2023ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2023-03-08 10:40:02

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶ᠎ᠠ ᠵᠢᠨ ᠪᠠᠢᠩᠭᠤ᠎ᠶ᠋ᠢᠨ ᠭᠡᠱᠢᠭᠦᠨ᠂ ᠲᠥᠪ᠎ᠦᠨ ᠠᠯᠪᠠᠨ ᠲᠢᠩᠬᠢᠮ᠎ᠦᠨ ᠡᠷᠬᠢᠯᠡᠭ᠌ᠴᠢ ᠳ᠋ᠢᠩ ᠱᠢᠤᠸᠠᠢ ᠱᠢᠶᠠᠩ 7᠎ᠤ᠋ ᠦᠳᠡ᠎ᠶ᠋ᠢᠨ ᠡᠮᠦᠨ᠎ᠡ ᠲᠡᠭᠦᠨ᠎ᠦ ᠪᠠᠢᠭ᠎ᠠ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠤᠨ ᠯᠢᠶᠣᠤᠨᠢᠩ᠎ᠤᠨ ᠲᠥᠯᠥᠭᠡᠯᠡᠭ᠌ᠴᠢᠳ᠎ᠦᠨ ᠪᠦᠯᠬᠦᠮ᠎ᠳᠦ ᠬᠦᠷᠴᠤ᠂ ᠲᠥᠯᠥᠭᠡᠯᠡᠭ᠌ᠴᠢᠳ᠎ᠲᠡᠶ ᠬᠠᠮᠲᠤ ᠬᠢᠨᠠᠨ ᠵᠥᠪᠯᠡᠪᠡ᠃

ᠵᠠᠩ ᠶᠠ ᠮᠧᠢ᠂ ᠸᠠᠩ ᠱᠢᠶᠠᠩ ᠮᠢᠩ᠂ ᠸᠠᠩ ᠶᠢᠩ ᠵᠡᠷᠭᠡ ᠲᠥᠯᠥᠭᠡᠯᠡᠭ᠌ᠴᠢ 《ᠪᠣᠭᠣᠮᠢ》 ᠵᠢᠨ ᠬᠦᠴᠢᠷ ᠠᠰᠠᠭᠤᠳᠠᠯ᠎ᠢ ᠱᠢᠢᠳᠪᠦᠷᠢᠯᠡᠬᠦ᠌᠂ ᠤᠯᠤᠰ᠎ᠤᠨ ᠲᠡᠷᠢᠭᠦᠨ ᠴᠢᠬᠤᠯᠠ ᠵᠡᠪᠰᠡᠭ᠎ᠢ ᠴᠣᠭ᠍ᠴᠠᠯᠠᠬᠤ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ ᠵᠡᠷᠭᠡ ᠠᠰᠠᠭᠤᠳᠠᠯ᠎ᠤᠨ ᠲᠣᠭᠣᠷᠢᠨ᠎ᠳᠤ ᠤᠷᠢᠳ ᠬᠣᠵᠢᠳ ᠦᠭᠡ ᠬᠡᠯᠡᠵᠦ᠍᠂ ᠠᠭᠤᠷ ᠠᠮᠢᠰᠬᠤᠯ ᠬᠦᠷ ᠬᠥᠭ᠌ᠵᠢᠶᠡᠨ ᠢ᠋ᠢᠡᠷ ᠪᠢᠯᠬᠠᠮ᠎ᠠ ᠪᠠᠢᠯ᠎ᠠ᠃ ᠲᠥᠯᠥᠭᠡᠯᠡᠭ᠌ᠴᠢᠳ᠎ᠦᠨ ᠬᠡᠯᠡᠬᠦ ᠢ᠋ᠢ ᠰᠣᠨᠣᠰᠤᠭ᠍ᠰᠠᠨ᠎ᠤ ᠳᠠᠷᠠᠭ᠎ᠠ᠂ ᠳ᠋ᠢᠩ ᠱᠢᠤᠸᠠᠢ ᠱᠢᠶᠠᠩ᠂ ᠶᠡᠷᠦᠩᠬᠡᠢ ᠰᠠᠢᠳ ᠯᠢ ᠺᠸ ᠴᠢᠶᠠᠩ᠎ᠤᠨ ᠬᠢᠭ᠌ᠰᠡᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠪᠣᠯᠤᠨ ᠬᠠᠤᠯᠢ ᠲᠣᠭ᠍ᠲᠠᠭᠠᠬᠤ ᠬᠠᠤᠯᠢ᠎ᠳᠤ ᠵᠠᠰᠠᠪᠤᠷᠢ ᠣᠷᠣᠭᠤᠯᠬᠤ ᠲᠥᠰᠦᠯ᠎ᠢ ᠪᠦᠷᠢᠮᠦᠰᠦᠨ ᠵᠥᠪᠱᠢᠶᠡᠷᠡᠵᠦ᠍ ᠪᠠᠢᠨ᠎ᠠ ᠬᠡᠪᠡ᠃

ᠳ᠋ᠢᠩ ᠱᠢᠤᠸᠠᠢ ᠱᠢᠶᠠᠩ᠂ ᠥᠩᠭᠡᠷᠡᠭ᠌ᠰᠡᠨ ᠲᠠᠪᠤᠨ ᠵᠢᠯ ᠪᠣᠯ ᠲᠤᠢᠯ᠎ᠤᠨ ᠶᠡᠷᠦ᠍ ᠪᠤᠰᠤ᠂ ᠲᠤᠢᠯ᠎ᠤᠨ ᠵᠢᠷ ᠤ᠋ᠨ ᠪᠤᠰᠤ ᠶᠤᠮ᠂ ᠨᠠᠮ ᠪᠣᠯᠤᠨ ᠤᠯᠤᠰ᠎ᠤᠨ ᠠᠵᠢᠯ ᠦᠢᠯᠡᠰ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠭ᠍ᠰᠠᠨ ᠴᠢᠬᠤᠯᠠ ᠶᠡᠬᠡ ᠠᠮᠵᠢᠯᠲᠠ ᠣᠯᠵᠠᠢ᠃ ᠡᠳᠡᠬᠡᠷ ᠠᠮᠵᠢᠯᠲᠠ ᠪᠤᠯ ᠬᠢᠯᠪᠠᠷ ᠪᠤᠰᠤ᠎ᠪᠠᠷ ᠢᠷᠡᠭ᠌ᠰᠡᠨ ᠶᠤᠮ᠂ ᠦᠨᠳᠦᠰᠦᠨ ᠰᠢᠯᠳᠠᠭᠠᠨ ᠨᠢ ᠶᠡᠷᠦᠩᠬᠡᠢ ᠱᠦᠵᠢ ᠰᠢ ᠵᠢᠨ ᠫᠢᠩ ᠵᠠᠯᠠᠭᠤᠷ᠎ᠢ ᠡᠵᠡᠮᠳᠡᠨ ᠠᠶᠠᠯᠠᠯ᠎ᠢ ᠵᠢᠯᠣᠭᠣᠳᠤᠭ᠍ᠰᠠᠨ᠎ᠳᠤ ᠪᠤᠢ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭᠠᠨ ᠤ᠋ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ᠎ᠳᠤ ᠪᠠᠢᠨ᠎ᠠ᠃ ᠱᠢᠨ᠎ᠡ ᠴᠠᠭ ᠦᠶ᠎ᠡ ᠱᠢᠨ᠎ᠡ ᠠᠶᠠᠨ᠎ᠳᠤ᠂ 《ᠬᠣᠶᠠᠷ᠎ᠢ ᠲᠤᠭᠳᠠᠭᠠᠭᠰᠠᠨ》 ᠤ᠋ ᠱᠢᠢᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠴᠢᠨᠠᠭᠰᠢᠳᠠ ᠭᠦᠨᠵᠡᠭᠡᠢ ᠣᠢᠯᠠᠭᠠᠵᠤ᠂ 《ᠲᠦᠷᠪᠡᠨ ᠤᠬᠠᠮᠰᠠᠷ》 ᠵᠢᠡᠨ ᠴᠢᠩᠭᠠᠳᠭᠠᠵᠤ᠂ 《ᠲᠦᠷᠪᠡᠨ ᠢᠲᠡᠭᠡᠯ》 ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠵᠢ ᠪᠡᠶᠡᠯᠡᠭᠦᠯᠵᠦ᠍᠂ ᠤᠬᠠᠮᠰᠠᠷ᠎ᠠᠴᠠ᠎ᠪᠠᠨ ᠦᠵᠡᠯ ᠰᠠᠨᠠᠭ᠎ᠠ ᠤᠯᠤᠰ ᠲᠦᠷᠦ᠍ ᠦᠢᠯᠡ ᠠᠵᠢᠯᠯᠠᠭ᠎ᠠ᠎ᠶ᠋ᠢᠨ ᠲᠠᠯ᠎ᠠ᠎ᠪᠠᠷ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ᠎ᠲᠠᠶ ᠳᠡᠭᠡᠳᠦ ᠬᠡᠮᠵᠢᠶ᠎ᠠ᠎ᠪᠡᠷ ᠨᠢᠭᠡᠳᠦᠯᠲᠡᠢ ᠪᠠᠢᠬᠤ ᠬᠡᠷᠡᠭ᠌ᠲᠡᠢ ᠬᠡᠵᠤ ᠢᠯᠡᠳᠬᠡᠪᠡ᠃

ᠳ᠋ᠢᠩ ᠱᠢᠤᠸᠠᠢ ᠱᠢᠶᠠᠩ᠂ ᠡᠨᠡ ᠵᠢᠯ ᠪᠣᠯ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ ᠲᠠᠯ᠎ᠠ ᠪᠡᠷ ᠲᠤᠭᠤᠱᠢᠯᠠᠭᠤᠯᠬᠤ ᠡᠬᠢᠯᠡᠯᠲᠡ᠎ᠶ᠋ᠢᠨ ᠵᠢᠯ ᠪᠣᠯᠤᠨ᠎ᠠ᠂ ᠨᠠᠮ᠎ᠤᠨ ᠲᠥᠪ ᠬᠣᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠱᠢᠨ᠎ᠡ ᠴᠠᠭ ᠦᠶ᠎ᠡ ᠱᠢᠨ᠎ᠡ ᠠᠶᠠᠨ᠎ᠢ ᠰᠠᠢᠲᠤᠷ ᠡᠵᠡᠮᠳᠡᠨ᠂ ᠴᠢᠨᠠᠷ ᠰᠠᠢᠲᠠᠢ ᠬᠥᠭ᠌ᠵᠢᠯᠲᠡ ᠭᠡᠬᠦ᠌ ᠡᠨᠡ ᠬᠦ᠌ ᠲᠡᠷᠢᠭᠦᠨ ᠴᠢᠬᠤᠯᠠ ᠡᠭᠦᠷᠭᠡ᠎ᠶ᠋ᠢ ᠪᠠᠳᠤ ᠡᠵᠡᠮᠳᠡᠵᠦ᠍᠂ ᠱᠢᠨ᠎ᠡ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠣᠳᠣᠬᠢᠴᠢᠯᠠᠬᠤ ᠪᠦᠳᠦᠭᠡᠨ ᠪᠠᠢᠭᠤᠯᠤᠯᠲᠠ᠎ᠶ᠋ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭ᠌ᠲᠡᠢ᠃ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠵᠤ᠂ ᠠᠵᠤ ᠠᠬᠤᠢ᠎ᠶ᠋ᠢᠨ ᠶᠠᠰᠤ ᠴᠢᠨᠠᠷ ᠢ᠋ ᠪᠦᠳᠦᠮᠵᠢᠳᠡᠢ ᠲᠡᠭᠡᠭᠰᠢᠯᠡᠬᠦᠯᠬᠦ ᠪᠣᠯᠤᠨ ᠲᠤᠭ᠎ᠠ ᠬᠡᠮᠵᠢᠶ᠎ᠠ ᠢ᠋ᠢ ᠵᠤᠬᠢᠰᠳᠡᠢ ᠨᠡᠮᠡᠭᠳᠡᠬᠦᠯᠬᠦ᠎ᠵᠢ ᠨᠡᠩ ᠰᠠᠢᠲᠤᠷ ᠨᠢᠭᠡᠳᠦᠯᠲᠡᠢ ᠲᠥᠯᠥᠪᠵᠢᠭᠦᠯᠵᠦ᠍᠂ ᠬᠥᠭ᠌ᠵᠢᠯᠲᠡ ᠪᠣᠯᠤᠨ ᠠᠮᠤᠷ ᠲᠦᠪᠱᠢᠨ᠎ᠢ ᠨᠡᠩ ᠰᠠᠢᠲᠤᠷ ᠨᠢᠭᠡᠳᠦᠯᠲᠡᠢ ᠲᠥᠯᠥᠪᠵᠢᠭᠦᠯᠬᠦ ᠬᠡᠷᠡᠭᠳᠡᠢ᠃ ᠠᠷᠠᠳ ᠲᠦᠮᠡᠨ᠎ᠢᠶᠡᠷ ᠭᠤᠤᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠷᠢᠮᠲᠠᠯᠠᠵᠤ᠂ ᠣᠳᠣᠬᠢᠴᠢᠯᠠᠬᠤ ᠪᠥᠲᠥᠭᠡᠨ ᠪᠠᠢᠭᠤᠯᠤᠯᠲᠠ᠎ᠶ᠋ᠢᠨ ᠦᠷ᠎ᠡ ᠪᠦᠲᠦᠭᠡᠯ᠎ᠢ ᠪᠥᠬᠥ᠌ ᠠᠷᠠᠳ ᠲᠦᠮᠡᠨ᠎ᠳᠦ ᠨᠠᠩ ᠣᠯᠠᠨ ᠨᠠᠩ ᠡᠷᠬᠡ ᠲᠡᠭ᠌ᠰᠢ᠎ᠪᠡᠷ ᠡᠳ᠋ᠯᠡᠬᠦᠯᠵᠤ᠂ ᠠᠷᠠᠳ ᠣᠯᠠᠨ᠎ᠤ ᠬᠦᠷᠲᠡᠮᠵᠢ᠎ᠶ᠋ᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ᠂ ᠠᠮᠤᠷ ᠲᠦᠪᠱᠢᠨ᠎ᠦ ᠲᠥᠷᠥᠭ᠌ᠳᠡᠯ᠎ᠢ ᠲᠠᠰᠤᠷᠠᠯᠲᠠ ᠥᠬᠡᠶ ᠨᠡᠮᠡᠭ᠌ᠳᠡᠭᠦᠯᠬᠦ ᠬᠡᠷᠡᠭᠳᠡᠢ᠃ ᠥᠭᠡᠷᠡᠴᠢᠯᠡᠯᠲᠡ ᠨᠡᠭᠡᠭᠡᠯᠲᠡ᠎ᠶ᠋ᠢ ᠭᠦᠨᠵᠡᠭᠡᠢᠷᠡᠭᠦᠯᠬᠦ᠌᠎ᠶ᠋ᠢ ᠪᠠᠷᠢᠮᠲᠠᠯᠠᠵᠤ᠂ ᠪᠦᠲᠦᠮᠵᠢᠲᠡᠶ ᠵᠠᠬ᠎ᠠ ᠳᠡᠯᠭᠡᠭᠦᠷ ᠪᠤᠯᠤᠨ ᠪᠦᠲᠦᠮᠵᠢᠲᠡᠶ ᠵᠠᠰᠠᠭ᠎ᠤᠨ ᠣᠷᠳᠣᠨ᠎ᠤ ᠨᠠᠩ ᠰᠠᠢᠨ ᠤᠶᠠᠯᠳᠤᠯ᠎ᠢ ᠠᠬᠢᠭᠤᠯᠵᠤ᠂ ᠤᠯᠤᠰ᠎ᠤᠨ ᠳᠣᠲᠣᠭᠠᠳᠤ᠎ᠶ᠋ᠢᠨ ᠶᠡᠬᠡ ᠣᠷᠴᠢᠯ᠎ᠢᠶᠠᠷ ᠭᠤᠤᠯ ᠴᠣᠭ᠍ᠴᠠ ᠪᠣᠯᠭᠠᠭ᠍ᠰᠠᠨ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠤᠤᠰ ᠣᠷᠴᠢᠯ ᠬᠠᠷᠢᠯᠴᠠᠨ ᠠᠬᠢᠭᠤᠯᠤᠭ᠍ᠰᠠᠨ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠳᠭᠡᠨ ᠪᠠᠢᠭᠤᠯᠬᠤ ᠬᠡᠷᠡᠭᠳᠡᠢ᠃

ᠰᠢ ᠵᠢᠨ ᠫᠢᠩ ᠨᠥᠬᠥᠷ᠎ᠢᠶᠡᠷ ᠭᠤᠤᠯ ᠪᠤᠯᠭᠠᠭᠰᠠᠨ ᠨᠠᠮ᠎ᠤᠨ ᠲᠥᠪ ᠬᠣᠷᠢᠶ᠎ᠠ ᠵᠢᠨ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠡᠷᠡᠰ ᠬᠠᠮᠠᠭᠠᠯᠠᠵᠤ᠂ ᠨᠠᠮ᠎ᠤᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢ ᠤᠳᠤᠷᠢᠳᠭᠤ ᠪᠠᠢᠭᠤᠯᠤᠯ ᠲᠣᠭ᠍ᠲᠠᠴᠠ᠎ᠶ᠋ᠢ ᠪᠠᠷᠢᠮᠲᠠᠯᠠᠨ ᠲᠡᠭᠦᠯᠳᠡᠷᠵᠢᠭᠦᠯᠵᠦ᠍᠂ ᠨᠠᠮ᠎ᠤᠨ ᠲᠥᠪ ᠬᠣᠷᠢᠶ᠎ᠠ ᠵᠢᠨ ᠡᠯ᠎ᠡ ᠵᠦᠢᠯ᠎ᠦᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠬᠤ᠎ᠶ᠋ᠢ ᠦᠨᠡᠨ ᠬᠦ᠌ ᠪᠠᠳᠤᠯᠠᠬᠤ ᠬᠡᠷᠡᠭᠳᠡᠢ ᠬᠡᠵᠤ ᠴᠢᠬᠤᠯᠠᠴᠢᠯᠠᠪᠠ᠃

ᠳ᠋ᠢᠩ ᠱᠢᠤᠸᠠᠢ ᠱᠢᠶᠠᠩ ᠯᠢᠶᠣᠤᠨᠢᠩ᠎ᠤᠨ ᠠᠵᠤ ᠠᠬᠤᠢ ᠨᠡᠢᠭᠡᠮ᠎ᠦᠨ ᠬᠥᠭ᠌ᠵᠢᠯᠲᠡ ᠵᠢᠨ ᠣᠯᠤᠭ᠍ᠰᠠᠨ ᠠᠮᠵᠢᠯᠲᠠ ᠪᠦᠲᠦᠮᠵᠢ᠎ᠶ᠋ᠢ ᠭᠦᠢᠴᠡᠳ ᠨᠤᠲᠠᠯᠠᠵᠤ᠂ ᠯᠢᠶᠣᠤᠨᠢᠩ᠎ᠤᠨ ᠬᠢᠨ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ ᠂ ᠱᠢᠨ᠎ᠡ ᠴᠠᠭ ᠦᠶ᠎ᠡ᠎ᠳᠤ ᠵᠡᠭᠦᠨ ᠬᠣᠢᠲᠤ ᠣᠷᠣᠨ᠎ᠢ ᠬᠥᠭ᠌ᠵᠢᠭᠦᠯᠦᠨ ᠮᠠᠨᠳᠤᠭᠤᠯᠬᠤ ᠲᠠᠯ᠎ᠠ᠎ᠪᠠᠷ ᠨᠡᠩ ᠶᠡᠬᠡ ᠬᠠᠷᠢᠭᠤᠴᠠᠯᠭ᠎ᠠ ᠡᠭᠦᠷᠭᠡᠯᠡᠯ ᠪᠠ ᠵᠢᠳᠬᠦᠯ ᠴᠢᠷᠮᠠᠢᠯᠭ᠎ᠠ ᠭᠠᠷᠭᠠᠵᠤ᠂ ᠯᠢᠶᠣᠤᠨᠢᠩ᠎ᠤᠨ ᠬᠥᠭ᠌ᠵᠢᠯ ᠮᠠᠨᠳᠤᠯ᠎ᠤᠨ ᠱᠢᠨ᠎ᠡ ᠪᠠᠢᠳᠠᠯ᠎ᠢ ᠡᠭᠦᠳᠬᠦ᠌᠎ᠬᠡᠷᠡᠭᠳᠡᠢ᠃ ᠠᠵᠤ ᠦᠶ᠋ᠯᠡᠰ᠎ᠦᠨ ᠱᠢᠰᠲ᠋ᠧᠮ᠎ᠦᠨ ᠣᠳᠣᠬᠢᠴᠢᠯᠠᠬᠤ ᠲᠦᠪᠱᠢᠨ᠎ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠵᠦ᠍᠂ ᠪᠣᠳᠠᠲᠤ ᠴᠣᠭ᠍ᠴᠠ᠎ᠶ᠋ᠢᠨ ᠠᠵᠤ ᠠᠬᠤᠶ᠎ᠶ᠋ᠢᠨ ᠰᠠᠭᠤᠷᠢ᠎ᠶ᠋ᠢ ᠪᠡᠬᠢᠵᠢᠭᠦᠯᠵᠦ᠍᠂ ᠯᠢᠶᠣᠤᠨᠢᠩ᠎ᠤᠨ ᠠᠵᠤ ᠦᠶ᠋ᠯᠡᠳᠪᠦᠷᠢ᠎ᠶ᠋ᠢᠨ ᠬᠡᠷᠡᠯ ᠰᠠᠴᠤᠷᠠᠩᠭᠤᠶ ᠠᠮᠵᠢᠯᠲᠠ᠎ᠶ᠋ᠢ ᠳᠠᠬᠢᠨᠲᠠ ᠡᠬᠦᠳᠬᠦ ᠬᠡᠷᠡᠭᠳᠡᠢ ᠃ ᠰᠤᠷᠭᠠᠨ ᠬᠥᠮᠦᠵᠢᠯ᠂ ᠴᠢᠳᠠᠪᠤᠷᠢᠲᠠᠨ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠳᠠᠪᠠᠭᠤᠯᠢᠭ᠎ᠢ ᠰᠠᠢᠲᠤᠷ ᠪᠠᠳᠠᠷᠠᠭᠤᠯᠵᠤ᠂ 《ᠪᠣᠭᠣᠮᠢ》 ᠎ᠶ᠋ᠢᠨ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠦᠨ ᠪᠣᠭᠣᠮᠲᠠ ᠱᠢᠪᠲᠤᠯᠬᠤ᠎ᠶ᠋ᠢ ᠴᠢᠩᠭᠠᠳᠭᠠᠵᠤ᠂ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠲᠦᠷᠭᠡᠳᠭᠡᠨ ᠪᠡᠶᠡᠯᠡᠭᠦᠯᠬᠦ ᠬᠡᠷᠡᠭᠳᠡᠢ᠃ 《ᠬᠣᠶᠠᠷ᠎ᠢ ᠡᠷᠡᠰ ᠭᠤᠢᠪᠢᠰᠢ ᠦᠭᠡᠢ ᠪᠠᠢᠯᠭᠠᠬᠤ》 ᠎ᠶ᠋ᠢ ᠦᠨᠡᠨ ᠬᠦ᠌ ᠨᠠᠢᠳᠠᠪᠤᠷᠢᠵᠢᠭᠤᠯᠵᠤ᠂ ᠤᠯᠤᠰ᠎ᠤᠨ ᠥᠮᠴᠢᠯᠡᠯ᠎ᠦᠨ ᠡᠳ᠋ ᠬᠦᠷᠦᠨᠭ᠌ᠭᠡ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ᠂ ᠬᠤᠳᠠᠯᠳᠤᠭ᠎ᠠ ᠡᠷᠬᠢᠯᠡᠬᠦ ᠰᠠᠢ᠌ᠨ ᠰᠠᠢᠬᠠᠨ ᠣᠷᠴᠢᠨ ᠨᠥᠬᠥᠴᠡᠯ᠎ᠢ ᠡᠬᠦᠳᠴᠤ᠂ ᠬᠥᠭ᠌ᠵᠢᠯᠲᠡ᠎ᠶ᠋ᠢᠨ ᠬᠥᠳᠡᠯᠭᠡᠭ᠌ᠴᠢ ᠬᠦᠴᠦᠨ ᠪᠠ ᠠᠮᠢᠵᠢᠷᠠᠯ ᠤ᠋ᠨ ᠬᠦᠴᠦᠨ᠎ᠢ ᠬᠦᠭᠵᠢᠬᠡᠬᠦ ᠬᠡᠷᠡᠭᠳᠡᠢ᠃ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠶ᠋ᠢ ᠡᠷᠡᠰ ᠭᠤᠢᠪᠢᠰᠢ ᠦᠭᠡᠢ ᠠᠬᠢᠭᠤᠯᠵᠤ᠂ ᠦᠨᠡᠨ᠎ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠬᠦ᠌ ᠵᠣᠷᠢᠭ ᠰᠠᠨᠠᠭ᠎ᠠ᠎ᠶ᠋ᠢ ᠶᠡᠬᠡ᠎ᠪᠡᠷ ᠪᠠᠳᠠᠷᠠᠭᠤᠯᠵᠤ᠂ ᠰᠠᠢ᠌ᠨ ᠰᠠᠢᠬᠠᠨ ᠤᠯᠤᠰ ᠲᠦᠷᠦ᠍᠎ᠶ᠋ᠢᠨ ᠠᠮᠢ ᠠᠬᠤᠢ᠎ᠪᠠᠷ ᠯᠢᠶᠣᠤᠨᠢᠩ᠎ᠢ ᠪᠠᠳᠤᠯᠠᠬᠤ ᠬᠡᠷᠡᠭᠳᠡᠢ ᠬᠡᠵᠤ ᠬᠦᠰᠡᠪᠡ᠃

(ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 7 ᠤ᠋ ᠴᠠᠬᠢᠯᠭᠠᠨ ᠮᠡᠳᠡᠭᠡ )

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面