᠤ᠎ᠶ᠋ᠢ ᠴᠢᠩᠭᠠᠳᠭᠠᠬᠤ ᠲᠠᠯ᠎ᠠ᠎ᠪᠠᠷ ᠦᠯᠢᠭᠡᠷ ᠳᠠᠭᠤᠷᠢᠶᠠᠯ ᠪᠤᠯᠵᠤ᠂ ᠰᠤᠷᠲᠠᠯ᠎ᠤᠨ ᠪᠠᠢᠭᠤᠯᠤᠯᠲᠠ᠎ᠶ᠋ᠢ ᠴᠢᠩᠭᠠᠳᠭᠠᠬᠤ ᠲᠠᠯ᠎ᠠ᠎ᠪᠠᠷ ᠦᠯᠢᠭᠡᠷ ᠳᠠᠭᠤᠷᠢᠶᠠᠯ ᠪᠤᠯᠵᠤ᠂ ᠨᠠᠮ᠎ᠤᠨ ᠲᠥᠪ ᠬᠣᠷᠢᠢ᠎ᠠ᠎ᠡᠴᠡ ᠣᠯᠭᠣᠭ᠍ᠰᠠᠨ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠦᠨᠡᠨ ᠬᠦ᠌ ᠡᠭᠦᠷᠭᠡᠯᠡᠬᠦ᠌ ᠬᠡᠷᠡᠭ᠌ᠲᠡᠢ ᠬᠡᠵᠤ ᠢᠯᠡᠳᠬᠡᠪᠡ᠃
6 ᠤ᠋ ᠦᠳᠡ᠎ᠶ᠋ᠢᠨ ᠡᠮᠦᠨ᠎ᠡ᠂ ᠼᠠᠢ ᠴᠢ ᠱᠢᠨᠵᠢᠯᠡᠬᠦ᠌ ᠤᠬᠠᠭᠠᠨ ᠲᠸᠭᠨᠢᠭ ᠮᠡᠷᠬᠡᠵᠢᠯ ᠤ᠋ᠨ ᠨᠡᠢᠭᠡᠮᠯᠢᠭ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠡᠲᠡᠭᠡᠳ᠎ᠦᠨ ᠭᠡᠱᠢᠭᠦᠳ᠎ᠦᠨ ᠳᠤᠭᠤᠢᠯᠠᠩ ᠬᠠᠮᠲᠤᠷᠠᠭ᠍ᠰᠠᠨ ᠬᠤᠷᠠᠯ᠎ᠳᠤ ᠣᠷᠣᠯᠴᠠᠪᠠ᠃ ᠵᠠᠩ ᠵᠢᠶᠧ᠂ ᠡᠸ᠋ ᠶᠠᠨ ᠱᠧᠩ᠂ ᠴᠠᠩ ᠺᠠᠶ ᠵᠡᠷᠭᠡ ᠭᠡᠱᠢᠭᠦᠳ᠎ᠦᠨ ᠬᠡᠯᠡᠬᠦ᠎ᠶ᠋ᠢ ᠨᠠᠷᠢᠨ ᠬᠢᠨᠠᠮᠠᠭᠠᠶ ᠰᠣᠨᠣᠰᠤᠭ᠍ᠰᠠᠨ᠎ᠤ ᠳᠠᠷᠠᠭ᠎ᠠ᠂ ᠼᠠᠢ ᠴᠢ᠂ ᠥᠩᠭᠡᠷᠡᠭ᠌ᠰᠡᠨ ᠲᠠᠪᠤᠨ ᠵᠢᠯ ᠪᠣᠯ ᠲᠤᠢᠯ᠎ᠤᠨ ᠶᠡᠷᠦ᠍ ᠪᠤᠰᠤ᠂ ᠲᠤᠢᠯ᠎ᠤᠨ ᠵᠢᠷ ᠤ᠋ᠨ ᠪᠤᠰᠤᠶᠤᠮ ᠂ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠪᠥᠬᠥ᠌ ᠨᠠᠮ ᠪᠥᠬᠥ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠡᠯ᠎ᠡ ᠵᠦᠶ᠋ᠯ᠎ᠦᠨ ᠬᠦᠴᠢᠷ ᠪᠡᠷᠬᠡᠱᠢᠶᠡᠯ ᠪᠣᠯᠤᠨ ᠠᠶᠤᠯ ᠲᠦᠭ᠌ᠰᠢᠭᠦᠷᠢ ᠥᠷᠢᠰᠥᠯᠳᠦᠭᠡᠨ᠎ᠢ ᠬᠦᠴᠦᠲᠡᠶ ᠠᠷᠭᠠᠴᠠᠭᠠᠵᠤ ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢ ᠥᠨᠳᠥᠷ ᠪᠦᠲᠦᠮᠵᠢᠲᠡᠶ᠎ᠪᠡᠷ ᠨᠢᠭᠡᠳᠦᠯᠲᠡᠶ ᠲᠥᠯᠥᠪᠵᠢᠭᠦᠯᠵᠦ᠍ ᠂ ᠲᠣᠭ᠍ᠲᠠᠭ᠍ᠰᠠᠨ ᠬᠤᠭᠤᠴᠠᠭᠠᠨ᠎ᠳᠤ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠣᠯᠵᠤ᠂ ᠴᠢᠨᠡᠭᠡᠯᠢᠭ ᠨᠡᠢᠭᠡᠮ᠎ᠢ ᠪᠥᠬᠥ᠌ ᠲᠠᠯ᠎ᠠ᠎ᠪᠠᠷ ᠪᠡᠶᠡᠯᠡᠭᠦᠯᠵᠦ᠍ ᠂ ᠨᠠᠮ ᠪᠣᠯᠤᠨ ᠤᠯᠤᠰ᠎ᠤᠨ ᠠᠵᠢᠯ ᠦᠶ᠋ᠯᠡᠰ ᠳᠡᠯᠡᠬᠡᠶ ᠳ᠋ᠠᠬᠢᠨ᠎ᠤ ᠠᠩᠬᠠᠷᠤᠯ᠎ᠢ ᠲᠠᠲᠠᠭ᠍ᠰᠠᠨ ᠴᠢᠬᠤᠯᠠ ᠶᠡᠬᠡ ᠠᠮᠵᠢᠯᠲᠠ ᠪᠦᠲᠦᠮᠵᠢ ᠤᠯᠪᠠ᠃ ᠬᠠᠮᠤᠭ᠎ᠤᠨ ᠦᠨᠳᠦᠰᠦᠨ ᠵᠦᠢᠯ ᠨᠢ ᠶᠡᠷᠦᠩᠬᠡᠢ ᠱᠦᠵᠢ ᠰᠢ ᠵᠢᠨ ᠫᠢᠩ ᠵᠠᠯᠠᠭᠤᠷ᠎ᠢ ᠡᠵᠡᠮᠳᠡᠵᠦ ᠠᠶᠠᠯᠠᠯ᠎ᠢ ᠵᠢᠯᠣᠭᠣᠳᠤᠭ᠍ᠰᠠᠨ᠎ᠳᠤ ᠪᠤᠢ ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ᠎ᠳᠤ ᠪᠤᠢ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ ᠂ 《 ᠬᠣᠶᠠᠷ᠎ᠢ ᠲᠣᠭ᠍ᠲᠠᠭᠠᠬᠰᠠᠨ 》 ᠤ᠋ ᠱᠢᠶ᠋ᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠨᠠᠩ ᠭᠦᠨᠵᠡᠭᠡᠶ ᠣᠢᠯᠠᠭᠠᠵᠤ ᠂ 《 ᠳᠥᠷᠪᠡᠨ ᠤᠬᠠᠮᠰᠠᠷ 》 ᠵᠢᠨᠨ ᠴᠢᠩᠭᠠᠳᠭᠠᠵᠤ᠂ 《 ᠳᠥᠷᠪᠡᠨ ᠢᠲᠡᠭᠡᠯ 》 ᠵᠢᠨᠨ ᠪᠠᠲᠤᠳᠭᠠᠵᠤ᠂ 《 ᠬᠣᠶᠠᠷ᠎ᠢ ᠬᠠᠮᠠᠭᠠᠯᠠᠬᠤ 》 ᠶ᠋ᠢ ᠪᠡᠶᠡᠯᠡᠭᠦᠯᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠦᠴᠦᠷᠬᠡᠭ ᠤᠯᠤᠰ᠎ᠢ ᠪᠥᠲᠥᠭᠡᠨ ᠪᠠᠢᠭᠤᠯᠬᠤ ᠲᠡᠦᠬᠡᠲᠦ ᠬᠦᠨᠳᠦ ᠡᠭᠦᠷᠭᠡ᠎ᠶ᠋ᠢ ᠨᠠᠩ ᠰᠠᠢᠲᠤᠷ ᠡᠭᠦᠷᠭᠡᠯᠡᠬᠦ᠌ ᠬᠡᠷᠡᠭ᠌ᠲᠡᠶ᠃ ᠬᠠᠷᠠᠯᠲᠠ᠎ᠪᠠᠷ ᠤᠳᠤᠷᠢᠳᠤᠮᠵᠢ ᠪᠣᠯᠭᠠᠬᠤ ᠪᠠ ᠴᠢᠯᠥᠭᠡᠲᠡᠢ᠎ᠪᠡᠷ ᠬᠠᠢᠨ ᠰᠦᠪᠡᠭ᠌ᠴᠢᠯᠡᠬᠦ᠌ᠬᠤᠶᠠᠷ ᠲᠠᠯ᠎ᠠ ᠪᠡᠷ ᠬᠦᠴᠦᠯᠡᠬᠦ ᠵᠢ ᠪᠠᠷᠢᠮᠲᠠᠯᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠰᠠᠭᠤᠷᠢ ᠰᠤᠳᠤᠯᠭᠠᠨ ᠪᠣᠯᠤᠨ ᠬᠣᠱᠢᠭᠤᠷᠠᠯ ᠬᠦᠷᠢᠶᠡᠨ᠎ᠳᠡᠬᠢ ᠪᠣᠭᠣᠮᠲᠠ ᠱᠢᠪᠲᠤᠯᠬᠤ᠎ᠶ᠋ᠢ ᠴᠢᠩᠭᠠᠳᠭᠠᠵᠤ᠂ ᠥᠨᠳᠥᠷ ᠲᠦᠪᠱᠢᠨ᠎ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠲᠦᠷᠭᠡᠳᠭᠡᠨ ᠪᠡᠶᠡᠯᠡᠭᠦᠯᠬᠦ᠌ ᠬᠡᠷᠡᠭ᠌ᠲᠡᠢ᠃ ᠤᠯᠤᠰ᠎ᠤᠨ ᠲᠤᠷᠱᠢᠯᠲᠠ᠎ᠶ᠋ᠢᠨ ᠲᠠᠰᠤᠭ᠎ᠤᠨ ᠬᠥᠲᠥᠯᠥᠨ ᠳᠠᠭᠠᠭᠤᠯᠬᠤ ᠦᠶ᠋ᠯᠡᠳᠦᠯ᠎ᠢ ᠪᠠᠳᠠᠷᠠᠭᠤᠯᠵᠤ᠂ ᠱᠢᠨ᠎ᠡ ᠬᠡᠯᠪᠡᠷᠢ᠎ᠶ᠋ᠢᠨ ᠰᠤᠳᠤᠯᠤᠨ ᠨᠡᠭᠡᠭᠡᠬᠦ᠌ ᠪᠠᠢᠭᠤᠯᠤᠮᠵᠢ᠎ᠶ᠋ᠢᠨ ᠬᠥᠭ᠌ᠵᠢᠯᠲᠡ᠎ᠶ᠋ᠢ ᠳᠡᠮᠵᠢᠵᠦ᠍᠂ ᠠᠵᠤ ᠠᠬᠤᠢᠯᠠᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠭᠤᠤᠯ ᠴᠣᠭ᠍ᠴᠠ᠎ᠶ᠋ᠢᠨ ᠪᠠᠢᠷᠢ ᠰᠠᠭᠤᠷᠢ᠎ᠶ᠋ᠢ ᠴᠢᠩᠭᠠᠳᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠤᠨᠳᠤᠤᠱᠢᠭᠤᠯᠬᠤ᠎ᠶ᠋ᠢ ᠠᠬᠢᠭᠤᠯᠬᠤ ᠬᠡᠷᠡᠭ᠌ᠲᠡᠶ᠃ ᠪᠠᠢᠯᠳᠤᠬᠤ ᠪᠤᠳᠤᠯᠭ᠎ᠠ᠎ᠶ᠋ᠢᠨ ᠱᠢᠨᠵᠢᠯᠡᠬᠦ᠌ ᠤᠬᠠᠭᠠᠨᠲᠠᠨ᠂ ᠲᠡᠷᠢᠭᠦᠨ᠎ᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠠᠭᠠᠭᠤᠯᠤᠬ᠍ᠴᠢ ᠴᠢᠳᠠᠪᠤᠷᠢᠲᠠᠨ ᠪᠠ ᠱᠢᠨ᠎ᠡ᠎ᠶ᠋ᠢ ᠡᠭᠦᠳᠬᠦ᠌ ᠪᠦᠯᠬᠦᠮ ᠨᠡᠢᠲᠡ᠎ᠶ᠋ᠢ ᠶᠡᠬᠡᠪᠡᠷ ᠬᠥᠮᠦᠵᠢᠭᠦᠯᠵᠦ᠍᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠵᠠᠯᠠᠭᠤ ᠴᠢᠳᠠᠪᠤᠷᠢᠲᠠᠨ᠎ᠤ ᠡᠩᠨᠡᠭᠡ᠎ᠶ᠋ᠢᠨ ᠪᠠᠢᠭᠤᠯᠤᠯᠲᠠ᠎ᠶ᠋ᠢ ᠰᠠᠢᠲᠤᠷ ᠠᠳᠭᠤᠬᠤ ᠬᠡᠷᠡᠭ᠌ᠲᠡᠢ᠃ ᠱᠢᠨᠵᠢᠯᠡᠬᠦ᠌ ᠤᠬᠠᠭᠠᠨᠲᠠᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠱᠢᠨ᠎ᠡ᠎ᠶ᠋ᠢ ᠡᠭᠦᠳᠴᠦ᠍ ᠡᠭᠦᠳᠦᠨ ᠪᠦᠲᠦᠭᠡᠬᠦ᠌᠎ᠳᠦ ᠠᠱᠢᠭ᠍ᠲᠠᠢ ᠰᠠᠢ᠌ᠨ ᠰᠠᠢᠬᠠᠨ ᠬᠡᠪ ᠰᠤᠷᠲᠠᠯ᠎ᠢ ᠪᠤᠢ ᠪᠣᠯᠭᠠᠬᠤ ᠬᠡᠷᠡᠭ᠌ᠲᠡᠢ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠨᠡᠢᠭᠡᠮᠯᠢᠭ᠎ᠦᠨ ᠬᠥᠭᠥᠷᠭᠡ ᠬᠣᠯᠪᠣᠭᠠᠰᠤ᠎ᠶ᠋ᠢᠨ ᠦᠢᠯᠡᠳᠦᠯ᠎ᠢ ᠪᠠᠳᠠᠷᠠᠭᠤᠯᠵᠤ᠂ ᠥᠷᠭᠡᠨ ᠤᠯᠠᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠢᠯᠲᠠᠳ᠎ᠢ ᠨᠡᠩ ᠰᠠᠢᠲᠤᠷ ᠪᠦᠯᠬᠦᠮᠳᠡᠭᠦᠯᠦᠨ ᠲᠠᠢ᠌ᠴᠢᠯᠠᠵᠥ᠍᠂ ᠮᠠᠨ᠎ᠤ ᠤᠯᠤᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠢᠯ ᠦᠢᠯᠡᠰ᠎ᠦᠨ ᠬᠥᠭ᠌ᠵᠢᠯᠲᠡ᠎ᠳᠦ ᠨᠡᠩ ᠶᠡᠬᠡ ᠬᠤᠪᠢ ᠨᠡᠮᠡᠷᠢ ᠦᠵᠡᠭᠦᠯᠬᠦ᠌ ᠬᠡᠷᠡᠭ᠌ᠲᠡᠢ ᠭᠡᠵᠦ᠍ ᠵᠢᠭᠠᠵᠤ ᠭᠠᠷᠭᠠᠪᠠ᠃
6 ᠤ᠋ ᠦᠳᠡ᠎ᠶ᠋ᠢᠨ ᠡᠮᠦᠨ᠎ᠡ᠂ ᠳ᠋ᠢᠩ ᠱᠢᠤᠸᠠᠢ ᠱᠢᠶᠠᠩ ᠣᠷᠴᠢᠨ ᠲᠣᠭᠣᠷᠢᠨ ᠡᠬᠢ ᠪᠠᠶᠠᠯᠢᠭ᠎ᠤᠨ ᠡᠲᠡᠭᠡᠳ᠎ᠦᠨ ᠭᠡᠱᠢᠭᠦᠳ᠎ᠦᠨ ᠳᠤᠭᠤᠢᠯᠠᠩ᠎ᠬᠠᠮᠲᠤᠷᠠᠭ᠍ᠰᠠᠨ ᠬᠤᠷᠠᠯ᠎ᠳᠤ ᠣᠷᠣᠯᠴᠠᠪᠠ᠃ ᠬᠠᠨ ᠵᠢᠶᠦ᠋ᠨ᠂ ᠫᠢᠶᠣᠣ ᠱ᠌ᠢ ᠯᠦᠩ᠂ ᠯᠢ᠎ᠶ᠋ᠢᠨ ᠹᠠ ᠵᠡᠷᠭᠡ ᠭᠡᠱᠢᠭᠦᠨ ᠬᠥᠬᠡᠮᠥ᠋ᠷᠡᠨ᠎ᠦ ᠶᠡᠬᠡ ᠬᠠᠮᠠᠭᠠᠯᠠᠯᠲᠠ ᠵᠢ ᠬᠠᠮᠲᠤ ᠪᠡᠷ ᠠᠳᠬᠤᠬᠤ᠂ ᠬᠥᠬᠡᠨᠠᠭᠤᠷ ᠲᠥᠪᠡᠳ᠎ᠦᠨ ᠥᠨᠳᠥᠷᠯᠢᠭ᠎ᠦᠨ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢᠨ ᠪᠥᠲᠥᠭᠡᠨ ᠪᠠᠢᠭᠤᠯᠤᠯᠲᠠ᠎ᠶ᠋ᠢ ᠴᠢᠩᠭᠠᠳᠭᠠᠬᠤ᠂ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠤᠨ ᠪᠠᠲᠤᠯᠠᠭ᠎ᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠵᠡᠷᠭᠡ᠎ᠶ᠋ᠢ ᠭᠦᠨᠵᠡᠭᠡᠶ ᠠᠬᠢᠭᠤᠯᠬᠤ᠎ᠵᠢᠨ ᠲᠣᠭᠣᠷᠢᠨ᠎ᠳᠤ ᠢᠳᠡᠪᠬᠢᠲᠡᠶ ᠦᠭᠡ ᠬᠡᠯᠡᠪᠡ᠃ ᠭᠡᠱᠢᠭᠦᠳ᠎ᠦᠨ ᠬᠡᠯᠡᠬᠦ᠎ᠶ᠋ᠢ ᠨᠠᠷᠢᠨ ᠬᠢᠨᠠᠮᠠᠭᠠᠢ ᠰᠣᠨᠣᠰᠤᠭ᠍ᠰᠠᠨ᠎ᠤ ᠳᠠᠷᠠᠭ᠎ᠠ᠂ ᠳ᠋ᠢᠩ ᠱᠢᠤᠸᠠᠢ ᠱᠢᠶᠠᠩ ᠂ ᠥᠩᠭᠡᠷᠡᠭ᠌ᠰᠡᠨ ᠲᠠᠪᠤᠨ ᠵᠢᠯ ᠳᠦ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠨᠠᠮ ᠪᠣᠯᠤᠨ ᠤᠯᠤᠰ᠎ᠤᠨ ᠠᠵᠢᠯ ᠦᠢᠯᠡᠰ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠭ᠍ᠰᠠᠨ ᠴᠢᠬᠤᠯᠠ ᠶᠡᠬᠡ ᠠᠮᠵᠢᠯᠲᠠ ᠪᠦᠲᠦᠮᠵᠢ ᠣᠯᠵᠠᠢ᠃ ᠡᠭᠦᠨ᠎ᠳᠦ ᠥᠷᠭᠡᠨ ᠤᠯᠠᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ᠎ᠦᠨ ᠤᠶᠤᠨ ᠤᠬᠠᠭᠠᠨ ᠪᠠ ᠱᠢᠷᠭᠠᠭᠤ ᠬᠥᠳᠡᠯᠮᠦᠷᠢ ᠱᠢᠩᠭᠡᠵᠦ᠍ ᠪᠠᠢᠨ᠎ᠠ᠃《ᠬᠣᠶᠠᠷ᠎ᠢ ᠲᠣᠭ᠍ᠲᠠᠭᠠᠭᠰᠠᠨ》᠎ᠨᠢ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠲᠣᠭ᠍ᠲᠠᠭᠤᠨ ᠬᠥᠭ᠌ᠵᠢᠯᠲᠡ᠎ᠳᠦ ᠦᠨᠳᠦᠰᠦᠨ ᠪᠠᠲᠤᠯᠠᠭ᠎ᠠ ᠬᠠᠩᠭᠠᠬᠰᠠᠨ ᠭᠡᠳᠡᠭ᠎ᠢ ᠦᠢᠯᠡᠳᠦᠯᠭᠡ ᠬᠡᠷᠡᠴᠢᠯᠡᠪᠡ᠃ ᠱᠢᠨ᠎ᠡ ᠴᠠᠭ ᠦᠶ᠎ᠡ ᠱᠢᠨ᠎ᠡ ᠠᠶᠠᠨ᠎ᠳᠤ᠂ ᠪᠢᠳᠠ《ᠲᠦᠷᠪᠡᠨ ᠤᠬᠠᠮᠰᠠᠷ》 ᠵᠢᠡᠨ ᠴᠢᠨᠠᠭ᠍ᠰᠢᠳᠠ ᠴᠢᠩᠭᠠᠳᠭᠠᠵᠤ᠂ 《ᠲᠦᠷᠪᠡᠨ ᠢᠲᠡᠭᠡᠯ》ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》ᠵᠢ ᠪᠡᠶᠡᠯᠡᠭᠦᠯᠵᠦ᠍᠂ ᠨᠢᠭᠡ ᠰᠡᠳᠭᠢᠯ ᠨᠢᠭᠡ ᠵᠣᠷᠢᠭ᠎ᠢᠶᠠᠷ ᠠᠯᠬᠤᠮ ᠨᠢᠭᠡᠲᠡᠢ ᠤᠷᠤᠭ᠍ᠰᠢᠯᠠᠬᠤ ᠬᠡᠷᠡᠭ᠌ᠲᠡᠢ ᠭᠡᠵᠦ ᠢᠯᠡᠳᠭᠡᠪᠡ᠃ ᠳ᠋ᠢᠩ ᠱᠢᠤᠸᠠᠢ ᠱᠢᠶᠠᠩ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠰᠢ᠂ ᠮᠠᠨ᠎ᠤ ᠤᠯᠤᠰ᠎ᠤᠨ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ ᠨᠢ ᠲᠠᠨᠢᠯᠲᠠ ᠦᠢᠯᠡᠳᠦᠯᠭᠡ᠎ᠡᠴᠡ ᠡᠬᠢᠯᠡᠨ ᠴᠥᠮ ᠲᠡᠦᠬᠡᠲᠦ ᠴᠢᠨᠠᠷᠲᠠᠢ᠂ ᠡᠷᠭᠢᠯᠲᠡ᠎ᠶ᠋ᠢᠨ ᠴᠢᠨᠠᠷᠲᠠᠢ᠂ ᠪᠦᠬᠦ᠌ ᠲᠠᠯ᠎ᠠ᠎ᠶ᠋ᠢᠨ ᠴᠢᠨᠠᠷᠲᠠᠢ ᠬᠤᠪᠢᠷᠠᠯᠲᠠ ᠭᠠᠷᠴᠤ᠌᠂ ᠱᠢᠨ᠎ᠡ ᠴᠠᠭ ᠦᠶ᠎ᠡ᠎ᠶ᠋ᠢᠨ ᠠᠭᠤᠤ ᠶᠡᠬᠡ ᠬᠤᠪᠢᠰᠤᠯᠲᠠ᠎ᠶ᠋ᠢᠨ ᠳᠤᠮᠳᠠᠬᠢ ᠬᠠᠮᠤᠭ᠎ᠤᠨ ᠦᠵᠡᠰᠭᠦᠯᠡᠩᠲᠦ ᠰᠠᠢᠬᠠᠨ ᠬᠠᠭᠤᠳᠠᠰᠤ᠎ᠶ᠋ᠢᠨ ᠨᠢᠭᠡ ᠪᠣᠯᠵᠠᠢ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠲᠠ ᠮᠥᠩᠭᠥᠨ ᠠᠭᠤᠯᠠ ᠮᠥᠨ ᠭᠡᠬᠦ᠌ ᠣᠢᠯᠠᠭᠠᠭ᠍ᠳᠠᠬᠤᠨ᠎ᠢ ᠪᠠᠲᠤ ᠪᠣᠶ ᠪᠣᠯᠭᠠᠨ ᠦᠶ᠋ᠯᠡᠳᠦᠯᠭᠡᠵᠢᠭᠦᠯᠵᠦ᠍᠂ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠪᠥᠬᠥ᠌ ᠲᠠᠯ᠎ᠠ᠎ᠪᠠᠷ ᠪᠣᠬᠢᠷᠲᠤᠯ ᠥᠬᠡᠶ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠲᠦᠷᠭᠡᠳᠭᠡᠨ ᠠᠬᠢᠭᠤᠯᠵᠤ᠂ ᠨᠡᠭᠦᠷᠡᠰᠦᠲᠥ᠋ᠷᠥᠭ᠌ᠴᠢ᠎ᠶ᠋ᠢᠨ ᠭᠠᠳᠠᠭᠰᠢᠯᠠᠭᠤᠯᠤᠯᠲᠠ ᠣᠷᠭᠢᠯ ᠬᠡᠮᠵᠢᠭᠳᠡᠯ ᠳ᠋ᠤ᠌ ᠬᠦᠷᠬᠦ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭ᠍ᠵᠢᠭᠤᠯᠬᠤ᠎ᠶ᠋ᠢ ᠢᠳᠡᠪᠬᠢᠲᠡᠶ ᠯᠠᠪᠳᠠᠭᠤᠨ᠎ᠢᠶᠠᠷ ᠠᠬᠢᠭᠤᠯᠵᠤ᠂ ᠴᠢᠬᠤᠯᠠ ᠡᠨᠧᠷᠭᠢ᠎ᠶ᠋ᠢᠨ ᠰᠤᠷᠪᠤᠯᠵᠢ ᠡᠬᠢ ᠪᠠᠶᠠᠯᠢᠭ᠎ᠢ ᠪᠠᠲᠤᠯᠠᠬᠤ ᠴᠢᠳᠠᠪᠤᠷᠢ᠎ᠪᠠᠨ ᠳᠡᠭᠡᠭ᠌ᠰᠢᠯᠡᠭᠦᠯᠦᠨ᠂ ᠠᠷᠠᠳ ᠣᠯᠠᠨ᠎ᠤ ᠳᠡᠷᠭᠡᠳᠡᠬᠢ ᠠᠮᠢ ᠠᠬᠤᠶ ᠣᠷᠴᠢᠨ ᠲᠤᠭᠤᠷᠢᠨ᠎ᠤ ᠲᠣᠪᠣᠢᠮ᠎ᠠ ᠠᠰᠠᠭᠤᠳᠠᠯ᠎ᠢ ᠲᠥᠪᠯᠡᠷᠡᠭᠦᠯᠦᠨ ᠱᠢᠶ᠋ᠳᠪᠦᠷᠢᠯᠡᠵᠦ᠍᠂ ᠠᠮᠢ ᠠᠬᠤᠶ᠎ᠶ᠋ᠢᠨ ᠱᠢᠰᠲ᠋ᠧᠮ᠎ᠦᠨ ᠣᠯᠠᠨ ᠶᠠᠩᠵᠤᠲᠤ ᠴᠢᠨᠠᠷ᠂ ᠲᠣᠭ᠍ᠲᠠᠪᠤᠷᠢᠲᠤ ᠴᠢᠨᠠᠷ᠂ ᠦᠷᠭᠦᠯᠵᠢᠯᠡᠬᠦ᠌ ᠴᠢᠨᠠᠷ᠎ᠢ ᠶᠡᠬᠡᠪᠡᠷ ᠳᠡᠭᠡᠭ᠌ᠰᠢᠯᠡᠭᠦᠯᠦᠨ᠂ ᠬᠥᠮᠦᠨ ᠬᠢᠭᠡᠳ ᠪᠠᠢᠭᠠᠯᠢ᠎ᠶ᠋ᠢᠨ ᠡᠶ᠎ᠡ ᠵᠣᠬᠢᠴᠠᠨᠭᠭᠤᠢ᠎ᠪᠠᠷ ᠬᠠᠮᠲᠤ ᠣᠷᠣᠱᠢᠬᠤ᠎ᠶ᠋ᠢ ᠠᠬᠢᠭᠤᠯᠬᠤ ᠬᠡᠷᠡᠭ᠌ᠲᠡᠶ ᠭᠡᠵᠦ ᠵᠢᠭᠠᠵᠤ ᠭᠠᠷᠭᠠᠪᠠ᠃ ᠳ᠋ᠢᠩ ᠱᠢᠤᠸᠠᠢ ᠱᠢᠶᠠᠩ ᠡᠴᠡ ᠣᠷᠴᠢᠨ ᠲᠣᠭᠣᠷᠢᠨ ᠡᠬᠢ ᠪᠠᠶᠠᠯᠢᠭ᠎ᠤᠨ ᠡᠲᠡᠭᠡᠳ᠎ᠦᠨ ᠭᠡᠱᠢᠭᠦᠳ᠎ᠤᠨ ᠥᠪᠡᠷᠮᠢᠴᠡ ᠳᠠᠪᠠᠭᠤᠯᠢᠭ᠎ᠢᠶᠠᠨ ᠪᠠᠳᠠᠷᠠᠭᠤᠯᠵᠤ᠂ ᠭᠦᠨᠵᠡᠭᠡᠢ ᠪᠠᠢᠴᠠᠭᠠᠨ ᠰᠤᠳᠤᠯᠵᠤ᠂ ᠢᠳᠡᠪᠬᠢᠲᠡᠢ᠎ᠪᠡᠷ ᠰᠠᠨᠠᠯ ᠰᠠᠨᠠᠭᠤᠯᠭ᠎ᠠ ᠳᠤᠷᠠᠳᠴᠤ ᠠᠷᠭ᠎ᠠ ᠤᠬᠠᠭᠠᠨ ᠳᠡᠪᠰᠢᠭᠦᠯᠵᠦ᠂ ᠬᠥᠭᠥᠷᠭᠡ ᠬᠣᠯᠪᠣᠭᠠᠰᠤ ᠪᠤᠯᠵᠤ᠂ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠠᠬᠢᠭᠤᠯᠬᠤ᠎ᠳᠤ ᠨᠡᠩ ᠶᠡᠬᠡ ᠬᠤᠪᠢ ᠨᠡᠮᠡᠷᠢ ᠦᠵᠡᠭᠦᠯᠬᠦ᠌᠎ᠶ᠋ᠢ ᠬᠦᠰᠡᠪᠡ᠃
6 ᠤ᠋ ᠦᠳᠡ᠎ᠶ᠋ᠢᠨ ᠡᠮᠦᠨ᠎ᠡ᠂ ᠯᠢ ᠰᠢ ᠲᠤᠮᠳᠠᠳᠤ ᠤᠯᠤᠰ᠎ᠤᠨ ᠠᠷᠠᠳᠴᠢᠯᠠᠯ᠎ᠢᠶᠠᠷ ᠠᠬᠢᠭᠤᠯᠬᠤ ᠬᠤᠷᠠᠯ᠂ ᠰᠣᠨᠢᠨ ᠮᠡᠳᠡᠭᠡ ᠬᠡᠪᠯᠡᠯ᠎ᠦᠨ ᠡᠲᠡᠭᠡᠳ᠎ᠦᠨ ᠭᠡᠱᠢᠭᠦᠳ᠎ᠦᠨ ᠳᠤᠭᠤᠢᠯᠠᠩ᠎ᠬᠠᠮᠲᠤᠷᠠᠭ᠍ᠰᠠᠨ ᠬᠤᠷᠠᠯ᠎ᠳᠤ ᠣᠷᠣᠯᠴᠠᠪᠠ᠃ ᠲᠤᠤ ᠺᠠᠢ ᠶᠤᠸᠠᠨ᠂ ᠰᠦᠨ ᠪᠦᠦ ᠯᠢᠨ᠂ ᠴᠧᠨ ᠴᠢᠶᠠᠨ ᠸᠸᠨ ᠵᠡᠷᠭᠡ ᠭᠡᠱᠢᠭᠦᠳ᠎ᠦᠨ ᠬᠡᠯᠡᠬᠦ᠎ᠶ᠋ᠢ ᠨᠠᠷᠢᠨ ᠬᠢᠨᠠᠮᠠᠭᠠᠢ ᠰᠣᠨᠣᠰᠤᠭ᠍ᠰᠠᠨ᠎ᠤ ᠳᠠᠷᠠᠭ᠎ᠠ᠂ ᠯᠢ ᠰᠢ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠠᠴᠠ ᠨᠠᠭᠠᠰᠢ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠬᠦᠨᠳᠦ ᠬᠡᠴᠡᠭᠦᠦ ᠡᠬᠡᠳᠡᠷᠡᠬᠡᠨ ᠪᠤᠳᠤᠯᠢᠶᠠᠨᠲᠠᠢ ᠳᠡᠯᠡᠬᠡᠢ᠎ᠶ᠋ᠢᠨ ᠪᠠᠢᠳᠠᠯ ᠪᠣᠯᠤᠨ ᠵᠠᠯᠭᠠᠭ᠎ᠠ᠎ᠪᠠᠷ ᠡᠭᠦᠰᠦᠭ᠌ᠰᠡᠨ ᠯᠤᠲᠤ ᠶᠡᠬᠡ ᠠᠶᠤᠯ ᠲᠦᠭ᠌ᠰᠢᠭᠦᠷᠢ ᠥᠷᠢᠰᠥᠯᠳᠦᠭᠡᠨ᠎ᠢ ᠪᠦᠲᠦᠮᠵᠢᠲᠡᠢ ᠠᠷᠭᠠᠴᠠᠭᠠᠵᠤ᠂ ᠨᠠᠮ ᠪᠣᠯᠤᠨ ᠤᠯᠤᠰ᠎ᠤᠨ ᠠᠵᠢᠯ ᠦᠢᠯᠡᠰᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠭ᠍ᠰᠠᠨ ᠴᠢᠬᠤᠯᠠ ᠶᠡᠬᠡ ᠠᠮᠵᠢᠯᠲᠠ ᠪᠦᠲᠦᠮᠵᠢ ᠤᠯᠬᠤ᠎ᠶ᠋ᠢ ᠠᠬᠢᠭᠤᠯᠪᠠ᠃ ᠠᠮᠵᠢᠯᠲᠠ ᠪᠦᠲᠦᠮᠵᠢ᠎ᠶ᠋ᠢ ᠬᠢᠯᠪᠠᠷᠬᠠᠨ᠎ᠢᠶᠠᠷ ᠣᠯᠤᠭ᠍ᠰᠠᠨ ᠪᠢᠰᠢ᠂ ᠡᠭᠦᠨ᠎ᠳᠦ ᠪᠠᠰᠠ ᠡᠯ᠎ᠡ ᠠᠷᠠᠳᠴᠢᠯᠠᠭ᠍ᠰᠠᠨ ᠨᠠᠮ ᠪᠦᠯᠦᠭ ᠪᠠ ᠥᠷᠭᠡᠨ ᠤᠯᠠᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ᠎ᠦᠨ ᠤᠶᠤᠨ ᠤᠬᠠᠭᠠᠨ ᠪᠠ ᠬᠦᠴᠦ᠍ ᠬᠥᠳᠡᠯᠮᠦᠷᠢ ᠱᠢᠩᠭᠡᠵᠦ᠍ ᠪᠠᠢᠭ᠎ᠠ ᠶᠤᠮ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠤᠷᠢᠳ ᠡᠮᠦᠨ᠎ᠡ ᠪᠠᠢᠭ᠎ᠠ ᠦᠭᠡᠢ ᠡᠭᠦᠳᠦᠯᠲᠡ᠎ᠶ᠋ᠢᠨ ᠴᠢᠨᠠᠷᠲᠠᠢ ᠠᠵᠢᠯ ᠦᠢᠯᠡᠰ ᠮᠥᠨ᠂ ᠭᠡᠱᠢᠭᠦᠳ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ 《ᠬᠣᠶᠠᠷ᠎ᠢ ᠲᠣᠭ᠍ᠲᠠᠭᠠᠭᠰᠠᠨ》 ᠤ᠋ ᠱᠢᠢᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠭᠦᠨᠵᠡᠭᠡᠢ ᠣᠢᠯᠠᠭᠠᠵᠤ᠂《ᠲᠦᠷᠪᠡᠨ ᠤᠬᠠᠮᠰᠠᠷ》 ᠵᠢᠡᠨ ᠴᠢᠩᠭᠠᠳᠭᠠᠵᠤ᠂《ᠲᠦᠷᠪᠡᠨ ᠢᠲᠡᠭᠡᠯ》 ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠵᠢ ᠪᠡᠶᠡᠯᠡᠭᠦᠯᠵᠦ᠍᠂ ᠢᠮᠠᠭ᠍ᠲᠠ ᠳᠤᠮᠳᠠᠳᠤ ᠤᠯᠤᠰ᠎ᠤᠨ ᠡᠪ ᠬᠠᠮᠲᠤ ᠨᠠᠮ᠎ᠲᠠᠶ ᠨᠢᠭᠡ ᠰᠡᠳᠭᠢᠯ ᠨᠢᠭᠡ ᠵᠣᠷᠢᠭ᠎ᠢᠶᠠᠷ ᠪᠦᠯᠬᠦᠮᠳᠡᠨ ᠲᠡᠮᠡᠴᠡᠬᠦ᠌ ᠬᠡᠷᠡᠭᠳᠡᠢ;ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠲᠤᠭᠤᠱᠢᠯᠠᠭᠤᠯᠬᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠢᠳᠡᠪᠬᠢᠲᠡᠢ᠎ᠪᠡᠷ ᠵᠠᠰᠠᠭ᠎ᠤᠨ ᠶᠠᠪᠤᠳᠠᠯ᠎ᠢ ᠵᠥᠪᠯᠡᠨ ᠰᠠᠨᠠᠯ ᠰᠠᠨᠠᠭᠤᠯᠭ᠎ᠠ ᠳᠤᠷᠠᠳᠴᠤ᠌᠂ ᠰᠡᠳᠭᠢᠯᠨᠢᠬᠡᠳᠦᠨ ᠬᠦᠴᠦ᠍᠎ᠪᠡᠨ ᠬᠠᠮᠲᠤᠳᠭᠠᠬᠤ ᠠᠵᠢᠯ᠎ᠢ ᠢᠯᠡᠭᠦᠬᠡᠨ ᠬᠢᠵᠦ᠍᠂ ᠱᠢᠨ᠎ᠡ ᠴᠠᠭ ᠦᠶ᠎ᠡ ᠱᠢᠨ᠎ᠡ ᠠᠶᠠᠨ᠎ᠳᠤ ᠲᠤᠱᠢᠶᠠᠯ ᠬᠠᠷᠢᠭᠤᠴᠠᠯᠭ᠎ᠠ᠎ᠪᠠᠨ ᠨᠡᠩ ᠰᠠᠢᠲᠤᠷ ᠭᠦᠢᠴᠡᠳᠭᠡᠵᠦ᠍᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ ᠶ᠋ᠢ ᠬᠦᠰᠡᠵᠦ᠍ ᠪᠠᠢᠨ᠎ᠠ ᠭᠡᠵᠦ ᠬᠡᠯᠡᠪᠡ᠃ ᠯᠢ ᠰᠢ᠂ ᠱᠢᠨ᠎ᠡ ᠠᠶᠠᠨ᠎ᠳᠤ ᠪᠠᠢᠳᠠᠯ ᠤᠯᠠᠮ ᠪᠤᠳᠤᠯᠢᠶᠠᠨᠲᠠᠢ᠂ ᠡᠭᠦᠷᠭᠡ ᠤᠯᠠᠮ ᠪᠡᠷᠬᠡ ᠬᠠᠲᠠᠭᠤᠵᠢᠯᠲᠠᠢ ᠪᠣᠯᠬᠤ ᠲᠤᠳᠤᠮ ᠨᠠᠮ᠎ᠤᠨ ᠥᠪᠡᠷ ᠪᠡᠶ᠎ᠡ᠎ᠳᠡᠭᠡᠨ ᠬᠤᠪᠢᠰᠭᠠᠯ ᠬᠢᠬᠦ᠌᠎ᠶ᠋ᠢ ᠤᠯᠠᠮ ᠡᠷᠡᠰ ᠭᠤᠢᠪᠢᠰᠢ ᠦᠭᠡᠢ ᠠᠬᠢᠭᠤᠯᠵᠤ᠂ ᠡᠭᠦᠷᠢᠳᠡ ᠵᠤᠬ᠍ᠰᠤᠰᠢ ᠦᠭᠡᠢ ᠪᠠᠢᠬᠤ ᠪᠠᠢᠯᠳᠤᠬᠤ ᠪᠤᠳᠤᠯᠭ᠎ᠠ᠎ᠶ᠋ᠢᠨ ᠲᠣᠭ᠍ᠲᠠᠯ ᠬᠦᠴᠦᠨ᠎ᠢᠶᠡᠨ ᠪᠠᠲᠤᠯᠠᠵᠤ᠂ ᠴᠢᠩᠭ᠎ᠠ ᠬᠦᠭ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠠᠭᠤᠷ ᠠᠮᠢᠰᠭᠤᠯ᠎ᠢ ᠤᠷᠳᠤ ᠬᠤᠭᠤᠴᠠᠭ᠎ᠠ᠎ᠪᠠᠷ ᠪᠠᠷᠢᠮᠲᠠᠯᠠᠵᠤ᠂ ᠨᠢᠭᠡ ᠮᠥᠴᠡ ᠴᠦ᠍ ᠵᠣᠭ᠍ᠰᠣᠯ ᠦᠭᠡᠢ᠎ᠪᠡᠷ ᠰᠤᠷᠲᠠᠯ᠎ᠢ ᠴᠡᠭ᠌ᠴᠡᠯᠡᠨ ᠰᠠᠬᠢᠯᠭ᠎ᠠ ᠪᠠᠲᠤ᠎ᠶ᠋ᠢ ᠴᠢᠩᠳᠠᠯᠠᠵᠤ ᠢᠯᠵᠡᠷᠡᠯ᠎ᠢ ᠡᠰᠡᠷᠭᠦᠴᠡᠵᠦ᠍᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠭ᠍ᠰᠠᠨ ᠦᠷ᠎ᠡ ᠪᠦᠲᠦᠭᠡᠯ᠎ᠢ ᠲᠠᠰᠤᠷᠠᠯᠳᠠ ᠦᠭᠡᠢ ᠥᠷᠭᠡᠳᠭᠡᠵᠦ᠍᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠰᠠᠢ᠌ᠨ ᠡᠬᠢᠯᠡᠯᠲᠡ᠎ᠲᠡᠶ ᠪᠣᠯᠬᠤ᠎ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭ᠌ᠲᠡᠢ᠃ ᠭᠡᠱᠢᠭᠦᠳ᠎ᠦᠨ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠠᠵᠢᠯ᠎ᠢ ᠦᠷᠭᠦᠯᠵᠢᠯᠡᠨ ᠬᠠᠯᠠᠮᠵᠢᠯᠠᠨ ᠲᠡᠮᠵᠢᠵᠦ᠍᠂ ᠬᠢᠨᠠᠯᠲᠠ ᠲᠠᠯᠪᠢᠬᠤ᠎ᠪᠠᠨ ᠴᠢᠩᠭᠠᠳᠭᠠᠨ᠂ ᠢᠯᠡᠭᠦᠬᠡᠨ ᠰᠠᠨᠠᠭᠤᠯᠭ᠎ᠠ ᠳᠤᠷᠠᠳᠭᠤ᠎ᠶ᠋ᠢ ᠬᠦᠰᠡᠵᠦ᠍ ᠪᠠᠢᠨ᠎ᠠ ᠭᠡᠵᠦ᠍ ᠴᠢᠬᠤᠯᠠᠴᠢᠯᠠᠪᠠ᠃
ᠱ᠌ᠢ᠎ᠲᠡᠶ ᠹᠸᠩ ᠨᠠᠷ ᠶᠠᠷᠢᠯᠴᠠᠬᠤ᠎ᠳᠤ ᠣᠷᠣᠯᠴᠠᠪᠠ᠃
(ᠱᠢᠨᠬᠤᠸᠠ ᠬᠤᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 6 ᠤ᠋ ᠴᠠᠬᠢᠯᠭᠠᠨ ᠮᠡᠳᠡᠭᠡ )
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃