2023-03-08 10:22:11
ᠸᠠᠩ ᠬᠣ᠌ ᠨᠢᠩ ᠣᠷᠣᠯᠴᠠᠵᠠᠢ ᠤᠯᠤᠰ ᠲᠥᠷᠥ᠎ᠶ᠋ᠢᠨ ᠵᠥᠪᠯᠡᠯᠭᠡᠨ᠎ᠦ ᠳᠦᠷᠢᠮ᠎ᠳᠦ ᠵᠠᠰᠠᠪᠤᠷᠢ ᠣᠷᠣᠭᠤᠯᠬᠤ ᠲᠥᠰᠦᠯ᠎ᠦᠨ ᠡᠬᠡ ᠨᠤᠤᠷᠠᠭ᠎ᠤᠨ ᠲᠤᠬᠠᠢ ᠲᠤᠳᠤᠷᠬᠠᠢᠯᠠᠯᠲᠠ ᠵᠢ ᠰᠤᠨᠤᠰᠪᠠ 13 ᠭᠡᠱᠢᠭᠦᠨ ᠶᠡᠬᠡ ᠬᠤᠷᠠᠯ ᠳᠡᠭᠡᠷ᠎ᠡ ᠦᠭᠡ ᠬᠡᠯᠡᠵᠡᠢ
ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠠᠩᠬᠠᠳᠤᠭᠠᠷ ᠬᠤᠷᠠᠯ 7 ᠤ᠋ ᠡᠳᠦᠷ᠎ᠦᠨ ᠦᠳᠡ᠎ᠶ᠋ᠢᠨ ᠡᠮᠦᠨ᠎ᠡ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠬᠣᠶᠠᠳᠤᠭᠠᠷ ᠪᠥᠬᠥᠳᠡ ᠬᠤᠷᠠᠯ ᠬᠤᠷᠠᠯᠳᠤᠭᠤᠯᠪᠠ᠂ ᠭᠣᠣᠯ ᠵᠥᠪᠯᠡᠬᠦ᠌ ᠵᠦᠢᠯ᠎ᠳᠦ ᠄ ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ ᠵᠢᠨ ᠵᠦᠪᠯᠡᠯᠭᠡᠨ᠎ᠤ ᠲᠦᠷᠢᠮ᠎ᠳᠤ ᠵᠠᠰᠠᠪᠤᠷᠢ ᠣᠷᠣᠭᠤᠯᠬᠤ ᠲᠥᠰᠦᠯ (ᠡᠬᠡ ᠨᠤᠤᠷᠠᠭ) ᠤ᠋ᠨ ᠲᠤᠬᠠᠶ ᠲᠣᠳᠣᠷᠬᠠᠢᠯᠠᠯᠲᠠ᠎ᠶ᠋ᠢ ᠰᠣᠨᠣᠰᠴᠤ᠌᠂ ᠶᠡᠬᠡ ᠬᠤᠷᠠᠯ᠎ᠳᠤ ᠦᠭᠡ ᠬᠡᠯᠡᠨ᠎ᠠ᠃ ᠨᠠᠮ᠎ᠤᠨ ᠲᠥᠪ ᠬᠤᠷᠢᠶ᠎ᠠ ᠵᠢᠨ ᠡᠣᠯᠣᠰ ᠲᠦᠷᠦ ᠵᠢᠠ ᠲᠣᠪᠴᠢᠶ᠎ᠠ ᠵᠢᠨ ᠪᠠᠢᠩᠭᠤ ᠵᠢᠠ ᠭᠡᠱᠢᠭᠦᠨ᠂ ᠪᠦᠬᠦ᠌ ᠡᠣᠯᠣᠰ᠎ᠤᠨ ᠡᠣᠯᠣᠰ ᠲᠦᠷᠦ ᠵᠢᠠ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠠᠩᠬᠠᠳᠤᠭᠠᠷ ᠬᠤᠷᠠᠯ᠎ᠤᠨ ᠲᠡᠷᠢᠭᠦᠯᠡᠭᠴᠢ ᠵᠢᠨ ᠪᠦᠯᠬᠦᠮ᠎ᠤᠨ ᠬᠤᠷᠠᠯ᠎ᠤᠨ ᠡᠷᠬᠢᠯᠡᠭᠴᠢ ᠸᠠᠩ ᠬᠣ᠌ ᠨᠢᠩ ᠬᠤᠷᠠᠯ᠎ᠳᠤ ᠤᠷᠤᠯᠴᠠᠪᠠ᠃
ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶ᠎ᠠ ᠵᠢᠨ ᠭᠡᠱᠢᠭᠦᠨ᠂ ᠲᠥᠪ᠎ᠦᠨ ᠱᠦᠵᠢ᠎ᠨᠡᠷ᠎ᠦᠨ ᠭᠠᠵᠠᠷ᠎ᠤᠨ ᠱᠦᠵᠢ ᠱ᠌ᠢ᠎ᠲᠡᠶ ᠹᠸᠩ᠂ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ ᠵᠢᠨ ᠳᠡᠳ᠋ ᠶᠡᠷᠦᠩᠬᠡᠢ ᠰᠠᠢᠳ ᠯᠢᠦ ᠡᡁᠸ ᠵᠢᠴᠢ ᠨᠠᠮ᠎ᠤᠨ ᠲᠥᠪ ᠬᠣᠷᠢᠢ᠎ᠠ᠂ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ ᠵᠢᠨ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠨᠥᠬᠥᠳ ᠬᠤᠷᠠᠯ᠎ᠳᠤ ᠣᠷᠣᠯᠴᠠᠪᠠ᠃
ᠬᠤᠷᠠᠯ ᠡᠴᠨ᠂ ᠡᠩ ᠲᠡᠷᠢᠭᠦᠨ᠎ᠳᠦ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠬᠤᠷᠢᠶ᠎ᠠ ᠵᠢᠨ ᠳᠡᠳ᠋ ᠲᠡᠷᠢᠭᠦᠯᠡᠭ᠌ᠴᠢ ᠪᠠᠭᠠᠲᠤᠷ᠎ᠤᠨ ᠬᠢᠭ᠌ᠰᠡᠨ ᠳᠤᠮᠳᠠᠳᠤ ᠤᠯᠤᠰ᠎ᠤᠨ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠲᠦᠷᠢᠮ᠎ᠳᠦ ᠵᠠᠰᠠᠪᠤᠷᠢ ᠣᠷᠣᠭᠤᠯᠬᠤ ᠲᠥᠰᠦᠯ (ᠡᠬᠡ ᠲᠥᠰᠦᠯ) ᠤ᠋ᠨ ᠲᠤᠬᠠᠶ ᠲᠣᠳᠣᠷᠬᠠᠢᠯᠠᠯᠲᠠ᠎ᠶ᠋ᠢ ᠰᠣᠨᠣᠰᠪᠠ᠃
ᠪᠠᠭᠠᠲᠤᠷ ᠤᠯᠤᠰ ᠲᠥᠷᠥ᠎ᠶ᠋ᠢᠨ ᠵᠥᠪᠯᠡᠯᠭᠡᠨ᠎ᠦ ᠲᠦᠷᠢᠮ᠎ᠳᠦ ᠵᠠᠰᠠᠪᠤᠷᠢ ᠣᠷᠣᠭᠤᠯᠬᠤ ᠠᠵᠢᠯ᠎ᠤᠨ ᠪᠠᠢᠳᠠᠯ᠂ ᠵᠠᠰᠠᠪᠤᠷᠢ ᠣᠷᠣᠭᠤᠯᠬᠤ ᠵᠠᠷᠴᠢᠮ᠂ ᠵᠠᠰᠠᠪᠤᠷᠢ ᠣᠷᠣᠭᠤᠯᠬᠤ ᠭᠣᠸ᠋ᠯ ᠠᠭᠤᠯᠭ᠎ᠠ᠎ᠶ᠋ᠢᠨ ᠲᠤᠬᠠᠶ ᠲᠣᠳᠣᠷᠬᠠᠢᠯᠠᠯᠲᠠ ᠬᠢᠪᠠ᠃ ᠲᠡᠷᠡ᠂ ᠨᠠᠮ᠎ᠤᠨ ᠲᠥᠪ ᠬᠤᠷᠢᠶ᠎ᠠ ᠵᠢᠨ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠵᠤ᠂ ᠤᠯᠤᠰ ᠲᠦᠷᠦ᠍᠎ᠶ᠋ᠢᠨ ᠵᠥᠪᠯᠡᠯᠭᠡᠨ᠎ᠦ ᠲᠦᠷᠢᠮ᠎ᠳᠦ ᠵᠣᠬᠢᠰᠲᠠᠢ ᠵᠠᠰᠠᠪᠤᠷᠢ ᠣᠷᠣᠭᠤᠯᠬᠤ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠭ᠍ᠰᠠᠨ ᠤᠯᠠᠨ ᠨᠠᠮ᠎ᠤᠨ ᠬᠠᠮᠲᠤᠷᠠᠨ ᠠᠵᠢᠯᠯᠠᠬᠤ ᠪᠠ ᠤᠯᠤᠰ ᠲᠦᠷᠦ᠍᠎ᠶ᠋ᠢᠨ ᠵᠥᠪᠯᠡᠯᠭᠡ ᠬᠢᠬᠦ᠌ ᠪᠠᠢᠭᠤᠯᠤᠯ᠎ᠢ ᠨᠡᠩ ᠰᠠᠢᠲᠤᠷ ᠪᠠᠷᠢᠮᠲᠠᠯᠠᠨ ᠲᠡᠭᠦᠯᠳᠡᠷᠵᠢᠭᠦᠯᠵᠦ᠍᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠲᠦᠷᠢᠮ᠎ᠦᠨ ᠪᠠᠢᠭᠤᠯᠤᠯᠲᠠ ᠪᠠ ᠲᠤᠰ ᠪᠡᠶ᠎ᠡ᠎ᠶ᠋ᠢᠨ ᠪᠠᠢᠭᠤᠯᠤᠯᠲᠠ᠎ᠶ᠋ᠢ ᠴᠢᠩᠭᠠᠳᠭᠠᠬᠤ ᠨᠢᠭᠡᠨ ᠶᠡᠬᠡ ᠶᠠᠪᠤᠳᠠᠯ ᠪᠣᠯᠤᠨ᠎ᠠ᠃ ᠤᠯᠤᠰ ᠲᠦᠷᠦ᠍᠎ᠶ᠋ᠢᠨ ᠵᠥᠪᠯᠡᠯᠭᠡᠨ᠎ᠦ ᠲᠦᠷᠢᠮ ᠨᠢ ᠭᠠᠭ᠍ᠴᠠ ᠬᠦ᠌ ᠱᠢᠨ᠎ᠡ ᠪᠠᠢᠳᠠᠯ᠎ᠳᠤ ᠲᠠᠰᠤᠷᠠᠯᠳᠠ ᠦᠭᠡᠢ ᠵᠣᠬᠢᠴᠠᠵᠤ᠂ ᠱᠢᠨ᠎ᠡ ᠵᠢᠷᠤᠮᠵᠢᠯ᠎ᠢ ᠲᠣᠭ᠍ᠲᠠᠭᠠᠪᠠᠯ ᠰᠠᠶᠢ ᠦᠢᠯᠡᠳᠦᠯ᠎ᠢᠶᠡᠨ ᠨᠡᠩ ᠰᠠᠢᠳᠤᠷ ᠪᠠᠳᠠᠷᠠᠭᠤᠯᠵᠤ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠦᠢᠯᠡᠰ᠎ᠦᠨ ᠬᠥᠭ᠌ᠵᠢᠯᠲᠡ᠎ᠶ᠋ᠢ ᠠᠬᠢᠭᠤᠯᠵᠤ ᠴᠢᠳᠠᠨ᠎ᠠ᠃ ᠵᠠᠰᠠᠪᠤᠷᠢ ᠣᠷᠣᠭᠤᠯᠤᠭ᠍ᠰᠠᠨ᠎ᠤ ᠳᠠᠷᠠᠭᠠᠬᠢ ᠤᠯᠤᠰ ᠲᠦᠷᠦ᠍᠎ᠶ᠋ᠢᠨ ᠵᠥᠪᠯᠡᠯᠭᠡᠨ᠎ᠦ ᠲᠦᠷᠢᠮ᠎ᠨᠢ ᠶᠡᠷᠦᠩᠬᠡᠶ᠎ᠳᠡᠭᠡᠨ ᠲᠣᠭ᠍ᠲᠠᠭᠤᠨ ᠪᠠᠢᠬᠤ ᠵᠢ ᠪᠠᠲᠤᠯᠠᠵᠤ᠂ ᠪᠦᠲᠦᠴᠡ᠎ᠶ᠋ᠢ ᠨᠢ ᠬᠤᠪᠢᠷᠠᠭᠤᠯᠬᠤ ᠦᠭᠡᠢ ᠪᠠᠢᠯᠭᠠᠵᠤ᠂ ᠴᠢᠬᠤᠯᠠ ᠠᠭᠤᠯᠭ᠎ᠠ᠎ᠶ᠋ᠢ ᠲᠡᠭᠦᠯᠳᠡᠷᠵᠢᠭᠦᠯᠵᠦ᠍᠂ ᠬᠣᠯᠪᠣᠭ᠍ᠳᠠᠯ ᠪᠦᠬᠦᠢ ᠥᠭᠦᠯᠡᠯᠲᠡ᠎ᠶ᠋ᠢ ᠲᠡᠭᠦᠯᠳᠡᠷᠵᠢᠭᠦᠯᠪᠡ ᠭᠡᠵᠡᠢ᠃
ᠲᠠᠷᠠᠭ᠎ᠠ ᠨᠢ᠂ ᠤᠯᠤᠰ ᠲᠦᠷᠦ᠍᠎ᠶ᠋ᠢᠨ ᠵᠥᠪᠯᠡᠯᠭᠡᠨ᠎ᠦ 13 ᠭᠡᠱᠢᠭᠦᠨ ᠶᠡᠬᠡ ᠬᠤᠷᠠᠯ ᠳᠡᠭᠡᠷ᠎ᠡ ᠦᠭᠡ ᠬᠡᠯᠡᠪᠡ᠃
ᠲᠢᠶᠠᠨ ᠬᠣᠩ ᠴᠢ ᠭᠡᠱᠢᠭᠦᠨ ᠭᠣᠮᠢᠨᠳᠠᠩ᠎ᠤᠨ ᠬᠤᠪᠢᠰᠭᠠᠯᠲᠤ ᠬᠣᠷᠢᠢ᠎ᠠ᠎ᠶ᠋ᠢᠨ ᠲᠥᠪ ᠬᠣᠷᠢᠢ᠎ᠠ᠎ᠶ᠋ᠢ ᠲᠥᠯᠥᠭᠡᠯᠡᠨ ᠦᠭᠡ ᠬᠡᠯᠡᠬᠦ᠌᠎ᠳᠡᠭᠡᠨ᠂ ᠳᠤᠮᠳᠠᠳᠤ ᠤᠯᠤᠰ᠎ᠤᠨ ᠱᠢᠨ᠎ᠡ ᠮᠠᠶᠢᠭ᠎ᠤᠨ ᠲᠦᠷᠦ᠍᠎ᠶ᠋ᠢᠨ ᠨᠠᠮ᠎ᠤᠨ ᠪᠠᠢᠭᠤᠯᠤᠯ ᠨᠢ ᠡᠯ᠎ᠡ ᠲᠦᠷᠦ᠍᠎ᠶ᠋ᠢᠨ ᠨᠠᠮ ᠪᠣᠯᠤᠨ ᠡᠯ᠎ᠡ ᠨᠠᠮ ᠪᠦᠯᠦᠭ᠎ᠦᠨ ᠬᠥᠮᠦᠰ᠎ᠢ ᠨᠢᠭ᠍ᠲᠠᠷᠠᠭᠤᠯᠤᠨ ᠪᠦᠯᠬᠦᠮᠳᠡᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠬᠦᠴᠦᠷᠬᠡᠭ ᠶᠡᠬᠡ ᠬᠠᠮᠲᠤᠷᠠᠯ ᠬᠦᠴᠦᠨ᠎ᠢ ᠨᠢᠭ᠍ᠲᠠᠷᠠᠭᠤᠯᠬᠤ᠎ᠳᠤ ᠠᠱᠢᠭ᠍ᠲᠠᠢ ᠶᠤᠮ᠃ ᠱᠢᠨ᠎ᠡ ᠠᠶᠠᠨ᠎ᠳᠤ᠂ ᠪᠢᠳᠡ ᠤᠶᠤᠨ ᠤᠬᠠᠭᠠᠨ ᠨᠢᠭ᠍ᠲᠠᠷᠠᠭ᠍ᠰᠠᠨ᠂ ᠬᠠᠷᠢᠯᠴᠠᠭ᠎ᠠ ᠥᠷᠭᠡᠨ ᠵᠡᠷᠭᠡ ᠳᠠᠪᠠᠭᠤᠯᠢᠭ᠎ᠢᠶᠠᠨ ᠭᠦᠢᠴᠡᠳ ᠪᠠᠳᠠᠷᠠᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠢ᠌ᠨ ᠵᠥᠪᠯᠡᠭ᠌ᠴᠢ᠂ ᠰᠠᠢ᠌ᠨ ᠬᠠᠪᠰᠤᠷᠤᠭ᠍ᠴᠢ᠂ ᠰᠠᠢ᠌ᠨ ᠬᠠᠮᠲᠤ ᠠᠵᠢᠯᠯᠠᠭ᠍ᠴᠢ᠎ᠶ᠋ᠢᠨ ᠬᠠᠷᠢᠭᠤᠴᠠᠯᠭ᠎ᠠ᠎ᠶ᠋ᠢ ᠦᠨᠡᠨ ᠬᠦ᠌ ᠡᠭᠦᠷᠭᠡᠯᠡᠵᠦ᠍᠂ ᠱᠢᠨ᠎ᠡ ᠮᠠᠶᠢᠭ᠎ᠤᠨ ᠲᠦᠷᠦ᠍᠎ᠶ᠋ᠢᠨ ᠨᠠᠮ᠎ᠤᠨ ᠪᠠᠢᠭᠤᠯᠤᠯ᠎ᠤᠨ ᠦᠢᠯᠡᠳᠦᠯ ᠴᠢᠳᠠᠪᠬᠢ᠎ᠶ᠋ᠢ ᠢᠳᠡᠪᠬᠢᠲᠡᠢ ᠳᠡᠭᠡᠭ᠌ᠰᠢᠯᠡᠭᠦᠯᠵᠦ᠍᠂ ᠡᠭᠦᠷᠭᠡ ᠲᠤᠱᠢᠶᠠᠯ᠎ᠢᠶᠠᠨ ᠭᠦᠢᠴᠡᠳᠭᠡᠬᠦ᠌ ᠨᠡᠩ ᠴᠢᠩᠭ᠎ᠠ ᠪᠣᠳᠠᠲᠤ ᠦᠷ᠎ᠡ ᠪᠦᠲᠦᠮᠵᠢ᠎ᠪᠡᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠱᠢᠢᠳᠪᠦᠷᠢᠲᠦ ᠪᠤᠳᠤᠯᠭ᠎ᠠ᠎ᠶ᠋ᠢᠨ ᠯᠠᠪᠯᠠᠯᠲᠠ ᠬᠠᠩᠭᠠᠨ᠎ᠠ ᠭᠡᠵᠠᠢ᠃
ᠯᠢᠨ ᠢ ᠹᠦ᠋ ᠭᠡᠱᠢᠭᠦᠨ ᠦᠭᠡ ᠬᠡᠯᠡᠬᠦ᠌᠎ᠳᠡᠭᠡᠨ᠂ ᠮᠠᠨ᠎ᠤ ᠤᠯᠤᠰ᠎ᠤᠨ ᠬᠥᠭ᠌ᠵᠢᠯᠲᠡ᠎ᠳᠦ ᠬᠣᠵᠢᠮ᠎ᠤᠨ ᠬᠥᠮᠦᠰ᠎ᠦᠨ ᠳᠠᠪᠠᠭᠤᠯᠢᠭ᠂ ᠵᠠᠮ ᠰᠣᠯᠢᠵᠤ ᠲᠡᠷᠭᠡ ᠳᠠᠪᠠᠬᠤ ᠳᠠᠪᠠᠭᠤᠯᠢᠭ᠂ ᠱᠢᠨ᠎ᠡ ᠮᠠᠶᠢᠭ᠎ᠤᠨ ᠤᠯᠤᠰ ᠳᠠᠶᠠᠭᠠᠷ᠎ᠤᠨ ᠪᠠᠢᠭᠤᠯᠤᠮᠵᠢ᠎ᠶ᠋ᠢᠨ ᠳᠠᠪᠠᠭᠤᠯᠢᠭ᠂ ᠤᠯᠤᠰ᠎ᠤᠨ ᠳᠣᠲᠣᠭᠠᠳᠤ᠎ᠶ᠋ᠢᠨ ᠬᠡᠳᠦ ᠶᠡᠬᠡ ᠬᠡᠪᠴᠢᠶᠡᠨ᠎ᠦ ᠵᠠᠬ᠎ᠠ ᠳᠡᠯᠭᠡᠭᠦᠷ᠎ᠦᠨ ᠳᠠᠪᠠᠭᠤᠯᠢᠭ᠎ᠲᠠᠶ ᠶᠤᠮ᠃ ᠱᠢᠨ᠎ᠡ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠵᠠᠬ᠎ᠠ ᠳᠡᠯᠭᠡᠭᠦᠷ᠎ᠦᠨ ᠵᠢᠱ᠌ᠢᠯᠲᠡ᠎ᠶ᠋ᠢ ᠢᠳᠡᠪᠬᠢᠲᠡᠢ ᠲᠣᠭ᠍ᠲᠠᠪᠤᠷᠢᠵᠢᠭᠤᠯᠵᠤ᠂ ᠱᠢᠨ᠎ᠡ᠎ᠶ᠋ᠢ ᠡᠭᠦᠳᠬᠦ᠌ ᠳᠠᠯᠳᠠ ᠬᠦᠴᠦᠨ᠎ᠢ ᠭᠦᠢᠴᠡᠳ ᠠᠭᠤᠳᠠᠯᠵᠤ᠂ ᠬᠥᠮᠦᠨ ᠠᠮᠠ᠎ᠶ᠋ᠢᠨ ᠶᠠᠰᠤ ᠴᠢᠨᠠᠷ᠎ᠤᠨ ᠠᠱᠢᠭ᠎ᠢ ᠶᠡᠬᠡᠪᠡᠷ ᠨᠡᠭᠡᠭᠡᠨ ᠬᠥᠭ᠌ᠵᠢᠭᠦᠯᠵᠦ᠍᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠨ ᠪᠠᠢᠭᠤᠯᠵᠤ᠂ ᠠᠵᠤ ᠠᠬᠤᠢ᠎ᠶ᠋ᠢᠨ ᠶᠠᠰᠤ ᠴᠢᠨᠠᠷ᠎ᠢ ᠪᠦᠲᠦᠮᠵᠢᠲᠡᠢ ᠳᠡᠭᠡᠭ᠌ᠰᠢᠯᠡᠭᠦᠯᠬᠦ᠌ ᠪᠠ ᠲᠣᠭ᠎ᠠ ᠬᠡᠮᠵᠢᠢ᠎ᠡ᠎ᠶ᠋ᠢ ᠵᠣᠬᠢᠰᠲᠠᠢ ᠨᠡᠮᠡᠭ᠌ᠳᠡᠭᠦᠯᠬᠦ᠌᠎ᠶ᠋ᠢ ᠠᠬᠢᠭᠤᠯᠬᠤ ᠬᠡᠷᠡᠭ᠌ᠲᠡᠢ ᠭᠡᠵᠡᠢ᠃
ᠮᠢᠶᠣᠣ ᠸᠧᠢ ᠭᠡᠱᠢᠭᠦᠨ ᠦᠭᠡ ᠬᠡᠯᠡᠬᠦ᠌᠎ᠳᠡᠭᠡᠨ᠂ ᠮᠠᠨ᠎ᠤ ᠤᠯᠤᠰ᠎ᠤᠨ ᠬᠡᠳᠦ ᠶᠡᠬᠡ ᠬᠡᠪᠴᠢᠶᠡᠨ᠎ᠦ ᠵᠠᠬ᠎ᠠ ᠳᠡᠯᠭᠡᠭᠦᠷ᠎ᠦᠨ ᠳᠠᠪᠠᠭᠤᠯᠢᠭ ᠪᠣᠯᠤᠨ ᠱᠢᠨ᠎ᠡ ᠬᠡᠯᠪᠡᠷᠢ᠎ᠶ᠋ᠢᠨ ᠤᠯᠤᠰ ᠳᠠᠶᠠᠭᠠᠷ᠎ᠤᠨ ᠪᠠᠢᠭᠤᠯᠤᠮᠵᠢ᠎ᠶ᠋ᠢᠨ ᠳᠠᠪᠠᠭᠤᠯᠢᠭ᠎ᠢ ᠪᠠᠳᠠᠷᠠᠭᠤᠯᠵᠤ᠂ ᠵᠠᠩᠭᠢᠯᠠᠭ᠎ᠠ᠎ᠶ᠋ᠢᠨ ᠭᠣᠣᠯ ᠮᠡᠷᠭᠡᠵᠢᠯ᠎ᠦᠨ ᠪᠣᠭᠣᠮᠲᠠ ᠱᠢᠪᠲᠤᠯᠬᠤ᠎ᠶ᠋ᠢ ᠶᠡᠬᠡᠪᠡᠷ ᠴᠢᠩᠭᠠᠳᠭᠠᠬᠤ ᠬᠡᠷᠡᠭ᠌ᠲᠡᠢ; ᠲᠠᠭᠠᠭᠤᠯᠤᠭᠴᠢ ᠠᠵᠤ ᠠᠬᠤᠢᠯᠠᠯ᠎ᠤᠨ ᠳᠠᠢᠴᠢᠯᠠᠬᠤ ᠦᠶ᠋ᠯᠡᠳᠦᠯ᠎ᠢ ᠪᠠᠳᠠᠷᠠᠭᠤᠯᠵᠤ᠂ ᠳᠤᠮᠳᠠ ᠵᠢᠵᠢᠭ ᠠᠵᠤ ᠠᠬᠤᠢᠯᠠᠯ᠎ᠤᠨ ᠲᠤᠰᠭᠠᠢᠵᠢᠭᠰᠠᠨ ᠨᠠᠷᠢᠯᠢᠭᠵᠢᠭᠰᠡᠨ ᠣᠨᠴᠠ ᠱᠢᠨ᠎ᠡ ᠬᠥᠭ᠌ᠵᠢᠯᠲᠡ᠎ᠶ᠋ᠢ ᠠᠬᠢᠭᠤᠯᠬᠤ ᠬᠡᠷᠡᠭᠲᠡᠢ; ᠥᠭᠡᠷᠡᠴᠢᠯᠡᠯᠲᠡ ᠨᠡᠭᠡᠭᠡᠯᠳᠡ᠎ᠶ᠋ᠢ ᠭᠦᠨᠵᠡᠭᠡᠢᠷᠡᠭᠦᠯᠦᠨ᠂ ᠬᠥᠭ᠌ᠵᠢᠯᠲᠡ᠎ᠶ᠋ᠢᠨ ᠬᠥᠳᠡᠯᠭᠡᠭ᠌ᠴᠢ ᠬᠦᠴᠦᠨ ᠪᠠ ᠠᠮᠢᠵᠢᠷᠠᠯ᠎ᠤᠨ ᠬᠦᠴᠦᠨ᠎ᠢ ᠦᠷᠭᠦᠯᠵᠢᠯᠡᠨ ᠴᠢᠩᠭᠠᠷᠠᠭᠤᠯᠵᠤ᠂ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠤᠶᠠᠨ ᠬᠠᠳᠠᠨ ᠴᠢᠨᠠᠷ ᠪᠠ ᠠᠮᠤᠷ ᠲᠦᠪᠱᠢᠨ᠎ᠦ ᠬᠢᠷᠢ ᠲᠦᠪᠱᠢᠨ᠎ᠢ ᠯᠠᠪᠳᠠᠭᠤᠨ ᠪᠠᠲᠤᠲᠠᠶ ᠲᠡᠭᠡᠭᠰᠢᠯᠡᠭᠦᠯᠬᠦ ᠬᠡᠷᠡᠭᠲᠡᠢ ᠭᠡᠵᠡᠢ᠃
ᠴᠢᠶᠠᠨ ᡁᠢ ᠮᠢᠨ ᠭᠡᠱᠢᠭᠦᠨ ᠦᠭᠡ ᠬᠡᠯᠡᠬᠦ᠌᠎ᠳᠡᠭᠡᠨ᠂ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠠᠵᠤ ᠦᠶ᠋ᠯᠡᠰ᠎ᠦᠨ ᠬᠥᠲᠥᠯᠥᠨ ᠵᠢᠯᠣᠭᠣᠳᠭᠤ ᠪᠠ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠠᠵᠤ ᠦᠶ᠋ᠯᠡᠰ᠎ᠦᠨ ᠬᠥᠲᠥᠯᠥᠨ ᠳᠠᠭᠠᠭᠤᠯᠬᠤ ᠦᠶ᠋ᠯᠡᠳᠦᠯ᠎ᠢ ᠢᠳᠡᠪᠬᠢᠲᠡᠶ ᠪᠠᠳᠠᠷᠠᠭᠤᠯᠵᠤ᠂ ᠱᠢᠨ᠎ᠡ᠎ᠶ᠋ᠢ ᠡᠭᠦᠳᠬᠦ᠌ ᠬᠡᠯᠪᠡᠷᠢ᠎ᠶ᠋ᠢᠨ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠵᠤ᠂ ᠬᠡᠷᠡᠭ ᠮᠡᠳᠡᠭ᠌ᠴᠢᠳ᠎ᠦᠨ ᠵᠥᠪᠯᠡᠯ᠎ᠦᠨ ᠡᠭᠦᠷᠭᠡ ᠴᠢᠳᠠᠪᠬᠢ᠎ᠶ᠋ᠢᠨ ᠪᠠᠢᠷᠢ ᠲᠣᠭ᠍ᠲᠠᠭᠠᠯᠲᠠ ᠪᠣᠯᠤᠨ ᠠᠵᠢᠯᠯᠠᠭᠠᠨ᠎ᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠥᠭᠡᠷᠡᠴᠢᠯᠡᠯᠲᠡ᠎ᠶ᠋ᠢ ᠲᠠᠰᠤᠷᠠᠯᠲᠠ ᠥᠬᠡᠶ ᠭᠦᠨᠵᠡᠭᠡᠢᠷᠡᠭᠦᠯᠵᠦ᠍᠂ ᠭᠤᠤᠯᠯᠠᠬᠤ ᠥᠷᠢᠰᠥᠯᠳᠦᠬᠦ᠌ ᠬᠦᠴᠦᠨ᠎ᠢ ᠳᠡᠭᠡᠭ᠌ᠰᠢᠯᠡᠭᠦᠯᠵᠦ᠍᠂ ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ᠎ᠢ ᠪᠠᠢᠭᠤᠯᠬᠤ᠂ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠲᠣᠪᠣᠢᠮ᠎ᠠ ᠬᠤᠪᠢ ᠨᠡᠮᠡᠷᠢ ᠦᠵᠡᠭᠦᠯᠬᠦ᠌ ᠬᠡᠷᠡᠭ᠌ᠲᠡᠶ ᠭᠡᠪᠡ᠃
ᠸᠠᠩ ᠢᠦᠢ ᠭᠡᠱᠢᠭᠦᠨ ᠪᠦᠬᠦ᠌ ᠤᠯᠤᠰ᠎ᠤᠨ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶ᠋ᠢ ᠲᠥᠯᠥᠭᠡᠯᠡᠨ ᠦᠭᠡ ᠬᠡᠯᠡᠬᠦ᠌᠎ᠳᠡᠭᠡᠨ᠂ ᠵᠢᠱ᠌ᠢᠯᠲᠡ ᠲᠣᠭ᠍ᠲᠠᠭᠤᠨ᠂ ᠢᠲᠡᠭᠡᠯ ᠲᠡᠭᠦᠯᠳᠡᠷ ᠪᠠᠢᠪᠠᠯ᠂ ᠠᠵᠤ ᠠᠬᠤᠢᠯᠠᠯ ᠵᠣᠷᠢᠭ᠍ᠲᠠᠢ᠎ᠪᠠᠷ ᠪᠡᠯᠡ ᠣᠷᠣᠭᠤᠯᠤᠯᠲᠠ᠎ᠪᠠᠨ ᠥᠷᠭᠡᠳᠭᠡᠵᠦ᠍᠂ ᠵᠣᠷᠢᠭ᠍ᠲᠠᠢ᠎ᠪᠠᠷ ᠵᠠᠬ᠎ᠠ ᠳᠡᠯᠭᠡᠭᠦᠷ᠎ᠢ ᠨᠡᠭᠡᠭᠡᠵᠦ᠍᠂ ᠱᠢᠯᠢᠳᠡᠭ ᠠᠵᠤ ᠠᠬᠤᠢᠯᠠᠯᠲᠠᠨ᠎ᠤ ᠵᠣᠷᠢᠭ ᠰᠠᠨᠠᠭ᠎ᠠ᠎ᠶ᠋ᠢ ᠪᠦᠲᠦᠮᠵᠢᠲᠡᠢ ᠬᠥᠭ᠌ᠵᠢᠭᠡᠵᠦ᠍᠂ ᠵᠠᠬ᠎ᠠ ᠳᠡᠯᠭᠡᠭᠦᠷ᠎ᠦᠨ ᠠᠮᠢᠵᠢᠷᠠᠯ᠎ᠤᠨ ᠬᠦᠴᠦᠨ ᠪᠠ ᠬᠥᠭ᠌ᠵᠢᠯᠲᠡ᠎ᠶ᠋ᠢᠨ ᠬᠥᠳᠡᠯᠭᠡᠬᠦ᠌ ᠴᠢᠳᠠᠪᠤᠷᠢ᠎ᠶ᠋ᠢ ᠭᠦᠢᠴᠡᠳ ᠪᠠᠳᠠᠷᠠᠭᠤᠯᠵᠤ ᠴᠢᠳᠠᠨ᠎ᠠ᠃ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠨ ᠬᠢᠨ ᠬᠠᠮᠵᠢᠯᠴᠠᠨ ᠬᠦᠴᠦᠯᠡᠵᠦ᠍᠂ ᠪᠣᠳᠠᠲᠠᠢ᠎ᠶ᠋ᠢ ᠡᠷᠬᠢᠮᠯᠡᠭ᠌ᠰᠡᠨ ᠠᠵᠢᠯᠯᠠᠭ᠎ᠠ᠎ᠪᠠᠷ᠎ᠢᠶᠠᠨ ᠣᠷᠴᠢᠨ ᠨᠦᠬᠦᠴᠡᠯ᠎ᠢ ᠱᠢᠯᠢᠳᠡᠭ᠌ᠵᠢᠭᠦᠯᠵᠦ᠍᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠠᠩᠬᠠᠷᠤᠯ᠎ᠢᠶᠠᠨ ᠲᠥᠪᠯᠡᠷᠡᠭᠦᠯᠬᠦ᠌᠎ᠶ᠋ᠢ ᠠᠬᠢᠭᠤᠯᠵᠤ᠂ ᠠᠷᠠᠳ ᠤ᠋ᠨ ᠡᠵᠡᠩᠨᠡᠯᠳᠡ ᠵᠢᠨ ᠠᠵᠤ ᠠᠬᠤᠢᠯᠠᠯ ᠤ᠋ᠨ ᠦᠢᠯᠡᠳᠦᠯ ᠵᠢᠡᠨ ᠶᠡᠬᠡ ᠪᠡᠷ ᠪᠠᠳᠠᠷᠠᠭᠤᠯᠬᠤ ᠵᠢ ᠠᠬᠢᠭᠤᠯᠵᠤ᠂ ᠠᠷᠠᠳ ᠤ᠋ᠨ ᠡᠵᠡᠩᠨᠡᠯᠳᠡ ᠵᠢᠨ ᠠᠵᠤ ᠠᠬᠤᠢᠯᠠᠯ ᠤ᠋ᠨ ᠯᠠᠪᠳᠠᠭᠤᠨ ᠵᠢᠡᠷ ᠬᠤᠯᠠ ᠠᠶᠠᠯᠠᠬᠤ ᠵᠢ ᠠᠬᠢᠭᠤᠯᠬᠤ ᠵᠢ ᠬᠦᠰᠡᠵᠦ᠍ ᠪᠠᠢᠨ᠎ᠠ ᠭᠡᠪᠡ᠃
ᠵᠠᠩ ᠡᡁᠸ ᠴᠧᠩ ᠭᠡᠱᠢᠭᠦᠨ ᠦᠭᠡ ᠬᠡᠯᠡᠬᠦ ᠳ᠋ᠡᠭᠡᠨ᠂ ᠬᠥᠳᠡᠭᠡ ᠠᠵᠤ ᠠᠬᠤᠢ᠎ᠶ᠋ᠢᠨ ᠬᠦᠴᠦᠷᠬᠡᠭ ᠤᠯᠤᠰ᠎ᠤᠨ ᠪᠦᠳᠤᠬᠡᠨ ᠪᠠᠢᠭᠤᠯᠤᠯᠲᠠ᠎ᠶ᠋ᠢ ᠲᠦᠷᠭᠡᠳᠭᠡᠬᠦ᠌᠎ᠳᠦ᠂ ᠲᠠᠷᠢᠶᠠᠴᠢᠳ᠎ᠤᠨ ᠠᠮᠤ ᠪᠤᠳᠠᠭ᠎ᠠ ᠲᠠᠷᠢᠭᠠᠳ ᠬᠣᠨᠵᠢᠭ᠍ᠳᠠᠬᠤ ᠦᠬᠡᠢ ᠪᠠᠢᠬᠤ᠎ᠪᠠᠷ ᠬᠠᠷᠠᠯᠲᠠ ᠪᠣᠯᠭᠠᠵᠤ᠂ ᠬᠠᠩᠭᠠᠯᠭ᠎ᠠ᠎ᠶ᠋ᠢ ᠪᠠᠲᠤᠯᠠᠬᠤ ᠬᠥᠳᠡᠯᠭᠡᠬᠦ᠌ ᠴᠢᠳᠠᠪᠤᠷᠢ᠎ᠶ᠋ᠢ ᠪᠠᠲᠤᠳᠭᠠᠬᠤ ᠬᠡᠷᠡᠭ᠌ᠲᠡᠢ; ᠠᠵᠤ ᠦᠶ᠋ᠯᠡᠰ᠎ᠦᠨ ᠭᠦᠨᠵᠡᠭᠡᠶ ᠠᠭᠤᠰᠤᠯᠴᠠᠯ᠎ᠢᠶᠠᠷ ᠭᠠᠷᠳᠠᠴᠠ ᠪᠣᠯᠭᠠᠵᠤ᠂ ᠣᠷᠣᠯᠭ᠎ᠠ᠎ᠶ᠋ᠢ ᠨᠡᠮᠡᠭ᠌ᠳᠡᠭᠦᠯᠬᠦ᠌ ᠤᠳᠤᠷᠢᠳᠤᠮᠵᠢ᠎ᠶ᠋ᠢ ᠪᠡᠬᠢᠵᠢᠭᠦᠯᠬᠦ ᠬᠡᠷᠡᠭᠳᠠᠢ; ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠪᠣᠯᠤᠨ ᠴᠢᠳᠠᠪᠤᠷᠢᠲᠠᠨ᠎ᠢᠶᠠᠷ ᠤᠳᠤᠷᠢᠳᠤᠮᠵᠢ ᠪᠣᠯᠭᠠᠵᠤ᠂ ᠬᠥᠲᠥᠯᠥᠨ ᠳᠠᠭᠠᠭᠤᠯᠬᠤ ᠬᠦᠴᠦᠨ᠎ᠢ ᠪᠡᠬᠢᠵᠢᠭᠦᠯᠬᠦ ᠬᠡᠷᠡᠭᠳᠠᠢ; ᠪᠠᠭ᠎ᠠ ᠨᠡᠭᠦᠷᠡᠰᠦᠲᠥ᠋ᠷᠥᠭ᠌ᠴᠢᠳᠤ ᠪᠣᠬᠢᠷᠲᠤᠯ ᠥᠬᠡᠶ ᠠᠮᠢ ᠠᠬᠤᠶ᠎ᠪᠠᠷ ᠰᠠᠭᠤᠷᠢ ᠥᠩᠭᠡ ᠪᠤᠳᠤᠭ ᠪᠣᠯᠭᠠᠵᠤ᠂ ᠡᠬᠢ ᠪᠠᠶᠠᠯᠢᠭ᠎ᠤᠨ ᠰᠠᠭᠤᠷᠢ᠎ᠶ᠋ᠢ ᠪᠡᠬᠢᠵᠢᠭᠦᠯᠵᠦ᠍᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠬᠡᠷᠡᠭᠳᠠᠢ ᠭᠡᠪᠡ᠃
ᠲᠢᠶᠠᠨ ᠭᠠᠩ ᠭᠡᠱᠢᠭᠦᠨ ᠠᠷᠠᠳᠴᠢᠯᠠᠭ᠍ᠰᠠᠨ ᠬᠣᠯᠪᠣᠭ᠎ᠠ᠎ᠶ᠋ᠢᠨ ᠲᠥᠪ ᠬᠣᠷᠢᠶ᠎ᠠ᠎ᠶ᠋ᠢ ᠲᠥᠯᠥᠭᠡᠯᠡᠨ ᠦᠭᠡ ᠬᠡᠯᠡᠬᠦ᠌᠎ᠳᠡᠭᠡᠨ᠂ ᠱᠢᠨ᠎ᠡ᠎ᠶ᠋ᠢ ᠡᠭᠦᠳᠬᠦ᠌ ᠣᠷᠣᠢᠯᠠᠭ᠍ᠰᠠᠨ ᠴᠢᠳᠠᠪᠤᠷᠢᠲᠠᠨ᠎ᠢ ᠬᠥᠮᠦᠵᠢᠭᠦᠯᠬᠦ᠌ ᠦᠵᠦ᠍ ᠲᠥᠯᠥᠪᠯᠡᠭᠡ ᠪᠠ ᠨᠡᠪᠲᠡᠷᠡᠯᠴᠡᠭᠦᠯᠦᠨ ᠬᠥᠮᠦᠵᠢᠭᠦᠯᠬᠦ᠌᠎ᠶ᠋ᠢ ᠴᠢᠩᠭᠠᠳᠭᠠᠵᠤ᠂ ᠶᠡᠬᠡ ᠳᠡᠭᠡᠳᠦ ᠰᠤᠷᠭᠠᠭᠤᠯᠢ᠎ᠶ᠋ᠢᠨ ᠰᠠᠭᠤᠷᠢ ᠰᠤᠳᠤᠯᠭᠠᠨ ᠪᠠ ᠱᠢᠨ᠎ᠡ᠎ᠶ᠋ᠢ ᠡᠭᠦᠳᠬᠦ᠌ ᠣᠷᠣᠢᠯᠠᠭ᠍ᠰᠠᠨ ᠴᠢᠳᠠᠪᠤᠷᠢᠲᠠᠨ᠎ᠢ ᠬᠦᠮᠦᠵᠢᠭᠦᠯᠬᠦ ᠳᠤᠮᠳᠠᠬᠢ ᠭᠤᠤᠯ ᠴᠣᠭ᠍ᠴᠠ᠎ᠶ᠋ᠢᠨ ᠦᠶ᠋ᠯᠡᠳᠦᠯ᠎ᠢ ᠪᠠᠳᠠᠷᠠᠭᠤᠯᠵᠤ᠂ ᠤᠯᠤᠰ᠎ᠤᠨ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠲᠠᠶ ᠨᠡᠢᠴᠡᠭ᠌ᠰᠡᠨ ᠶᠡᠬᠡ ᠳᠡᠭᠡᠳᠦ ᠰᠤᠷᠭᠠᠭᠤᠯᠢ᠎ᠶ᠋ᠢᠨ ᠲᠥᠷᠥᠯ ᠬᠤᠪᠢᠶᠠᠨ ᠦᠨᠡᠯᠡᠬᠦ᠌ ᠱᠢᠰᠲ᠋ᠧᠮ᠎ᠢ ᠪᠠᠢᠭᠤᠯᠵᠤ᠂ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠎ᠦᠨ ᠶᠡᠷᠦᠩᠬᠡᠢᠯᠡᠭ᠌ᠰᠡᠨ ᠥᠭᠡᠷᠡᠴᠢᠯᠡᠯᠲᠡ᠎ᠶ᠋ᠢ ᠠᠬᠢᠭᠤᠯᠵᠤ᠂ ᠱᠢᠨ᠎ᠡ᠎ᠶ᠋ᠢ ᠡᠭᠦᠳᠬᠦ᠌ ᠣᠷᠣᠢᠯᠠᠭ᠍ᠰᠠᠨ ᠴᠢᠳᠠᠪᠤᠷᠢᠲᠠᠨ᠎ᠢ ᠬᠦᠴᠦᠯᠡᠨ ᠬᠥᠮᠦᠵᠢᠭᠦᠯᠬᠦ᠌ ᠬᠡᠷᠡᠭ᠌ᠲᠡᠶ ᠭᠡᠪᠡ᠃
ᠵᠠᠩ ᠧᠨ ᠳ᠋ᠢ ᠭᠡᠱᠢᠭᠦᠨ ᡁᠢᠭᠦ᠋ᠩᠳᠠᠩ ᠨᠠᠮ᠎ᠤᠨ ᠲᠥᠪ ᠬᠣᠷᠢᠶ᠎ᠠ᠎ᠶ᠋ᠢ ᠲᠥᠯᠥᠭᠡᠯᠡᠨ ᠦᠭᠡ ᠬᠡᠯᠡᠬᠦ᠌᠎ᠳᠡᠭᠡᠨ᠂ ᠡᠨᠧᠷᠭᠢ᠎ᠶ᠋ᠢᠨ ᠬᠤᠪᠢᠰᠭᠠᠯ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠤᠪᠢᠰᠭᠠᠯ ᠪᠣᠯᠤᠨ ᠠᠵᠤ ᠠᠬᠤᠢ᠎ᠶ᠋ᠢᠨ ᠬᠡᠯᠪᠡᠷᠢ᠎ᠪᠡᠨ ᠬᠤᠪᠢᠷᠠᠭᠤᠯᠬᠤ᠎ᠶ᠋ᠢ ᠭᠦᠨᠵᠡᠭᠡᠢ ᠠᠬᠢᠭᠤᠯᠵᠤ᠂ ᠨᠡᠭᠦᠷᠡᠰᠦ ᠴᠠᠬᠢᠯᠭᠠᠨ᠎ᠤ ᠨᠡᠭᠦᠷᠡᠰᠦᠲᠥ᠋ᠷᠥᠭ᠌ᠴᠢ ᠵᠢᠨ ᠭᠠᠳᠠᠭᠰᠢᠯᠠᠭᠤᠯᠤᠯᠳᠠ ᠵᠢ ᠪᠠᠭᠠᠰᠭᠠᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠵᠤ᠂ ᠤᠯᠤᠰ᠎ᠤᠨ ᠤᠰᠤᠲᠥ᠋ᠷᠥᠭ᠌ᠴᠢ ᠡᠨᠧᠷᠭᠢ᠎ᠶ᠋ᠢᠨ ᠠᠵᠤ ᠦᠢᠯᠡᠰ᠎ᠦᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢ ᠱᠠᠯᠠᠪᠳᠠᠨ ᠨᠠᠢᠳᠠᠪᠤᠷᠢᠵᠢᠭᠤᠯᠵᠤ᠂ ᠨᠡᠭᠦᠷᠡᠰᠦᠳᠦ᠋ᠷᠦᠭ᠌ᠴᠢ ᠵᠢᠨ ᠭᠠᠳᠠᠭᠰᠢᠯᠠᠭᠤᠯᠤᠯᠲᠠ ᠤᠷᠬᠢᠯ ᠬᠡᠮᠵᠢᠭᠳᠡᠯ᠎ᠳᠦ ᠬᠦᠷᠬᠦ ᠪᠠ ᠨᠡᠭᠦᠷᠡᠰᠦᠳᠦ᠋ᠷᠦᠭ᠌ᠴᠢ ᠵᠢ ᠰᠠᠭᠠᠷᠮᠠᠭᠵᠢᠭᠤᠯᠬᠤ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭ᠌ᠲᠡᠢ ᠭᠡᠵᠠᠢ᠃
ᠯᠢ ᠮᠠ ᠯᠢᠨ ᠭᠡᠱᠢᠭᠦᠨ ᠠᠷᠠᠳᠴᠢᠯᠠᠯ᠎ᠢᠶᠠᠷ ᠠᠬᠢᠭᠤᠯᠬᠤ ᠬᠤᠷᠠᠯ᠎ᠤᠨ ᠲᠥᠪ ᠬᠤᠷᠢᠶ᠎ᠠ᠎ᠶ᠋ᠢ ᠲᠥᠯᠥᠭᠡᠯᠡᠨ ᠦᠭᠡ ᠬᠡᠯᠡᠬᠦ᠌᠎ᠳᠡᠭᠡᠨ᠂ 2021 ᠣᠨ᠎ᠠᠴᠠ ᠡᠬᠢᠯᠡᠨ᠂ ᠡᠯ᠎ᠡ ᠠᠷᠠᠳᠴᠢᠯᠠᠭ᠍ᠰᠠᠨ ᠨᠠᠮ ᠪᠦᠯᠦᠭ᠎ᠦᠨ ᠲᠥᠪ ᠬᠣᠷᠢᠶ᠎ᠠ᠂ ᠨᠠᠮ ᠪᠦᠯᠦᠭ᠎ᠦᠨ ᠪᠤᠰᠤ ᠬᠥᠮᠦᠰ ᠬᠥᠬᠡᠮᠥ᠋ᠷᠡᠨ᠎ᠦ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠳᠤ ᠠᠷᠠᠳᠴᠢᠯᠠᠯ᠎ᠢᠶᠠᠷ ᠬᠢᠨᠠᠯᠲᠠ ᠲᠠᠯᠪᠢᠬᠤ ᠠᠵᠢᠯ ᠥᠷᠨᠢᠭᠦᠯᠵᠦ᠍᠂ ᠬᠠᠮᠠᠭᠠᠯᠠᠵᠤ ᠵᠠᠰᠠᠬᠤ ᠠᠷᠭ᠎ᠠ ᠬᠡᠮᠵᠢᠶ᠎ᠠ᠎ᠶ᠋ᠢᠨ ᠪᠣᠳᠠᠲᠠᠢ᠂ ᠡᠷᠴᠢᠮ᠎ᠦᠨ ᠶᠡᠬᠡ᠂ ᠦᠷ᠎ᠡ ᠪᠦᠲᠦᠮᠵᠢ᠎ᠶ᠋ᠢᠨ ᠢᠯᠡᠳᠲᠡ ᠪᠠᠢᠬᠤ ᠨᠢ ᠤᠷᠢᠳ ᠡᠮᠦᠨ᠎ᠠ ᠪᠠᠢᠭ᠎ᠠ ᠦᠭᠡᠢ ᠭᠡᠳᠡᠭ ᠢ᠋ ᠭᠦᠨᠵᠡᠭᠡᠢ ᠮᠡᠳᠡᠷᠡᠪᠡ᠃ ᠰᠢ ᠵᠢᠨ ᠫᠢᠩ᠎ᠦᠨ ᠠᠮᠢ ᠠᠬᠤᠢ᠎ᠶ᠋ᠢᠨ ᠪᠣᠯᠪᠠᠰᠤᠨ᠎ᠤ ᠦᠵᠡᠯ ᠰᠠᠨᠠᠭ᠎ᠠ ᠪᠣᠯᠤᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠰᠠᠪᠠ ᠭᠠᠵᠠᠷ᠎ᠤᠨ ᠠᠮᠢ ᠠᠬᠤᠢ᠎ᠶ᠋ᠢᠨ ᠱᠢᠰᠲ᠋ᠧᠮ᠎ᠦᠨ ᠶᠠᠰᠤ ᠴᠢᠨᠠᠷ ᠪᠣᠯᠤᠨ ᠲᠣᠭ᠍ᠲᠠᠪᠤᠷᠢᠲᠤ ᠴᠢᠨᠠᠷ᠎ᠢ ᠦᠷᠭᠦᠯᠵᠢᠯᠡᠨ ᠳᠡᠭᠡᠭ᠌ᠰᠢᠯᠡᠭᠦᠯᠵᠦ᠍᠂ ᠶᠡᠬᠡ ᠭᠣᠣᠯ ᠮᠥᠷᠡᠨ᠎ᠦ ᠠᠮᠢ ᠠᠬᠤᠢ ᠣᠷᠴᠢᠨ ᠲᠣᠭᠣᠷᠢᠨ᠎ᠢ ᠬᠠᠮᠠᠭᠠᠯᠠᠭ᠍ᠰᠠᠨ ᠳᠤᠮᠳᠠᠳᠤ ᠤᠯᠤᠰ᠎ᠤᠨ ᠦᠯᠢᠭᠡᠷ᠎ᠢ ᠰᠠᠢᠲᠤᠷ ᠪᠢᠴᠢᠭ᠌ᠯᠡᠬᠦ᠌ ᠬᠡᠷᠡᠭ᠌ᠲᠡᠢ ᠭᠡᠵᠠᠢ᠃
ᠲᠢᠶᠠᠨ ᠱᠢᠶᠠᠩ ᠯᠢ ᠭᠡᠱᠢᠭᠦᠨ ᠦᠭᠡ ᠬᠡᠯᠡᠬᠦ᠌᠎ᠳᠡᠭᠡᠨ᠂ ᠳᠤᠮᠳᠠᠳᠤ᠎ᠶ᠋ᠢᠨ ᠪᠣᠯᠪᠠᠰᠤᠨ᠎ᠳᠤ ᠢᠯᠡ ᠲᠣᠳᠣ ᠦᠨᠳᠦᠰᠦᠲᠡᠨ᠎ᠦ ᠣᠨᠴᠠᠯᠢᠭ ᠪᠠ ᠥᠨᠢᠳᠡ ᠦᠡᠭ᠌ᠭᠡ ᠬᠤᠪᠢᠷᠠᠰᠢ ᠦᠭᠡᠢ ᠴᠠᠭ ᠦᠶ᠎ᠡ᠎ᠶ᠋ᠢᠨ ᠦᠷᠳᠡᠭ᠎ᠲᠡᠶ᠂ ᠳᠤᠮᠳᠠᠳᠤᠴᠤᠳ᠎ᠤᠨ ᠥᠪᠡᠷᠮᠢᠴᠡ ᠤᠶᠤᠨ ᠰᠠᠨᠠᠭᠠᠨ᠎ᠤ ᠶᠢᠷᠲᠢᠨᠴᠦ᠍᠎ᠲᠡᠶ᠂ ᠠᠷᠠᠳ ᠤᠯᠠᠨ᠎ᠤ ᠡᠳᠦᠷ ᠲᠤᠳᠤᠮ᠎ᠤᠨ ᠬᠡᠷᠡᠭ᠌ᠯᠡᠭᠡᠨ᠎ᠳᠦ ᠦᠯᠦ᠍ ᠮᠡᠳᠡᠭ᠌ᠳᠡᠬᠦ᠌ ᠦᠷᠳᠡᠭ᠎ᠦᠨ ᠦᠵᠡᠯᠲᠡ᠎ᠲᠡᠶ ᠶᠤᠮ᠃ ᠤᠯᠤᠰ᠎ᠵᠢᠡᠨ ᠬᠠᠢᠷᠠᠯᠠᠬᠤ ᠦᠵᠡᠯ᠎ᠢᠶᠡᠷ ᠭᠣᠣᠯ ᠪᠣᠯᠭᠠᠭ᠍ᠰᠠᠨ ᠦᠨᠳᠦᠰᠦᠲᠡᠨ᠎ᠦ ᠵᠣᠷᠢᠭ ᠰᠠᠨᠠᠭ᠎ᠠ ᠪᠠ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠪᠡᠷ ᠭᠣᠣᠯ ᠪᠣᠯᠭᠠᠭ᠍ᠰᠠᠨ ᠴᠠᠭ ᠦᠶ᠎ᠡ᠎ᠶ᠋ᠢᠨ ᠵᠣᠷᠢᠭ ᠰᠠᠨᠠᠭ᠎ᠠ ᠨᠢ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠤᠨ ᠵᠠᠯᠭᠠᠮᠵᠢᠯᠠᠯ ᠪᠠ ᠳᠡᠭᠡᠭ᠌ᠰᠢᠯᠡᠯᠲᠡ᠎ᠶ᠋ᠢ ᠭᠦᠢᠴᠡᠳ ᠢᠯᠡᠷᠡᠭᠦᠯᠦᠭ᠌ᠰᠡᠨ ᠪᠠᠢᠨ᠎ᠠ᠃ ᠱᠢᠨ᠎ᠡ ᠴᠠᠭ ᠦᠶ᠎ᠡ ᠪᠣᠯᠤᠨ ᠦᠢᠯᠡᠳᠦᠯᠭᠡ᠎ᠶ᠋ᠢᠨ ᠱᠠᠭᠠᠷᠳᠠᠯᠭ᠎ᠠ᠎ᠲᠠᠶ ᠤᠶᠠᠯᠳᠤᠭᠤᠯᠵᠤ᠂ ᠡᠷᠲᠡᠨ᠎ᠦ ᠬᠢ᠎ᠶ᠋ᠢ ᠡᠳᠦᠭᠡ᠎ᠳᠦ ᠦᠢᠯᠡᠴᠢᠯᠡᠭᠦᠯᠬᠦ᠌᠂ ᠬᠠᠭᠤᠴᠢᠨ᠎ᠢ ᠤᠷᠬᠢᠨ ᠱᠢᠨ᠎ᠡ᠎ᠶ᠋ᠢ ᠡᠭᠦᠳᠬᠦ᠌᠎ᠶ᠋ᠢ ᠪᠠᠷᠢᠮᠲᠠᠯᠠᠵᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠣᠳᠣᠬᠠᠨ᠎ᠤ ᠪᠠᠢᠳᠠᠯ᠎ᠳᠤ ᠨᠡᠩ ᠰᠠᠢ᠌ᠨ ᠠᠭᠤᠰᠤᠯᠴᠠᠭᠤᠯᠵᠤ᠂ ᠤᠳᠤ᠎ᠶ᠋ᠢᠨ ᠬᠥᠮᠦᠰ᠎ᠲᠦ ᠦᠢᠯᠡᠴᠢᠯᠡᠭᠦᠯᠵᠦ᠍᠂ ᠦᠷ᠎ᠡ ᠬᠣᠢᠴᠢᠰ ᠲᠠᠭᠠᠨ ᠤᠯᠠᠮᠵᠢᠯᠠᠬᠤ ᠬᠡᠷᠡᠭ᠌ᠲᠡᠢ ᠭᠡᠪᠡ᠃
ᠰᠦᠨ ᠳ᠋ᠡ ᠸᠧᠢ ᠭᠡᠱᠢᠭᠦᠨ ᠦᠭᠡ ᠬᠡᠯᠡᠬᠦ᠌᠎ᠳᠡᠭᠡᠨ᠂ ᠳᠤᠮᠳᠠᠳᠤ ᠤᠯᠤᠰ ᠪᠣᠯᠤᠨ ᠵᠡᠭᠦᠨ ᠡᠮᠦᠨᠡᠲᠦ ᠠᠽᠢᠶ᠎ᠠ᠎ᠶ᠋ᠢᠨ ᠤᠯᠤᠰ᠎ᠤᠳ᠎ᠤᠨ ᠬᠣᠯᠪᠣᠭ᠎ᠠ᠎ᠶ᠋ᠢᠨ ᠬᠠᠮᠲᠤᠷᠠᠯᠴᠠᠭ᠎ᠠ ᠱᠢᠨ᠎ᠡ ᠠᠵᠠ ᠲᠣᠬᠢᠶᠠᠯ᠎ᠢ ᠤᠭ᠍ᠲᠤᠨ ᠠᠪᠴᠢᠷᠠᠵᠤ᠂ ᠠᠯᠤᠰ ᠢᠷᠡᠭᠡᠳᠦᠢ ᠭᠡᠭᠡᠨ ᠰᠠᠷᠠᠭᠤᠯ ᠪᠠᠢᠨ᠎ᠠ᠃ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠨᠢ ᠨᠡᠩ ᠨᠢᠭ᠍ᠲᠠ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ᠎ᠶ᠋ᠢᠨ ᠤᠯᠤᠰ᠎ᠤᠳ᠎ᠤᠨ ᠬᠣᠯᠪᠣᠭᠠᠨ᠎ᠤ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠳᠤ ᠦᠢᠯᠡᠴᠢᠯᠡᠬᠦ᠌ ᠳᠤᠮᠳᠠ ᠶᠡᠬᠡ ᠦᠢᠯᠡᠰ ᠪᠦᠲᠦᠭᠡᠵᠦ᠍ ᠪᠣᠯᠬᠤ ᠶᠤᠮ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠡᠷᠬᠡ ᠲᠡᠭ᠌ᠰᠢ᠎ᠪᠡᠷ ᠵᠥᠪᠳᠡᠯᠴᠡᠬᠦ᠌ ᠠᠷᠠᠳᠴᠢᠯᠠᠯ᠎ᠤᠨ ᠳᠠᠪᠠᠭᠤᠯᠢᠭ᠂ ᠪᠦᠯᠬᠦᠮᠳᠡᠨ ᠨᠥᠬᠥᠷᠯᠡᠬᠦ᠌ ᠴᠢᠳᠠᠮᠵᠢ᠎ᠶ᠋ᠢᠨ ᠳᠠᠪᠠᠭᠤᠯᠢᠭ᠎ᠢᠶᠠᠨ ᠤᠯᠠᠮ ᠴᠢᠨᠠᠭᠰᠢᠳᠠ ᠪᠠᠳᠠᠷᠠᠭᠤᠯᠵᠤ᠂ ᠤᠶᠤᠨ ᠤᠬᠠᠭᠠᠨ᠎ᠢ ᠥᠷᠭᠡᠨ᠎ᠢᠶᠡᠷ ᠲᠥᠪᠯᠡᠷᠡᠭᠦᠯᠦᠨ᠂ ᠰᠠᠢ᠌ᠨ ᠠᠷᠭ᠎ᠠ ᠪᠤᠳᠤᠯᠭ᠎ᠠ᠎ᠶ᠋ᠢ ᠥᠷᠭᠡᠨ᠎ᠢᠶᠡᠷ ᠰᠦᠪᠡᠭ᠌ᠴᠢᠯᠡᠵᠦ᠍᠂ ᠵᠡᠭᠦᠨ ᠡᠮᠦᠨᠡᠲᠦ ᠠᠽᠢᠶ᠎ᠠ᠎ᠶ᠋ᠢᠨ ᠤᠯᠤᠰ᠎ᠤᠳ᠎ᠤᠨ ᠬᠣᠯᠪᠣᠭᠠᠨ᠎ᠤ ᠡᠯ᠎ᠡ ᠤᠯᠤᠰ᠎ᠤᠨ ᠬᠠᠷᠢᠶᠠᠲᠤ ᠠᠬ᠎ᠠ ᠳᠡᠭᠦᠦ᠍᠎ᠨᠡᠷ᠎ᠲᠡᠶ ᠥᠷᠭᠡᠨ᠎ᠢᠶᠡᠷ ᠬᠠᠷᠢᠯᠴᠠᠵᠤ᠂ ᠵᠡᠭᠦᠨ ᠡᠮᠦᠨᠡᠲᠦ ᠠᠽᠢᠶ᠎ᠠ᠎ᠶ᠋ᠢᠨ ᠤᠯᠤᠰ᠎ᠤᠳ᠎ᠤᠨ ᠬᠣᠯᠪᠣᠭᠠᠨ᠎ᠤ ᠡᠯ᠎ᠡ ᠤᠯᠤᠰ᠎ᠤᠨ ᠠᠷᠠᠳ ᠲᠦᠮᠡᠨ᠂ ᠤᠯᠤᠰ ᠲᠦᠷᠦ᠍᠎ᠶ᠋ᠢᠨ ᠵᠣᠬᠢᠶᠠᠨ ᠪᠠᠢᠭᠤᠯᠤᠯᠲᠠ᠂ ᠵᠠᠭᠤᠴᠢᠯᠠᠭᠤᠷ ᠤᠶᠤᠨ᠎ᠤ ᠬᠥᠮᠥᠷᠭᠡ ᠵᠡᠷᠭᠡ᠎ᠯᠦᠭᠡ᠎ᠶ᠋ᠢᠨ ᠨᠥᠬᠥᠷᠰᠡᠭ ᠶᠠᠪᠤᠯᠴᠠᠭ᠎ᠠ᠎ᠪᠠᠨ ᠴᠢᠩᠭᠠᠳᠭᠠᠵᠤ᠂ ᠬᠥᠭ᠌ᠵᠢᠯᠲᠡ᠎ᠶ᠋ᠢᠨ ᠰᠠᠢ᠌ᠨ ᠰᠠᠢᠬᠠᠨ ᠣᠷᠴᠢᠨ ᠨᠥᠬᠥᠴᠡᠯ᠎ᠢ ᠪᠤᠢ ᠪᠣᠯᠭᠠᠬᠤ ᠬᠡᠷᠡᠭᠲᠡᠢ ᠭᠡᠪᠡ᠃
ᠭᠤᠤ ᠶᠦᠩ ᠸᠸᠨ ᠭᠡᠱᠢᠭᠦᠨ ᠦᠭᠡ ᠬᠡᠯᠡᠬᠦ᠌᠎ᠳᠡᠭᠡᠨ᠂ ᠱᠢᠶᠠᠩᠭᠠᠩ ᠪᠣᠯᠤᠨ ᠣᠣᠮᠧᠨ᠎ᠦ ᠬᠢᠲᠠᠳ ᠡᠮ ᠡᠮᠨᠡᠯᠭᠡ᠎ᠶ᠋ᠢᠨ ᠰᠣᠶᠣᠯ᠎ᠢ ᠮᠡᠳᠡᠷᠡᠬᠦ᠌ ᠰᠡᠳᠭᠢᠯᠭᠡ ᠮᠠᠰᠢ ᠥᠨᠳᠥᠷ ᠪᠠᠢᠵᠤ᠂ ᠬᠢᠲᠠᠳ ᠡᠮ ᠡᠮᠨᠡᠯᠭᠡ᠎ᠶ᠋ᠢᠨ ᠱᠢᠨᠵᠢᠯᠡᠬᠦ᠌ ᠤᠬᠠᠭᠠᠨ᠎ᠤ ᠰᠤᠳᠤᠯᠭᠠᠨ ᠴᠢᠩᠭ᠎ᠠ ᠪᠠᠢᠵᠤ᠂ ᠠᠷᠠᠯᠵᠢᠶ᠎ᠠ ᠬᠥᠭ᠌ᠵᠢᠵᠦ᠂ ᠣᠯᠠᠨ ᠤᠯᠤᠰ᠎ᠤᠨ ᠵᠠᠬ᠎ᠠ ᠳᠡᠯᠭᠡᠭᠦᠷ᠎ᠢ ᠨᠡᠭᠡᠭᠡᠬᠦ᠌ ᠵᠡᠷᠭᠡ ᠲᠠᠯ᠎ᠠ᠎ᠪᠠᠷ ᠲᠡᠷᠢᠭᠦᠯᠡᠵᠦ᠍ ᠪᠠᠢᠨ᠎ᠠ᠃ ᠱᠢᠶᠠᠩᠭᠠᠩ ᠣᠣᠮᠧᠨ ᠳᠠᠪᠠᠭᠤᠯᠢᠭ᠎ᠢᠶᠠᠨ ᠪᠠᠳᠠᠷᠠᠭᠤᠯᠵᠤ᠂ ᠤᠯᠤᠰ᠎ᠤᠨ ᠬᠡᠷᠡᠭ᠌ᠴᠡᠭᠡ᠎ᠳᠦ ᠦᠢᠯᠡᠴᠢᠯᠡᠵᠦ᠍᠂ ᠬᠢᠲᠠᠳ ᠡᠮ ᠡᠮᠨᠡᠯᠭᠡ᠎ᠶ᠋ᠢᠨ ᠤᠯᠠᠨ ᠤᠯᠤᠰ᠎ᠤᠨ ᠪᠠᠷᠢᠮᠵᠢᠶᠠᠵᠢᠭᠤᠯᠤᠯᠲᠠ᠎ᠶ᠋ᠢ ᠲᠣᠭ᠍ᠲᠠᠭᠠᠬᠤ ᠠᠵᠢᠯ᠎ᠳᠤ ᠢᠳᠡᠪᠬᠢᠲᠡᠢ ᠣᠷᠣᠯᠴᠠᠵᠤ᠂ ᠤᠯᠠᠨ ᠤᠯᠤᠰ᠎ᠤᠨ ᠬᠢᠲᠠᠳ ᠡᠮ ᠡᠮᠨᠡᠯᠭᠡ᠎ᠶ᠋ᠢᠨ ᠠᠷᠠᠯᠵᠢᠶᠠᠨ᠎ᠤ ᠲᠥᠪ᠎ᠢ ᠪᠠᠢᠭᠤᠯᠵᠤ᠂ ᠬᠢᠲᠠᠳ ᠡᠮ ᠡᠮᠨᠡᠯᠭᠡ᠎ᠶ᠋ᠢᠨ ᠠᠵᠤ ᠦᠢᠯᠡᠰ᠎ᠦᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠵᠤ ᠪᠣᠯᠤᠨ᠎ᠠ ᠭᠡᠪᠡ᠃
ᠳ᠋ᠢᠯᠢᠨᠠᠷ ·ᠠᠪᠦ᠋ᠯᠠ ᠭᠡᠱᠢᠭᠦᠨ ᠦᠭᠡ ᠬᠡᠯᠡᠬᠦ ᠳ᠋ᠡᠭᠡᠨ᠂ ᠰᠣᠶᠣᠯ᠎ᠢᠶᠠᠷ ᠱᠢᠨᠵᠢᠶᠠᠩ᠎ᠢ ᠤᠮᠳᠠᠯᠠᠬᠤ ᠠᠵᠢᠯ᠎ᠢ ᠥᠷᠨᠢᠭᠦᠯᠦᠭ᠌ᠰᠡᠨ᠎ᠡᠴᠡ ᠨᠠᠭᠠᠰᠢ᠂ ᠱᠢᠨᠵᠢᠶᠠᠩ ᠬᠠᠭᠤᠴᠢ ᠰᠤᠳᠤᠯᠤᠯ ᠪᠣᠯᠤᠨ ᠲᠡᠦᠬᠡ ᠰᠣᠶᠣᠯ᠎ᠤᠨ ᠥᠪ᠎ᠢ ᠤᠯᠠᠮᠵᠢᠯᠠᠨ ᠠᠱᠢᠭ᠍ᠯᠠᠬᠤ᠎ᠶ᠋ᠢ ᠴᠢᠩᠭᠠᠳᠭᠠᠵᠤ᠂ ᠰᠢᠨᠵᠢᠶᠠᠩ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠢ ᠪᠦᠲᠦᠮᠵᠢᠲᠡᠢ ᠬᠠᠮᠠᠭᠠᠯᠠᠪᠠ᠃ ᠡᠷᠬᠡᠪᠰᠢ ᠵᠥᠪ ᠴᠢᠭ᠌ᠯᠡᠯ᠎ᠢ ᠪᠠᠷᠢᠮᠲᠠᠯᠠᠨ᠂ ᠱᠢᠨᠵᠢᠶᠠᠩ᠎ᠤᠨ ᠲᠡᠦᠬᠡ ᠪᠠ ᠳᠤᠮᠳᠠᠳᠤ᠎ᠶ᠋ᠢᠨ ᠰᠣᠶᠣᠯ᠎ᠤᠨ ᠳᠣᠲᠣᠭᠠᠳᠤ ᠬᠣᠯᠪᠣᠭ᠎ᠠ᠎ᠶ᠋ᠢ ᠭᠦᠨᠵᠡᠭᠡᠢ ᠰᠤᠳᠤᠯᠵᠤ᠂ ᠦᠨᠳᠦᠰᠦᠲᠡᠨ᠎ᠨᠦᠭᠦᠳ᠎ᠦᠨ ᠬᠠᠮᠲᠤ᠎ᠪᠠᠷ ᠡᠳ᠋ᠯᠡᠬᠦ᠌ ᠳᠤᠮᠳᠠᠳᠤ᠎ᠶ᠋ᠢᠨ ᠰᠣᠶᠣᠯ᠎ᠤᠨ ᠲᠡᠮᠳᠡᠭ ᠪᠠ ᠲᠦᠷᠢ ᠲᠥᠷᠬᠦ᠌᠎ᠶ᠋ᠢ ᠢᠯᠡᠷᠡᠭᠦᠯᠦᠨ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠤ ᠪᠦᠳᠦᠭᠡᠨ ᠪᠠᠢᠭᠤᠯᠤᠯᠲᠠ᠎ᠶ᠋ᠢ ᠴᠢᠩᠭᠠᠳᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠰᠡᠳᠭᠢᠯ᠎ᠦᠨ ᠭᠦᠨ᠎ᠳᠦ ᠦᠨᠳᠦᠰᠦᠯᠡᠭᠦᠯᠬᠦ᠌ ᠬᠡᠷᠡᠭ᠌ᠲᠡᠢ ᠭᠡᠪᠡ᠃
ᠬᠤᠷᠠᠯ᠎ᠢ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠠᠩᠬᠠᠳᠤᠭᠠᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠬ᠍ᠸ᠋ ᠴᠦᠨ ᠬᠤᠸᠠ ᠡᠷᠬᠢᠯᠡᠪᠡ᠃
ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠠᠩᠬᠠᠳᠤᠭᠠᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠱᠸᠨ ᠶᠤᠸᠠᠢ ᠶᠤᠸᠠᠢ᠂ ᠸᠠᠩ ᠶᠦᠩ᠂ ᠵᠧᠦ ᠴᠢᠶᠠᠩ᠂ ᠫᠠᠪᠠᠯᠠ·ᠭᠸᠯᠸᠭᠨᠠᠮᠵᠢᠯ᠂ ᠾᠧ ᠾᠧᠦ ᠬᠤᠸᠠ᠂ ᠯᠢᠶᠠᠩ ᠵᠧᠨ ᠶᠢᠩ᠂ ᠰᠣ᠌ ᠬᠤᠢ᠂ ᠱᠤᠤ ᠬᠣᠩ᠂ ᠭᠤᠤ ᠶᠦᠨ ᠯᠦᠩ ᠬᠤᠷᠠᠯ᠎ᠳᠤ ᠣᠷᠣᠯᠴᠠᠪᠠ᠃
(ᠰᠢᠨᠬᠤᠸᠠ ᠬᠤᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 7 ᠤ᠋ ᠴᠠᠬᠢᠯᠭᠠᠨ ᠮᠡᠳᠡᠭᠡ )
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃