2023-03-08 10:33:43
ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶ᠎ᠠ ᠵᠢᠨ ᠪᠠᠢᠩᠭᠤ᠎ᠶ᠋ᠢᠨ ᠭᠡᠱᠢᠭᠦᠨ᠂ ᠲᠥᠪ᠎ᠦᠨ ᠱᠦᠵᠢ᠎ᠨᠡᠷ᠎ᠦᠨ ᠭᠠᠵᠠᠷ᠎ᠤᠨ ᠱᠦᠵᠢ ᠼᠠᠢ ᠴᠢ 7 ᠤ᠋ ᠦᠳᠡ᠎ᠶ᠋ᠢᠨ ᠡᠮᠦᠨ᠎ᠡ ᠦᠪᠡᠷ᠎ᠤᠨ᠎ᠢᠶᠡᠨ ᠪᠠᠢᠭ᠎ᠠ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠤᠨ ᠬᠥᠬᠡᠨᠠᠭᠤᠷ᠎ᠤᠨ ᠲᠥᠯᠥᠭᠡᠯᠡᠭ᠌ᠴᠢᠳ᠎ᠦᠨ ᠪᠦᠯᠬᠦᠮ᠎ᠳᠦ ᠬᠦᠷᠴᠤ᠂ ᠲᠥᠯᠥᠭᠡᠯᠡᠭ᠌ᠴᠢᠳ᠎ᠲᠡᠶ ᠬᠠᠮᠲᠤ ᠬᠢᠨᠠᠨ ᠵᠥᠪᠯᠡᠪᠡ᠃
ᠸᠠᠩ ᠯᠢ ᠮᠢᠩ᠂ ᠰᠤᠳᠨᠠᠮᠳ᠋ᠠᠨᠽᠠᠨ᠂ ᠱᠢᠤᠢ ᠴᠢᠩ ᠮᠢᠨ ᠵᠡᠷᠭᠡ ᠲᠥᠯᠥᠭᠡᠯᠡᠭ᠌ᠴᠢ ᠤᠷᠢᠳ ᠬᠣᠵᠢᠳ ᠦᠭᠡ ᠬᠡᠯᠡᠪᠡ᠃ ᠼᠠᠢ ᠴᠢ ᠤᠯᠠᠨ᠎ᠤ ᠬᠡᠯᠡᠬᠦ᠌᠎ᠶ᠋ᠢ ᠨᠠᠷᠢᠨ ᠬᠢᠨᠠᠮᠠᠭᠠᠢ ᠰᠣᠨᠣᠰᠭᠤ᠎ᠶ᠋ᠢᠨ ᠬᠠᠮᠲᠤ ᠲᠥᠯᠥᠭᠡᠯᠡᠭ᠌ᠴᠢᠳ᠎ᠲᠡᠶ ᠪᠠᠢᠨ ᠲᠠᠬᠢᠨ ᠪᠤᠳᠤᠯ ᠰᠠᠨᠠᠯ᠎ᠢᠶᠠᠨ ᠰᠣᠯᠢᠯᠴᠠᠪᠠ᠃ ᠼᠠᠢ ᠴᠢ᠂ ᠶᠡᠷᠦᠩᠬᠡᠢ ᠰᠠᠢᠳ ᠯᠢ ᠺᠸ ᠴᠢᠶᠠᠩ᠎ᠤᠨ ᠬᠢᠭ᠌ᠰᠡᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠨᠢ ᠨᠠᠮ᠎ᠤᠨ ᠲᠥᠪ ᠬᠣᠷᠢᠶ᠎ᠠ ᠵᠢᠨ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠢᠯᠡᠷᠡᠭᠦᠯᠦᠭᠰᠡᠨ ᠪᠠᠢᠨ᠎ᠠ᠃ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠪᠠ ᠬᠠᠤᠯᠢ ᠲᠣᠭ᠍ᠲᠠᠭᠠᠬᠤ ᠬᠠᠤᠯᠢ᠎ᠳᠤ ᠵᠠᠰᠠᠪᠤᠷᠢ ᠣᠷᠣᠭᠤᠯᠬᠤ ᠲᠥᠰᠦᠯ᠎ᠢ ᠵᠥᠪᠱᠢᠶᠡᠷᠡᠵᠤ ᠪᠠᠢᠨ᠎ᠠ ᠭᠡᠵᠦ ᠢᠯᠡᠳᠭᠡᠪᠡ᠃
ᠼᠠᠢ ᠴᠢ᠂ ᠥᠩᠭᠡᠷᠡᠭ᠌ᠰᠡᠨ 5 ᠵᠢᠯ ᠪᠣᠯ ᠲᠤᠢᠯ᠎ᠤᠨ ᠶᠡᠷᠦ᠍ ᠪᠤᠰᠤ᠎ᠶ᠋ᠢᠨ᠂ ᠲᠤᠢᠯ᠎ᠤᠨ ᠵᠢᠷ᠎ᠤᠨ ᠪᠤᠰᠤ ᠶᠤᠮ᠃ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠪᠦᠬᠦ᠌ ᠲᠠᠯ᠎ᠠ ᠪᠣᠯᠤᠨ ᠳᠡᠯᠡᠬᠡᠢ᠎ᠶ᠋ᠢᠨ ᠵᠠᠭᠤᠨ ᠵᠢᠯ᠎ᠳᠦ ᠲᠣᠬᠢᠶᠠᠯᠳᠤᠭ᠎ᠠ ᠦᠭᠡᠢ ᠶᠡᠬᠡ ᠬᠤᠪᠢᠰᠤᠯᠲᠠ᠎ᠶ᠋ᠢ ᠨᠢᠭᠡᠳᠦᠯᠲᠡᠢ ᠲᠥᠯᠥᠪᠵᠢᠭᠦᠯᠵᠦ᠍᠂ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠤᠷᠳᠤ ᠬᠤᠭᠤᠴᠠᠭ᠎ᠠ᠎ᠪᠠᠷ ᠱᠢᠢᠳᠪᠦᠷᠢᠯᠡᠵᠦ᠍ ᠳᠡᠢᠯᠦᠭᠡᠳᠦᠢ ᠪᠠᠢᠭ᠍ᠰᠠᠨ ᠮᠠᠰᠢ ᠤᠯᠠᠨ ᠬᠦᠴᠢᠷ ᠠᠰᠠᠭᠤᠳᠠᠯ᠎ᠢ ᠱᠢᠢᠳᠪᠦᠷᠢᠯᠡᠵᠦ᠍᠂ ᠠᠯᠤᠰ ᠬᠡᠳᠤ᠎ᠳᠦ ᠬᠣᠯᠪᠣᠭ᠍ᠳᠠᠬᠤ ᠮᠠᠰᠢ ᠣᠯᠠᠨ ᠲᠣᠮᠣ ᠴᠢᠬᠤᠯᠠ ᠶᠠᠪᠤᠳᠠᠯ᠎ᠢ ᠪᠦᠲᠦᠭᠡᠵᠦ᠍᠂ ᠨᠠᠮ ᠪᠣᠯᠤᠨ ᠤᠯᠤᠰ᠎ᠤᠨ ᠠᠵᠢᠯ ᠦᠢᠯᠡᠰ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠭ᠍ᠰᠠᠨ ᠴᠢᠬᠤᠯᠠ ᠶᠡᠬᠡ ᠠᠮᠵᠢᠯᠲᠠ ᠤᠯᠪᠠ᠃ ᠢᠯᠠᠩᠭᠤᠶ᠎ᠠ ᠬᠠᠷᠢᠴᠠᠯᠠᠰᠢᠬᠦᠢ ᠶᠠᠳᠠᠭᠤ ᠬᠦᠴᠢᠷᠳᠡᠯ᠎ᠦᠨ ᠠᠰᠠᠭᠤᠳᠠᠯ᠎ᠢ ᠲᠡᠦᠬᠡᠲᠦ ᠴᠢᠨᠠᠷᠲᠠᠢ᠎ᠪᠠᠷ ᠱᠢᠢᠳᠪᠦᠷᠢᠯᠡᠵᠦ᠍᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠵᠦ᠍᠂ ᠬᠥᠮᠦᠨ ᠲᠥᠷᠥᠯᠬᠢᠲᠡᠨ᠎ᠦ ᠪᠣᠯᠪᠠᠰᠤᠨ᠎ᠤ ᠲᠡᠦᠬᠡᠨ ᠳᠡᠭᠡᠷᠡᠬᠢ ᠬᠥᠮᠦᠨ ᠠᠮᠠ ᠤᠯᠠᠨ᠎ᠲᠠᠢ ᠲᠣᠮᠣ ᠤᠯᠤᠰ᠎ᠤᠨ ᠬᠢᠵᠢᠭ᠎ᠦᠨ ᠪᠠᠢᠳᠠᠯ ᠶᠡᠬᠡ ᠬᠠᠯᠳᠠᠪᠤᠷᠢᠯᠠᠯ ᠡᠴᠡ ᠠᠮᠵᠢᠯᠳᠠ ᠲᠠᠢ ᠮᠣᠯᠲᠣᠷᠠᠬᠰᠠᠨ ᠭᠠᠢᠬᠠᠮᠱᠢᠭ᠎ᠢ ᠡᠭᠦᠳᠴᠦ᠍᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠶᠠᠨ᠎ᠳᠤ ᠦᠨᠭ᠌ᠭᠡ ᠢᠯᠭᠠᠷᠠᠮ᠎ᠠ ᠬᠠᠭᠤᠳᠠᠰᠤ᠎ᠶ᠋ᠢ ᠪᠢᠴᠢᠭ᠌ᠯᠡᠪᠡ᠃ ᠡᠳᠡᠭᠡᠷ ᠠᠮᠵᠢᠯᠲᠠ ᠪᠦᠲᠦᠮᠵᠢ᠎ᠶ᠋ᠢ ᠪᠣᠯ ᠨᠠᠮ ᠪᠣᠯᠤᠨ ᠠᠷᠠᠳ ᠲᠦᠮᠡᠨ ᠬᠠᠮᠲᠤ᠎ᠪᠠᠷ ᠲᠡᠮᠡᠴᠡᠵᠦ᠍᠂ ᠠᠵᠢᠯᠯᠠᠵᠤ ᠣᠯᠤᠭ᠍ᠰᠠᠨ ᠶᠤᠮ᠃ ᠬᠠᠮᠤᠭ᠎ᠤᠨ ᠦᠨᠳᠦᠰᠦᠨ ᠰᠢᠯᠳᠠᠭᠠᠨ ᠨᠢ ᠶᠡᠷᠦᠩᠬᠡᠢ ᠱᠦᠵᠢ ᠰᠢ ᠵᠢᠨ ᠫᠢᠩ ᠵᠠᠯᠠᠭᠤᠷ᠎ᠢ ᠡᠵᠡᠮᠳᠡᠨ ᠠᠶᠠᠯᠠᠯ᠎ᠢ ᠵᠢᠯᠣᠭᠣᠳᠤᠬᠰᠠᠨ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠵᠢᠨ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ᠎ᠳᠤ ᠪᠠᠢᠨ᠎ᠠ᠃ ᠪᠢᠳᠡ 《ᠬᠣᠶᠠᠷ᠎ᠢ ᠲᠤᠭᠲᠠᠭᠠᠭᠰᠠᠨ》 ᠤ᠋ ᠱᠢᠶ᠋ᠳᠪᠦᠷᠢᠯᠡᠭ᠌ᠴᠢ ᠴᠢᠨᠠᠷᠲᠠᠶ ᠠᠴᠢ ᠬᠣᠯᠪᠣᠭ᠍ᠳᠠᠯ᠎ᠢ ᠨᠠᠩ ᠭᠦᠨᠵᠡᠭᠡᠶ ᠣᠢᠯᠠᠭᠠᠵᠤ᠂ 《ᠳᠥᠷᠪᠡᠨ ᠤᠬᠠᠮᠰᠠᠷ》 ᠶ᠋ᠢᠡᠨ ᠴᠢᠩᠭᠠᠳᠭᠠᠵᠤ᠂ 《ᠳᠥᠷᠪᠡᠨ ᠢᠲᠡᠭᠡᠯ》 ᠶ᠋ᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠍᠂ ᠦᠵᠡᠯ ᠰᠠᠨᠠᠭ᠎ᠠ ᠤᠯᠤᠰ ᠲᠥᠷᠥ᠍ ᠦᠶ᠋ᠯᠡ ᠠᠵᠢᠯᠯᠠᠭ᠎ᠠ᠎ᠶ᠋ᠢᠨ ᠲᠠᠯ᠎ᠠ᠎ᠪᠠᠷ ᠤᠬᠠᠮᠰᠠᠷ᠎ᠠᠴᠠ᠎ᠪᠠᠨ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ᠎ᠲᠠᠶ ᠳᠡᠭᠡᠳᠦ ᠬᠡᠮᠵᠢᠶ᠎ᠡ᠎ᠪᠡᠷ ᠨᠢᠭᠡᠳᠦᠯᠲᠡᠶ ᠪᠠᠢᠬᠤ ᠬᠡᠷᠡᠭ᠌ᠲᠡᠶ ᠭᠡᠵᠦ ᠢᠯᠡᠳᠭᠡᠪᠡ᠃
ᠼᠠᠢ ᠴᠢ ᠬᠥᠬᠡᠨᠠᠭᠤᠷ᠎ᠤᠨ ᠬᠢᠨ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠶᠡᠷᠦᠩᠬᠡᠢ ᠱᠦᠵᠢ ᠰᠢ ᠵᠢᠨ ᠫᠢᠩ᠎ᠦᠨ ᠬᠥᠬᠡᠨᠠᠭᠤᠷ᠎ᠤᠨ ᠠᠵᠢᠯ᠎ᠤᠨ ᠲᠤᠬᠠᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠵᠤ᠂ ᠬᠥᠬᠡᠨᠠᠭᠤᠷ ᠲᠥᠪᠡᠳ᠎ᠦᠨ ᠥᠨᠳᠥᠷᠯᠢᠭ᠎ᠦᠨ ᠠᠮᠢ ᠠᠬᠤᠢ᠎ᠶ᠋ᠢᠨ ᠬᠠᠮᠠᠭᠠᠯᠠᠯᠲᠠ ᠪᠣᠯᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠲᠠᠯ᠎ᠠ᠎ᠪᠠᠷ ᠱᠢᠨ᠎ᠡ ᠠᠮᠵᠢᠯᠲᠠ ᠣᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠬᠦ᠌ᠬᠡᠷᠡᠭᠲᠡᠢ᠃ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ᠎ᠶ᠋ᠢ ᠲᠡᠷᠢᠭᠦᠨ ᠴᠢᠬᠤᠯᠠ ᠤᠯᠤᠰ ᠲᠦᠷᠦ᠍᠎ᠶ᠋ᠢᠨ ᠡᠭᠦᠷᠭᠡ ᠪᠣᠯᠭᠠᠬᠤ᠎ᠶ᠋ᠢ ᠪᠠᠷᠢᠮᠲᠠᠯᠠᠵᠤ᠂ ᠪᠦᠬᠦ᠌ ᠲᠠᠯ᠎ᠠ᠎ᠪᠠᠷ ᠰᠤᠷᠤᠯᠴᠠᠬᠤ᠂ ᠪᠦᠬᠦ᠌ ᠲᠠᠯ᠎ᠠ᠎ᠪᠠᠷ ᠡᠵᠡᠮᠰᠢᠬᠦ᠂ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠬᠤ ᠳᠡᠭᠡᠷ᠎ᠡ ᠬᠦᠴᠦ᠍ ᠲᠠᠯᠪᠢᠵᠤ᠂ ᠲᠠᠰᠤᠷᠠᠯᠳᠠ ᠦᠭᠡᠢ ᠭᠦᠨᠵᠡᠭᠡᠢᠷᠡᠭᠦᠯᠦᠨ ᠪᠣᠳᠠᠲᠠᠢᠵᠢᠭᠤᠯᠵᠤ ᠰᠡᠳᠭᠢᠯ᠎ᠳᠡᠭᠡᠨ ᠬᠠᠳᠠᠩᠱᠢᠭᠤᠯᠬᠤ ᠬᠡᠷᠡᠭ᠌ᠲᠡᠢ᠃ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠴᠢᠨᠠᠷ ᠰᠠᠢᠲᠠᠢ ᠬᠥᠭ᠌ᠵᠢᠯᠲᠡ ᠭᠡᠬᠦ᠌ ᠡᠨᠡ ᠬᠦ᠌ ᠲᠡᠷᠢᠭᠦᠨ ᠴᠢᠬᠤᠯᠠ ᠡᠭᠦᠷᠭᠡ᠎ᠶ᠋ᠢ ᠪᠠᠲᠤ ᠡᠵᠡᠮᠳᠡᠬᠦ᠌ ᠬᠡᠷᠡᠭ᠌ᠲᠡᠢ᠃ ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠪᠣᠯᠬᠤ᠎ᠶ᠋ᠢ ᠪᠠᠷᠢᠮᠲᠠᠯᠠᠵᠤ᠂ 《ᠳᠤᠮᠳᠠᠳᠤ᠎ᠶ᠋ᠢᠨ ᠤᠰᠤᠨ ᠰᠤᠪᠤᠷᠭ᠎ᠠ》 ᠂ ᠭᠤᠷᠪᠠᠨ ᠮᠥᠷᠡᠨ᠎ᠦ ᠡᠬᠢ᠎ᠶ᠋ᠢ ᠬᠠᠮᠠᠭᠠᠯᠠᠬᠤ ᠴᠢᠬᠤᠯᠠ ᠶᠡᠬᠡ ᠲᠡᠦᠬᠡ᠎ᠳᠤ ᠡᠭᠦᠷᠭᠡ᠎ᠶ᠋ᠢ ᠰᠠᠢᠲᠤᠷ ᠡᠭᠦᠷᠭᠡᠯᠡᠵᠦ᠍ ᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢ ᠯᠠᠪᠳᠠᠭᠤᠨ ᠪᠠᠲᠤᠲᠠᠢ ᠠᠬᠢᠭᠤᠯᠵᠤ ᠂ ᠠᠮᠢ ᠠᠬᠤᠢ᠎ᠶ᠋ᠢᠨ ᠪᠣᠯᠪᠠᠰᠤᠨ᠎ᠤ ᠥᠨᠳᠥᠷᠯᠢᠭ᠎ᠢ ᠴᠣᠭ᠍ᠴᠠᠯᠠᠬᠣ ᠬᠡᠷᠡᠭᠲᠡᠢ᠃ ᠤᠯᠤᠰ᠎ᠤᠨ ᠪᠠᠢᠯᠳᠤᠬᠤ ᠪᠣᠳᠣᠯᠭ᠎ᠠ᠎ᠳᠤ ᠭᠦᠨᠵᠡᠭᠡᠶ ᠠᠭᠤᠰᠤᠯᠴᠠᠵᠤ ᠂ ᠠᠵᠤ ᠦᠶ᠋ᠯᠡᠰ᠎ᠦᠨ 《ᠨᠢᠬᠡ ᠰᠠᠭᠤᠷᠢᠨ᠂ ᠨᠢᠬᠡ ᠦᠨᠳᠦᠷᠯᠢᠭ᠂ ᠨᠢᠬᠡ ᠬᠠᠷᠠᠯᠳᠠᠳᠤ ᠤᠷᠤᠨ᠂ ᠨᠢᠬᠡ ᠭᠠᠳᠠᠭᠰᠢ ᠭᠠᠷᠭᠠᠬᠤ ᠤᠷᠤᠨ》 ᠤ᠋ ᠪᠥᠲᠥᠭᠡᠨ ᠪᠠᠢᠭᠤᠯᠤᠯᠲᠠ᠎ᠪᠠᠷ ᠭᠤᠤᠯᠳᠠᠯᠭ᠎ᠠ ᠪᠣᠯᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠳᠦ ᠲᠦᠱᠢᠭ᠌ᠯᠡᠨ᠂ ᠤᠯᠠᠮᠵᠢᠯᠠᠯᠲᠤ ᠠᠵᠤ ᠦᠶ᠋ᠯᠡᠰ᠎ᠦᠨ ᠲᠠᠰ ᠳᠡᠪᠱᠢᠬᠦ᠌᠎ᠶ᠋ᠢ ᠠᠬᠢᠭᠤᠯᠵᠤ᠂ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ᠎ᠢ ᠪᠤᠵᠠᠭᠠᠢᠷᠠᠭᠤᠯᠬᠤ ᠬᠡᠷᠡᠭᠳᠡᠢ᠃ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠷᠢᠮᠲᠠᠯᠠᠵᠤ᠂ ᠶᠠᠳᠠᠭᠤ᠎ᠠᠴᠠ ᠠᠩᠭᠢᠵᠢᠷᠠᠭᠤᠯᠣᠨ ᠪᠣᠭᠣᠮᠲᠠ ᠱᠢᠪᠲᠤᠯᠤᠬᠰᠠᠨ ᠳᠠᠢᠯᠠᠯᠳᠤᠭᠠᠨ᠎ᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠵᠦ᠍᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠦᠬᠦ᠌ ᠲᠠᠯ᠎ᠠ᠎ᠪᠠᠷ ᠠᠬᠢᠭᠤᠯᠵᠤ᠂ ᠠᠷᠠᠳ᠎ᠤᠨ ᠠᠮᠢᠳᠤᠷᠠᠯ᠎ᠤᠨ ᠳᠤᠲᠠᠭᠤᠳᠠᠯ᠎ᠢ ᠠᠯᠬᠤᠮ ᠠᠯᠬᠤᠮ᠎ᠢᠶᠠᠷ ᠨᠥᠬᠥᠪᠥᠷᠢᠯᠡᠵᠦ᠍᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠠᠮᠢᠳᠤᠷᠠᠯ᠎ᠢ ᠦᠨᠡᠨ ᠰᠡᠳᠭᠢᠯ᠎ᠡᠴᠡ᠎ᠪᠡᠨ ᠰᠠᠢᠲᠤᠷ ᠰᠠᠬᠢᠨ ᠬᠠᠮᠠᠭᠠᠯᠠᠬᠣ ᠬᠡᠷᠡᠭᠲᠡᠢ᠃ ᠱᠢᠯᠢᠳᠡᠭ ᠰᠣᠶᠣᠯ᠎ᠤᠨ ᠪᠦᠲᠦᠭᠡᠭ᠌ᠳᠡᠬᠦᠨ᠎ᠦ ᠬᠠᠩᠭᠠᠯᠭ᠎ᠠ᠎ᠶ᠋ᠢ ᠥᠷᠭᠡᠳᠭᠡᠵᠦ᠍᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠣᠶᠤᠨ᠎ᠤ ᠪᠠ ᠰᠣᠶᠣᠯ᠎ᠤᠨ ᠬᠡᠷᠡᠭ᠌ᠴᠡᠭᠡ᠎ᠶ᠋ᠢ ᠬᠠᠩᠭᠠᠬᠣ ᠬᠡᠷᠡᠭᠲᠡᠢ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠬᠴᠠᠯᠠᠵᠤ᠂ ᠦᠨᠳᠦᠰᠦᠲᠡᠨ᠎ᠨᠦᠭᠦᠳ᠎ᠦᠨ ᠬᠠᠷᠢᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠣ ᠬᠡᠷᠡᠭᠲᠡᠢ᠃ ᠨᠠᠮ᠎ᠤᠨ ᠤᠯᠤᠰ ᠲᠦᠷᠦ᠍᠎ᠶ᠋ᠢᠨ ᠪᠠᠢᠭᠤᠯᠤᠯᠲᠠ᠎ᠪᠠᠷ ᠶᠡᠷᠦᠩᠬᠡᠢᠯᠡᠨ ᠵᠢᠯᠤᠭᠤᠳᠤᠭᠤᠯᠵᠤ ᠨᠠᠮ᠎ᠤᠨ ᠡᠯ᠎ᠡ ᠲᠠᠯ᠎ᠠ᠎ᠶ᠋ᠢᠨ ᠪᠠᠢᠭᠤᠯᠤᠯᠲᠠ᠎ᠶ᠋ᠢ ᠰᠠᠢᠲᠤᠷ ᠠᠳᠭᠤᠵᠤ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠭᠣᠣᠯ ᠰᠡᠳᠦᠪᠲᠦ ᠬᠥᠮᠦᠵᠢᠯ᠎ᠢ ᠭᠦᠨᠵᠡᠭᠡᠢ ᠥᠷᠨᠢᠭᠦᠯᠵᠦ᠍᠂ ᠪᠠᠢᠴᠠᠭᠠᠨ ᠰᠤᠳᠤᠯᠤᠯᠲᠠ ᠬᠢᠬᠦ᠌ ᠰᠤᠷᠲᠠᠯ᠎ᠢ ᠶᠡᠬᠡᠪᠡᠷ ᠪᠠᠳᠠᠷᠠᠭᠤᠯᠵᠤ᠂ ᠰᠤᠷᠲᠠᠯ᠎ᠤᠨ ᠪᠠᠢᠭᠤᠯᠤᠯᠲᠠ᠎ᠶ᠋ᠢ ᠴᠥᠬᠥᠷᠡᠰᠢ ᠦᠭᠡᠢ ᠠᠳᠭᠤᠬᠤ ᠬᠡᠷᠡᠭ᠌ᠲᠡᠢ᠃ 《ᠭᠤᠷᠪᠠᠨ ᠡᠷᠬᠡᠪᠰᠢ》 ᠵᠢ ᠪᠠᠲᠤ ᠴᠡᠭᠡᠵᠢᠯᠡᠵᠦ᠍᠂ ᠬᠤᠪᠢᠰᠭᠠᠯ᠎ᠤᠨ ᠤᠳᠤᠮᠱᠢᠯ᠎ᠢ ᠵᠠᠯᠭᠠᠮᠵᠢᠯᠠᠵᠤ᠂ ᠱᠢᠨ᠎ᠡ ᠴᠠᠭ ᠦᠶ᠎ᠡ᠎ᠶ᠋ᠢᠨ ᠤᠷᠳᠤ ᠵᠠᠮ᠎ᠤᠨ ᠠᠶᠠᠨ ᠲᠠᠢ᠌ᠨ᠎ᠢ ᠰᠠᠢᠲᠤᠷ ᠬᠢᠬᠦ ᠵᠢ ᠬᠦᠰᠡᠵᠤ ᠪᠠᠢᠨ᠎ᠠ ᠬᠡᠪᠡ᠃
(ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 7 ᠤ᠋ ᠴᠠᠬᠢᠯᠭᠠᠨ ᠮᠡᠳᠡᠭᠡ )
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃