2023-03-08 10:18:07
ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶ᠎ᠠ ᠵᠢᠨ ᠪᠠᠢᠩᠭᠤ᠎ᠶ᠋ᠢᠨ ᠭᠡᠱᠢᠭᠦᠨ ᠵᠤᠤ ᠯᠸ ᠵᠶ᠋ᠢ 7 ᠤ᠋ ᠦᠳᠡ᠎ᠶ᠋ᠢᠨ ᠡᠮᠦᠨ᠎ᠡ ᠲᠤᠰ ᠲᠤᠰ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠤᠨ ᠱᠢᠶᠠᠩᠭᠠᠩ᠎ᠤᠨ ᠲᠥᠯᠥᠭᠡᠯᠡᠭ᠌ᠴᠢᠳ᠎ᠦᠨ ᠪᠦᠯᠬᠦᠮ᠂ ᠣᠣᠮᠧᠨ᠎ᠦ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠪᠠ᠃
ᠱᠢᠶᠠᠩᠭᠠᠩ᠂ ᠣᠣᠮᠧᠨ᠎ᠦ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢ᠎ᠶ᠋ᠢᠨ ᠶᠠᠷᠢᠶ᠎ᠠ᠎ᠶ᠋ᠢ ᠨᠠᠷᠢᠨ ᠬᠢᠨᠠᠮᠠᠭᠠᠢ ᠰᠣᠨᠣᠰᠤᠭ᠍ᠰᠠᠨ᠎ᠤ ᠳᠠᠷᠠᠭ᠎ᠠ᠂ ᠵᠤᠤ ᠯᠸ ᠵᠶ᠋ᠢ᠂ ᠥᠩᠭᠡᠷᠡᠭ᠌ᠰᠡᠨ 5 ᠵᠢᠯ᠎ᠳᠦ ᠨᠠᠮ ᠪᠣᠯᠤᠨ ᠤᠯᠤᠰ᠎ᠤᠨ ᠠᠵᠢᠯ ᠦᠢᠯᠡᠰ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠭ᠍ᠰᠠᠨ ᠴᠢᠬᠤᠯᠠ ᠶᠡᠬᠡ ᠠᠮᠵᠢᠯᠲᠠ ᠣᠯᠵᠤ᠂ 《ᠨᠢᠭᠡ ᠤᠯᠤᠰ ᠲᠤ᠌ ᠬᠣᠶᠠᠷ ᠪᠠᠢᠭᠤᠯᠤᠯ᠎ᠢ ᠬᠡᠷᠡᠭᠵᠢᠬᠦᠯᠬᠦ》 ᠦᠢᠯᠡᠳᠦᠯᠭᠡ ᠠᠯᠢ ᠤᠯᠠᠨ ᠱᠢᠪᠲᠤᠯᠤᠯᠲᠠ᠎ᠶ᠋ᠢᠨ ᠴᠢᠨᠠᠷᠲᠠᠢ ᠠᠮᠵᠢᠯᠳᠠ ᠪᠦᠳᠦᠮᠵᠢ ᠤᠯᠵᠤ᠂ ᠪᠡᠯᠭᠡ ᠲᠡᠮᠳᠡᠭ᠎ᠦᠨ ᠴᠢᠨᠠᠷᠲᠠᠢ ᠦᠷ᠎ᠡ ᠪᠦᠲᠦᠭᠡᠯ ᠣᠯᠵᠤ᠂ ᠱᠢᠶᠠᠩᠭᠠᠩ ᠰᠠᠮᠠᠭᠣᠷᠠᠯ ᠡᠴᠡ ᠰᠠᠮᠠᠭᠤᠷᠠᠯ᠎ᠢ ᠵᠠᠰᠠᠬᠤ ᠲᠡᠢᠰᠢ᠂ ᠵᠠᠰᠠᠯᠲᠠ ᠡᠴᠡ ᠬᠦᠭᠵᠢᠨ ᠮᠠᠨᠲᠣᠬᠣ ᠱᠢᠨ᠎ᠡ ᠱᠠᠲᠤᠨ᠎ᠳᠤ ᠣᠷᠣᠵᠤ᠂ ᠱᠢᠶᠠᠩᠭᠠᠩ ᠣᠣᠮᠧᠨ ᠤᠷᠳᠤ ᠬᠤᠭᠤᠴᠠᠭᠠᠨ᠎ᠤ ᠲᠣᠭ᠍ᠲᠠᠭᠤᠨ ᠬᠥᠭ᠌ᠵᠢᠯᠲᠡ᠎ᠶ᠋ᠢᠨ ᠰᠠᠢ᠌ᠨ ᠰᠠᠢᠬᠠᠨ ᠪᠠᠢᠳᠠᠯ᠎ᠢᠶᠠᠨ ᠪᠠᠲᠤᠯᠠᠪᠠ᠃ 《ᠨᠢᠭᠡ ᠤᠯᠤᠰ ᠲᠤ᠌ ᠬᠣᠶᠠᠷ ᠪᠠᠢᠭᠤᠯᠤᠯ ᠢ ᠬᠡᠷᠡᠭᠵᠢᠬᠦᠯᠬᠦ》 ᠪᠣᠯ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠠᠭᠤᠤ ᠶᠡᠬᠡ ᠡᠭᠦᠳᠦᠯᠲᠡ ᠮᠥᠨ᠂ ᠱᠢᠶᠠᠩᠭᠠᠩ᠂ ᠣᠣᠮᠧᠨ ᠡᠬᠡ ᠣᠯᠣᠰ ᠲᠠᠭᠠᠨ ᠪᠤᠴᠠᠵᠤ ᠢᠷᠡᠭ᠌ᠰᠡᠨ᠎ᠦ ᠳᠠᠷᠠᠭ᠎ᠠ ᠤᠷᠲᠤ ᠬᠤᠭᠤᠴᠠᠭ᠎ᠠ᠎ᠪᠠᠷ ᠴᠡᠴᠡᠭ᠌ᠯᠡᠨ ᠬᠥᠭ᠌ᠵᠢᠵᠦ᠍ ᠲᠣᠭ᠍ᠲᠠᠭᠤᠨ ᠪᠠᠢᠬᠤ᠎ᠶ᠋ᠢ ᠪᠠᠲᠤᠯᠠᠬᠰᠠᠨ ᠬᠠᠮᠤᠭ᠎ᠤᠨ ᠰᠠᠢᠨ ᠪᠠᠢᠭᠤᠯᠤᠯ᠎ᠤᠨ ᠲᠣᠬᠢᠷᠠᠭᠤᠯᠤᠯᠲᠠ ᠮᠥᠨ᠂ ᠡᠷᠬᠡᠪᠰᠢ ᠤᠷᠲᠤ ᠬᠤᠭᠤᠴᠠᠭ᠎ᠠ᠎ᠪᠠᠷ ᠪᠠᠷᠢᠮᠲᠠᠯᠠᠬᠤ ᠬᠡᠷᠡᠭ᠌ᠲᠡᠢ ᠭᠡᠳᠡᠭ᠎ᠢ ᠦᠢᠯᠡᠳᠦᠯᠭᠡ ᠭᠦᠢᠴᠡᠳ ᠭᠡᠷᠡᠴᠢᠯᠡᠭ᠌ᠰᠡᠨ ᠪᠠᠢᠨ᠎ᠠ ᠭᠡᠵᠦ ᠢᠯᠡᠳᠭᠡᠪᠡ᠃
ᠵᠤᠤ ᠯᠸ ᠵᠶ᠋ᠢ᠂ 《ᠨᠢᠭᠡ ᠤᠯᠤᠰ ᠲᠤ᠌ ᠬᠣᠶᠠᠷ ᠪᠠᠢᠭᠤᠯᠤᠯ᠎ᠢ ᠬᠡᠷᠡᠭᠵᠢᠬᠦᠯᠬᠦ》 ᠵᠢ ᠠᠬᠢᠭᠤᠯᠤᠬᠰᠠᠨ ᠱᠢᠶᠠᠩᠭᠠᠩ᠂ ᠣᠣᠮᠧᠨ᠎ᠳᠡᠬᠢ ᠠᠮᠵᠢᠯᠲᠠ᠎ᠲᠠᠶ ᠦᠢᠯᠡᠳᠦᠯᠭᠡ ᠪᠣᠯ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠴᠢᠬᠤᠯᠠ ᠪᠦᠷᠢᠯᠳᠦᠬᠦᠨ ᠬᠡᠰᠡᠭ ᠮᠥᠨ᠃ ᠱᠢᠶᠠᠩᠭᠠᠩ᠂ ᠣᠣᠮᠧᠨ ᠡᠬᠡ ᠤᠯᠤᠰ᠎ᠤᠨ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠢᠳᠡᠪᠬᠢᠲᠡᠢ ᠠᠭᠤᠰᠤᠯᠴᠠᠵᠤ᠂ 《ᠨᠢᠭᠡ ᠤᠯᠤᠰ ᠲᠤ᠌ ᠬᠣᠶᠠᠷ ᠪᠠᠢᠭᠤᠯᠤᠯ᠎ᠢ ᠬᠡᠷᠡᠭᠵᠢᠭᠦᠯᠬᠦ》 ᠴᠢᠭ᠌ᠯᠡᠯᠲᠡ᠎ᠶ᠋ᠢ ᠪᠦᠬᠦ᠌ ᠲᠠᠯ᠎ᠠ᠎ᠪᠠᠷ ᠣᠨᠣᠪᠴᠢᠲᠠᠢ᠂ ᠡᠷᠡᠰ ᠭᠤᠢᠪᠢᠰᠢ ᠦᠭᠡᠢ ᠲᠤᠭᠤᠱᠢᠯᠠᠭᠤᠯᠵᠤ᠂ ᠱᠢᠶᠠᠩᠭᠠᠩ ᠣᠣᠮᠧᠨ᠎ᠦ ᠬᠥᠭ᠌ᠵᠢᠯ ᠴᠡᠴᠡᠭ᠌ᠯᠡᠯ᠎ᠦᠨ ᠱᠢᠨ᠎ᠡ ᠪᠠᠢᠳᠠᠯ᠎ᠢ ᠴᠢᠷᠮᠠᠢᠨ ᠡᠭᠦᠳᠴᠦ᠍᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠳᠦ ᠨᠡᠩ ᠰᠠᠢᠲᠤᠷ ᠦᠢᠯᠡᠳᠦᠯ᠎ᠢᠶᠡᠨ ᠪᠠᠳᠠᠷᠠᠭᠤᠯᠬᠤ ᠬᠡᠷᠡᠭ᠌ᠲᠡᠢ᠃ ᠲᠥᠪ᠎ᠡᠴᠡ ᠱᠢᠶᠠᠩᠭᠠᠩ᠎ᠤᠨ ᠤᠷᠳᠤ ᠬᠤᠭᠤᠴᠠᠭ᠎ᠠ᠎ᠶᠢᠨ ᠥᠪᠡᠷᠮᠢᠴᠡ ᠤᠨᠴᠠᠭᠠᠢ ᠪᠠᠢᠷᠢ ᠰᠠᠭᠤᠷᠢ ᠪᠠ ᠳᠠᠪᠠᠭᠤᠯᠢᠭ᠎ᠢᠶᠠᠨ ᠪᠠᠲᠤᠯᠠᠵᠤ᠂ ᠤᠯᠠᠨ ᠤᠯᠤᠰ᠎ᠤᠨ ᠮᠥᠩᠭᠥᠨ ᠭᠦᠢᠯᠭᠡᠭᠡᠨ᠂ ᠤᠰᠤᠨ ᠵᠠᠮ᠎ᠤᠨ ᠲᠡᠭᠡᠭᠡᠪᠦᠷᠢ᠂ ᠠᠷᠠᠯᠵᠢᠶᠠᠨ᠎ᠤ ᠲᠥᠪ ᠪᠣᠯᠬᠤ ᠪᠠᠢᠷᠢ ᠰᠠᠭᠤᠷᠢ᠎ᠪᠠᠨ ᠪᠡᠬᠢᠵᠢᠭᠦᠯᠵᠦ᠍᠂ ᠴᠢᠯᠥᠭᠡᠲᠡᠢ ᠨᠡᠭᠡᠭᠡᠯᠲᠡᠲᠡᠢ ᠵᠢᠷᠤᠮᠵᠢᠬᠰᠠᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠬᠠᠮᠠᠭᠠᠯᠠᠵᠤ᠂ ᠬᠥᠭ᠌ᠵᠢᠯᠲᠡ᠎ᠶ᠋ᠢᠨ ᠬᠥᠳᠡᠯᠭᠡᠬᠦ᠌ ᠴᠢᠳᠠᠪᠤᠷᠢ᠎ᠪᠠᠨ ᠲᠠᠰᠤᠷᠠᠯᠳᠠ ᠦᠭᠡᠢ ᠴᠢᠩᠭᠠᠳᠭᠠᠵᠤ᠂ ᠠᠷᠠᠳ᠎ᠤᠨ ᠠᠮᠢᠳᠤᠷᠠᠯ᠎ᠤᠨ ᠬᠦᠴᠢᠷ ᠵᠣᠪᠠᠭᠤᠷᠢ᠎ᠶ᠋ᠢ ᠦᠨᠡᠨ ᠬᠦ᠌ ᠱᠢᠢᠳᠪᠦᠷᠢᠯᠡᠬᠦ᠌᠎ᠶ᠋ᠢ ᠳᠡᠮᠵᠢᠨ᠎ᠠ ᠭᠡᠵᠦ᠍ ᠴᠢᠬᠤᠯᠠᠴᠢᠯᠠᠪᠠ᠃ ᠱᠢᠶᠠᠩᠭᠠᠩ᠎ᠤᠨ ᠠᠬ᠎ᠠ ᠳᠡᠭᠦᠦ᠍᠎ᠨᠡᠷ ᠠᠭᠤᠳᠠᠮᠴᠢ ᠪᠠᠭ᠍ᠲᠠᠭᠠᠮᠵᠢᠲᠠᠢ ᠬᠠᠷᠢᠯᠴᠠᠨ ᠲᠤᠰᠠᠯᠠᠯᠴᠠᠬᠤ᠂ ᠠᠳᠠᠯᠢ ᠪᠠᠨ ᠡᠷᠢᠵᠦ᠍ ᠵᠦᠷᠢᠶ᠎ᠡ᠎ᠪᠡᠨ ᠦᠯᠡᠳᠡᠬᠡᠬᠦ᠂ ᠬᠦᠴᠦᠷᠬᠡᠭ᠌ᠵᠢᠬᠦ᠌᠎ᠪᠡᠷ ᠬᠦᠴᠦᠯᠡᠨ ᠴᠢᠷᠮᠠᠢᠬᠤ᠂ ᠴᠢᠳᠠᠮᠠᠭᠠᠢ᠎ᠪᠠᠷ ᠲᠡᠮᠡᠴᠡᠵᠦ᠍ ᠵᠣᠷᠢᠭ᠍ᠲᠠᠢ ᠢᠯᠠᠬᠤ ᠱᠢᠯᠢᠳᠡᠭ ᠤᠯᠠᠮᠵᠢᠯᠠᠯ᠎ᠢᠶᠠᠨ ᠪᠠᠳᠠᠷᠠᠭᠤᠯᠵᠤ᠂ ᠱᠢᠶᠠᠩᠭᠠᠩ᠎ᠤᠨ ᠨᠡᠩ ᠰᠠᠢ᠌ᠨ ᠰᠠᠢᠬᠠᠨ ᠠᠮᠢᠳᠤᠷᠠᠯ᠎ᠢ ᠬᠠᠮᠲᠤ ᠪᠠᠷ ᠴᠣᠭ᠍ᠴᠠᠯᠠᠬᠤ᠎ᠶ᠋ᠢ ᠬᠦᠰᠡᠵᠦ᠍ ᠪᠠᠢᠨ᠎ᠠ᠃ ᠣᠣᠮᠧᠨ᠎ᠦ ᠠᠵᠤ ᠠᠬᠤᠢ᠎ᠪᠠᠨ ᠵᠣᠬᠢᠰᠲᠠᠢ᠎ᠪᠠᠷ ᠤᠯᠠᠨ ᠡᠱᠢᠵᠢᠭᠦᠯᠦᠨ ᠬᠥᠭ᠌ᠵᠢᠭᠦᠯᠬᠦ᠌᠎ᠶ᠋ᠢ ᠡᠷᠡᠰ ᠳᠡᠮᠵᠢᠵᠦ᠍᠂ ᠾᠧᠩ ᠴᠢᠨ ᠭᠤᠸᠠᠩᠳᠦ᠋ᠩ ᠣᠣᠮᠧᠨ᠎ᠦ ᠭᠦᠨᠵᠡᠭᠡᠢ ᠬᠠᠮᠲᠤᠷᠠᠯᠴᠠᠭᠠᠨ᠎ᠤ ᠣᠷᠣᠨ᠎ᠤ ᠪᠦᠲᠦᠭᠡᠨ ᠪᠠᠢᠭᠤᠯᠤᠯᠲᠠ᠎ᠶ᠋ᠢ ᠶᠡᠬᠡᠪᠡᠷ ᠠᠬᠢᠭᠤᠯᠵᠤ᠂ ᠨᠡᠢᠭᠡᠮ᠎ᠦᠨ ᠶᠡᠬᠡ ᠲᠠᠯ᠎ᠠ᠎ᠶ᠋ᠢᠨ ᠲᠣᠭ᠍ᠲᠠᠭᠤᠨ ᠪᠠᠢᠳᠠᠯ᠎ᠢ ᠪᠦᠬᠦ᠌ ᠬᠦᠴᠦ᠍᠎ᠪᠡᠷ᠎ᠢᠶᠡᠨ ᠬᠠᠮᠠᠭᠠᠯᠠᠵᠤ᠂ ᠣᠣᠮᠧᠨ᠎ᠦ ᠨᠡᠩ ᠰᠠᠢ᠌ᠨ ᠬᠥᠭ᠌ᠵᠢᠯᠲᠡ᠎ᠶ᠋ᠢ ᠪᠡᠶᠡᠯᠡᠭᠦᠯᠬᠦ ᠵᠢ ᠲᠡᠮᠵᠢᠨ᠎ᠡ᠃ ᠱᠢᠶᠠᠩᠭᠠᠩ᠂ ᠣᠣᠮᠧᠨ᠎ᠦ ᠪᠦᠬᠦ᠌ ᠤᠯᠤᠰ᠎ᠤᠨ ᠲᠥᠯᠥᠭᠡᠯᠡᠭ᠌ᠴᠢ ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠭᠡᠵᠦ᠍ ᠂ ᠵᠠᠰᠠᠭ ᠵᠠᠬᠢᠷᠭᠠᠨ᠎ᠤ ᠳᠠᠷᠤᠭ᠎ᠠ ᠪᠣᠯᠤᠨ ᠵᠠᠰᠠᠭ ᠵᠠᠬᠢᠷᠭᠠᠨ᠎ᠤ ᠣᠨᠴᠠᠭᠠᠢ ᠣᠷᠣᠨ᠎ᠤ ᠵᠠᠰᠠᠭ᠎ᠤᠨ ᠣᠷᠳᠣᠨ᠎ᠤ ᠬᠠᠤᠯᠢ ᠶᠣᠰᠣᠭᠠᠷ ᠵᠠᠰᠠᠭ ᠶᠠᠪᠤᠭᠤᠯᠬᠤ᠎ᠶ᠋ᠢ ᠡᠷᠡᠰ ᠳᠡᠮᠵᠢᠵᠦ᠍᠂ ᠵᠠᠰᠠᠭ ᠵᠠᠬᠢᠷᠭᠠᠨ᠎ᠤ ᠣᠨᠴᠠᠭᠠᠢ ᠣᠷᠣᠨ᠎ᠤ ᠦᠨᠳᠦᠰᠦᠨ ᠲᠦᠷᠢᠮ᠎ᠦᠨ ᠡᠮᠬᠢ ᠳᠢᠭ᠌ᠯᠢᠮ᠂ ᠬᠠᠤᠯᠢᠵᠢᠯ᠎ᠤᠨ ᠡᠮᠬᠢ ᠳᠢᠭ᠌ᠯᠢᠮ᠎ᠢ ᠲᠦᠷᠦᠭᠦᠯᠡᠨ ᠬᠠᠮᠠᠭᠠᠯᠠᠵᠤ᠂ ᠤᠯᠤᠰ᠎ᠢᠶᠠᠨ ᠬᠠᠢᠷᠠᠯᠠᠬᠤ ᠱᠢᠶᠠᠩᠭᠠᠩ᠎ᠢᠶᠠᠨ ᠬᠠᠢᠷᠠᠯᠠᠬᠤ᠂ ᠤᠯᠤᠰ᠎ᠢᠶᠠᠨ ᠬᠠᠢᠷᠠᠯᠠᠬᠤ ᠣᠣᠮᠧᠨ᠎ᠢᠶᠡᠨ ᠬᠠᠢᠷᠠᠯᠠᠬᠤ ᠬᠦᠴᠦᠷᠬᠡᠭ ᠶᠡᠬᠡ ᠬᠦᠴᠦᠨ᠎ᠢ ᠨᠢᠭ᠍ᠲᠠᠷᠠᠭᠤᠯᠬᠤ ᠬᠡᠷᠡᠭ᠌ᠲᠡᠢ ᠭᠡᠵᠦ ᠴᠢᠬᠤᠯᠠᠴᠢᠯᠠᠪᠠ᠃
(ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 7 ᠤ᠋ ᠴᠠᠬᠢᠯᠭᠠᠨ ᠮᠡᠳᠡᠭᠡ )
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃