2023ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2023-03-08 09:23:00

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠰᠢ ᠵᠢᠨ ᠫᠢᠩ ᠯᠢ ᠴᠢᠶᠠᠩ ᠵᠤᠤ ᠯᠸ ᠵᠶ᠋ᠢ ᠸᠠᠩ ᠬᠣ᠌ ᠨᠢᠩ ᠬᠠᠨ ᠵᠧᠩ ᠼᠠᠢ ᠴᠢ ᠳ᠋ᠢᠩ ᠱᠢᠤᠸᠠᠢ ᠱᠢᠶᠠᠩ ᠯᠢ ᠰᠢ᠎ᠨᠡᠷ ᠲᠡᠷᠢᠭᠦᠯᠡᠭ᠌ᠴᠢᠤᠨ᠎ᠤᠨ ᠲᠠᠢᠰᠠᠨ᠎ᠳᠤ ᠰᠠᠭᠠᠲᠠᠪᠠ

ᠯᠢ ᠵᠠᠨ ᠱᠣ᠌ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ ᠬᠢᠵᠠᠢ

ᠠᠷᠠᠳ᠎ᠤᠨ ᠳᠡᠭᠡᠳᠦ ᠱᠢᠭᠦᠬᠦ᠌ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ ᠪᠤᠯᠤᠨ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ ᠵᠢ ᠰᠤᠨᠤᠰᠤᠭᠰᠠᠨ ᠪᠠ ᠬᠢᠨᠠᠨ ᠵᠦᠪᠯᠡᠵᠦ ᠲᠥᠷᠥ᠎ᠶ᠋ᠢᠨ ᠶᠠᠪᠤᠳᠠᠯ᠎ᠤᠨ ᠬᠤᠷᠢᠶ᠎ᠠ ᠵᠢᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢᠨ ᠲᠥᠰᠦᠯ᠎ᠦᠨ ᠲᠤᠬᠠᠶ ᠲᠣᠳᠣᠷᠬᠠᠢᠯᠠᠯᠲᠠ᠎ᠶ᠋ᠢ ᠰᠣᠨᠣᠰᠪᠠ


jie3.png


3 ᠰᠠᠷ᠎ᠠ ᠵᠢᠨ 7 ᠤ᠋ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠬᠣᠶᠠᠳᠤᠭᠠᠷ ᠪᠦᠬᠦᠳᠡ ᠬᠤᠷᠠᠯ ᠬᠢᠪᠠ᠃ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠨᠠᠢᠳᠠᠯᠭ᠎ᠠ᠎ᠪᠠᠷ᠂ ᠬᠣᠷᠢᠶᠠᠨ ᠳᠠᠷᠤᠭ᠎ᠠ ᠯᠢ ᠵᠠᠨ ᠱᠣ᠌ ᠶᠡᠬᠡ ᠬᠤᠷᠠᠯ᠎ᠲᠡᠭᠡᠷ᠎ᠡ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ ᠬᠢᠪᠠ᠃ ᠯᠢ ᠲᠤᠤ ᠰᠡᠬᠦᠳᠡᠷᠯᠡᠪᠡ


ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ 7 ᠤ᠋ ᠦᠳᠡ᠎ᠶ᠋ᠢᠨ ᠬᠣᠢᠨ᠎ᠠ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠬᠣᠶᠠᠳᠤᠭᠠᠷ ᠪᠦᠬᠦᠳᠡ ᠬᠤᠷᠠᠯ ᠬᠢᠵᠦ᠍᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ ᠪᠣᠯᠤᠨ ᠠᠷᠠᠳ᠎ᠤᠨ ᠳᠡᠭᠡᠳᠦ ᠱᠢᠭᠦᠬᠦ᠌ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ᠂ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ᠎ᠶ᠋ᠢ ᠰᠣᠨᠣᠰᠤᠭᠰᠠᠨ ᠪᠠ ᠬᠢᠨᠠᠨ ᠵᠥᠪᠯᠡᠵᠦ᠍᠂ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ ᠵᠢᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢᠨ ᠲᠥᠰᠦᠯ᠎ᠦᠨ ᠲᠤᠬᠠᠢ ᠲᠣᠳᠣᠷᠬᠠᠢᠯᠠᠯᠲᠠ᠎ᠶ᠋ᠢ ᠰᠣᠨᠣᠰᠪᠠ᠃

ᠰᠢ ᠵᠢᠨ ᠫᠢᠩ᠂ ᠯᠢ ᠴᠢᠶᠠᠩ᠂ ᠵᠤᠤ ᠯᠸ ᠵᠶ᠋ᠢ᠂ ᠸᠠᠩ ᠬᠣ᠌ ᠨᠢᠩ᠂ ᠬᠠᠨ ᠵᠧᠩ᠂ ᠼᠠᠢ ᠴᠢ᠂ ᠳ᠋ᠢᠩ ᠱᠢᠤᠸᠠᠢ ᠱᠢᠶᠠᠩ᠂ ᠯᠢ ᠰᠢ᠎ᠨᠡᠷ ᠬᠤᠷᠠᠯ᠎ᠳᠤ ᠣᠷᠣᠯᠴᠠᠵᠠᠢ᠃

ᠬᠤᠷᠠᠯ᠎ᠳᠤ ᠣᠷᠣᠯᠴᠠᠬᠤ ᠶᠣᠰᠣᠲᠠᠢ ᠲᠥᠯᠥᠭᠡᠯᠡᠭ᠌ᠴᠢ 2977 ᠬᠥᠮᠦᠨ᠂ ᠬᠤᠷᠠᠯ᠎ᠳᠤ ᠤᠷᠤᠯᠴᠠᠭᠰᠠᠨ ᠨᠢ 2943 ᠬᠥᠮᠦᠨ᠂ 34 ᠬᠥᠮᠦᠨ ᠣᠷᠣᠯᠴᠠᠭ᠍ᠰᠠᠨ ᠦᠭᠡᠢ᠂ ᠬᠤᠷᠠᠯ᠎ᠳᠤ ᠣᠷᠣᠯᠴᠠᠭ᠍ᠰᠠᠨ ᠬᠥᠮᠦᠨ᠎ᠦ ᠲᠣᠭ᠎ᠠ ᠬᠠᠤᠯᠢ᠎ᠳᠤ ᠲᠣᠭ᠍ᠲᠠᠭᠠᠭ᠍ᠰᠠᠨ ᠬᠥᠮᠦᠨ᠎ᠦ ᠲᠣᠭ᠎ᠠ᠎ᠳᠤ ᠨᠡᠢᠴᠡᠪᠡ᠃

ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ᠂ ᠭᠦᠢᠴᠡᠳᠭᠡᠭ᠌ᠴᠢ ᠲᠡᠷᠢᠭᠦᠯᠡᠭ᠌ᠴᠢ ᠯᠢ ᠬᠣᠩ ᠵᠦᠩ ᠬᠤᠷᠠᠯ᠎ᠢ ᠡᠷᠬᠢᠯᠡᠪᠡ᠃

ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠨᠠᠢᠳᠠᠯᠭ᠎ᠠ᠎ᠪᠠᠷ᠂ ᠬᠣᠷᠢᠶᠠᠨ ᠳᠠᠷᠤᠭ᠎ᠠ ᠯᠢ ᠵᠠᠨ ᠱᠣ᠌ ᠶᠡᠬᠡ ᠬᠤᠷᠠᠯ᠎ᠲᠡᠭᠡᠷ᠎ᠡ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ ᠬᠢᠪᠠ᠃ ᠯᠢ ᠵᠠᠨ ᠱᠣ᠌ ᠮᠡᠳᠡᠭᠦᠯᠦᠯᠲᠡ᠎ᠳᠡᠭᠡᠨ᠂ ᠥᠩᠭᠡᠷᠡᠭ᠌ᠰᠡᠨ ᠨᠢᠭᠡ ᠵᠢᠯ᠎ᠳᠦ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠢ᠎ᠠ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠂ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠲᠤᠭᠤᠱᠢᠯᠠᠭᠤᠯᠵᠤ᠂ ᠬᠠᠤᠯᠢ ᠲᠣᠭ᠍ᠲᠠᠭᠠᠬᠤ ᠠᠵᠢᠯ᠎ᠢ ᠴᠢᠨᠠᠷ ᠰᠠᠢᠲᠠᠢ ᠰᠠᠢᠲᠤᠷ ᠬᠢᠬᠦ᠌ ᠵᠢ ᠪᠠᠷᠢᠮᠳᠠᠯᠠᠵᠤ᠂ 5 ᠬᠠᠤᠯᠢ ᠲᠣᠭ᠍ᠲᠠᠭᠠᠵᠤ᠂ 9 ᠬᠠᠤᠯᠢ᠎ᠳᠤ ᠵᠠᠰᠠᠪᠤᠷᠢ ᠣᠷᠣᠭᠤᠯᠵᠤ᠂ ᠬᠣᠯᠪᠣᠭ᠍ᠳᠠᠯ ᠪᠦᠬᠦᠢ ᠬᠠᠤᠯᠢ ᠴᠠᠭᠠᠵᠠ᠎ᠶ᠋ᠢᠨ ᠠᠰᠠᠭᠤᠳᠠᠯ ᠪᠣᠯᠤᠨ ᠴᠢᠬᠤᠯᠠ ᠶᠡᠬᠡ ᠠᠰᠠᠭᠤᠳᠠᠯ᠎ᠤᠨ ᠲᠤᠬᠠᠢ 4 ᠲᠣᠭ᠍ᠲᠠᠭᠠᠯ᠎ᠢ ᠪᠠᠲᠤᠯᠠᠵᠤ᠂ 1 ᠬᠠᠤᠯᠢ ᠴᠠᠭᠠᠵᠠ᠎ᠶ᠋ᠢᠨ ᠲᠠᠢᠯᠪᠤᠷᠢᠯᠠᠯᠲᠠ ᠬᠢᠪᠡ; ᠬᠢᠨᠠᠯᠲᠠ ᠲᠠᠯᠪᠢᠬᠤ ᠠᠵᠢᠯ᠎ᠢ ᠴᠢᠨᠠᠷ ᠰᠠᠢᠲᠠᠢ ᠰᠠᠢᠲᠤᠷ ᠬᠢᠬᠦ᠌᠎ᠶ᠋ᠢ ᠪᠠᠷᠢᠮᠲᠠᠯᠠᠵᠤ ᠂ 5 ᠬᠠᠤᠯᠢ᠎ᠶ᠋ᠢ ᠬᠡᠷᠡᠭ᠌ᠵᠢᠭᠦᠯᠦᠭ᠌ᠰᠡᠨ ᠪᠠᠢᠳᠠᠯ᠎ᠢ ᠪᠠᠢᠴᠠᠭᠠᠵᠤ᠂ 23 ᠬᠢᠨᠠᠯᠲᠠ᠎ᠲᠠᠯᠪᠢᠬᠤ ᠠᠵᠢᠯ᠎ᠤᠨ ᠮᠡᠳᠡᠭᠦᠯᠦᠯᠲᠡ᠎ᠶ᠋ᠢ ᠰᠣᠨᠣᠰᠤᠨ ᠬᠢᠨᠠᠨ ᠵᠦᠪᠯᠡᠵᠦ᠂ ᠲᠤᠰᠭᠠᠢ ᠰᠡᠳᠦᠪᠲᠦ ᠯᠠᠪᠯᠠᠨ ᠠᠰᠠᠭᠤᠬᠤ ᠠᠵᠢᠯ᠎ᠢ ᠥᠷᠨᠢᠭᠦᠯᠵᠦ᠍᠂ 8 ᠵᠦᠢᠯ᠎ᠦᠨ ᠲᠤᠰᠭᠠᠢ ᠰᠡᠳᠦᠪᠲᠦ ᠪᠠᠢᠴᠠᠭᠠᠨ ᠰᠤᠳᠤᠯᠤᠯᠲᠠ ᠬᠢᠪᠡ; ᠲᠥᠯᠥᠭᠡᠯᠡᠭ᠌ᠴᠢᠳ᠎ᠦᠨ ᠠᠵᠢᠯ᠎ᠢ ᠴᠢᠨᠠᠷ ᠰᠠᠢᠲᠠᠢ ᠰᠠᠢᠲᠤᠷ ᠬᠢᠬᠦ᠌᠎ᠶ᠋ᠢ ᠪᠠᠷᠢᠮᠲᠠᠯᠠᠵᠤ᠂ 487 ᠬᠤᠪᠢ ᠲᠥᠯᠥᠭᠡᠯᠡᠭ᠌ᠴᠢᠳ᠎ᠦᠨ ᠰᠠᠨᠠᠯ ᠵᠥᠪᠯᠡᠯᠭᠡ᠂ 9349 ᠬᠤᠪᠢ ᠰᠠᠨᠠᠭᠤᠯᠭ᠎ᠠ᠎ᠶ᠋ᠢ ᠱᠢᠢᠳᠪᠦᠷᠢᠯᠡᠵᠦ᠍᠂ ᠪᠠᠢᠩᠭᠤ᠎ᠶ᠋ᠢᠨ ᠬᠣᠷᠢᠢ᠎ᠠ᠂ ᠲᠤᠰᠭᠠᠢ ᠵᠦᠪᠯᠡᠯ᠂ ᠠᠵᠢᠯ᠎ᠤᠨ ᠵᠦᠪᠯᠡᠯ᠎ᠤᠨ ᠠᠵᠢᠯ᠎ᠳᠤ ᠨᠡᠢ᠌ᠳᠡ 100 ᠭᠠᠷᠤᠢ ᠬᠥᠮᠦᠨ ᠤᠳᠠᠭ᠎ᠠ ᠣᠷᠣᠯᠴᠠᠪᠠ; ᠭᠠᠳᠠᠭᠠᠳᠤ ᠶᠠᠪᠤᠳᠠᠯ᠎ᠤᠨ ᠠᠵᠢᠯ᠎ᠢ ᠴᠢᠨᠠᠷ ᠰᠠᠢᠲᠠᠢ ᠰᠠᠢᠲᠤᠷ ᠬᠢᠬᠦ᠌᠎ᠶ᠋ᠢ ᠪᠠᠷᠢᠮᠲᠠᠯᠠᠵᠤ᠂ ᠲᠦᠷᠦ᠍᠎ᠶ᠋ᠢᠨ ᠪᠠᠢᠭᠤᠯᠭ᠎ᠠ᠎ᠶ᠋ᠢᠨ ᠠᠵᠢᠯᠳᠠᠨ᠎ᠢ 393 ᠬᠥᠮᠦᠨ ᠤᠳᠠᠭ᠎ᠠ ᠬᠠᠤᠯᠢ ᠶᠣᠰᠣᠭᠠᠷ ᠲᠣᠮᠢᠯᠠᠵᠤ ᠪᠠᠭᠤᠯᠭᠠᠵᠤ᠂ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠡᠴᠡ ᠲᠣᠭ᠍ᠲᠠᠭᠠᠭ᠍ᠰᠠᠨ ᠡᠭᠦᠷᠭᠡ᠎ᠶ᠋ᠢ ᠲᠡᠭᠦᠰ ᠠᠮᠵᠢᠯᠲᠠ᠎ᠲᠠᠶ ᠪᠡᠶᠡᠯᠡᠭᠦᠯᠪᠡ ᠭᠡᠵᠦ ᠵᠢᠭᠠᠵᠤ ᠭᠠᠷᠭᠠᠪᠠ᠃

ᠯᠢ ᠵᠠᠨ ᠱᠣ᠌ ᠮᠡᠳᠡᠭᠦᠯᠦᠯᠲᠡ᠎ᠳᠡᠭᠡᠨ᠂ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠲᠠᠪᠤᠨ ᠵᠢᠯ᠎ᠦᠨ ᠲᠤᠱᠢᠶᠠᠯ᠎ᠤᠨ ᠬᠤᠭᠤᠴᠠᠭ᠎ᠠ᠎ᠨᠢ ᠶᠠᠭ ᠰᠠᠢᠬᠠᠨ ᠨᠠᠮ ᠪᠣᠯᠤᠨ ᠤᠯᠤᠰ᠎ᠤᠨ ᠠᠵᠢᠯ ᠦᠶ᠋ᠯᠡᠰ᠎ᠦᠨ ᠥᠷᠨᠢᠭᠦᠨ ᠬᠥᠭ᠌ᠵᠢᠯᠲᠡ᠎ᠶ᠋ᠢᠨ ᠠᠭᠤᠤ ᠶᠡᠬᠡ ᠲᠡᠦᠬᠡᠨ ᠬᠤᠪᠢᠰᠤᠯᠲᠠ᠎ᠶ᠋ᠢᠨ ᠴᠠᠭ ᠦᠶ᠎ᠡ᠎ᠳᠦ ᠲᠤᠬᠢᠶᠠᠪᠠ᠃ ᠪᠠᠢᠩᠭᠤ᠎ᠶ᠋ᠢᠨ ᠬᠣᠷᠢᠢ᠎ᠠ 《ᠬᠣᠶᠠᠷ᠎ᠢ ᠲᠤᠭᠲᠠᠭᠠᠭᠰᠠᠨ》 ᠤ᠋ ᠱᠢᠢᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠭᠦᠨᠵᠡᠭᠡᠢ ᠣᠢᠯᠠᠭᠠᠵᠤ᠂ 《ᠳᠥᠷᠪᠡᠨ ᠤᠬᠠᠮᠰᠠᠷ》 ᠵᠢᠡᠨ ᠴᠢᠩᠭᠠᠳᠬᠠᠵᠤ᠂ 《ᠳᠥᠷᠪᠡᠨ ᠢᠲᠡᠭᠡᠯ》 ᠵᠢᠡᠨ ᠪᠠᠲᠤᠳᠬᠠᠵᠤ᠂ 《ᠬᠣᠶᠠᠷ᠎ᠢ ᠬᠠᠮᠠᠭᠠᠯᠠᠬᠤ》 ᠎ᠶ᠋ᠢ ᠪᠡᠶᠡᠯᠡᠭᠦᠯᠵᠦ᠂ ᠢᠮᠠᠭ᠍ᠲᠠ ᠨᠠᠮ᠎ᠤᠨ ᠲᠥᠪ ᠬᠤᠷᠢᠶ᠎ᠠ ᠵᠢᠨ ᠡᠷᠬᠡ ᠰᠦᠷ ᠪᠣᠯᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠡᠷᠡᠰ ᠬᠠᠮᠠᠭᠠᠯᠠᠵᠤ᠂ ᠨᠠᠮ᠎ᠤᠨ ᠤᠨᠤᠯ ᠪᠠ ᠱᠤᠭᠤᠮ ᠴᠢᠭ᠌ᠯᠡᠯᠲᠡ ᠲᠦᠷᠦ᠍᠎ᠶ᠋ᠢᠨ ᠪᠤᠳᠤᠯᠭ᠎ᠠ᠎ᠶ᠋ᠢ ᠡᠷᠡᠰ ᠲᠤᠭᠤᠱᠢᠯᠠᠭᠤᠯᠵᠤ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠤᠨ ᠵᠥᠪ ᠴᠢᠭ᠌ᠯᠡᠯ᠎ᠢ ᠪᠠᠲᠤ ᠡᠵᠡᠮᠳᠡᠵᠦ᠂ ᠨᠠᠮ᠎ᠤᠨ ᠲᠥᠪ ᠬᠤᠷᠢᠶ᠎ᠠ ᠵᠢᠨ ᠴᠢᠬᠤᠯᠠ ᠶᠡᠬᠡ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠴᠢᠩᠭ᠎ᠠ ᠳᠠᠭᠠᠵᠤ᠂ ᠠᠷᠠᠳ ᠣᠯᠠᠨ᠎ᠤ ᠰᠠᠢᠨ ᠰᠠᠢᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ᠎ᠲᠡᠶ ᠨᠢᠭ᠍ᠲᠠ ᠤᠶᠠᠯᠳᠤᠭᠤᠯᠵᠤ᠂ ᠤᠯᠤᠰ᠎ᠤᠨ ᠵᠠᠰᠠᠯᠲᠠ᠎ᠶ᠋ᠢᠨ ᠱᠢᠰᠲ᠋ᠧᠮ ᠪᠣᠯᠤᠨ ᠵᠠᠰᠠᠯᠲᠠ᠎ᠶ᠋ᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠠᠬᠢᠭᠤᠯᠬᠤ ᠬᠡᠷᠡᠭ᠌ᠴᠡᠭᠡ᠎ᠲᠠᠶ ᠨᠢᠭ᠍ᠲᠠ ᠤᠶᠠᠯᠳᠤᠭᠤᠯᠵᠤ᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠤᠨ ᠴᠢᠬᠤᠯᠠ ᠶᠡᠬᠡ ᠣᠢᠯᠠᠭᠠᠭ᠍ᠳᠠᠬᠤᠨ᠎ᠢ ᠲᠤᠭᠤᠱᠢᠯᠠᠭᠤᠯᠵᠤ᠂ ᠪᠦᠬᠦ᠌ ᠲᠥᠯᠥᠭᠡᠯᠡᠭ᠌ᠴᠢ᠎ᠳ᠋ᠤ ᠴᠢᠩᠭ᠎ᠠ ᠲᠦᠱᠢᠭ᠌ᠯᠡᠵᠦ᠂ ᠬᠠᠤᠯᠢ ᠲᠣᠭ᠍ᠲᠠᠭᠠᠬᠤ ᠡᠷᠬᠡ᠂ ᠬᠢᠨᠠᠯᠲᠠ ᠲᠠᠯᠪᠢᠬᠤ ᠡᠷᠬᠡ᠂ ᠲᠣᠭ᠍ᠲᠠᠭᠠᠬᠤ ᠡᠷᠬᠡ᠂ ᠲᠣᠮᠢᠯᠠᠵᠤ ᠪᠠᠭᠤᠯᠭᠠᠬᠤ ᠡᠷᠬᠡ᠎ᠪᠡᠨ ᠬᠠᠤᠯᠢ ᠶᠣᠰᠣᠭᠠᠷ ᠬᠡᠷᠡᠭ᠌ᠵᠢᠭᠦᠯᠵᠦ᠂ ᠨᠠᠮ ᠪᠠ ᠠᠷᠠᠳ ᠲᠦᠮᠡᠨ᠎ᠡᠴᠡ ᠣᠯᠭᠣᠭ᠍ᠰᠠᠨ ᠢᠷᠠᠭᠤ ᠠᠯᠳᠠᠷᠲᠤ ᠲᠤᠱᠢᠶᠠᠯ ᠬᠠᠷᠢᠭᠤᠴᠠᠯᠭ᠎ᠠ᠎ᠪᠠᠨ ᠦᠨᠡᠨ ᠬᠦ᠌ ᠭᠦᠢᠴᠡᠳᠭᠡᠨ᠂ ᠨᠠᠮ᠎ᠤᠨ ᠲᠥᠪ ᠬᠤᠷᠢᠶ᠎ᠠ ᠵᠢᠨ ᠬᠦᠨᠳᠦ ᠨᠠᠢᠳᠠᠯᠭ᠎ᠠ᠎ᠶ᠋ᠢ ᠬᠥᠰᠡᠷᠳᠡᠭᠦᠯᠬᠦ᠌ ᠦᠭᠡᠢ ᠪᠠᠢᠬᠤ᠂ ᠠᠷᠠᠳ ᠲᠦᠮᠡᠨ᠎ᠦ ᠬᠦᠰᠡᠯ ᠡᠷᠡᠮᠡᠯᠵᠡᠯ᠎ᠢ ᠬᠥᠰᠡᠷᠳᠡᠭᠦᠯᠬᠦ᠌ ᠦᠭᠡᠢ ᠪᠠᠢᠬᠤ ᠲᠥᠪ ᠴᠢᠩᠭ᠎ᠠ ᠠᠮᠠᠯᠠᠯᠲᠠ ᠪᠡᠨ ᠴᠢᠷᠮᠠᠢᠨ ᠪᠡᠶᠡᠯᠡᠭᠦᠯᠵᠡᠢ ᠭᠡᠪᠡ᠃

ᠯᠢ ᠵᠠᠨ ᠱᠤ᠌ ᠮᠡᠳᠡᠭᠦᠯᠦᠯᠲᠡ᠎ᠳᠡᠭᠡᠨ᠂ ᠲᠠᠪᠤᠨ ᠵᠢᠯ᠎ᠦᠨ ᠲᠤᠷᠰᠢ᠂ ᠦᠨᠳᠦᠰᠦᠨ ᠬᠠᠤᠯᠢ᠎ᠳᠤ ᠵᠠᠰᠠᠪᠤᠷᠢ ᠣᠷᠣᠭᠤᠯᠬᠤ ᠲᠥᠰᠦᠯ᠎ᠢ ᠪᠠᠲᠤᠯᠠᠵᠤ᠂ 47 ᠬᠠᠤᠯᠢ ᠲᠣᠭ᠍ᠲᠠᠭᠠᠵᠤ᠂ 111 ᠬᠠᠤᠯᠢ᠎ᠳᠤ ᠵᠠᠰᠠᠪᠤᠷᠢ ᠣᠷᠣᠭᠤᠯᠵᠤ᠂ ᠬᠠᠤᠯᠢ ᠴᠠᠭᠠᠵᠠ᠎ᠶ᠋ᠢᠨ ᠲᠠᠢᠯᠪᠤᠷᠢᠯᠠᠯᠲᠠ᠂ ᠬᠣᠯᠪᠣᠭ᠍ᠳᠠᠯ ᠪᠦᠬᠦᠢ ᠬᠠᠤᠯᠢ ᠴᠠᠭᠠᠵᠠ᠎ᠶ᠋ᠢᠨ ᠠᠰᠠᠭᠤᠳᠠᠯ ᠪᠣᠯᠤᠨ ᠴᠢᠬᠤᠯᠠ ᠶᠡᠬᠡ ᠠᠰᠠᠭᠤᠳᠠᠯ᠎ᠤᠨ ᠲᠤᠭᠳᠠᠭᠠᠯ ᠰᠢᠢᠳᠪᠦᠷᠢ ᠵᠢ 53 ᠭᠠᠷᠭᠠᠵᠤ᠂ ᠨᠢᠭᠡᠨᠲᠡ ᠬᠢᠨᠠᠨ ᠵᠥᠪᠯᠡᠭᠡᠳ ᠬᠠᠷᠠᠬᠠᠨ ᠪᠠᠲᠤᠯᠠᠭᠠᠳᠤᠢ ᠬᠠᠤᠯᠢ᠎ᠶ᠋ᠢᠨ ᠲᠥᠰᠦᠯ᠂ ᠲᠣᠭ᠍ᠲᠠᠭᠠᠯ᠎ᠤᠨ ᠲᠦᠰᠦᠯ 19 ᠬᠤᠪᠢ ᠪᠠᠢᠨ᠎ᠠ; 182 ᠬᠢᠨᠠᠯᠲᠠ ᠲᠠᠯᠪᠢᠬᠤ ᠠᠵᠢᠯ᠎ᠤᠨ ᠮᠡᠳᠡᠭᠦᠯᠦᠯᠲᠡ ᠪᠠ ᠪᠤᠰᠤᠳ ᠮᠡᠳᠡᠭᠦᠯᠦᠯᠲᠡ᠎ᠶ᠋ᠢ ᠰᠣᠨᠣᠰᠤᠨ ᠬᠢᠨᠠᠨ ᠵᠦᠪᠯᠡᠵᠤ᠂ 30 ᠬᠠᠤᠯᠢ ᠪᠠ ᠲᠣᠭ᠍ᠲᠠᠭᠠᠯ᠎ᠢ ᠬᠡᠷᠡᠭ᠌ᠵᠢᠭᠦᠯᠦᠭ᠌ᠰᠡᠨ ᠪᠠᠢᠳᠠᠯ᠎ᠢ ᠪᠠᠢᠴᠠᠭᠠᠵᠤ᠂ 11 ᠤᠳᠠᠭ᠎ᠠ ᠲᠤᠰᠭᠠᠢ ᠰᠡᠳᠦᠪᠲᠦ ᠯᠠᠪᠯᠠᠨ ᠠᠰᠠᠭᠤᠬᠤ ᠠᠵᠢᠯ᠂ 33 ᠵᠦᠢᠯ᠎ᠦᠨ ᠲᠤᠰᠭᠠᠢ ᠰᠡᠳᠦᠪᠲᠦ ᠪᠠᠢᠴᠠᠭᠠᠨ ᠰᠤᠳᠤᠯᠤᠯᠲᠠ ᠥᠷᠨᠢᠭᠦᠯᠪᠡ; ᠲᠥᠯᠥᠭᠡᠯᠡᠭ᠌ᠴᠢ᠎ᠶ᠋ᠢᠨ 2282 ᠬᠤᠪᠢ ᠰᠠᠨᠠᠯ ᠵᠥᠪᠯᠡᠯᠭᠡ᠂ ᠲᠥᠯᠥᠭᠡᠯᠡᠭ᠌ᠴᠢ᠎ᠶ᠋ᠢᠨ 43750 ᠬᠤᠪᠢ ᠰᠠᠨᠠᠭᠤᠯᠭ᠎ᠠ᠎ᠶ᠋ᠢ ᠪᠦᠬᠦᠨ᠎ᠢ ᠱᠢᠢᠳᠪᠦᠷᠢᠯᠡᠨ ᠲᠠᠭᠤᠰᠬᠠᠵᠤ᠂ ᠲᠥᠯᠥᠭᠡᠯᠡᠭ᠌ᠴᠢᠳ ᠤ᠋ᠨ ᠰᠠᠨᠠᠯ ᠵᠥᠪᠯᠡᠯᠭᠡ ᠰᠠᠨᠠᠭᠤᠯᠭ᠎ᠠ᠎ᠶ᠋ᠢ ᠱᠢᠢᠳᠪᠦᠷᠢᠯᠡᠭ᠌ᠰᠡᠨ ᠠᠵᠢᠯ᠎ᠤᠨ ᠲᠤᠬᠠᠢ ᠬᠠᠨᠤᠮᠵᠢ᠎ᠶ᠋ᠢᠨ ᠬᠡᠮᠵᠢᠶ᠎ᠡ 98% ᠳ᠋ᠤ ᠬᠦᠷᠪᠡ; 36 ᠭᠡᠷ᠎ᠡ ᠪᠣᠯᠤᠨ ᠴᠢᠬᠤᠯᠠ ᠬᠡᠯᠡᠯᠴᠡᠭᠡᠷ ᠢ᠋ ᠵᠦᠪᠰᠢᠶᠡᠷᠡᠬᠦ ᠪᠡᠷ ᠲᠤᠭᠳᠠᠭᠰᠠᠨ ᠪᠤᠶᠤ ᠲᠡᠭᠦᠨ ᠳ᠋ᠤ ᠤᠷᠤᠯᠴᠠᠪᠠ; ᠲᠦᠷᠦ᠍᠎ᠶ᠋ᠢᠨ ᠪᠠᠢᠭᠤᠯᠭ᠎ᠠ᠎ᠶ᠋ᠢᠨ ᠠᠵᠢᠯᠳᠠᠨ᠎ᠢ 1515 ᠬᠥᠮᠦᠨ ᠤᠳᠠᠭ᠎ᠠ ᠬᠠᠤᠯᠢ ᠶᠣᠰᠣᠭᠠᠷ ᠲᠣᠮᠢᠯᠠᠵᠤ ᠪᠠᠭᠤᠯᠭᠠᠪᠠ᠃ ᠭᠣᠣᠯᠳᠠᠭᠤ ᠳᠣᠣᠷᠠᠬᠢ ᠠᠵᠢᠯ᠎ᠤᠳ᠎ᠢ ᠥᠷᠨᠢᠭᠦᠯᠪᠡ᠄ ᠨᠢᠭᠡ᠎ᠳᠦ ᠦᠨᠳᠦᠰᠦᠨ ᠬᠠᠤᠯᠢ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠬᠡᠷᠡᠭ᠌ᠵᠢᠭᠦᠯᠵᠦ᠍᠂ ᠦᠨᠳᠦᠰᠦᠨ ᠬᠠᠤᠯᠢ᠎ᠶ᠋ᠢᠨ ᠡᠷᠬᠡ ᠰᠦᠷ ᠪᠠ ᠨᠡᠷ᠎ᠡ ᠬᠦᠨᠳᠦ᠍᠎ᠶ᠋ᠢ ᠬᠠᠮᠠᠭᠠᠯᠠᠪᠠ; ᠬᠣᠶᠠᠷ᠎ᠲᠤ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠬᠠᠤᠯᠢ ᠴᠠᠭᠠᠵᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠵᠦ᠍᠂ ᠰᠠᠢ᠌ᠨ ᠬᠠᠤᠯᠢ᠎ᠪᠠᠷ ᠬᠥᠭ᠌ᠵᠢᠯᠲᠡ᠎ᠶ᠋ᠢ ᠠᠬᠢᠭᠤᠯᠵᠤ᠂ ᠴᠢᠳᠠᠮᠠᠭᠠᠢ ᠵᠠᠰᠠᠯᠲᠠ᠎ᠶ᠋ᠢ ᠪᠠᠲᠤᠯᠠᠵᠠᠢ; ᠭᠤᠷᠪᠠ᠎ᠳᠤ ᠦᠨᠳᠦᠰᠦᠨ ᠬᠠᠤᠯᠢ᠎ᠡᠴᠡ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠳᠤ ᠣᠯᠭᠣᠭ᠍ᠰᠠᠨ ᠬᠢᠨᠠᠯᠲᠠ ᠲᠠᠯᠪᠢᠬᠤ ᠡᠷᠬᠡ᠎ᠶ᠋ᠢ ᠰᠠᠢᠲᠤᠷ ᠬᠡᠷᠡᠭ᠌ᠯᠡᠵᠦ᠍᠂ ᠵᠥᠪ ᠵᠢᠡᠷ ᠬᠢᠨᠠᠯᠲᠠ ᠲᠠᠯᠪᠢᠬᠤ᠂ ᠪᠦᠲᠦᠮᠵᠢᠲᠡᠢ ᠬᠢᠨᠠᠯᠲᠠ ᠲᠠᠯᠪᠢᠬᠤ᠂ ᠬᠠᠤᠯᠢ ᠶᠣᠰᠣᠭᠠᠷ ᠬᠢᠨᠠᠯᠲᠠ ᠲᠠᠯᠪᠢᠬᠤ᠎ᠶ᠋ᠢ ᠬᠡᠷᠡᠭ᠌ᠵᠢᠭᠦᠯᠵᠠᠢ; ᠲᠦᠷᠪᠡ᠎ᠳᠦ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠦᠢᠯᠡᠳᠦᠯ᠎ᠢ ᠪᠠᠳᠠᠷᠠᠭᠤᠯᠵᠤ᠂ ᠠᠷᠠᠳ ᠲᠦᠮᠡᠨ ᠬᠦᠰᠡᠯ ᠱᠠᠭᠠᠷᠳᠠᠯᠭ᠎ᠠ ᠪᠠᠢᠪᠠᠯ ᠬᠠᠷᠢᠭᠤ ᠦᠭᠬᠦ ᠵᠢ ᠪᠡᠶᠡᠯᠡᠭᠦᠯᠪᠡ; ᠲᠠᠪᠤ᠎ᠳᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠠᠳᠠᠭᠠᠳᠤ ᠬᠠᠷᠢᠯᠴᠠᠭ᠎ᠠ ᠵᠢᠨ ᠳᠠᠪᠠᠭᠤᠯᠢᠭ᠎ᠢ ᠪᠠᠳᠠᠷᠠᠭᠤᠯᠵᠤ᠂ ᠨᠠᠮ ᠪᠠ ᠤᠯᠤᠰ᠎ᠤᠨ ᠭᠠᠳᠠᠭᠠᠳᠤ ᠬᠠᠷᠢᠯᠴᠠᠭ᠎ᠠ ᠵᠢᠨ ᠶᠡᠬᠡ ᠲᠠᠯ᠎ᠠ᠎ᠳᠤ ᠦᠢᠯᠡᠴᠢᠯᠡᠪᠡ; ᠵᠢᠷᠭᠤᠭ᠎ᠠ᠎ᠳᠤ ᠤᠯᠤᠰ ᠲᠦᠷᠦ᠍᠎ᠶ᠋ᠢᠨ ᠪᠠᠢᠭᠤᠯᠤᠯᠲᠠ᠎ᠪᠠᠷ ᠶᠡᠷᠦᠩᠬᠡᠢᠯᠡᠨ ᠵᠢᠯᠤᠭᠤᠳᠤᠭᠤᠯᠵᠤ᠂ ᠪᠠᠢᠩᠭᠤ᠎ᠶ᠋ᠢᠨ ᠬᠣᠷᠢᠶ᠎ᠠ ᠵᠢᠨ ᠲᠤᠰ ᠪᠡᠶ᠎ᠡ᠎ᠶ᠋ᠢᠨ ᠪᠠᠢᠭᠤᠯᠤᠯᠲᠠ᠎ᠪᠠᠨ ᠦᠨᠡᠨ ᠬᠦ᠌ ᠴᠢᠩᠭᠠᠳᠭᠠᠪᠠ ᠭᠡᠪᠡ᠃

ᠯᠢ ᠵᠠᠨ ᠱᠤ᠌ ᠮᠡᠳᠡᠭᠦᠯᠦᠯᠲᠡ᠎ᠳᠡᠭᠡᠨ᠂ ᠲᠠᠪᠤᠨ ᠵᠢᠯ᠎ᠦᠨ ᠦᠢᠯᠡᠳᠦᠯᠭᠡ ᠳ᠋ᠤ ᠮᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ ᠤ᠋ᠨ ᠱᠢᠨᠵᠢᠯᠡᠬᠦ᠌ ᠤᠬᠠᠭᠠᠨᠴᠢ ᠠᠭᠤᠯᠬᠤᠨ᠂ ᠦᠨᠳᠦᠰᠦᠨ ᠣᠨᠴᠠᠯᠢᠭ ᠪᠣᠯᠤᠨ ᠮᠥᠨ ᠴᠢᠨᠠᠷ᠎ᠤᠨ ᠱᠠᠭᠠᠷᠳᠠᠯᠭ᠎ᠠ᠎ᠶ᠋ᠢᠨ ᠲᠤᠬᠠᠢ ᠲᠠᠨᠢᠯᠲᠠ᠎ᠶ᠋ᠢ ᠤᠯᠠᠮ ᠭᠦᠨᠵᠡᠭᠡᠢᠷᠡᠭᠦᠯᠵᠡᠢ᠂ ᠡᠨᠡ ᠨᠢ ᠳᠠᠷᠤᠢ᠄ ᠡᠷᠬᠡᠪᠰᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠡᠷᠬᠡᠪᠰᠢ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠪᠠᠷᠢᠮᠲᠠᠯᠠᠵᠤ᠂ ᠡᠷᠬᠡᠪᠰᠢ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠤᠯᠤᠰ ᠲᠦᠷᠦ᠍᠎ᠶ᠋ᠢᠨ ᠬᠥᠭ᠌ᠵᠢᠯᠲᠡ᠎ᠶ᠋ᠢᠨ ᠵᠠᠮ᠎ᠢ ᠪᠠᠷᠢᠮᠲᠠᠯᠠᠵᠤ᠂ ᠡᠷᠬᠡᠪᠰᠢ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠤᠨ ᠴᠢᠬᠤᠯᠠ ᠶᠡᠬᠡ ᠣᠢᠯᠠᠭᠠᠭ᠍ᠳᠠᠬᠤᠨ᠎ᠢ ᠪᠠᠷᠢᠮᠲᠠᠯᠠᠵᠤ᠂ ᠡᠷᠬᠡᠪᠰᠢ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ᠎ᠢ ᠪᠠᠷᠢᠮᠲᠠᠯᠠᠵᠤ᠂ ᠡᠷᠬᠡᠪᠰᠢ ᠦᠨᠳᠦᠰᠦᠨ ᠬᠠᠤᠯᠢ᠎ᠳᠤ ᠲᠣᠭ᠍ᠲᠠᠭᠠᠭ᠍ᠰᠠᠨ ᠤᠯᠤᠰ᠎ᠤᠨ ᠦᠨᠳᠦᠰᠦᠨ ᠡᠭᠦᠷᠭᠡ᠂ ᠬᠥᠭ᠌ᠵᠢᠯᠲᠡ᠎ᠶ᠋ᠢᠨ ᠵᠠᠮ᠂ ᠲᠡᠮᠡᠴᠡᠬᠦ᠌ ᠬᠠᠷᠠᠯᠲᠠ᠎ᠶ᠋ᠢ ᠪᠠᠷᠢᠮᠲᠠᠯᠠᠬᠤ ᠬᠡᠷᠡᠭ᠌ᠲᠡᠢ ᠶᠠᠪᠤᠳᠠᠯ ᠪᠤᠯᠤᠨ᠎ᠠ ᠭᠡᠵᠡᠢ᠃

ᠬᠣᠢᠱᠢᠳᠠ᠎ᠶ᠋ᠢᠨ ᠨᠢᠭᠡ ᠵᠢᠯ᠎ᠦᠨ ᠠᠵᠢᠯ᠎ᠤᠨ ᠲᠤᠬᠠᠢ ᠰᠠᠨᠠᠭᠤᠯᠭ᠎ᠠ᠎ᠳᠠᠭᠠᠨ ᠯᠢ ᠵᠠᠨ ᠱᠤ᠌᠂ 2023 ᠣᠨ ᠪᠣᠯ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠬᠤ ᠡᠬᠢᠯᠡᠯᠲᠡ᠎ᠶ᠋ᠢᠨ ᠵᠢᠯ ᠪᠣᠯᠤᠨ᠎ᠠ᠂ ᠪᠠᠢᠩᠭᠤ᠎ᠶ᠋ᠢᠨ ᠬᠣᠷᠢᠶ᠎ᠠ ᠵᠢᠨ ᠠᠵᠢᠯ ᠪᠣᠯ ᠨᠢᠭᠡ᠎ᠳᠦ ᠦᠨᠳᠦᠰᠦᠨ ᠬᠠᠤᠯᠢ᠎ᠶ᠋ᠢ ᠬᠡᠷᠡᠭ᠌ᠵᠢᠭᠦᠯᠬᠦ᠌ ᠪᠠ ᠬᠠᠤᠯᠢ ᠲᠣᠭ᠍ᠲᠠᠭᠠᠬᠤ ᠠᠵᠢᠯ᠎ᠢ ᠰᠠᠢᠲᠤᠷ ᠬᠢᠨ᠎ᠠ; ᠬᠣᠶᠠᠷ᠎ᠲᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠢᠨᠠᠯᠲᠠ᠎ᠲᠠᠯᠪᠢᠬᠤ ᠠᠵᠢᠯ᠎ᠤᠨ ᠪᠣᠳᠠᠲᠤ ᠦᠷ᠎ᠡ ᠪᠦᠲᠦᠮᠵᠢ᠎ᠶ᠋ᠢ ᠴᠢᠩᠭᠠᠳᠬᠠᠨ᠎ᠠ; ᠭᠤᠷᠪᠠ᠎ᠳᠤ ᠲᠥᠯᠥᠭᠡᠯᠡᠭ᠌ᠴᠢ ᠵᠢᠨ ᠠᠵᠢᠯ᠎ᠤᠨ ᠬᠢᠷᠢ ᠲᠦᠪᠱᠢᠨ᠎ᠢ ᠳᠡᠭᠡᠭ᠌ᠰᠢᠯᠡᠭᠦᠯᠦᠨ᠎ᠠ; ᠲᠦᠷᠪᠡ᠎ᠳᠦ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠠᠳᠠᠭᠠᠳᠤ ᠬᠠᠷᠢᠯᠴᠠᠭ᠎ᠠ᠎ᠶ᠋ᠢ ᠰᠠᠢᠲᠤᠷ ᠬᠢᠨ᠎ᠠ; ᠲᠠᠪᠤ᠎ᠳᠤ ᠪᠠᠢᠩᠭᠤ᠎ᠶ᠋ᠢᠨ ᠬᠣᠷᠢᠶ᠎ᠠ ᠵᠢᠨ ᠲᠤᠰ ᠪᠡᠶ᠎ᠡ᠎ᠶ᠋ᠢᠨ ᠪᠠᠢᠭᠤᠯᠤᠯᠲᠠ᠎ᠶ᠋ᠢ ᠴᠢᠩᠭᠠᠳᠬᠠᠨ᠎ᠠ ᠭᠡᠵᠦ ᠵᠢᠭᠠᠵᠤ ᠭᠠᠷᠭᠠᠪᠠ᠃

ᠠᠷᠠᠳ᠎ᠤᠨ ᠳᠡᠭᠡᠳᠦ ᠱᠢᠭᠦᠬᠦ᠌ ᠬᠣᠷᠢᠶ᠎ᠠ ᠵᠢᠨ ᠳᠠᠷᠤᠭ᠎ᠠ ᠵᠧᠸ᠋ ᠴᠢᠶᠠᠩ ᠠᠷᠠᠳ᠎ᠤᠨ ᠳᠡᠭᠡᠳᠦ ᠱᠢᠭᠦᠬᠦ᠌ ᠬᠣᠷᠢᠶ᠎ᠠ ᠵᠢᠨ ᠠᠵᠢᠯ᠎ᠤᠨ ᠮᠡᠳᠡᠭᠦᠯᠦᠯᠳᠡ᠎ᠳᠡᠭᠡᠨ᠂ 2022 ᠣᠨ᠎ᠳᠤ᠂ ᠪᠥᠬᠥ᠌ ᠤᠯᠤᠰ᠎ᠤᠨ ᠱᠢᠭᠦᠬᠦ᠌ ᠬᠣᠷᠢᠶ᠎ᠠ ᠵᠢᠨ ᠡᠯ᠎ᠡ ᠵᠦᠶ᠋ᠯ᠎ᠦᠨ ᠠᠵᠢᠯ ᠲᠣᠭ᠍ᠲᠠᠭᠤᠨ᠎ᠤ ᠳᠤᠮᠳᠠ ᠠᠬᠢᠵᠠᠢ᠃ ᠠᠷᠠᠳ᠎ᠤᠨ ᠳᠡᠭᠡᠳᠤ ᠱᠢᠭᠦᠬᠦ᠌ ᠬᠣᠷᠢᠶ᠎ᠠ 18547 ᠬᠡᠷᠡᠭ᠎ᠢ ᠬᠦᠯᠢᠶᠡᠨ ᠠᠪᠴᠤ᠌ ᠱᠢᠢᠳᠪᠦᠷᠢᠯᠡᠵᠦ᠍᠂ 13785 ᠬᠡᠷᠡᠭ᠎ᠢ ᠱᠢᠭᠦᠨ ᠳᠠᠭᠤᠰᠭᠠᠪᠠ; ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠱᠢᠭᠦᠬᠦ᠌ ᠬᠣᠷᠢᠶ᠎ᠠ ᠪᠠ ᠠᠷᠠᠳ᠎ᠤᠨ ᠲᠤᠰᠭᠠᠢ ᠱᠢᠭᠦᠬᠦ᠌ ᠬᠣᠷᠢᠶ᠎ᠠ 3370.4 ᠲᠦᠮᠡᠨ ᠬᠡᠷᠡᠭ᠎ᠢ ᠬᠦᠯᠢᠶᠡᠨ ᠠᠪᠴᠤ᠌ ᠱᠢᠢᠳᠪᠦᠷᠢᠯᠡᠵᠦ᠍᠂ 3081 ᠲᠦᠮᠡᠨ ᠬᠡᠷᠡᠭ᠎ᠢ ᠱᠢᠭᠦᠵᠦ᠍ ᠳᠠᠭᠤᠰᠭᠠᠭ᠍ᠰᠠᠨ ᠪᠠ ᠭᠦᠢᠴᠡᠳᠭᠡᠵᠦ᠍ ᠳᠠᠭᠤᠰᠭᠠᠨ᠂ ᠬᠡᠷᠡᠭ᠎ᠢ ᠰᠢᠢᠳᠪᠦᠷᠢᠯᠡᠵᠤ ᠳᠠᠭᠤᠰᠭᠠᠭ᠍ᠰᠠᠨ ᠬᠠᠷᠠᠯᠲᠠ᠎ᠶ᠋ᠢᠨ ᠬᠡᠮᠵᠢᠶ᠎ᠠ 9.9 ᠲᠦᠮᠡᠨ ᠳ᠋ᠦᠩᠱᠢᠭᠤᠷ ᠲᠥᠭᠥᠷᠢᠭ᠎ᠲᠦ ᠬᠦᠷᠴᠡᠢ ᠭᠡᠵᠤ ᠵᠢᠭᠠᠵᠤ ᠭᠠᠷᠭᠠᠪᠠ᠃

ᠵᠧᠦ ᠴᠢᠶᠠᠩ ᠮᠡᠳᠡᠭᠦᠯᠦᠯᠲᠡ᠎ᠳᠡᠭᠡᠨ᠂ ᠲᠠᠪᠤᠨ ᠵᠢᠯ᠎ᠦᠨ ᠲᠤᠷᠰᠢ᠂ ᠠᠷᠠᠳ᠎ᠤᠨ ᠳᠡᠭᠡᠳᠦ ᠱᠢᠭᠦᠬᠦ᠌ ᠬᠣᠷᠢᠶ᠎ᠠ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠰᠢ ᠵᠢᠨ ᠫᠢᠩ᠎ᠦᠨ ᠬᠠᠤᠯᠢᠵᠢᠯ᠎ᠤᠨ ᠦᠵᠡᠯ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ᠎ᠤ ᠲᠦᠪ ᠬᠤᠷᠢᠶᠠᠨ᠎ᠤ ᠤᠳᠠᠭ᠎ᠠ ᠪᠦᠷᠢ᠎ᠶ᠋ᠢᠨ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠨ ᠲᠤᠭᠤᠱᠢᠯᠠᠭᠤᠯᠵᠤ᠂ ᠦᠨᠳᠦᠰᠦᠨ ᠬᠠᠤᠯᠢ ᠬᠠᠤᠯᠢ ᠴᠠᠭᠠᠵᠠ᠎ᠡᠴᠡ ᠣᠯᠭᠣᠭ᠍ᠰᠠᠨ ᠲᠤᠱᠢᠶᠠᠯ ᠬᠠᠷᠢᠭᠤᠴᠠᠯᠭ᠎ᠠ᠎ᠪᠠᠨ ᠦᠨᠡᠨᠴᠢ᠎ᠪᠡᠷ ᠭᠦᠢᠴᠡᠳᠭᠡᠵᠦ᠍᠂ ᠠᠷᠠᠳ᠎ᠤᠨ ᠱᠢᠭᠦᠬᠦ᠌ ᠬᠣᠷᠢᠶ᠎ᠠ ᠵᠢᠨ ᠠᠵᠢᠯ᠎ᠤᠨ ᠱᠢᠨ᠎ᠡ ᠬᠤᠪᠢᠰᠤᠯᠲᠠ ᠱᠢᠨ᠎ᠡ ᠬᠥᠭ᠌ᠵᠢᠯᠲᠡ᠎ᠶ᠋ᠢ ᠠᠬᠢᠭᠤᠯᠪᠠ᠃ ᠨᠢᠭᠡ᠎ᠳᠦ ᠤᠯᠤᠰ ᠤ᠋ᠨ ᠠᠮᠤᠷ ᠲᠦᠪᠱᠢᠨ᠂ ᠨᠡᠢᠭᠡᠮ᠎ᠦᠨ ᠠᠮᠤᠷ ᠲᠣᠭ᠍ᠲᠠᠭᠤᠨ᠂ ᠠᠷᠠᠳ ᠲᠦᠮᠡᠨ᠎ᠦ ᠠᠮᠤᠷ ᠠᠮᠤᠭᠤᠯᠠᠩ᠎ᠢ ᠡᠷᠡᠰ ᠬᠠᠮᠠᠭᠠᠯᠠᠪᠠ; ᠬᠣᠶᠠᠷ᠎ᠲᠤ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ᠂᠎ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠳ᠋ᠤ ᠬᠠᠤᠯᠢ ᠶᠤᠰᠤᠭᠠᠷ ᠦᠢᠯᠡᠴᠢᠯᠡᠪᠠ; ᠭᠤᠷᠪᠠ᠎ᠳᠤ ᠳᠤᠮᠳᠠᠳᠤ ᠤᠯᠤᠰ᠎ᠤᠨ ᠣᠨᠴᠠᠯᠢᠭ ᠲᠠᠢ ᠠᠷᠠᠳ᠎ᠤᠨ ᠲᠥᠯᠥᠭᠡ ᠬᠠᠤᠯᠢ ᠪᠠᠷᠢᠬᠤ ᠵᠠᠮ᠎ᠢᠶᠠᠷ ᠰᠠᠢᠲᠤᠷ ᠵᠠᠮᠨᠠᠬᠤ᠎ᠶ᠋ᠢ ᠪᠠᠷᠢᠮᠲᠠᠯᠠᠪᠠ; ᠲᠦᠷᠪᠡ᠎ᠳᠦ ᠨᠡᠢᠭᠡᠮ᠎ᠦᠨ ᠲᠥᠪ ᠭᠣᠣᠯᠴᠢ ᠱᠢᠳᠤᠷᠭᠤ ᠶᠣᠰᠣ᠎ᠶ᠋ᠢ ᠬᠠᠮᠠᠭᠠᠯᠠᠬᠤ ᠬᠠᠮᠤᠭ᠎ᠤᠨ ᠡᠴᠦᠰ᠎ᠦᠨ ᠰᠡᠷᠭᠡᠢᠯᠡᠯᠲᠡ᠎ᠶ᠋ᠢᠨ ᠱᠤᠭᠤᠮ᠎ᠢ ᠪᠠᠲᠤ ᠰᠠᠬᠢᠵᠠᠢ; ᠲᠠᠪᠤ᠎ᠳᠤ ᠬᠠᠤᠯᠢ ᠴᠠᠭᠠᠵᠠ ᠵᠢᠨ ᠪᠠᠢᠭᠤᠯᠤᠮᠵᠢ ᠵᠢᠨ ᠥᠭᠡᠷᠡᠴᠢᠯᠡᠯᠲᠡ ᠪᠠ ᠤᠶᠤᠨᠴᠢ ᠱᠢᠭᠦᠬᠦ᠌ ᠬᠣᠷᠢᠶ᠎ᠠ ᠵᠢᠨ ᠪᠠᠢᠭᠤᠯᠤᠯᠲᠠ ᠴᠢᠬᠤᠯᠠ ᠶᠡᠬᠡ ᠠᠬᠢᠯᠲᠠ᠎ᠲᠠᠶ ᠪᠣᠯᠪᠠ; ᠵᠢᠷᠭᠤᠭ᠎ᠠ᠎ᠳᠤ ᠦᠨᠡᠨᠴᠢ ᠱᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠱᠢᠭᠦᠬᠦ᠌ ᠬᠣᠷᠢᠶ᠎ᠠ ᠵᠢᠨ ᠲᠡᠮᠦᠷ ᠴᠡᠷᠢᠭ᠎ᠢ ᠳᠠᠪᠲᠠᠨ ᠪᠣᠯᠪᠠᠰᠤᠷᠠᠭᠤᠯᠵᠠᠢ ᠭᠡᠵᠤ ᠢᠯᠡᠳᠭᠡᠪᠡ᠃

ᠮᠡᠳᠡᠭᠦᠯᠦᠯᠲᠡ᠎ᠳᠦ᠂ ᠵᠧᠦ ᠴᠢᠶᠠᠩ 5 ᠲᠠᠯ᠎ᠠ᠎ᠡᠴᠡ 2023 ᠣᠨ᠎ᠤ ᠠᠵᠢᠯ᠎ᠳᠤ ᠰᠠᠨᠠᠭᠤᠯᠭ᠎ᠠ ᠳᠤᠷᠠᠳᠪᠠ᠄ ᠰᠢ ᠵᠢᠨ ᠫᠢᠩ᠎ᠦᠨ ᠬᠠᠤᠯᠢᠵᠢᠯ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠬᠠᠤᠯᠢᠵᠢᠯ᠎ᠤᠨ ᠵᠠᠮ᠎ᠢᠶᠠᠷ ᠭᠤᠢᠪᠢᠰᠢ ᠦᠭᠡᠢ ᠵᠠᠮᠨᠠᠬᠤ ᠬᠡᠷᠡᠭ᠌ᠲᠡᠢ; ᠬᠥᠭ᠌ᠵᠢᠯᠲᠡ ᠪᠠ ᠠᠮᠤᠷ ᠲᠦᠪᠱᠢᠨ᠎ᠢ ᠨᠠᠩ ᠰᠠᠢᠲᠤᠷ ᠨᠢᠭᠡᠳᠦᠯᠲᠡᠶ ᠲᠥᠯᠥᠪᠵᠢᠭᠦᠯᠵᠦ᠍᠂ ᠥᠨᠳᠥᠷ ᠲᠦᠪᠱᠢᠨ ᠪᠥᠬᠥᠶ ᠠᠮᠤᠷ ᠲᠦᠪᠱᠢᠨ ᠪᠠ ᠴᠢᠨᠠᠷ ᠰᠠᠢᠲᠠᠶ ᠬᠥᠭ᠌ᠵᠢᠯᠲᠡ᠎ᠳᠦ ᠬᠠᠤᠯᠢ ᠶᠣᠰᠣᠭᠠᠷ ᠦᠶ᠋ᠯᠡᠴᠢᠯᠡᠬᠦ ᠬᠡᠷᠡᠭᠳᠠᠢ; ᠠᠷᠠᠳ ᠲᠦᠮᠡᠨ᠎ᠢᠶᠡᠷ ᠭᠣᠣᠯ ᠪᠣᠯᠭᠠᠬᠤ᠎ᠶ᠋ᠢ ᠪᠠᠷᠢᠮᠲᠠᠯᠠᠵᠤ᠂ ᠠᠷᠠᠳ᠎ᠤᠨ ᠲᠥᠯᠥᠭᠡ ᠬᠠᠤᠯᠢ ᠪᠠᠷᠢᠬᠤ᠂ ᠲᠥᠪ ᠭᠣᠣᠯᠴᠢ᠎ᠪᠠᠷ ᠬᠠᠤᠯᠢ ᠪᠠᠷᠢᠬᠤ᠎ᠶ᠋ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠳᠠᠢ; ᠬᠠᠤᠯᠢ ᠴᠠᠭᠠᠵᠠ ᠵᠢᠨ ᠪᠠᠢᠭᠤᠯᠤᠮᠵᠢ ᠵᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠱᠢᠭᠦᠨ ᠲᠠᠰᠤᠯᠬᠤ ᠱᠢᠰᠲ᠋ᠧᠮ ᠪᠠ ᠱᠢᠭᠦᠨ ᠲᠠᠰᠤᠯᠬᠤ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠲᠦᠷᠭᠡᠪᠴᠢᠯᠡᠨ ᠠᠬᠢᠭᠤᠯᠬᠤ ᠬᠡᠷᠡᠭᠳᠠᠢ; ᠪᠦᠬᠦ ᠲᠠᠯ᠎ᠠ ᠪᠡᠷ ᠨᠠᠮ᠎ᠢ ᠴᠢᠩᠭ᠎ᠠ ᠵᠠᠰᠠᠬᠤ᠂ ᠱᠢᠭᠦᠬᠦ᠌ ᠬᠣᠷᠢᠶ᠎ᠠ᠎ᠶ᠋ᠢ ᠴᠢᠩᠭ᠎ᠠ ᠵᠠᠰᠠᠬᠤ᠎ᠶ᠋ᠢ ᠪᠠᠷᠢᠮᠲᠠᠯᠠᠵᠤ᠂ ᠱᠢᠭᠦᠬᠦ᠌ ᠬᠣᠷᠢᠶ᠎ᠠ ᠵᠢᠨ ᠡᠩᠨᠡᠭᠡ ᠵᠢᠨ ᠪᠠᠢᠭᠤᠯᠤᠯᠲᠠ᠎ᠶ᠋ᠢ ᠴᠢᠩᠭᠠᠳᠬᠠᠬᠤ ᠬᠡᠷᠡᠭᠳᠠᠢ᠃

ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ ᠵᠢᠨ ᠪᠠᠢᠴᠠᠭᠠᠬᠤ ᠳᠠᠷᠤᠭ᠎ᠠ ᠵᠠᠩ ᠵᠢᠶᠦ᠋ᠨ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ᠎ᠳᠡᠭᠡᠨ᠂ ᠲᠠᠪᠤᠨ ᠵᠢᠯ᠎ᠦᠨ ᠲᠤᠷᠰᠢ ᠰᠢ ᠵᠢᠨ ᠫᠢᠩ ᠨᠥᠬᠥᠷ᠎ᠢᠶᠡᠷ ᠭᠣᠣᠯ ᠪᠤᠯᠭᠠᠭᠰᠠᠨ ᠨᠠᠮ᠎ᠤᠨ ᠲᠥᠪ ᠬᠤᠷᠢᠶ᠎ᠠ ᠵᠢᠨ ᠪᠠᠳᠤ ᠴᠢᠩᠭ᠎ᠠ ᠤᠳᠤᠷᠢᠳᠤᠯᠭ᠎ᠠ ᠳᠣᠣᠷ᠎ᠠ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠵᠢᠴᠢ ᠲᠡᠭᠦᠨ᠎ᠦ ᠪᠠᠢᠩᠭᠤ᠎ᠶ᠋ᠢᠨ ᠬᠤᠷᠢᠶ᠎ᠠ ᠵᠢᠨ ᠬᠦᠴᠦᠲᠡᠢ ᠬᠢᠨᠠᠯᠲᠠ᠎ᠶ᠋ᠢᠨ ᠳᠣᠣᠷ᠎ᠠ᠂ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ ᠡᠷᠡᠭᠦᠦ᠍᠎ᠶ᠋ᠢᠨ ᠬᠡᠷᠡᠭ᠂ ᠢᠷᠭᠡᠨ᠎ᠦ ᠬᠡᠷᠡᠭ᠂ ᠵᠠᠰᠠᠭ ᠵᠠᠬᠢᠷᠭ᠎ᠠ᠂ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ ᠵᠡᠷᠭᠡ 《ᠲᠦᠷᠪᠡᠨ ᠶᠡᠬᠡ ᠪᠠᠢᠴᠠᠭᠠᠬᠤ ᠠᠵᠢᠯ》 ᠤ᠋ᠨ ᠱᠢᠨ᠎ᠡ ᠪᠠᠢᠷᠢᠱᠢᠯ᠎ᠢ ᠱᠢᠨ᠎ᠡ᠎ᠪᠡᠷ ᠡᠭᠦᠳᠦᠨ ᠪᠠᠢᠭᠤᠯᠵᠤ᠂ ᠠᠷᠠᠳ ᠲᠦᠮᠡᠨ᠎ᠢ ᠳᠡᠭᠡᠳᠦᠯᠡᠬᠦ᠌᠎ᠶ᠋ᠢ ᠦᠢᠯᠡᠳᠦᠯᠭᠡᠵᠢᠭᠦᠯᠦᠨ᠂ ᠦᠨᠳᠦᠰᠦᠨ ᠬᠠᠤᠯᠢ ᠬᠠᠤᠯᠢ ᠴᠠᠭᠠᠵᠠ᠎ᠡᠴᠡ ᠣᠯᠭᠣᠭ᠍ᠰᠠᠨ ᠬᠠᠤᠯᠢ ᠴᠠᠭᠠᠵᠠ᠎ᠶ᠋ᠢᠨ ᠬᠢᠨᠠᠯᠲᠠ ᠲᠠᠯᠪᠢᠬᠤ ᠲᠤᠱᠢᠶᠠᠯ ᠬᠠᠷᠢᠭᠤᠴᠠᠯᠭ᠎ᠠ᠎ᠪᠠᠨ ᠴᠢᠳᠠᠮᠠᠭᠠᠢ᠎ᠪᠠᠷ ᠭᠦᠢᠴᠡᠳᠭᠡᠵᠦ᠍᠂ ᠠᠷᠠᠳ᠎ᠤᠨ ᠪᠠᠢᠴᠠᠭᠠᠬᠤ ᠠᠵᠢᠯ ᠦᠢᠯᠡᠰ ᠱᠢᠨ᠎ᠡ ᠲᠠᠪᠠᠯᠳᠠᠳᠤ ᠬᠥᠭ᠌ᠵᠢᠯᠲᠡ᠎ᠶ᠋ᠢ ᠪᠡᠶᠡᠯᠡᠭᠦᠯᠪᠡ᠃ 2018 ᠣᠨ᠎ᠡᠴᠡ 2022 ᠣᠨ ᠪᠣᠯᠲᠠᠯ᠎ᠠ᠂ ᠪᠦᠬᠦ᠌ ᠤᠯᠤᠰ᠎ᠤᠨ ᠪᠠᠢᠴᠠᠭᠠᠬᠤ ᠪᠠᠢᠭᠤᠯᠭ᠎ᠠ ᠡᠯ᠎ᠡ ᠲᠦᠷᠦᠯ᠎ᠦᠨ ᠬᠡᠷᠡᠭ᠎ᠢ ᠨᠡᠢ᠌ᠳᠡ 1733.6 ᠲᠦᠮᠡᠨ ᠬᠤᠪᠢ ᠱᠢᠢᠳᠪᠦᠷᠢᠯᠡᠵᠦ᠍᠂ ᠲᠦᠷᠦᠭᠦᠦ ᠲᠠᠪᠤᠨ ᠵᠢᠯ᠎ᠦᠨ ᠬᠢ᠎ᠡᠴᠡ 40% ᠪᠡᠷ ᠨᠡᠮᠡᠭ᠌ᠳᠡᠪᠡ᠃ 2018 ᠣᠨ᠎ᠤ ᠬᠢ᠎ᠲᠡᠶ ᠬᠠᠷᠢᠴᠠᠭᠤᠯᠪᠠᠯ᠂ 2022 ᠣᠨ᠎ᠳᠤ ᠬᠦᠯᠢᠶᠠᠨ ᠠᠪᠤᠬᠰᠠᠨ ᠬᠢᠨᠠᠨ ᠪᠠᠢᠴᠠᠭᠠᠵᠤ ᠵᠠᠭᠠᠯᠳᠤᠬᠤ ᠬᠡᠷᠡᠭ 2.8% ᠪᠡᠷ ᠨᠡᠮᠡᠭ᠌ᠳᠡᠵᠦ᠍᠂ ᠢᠷᠭᠡᠨ᠎ᠦ ᠬᠡᠷᠡᠭ᠂ ᠵᠠᠰᠠᠭ ᠵᠠᠬᠢᠷᠭ᠎ᠠ᠂ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢᠨ ᠬᠡᠷᠡᠭ᠎ᠢ ᠱᠢᠢᠳᠪᠦᠷᠢᠯᠡᠭ᠌ᠰᠡᠨ ᠬᠡᠮᠵᠢᠶ᠎ᠡ ᠲᠤᠰ ᠲᠤᠰ 1.5 ᠲᠠᠬᠢᠨ᠂ 3.3 ᠲᠠᠬᠢᠨ ᠪᠠ 72.6% ᠪᠡᠷ ᠨᠡᠮᠡᠭ᠌ᠳᠡᠪᠡ ᠭᠡᠵᠦ ᠵᠢᠭᠠᠵᠤ ᠭᠠᠷᠭᠠᠪᠠ᠃

ᠮᠡᠳᠡᠭᠦᠯᠦᠯᠲᠡ᠎ᠳᠦ᠂ ᠵᠠᠩ ᠵᠢᠶᠦ᠋ᠨ ᠥᠩᠭᠡᠷᠡᠭ᠌ᠰᠡᠨ ᠲᠠᠪᠤᠨ ᠵᠢᠯ᠎ᠦᠨ ᠠᠵᠢᠯ᠎ᠢ 6 ᠲᠠᠯ᠎ᠠ᠎ᠪᠠᠷ ᠡᠷᠭᠢᠴᠡᠭᠦᠯᠪᠡ᠄ ᠨᠢᠭᠡ᠎ᠳᠦ᠂ ᠠᠮᠤᠷ ᠲᠦᠪᠱᠢᠨ ᠲᠣᠭ᠍ᠲᠠᠭᠤᠨ᠎ᠢ ᠬᠠᠮᠠᠭᠠᠯᠠᠵᠤ᠂ ᠴᠢᠳᠠᠮᠠᠭᠠᠢ ᠪᠠᠢᠴᠠᠭᠠᠬᠤ᠎ᠪᠠᠷ ᠳᠤᠮᠳᠠᠳᠤ ᠤᠯᠤᠰ᠎ᠤᠨ ᠵᠠᠰᠠᠯᠲᠠ᠎ᠳᠤ ᠬᠦᠴᠦᠨ ᠨᠡᠮᠡᠷᠢᠯᠡᠪᠡ; ᠬᠣᠶᠠᠷ᠎ᠲᠤ᠂ ᠶᠡᠬᠡ ᠲᠠᠯ᠎ᠠ᠎ᠳᠤ ᠦᠢᠯᠡᠴᠢᠯᠡᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠴᠢᠳᠠᠮᠠᠭᠠᠢ ᠪᠠᠢᠴᠠᠭᠠᠬᠤ᠎ᠪᠠᠷ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠪᠠ; ᠭᠤᠷᠪᠠ᠎ᠳᠤ᠂ ᠠᠷᠠᠳ᠎ᠤᠨ ᠲᠥᠯᠥᠭᠡ ᠬᠠᠤᠯᠢ ᠪᠠᠷᠢᠬᠤ᠎ᠶ᠋ᠢ ᠪᠠᠷᠢᠮᠲᠠᠯᠠᠵᠤ᠂ ᠴᠢᠳᠠᠮᠠᠭᠠᠢ ᠪᠠᠢᠴᠠᠭᠠᠬᠤ᠎ᠪᠠᠷ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠪᠠᠲᠤᠯᠠᠪᠠ; ᠲᠦᠷᠪᠡ᠎ᠳᠦ᠂ ᠵᠠᠷᠭᠤ᠎ᠳᠤ ᠬᠢᠨᠠᠯᠲᠠ ᠲᠠᠯᠪᠢᠬᠤ᠎ᠶ᠋ᠢ ᠴᠢᠩᠭᠠᠳᠭᠠᠵᠤ᠂ ᠴᠢᠳᠠᠮᠠᠭᠠᠢ ᠪᠠᠢᠴᠠᠭᠠᠬᠤ᠎ᠪᠠᠷ ᠬᠠᠤᠯᠢ ᠴᠠᠭᠠᠵᠠ᠎ᠶ᠋ᠢᠨ ᠲᠥᠪ ᠭᠣᠣᠯᠴᠢ᠎ᠶ᠋ᠢ ᠬᠠᠮᠠᠭᠠᠯᠠᠪᠠ; ᠲᠠᠪᠤ᠎ᠳᠤ᠂ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢ ᠥᠷᠭᠡᠳᠭᠡᠵᠦ᠍᠂ ᠴᠢᠳᠠᠮᠠᠭᠠᠢ ᠪᠠᠢᠴᠠᠭᠠᠬᠤ᠎ᠪᠠᠷ ᠤᠯᠠᠨ ᠨᠡᠢᠲᠡ᠎ᠶ᠋ᠢᠨ ᠠᠱᠢᠭ ᠲᠤᠰᠠ᠎ᠶ᠋ᠢ ᠬᠠᠮᠠᠭᠠᠯᠠᠪᠠ; ᠵᠢᠷᠭᠤᠭ᠎ᠠ᠎ᠳᠤ᠂ ᠪᠠᠢᠴᠠᠭᠠᠬᠤ ᠬᠣᠷᠢᠶ᠎ᠠ᠎ᠶ᠋ᠢ ᠴᠢᠩᠭ᠎ᠠ ᠵᠠᠰᠠᠬᠤ᠎ᠶ᠋ᠢ ᠪᠠᠷᠢᠮᠲᠠᠯᠠᠵᠤ᠂ ᠴᠢᠳᠠᠮᠠᠭᠠᠢ ᠪᠠᠢᠴᠠᠭᠠᠬᠤ ᠪᠡᠷ ᠱᠢᠯᠭᠠᠷᠠᠭ᠍ᠰᠠᠨ ᠡᠩᠨᠡᠭᠡ᠎ᠶ᠋ᠢ ᠳᠠᠪᠲᠠᠨ ᠪᠣᠯᠪᠠᠰᠤᠷᠠᠭᠤᠯᠪᠠ᠃

ᠵᠠᠩ ᠵᠢᠶᠦ᠋ᠨ ᠮᠡᠳᠡᠭᠦᠯᠦᠯᠲᠡ᠎ᠳᠡᠭᠡᠨ 2023 ᠣᠨ᠎ᠤ ᠠᠵᠢᠯ᠎ᠳᠤ ᠰᠠᠨᠠᠭᠤᠯᠭ᠎ᠠ ᠳᠤᠷᠠᠳᠴᠠᠢ᠄ ᠨᠢᠭᠡ᠎ᠳᠦ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠬᠤ ᠬᠡᠷᠡᠭᠳᠡᠢ; ᠬᠣᠶᠠᠷ᠎ᠲᠤ᠂ ᠤᠯᠤᠰ᠎ᠤᠨ ᠠᠮᠤᠷ ᠲᠦᠪᠱᠢᠨ ᠪᠠ ᠨᠡᠢᠭᠡᠮ᠎ᠦᠨ ᠲᠣᠭ᠍ᠲᠠᠭᠤᠨ᠎ᠢ ᠡᠷᠡᠰ ᠬᠠᠮᠠᠭᠠᠯᠠᠬᠤ ᠬᠡᠷᠡᠭᠳᠡᠢ; ᠭᠤᠷᠪᠠ᠎ᠳᠤ᠂ ᠬᠠᠤᠯᠢᠵᠢᠯ᠎ᠤᠨ ᠬᠦᠴᠦᠨ᠎ᠢ ᠭᠦᠢᠴᠡᠳ ᠬᠡᠷᠡᠭᠯᠡᠵᠤ ᠴᠢᠨᠠᠷ ᠰᠠᠢᠲᠠᠢ ᠬᠥᠭ᠌ᠵᠢᠯᠲᠡ᠎ᠳᠦ ᠦᠢᠯᠡᠴᠢᠯᠡᠬᠦ ᠬᠡᠷᠡᠭᠳᠡᠢ; ᠲᠦᠷᠪᠡ᠎ᠳᠦ᠂ ᠬᠠᠤᠯᠢ ᠴᠠᠭᠠᠵᠠ᠎ᠶ᠋ᠢᠨ ᠬᠢᠨᠠᠯᠲᠠ ᠲᠠᠯᠪᠢᠬᠤ ᠴᠢᠳᠠᠪᠤᠷᠢ᠎ᠶ᠋ᠢ ᠳᠡᠭᠡᠭ᠌ᠰᠢᠯᠡᠭᠦᠯᠬᠦ ᠬᠡᠷᠡᠭᠳᠡᠢ; ᠲᠠᠪᠤ᠎ᠳᠤ᠂ ᠬᠠᠤᠯᠢ ᠴᠠᠭᠠᠵᠠ ᠵᠢᠨ ᠪᠠᠢᠭᠤᠯᠤᠮᠵᠢ᠎ᠵᠢᠨ ᠶᠡᠷᠦᠩᠬᠡᠢᠯᠡᠭ᠌ᠰᠡᠨ ᠢᠵᠢ ᠪᠦᠷᠢᠳᠦᠬᠦᠯᠦᠭᠰᠡᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ ᠬᠡᠷᠡᠭᠳᠡᠢ; ᠵᠢᠷᠭᠤᠭ᠎ᠠ᠎ᠳᠤ᠂ ᠬᠦᠨᠳᠦ ᠡᠭᠦᠷᠭᠡ᠎ᠶ᠋ᠢ ᠡᠭᠦᠷᠭᠡᠯᠡᠵᠦ᠍ ᠲᠡᠢᠯᠬᠦ ᠪᠠᠢᠴᠠᠭᠠᠬᠤ ᠠᠵᠢᠯ᠎ᠤᠨ ᠲᠡᠮᠦᠷ ᠴᠡᠷᠢᠭ᠎ᠢ ᠪᠠᠢᠭᠤᠯᠬᠤ ᠬᠡᠷᠡᠭᠳᠡᠢ᠃

ᠲᠦᠷᠦ᠍᠎ᠶ᠋ᠢᠨ ᠶᠠᠪᠤᠳᠠᠯ᠎ᠤᠨ ᠬᠤᠷᠢᠶ᠎ᠠ ᠵᠢᠨ ᠶᠡᠷᠦᠩᠬᠡᠢ ᠰᠠᠢᠳ ᠯᠢ ᠺᠸ ᠴᠢᠶᠠᠩ᠎ᠤᠨ ᠬᠢᠨᠠᠨ ᠵᠥᠪᠯᠡᠭᠦᠯᠬᠦ᠌᠎ᠪᠡᠷ ᠳᠡᠪᠱᠢᠭᠦᠯᠦᠭ᠌ᠰᠡᠨ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ ᠵᠢᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢᠨ ᠲᠥᠰᠦᠯ᠎ᠦᠨ ᠰᠠᠨᠠᠯ ᠵᠥᠪᠯᠡᠯᠭᠡ᠎ᠳᠦ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠤᠳᠠᠭ᠎ᠠ᠎ᠶ᠋ᠢᠨ ᠪᠦᠬᠦ᠌ ᠤᠯᠤᠰ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠡᠴᠡ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠲᠤᠬᠠᠢ ᠴᠢᠬᠤᠯᠠ ᠪᠠᠢᠷᠢᠯᠠᠭᠤᠯᠤᠯᠲᠠ ᠬᠢᠪᠡ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠬᠣᠶᠠᠳᠤᠭᠠᠷ ᠪᠥᠬᠥᠳᠡ ᠬᠤᠷᠠᠯ᠎ᠡᠴᠡ 《ᠨᠠᠮ ᠪᠠ ᠲᠥᠷᠥ᠎ᠶ᠋ᠢᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢᠨ ᠲᠥᠰᠦᠯ》 ᠢ᠋ ᠬᠢᠨᠠᠨ ᠵᠦᠪᠯᠡᠵᠦ ᠪᠠᠲᠤᠯᠠᠭᠠᠳ᠂ ᠲᠡᠭᠦᠨ᠎ᠦ ᠳᠣᠲᠣᠷᠠᠬᠢ ᠲᠥᠷᠥ᠎ᠶ᠋ᠢᠨ ᠶᠠᠪᠤᠳᠠᠯ᠎ᠤᠨ ᠬᠤᠷᠢᠶ᠎ᠠ ᠵᠢᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠳᠦ ᠬᠣᠯᠪᠣᠭ᠍ᠳᠠᠭ᠍ᠰᠠᠨ ᠠᠭᠤᠯᠭ᠎ᠠ᠎ᠶ᠋ᠢ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠳᠤ ᠳᠡᠪᠱᠢᠭᠦᠯᠵᠦ᠍ ᠬᠢᠨᠠᠨ ᠵᠦᠪᠯᠡᠭᠦᠯᠬᠦ᠎ᠪᠠᠷ ᠵᠥᠪᠱᠢᠶᠡᠷᠡᠪᠡ᠃ ᠤᠳᠤ 《ᠨᠠᠮ ᠪᠠ ᠲᠦᠷᠦ᠍᠎ᠶ᠋ᠢᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢᠨ ᠲᠥᠰᠦᠯ》 ᠢ᠋ ᠦᠨᠳᠦᠰᠦᠯᠡᠨ ᠪᠦᠷᠢᠯᠳᠦᠬᠦᠯᠦᠭᠰᠡᠨ 《ᠲᠦᠷᠦ᠍᠎ᠶ᠋ᠢᠨ ᠶᠠᠪᠤᠳᠠᠯ᠎ᠤᠨ ᠬᠤᠷᠢᠶ᠎ᠠ ᠵᠢᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢᠨ ᠲᠥᠰᠦᠯ》 ᠢ᠋ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠳᠤ ᠬᠢᠨᠠᠨ ᠵᠦᠪᠯᠡᠭᠦᠯᠬᠦ᠎ᠪᠠᠷ ᠳᠡᠪᠱᠢᠭᠦᠯᠪᠠ ᠭᠡᠵᠦ ᠵᠢᠭᠠᠵᠤ ᠭᠠᠷᠭᠠᠪᠠ᠃

ᠲᠦᠷᠦ᠍᠎ᠶ᠋ᠢᠨ ᠶᠠᠪᠤᠳᠠᠯ᠎ᠤᠨ ᠬᠤᠷᠢᠶ᠎ᠠ ᠵᠢᠨ ᠨᠠᠢᠳᠠᠯᠭ᠎ᠠ᠎ᠪᠠᠷ ᠲᠦᠷᠦ᠍᠎ᠶ᠋ᠢᠨ ᠶᠠᠪᠤᠳᠠᠯ᠎ᠤᠨ ᠭᠡᠱᠢᠭᠦᠨ ᠪᠥᠭᠡᠳ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ ᠵᠢᠨ ᠨᠠᠷᠢᠨ ᠪᠢᠴᠢᠭ᠎ᠦᠨ ᠳᠠᠷᠤᠭ᠎ᠠ ᠱᠢᠶᠤᠤ ᠵᠢᠶ᠍ᠸ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ ᠵᠢᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢᠨ ᠲᠥᠰᠦᠯ᠎ᠦᠨ ᠲᠤᠬᠠᠢ ᠲᠣᠳᠣᠷᠬᠠᠢᠯᠠᠯᠲᠠ ᠬᠢᠪᠡ᠃ ᠱᠢᠶᠤᠤ ᠵᠢᠶᠧ ᠲᠣᠳᠣᠷᠬᠠᠢᠯᠠᠯᠲᠠ᠎ᠳᠠᠭᠠᠨ᠂ ᠲᠥᠷᠥ᠎ᠶ᠋ᠢᠨ ᠶᠠᠪᠤᠳᠠᠯ᠎ᠤᠨ ᠬᠤᠷᠢᠶ᠎ᠠ ᠵᠢᠨ ᠪᠠᠢᠭᠤᠯᠤᠮᠵᠢ᠎ᠶ᠋ᠢᠨ ᠥᠭᠡᠷᠡᠴᠢᠯᠡᠯᠲᠡ ᠨᠢ ᠨᠠᠮ ᠪᠠ ᠲᠥᠷᠥ᠎ᠶ᠋ᠢᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢᠨ ᠨᠢᠭᠡᠨ ᠴᠢᠬᠤᠯᠠ ᠡᠭᠦᠷᠭᠡ ᠪᠣᠯᠤᠭ᠍ᠰᠠᠨ᠎ᠤ ᠬᠤᠪᠢ᠎ᠳᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠂ ᠮᠥᠩᠭᠥᠨ ᠭᠦᠶ᠋ᠯᠭᠡᠭᠡᠨ᠎ᠦ ᠬᠢᠨᠠᠯᠲᠠ ᠬᠠᠮᠢᠶᠠᠷᠤᠯᠲᠠ᠂ ᠳ᠋ᠠᠢᠲ᠋ᠠ᠎ᠶ᠋ᠢᠨ ᠬᠠᠮᠢᠶᠠᠷᠤᠯᠲᠠ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠂ ᠮᠡᠳᠡᠯᠭᠡ᠎ᠶ᠋ᠢᠨ ᠥᠮᠴᠢᠯᠡᠯ᠎ᠤᠨ ᠡᠷᠬᠡ᠂ ᠦᠳᠡᠬᠦᠰ᠎ᠤᠨ ᠠᠵᠢᠯ ᠵᠡᠷᠭᠡ ᠭᠤᠤᠯᠳᠠᠯᠭ᠎ᠠ᠎ᠲᠠᠶ ᠬᠦᠷᠢᠶᠡᠨ᠎ᠳᠡᠬᠢ ᠪᠠᠢᠭᠤᠯᠤᠮᠵᠢ᠎ᠶ᠋ᠢᠨ ᠲᠤᠱᠢᠶᠠᠯ ᠬᠠᠷᠢᠭᠤᠴᠠᠯᠭ᠎ᠠ᠎ᠶ᠋ᠢ ᠱᠢᠯᠢᠳᠡᠭ᠌ᠵᠢᠭᠦᠯᠦᠨ ᠲᠣᠬᠢᠷᠠᠭᠤᠯᠤᠯᠳᠠ ᠬᠢᠵᠤ᠂ ᠵᠠᠰᠠᠭ᠎ᠤᠨ ᠣᠷᠳᠣᠨ᠎ᠤ ᠡᠭᠦᠷᠭᠡ ᠲᠤᠰᠢᠶᠠᠯ᠎ᠢ ᠬᠤᠪᠢᠷᠠᠭᠤᠯᠤᠨ᠂ ᠬᠠᠤᠯᠢᠵᠢᠯ᠎ᠤᠨ ᠵᠠᠰᠠᠭ᠎ᠤᠨ ᠣᠷᠳᠣᠨ᠎ᠢ ᠲᠦᠷᠭᠡᠳᠭᠡᠨ ᠪᠠᠢᠭᠤᠯᠬᠤ ᠪᠣᠯ ᠭᠤᠤᠯᠳᠠᠯᠭ᠎ᠠ ᠪᠣᠯᠤᠨ᠎ᠠ ᠭᠡᠵᠦ ᠵᠢᠭᠠᠵᠤ ᠭᠠᠷᠭᠠᠪᠠ᠃

ᠡᠨᠡ ᠤᠳᠠᠭᠠᠨ᠎ᠤ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ ᠵᠢᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢᠨ ᠪᠣᠳᠠᠲᠠᠢ ᠠᠭᠤᠯᠭ᠎ᠠ ᠨᠢ ᠳᠣᠣᠷᠠᠬᠢ ᠮᠡᠲᠦ᠄ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠶᠠᠮᠤᠨ᠎ᠢ ᠳᠠᠬᠢᠨ ᠰᠢᠨ᠎ᠡ ᠪᠡᠷ ᠪᠠᠢᠭᠤᠯᠤᠨ᠎ᠠ; ᠤᠯᠤᠰ᠎ᠤᠨ ᠮᠥᠩᠭᠥᠨ ᠭᠦᠢᠯᠭᠡᠭᠡᠨ᠎ᠦ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠢ ᠲᠣᠪᠴᠢᠶ᠎ᠠ᠎ᠶ᠋ᠢ ᠪᠠᠢᠭᠤᠯᠤᠨ᠎ᠠ; ᠣᠷᠣᠨ ᠨᠤᠲᠤᠭ᠎ᠤᠨ ᠮᠥᠩᠭᠥᠨ ᠭᠦᠢᠯᠭᠡᠭᠡᠨ᠎ᠦ ᠬᠢᠨᠠᠯᠲᠠ ᠬᠠᠮᠢᠶᠠᠷᠤᠯᠲᠠ᠎ᠶ᠋ᠢᠨ ᠪᠠᠢᠭᠤᠯᠤᠮᠵᠢ᠎ᠵᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ᠎ᠡ; ᠳᠤᠮᠳᠠᠳᠤ ᠤᠯᠤᠰ᠎ᠤᠨ ᠦᠨᠡᠲᠦ ᠲᠡᠮᠳᠡᠭ᠌ᠲᠦ᠍᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠵᠥᠪᠯᠡᠯ᠎ᠢ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ ᠵᠢᠨ ᠱᠢᠭᠤᠳ ᠬᠠᠷᠢᠶ᠎ᠠ ᠪᠠᠢᠭᠤᠯᠤᠮᠵᠢ ᠪᠣᠯᠭᠠᠨ ᠲᠤᠬᠢᠷᠠᠭᠤᠯᠤᠨ᠎ᠠ; ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶ᠋ᠢᠨ ᠰᠠᠯᠪᠤᠷᠢ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠤᠨ᠎ᠠ; ᠤᠯᠤᠰ᠎ᠤᠨ ᠥᠮᠴᠢᠯᠡᠯ᠎ᠦᠨ ᠮᠥᠩᠭᠥᠨ ᠭᠦᠢᠯᠭᠡᠭᠡᠨ᠎ᠦ ᠬᠦᠷᠦᠨᠭ᠌ᠭᠡ᠎ᠶ᠋ᠢᠨ ᠬᠠᠮᠢᠶᠠᠷᠤᠯᠲᠠ᠎ᠶ᠋ᠢᠨ ᠪᠠᠢᠭᠤᠯᠤᠮᠵᠢ ᠵᠢ ᠲᠡᠭᠦᠯᠳᠡᠷᠵᠢᠭᠦᠯᠦᠨ᠎ᠡ; ᠮᠥᠩᠭᠥᠨ ᠭᠦᠢᠯᠭᠡᠭᠡᠨ᠎ᠦ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠦᠨ ᠠᠵᠢᠯᠲᠠᠨ᠎ᠤ ᠨᠢᠭᠡᠳᠦᠯᠲᠡᠢ ᠵᠢᠷᠤᠮᠵᠢᠭ᠍ᠰᠠᠨ ᠬᠠᠮᠢᠶᠠᠷᠤᠯᠲᠠ᠎ᠶ᠋ᠢ ᠴᠢᠩᠭᠠᠳᠭᠠᠨ᠎ᠠ; ᠤᠯᠤᠰ᠎ᠤᠨ ᠳ᠋ᠠᠢᠲ᠋ᠠ᠎ᠶ᠋ᠢᠨ ᠲᠣᠪᠴᠢᠶ᠎ᠠ᠎ᠶ᠋ᠢ ᠪᠠᠢᠭᠤᠯᠤᠨ᠎ᠠ; ᠬᠦᠳᠡᠭᠡ ᠠᠵᠤ ᠠᠬᠤᠢ ᠬᠥᠳᠡᠭᠡ ᠲᠣᠰᠭᠣᠨ᠎ᠤ ᠶᠠᠮᠤᠨ᠎ᠤ ᠲᠤᠱᠢᠶᠠᠯ ᠬᠠᠷᠢᠭᠤᠴᠠᠯᠭ᠎ᠠ᠎ᠶ᠋ᠢ ᠱᠢᠯᠢᠳᠡᠭ᠌ᠵᠢᠭᠦᠯᠦᠨ᠎ᠡ; ᠦᠳᠡᠬᠦᠰ᠎ᠤᠨ ᠠᠵᠢᠯ᠎ᠤᠨ ᠪᠠᠢᠭᠤᠯᠤᠮᠵᠢ ᠵᠢ ᠲᠡᠭᠦᠯᠳᠡᠷᠵᠢᠭᠦᠯᠦᠨ᠎ᠡ; ᠮᠡᠳᠡᠯᠭᠡ᠎ᠶ᠋ᠢᠨ ᠥᠮᠴᠢᠯᠡᠯ᠎ᠤᠨ ᠡᠷᠬᠡ᠎ᠶ᠋ᠢᠨ ᠬᠠᠮᠢᠶᠠᠷᠤᠯᠲᠠ᠎ᠶ᠋ᠢᠨ ᠪᠠᠢᠭᠤᠯᠤᠮᠵᠢ ᠵᠢ ᠲᠡᠭᠦᠯᠳᠡᠷᠵᠢᠭᠦᠯᠦᠨ᠎ᠡ; ᠤᠯᠤᠰ᠎ᠤᠨ ᠵᠠᠬᠢᠳᠠᠯ ᠰᠤᠷᠪᠤᠯᠵᠢᠯᠠᠯ᠎ᠤᠨ ᠲᠣᠪᠴᠢᠶ᠎ᠠ᠎ᠶ᠋ᠢ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ ᠵᠢᠨ ᠱᠢᠭᠤᠳ ᠬᠠᠷᠢᠶ᠎ᠠ ᠪᠠᠢᠭᠤᠯᠤᠮᠵᠢ ᠪᠣᠯᠭᠠᠨ ᠲᠤᠬᠢᠷᠠᠭᠤᠯᠤᠨ᠎ᠠ; ᠲᠥᠪ᠎ᠦᠨ ᠲᠥᠷᠥ᠎ᠶ᠋ᠢᠨ ᠪᠠᠢᠭᠤᠯᠭ᠎ᠠ᠎ᠶ᠋ᠢᠨ ᠠᠵᠢᠯᠲᠠᠨ᠎ᠤ ᠣᠷᠣᠨ ᠲᠣᠭ᠎ᠠ᠎ᠶ᠋ᠢ ᠴᠣᠮᠬᠠᠳᠭᠠᠨ᠎ᠠ᠃ ᠳᠡᠭᠡᠷ᠎ᠡ ᠳᠤᠷᠠᠳᠤᠭ᠍ᠰᠠᠨ ᠲᠥᠰᠦᠯ ᠶᠣᠰᠣᠭᠠᠷ ᠲᠣᠬᠢᠷᠠᠭᠤᠯᠤᠯᠲᠠ ᠬᠢᠭ᠌ᠰᠡᠨ᠎ᠦ ᠳᠠᠷᠠᠭ᠎ᠠ᠂ ᠲᠥᠷᠥ᠎ᠶ᠋ᠢᠨ ᠶᠠᠪᠤᠳᠠᠯ᠎ᠤᠨ ᠬᠤᠷᠢᠶ᠎ᠠ ᠵᠢᠨ ᠠᠯᠪᠠᠨ ᠲᠢᠩᠬᠢᠮ᠎ᠡᠴᠡ ᠭᠠᠳᠠᠨ᠎ᠠ᠂ ᠲᠥᠷᠥ᠎ᠶ᠋ᠢᠨ ᠶᠠᠪᠤᠳᠠᠯ᠎ᠤᠨ ᠬᠤᠷᠢᠶ᠎ᠠ ᠵᠢᠨ ᠲᠤᠬᠢᠷᠠᠭᠤᠯᠤᠬᠰᠠᠨ ᠪᠦᠷᠢᠯᠳᠦᠬᠦᠨ ᠰᠠᠯᠠᠭ᠎ᠠ ᠮᠥᠴᠢᠷ ᠮᠦᠨ ᠬᠦ᠌ 26 ᠪᠣᠯᠤᠨ᠎ᠠ᠃

ᠶᠡᠬᠡ ᠬᠤᠷᠠᠯ᠎ᠤᠨ ᠭᠦᠢᠴᠡᠳᠭᠡᠭ᠌ᠴᠢ ᠲᠡᠷᠢᠭᠦᠯᠡᠭ᠌ᠴᠢ ᠸᠠᠩ ᠨᠢᠩ᠂ ᠯᠢᠦ ᠢ ᠯᠢᠶᠠᠩ᠂ ᠯᠢᠦ ᠨᠢᠩ᠂ ᠯᠢ ᠱᠢᠤ ᠯᠢᠩ᠂ ᠴᠧᠨ ᠭᠠᠩ᠂ ᠵᠧᠩ ᠵᠠ ᠵᠢᠶ᠍ᠸ᠂ ᠨᠶ᠋ᠢ ᠶᠤᠸᠠᠢ ᠹᠸᠩ᠂ ᠵᠢᠩ ᠵᠢᠶᠦ᠋ᠨ ᠬᠠᠢ᠂ ᠯᠧᠦ ᠶᠠᠩ ᠱᠧᠩ ᠲᠡᠷᠢᠭᠦᠯᠡᠭ᠌ᠴᠢᠳ᠎ᠦᠨ ᠲᠠᠢᠰᠠᠨ᠎ᠤ ᠭᠦᠢᠴᠡᠳᠭᠡᠭ᠌ᠴᠢ ᠲᠡᠷᠢᠭᠦᠯᠡᠭ᠌ᠴᠢ᠎ᠶ᠋ᠢᠨ ᠰᠠᠭᠤᠳᠠᠯ᠎ᠳᠤ ᠰᠠᠭᠠᠲᠠᠪᠠ᠃

(ᠱᠢᠨᠬᠤᠸᠠ ᠬᠤᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 7 ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面