2023ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2023-03-08 10:06:20

ᠵᠣᠬᠢᠶᠠᠭ᠍ᠴᠢ᠄ ᠭᠤᠤ ᠵᠢᠩ ᠯᠢ ᠶᠠᠨ ᠱᠢᠶᠠ ᠯᠢᠦ ᠺᠠᠢ ᠰᠢᠶᠦ᠋ᠩ ᠵᠠᠩ ᠱᠢᠨ ᠱᠢᠨ ᠰᠢᠶᠦ᠋ᠩ ᠵᠸᠩ ᠶᠠᠨ ᠷᠧᠨ ᠴᠢᠨ ᠴᠢᠨ ᠽᠸᠦ ᠳ᠋ᠦ᠋ᠸᠸ ᠸᠧᠢ ᠣᠩᠱᠢᠭ᠍ᠰᠠᠨ ᠣᠳᠠᠭ᠎ᠠ᠄ 3

—— ᠲᠥᠯᠥᠭᠡᠯᠡᠭ᠌ᠴᠢᠳ ᠭᠡᠱᠢᠭᠦᠳ ᠵᠠᠰᠠᠭ ᠎ᠤᠨ ᠣᠷᠳᠣᠨ ᠎ᠤ ᠠᠵᠢᠯ ᠎ᠤᠨ ᠢᠯᠡᠳᠭᠡᠯ ᠎ᠢ ᠬᠢᠨᠠᠨ ᠵᠦᠪᠯᠡᠵᠥ ᠶᠠᠷᠢᠯᠴᠠᠭᠰᠠᠨ ᠨᠢ


ᠤᠷᠢᠬᠠᠨ ᠬᠠᠪᠤᠷ ᠰᠠᠭᠠᠳᠠᠵᠥ ᠂ ᠲᠦᠮᠡᠨ ᠵᠦᠶ᠋ᠯ ᠱᠢᠨᠡᠳᠤᠨ᠎ᠠ᠃ 3 ᠰᠠᠷ᠎ᠠ᠎ᠶ᠋ᠢᠨ 5 ᠤ᠋ ᠦᠳᠡ᠎ᠶ᠋ᠢᠨ ᠡᠮᠦᠨ᠎ᠡ ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠦᠪᠡᠳᠡᠭ᠌ᠰᠢ ᠶᠡᠬᠡ᠎ᠪᠡᠷ ᠡᠬᠢᠯᠡᠪᠡ᠃

ᠲᠡᠮᠡᠴᠡᠯ ᠭᠡᠷᠡᠯ ᠰᠠᠴᠤᠷᠠᠩᠭᠤᠶ ᠠᠮᠵᠢᠯᠲᠠ ᠵᠢ ᠡᠬᠦᠳᠦᠨ᠎ᠡ᠃ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠩᠭᠡᠷᠡᠭ᠌ᠰᠡᠨ ᠲᠠᠪᠤᠨ ᠵᠢᠯ᠎ᠳᠦ᠂ ᠪᠢᠳᠠ ᠳᠡᠯᠡᠬᠡᠢ᠎ᠶ᠋ᠢᠨ ᠬᠤᠪᠢᠰᠤᠯᠲᠠ᠎ᠶ᠋ᠢᠨ ᠲᠦᠷᠭᠡᠨ ᠬᠤᠪᠢᠷᠠᠯᠳᠠ᠂ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠤᠨ ᠳᠠᠭᠠᠷᠢᠯᠳᠠ᠂ ᠤᠯᠤᠰ᠎ᠤᠨ ᠳᠣᠲᠣᠭᠠᠳᠤ᠎ᠶ᠋ᠢᠨ ᠠᠵᠤ ᠠᠬᠤᠢ ᠤᠷᠤᠭᠤᠳᠠᠬᠤ ᠵᠡᠷᠭᠡ ᠤᠯᠠᠨ ᠳᠠᠪᠬᠤᠷ ᠱᠢᠯᠭᠠᠯᠲᠠ᠎ᠶ᠋ᠢ ᠳᠠᠭᠠᠭᠠᠵᠤ᠂ ᠲᠣᠭ᠍ᠲᠠᠭ᠍ᠰᠠᠨ ᠬᠤᠭᠤᠴᠠᠭᠠᠨ᠎ᠳᠤ ᠶᠠᠳᠠᠭᠤ ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠣᠯᠵᠤ᠂ ᠲᠣᠭ᠍ᠲᠠᠭ᠍ᠰᠠᠨ ᠬᠤᠭᠤᠴᠠᠭᠠᠨ᠎ᠳᠤ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠵᠥ᠂ ᠨᠢᠭᠡᠳᠦᠭᠡᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠵᠦ᠍᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ ᠲᠡᠢᠰᠢ ᠤᠷᠤᠬᠰᠢᠯᠠᠬᠤ ᠱᠢᠨ᠎ᠡ ᠠᠶᠠᠨ᠎ᠢᠶᠠᠨ ᠡᠬᠢᠯᠡᠭᠦᠯᠵᠡᠢ᠃

ᠦᠨᠡᠨ ᠪᠣᠳᠠᠲᠠᠶ ᠠᠵᠢᠯᠯᠠᠵᠤ ᠢᠷᠡᠭᠡᠳᠦᠶ᠎ᠪᠡᠨ ᠲᠡᠮᠡᠴᠡᠨ ᠣᠯᠤᠨ᠎ᠠ᠃ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠦᠨ ᠲᠣᠭᠣᠷᠢᠨ᠎ᠳᠤ᠂ ᠬᠣᠶᠠᠷ ᠬᠤᠷᠠᠯ᠎ᠳᠤ ᠣᠷᠣᠯᠴᠠᠭ᠍ᠰᠠᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢᠳ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ ᠨᠠᠷᠢᠨ ᠬᠢᠨᠠᠮᠠᠭᠠᠢ ᠬᠢᠨᠠᠨ ᠵᠥᠪᠯᠡᠵᠦ᠍᠂ ᠬᠥᠭ᠌ᠵᠢᠶᠡᠨᠲᠡᠢ ᠶᠠᠷᠢᠯᠴᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠡᠴᠡ ᠵᠢᠷᠤᠭ᠍ᠯᠠᠭ᠍ᠰᠠᠨ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠠᠤᠭ᠎ᠠ ᠵᠢᠷᠤᠭ ᠲᠥᠰᠦᠪ᠎ᠢ ᠰᠠᠢ᠌ᠨ ᠰᠠᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠬᠤ᠎ᠳᠤ ᠢᠳᠡᠪᠬᠢᠲᠡᠢ᠎ᠪᠡᠷ ᠰᠠᠨᠠᠯ ᠰᠠᠨᠠᠭᠤᠯᠭ᠎ᠠ ᠳᠤᠷᠠᠳᠴᠤ ᠠᠷᠭ᠎ᠠ ᠤᠬᠠᠭᠠᠨ ᠭᠠᠷᠭᠠᠵᠥ ᠦᠭᠪᠡ᠃

ᠠᠮᠵᠢᠯᠲᠠ ᠪᠦᠲᠦᠮᠵᠢ᠎ᠬᠢᠯᠪᠠᠷ ᠪᠤᠰᠤ᠎ᠪᠡᠷ ᠢᠷᠡᠭᠰᠡᠨ ᠶᠤᠮ ᠂ ᠥᠩᠭᠡᠷᠡᠭ᠌ᠰᠡᠨ ᠲᠠᠪᠤᠨ ᠵᠢᠯ ᠪᠣᠯ ᠲᠤᠢᠯ᠎ᠤᠨ ᠶᠡᠷᠦ᠍ ᠪᠤᠰᠤ᠎ᠶ᠋ᠢᠨ ᠶᠤᠮ

ᠤᠯᠤᠰ᠎ᠤᠨ ᠳᠣᠲᠣᠭᠠᠳᠤ᠎ᠶ᠋ᠢᠨ ᠦᠢᠯᠡᠳᠪᠦᠷᠢᠯᠡᠯ᠎ᠦᠨ ᠶᠡᠷᠦᠩᠬᠡᠢ ᠦᠷᠳᠡᠭ 121 ᠲᠦᠮᠡᠨ ᠳ᠋ᠦᠩᠱᠢᠭᠤᠷ ᠲᠥᠭᠥᠷᠢᠭ ᠪᠣᠯᠲᠠᠯ᠎ᠠ ᠨᠡᠮᠡᠭ᠌ᠳᠡᠵᠦ᠍᠂ᠲᠠᠪᠤᠨ ᠵᠢᠯ᠎ᠳᠦ ᠵᠢᠯ ᠳᠤᠮᠳᠠᠴᠢ᠎ᠪᠠᠷ 5.2% ᠵᠢᠡᠷ ᠨᠡᠮᠡᠭ᠌ᠳᠡᠪᠡ; ᠶᠠᠳᠠᠭᠤ ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠬᠤ ᠡᠭᠦᠷᠭᠡ᠎ᠶ᠋ᠢ ᠠᠮᠵᠢᠯᠲᠠ᠎ᠲᠠᠶ ᠪᠡᠶᠡᠯᠡᠭᠦᠯᠵᠦ᠍᠂ ᠬᠥᠳᠡᠭᠡ ᠲᠣᠰᠭᠣᠨ᠎ᠤ 1 ᠳ᠋ᠦᠩᠱᠢᠭᠤᠷ ᠶᠠᠳᠠᠭᠤ ᠬᠦᠴᠢᠷᠳᠡᠯᠲᠡᠢ ᠬᠥᠮᠦᠨ ᠠᠮᠠ᠎ᠶ᠋ᠢ ᠶᠠᠳᠠᠭᠤ᠎ᠡᠴᠡ ᠠᠩᠭᠢᠵᠢᠷᠠᠭᠤᠯᠪᠠ; ᠦᠨᠳᠦᠰᠦᠨ ᠨᠠᠰᠤᠵᠢᠯ᠎ᠤᠨ ᠳᠠᠭᠠᠳᠭᠠᠯ᠎ᠳᠤ ᠣᠷᠣᠯᠴᠠᠭ᠍ᠰᠠᠨ ᠬᠥᠮᠦᠨ᠎ᠦ ᠲᠣᠭ᠎ᠠ 1.4 ᠳ᠋ᠦᠩᠱᠢᠭᠤᠷ ᠨᠡᠮᠡᠭ᠌ᠳᠡᠵᠦ᠍ ᠂ 10.5 ᠳ᠋ᠦᠩᠱᠢᠭᠤᠷ ᠬᠥᠮᠦᠨ᠎ᠢ ᠬᠠᠮᠤᠷᠪᠠ; ᠣᠯᠠᠨ ᠵᠢᠯ᠎ᠳ᠋ᠤ ᠳᠥᠭᠥᠮ ᠪᠦᠲᠦᠴᠡᠲᠦ ᠣᠷᠣᠨ ᠰᠠᠭᠤᠴᠠ᠎ᠶ᠋ᠢᠨ ᠲᠣᠭᠣᠷᠢᠭ᠎ᠤᠨ 4200 ᠭᠠᠷᠤᠶ ᠲᠦᠮᠡᠨ ᠢᠵᠢ ᠣᠷᠣᠨ ᠰᠠᠭᠤᠴᠠ᠎ᠶ᠋ᠢ ᠥᠭᠡᠷᠡᠴᠢᠯᠡᠨ ᠱᠢᠨᠡᠳᠭᠡᠪᠡ᠃

ᠢᠯᠡᠳᠬᠡᠯ᠎ᠳᠡᠬᠢ ᠰᠡᠳᠬᠢᠯ ᠳ᠋ᠦ ᠲᠤᠯᠠᠭᠠᠬᠠᠨ ᠠᠯᠢ ᠤᠯᠠᠨ ᠲᠣᠭ᠎ᠠ ᠨᠢ ᠥᠩᠭᠡᠷᠡᠭ᠌ᠰᠡᠨ ᠲᠠᠪᠤᠨ ᠵᠢᠯ᠎ᠦᠨ ᠲᠤᠢᠯ᠎ᠤᠨ ᠶᠡᠷᠦ᠍ ᠪᠤᠰᠤ᠎ᠶ᠋ᠢᠨ᠂ ᠲᠤᠢᠯ᠎ᠤᠨ ᠵᠢᠷ᠎ᠤᠨ ᠪᠤᠰᠤ ᠵᠢᠨ ᠪᠠᠢᠳᠠᠯ᠎ᠤᠨ ᠠᠮᠢᠳᠤᠯᠢᠭ ᠲᠠᠢᠯᠪᠤᠷᠢ ᠪᠣᠯᠵᠠᠢ᠃

《ᠲᠠᠪᠤᠨ ᠵᠢᠯ᠎ᠦᠨ ᠲᠤᠷᠰᠢ᠂ ᠮᠠᠨ᠎ᠤ ᠤᠯᠤᠰ᠎ᠤᠨ ᠠᠵᠤ ᠠᠬᠤᠢ ᠨᠡᠢᠭᠡᠮ᠎ᠦᠨ ᠬᠥᠭ᠌ᠵᠢᠯᠲᠡ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠭ᠍ᠰᠠᠨ ᠴᠢᠬᠤᠯᠠ ᠶᠡᠬᠡ ᠠᠮᠵᠢᠯᠲᠠ ᠤᠯᠪᠠ᠂ ᠡᠨᠡ ᠪᠣᠯ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ᠎ᠶ᠋ᠢᠨ ᠦᠷ᠎ᠡ ᠳ᠋ᠦᠩ ᠪᠣᠯᠤᠨ᠎ᠠ》 ᠬᠡᠵᠥ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠪᠡᠭᠡᠵᠢᠩ᠎ᠦᠨ ᠠᠭᠠᠷ ᠰᠠᠨᠰᠠᠷ᠎ᠤᠨ ᠠᠶᠠᠯᠠᠯ᠎ᠤᠨ ᠶᠡᠬᠡ ᠰᠤᠷᠭᠠᠭᠤᠯᠢ᠎ᠶ᠋ᠢᠨ ᠨᠠᠮ᠎ᠤᠨ ᠬᠣᠷᠢᠶᠠᠨ᠎ᠤ ᠱᠦᠵᠢ ᠵᠤᠤ ᠴᠠᠩ ᠯᠦ᠍ ᠬᠡᠯᠡᠪᠡ᠃

ᠢᠯᠡᠳᠭᠡᠯ᠎ᠳᠦ 《ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠦᠭ᠌ᠰᠡᠨ ᠦᠷ᠎ᠡ ᠪᠦᠲᠦᠭᠡᠯ ᠡᠯᠪᠡᠭ》 ᠭᠡᠵᠦ᠍ ᠳᠤᠷᠠᠳᠪᠠ᠃ ᠲᠢᠶᠠᠨ ᠡᡁᠸ᠂ ᠸᠸᠨ ᠲᠢᠶᠠᠨ᠂ ᠮᠸᠩ ᠲᠢᠶᠠᠨ ᠭᠤᠷᠪᠠᠨ ᠦᠷᠦᠬᠡ ᠣᠭ᠍ᠲᠠᠷᠭᠤᠢ᠎ᠳᠤ ᠴᠤᠭ᠍ᠯᠠᠷᠠᠵᠤ᠂ ᠳᠤᠮᠳᠠᠳᠤ ᠤᠯᠤᠰ᠎ᠤᠨ ᠣᠭ᠍ᠲᠠᠷᠭᠤᠢ᠎ᠶ᠋ᠢᠨ ᠦᠷᠳᠡᠭᠡ ᠣᠭ᠍ᠲᠠᠷᠭᠤᠢ᠎ᠳᠤ ᠰᠡᠬᠦᠢᠨ ᠰᠦᠨᠳᠡᠷᠯᠡᠵᠦ᠍᠂ ᠺᠸᠠᠨ᠋ᠲ᠎ᠤᠨ ᠮᠡᠳᠡᠭᠡ ᠵᠠᠩᠭᠢ᠂ ᠲᠤᠮᠤ ᠨᠢᠰᠭᠡᠯ ᠦᠢᠯᠡᠳᠬᠦ᠌ ᠵᠡᠷᠭᠡ ᠬᠦᠷᠢᠶᠡᠨ᠎ᠦ ᠴᠢᠬᠤᠯᠠ ᠶᠡᠬᠡ ᠱᠢᠨ᠎ᠡ ᠵᠢ ᠡᠬᠦᠳᠦᠭᠰᠡᠨ ᠦᠷ᠎ᠡ ᠪᠦᠲᠦᠭᠡᠯ ᠴᠣᠯᠭᠣᠷᠠᠨ ᠭᠠᠷᠴᠠᠢ᠁ ᠵᠤᠤ ᠴᠠᠩ ᠯᠦ᠍ ᠡᠭᠦᠨ᠎ᠦ ᠲᠤᠬᠠᠢ ᠭᠦᠨ ᠲᠦᠷᠦᠭ᠌ᠳᠡᠯ᠎ᠲᠡᠶ ᠪᠠᠢᠵᠤ᠂ ᠲᠤᠢᠯ᠎ᠢᠶᠠᠷ ᠤᠷᠮᠠᠱᠢᠨ ᠵᠣᠷᠢᠭ᠍ᠵᠢᠵᠤ ᠂ 《ᠪᠢᠳᠡ ᠪᠡᠶ᠎ᠡ᠎ᠪᠡᠨ ᠳᠠᠭᠠᠭᠠᠵᠤ ᠱᠢᠨ᠎ᠡ᠎ᠶ᠋ᠢ ᠡᠭᠦᠳᠬᠦ᠌ ᠴᠢᠳᠠᠪᠤᠷᠢ᠎ᠪᠠᠨ ᠴᠢᠩᠭᠠᠳᠭᠠᠬᠤ ᠲᠠᠯ᠎ᠠ᠎ᠪᠠᠷ ᠤᠳᠠᠭᠠᠨ ᠳᠠᠭᠠᠭᠠᠮᠠᠭᠠᠢ ᠪᠡᠷ ᠭᠠᠪᠢᠶ᠎ᠠ ᠪᠠᠢᠭᠤᠯᠬᠤ ᠬᠡᠷᠡᠭ᠌ᠲᠡᠢ》 ᠬᠡᠪᠡ᠃

ᠲᠤᠬᠠᠢ᠎ᠶ᠋ᠢᠨ ᠲᠠᠯᠠᠪᠠᠢ᠎ᠳᠤ ᠢᠯᠡᠳᠬᠡᠯ᠎ᠢ ᠰᠣᠨᠣᠰᠤᠭᠠᠳ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠶᠦᠨᠨᠠᠨ ᠮᠤᠵᠢ᠎ᠶ᠋ᠢᠨ ᠶᠠᠨᠱᠠᠨ ᠱᠢᠶᠠᠨ᠎ᠤ ᠴᠠᠭᠠᠰᠤᠨ ᠤᠷᠠᠯᠠᠯ ᠬᠠᠳᠭᠤᠮᠠᠯ᠎ᠤᠨ ᠲᠠᠷᠢᠶᠠᠴᠢᠨ᠎ᠤ ᠲᠤᠰᠭᠠᠢ ᠬᠤᠷᠱᠢᠶ᠎ᠠ᠎ᠶ᠋ᠢᠨ ᠬᠡᠷᠡᠭ ᠡᠷᠬᠢᠯᠡᠭ᠌ᠴᠢᠳ᠎ᠦᠨ ᠳᠠᠷᠤᠭ᠎ᠠ ᠸᠠᠩ ᠯᠦ᠍ ᠹᠸᠨ ᠰᠡᠳᠬᠢᠯ ᠬᠦᠳᠡᠯᠤᠨ᠄ 《ᠢᠯᠡᠳᠬᠡᠯ ᠳ᠋ᠤ 〈ᠶᠠᠳᠠᠭᠤ ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠬᠤ ᠡᠭᠦᠷᠭᠡ᠎ᠶ᠋ᠢ ᠠᠮᠵᠢᠯᠲᠠ᠎ᠲᠠᠶ ᠪᠡᠶᠡᠯᠡᠭᠦᠯᠪᠡ〉 ᠭᠡᠵᠦ᠍ ᠵᠢᠭᠠᠵᠤ ᠭᠠᠷᠭᠠᠪᠠ᠂ ᠤᠢ᠍ᠢᠷ᠎ᠠ᠎ᠶ᠋ᠢᠨ ᠬᠡᠳᠦᠨ ᠵᠢᠯ᠎ᠳᠦ᠂ ᠲᠤᠬᠠᠢ᠎ᠶ᠋ᠢᠨ ᠭᠠᠵᠠᠷ᠎ᠤᠨ ᠲᠠᠷᠢᠶᠠᠴᠢᠳ᠎ᠤᠨ ᠣᠷᠣᠯᠭ᠎ᠠ ᠨᠡᠮᠡᠭ᠌ᠳᠡᠵᠦ᠍᠂ ᠶᠠᠳᠠᠭᠤ ᠡᠴᠡ ᠠᠩᠭᠢᠵᠢᠷᠠᠭᠤᠯᠤᠬᠰᠠᠨ ᠦᠷ᠎ᠡ ᠪᠦᠲᠦᠭᠡᠯ ᠲᠠᠰᠤᠷᠠᠯᠳᠠ ᠦᠭᠡᠢ ᠪᠡᠬᠢᠵᠢᠵᠦ᠍᠂ ᠦᠢᠯᠡᠳᠪᠦᠷᠢᠯᠡᠯ ᠠᠮᠢᠳᠤᠷᠠᠯ᠎ᠤᠨ ᠨᠥᠬᠥᠴᠡᠯ ᠲᠠᠰᠤᠷᠠᠯᠳᠠ ᠦᠭᠡᠢ ᠰᠠᠢᠵᠢᠷᠠᠯ᠎ᠠ》 ᠬᠡᠪᠡ᠃

ᠸᠠᠩ ᠯᠦ᠍ ᠹᠧᠨ᠎ᠦ ᠠᠪᠴᠢᠷᠠᠭ᠍ᠰᠠᠨ ᠢ ᠦᠨᠳᠦᠰᠦᠲᠡᠨ᠎ᠦ ᠬᠠᠳᠭᠤᠮᠠᠯ᠎ᠤᠨ ᠤᠯᠠᠮᠵᠢᠯᠠᠯᠲᠤ ᠡᠯᠭᠦᠮᠡᠯ ᠡᠳ᠋ ᠨᠢ ᠡᠳᠡᠭᠡᠷ ᠡᠳᠦᠷ᠎ᠦᠳ᠎ᠲᠦ ᠴᠥᠭᠡᠨ ᠪᠤᠰᠤ ᠲᠥᠯᠥᠭᠡᠯᠡᠭ᠌ᠴᠢᠳ᠎ᠦᠨ ᠠᠩᠬᠠᠷᠤᠯ᠎ᠢ ᠲᠠᠲᠠᠪᠠ᠃ 《ᠡᠨᠡ ᠪᠣᠯ ᠨᠤᠤᠰᠤᠨ ᠤᠲᠠᠰᠤ᠎ᠪᠠᠷ ᠨᠡᠬᠡᠭ᠌ᠰᠡᠨ ᠳᠣᠯᠣᠭᠠᠨ ᠥᠩᠭᠡᠲᠦ ᠪᠥᠮᠪᠥᠭᠡ᠂ ᠠᠮᠢᠳᠤᠷᠠᠯ ᠵᠣᠯ ᠵᠢᠷᠭᠠᠯ᠎ᠲᠠᠶ ᠪᠠᠢᠬᠤ᠎ᠶ᠋ᠢ ᠪᠡᠯᠭᠡᠳᠡᠵᠦ᠍ ᠪᠠᠢᠨ᠎ᠠ》᠃ ᠸᠠᠩ ᠯᠦ᠍ ᠹᠧᠨ᠂ ᠬᠣᠷᠱᠢᠶ᠎ᠠ᠎ᠨᠢ ᠡᠨᠡ ᠬᠡᠳᠦᠨ ᠵᠢᠯ᠎ᠳᠦ 2000 ᠭᠠᠷᠤᠶ ᠬᠠᠳᠭᠤᠮᠠᠯᠴᠢᠨ᠎ᠲᠡᠶ ᠪᠣᠯᠵᠣ᠂ ᠬᠥᠮᠦᠨ ᠪᠦᠷᠢ᠎ᠶ᠋ᠢᠨ ᠵᠢᠯ᠎ᠦᠨ ᠳᠤᠮᠳᠠᠴᠢ ᠣᠷᠣᠯᠭ᠎ᠠ᠎ᠨᠢ 1.45 ᠲᠦᠮᠡᠨ ᠲᠥᠭᠥᠷᠢᠭ᠎ᠲᠦ ᠬᠦᠷᠴᠡᠶ᠃ ᠬᠠᠳᠭᠤᠮᠠᠯ᠎ᠤᠨ ᠤᠷ᠎ᠠ ᠮᠡᠷᠭᠡᠵᠢᠯ᠎ᠳᠦ ᠲᠦᠱᠢᠭ᠌ᠯᠡᠨ᠂ ᠬᠥᠳᠡᠭᠡ ᠲᠣᠰᠭᠣᠨ᠎ᠤ ᠭᠡᠷ᠎ᠲᠡᠬᠡᠨ ᠬᠣᠴᠣᠷᠤᠭ᠍ᠰᠠᠨ ᠡᠮᠡᠭ᠌ᠲᠡᠢᠴᠦᠳ ᠶᠠᠭ ᠨᠡᠩ ᠵᠣᠯ ᠵᠢᠷᠭᠠᠯᠲᠤ ᠠᠮᠢᠳᠤᠷᠠᠯ ᠵᠢᠡᠨ ᠴᠣᠭ᠍ᠴᠠᠯᠠᠵᠤ ᠪᠠᠢᠨ᠎ᠠ ᠬᠡᠪᠡ᠃

ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ᠃ 《ᠢᠯᠡᠳᠭᠡᠯ᠎ᠳᠦ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ ᠴᠢᠬᠤᠯᠠ ᠶᠡᠬᠡ ᠠᠯᠬᠤᠮ᠎ᠢ ᠠᠯᠬᠤᠯ᠎ᠠ ᠭᠡᠵᠦ᠍ ᠬᠡᠯᠡᠪᠠ᠂ ᠣᠷᠴᠢᠨ ᠲᠣᠭᠣᠷᠢᠨ ᠨᠡᠩ ᠰᠠᠢ᠌ᠨ᠂ ᠡᠬᠡ ᠤᠯᠤᠰ ᠨᠡᠩ ᠭᠤᠶᠤ ᠪᠣᠯᠤᠭ᠍ᠰᠠᠨ᠎ᠢ ᠪᠢᠳᠡ ᠴᠥᠮ ᠮᠡᠳᠡᠷᠡᠵᠦ᠍ ᠪᠠᠢᠨ᠎ᠠ 》 ᠬᠡᠵᠥ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠢᠩᠬᠢᠮ᠎ᠦᠨ ᠳᠡᠳ᠋ ᠳᠠᠷᠤᠭ᠎ᠠ ᠱᠢᠤᠢ ᠷᠦᠢ ᠱᠢᠶᠠ ᠬᠡᠯᠡᠪᠡ᠃

ᠲᠡᠷᠡ᠂ ᠲᠤᠬᠠᠶ᠎ᠶ᠋ᠢᠨ ᠭᠠᠵᠠᠷ᠎ᠤᠨ᠎ᠬᠢᠨ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠨᠢᠭᠡ ᠴᠤᠭ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮ᠎ᠲᠡᠶ ᠵᠠᠰᠠᠬᠤ᠎ᠶ᠋ᠢ ᠪᠠᠷᠢᠮᠲᠠᠯᠠᠵᠤ᠂ ᠨᠤᠲᠤᠭ ᠪᠡᠯᠴᠢᠭᠡᠷ᠎ᠦᠨ ᠠᠮᠢ ᠠᠬᠤᠶ᠎ᠶᠢ ᠬᠠᠮᠠᠭᠠᠯᠠᠬᠤ ᠨᠥᠬᠥᠪᠥᠷᠢ ᠪᠠ ᠱᠠᠩᠨᠠᠯ᠎ᠤᠨ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠤᠭ᠍ᠰᠠᠨ ᠡᠴᠡ ᠥᠪᠥᠷ ᠮᠣᠩᠭᠣᠯ᠎ᠤᠨ ᠨᠤᠲᠤᠭ ᠪᠡᠯᠴᠢᠭᠡᠷ ᠦᠩᠭᠡᠵᠢᠨ ᠰᠢᠮᠡᠯᠢᠭᠵᠢᠵᠦ᠂ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ ᠡᠳᠦᠷ ᠢᠷᠡᠬᠦᠶ᠎ᠡ ᠪᠠᠶᠠᠯᠢᠭ᠍ᠵᠢᠵᠤ ᠪᠠᠢᠨ᠎ᠠ᠃ ᠴᠥᠭᠡᠨ ᠪᠤᠰᠤ ᠮᠠᠯᠴᠢᠳ ᠪᠠᠰᠠ ᠦᠵᠡᠰᠭᠦᠯᠡᠩᠲᠦ ᠰᠠᠢᠬᠠᠨ ᠲᠠᠯ᠎ᠠ ᠨᠤᠲᠤᠭ᠎ᠲᠤ ᠲᠦᠱᠢᠭ᠌ᠯᠡᠨ᠂ ᠵᠢᠭᠤᠯᠴᠢᠯᠠᠯ᠎ᠤᠨ ᠦᠶ᠋ᠯᠡᠰ᠎ᠢ ᠬᠥᠭ᠌ᠵᠢᠭᠦᠯᠪᠡ ᠬᠡᠵᠥ ᠳᠠᠨᠢᠯᠴᠠᠭᠤᠯᠪᠠ᠃

ᠢᠯᠡᠳᠬᠡᠯ ᠳ᠋ᠤ ᠳᠤᠷᠠᠳᠤᠭ᠍ᠰᠠᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ ᠴᠢᠬᠤᠯᠠ ᠶᠡᠬᠡ ᠱᠢᠢᠳᠪᠦᠷᠢᠲᠦ ᠴᠢᠨᠠᠷᠲᠠᠢ ᠢᠯᠠᠯᠲᠠ ᠣᠯᠤᠭ᠍ᠰᠠᠨ ᠲᠤᠬᠠᠢ ᠶᠠᠷᠢᠬᠤ᠎ᠳᠤ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠬᠤᠨᠠᠨ ᠮᠤᠵᠢ᠎ᠶ᠋ᠢᠨ ᠴᠠᠩᠳ᠋ᠸ ᠬᠤᠳᠠ᠎ᠶ᠋ᠢᠨ ᠨᠢᠭᠡᠳᠦᠭᠡᠷ ᠠᠷᠠᠳ᠎ᠤᠨ ᠡᠮᠨᠡᠯᠭᠡ᠎ᠶ᠋ᠢᠨ ᠬᠣᠷᠢᠶᠠᠨ᠎ᠤ ᠳᠣᠲᠣᠭᠠᠳᠤ ᠱᠢᠭᠦᠷᠡᠯ᠎ᠦᠨ ᠰᠠᠯᠠᠭᠠᠨ᠎ᠤ ᠡᠷᠬᠢᠯᠡᠭ᠌ᠴᠢ ᠭᠠᠨ ᠱᠧᠩ ᠯᠢᠶᠠᠨ ᠰᠡᠳᠭᠢᠯ ᠲᠤᠭᠳᠤᠯᠵᠤ᠄ 《ᠭᠤᠷᠪᠠᠨ ᠵᠢᠯ ᠬᠢᠵᠢᠭ᠎ᠲᠡᠶ ᠲᠡᠮᠡᠴᠡᠭ᠌ᠰᠡᠨ ᠨᠢ ᠲᠤᠢᠯ᠎ᠤᠨ ᠶᠡᠷᠦ᠍ ᠪᠤᠰᠤ᠎ᠶ᠋ᠢᠨ ᠶᠠᠪᠤᠳᠠᠯ ᠪᠣᠯᠵᠠᠢ᠂ ᠪᠢᠳᠡ ᠡᠴᠦᠰ᠎ᠲᠡᠬᠡᠨ ᠤᠷᠢᠬᠠᠨ ᠬᠠᠪᠤᠷ ᠵᠢᠡᠨ ᠤᠬᠳᠤᠵᠥ ᠠᠪᠤᠯ᠎ᠠ!》 ᠬᠡᠪᠡ᠃

ᠬᠢᠵᠢᠭ᠎ᠦᠨ ᠪᠠᠢᠳᠠᠯ ᠭᠠᠷᠤᠮᠠᠭ᠍ᠴᠠ᠂ ᠭᠠᠨ ᠱᠧᠩ ᠯᠢᠶᠠᠨ᠎ᠤ ᠪᠠᠢᠭ᠎ᠠ ᠡᠮᠨᠡᠯᠭᠡ᠎ᠶ᠋ᠢᠨ ᠬᠣᠷᠢᠶ᠎ᠠ ᠰᠡᠷᠭᠡᠢᠯᠡᠨ ᠵᠠᠰᠠᠬᠤ ᠬᠦᠨᠳᠦ ᠡᠭᠦᠷᠭᠡ᠎ᠶ᠋ᠢ ᠡᠭᠦᠷᠭᠡᠯᠡᠵᠦ᠍᠂ ᠡᠮᠨᠡᠯᠭᠡ᠎ᠶ᠋ᠢᠨ ᠬᠣᠷᠢᠶ᠎ᠠ ᠨᠢ ᠪᠠᠰᠠ ᠤᠷᠢᠳ ᠬᠣᠵᠢᠳ 1000 ᠭᠠᠷᠤᠢ ᠬᠥᠮᠦᠨ ᠤᠳᠠᠭ᠎ᠠ ᠲᠣᠮᠢᠯᠠᠵᠤ ᠪᠤᠰᠤᠳ ᠭᠠᠵᠠᠷ ᠣᠷᠣᠨ᠎ᠢ ᠲᠤᠰᠠᠯᠠᠪᠠ᠃ 2022 ᠣᠨ᠎ᠤ ᠰᠡᠭᠦᠯᠴᠢ᠎ᠪᠡᠷ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠲᠦᠷᠦ᠍᠎ᠶ᠋ᠢᠨ ᠪᠤᠳᠤᠯᠭ᠎ᠠ᠎ᠳᠤ ᠲᠤᠬᠢᠷᠠᠭᠤᠯᠤᠯᠳᠠ ᠬᠢᠵᠦ᠍᠂ ᠭᠠᠨ ᠱᠧᠩ ᠯᠢᠶᠠᠨ ᠬᠠᠮᠲᠤ ᠠᠵᠢᠯᠯᠠᠭ᠍ᠰᠠᠳ᠎ᠲᠠᠶ᠎ᠪᠠᠨ ᠪᠠᠴᠢᠮ ᠠᠪᠤᠷᠠᠨ ᠡᠮᠨᠡᠬᠦ᠌ ᠠᠵᠢᠯ᠎ᠳᠤ ᠣᠷᠣᠯᠴᠠᠵᠤ᠂ ᠤᠯᠠᠨ ᠲᠦᠮᠡᠨ᠎ᠦ ᠠᠮᠢ ᠨᠠᠰᠤ ᠡᠷᠡᠭᠦᠯ ᠮᠡᠨᠳᠤ᠎ᠶᠢ ᠬᠠᠮᠠᠭᠠᠯᠠᠬᠤ ᠬᠠᠯᠬᠠᠪᠴᠢ ᠬᠡᠷᠡᠮ᠎ᠢ ᠪᠤᠰᠭᠠᠵᠤ ᠦᠭᠴᠡᠢ᠃

《ᠥᠩᠭᠡᠷᠡᠭ᠌ᠰᠡᠨ ᠨᠢᠭᠡ ᠵᠢᠯ᠎ᠳᠦ᠂ ᠮᠠᠨ᠎ᠤ ᠤᠯᠤᠰ᠎ᠤᠨ ᠬᠥᠭ᠌ᠵᠢᠯᠲᠡ ᠬᠢᠯᠪᠠᠷ ᠪᠤᠰᠤ᠎ᠪᠠᠷ ᠱᠢᠨ᠎ᠡ ᠠᠮᠵᠢᠯᠲᠠ ᠪᠦᠲᠦᠮᠵᠢ ᠵᠢ ᠡᠬᠦᠳᠪᠡ》᠃ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠱᠠᠩᠬᠠᠢ ᠬᠤᠳᠠ᠎ᠶ᠋ᠢᠨ ᠵᠢᠩ ᠠᠨ ᠲᠣᠭᠣᠷᠢᠭ᠎ᠤᠨ ᠳᠡᠳ᠋ ᠳᠠᠷᠤᠭ᠎ᠠ ᠯᠦᠩ ᠸᠠᠨ ᠯᠢ᠂ ᠡᠨᠡ ᠨᠢᠭᠡ ᠵᠢᠯ᠎ᠦᠨ ᠠᠮᠵᠢᠯᠲᠠ᠎ᠶ᠋ᠢ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠠᠷᠠᠳ ᠲᠦᠮᠡᠨ᠎ᠢ ᠳᠠᠭᠠᠭᠤᠯᠤᠨ ᠲᠡᠮᠡᠴᠡᠵᠦ᠍ ᠪᠠᠢᠭᠠᠳ ᠣᠯᠤᠭ᠍ᠰᠠᠨ ᠶᠤᠮ ᠭᠡᠵᠡᠢ᠃

ᠯᠦᠩ ᠸᠠᠨ ᠯᠢ᠂ ᠪᠢᠳᠡ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠂ ᠠᠵᠤ ᠠᠬᠤᠶ᠎ᠶ᠋ᠢ ᠲᠣᠭ᠍ᠲᠠᠭᠤᠨ ᠪᠠᠢᠯᠭᠠᠬᠤ᠂ ᠬᠥᠭ᠌ᠵᠢᠯᠲᠡ᠎ᠶ᠋ᠢ ᠠᠮᠤᠷ ᠲᠦᠪᠱᠢᠨ ᠪᠠᠢᠯᠭᠠᠬᠤ ᠱᠠᠭᠠᠷᠳᠠᠯᠭ᠎ᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ ᠠᠵᠤ ᠠᠬᠤᠶ ᠵᠢᠨ ᠬᠦᠭᠵᠢᠯᠳᠡ᠂ ᠬᠣᠲᠠ᠎ᠶ᠋ᠢᠨ ᠪᠥᠲᠥᠭᠡᠨ ᠪᠠᠢᠭᠤᠯᠤᠯᠲᠠ ᠢᠯᠡᠳᠲᠡ ᠦᠷ᠎ᠡ ᠪᠦᠲᠦᠮᠵᠢ ᠣᠯᠵᠤ᠂ ᠬᠦᠴᠢᠷ᠎ᠢ ᠳᠤᠭᠤᠯᠤᠨ ᠪᠡᠷᠬᠡ᠎ᠶ᠋ᠢ ᠳᠠᠪᠠᠬᠤ ᠳᠤᠮᠳᠠ ᠦᠨᠳᠦᠰᠦᠨ ᠱᠠᠲᠤᠨ᠎ᠤ ᠶᠡᠷᠦᠩᠬᠡᠢᠯᠡᠭ᠌ᠰᠡᠨ ᠵᠠᠰᠠᠯᠲᠠ᠎ᠶ᠋ᠢᠨ ᠴᠢᠳᠠᠪᠤᠷᠢ᠎ᠶ᠋ᠢ ᠳᠠᠪᠲᠠᠨ ᠪᠣᠯᠪᠠᠰᠤᠷᠠᠭᠤᠯᠵᠤ᠂ ᠪᠢᠳᠡᠨ᠎ᠢ ᠢᠷᠡᠭᠡᠳᠦᠶ᠎ᠶ᠋ᠢᠨ ᠬᠥᠭ᠌ᠵᠢᠯᠲᠡ᠎ᠳᠦ ᠨᠠᠩ ᠢᠲᠡᠭᠡᠯ ᠲᠡᠭᠦᠯᠳᠡᠷ ᠪᠣᠯᠭᠠᠵᠠᠢ ᠬᠡᠪᠡ᠃

ᠤᠷᠤᠭ᠍ᠰᠢᠯᠠᠬᠤ ᠢᠲᠡᠭᠡᠯ ᠵᠣᠷᠢᠭ᠎ᠢᠶᠠᠨ ᠤᠯᠠᠮ ᠬᠦᠪᠴᠢᠯᠡᠵᠦ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠪᠥᠲᠥᠭᠡᠨ ᠪᠠᠢᠭᠤᠯᠤᠯᠲᠠ᠎ᠶ᠋ᠢ ᠯᠠᠪᠳᠠᠭᠤᠨ ᠪᠠᠲᠤᠲᠠᠶ ᠠᠬᠢᠭᠤᠯᠤᠨ᠎ᠠ

ᠡᠨᠡ ᠵᠢᠯ ᠪᠣᠯ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠬᠤ ᠡᠬᠢᠯᠡᠯᠲᠡ᠎ᠶ᠋ᠢᠨ ᠵᠢᠯ ᠮᠥᠨ᠃ ᠢᠯᠡᠳᠬᠡᠯ᠎ᠳᠦ ᠮᠠᠨ᠎ᠤ ᠤᠯᠤᠰ᠎ᠤᠨ ᠡᠨᠡ ᠵᠢᠯ᠎ᠦᠨ ᠬᠥᠭ᠌ᠵᠢᠯᠲᠡ᠎ᠶ᠋ᠢᠨ ᠭᠤᠤᠯ ᠵᠢᠱ᠌ᠢᠭ᠌ᠰᠡᠨ ᠬᠠᠷᠠᠯᠲᠠ᠎ᠳᠤ ᠪᠠᠢᠷᠢᠯᠠᠭᠤᠯᠤᠯᠲᠠ ᠲᠣᠬᠢᠷᠠᠭᠤᠯᠤᠯᠲᠠ ᠬᠢᠪᠠ ᠄ ᠤᠯᠤᠰ᠎ᠤᠨ ᠳᠣᠲᠣᠭᠠᠳᠤ᠎ᠶ᠋ᠢᠨ ᠦᠶ᠋ᠯᠡᠳᠪᠦᠷᠢᠯᠡᠯ᠎ᠦᠨ ᠶᠡᠷᠦᠩᠬᠡᠢ ᠥᠷᠲᠡᠭ᠎ᠢ 5% ᠣᠷᠴᠢᠮ ᠨᠡᠮᠡᠭ᠌ᠳᠡᠭᠦᠯᠵᠦ᠍᠂ ᠬᠣᠲᠠ ᠪᠠᠯᠭᠠᠰᠤᠨ᠎ᠤ 1200 ᠲᠦᠮᠡ ᠣᠷᠴᠢᠮ ᠬᠥᠮᠦᠨ᠎ᠳᠦ ᠱᠢᠨ᠎ᠡ᠎ᠪᠡᠷ ᠠᠵᠢᠯ ᠣᠯᠭᠣᠵᠤ᠂ ᠰᠠᠭᠤᠭᠠᠯᠢ ᠠᠷᠠᠳ᠎ᠤᠨ ᠬᠡᠷᠡᠭ᠌ᠯᠡᠭᠡᠨ᠎ᠦ ᠦᠨ᠎ᠡ᠎ᠶ᠋ᠢᠨ ᠥᠰᠥᠯᠲᠡ᠎ᠶ᠋ᠢ 3% ᠣᠷᠴᠢᠮ ᠪᠠᠢᠯᠭᠠᠨ᠎ᠠ ᠁

《ᠬᠡᠳᠦᠢᠪᠡᠷ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠠᠵᠤ ᠠᠬᠤᠶ᠎ᠶ᠋ᠢᠨ ᠣᠷᠴᠢᠨ ᠨᠥᠬᠥᠴᠡᠯ᠎ᠦᠨ ᠬᠤᠪᠢᠷᠠᠯᠲᠠ ᠡᠴᠡ ᠪᠣᠯᠤᠭ᠍ᠰᠠᠨ ᠳᠠᠷᠤᠯᠲᠠ᠎ᠳᠤ ᠤᠴᠠᠷᠠᠭ᠍ᠰᠠᠨ ᠪᠣᠯᠪᠠᠴᠤ᠌ ᠮᠠᠨ᠎ᠤ ᠤᠯᠤᠰ᠎ᠤᠨ ᠠᠵᠤ ᠠᠬᠤᠶ᠎ᠶ᠋ᠢᠨ ᠣᠷᠳᠣ ᠬᠤᠭᠤᠴᠠᠭ᠎ᠠ᠎ᠪᠠᠷ ᠰᠠᠢᠵᠢᠷᠠᠬᠤ ᠦᠨᠳᠦᠰᠦᠨ ᠪᠠᠢᠳᠠᠯ ᠬᠤᠪᠢᠷᠬᠠᠰᠠᠨ ᠥᠬᠡᠶ ᠂ ᠡᠬᠢ ᠪᠠᠶᠠᠯᠢᠭ᠎ᠤᠨ ᠡᠯᠧᠮᠧᠨ᠋ᠲ᠎ᠦᠨ ᠨᠥᠬᠥᠴᠡᠯ ᠨᠢ ᠲᠤᠯᠭᠠᠭᠤᠷᠢᠯᠡᠯ ᠪᠣᠯᠵᠣ ᠴᠢᠳᠠᠨ᠎ᠠ᠃ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ ᠱᠢᠨ᠎ᠡ ᠱᠠᠲᠤᠨ᠎ᠳᠤ ᠣᠷᠣᠬᠤ᠎ᠶ᠋ᠢ ᠳᠠᠭᠠᠯᠳᠤᠨ᠂ ᠡᠯ᠎ᠡ ᠵᠦᠶ᠋ᠯ᠎ᠦᠨ ᠲᠥᠷᠥ᠎ᠶ᠋ᠢᠨ ᠪᠣᠳᠣᠯᠭ᠎ᠠ᠎ᠶ᠋ᠢ ᠲᠠᠰᠤᠷᠠᠯᠲᠠ ᠥᠬᠡᠶ ᠨᠠᠢᠳᠠᠪᠤᠷᠢᠵᠢᠭᠤᠯᠤᠨ ᠨᠠᠷᠢᠯᠢᠭ᠍ᠵᠢᠭᠤᠯᠵᠤ᠂ ᠦᠶ᠋ᠯᠡᠳᠪᠦᠷᠢᠯᠡᠯ ᠠᠮᠢᠳᠤᠷᠠᠯ᠎ᠤᠨ ᠡᠮᠬᠢ ᠳᠢᠭ᠌ᠯᠢᠮ ᠲᠦᠷᠭᠡᠨ ᠰᠡᠷᠭᠦᠵᠦ᠍᠂ ᠠᠵᠤ ᠠᠬᠤᠶ᠎ᠶ᠋ᠢᠨ ᠨᠡᠮᠡᠭ᠌ᠳᠡᠯ᠎ᠦᠨ ᠳᠣᠲᠣᠭᠠᠳᠤ ᠬᠥᠳᠡᠯᠭᠡᠬᠦ᠌ ᠬᠦᠴᠦᠨ᠎ᠦ ᠬᠤᠷᠠᠮᠳᠤᠯ ᠴᠢᠩᠭᠠᠷᠠᠵᠤ᠂ ᠡᠨᠡ ᠵᠢᠯ᠎ᠦᠨ ᠠᠵᠤ ᠠᠬᠤᠶ᠎ᠶ᠋ᠢᠨ ᠡᠷᠬᠢᠯᠳᠡ ᠶᠡᠷᠦᠩᠬᠡᠶ᠎ᠳᠡᠭᠡᠨ ᠰᠠᠢᠵᠢᠷᠠᠬᠤ ᠬᠠᠨᠳᠤᠰᠢ᠎ᠲᠠᠶ ᠪᠣᠯᠪᠠ》 ᠬᠡᠵᠥ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠴᠢᠩᠬᠤᠸᠠ ᠶᠡᠬᠡ ᠰᠤᠷᠭᠠᠭᠤᠯᠢ᠎ᠶ᠋ᠢᠨ ᠠᠵᠤ ᠠᠬᠤᠢ᠎ᠶ᠋ᠢᠨ ᠬᠠᠮᠢᠶᠠᠷᠤᠯᠲᠠ᠎ᠶ᠋ᠢᠨ ᠳᠡᠭᠡᠳᠦ ᠰᠤᠷᠭᠠᠭᠤᠯᠢ᠎ᠶ᠋ᠢᠨ ᠵᠠᠬᠢᠷᠤᠯ ᠪᠠᠢ ᠴᠥᠩ ᠧᠨ ᠬᠡᠯᠡᠪᠡ᠃

ᠲᠥᠯᠥᠭᠡᠯᠡᠭ᠌ᠴᠢᠳ ᠭᠡᠱᠢᠭᠦᠳ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠪᠤᠰᠤᠳᠴᠢ᠎ᠪᠠᠷ᠂ ᠵᠤᠬᠢᠰᠳᠠᠢ ᠪᠡᠷ ᠡᠨᠡ ᠵᠢᠯ᠎ᠦᠨ ᠠᠵᠤ ᠠᠬᠤᠢ᠎ᠶ᠋ᠢᠨ ᠨᠡᠮᠡᠭ᠌ᠳᠡᠯ᠎ᠦᠨ ᠬᠤᠷᠳᠤᠴᠠ᠂ ᠠᠵᠢᠯ ᠣᠯᠭᠣᠯᠲᠠ᠂ ᠪᠠᠷᠠᠭᠠᠨ᠎ᠤ ᠦᠨ᠎ᠡ ᠵᠡᠷᠭᠡ ᠬᠠᠷᠠᠯᠲᠠ᠎ᠶ᠋ᠢ ᠪᠠᠢᠷᠢᠯᠠᠭᠤᠯᠵᠤ᠂ ᠠᠵᠤ ᠠᠬᠤᠢ᠎ᠶ᠋ᠢᠨ ᠪᠦᠬᠦᠯᠢ ᠴᠣᠭ᠍ᠴᠠ᠎ᠶ᠋ᠢᠨ ᠰᠠᠢᠵᠢᠷᠠᠯᠲᠠ᠎ᠶ᠋ᠢ ᠪᠡᠶᠡᠯᠡᠭᠦᠯᠬᠦ᠌᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠎ᠶ᠋ᠢ ᠬᠦᠴᠦᠯᠡᠨ ᠠᠬᠢᠭᠤᠯᠵᠤ᠂ ᠱᠢᠨ᠎ᠡ ᠨᠢᠭᠡ ᠵᠢᠯ᠎ᠳᠦ ᠤᠯᠠᠨ᠎ᠢᠶᠠᠷ᠎ᠢᠶᠠᠨ ᠨᠡᠩ ᠢᠲᠡᠭᠡᠯ᠎ᠲᠡᠶ᠂ ᠨᠡᠩ ᠡᠷᠴᠢ ᠬᠦᠴᠦᠨ᠎ᠲᠡᠶ ᠪᠣᠯᠪᠠ ᠭᠡᠵᠦ ᠢᠯᠡᠳᠭᠡᠵᠡᠭᠡᠪᠡ᠃

《ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠬᠤ᠎ᠳᠤ ᠡᠩ ᠲᠡᠷᠢᠭᠦᠨ᠎ᠳᠦ ᠵᠢᠯ᠎ᠦᠨ ᠡᠬᠢᠨ ᠤ᠋ ᠡᠯ᠎ᠡ ᠵᠦᠢᠯ᠎ᠦᠨ ᠠᠵᠢᠯ᠎ᠢ ᠰᠠᠢᠲᠤᠷ ᠠᠳᠭᠤᠬᠤ ᠬᠡᠷᠡᠭ᠌ᠲᠡᠶ》᠃ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠠᠨᠾᠦ᠋ᠢ ᠮᠤᠵᠢ᠎ᠶ᠋ᠢᠨ ᠦ᠋ ᠬᠤ᠌ ᠬᠣᠲᠠ᠎ᠶ᠋ᠢᠨ ᠬᠤᠳᠠ ᠵᠢᠨ ᠳᠠᠷᠤᠭ᠎ᠠ ᠨᠢᠩ ᠪᠦ᠋ᠸᠧ᠂ ᠤᠯᠠᠮᠵᠢᠯᠠᠯᠲᠤ ᠠᠵᠤ ᠦᠶ᠋ᠯᠡᠳᠪᠦᠷᠢ᠎ᠶ᠋ᠢᠨ ᠬᠣᠲᠠ ᠪᠣᠯᠤᠭ᠍ᠰᠠᠨ᠎ᠤ ᠬᠤᠪᠢ᠎ᠳᠤ᠂ ᠦ᠋ ᠬᠤ᠌ ᠬᠣᠲᠠ ᠨᠢ ᠪᠠᠢᠯᠳᠤᠬᠤ ᠪᠣᠳᠣᠯᠭ᠎ᠠ᠎ᠶ᠋ᠢᠨ ᠠᠵᠠ ᠲᠣᠬᠢᠶᠠᠯᠳᠤ ᠬᠤᠭᠤᠴᠠᠭ᠎ᠠ᠎ᠶ᠋ᠢ ᠴᠢᠩᠭ᠎ᠠ ᠠᠳᠭᠤᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ᠂ ᠣᠨᠣᠪᠴᠢᠲᠠᠶ ᠪᠥᠭᠡᠳ ᠪᠥᠬᠥ᠌ ᠲᠠᠯ᠎ᠠ᠎ᠪᠠᠷ ᠲᠤᠭᠤᠰᠢᠯᠠᠭᠤᠯᠵᠤ᠂ ᠱᠢᠨ᠎ᠡ ᠡᠨᠧᠷᠭᠢ᠎ᠶ᠋ᠢᠨ ᠮᠠᠱᠢᠨ ᠲᠡᠷᠭᠡ᠂ ᠳᠡᠭᠡᠳᠦ ᠲᠠᠰ᠎ᠤᠨ ᠲᠣᠨᠣᠭ᠍ᠯᠠᠯ ᠦᠶ᠋ᠯᠡᠳᠬᠦ᠌ ᠵᠡᠷᠭᠡ ᠠᠵᠤ ᠦᠶ᠋ᠯᠡᠰ᠎ᠲᠦ ᠠᠩᠬᠠᠷᠤᠯ᠎ᠢᠶᠠᠨ ᠲᠥᠪᠯᠡᠷᠡᠭᠦᠯᠵᠦ᠍᠂ ᠦᠶ᠋ᠯᠡᠳᠬᠦ᠌ ᠦᠶ᠋ᠯᠡᠰ᠎ᠦᠨ ᠶᠠᠰᠤ ᠴᠢᠨᠠᠷ᠎ᠢ ᠳᠡᠭᠡᠭ᠌ᠰᠢᠯᠡᠭᠦᠯᠦᠨ ᠲᠤᠭ᠎ᠠ ᠬᠡᠮᠵᠢᠶ᠎ᠡ ᠵᠢ ᠥᠷᠭᠡᠳᠭᠡᠵᠦ᠍ ᠦᠷ᠎ᠡ ᠠᠱᠢᠭ᠎ᠢ ᠨᠡᠮᠡᠭ᠌ᠳᠡᠭᠦᠯᠬᠦ᠌ ᠠᠵᠢᠯᠯᠠᠭᠠᠨ᠎ᠤ ᠲᠥᠯᠥᠪᠯᠡᠭᠡ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ᠎ᠢ ᠪᠠᠢᠭᠤᠯᠬᠤ ᠴᠢᠭ᠌ᠯᠡᠯ ᠳᠠᠢᠰᠢ ᠲᠠᠰᠤᠷᠠᠯᠲᠠ ᠥᠬᠡᠶ ᠤᠷᠤᠭ᠍ᠰᠢᠯᠠᠬᠤ ᠪᠣᠯᠤᠨ᠎ᠠ ᠭᠡᠵᠦ ᠢᠯᠡᠳᠭᠡᠪᠡ᠃

《ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠦᠷᠦ᠍᠎ᠶ᠋ᠢᠨ ᠪᠤᠳᠤᠯᠭ᠎ᠠ ᠨᠢ ᠪᠡᠶ᠎ᠡ ᠪᠠᠨ ᠲᠠᠭᠠᠭᠠᠵᠦ᠍ ᠬᠦᠴᠦᠷᠬᠡᠭ᠌ᠵᠢᠬᠦ᠌ ᠳ᠋ᠤ ᠠᠩᠬᠠᠷᠤᠯ᠎ᠢᠶᠠᠨ ᠲᠥᠪᠯᠡᠷᠡᠭᠦᠯᠬᠦ᠌ ᠬᠡᠷᠡᠭ᠌ᠲᠡᠢ》 ᠂ 《ᠱᠢᠨ᠎ᠡ ᠬᠡᠯᠪᠡᠷᠢ᠎ᠶ᠋ᠢᠨ ᠤᠯᠤᠰ᠎ᠲᠠᠶᠠᠭᠠᠷᠴᠢᠯᠠᠭᠰᠠᠨ ᠪᠠᠢᠭᠤᠯᠤᠮᠵᠢ᠎ᠶ᠋ᠢ ᠲᠡᠭᠦᠯᠳᠡᠷᠵᠢᠭᠦᠯᠬᠦ᠌ ᠬᠡᠷᠡᠭ᠌ᠲᠡᠢ》᠂ ᠢᠯᠡᠳᠭᠡᠯ ᠳ᠋ᠡᠬᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠤᠬᠠᠢ ᠪᠠᠢᠷᠢᠯᠠᠭᠤᠯᠤᠯᠲᠠ ᠨᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠡᠮᠦᠨ᠎ᠡ ᠹᠷᠣᠨᠲ᠎ᠲᠤ 30 ᠵᠢᠯ ᠰᠢᠷᠭᠠᠭᠤ ᠲᠡᠮᠡᠴᠡᠭᠰᠡᠨ ᠳᠤᠮᠳᠠᠳᠤ ᠤᠯᠤᠰ᠎ᠤᠨ ᠡᠯᠧᠺᠲ᠋ᠷᠣᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠦᠯᠦᠭ᠌ᠯᠡᠯ ᠺᠣᠮᠫᠠᠨᠢ᠎ᠶ᠋ᠢᠨ ᠭᠤᠴᠢᠨ ᠨᠠᠢ᠍ᠮᠠᠳᠤᠭᠠᠷ ᠰᠤᠳᠤᠯᠭᠠᠨ᠎ᠤ ᠭᠠᠵᠠᠷ᠎ᠤᠨ ᠳᠠᠷᠤᠭ᠎ᠠ ᠵᠠᠩ ᠴᠧᠩ ᠸᠧᠢ ᠲᠥᠯᠥᠭᠡᠯᠡᠭ᠌ᠴᠢ᠎ᠶ᠋ᠢ ᠮᠠᠰᠢ ᠤᠷᠮᠠᠱᠢᠭᠤᠯᠵᠠᠢ᠃ 《ᠪᠢᠳᠡ ᠰᠠᠭᠤᠷᠢ ᠰᠤᠳᠤᠯᠭᠠᠨ ᠭᠡᠬᠦ᠌ ᠡᠨᠡ ᠬᠦ᠌ ᠵᠠᠩᠭᠢᠯᠠᠭ᠎ᠠ᠎ᠶ᠋ᠢ ᠴᠢᠩᠭ᠎ᠠ ᠠᠳᠭᠤᠵᠤ᠂ ᠤᠯᠤᠰ᠎ᠤᠨ ᠴᠢᠬᠤᠯᠠ ᠶᠡᠬᠡ ᠬᠡᠷᠡᠭ᠌ᠴᠡᠭᠡ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠵᠠᠩᠭᠢᠯᠠᠭ᠎ᠠ᠎ᠶ᠋ᠢᠨ ᠭᠣᠣᠯᠯᠠᠬᠤ ᠮᠡᠷᠭᠡᠵᠢᠯ᠎ᠢ ᠱᠢᠪᠲᠤᠯᠵᠤ᠂ ᠲᠤᠮᠤ ᠤᠯᠤᠰ᠎ᠤᠨ ᠴᠢᠬᠤᠯᠠ ᠲᠣᠨᠣᠭ᠍ᠯᠠᠯ᠎ᠢ ᠴᠣᠭ᠍ᠴᠠᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠳᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠬᠥᠳᠡᠯᠭᠡᠬᠦ᠌ ᠬᠦᠴᠦᠨ ᠨᠡᠮᠡᠷᠢᠯᠡᠨ᠎ᠡ!》 ᠭᠡᠵᠦ ᠬᠡᠯᠡᠪᠡ᠃

ᠣᠷᠣᠨ ᠪᠦᠰᠡ᠎ᠶ᠋ᠢᠨ ᠣᠷᠣᠨ ᠵᠠᠢ᠎ᠶ᠋ᠢᠨ ᠪᠦᠲᠦᠴᠡ᠎ᠶ᠋ᠢ ᠲᠠᠰᠤᠷᠠᠯᠲᠠ ᠦᠭᠡᠢ ᠱᠢᠯᠢᠳᠡᠭ᠌ᠵᠢᠭᠦᠯᠦᠨ ᠬᠥᠭ᠌ᠵᠢᠭᠦᠯᠵᠦ᠍᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ᠎ᠳᠤ ᠱᠢᠨ᠎ᠡ ᠬᠥᠳᠡᠯᠭᠡᠬᠦ᠌ ᠬᠦᠴᠦᠨ ᠨᠡᠮᠡᠷᠢᠯᠡᠨ᠎ᠡ᠃ ᠢᠯᠡᠳᠭᠡᠯ᠎ᠳᠦ《ᠴᠧᠩᠳᠦ᠋ ᠴᠦᠩᠴᠢᠩ᠎ᠦᠨ ᠬᠤᠶᠠᠷ ᠬᠤᠳᠠ᠎ᠶ᠋ᠢᠨ ᠠᠵᠤ ᠠᠬᠤᠢ᠎ᠶ᠋ᠢᠨ ᠴᠠᠭᠠᠷᠢᠭ᠎ᠤᠨ ᠪᠦᠳᠦᠭᠡᠨ ᠪᠠᠢᠭᠤᠯᠤᠯᠲᠠ᠎ᠶ᠋ᠢ ᠠᠬᠢᠭᠤᠯᠤᠨ᠎ᠠ》᠂《ᠡᠨᠡ ᠨᠢ ᠲᠤᠮᠤ ᠬᠡᠯᠪᠡᠷᠢ᠎ᠶ᠋ᠢᠨ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠳᠤ ᠠᠪᠴᠤ᠌ ᠬᠡᠯᠡᠪᠡᠯ᠂ ᠬᠡᠯᠪᠡᠷᠢ᠎ᠪᠡᠨ ᠬᠤᠪᠢᠷᠠᠭᠤᠯᠬᠤ ᠠᠵᠠ ᠲᠣᠬᠢᠶᠠᠯ ᠪᠣᠯᠬᠤ ᠪᠥᠭᠡᠳ ᠪᠠᠰᠠ ᠣᠷᠣᠯᠴᠠᠬᠤ ᠬᠠᠷᠢᠭᠤᠴᠠᠯᠭ᠎ᠠ᠎ᠲᠠᠶ ᠶᠤᠮ》ᠭᠡᠵᠦ ᠲᠤᠷᠠᠳᠪᠠ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠰᠸᠴᠤᠸᠠᠨ᠎ᠤ ᠴᠠᠩ ᠬᠣᠩ ᠰᠲ᠋ᠤᠺ ᠡᠵᠡᠮᠱᠢᠯ ᠤ᠋ᠨ ᠪᠦᠯᠦᠭ᠌ᠯᠡᠯ᠎ᠦᠨ ᠶᠡᠷᠦᠩᠬᠡᠢ ᠳᠠᠭᠠᠭᠠᠮᠠᠯ ᠯᠢᠦ ᠵᠢᠶᠠᠩ᠂ ᠲᠡᠦᠬᠡᠲᠦ ᠴᠢᠨᠠᠷᠲᠠᠢ ᠠᠵᠠ ᠲᠣᠬᠢᠶᠠᠯ᠎ᠢ ᠠᠮᠵᠢᠵᠤ᠂ ᠲᠣᠭᠠᠴᠢᠯᠠᠯᠳᠠ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠲᠦᠷᠭᠡᠳᠭᠡᠵᠦ᠍᠂ ᠠᠵᠤ ᠦᠢᠯᠡᠳᠪᠦᠷᠢ᠎ᠶ᠋ᠢᠨ ᠢᠨᠲᠸᠷ ᠰᠦᠯᠵᠢᠶ᠎ᠡ᠂ ᠠᠵᠤ ᠦᠢᠯᠡᠰ᠎ᠦᠨ ᠬᠠᠮᠵᠢᠯᠴᠠᠭ᠎ᠠ᠂ ᠪᠠᠷᠠᠭᠠᠨ᠎ᠤ ᠭᠦᠢᠯᠭᠡᠭᠡ ᠵᠥᠭᠡᠭᠡᠪᠦᠷᠢ ᠵᠡᠷᠭᠡ ᠬᠠᠷᠠᠭᠠᠰᠤ ᠡᠴᠡ ᠨᠡᠩ ᠤᠯᠠᠨ ᠠᠵᠤ ᠠᠬᠤᠢᠯᠠᠯ᠎ᠲᠠᠶ ᠬᠠᠮᠲᠤᠷᠠᠯᠴᠠᠵᠤ᠂ ᠥᠨᠳᠥᠷ ᠪᠦᠲᠦᠮᠵᠢᠲᠡᠢ ᠠᠮᠤᠷ ᠲᠦᠪᠱᠢᠨ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠱᠢᠰᠲ᠋ᠧᠮ᠎ᠢ ᠬᠠᠮᠲᠤ᠎ᠪᠠᠷ ᠪᠠᠢᠭᠤᠯᠵᠤ᠂ ᠴᠧᠩᠳᠦ᠋ ᠴᠦᠩᠴᠢᠩ᠎ᠦᠨ ᠬᠤᠶᠠᠷ ᠬᠤᠳᠠ᠎ᠶ᠋ᠢᠨ ᠠᠵᠤ ᠠᠬᠤᠢ᠎ᠶ᠋ᠢᠨ ᠴᠠᠭᠠᠷᠢᠭ᠎ᠤᠨ ᠪᠦᠲᠦᠭᠡᠨ ᠪᠠᠢᠭᠤᠯᠤᠯᠲᠠ᠎ᠳᠤ ᠭᠦᠨᠵᠡᠭᠡᠢ ᠣᠷᠣᠯᠴᠠᠨ᠎ᠠ ᠭᠡᠵᠦ᠍ ᠬᠡᠯᠡᠪᠡ᠃

《ᠢᠯᠡᠳᠭᠡᠯ᠎ᠳᠦ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ ᠪᠣᠯᠤᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠬᠥᠭ᠌ᠵᠢᠨ ᠪᠤᠵᠠᠭᠠᠢᠷᠠᠬᠤ᠎ᠶ᠋ᠢ ᠵᠣᠷᠢᠭ᠍ᠵᠢᠭᠤᠯᠤᠨ ᠳᠡᠮᠵᠢᠨ᠎ᠡ ᠭᠡᠵᠦ᠍ ᠳᠤᠷᠠᠳᠤᠭ᠍ᠰᠠᠨ᠎ᠨᠢ ᠪᠢᠳᠡᠨ᠎ᠳᠦ ᠮᠠᠰᠢ ᠶᠡᠬᠡ ᠵᠣᠷᠢᠭ᠍ᠵᠢᠭᠤᠯᠤᠯ ᠪᠤᠯᠤᠯ᠎ᠠ》᠃ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠶᠤᠸᠠᠢ ᠱᠢᠩ ᠪᠦᠯᠦᠭ᠌ᠯᠡᠯ᠎ᠦᠨ ᠬᠡᠷᠡᠭ ᠮᠡᠳᠡᠭ᠌ᠴᠢᠳ᠎ᠦᠨ ᠲᠣᠪᠴᠢᠶᠠᠨ᠎ᠤ ᠲᠡᠷᠢᠭᠦᠯᠡᠭ᠌ᠴᠢ ᠳ᠋ᠢᠩ ᠽᠦᠸᠧ ᠬᠣᠩ᠂ ᠳᠤᠮᠳᠠᠳᠤ ᠤᠯᠤᠰ᠎ᠤᠨ ᠵᠠᠬ᠎ᠠ ᠳᠡᠯᠭᠡᠭᠦᠷ᠎ᠦᠨ ᠬᠡᠪᠴᠢᠶ᠎ᠡ ᠯᠤᠲᠤ ᠶᠡᠬᠡ᠂ ᠬᠡᠷᠡᠭ᠌ᠯᠡᠭᠡᠨ᠎ᠦ ᠳᠠᠯᠳᠠ ᠬᠦᠴᠦᠨ ᠯᠤᠲᠤ ᠶᠡᠬᠡ ᠪᠠᠢᠭ᠎ᠠ ᠪᠣᠯᠬᠣᠷ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ ᠵᠣᠷᠢᠭ᠍ᠲᠠᠶ ᠲᠡᠮᠡᠴᠡᠨ ᠵᠤᠷᠢᠭᠳᠠᠢ ᠬᠢᠵᠦ᠂ ᠤᠯᠤᠰ᠎ᠤᠨ ᠬᠥᠭ᠌ᠵᠢᠯᠲᠡ᠎ᠶ᠋ᠢᠨ ᠶᠡᠬᠡ ᠲᠠᠯ᠎ᠠ᠎ᠶ᠋ᠢ ᠰᠠᠨᠠᠭᠠᠴᠢᠯᠠᠭ᠎ᠠ᠎ᠡᠴᠡ᠎ᠪᠠᠨ ᠳᠠᠭᠠᠵᠤ ᠲᠡᠭᠦᠨ᠎ᠳᠦ ᠦᠶ᠋ᠯᠡᠴᠢᠯᠡᠵᠦ᠂ ᠠᠵᠤ ᠠᠬᠤᠢᠯᠠᠯ᠎ᠢᠶᠠᠨ ᠦᠨᠡᠨ ᠬᠦ᠌ ᠰᠠᠢᠲᠤᠷ ᠡᠵᠡᠩᠨᠡᠵᠦ᠍ ᠰᠠᠢᠲᠤᠷ ᠬᠥᠭ᠌ᠵᠢᠭᠦᠯᠦᠨ᠎ᠡ ᠭᠡᠵᠦ ᠢᠯᠡᠳᠭᠡᠪᠡ᠃

ᠲᠡᠮᠡᠴᠡᠯ ᠨᠢ ᠭᠠᠢᠬᠠᠮᠱᠢᠭ᠎ᠢ ᠡᠭᠦᠳᠴᠦ᠍ ᠠᠤᠭ᠎ᠠ ᠵᠢᠷᠤᠭ ᠲᠥᠰᠦᠪ᠎ᠢ ᠰᠠᠢ᠌ᠨ ᠰᠠᠢᠬᠠᠨ ᠪᠣᠳᠠᠲᠤ ᠠᠬᠤᠢ ᠪᠣᠯᠭᠠᠨ᠎ᠠ

ᠱᠢᠨ᠎ᠡ ᠠᠶᠠᠨ᠎ᠳᠠᠭᠠᠨ ᠮᠣᠷᠳᠠᠬᠤ᠎ᠳᠤ᠂ ᠲᠥᠯᠥᠭᠡᠯᠡᠭ᠌ᠴᠢᠳ ᠭᠡᠱᠢᠭᠦᠳ᠂ ᠡᠷᠡᠮᠡᠬᠡᠢᠯᠡᠨ ᠲᠡᠮᠡᠴᠡᠵᠦ᠍ ᠢᠷᠡᠭᠡᠳᠦᠢ᠎ᠪᠡᠨ ᠨᠡᠭᠡᠭᠡᠵᠦ᠍᠂ ᠪᠦᠬᠦ᠌ ᠵᠢᠯ᠎ᠦᠨ ᠬᠠᠷᠠᠯᠲᠠ ᠡᠭᠦᠷᠭᠡ᠎ᠪᠡᠨ ᠴᠢᠷᠮᠠᠢᠨ ᠪᠡᠶᠡᠯᠡᠭᠦᠯᠵᠦ᠍᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌᠎ᠳᠦ ᠰᠠᠢ᠌ᠨ ᠰᠠᠢᠬᠠᠨ ᠰᠠᠭᠤᠷᠢ᠎ᠶ᠋ᠢ ᠲᠠᠯᠪᠢᠨ᠎ᠠ ᠭᠡᠵᠦ᠍ ᠢᠯᠡᠳᠭᠡᠵᠡᠭᠡᠪᠡ᠃

《ᠢᠯᠡᠳᠭᠡᠯ᠎ᠳᠦ ᠠᠵᠤ ᠠᠬᠤᠢᠯᠠᠯ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠡᠶᠡᠴᠢ ᠴᠣᠭ᠍ᠴᠠ᠎ᠶ᠋ᠢᠨ ᠪᠠᠢᠷᠢ ᠰᠠᠭᠤᠷᠢ᠎ᠶ᠋ᠢ ᠴᠢᠬᠤᠯᠠᠴᠢᠯᠠᠪᠠ》᠃ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠵᠧᠩ᠎ᠲᠡᠶ ᠪᠦᠯᠦᠭ᠌ᠯᠡᠯ᠎ᠦᠨ ᠬᠡᠷᠡᠭ ᠮᠡᠳᠡᠭ᠌ᠴᠢᠳ᠎ᠦᠨ ᠳᠠᠷᠤᠭ᠎ᠠ ᠨᠠᠨ ᠼᠦᠨ ᠬᠤᠢ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ ᠱᠢᠢᠳᠪᠦᠷᠢᠲᠦ ᠪᠤᠳᠤᠯᠭ᠎ᠠ ᠲᠤᠭᠳᠠᠭᠠᠬᠤ ᠳ᠋ᠦ ᠲᠦᠷᠭᠡᠨ᠂ ᠲᠣᠭ᠍ᠲᠠᠴᠠ ᠠᠮᠢᠳᠤᠯᠢᠭ ᠵᠡᠷᠭᠡ ᠣᠨᠴᠠᠯᠢᠭ᠎ᠲᠠᠶ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠡᠯᠡᠳᠭᠡᠯ ᠬᠦᠴᠦᠨ ᠪᠤᠯᠵᠤ ᠪᠣᠯᠬᠤ ᠪᠥᠭᠡᠳ ᠪᠣᠯᠬᠤ ᠶᠣᠰᠣᠲᠠᠢ ᠭᠡᠵᠦ ᠬᠡᠯᠡᠪᠡ᠃

ᠨᠠᠨ ᠼᠦᠨ ᠬᠤᠢ᠂ ᠢᠷᠡᠭᠡᠳᠦᠢ᠎ᠳᠦ ᠳᠣᠲᠣᠭᠠᠳᠤ ᠳ᠋ᠠᠭᠠᠨ ᠱᠢᠨ᠎ᠡ᠎ᠶ᠋ᠢ ᠡᠭᠦᠳᠤᠨ ᠬᠦᠭᠵᠢᠬᠦ᠎ᠶᠢ ᠦᠷᠭᠦᠯᠵᠢᠯᠡᠨ ᠵᠣᠷᠢᠭ᠍ᠵᠢᠭᠤᠯᠤᠨ ᠳᠡᠮᠵᠢᠬᠦ᠌᠎ᠪᠡᠷ ᠪᠠᠷᠠᠬᠤ ᠦᠭᠡᠢ ᠪᠠᠰᠠ ᠱᠢᠨ᠎ᠡ᠎ᠶ᠋ᠢ ᠡᠭᠦᠳᠬᠦ᠌ 《ᠦᠷ᠎ᠡ》 ᠵᠢ ᠰᠠᠴᠤᠵᠤ᠂ ᠲᠠᠭᠠᠭᠤᠯᠤᠭ᠍ᠴᠢ ᠠᠵᠤ ᠠᠬᠤᠢᠯᠠᠯ᠎ᠤᠨ ᠦᠢᠯᠡᠳᠦᠯ᠎ᠢ ᠪᠠᠳᠠᠷᠠᠭᠤᠯᠤᠨ᠂ ᠨᠡᠩ ᠤᠯᠠᠨ ᠱᠢᠨ᠎ᠡ᠎ᠶ᠋ᠢ ᠡᠭᠦᠳᠬᠦ᠌ ᠬᠡᠯᠪᠡᠷᠢ᠎ᠶ᠋ᠢᠨ ᠠᠵᠤ ᠠᠬᠤᠢᠯᠠᠯ᠎ᠢ ᠨᠡᠪᠴᠢᠭᠦᠯᠦᠨ ᠪᠣᠢᠵᠢᠭᠤᠯᠵᠤ᠂ ᠱᠢᠨ᠎ᠡ᠎ᠶ᠋ᠢ ᠡᠭᠦᠳᠬᠦ᠌ ᠬᠡᠯᠪᠡᠷᠢ᠎ᠶ᠋ᠢᠨ ᠠᠵᠤ ᠦᠢᠯᠡᠰ᠎ᠦᠨ ᠬᠡᠯᠬᠢᠶ᠎ᠡ᠎ᠶ᠋ᠢ ᠪᠦᠷᠢᠯᠳᠦᠭᠦᠯᠬᠦ᠌᠎ᠶ᠋ᠢ ᠠᠬᠢᠭᠤᠯᠤᠨ᠎ᠠ ᠭᠡᠵᠦ᠍ ᠢᠯᠡᠳᠭᠡᠪᠡ᠃

《ᠢᠯᠡᠳᠭᠡᠯ᠎ᠳᠦ ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ᠎ᠢ ᠲᠦᠷᠭᠡᠳᠭᠡᠨ ᠪᠠᠢᠭᠤᠯᠬᠤ ᠱᠠᠭᠠᠷᠳᠠᠯᠭ᠎ᠠ ᠳᠤᠷᠠᠳᠪᠠ᠂ ᠡᠨᠡ ᠨᠢ ᠴᠢᠨᠠᠷ ᠰᠠᠢᠲᠠᠶ ᠬᠥᠭ᠌ᠵᠢᠯᠲᠡ᠎ᠶ᠋ᠢᠨ ᠪᠠᠢᠪᠠᠰᠤ ᠵᠣᠬᠢᠬᠤ ᠠᠭᠤᠯᠭ᠎ᠠ ᠮᠥᠨ᠂ ᠬᠠᠢᠨᠠᠨ᠎ᠤ ᠴᠢᠯᠥᠭᠡᠲᠦ ᠠᠷᠠᠯᠵᠢᠶᠠᠨ᠎ᠤ ᠭᠠᠷᠠᠮ᠎ᠤᠨ ᠪᠥᠲᠥᠭᠡᠨ ᠪᠠᠢᠭᠤᠯᠤᠯᠲᠠ᠎ᠶ᠋ᠢ ᠥᠨᠳᠥᠷ ᠲᠦᠪᠱᠢᠨ᠎ᠢᠶᠡᠷ ᠠᠬᠢᠭᠤᠯᠬᠤ᠎ᠳᠤ ᠴᠤ᠌ ᠮᠠᠰᠢ ᠲᠤᠯᠭᠠᠮ ᠱᠠᠭᠠᠷᠳᠠᠭ᠍ᠳᠠᠵᠤ ᠪᠠᠢᠨ᠎ᠠ》᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠬᠠᠢᠨᠠᠨ ᠮᠤᠵᠢ᠎ᠶ᠋ᠢᠨ ᠬᠥᠭ᠌ᠵᠢᠭᠦᠯᠦᠯᠲᠡ᠎ᠶ᠋ᠢᠨ ᠰᠲ᠋ᠤᠺ ᠡᠵᠡᠮᠱᠢᠯ ᠤ᠋ᠨ ᠬᠢᠵᠠᠭᠠᠷᠲᠤ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ ᠵᠧᠦ ᠵᠢᠶᠦ᠋ᠨ ᠫᠢᠩ᠂ ᠴᠢᠬᠤᠯᠠ ᠶᠡᠬᠡ ᠠᠵᠠ ᠲᠣᠬᠢᠶᠠᠯ᠎ᠢ ᠴᠢᠩᠭ᠎ᠠ ᠠᠳᠭᠤᠬᠤ᠎ᠶ᠋ᠢᠨ ᠬᠠᠮᠲᠤ ᠬᠠᠢᠨᠠᠨ᠎ᠤ ᠴᠢᠯᠥᠭᠡᠲᠦ ᠠᠷᠠᠯᠵᠢᠶᠠᠨ᠎ᠤ ᠭᠠᠷᠠᠮ᠎ᠤᠨ ᠠᠷᠠᠯᠵᠢᠶ᠎ᠠ ᠪᠡᠯᠡ ᠣᠷᠣᠭᠤᠯᠤᠯᠲᠠ᠎ᠶ᠋ᠢᠨ ᠴᠢᠯᠥᠭᠡᠵᠢᠯᠲᠡ ᠳᠥᠭᠥᠮᠴᠢᠯᠡᠯᠲᠡ᠎ᠶ᠋ᠢᠨ ᠲᠦᠷᠦ᠍᠎ᠶ᠋ᠢᠨ ᠪᠤᠳᠤᠯᠭ᠎ᠠ᠎ᠶ᠋ᠢ ᠭᠦᠢᠴᠡᠳ ᠠᠱᠢᠭ᠍ᠯᠠᠵᠤ᠂ ᠤᠯᠤᠰ᠎ᠤᠨ ᠳᠣᠲᠣᠭᠠᠳᠤ᠎ᠶ᠋ᠢᠨ ᠠᠵᠤ ᠠᠬᠤᠢᠯᠠᠯ᠎ᠤᠨ ᠳᠡᠯᠡᠬᠡᠢ᠎ᠶ᠋ᠢᠨ ᠵᠠᠬ᠎ᠠ ᠳᠡᠯᠭᠡᠭᠦᠷ᠎ᠲᠦ ᠣᠷᠣᠬᠤ ᠲᠠᠪᠴᠠᠩ᠎ᠢ ᠢᠳᠡᠪᠬᠢᠲᠡᠢ ᠪᠠᠢᠭᠤᠯᠵᠤ᠂ ᠨᠡᠩ ᠤᠯᠠᠨ ᠤᠯᠤᠰ᠎ᠤᠨ ᠳᠣᠲᠣᠭᠠᠳᠤ᠎ᠶ᠋ᠢᠨ ᠠᠵᠤ ᠠᠬᠤᠢᠯᠠᠯ᠎ᠤᠨ ᠪᠦᠬᠦ᠌ ᠪᠥᠮᠪᠥᠷᠴᠡᠭ᠎ᠦᠨ ᠦᠷᠳᠡᠭ᠎ᠦᠨ ᠬᠡᠯᠬᠢᠶ᠎ᠡ᠎ᠳᠦ ᠭᠦᠨᠵᠡᠭᠡᠢ ᠠᠭᠤᠰᠤᠯᠴᠠᠬᠤ᠎ᠶ᠋ᠢ ᠠᠬᠢᠭᠤᠯᠤᠨ᠎ᠠ ᠭᠡᠵᠦ᠍ ᠬᠡᠯᠡᠪᠡ᠃

《ᠠᠮᠤ ᠪᠤᠳᠠᠭᠠᠨ᠎ᠤ ᠦᠢᠯᠡᠳᠪᠦᠷᠢᠯᠡᠯ᠎ᠢ ᠲᠣᠭ᠍ᠲᠠᠭᠤᠨ ᠪᠠᠢᠯᠭᠠᠬᠤ ᠪᠠ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠤᠶ᠎ᠠ》᠂ 《ᠬᠥᠳᠡᠭᠡ ᠲᠣᠰᠭᠣᠨ᠎ᠤ ᠤᠨᠴᠠᠯᠢᠬ᠍ᠳᠤ ᠠᠵᠤ ᠦᠢᠯᠡᠰ᠎ᠢ ᠬᠥᠭ᠌ᠵᠢᠭᠦᠯᠵᠦ᠍᠂ ᠲᠠᠷᠢᠶᠠᠴᠢᠳ᠎ᠤᠨ ᠣᠷᠣᠯᠭ᠎ᠠ᠎ᠪᠠᠨ ᠨᠡᠮᠡᠭ᠌ᠳᠡᠭᠦᠯᠵᠦ᠍ ᠪᠠᠶᠠᠵᠢᠬᠤ ᠵᠠᠮ᠎ᠢ ᠥᠷᠭᠡᠳᠭᠡᠶ᠎ᠡ》 ᠁ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠭᠠᠨᠰᠦ ᠮᠤᠵᠢ᠎ᠶ᠋ᠢᠨ ᠴᠢᠩᠶᠠᠩ ᠬᠤᠳᠠ᠎ᠶ᠋ᠢᠨ ᠵᠧᠨ ᠶᠤᠸᠠᠨ ᠱᠢᠶᠠᠨ᠎ᠤ ᠯᠢᠨ ᠵᠢᠩ ᠪᠠᠯᠭᠠᠰᠤᠨ᠎ᠤ ᠰᠢ ᠭᠸᠦ ᠴᠢᠤᠸᠠᠨ ᠲᠣᠰᠭᠣᠨ᠎ᠤ ᠨᠠᠮ᠎ᠤᠨ ᠡᠭᠦᠷ᠎ᠦᠨ ᠱᠦᠵᠢ ᠮᠠ ᠶᠢᠨ ᠫᠢᠩ ᠢᠯᠡᠳᠭᠡᠯ᠎ᠳᠡᠭᠡᠨ ᠡᠳᠡᠭᠡᠷ ᠦᠭᠡ᠎ᠶ᠋ᠢ ᠲᠡᠮᠳᠡᠭ᠌ᠯᠡᠪᠡ᠃ 《ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠪᠡᠶᠡᠯᠡᠭᠦᠯᠬᠦ᠌᠎ᠳᠦ ᠬᠥᠳᠡᠭᠡ ᠲᠣᠰᠭᠣᠨ᠎ᠤ ᠣᠳᠣᠬᠢᠴᠢᠯᠠᠯᠲᠠ᠎ᠡᠴᠡ ᠰᠠᠯᠵᠤ ᠴᠢᠳᠠᠬᠤ ᠦᠭᠡᠶ᠃ ᠲᠣᠰᠭᠣᠨ᠎ᠤ ᠬᠢᠨ ᠲᠠᠷᠢᠮᠠᠯ᠎ᠤᠨ ᠦᠢᠯᠡᠰ ᠲᠡᠵᠢᠭᠡᠪᠦᠷᠢ᠎ᠶ᠋ᠢᠨ ᠦᠢᠯᠡᠰ᠎ᠦᠨ ᠬᠡᠪᠴᠢᠶ᠎ᠡ᠎ᠪᠡᠨ ᠤᠯᠠᠮ ᠴᠢᠨᠠᠭ᠍ᠰᠢᠳᠠ ᠥᠷᠭᠡᠳᠭᠡᠵᠦ᠍᠂ ᠰᠠᠭᠤᠷᠢ ᠲᠥᠬᠥᠭᠡᠷᠦᠮᠵᠢ᠎ᠶ᠋ᠢᠨ ᠪᠦᠳᠦᠬᠡᠨ ᠪᠠᠢᠭᠤᠯᠤᠯᠲᠠ᠎ᠪᠠᠨ ᠲᠡᠭᠦᠯᠳᠡᠷᠵᠢᠭᠦᠯᠵᠦ᠍᠂ ᠨᠤᠲᠤᠭ᠎ᠤᠨ ᠠᠬ᠎ᠠ ᠳᠡᠭᠦᠦ᠍᠎ᠨᠡᠷ᠎ᠦᠨ ᠵᠣᠭᠣᠰᠣᠨ ᠴᠦᠩᠬᠦ᠌᠎ᠶ᠋ᠢ ᠶᠠᠪᠤᠬᠤ ᠳᠤᠳᠤᠮ ᠲᠦᠭᠳᠦᠢᠯᠭᠡᠵᠦ᠂ ᠬᠠᠮᠲᠤ᠎ᠪᠠᠷ ᠪᠠᠶᠠᠵᠢᠬᠤ ᠵᠠᠮ᠎ᠢ ᠶᠠᠪᠤᠬᠤ ᠳᠤᠳᠤᠮ ᠥᠷᠭᠡᠳᠭᠡᠨ᠎ᠠ!》 ᠭᠡᠵᠦ ᠬᠡᠯᠡᠪᠡ᠃

2023 ᠣᠨ᠎ᠳᠤ 1500 ᠳ᠋ᠦᠩᠱᠢᠭᠤᠷ ᠲᠥᠭᠥᠷᠢᠭ ᠪᠠᠯᠠ ᠣᠷᠣᠭᠤᠯᠬᠤ᠎ᠪᠠᠷ ᠲᠥᠯᠥᠪᠯᠡᠵᠦ᠍᠂ ᠱᠢᠨ᠎ᠡ ᠡᠨᠧᠷᠭᠢ᠎ᠶ᠋ᠢᠨ ᠰᠠᠭᠤᠷᠢ ᠪᠥᠲᠥᠭᠡᠨ ᠪᠠᠢᠭᠤᠯᠤᠯᠲᠠ᠎ᠶ᠋ᠢᠨ ᠪᠠᠯᠠ ᠣᠷᠣᠭᠤᠯᠤᠯᠲᠠ᠎ᠶ᠋ᠢᠨ ᠡᠵᠡᠯᠡᠬᠦ᠌ ᠬᠠᠷᠢᠴᠠᠯ ᠲᠤᠯᠤᠭᠠᠨ ᠬᠤᠪᠢ᠎ᠶ᠋ᠢ ᠡᠵᠡᠯᠡᠪᠡ᠁ ᠠᠵᠤ ᠠᠬᠤᠢᠯᠠᠯ᠎ᠤᠨ ᠡᠨᠡ ᠵᠢᠯ᠎ᠦᠨ ᠪᠣᠬᠢᠷᠲᠤᠯ ᠥᠬᠡᠶ ᠬᠥᠭ᠌ᠵᠢᠯᠲᠡ᠎ᠶ᠋ᠢᠨ ᠬᠠᠷᠠᠯᠲᠠ᠎ᠶ᠋ᠢ ᠶᠠᠷᠢᠬᠤ᠎ᠳᠠᠭᠠᠨ᠂ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠳᠤᠮᠳᠠᠳᠤ ᠤᠯᠤᠰ᠎ᠤᠨ ᠬᠤᠸᠠ ᠳ᠋ᠢᠶᠠᠨ ᠪᠦᠯᠦᠭᠯᠡᠯ ᠤ᠋ᠨ ᠬᠡᠷᠡᠭ ᠮᠡᠳᠡᠭ᠌ᠴᠢᠳ᠎ᠦᠨ ᠳᠠᠷᠤᠭ᠎ᠠ ᠵᠢᠶᠠᠩ ᠢ᠄《 ᠢᠯᠡᠳᠭᠡᠯ᠎ᠳᠦ ᠬᠥᠭ᠌ᠵᠢᠯᠲᠡ᠎ᠶ᠋ᠢᠨ ᠠᠷᠭ᠎ᠠ ᠮᠠᠶᠢᠭ᠎ᠤᠨ ᠪᠣᠬᠢᠷᠲᠤᠯ ᠥᠬᠡᠶ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠠᠬᠢᠭᠤᠯᠤᠨ᠎ᠠ ᠭᠡᠵᠦ᠍ ᠳᠤᠷᠠᠳᠤᠭ᠍ᠰᠠᠨ᠎ᠨᠢ ᠪᠢᠳᠡᠨ᠎ᠦ ᠪᠠᠯᠠ ᠣᠷᠣᠭᠤᠯᠬᠤ ᠢᠲᠡᠭᠡᠯ ᠵᠣᠷᠢᠭ᠎ᠢ ᠨᠠᠩ ᠪᠠᠲᠤᠳᠭᠠᠪᠠ 》 ᠭᠡᠵᠦ ᠬᠡᠯᠡᠪᠡ᠃

ᠵᠢᠶᠠᠩ ᠢ᠂ 2025 ᠣᠨ ᠪᠣᠯᠬᠤ᠎ᠳᠤ᠂ ᠬᠤᠸᠠ ᠳ᠋ᠢᠶᠠᠨ ᠨᠢ ᠴᠢᠯᠠᠭᠤᠵᠢᠮᠠᠯ᠎ᠤᠨ ᠪᠤᠰᠤ ᠡᠨᠧᠷᠭᠢ᠎ᠶ᠋ᠢᠨ ᠮᠠᠱᠢᠨ ᠴᠣᠭ᠍ᠴᠠᠯᠠᠪᠤᠷᠢ᠎ᠶ᠋ᠢᠨ ᠡᠵᠡᠯᠡᠬᠦ᠌ ᠬᠠᠷᠢᠴᠠᠯ᠎ᠢ 50% ᠡᠴᠡ ᠳᠡᠭᠡᠭ᠌ᠰᠢ᠎ᠳᠦ ᠬᠦᠷᠭᠡᠵᠦ᠍᠂ ᠡᠳᠦᠢ ᠲᠡᠳᠦᠢ ᠲᠤᠮᠤ ᠬᠡᠯᠪᠡᠷᠢ᠎ᠶ᠋ᠢᠨ ᠪᠣᠬᠢᠷᠲᠤᠯ ᠦᠭᠡᠢ ᠡᠨᠧᠷᠭᠢ᠎ᠶ᠋ᠢᠨ ᠰᠠᠭᠤᠷᠢᠨ᠎ᠢ ᠪᠠᠢᠭᠤᠯᠤᠨ᠎ᠠ᠃ 《ᠤᠰᠤ ᠰᠠᠯᠬᠢ ᠬᠡᠷᠡᠯ ᠴᠠᠬᠢᠯᠭᠠᠨ᠎ᠢᠶᠠᠷ〈ᠠᠷᠪᠠᠨ ᠳᠥᠷᠪᠡᠳᠦᠭᠡᠷ ᠲᠠᠪᠤᠨ ᠵᠢᠯ〉ᠤ᠋ᠨ ᠬᠥᠭ᠌ᠵᠢᠯᠲᠡ᠎ᠶ᠋ᠢᠨ ᠭᠤᠤᠯᠳᠠᠯᠭ᠎ᠠ ᠪᠣᠯᠭᠠᠵᠤ᠂ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠬᠥᠭ᠌ᠵᠢᠯᠲᠡ᠎ᠶ᠋ᠢᠨ〈ᠬᠤᠷᠳᠤᠴᠠ〉ᠵᠢ ᠲᠦᠷᠭᠡᠳᠬᠡᠨ᠎ᠠ 》 ᠭᠡᠵᠦ ᠬᠡᠯᠡᠪᠡ᠃

ᠵᠢᠷᠤᠭ ᠲᠥᠰᠦᠪ᠎ᠢ ᠵᠢᠷᠤᠭ᠍ᠯᠠᠵᠤ ᠰᠢᠨ᠎ᠡ ᠠᠶᠠᠨ ᠳ᠋ᠤ ᠮᠤᠷᠳᠠᠨ᠎ᠠ᠃ ᠲᠥᠯᠥᠭᠡᠯᠡᠭ᠌ᠴᠢᠳ ᠭᠡᠱᠢᠭᠦᠳ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠲᠡᠮᠡᠴᠡᠯ ᠪᠣᠯᠤᠨ ᠬᠦᠴᠦ᠍ ᠬᠥᠯᠥᠰᠥ᠎ᠪᠡᠷ᠎ᠢᠶᠡᠨ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠢᠷᠠᠭᠤ ᠭᠠᠢᠬᠠᠮᠱᠢᠭ᠍ᠲᠤ ᠱᠢᠨ᠎ᠡ ᠬᠠᠭᠤᠳᠠᠰᠤ᠎ᠶ᠋ᠢ ᠪᠢᠴᠢᠭ᠌ᠯᠡᠨ᠎ᠡ ᠭᠡᠵᠦ᠍ ᠢᠯᠡᠳᠭᠡᠵᠡᠭᠡᠪᠡ᠃

(ᠱᠢᠨᠬᠤᠸᠠ ᠬᠣᠷᠢᠶᠠᠨ᠎ᠤ ᠪᠡᠭᠡᠵᠢᠩ᠎ᠦᠨ 3 ᠰᠠᠷ᠎ᠠ᠎ᠶ᠋ᠢᠨ 5 ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠮᠦᠩᠭᠦᠨᠬᠤᠸᠠᠷ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面