2023ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2023-03-09 09:29:17

ᠵᠣᠬᠢᠶᠠᠭ᠍ᠴᠢ᠄ ᠵᠠᠩ ᠮᠢ ᠮᠢ ᠮᠧᠶ ᠴᠠᠩ ᠸᠧᠶ ᠣᠩᠱᠢᠭ᠍ᠰᠠᠨ ᠣᠳᠠᠭ᠎ᠠ᠄ 3

ᠨᠠᠮ᠎ᠤᠨ ᠲᠥᠪ ᠬᠣᠷᠢᠶ᠎ᠠ ᠵᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭ᠌ᠴᠢ ᠰᠢ ᠵᠢᠨ ᠫᠢᠩ 8 ᠤ᠋ ᠦᠳᠡ᠎ᠶ᠋ᠢᠨ ᠬᠣᠢᠨ᠎ᠠ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ ᠳ᠋ᠤ ᠤᠷᠤᠯᠴᠠᠵᠤ ᠪᠠᠢᠭ᠎ᠠ ᠴᠢᠯᠥᠭᠡᠯᠡᠬᠦ᠌ ᠴᠡᠷᠢᠭ ᠪᠠ ᠵᠡᠪᠰᠡᠭ᠌ᠲᠦ ᠴᠠᠭ᠍ᠳᠠᠭ᠎ᠠ᠎ᠶ᠋ᠢᠨ ᠴᠡᠷᠢᠭ ᠠᠩᠭᠢ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠪᠥᠬᠥᠳᠡ ᠬᠤᠷᠠᠯ᠎ᠳᠤ ᠣᠷᠣᠯᠴᠠᠬᠤ᠎ᠳᠠᠭᠠᠨ᠂ ᠨᠢᠭᠡ ᠴᠤᠭ᠍ᠴᠠᠵᠢᠭᠰᠠᠨ ᠤᠯᠤᠰ᠎ᠤᠨ ᠪᠠᠢᠯᠳᠤᠬᠤ ᠪᠣᠳᠣᠯᠭ᠎ᠠ᠎ᠶ᠋ᠢᠨ ᠱᠢᠰᠲ᠋ᠧᠮ ᠪᠠ ᠴᠢᠳᠠᠪᠤᠷᠢ᠎ᠶ᠋ᠢ ᠪᠡᠬᠢᠵᠢᠭᠦᠯᠦᠨ ᠳᠡᠭᠡᠭ᠌ᠰᠢᠯᠡᠭᠦᠯᠬᠦ᠌ ᠪᠣᠯ ᠨᠠᠮ᠎ᠤᠨ ᠲᠥᠪ ᠬᠣᠷᠢᠶ᠎ᠠ ᠡᠴᠡ ᠤᠯᠤᠰ᠎ᠢᠶᠠᠨ ᠬᠦᠴᠦᠷᠬᠡᠭ᠌ᠵᠢᠭᠦᠯᠵᠦ᠍ ᠴᠡᠷᠢᠭ᠎ᠢᠶᠡᠨ ᠬᠦᠴᠦᠷᠬᠡᠭ᠌ᠵᠢᠭᠦᠯᠬᠦ᠌᠎ᠳᠦ ᠲᠤᠯᠭᠠᠷᠠᠵᠤ ᠪᠠᠢᠭ᠎ᠠ ᠱᠢᠨ᠎ᠡ ᠪᠠᠢᠳᠠᠯ ᠱᠢᠨ᠎ᠡ ᠡᠭᠦᠷᠭᠡ ᠱᠢᠨ᠎ᠡ ᠱᠠᠭᠠᠷᠳᠠᠯᠭ᠎ᠠ᠎ᠶ᠋ᠢ ᠡᠵᠡᠮᠳᠡᠵᠦ᠍᠂ ᠬᠥᠭ᠌ᠵᠢᠯᠲᠡ ᠪᠠ ᠠᠮᠤᠷ ᠲᠦᠪᠱᠢᠨ᠎ᠢ ᠨᠠᠩ ᠰᠠᠢᠲᠤᠷ ᠨᠢᠭᠡᠳᠦᠯᠲᠡᠶ ᠲᠥᠯᠥᠪᠵᠢᠭᠦᠯᠬᠦ᠂ ᠠᠵᠤ ᠠᠬᠤᠶ᠎ᠶ᠋ᠢᠨ ᠪᠥᠲᠥᠭᠡᠨ ᠪᠠᠢᠭᠤᠯᠤᠯᠲᠠ ᠪᠠ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢ ᠨᠠᠩ ᠰᠠᠢᠲᠤᠷ ᠨᠢᠭᠡᠳᠦᠯᠲᠡᠶ ᠲᠥᠯᠥᠪᠵᠢᠭᠦᠯᠬᠦ᠎ᠶ᠋ᠢ ᠪᠣᠳᠣᠯᠬᠢᠯᠠᠵᠤ ᠲᠤᠬᠳᠠᠭᠠᠬᠰᠠᠨ ᠪᠠᠢᠯᠳᠤᠬᠤ ᠪᠣᠳᠣᠯᠭ᠎ᠠ᠎ᠶ᠋ᠢᠨ ᠪᠠᠢᠷᠢᠯᠠᠭᠤᠯᠤᠯᠲᠠ ᠮᠥᠨ᠃ ᠡᠨᠡ ᠬᠦ᠌ ᠪᠠᠢᠷᠢᠯᠠᠭᠤᠯᠤᠯᠲᠠ᠎ᠶ᠋ᠢ ᠰᠠᠢᠲᠤᠷ ᠲᠤᠭᠤᠱᠢᠯᠠᠭᠤᠯᠤᠨ ᠨᠠᠢᠳᠠᠪᠤᠷᠢᠵᠢᠭᠤᠯᠬᠤ ᠨᠢ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ᠂ ᠴᠡᠷᠢᠭ ᠪᠠᠢᠭᠤᠯᠤᠭ᠍ᠳᠠᠭ᠍ᠰᠠᠨ ᠵᠠᠭᠤᠨ ᠵᠢᠯ᠎ᠦᠨ ᠲᠡᠮᠡᠴᠡᠬᠦ ᠬᠠᠷᠠᠯᠲᠠ᠎ᠶ᠋ᠢ ᠪᠡᠶᠡᠯᠡᠭᠦᠯᠬᠦ᠌᠂ ᠮᠠᠨ᠎ᠤ ᠴᠡᠷᠢᠭ᠎ᠢ ᠳᠡᠯᠡᠬᠡᠢ᠎ᠶ᠋ᠢᠨ ᠲᠡᠷᠢᠭᠦᠨ ᠵᠡᠷᠭᠡ᠎ᠶ᠋ᠢᠨ ᠴᠡᠷᠢᠭ ᠠᠩᠭᠢ ᠪᠣᠯᠭᠠᠨ ᠲᠦᠷᠭᠡᠳᠭᠡᠨ ᠪᠠᠢᠭᠤᠯᠬᠤ᠎ᠳᠤ ᠴᠥᠮ ᠲᠤᠢᠯ᠎ᠤᠨ ᠴᠢᠬᠤᠯᠠ ᠠᠴᠢ ᠬᠣᠯᠪᠣᠭ᠍ᠳᠠᠯ᠎ᠲᠠᠶ ᠶᠤᠮ᠃ ᠦᠵᠡᠯ ᠰᠠᠨᠠᠭ᠎ᠠ ᠲᠠᠨᠢᠯᠲᠠ᠎ᠪᠠᠨ ᠨᠢᠭᠡᠳᠭᠡᠵᠦ᠍᠂ ᠬᠠᠷᠢᠭᠤᠴᠠᠯᠭ᠎ᠠ ᠡᠭᠦᠷᠭᠡᠯᠡᠯ᠎ᠢᠶᠡᠨ ᠴᠢᠩᠭᠠᠳᠭᠠᠨ᠂ ᠠᠵᠢᠯ᠎ᠤᠨ ᠨᠠᠢᠳᠠᠪᠤᠷᠢᠵᠢᠭᠤᠯᠤᠯᠲᠠ᠎ᠶ᠋ᠢ ᠴᠢᠩᠭ᠎ᠠ ᠠᠳᠭᠤᠵᠤ᠂ ᠨᠢᠭᠡ ᠴᠤᠬ᠍ᠴᠠᠵᠢᠭᠰᠠᠨ ᠤᠯᠤᠰ᠎ᠤᠨ ᠪᠠᠢᠯᠳᠤᠬᠤ ᠪᠤᠳᠤᠯᠭ᠎ᠠ᠎ᠶ᠋ᠢᠨ ᠱᠢᠰᠲ᠋ᠧᠮ ᠪᠣᠯᠤᠨ ᠴᠢᠳᠠᠪᠤᠷᠢ᠎ᠶ᠋ᠢᠨ ᠪᠠᠢᠭᠤᠯᠤᠯᠲᠠ᠎ᠶ᠋ᠢᠨ ᠱᠢᠨ᠎ᠡ ᠪᠠᠢᠳᠠᠯ᠎ᠢ ᠴᠢᠷᠮᠠᠢᠨ ᠡᠭᠦᠳᠬᠦ ᠬᠡᠷᠡᠭ᠌ᠲᠡᠢ ᠭᠡᠵᠤ ᠴᠢᠬᠤᠯᠠᠴᠢᠯᠠᠵᠠᠢ᠃

ᠬᠤᠷᠠᠯ ᠳᠡᠭᠡᠷ᠎ᠡ᠂ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠵᠥᠪᠯᠡᠯ᠎ᠦᠨ ᠯᠢᠦ ᠽᠸ᠎ᠶ᠋ᠢᠨ ᠲᠥᠯᠥᠭᠡᠯᠡᠭ᠌ᠴᠢ᠂ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠵᠡᠪᠰᠡᠭ ᠲᠣᠨᠣᠭ᠍ᠯᠠᠯ᠎ᠤᠨ ᠬᠥᠭ᠌ᠵᠢᠯᠲᠡ᠎ᠶ᠋ᠢᠨ ᠬᠡᠯᠲᠡᠰ᠎ᠦᠨ ᠷᠤᠤ ᠸᠸᠨ ᠮᠢᠨ ᠲᠥᠯᠥᠭᠡᠯᠡᠭ᠌ᠴᠢ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠳᠠᠢᠴᠢᠯᠠᠯᠲᠠ᠎ᠶ᠋ᠢᠨ ᠱᠢᠰᠲ᠋ᠧᠮ᠎ᠦᠨ ᠸᠠᠩ ᠬᠣᠩ ᠢᠦᠶ ᠲᠥᠯᠥᠭᠡᠯᠡᠭ᠌ᠴᠢ᠂ ᠬᠠᠮᠲᠤᠷᠠᠭ᠍ᠰᠠᠨ ᠠᠷᠤ ᠲᠠᠯ᠎ᠠ᠎ᠶ᠋ᠢᠨ ᠪᠠᠲᠤᠯᠠᠭ᠎ᠠ᠎ᠶ᠋ᠢᠨ ᠴᠡᠷᠢᠭ ᠠᠩᠭᠢ᠎ᠶ᠋ᠢᠨ ᠲᠠᠩ ᠯᠢᠨ ᠬᠣᠶ ᠲᠥᠯᠥᠭᠡᠯᠡᠭ᠌ᠴᠢ᠂ ᠬᠠᠭᠤᠷᠠᠶ ᠵᠠᠮ᠎ᠤᠨ ᠴᠡᠷᠢᠭ ᠤ᠋ᠨ ᠸᠠᠨ ᠵᠢᠨ ᠶᠠᠩ ᠲᠥᠯᠥᠭᠡᠯᠡᠭ᠌ᠴᠢ᠂ ᠲᠡᠯᠡᠶ᠎ᠶ᠋ᠢᠨ ᠴᠡᠷᠢᠭ ᠤ᠋ᠨ ᠸᠠᠩ ᠶᠠ ᠷᠥ᠋ ᠲᠥᠯᠥᠭᠡᠯᠡᠭ᠌ᠴᠢ ᠲᠠᠷᠠᠭᠠᠯᠠᠨ ᠦᠭᠡ ᠬᠡᠯᠡᠵᠦ᠍᠂ ᠤᠯᠤᠰ᠎ᠤᠨ ᠲᠤᠷᠱᠢᠯᠲᠠ᠎ᠶ᠋ᠢᠨ ᠲᠠᠰᠤᠭ᠎ᠤᠨ ᠪᠥᠲᠥᠭᠡᠨ ᠪᠠᠢᠭᠤᠯᠤᠯᠲᠠ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠤ ᠦᠶ᠋ᠯᠡᠳᠪᠦᠷᠢ᠎ᠶ᠋ᠢᠨ ᠴᠢᠳᠠᠪᠤᠷᠢ᠎ᠶ᠋ᠢᠨ ᠪᠠᠢᠭᠤᠯᠤᠯᠲᠠ᠂ ᠴᠢᠬᠤᠯᠠ ᠶᠡᠬᠡ ᠰᠠᠭᠤᠷᠢ ᠲᠥᠬᠥᠭᠡᠷᠦᠮᠵᠢ ᠵᠢ ᠨᠢᠭᠡᠳᠦᠯᠳᠠᠢ ᠲᠦᠯᠦᠪᠵᠢᠭᠦᠯᠦᠨ ᠪᠦᠲᠦᠭᠡᠨ ᠪᠠᠢᠭᠤᠯᠬᠤ᠂ ᠤᠯᠤᠰ᠎ᠤᠨ ᠨᠥᠭᠡᠴᠡ᠎ᠶ᠋ᠢᠨ ᠪᠥᠲᠥᠭᠡᠨ ᠪᠠᠢᠭᠤᠯᠤᠯᠲᠠ᠂ ᠬᠢᠯᠢ ᠬᠢᠵᠠᠭᠠᠷ᠎ᠤᠨ ᠲᠡᠯᠡᠶ ᠲᠠᠩᠭᠢᠰ ᠤ᠋ᠨ ᠪᠠᠳᠤᠯᠠᠨ ᠬᠠᠮᠠᠭᠠᠯᠠᠯᠲᠠ᠎ᠶ᠋ᠢᠨ ᠠᠵᠢᠯ᠂ ᠪᠥᠬᠥ᠌ ᠠᠷᠠᠳ᠎ᠤᠨ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠬᠥᠮᠦᠵᠢᠯ ᠵᠡᠷᠭᠡ ᠲᠠᠯ᠎ᠠ᠎ᠶ᠋ᠢᠨ ᠠᠰᠠᠭᠤᠳᠠᠯ᠎ᠤᠨ ᠲᠤᠬᠠᠶ ᠰᠠᠨᠠᠯ ᠰᠠᠨᠠᠭᠤᠯᠭ᠎ᠠ ᠳᠤᠷᠠᠳᠪᠠ᠃

ᠰᠢ ᠵᠢᠨ ᠫᠢᠩ ᠲᠥᠯᠥᠭᠡᠯᠡᠭ᠌ᠴᠢ ᠨᠢᠭᠡᠪᠦᠷᠢ᠎ᠶ᠋ᠢᠨ ᠶᠠᠷᠢᠶ᠎ᠠ᠎ᠶ᠋ᠢ ᠨᠠᠷᠢᠨ ᠬᠢᠨᠠᠮᠠᠭᠠᠶ ᠰᠣᠨᠣᠰᠭᠤ᠎ᠶ᠋ᠢᠨ ᠬᠠᠮᠲᠤ ᠲᠡᠳᠡᠨ᠎ᠲᠡᠶ ᠪᠠᠢᠨ ᠪᠠᠢᠨ ᠰᠠᠨᠠᠯ᠎ᠢᠶᠠᠨ ᠰᠣᠯᠢᠯᠴᠠᠪᠠ᠃ 6 ᠲᠥᠯᠥᠭᠡᠯᠡᠭ᠌ᠴᠢ ᠦᠭᠡ ᠬᠡᠯᠡᠭ᠌ᠰᠡᠨ᠎ᠦ ᠳᠠᠷᠠᠭ᠎ᠠ᠂ ᠰᠢ ᠵᠢᠨ ᠫᠢᠩ ᠴᠢᠬᠤᠯᠠ ᠶᠠᠷᠢᠶ᠎ᠠ ᠲᠠᠯᠪᠢᠵᠤ᠂ ᠭᠤᠤᠯᠳᠠᠭᠤ ᠨᠢᠭᠡ ᠴᠤᠭ᠍ᠴᠠᠵᠢᠭᠰᠠᠨ ᠤᠯᠤᠰ᠎ᠤᠨ ᠪᠠᠢᠯᠳᠤᠬᠤ ᠪᠣᠳᠣᠯᠭ᠎ᠠ᠎ᠶ᠋ᠢᠨ ᠱᠢᠰᠲ᠋ᠧᠮ ᠪᠠ ᠴᠢᠳᠠᠪᠤᠷᠢ᠎ᠶ᠋ᠢ ᠪᠡᠬᠢᠵᠢᠭᠦᠯᠦᠨ ᠳᠡᠭᠡᠭ᠌ᠰᠢᠯᠡᠭᠦᠯᠬᠦ᠌ ᠵᠢᠨ ᠲᠤᠭᠤᠷᠢᠨ ᠳ᠋ᠤ ᠱᠠᠭᠠᠷᠳᠠᠯᠭ᠎ᠠ ᠳᠤᠷᠠᠳᠪᠠ᠃ ᠲᠡᠷᠡ᠂ ᠨᠢᠭᠡ ᠴᠣᠭ᠍ᠴᠠᠵᠢᠭ᠍ᠰᠠᠨ ᠤᠯᠤᠰ᠎ᠤᠨ ᠪᠠᠢᠯᠳᠤᠬᠤ ᠪᠣᠳᠣᠯᠭ᠎ᠠ᠎ᠶ᠋ᠢᠨ ᠱᠢᠰᠲ᠋ᠧᠮ ᠪᠣᠯᠤᠨ ᠴᠢᠳᠠᠪᠤᠷᠢ᠎ᠶ᠋ᠢ ᠪᠡᠬᠢᠵᠢᠭᠦᠯᠦᠨ ᠳᠡᠭᠡᠭ᠌ᠰᠢᠯᠡᠭᠦᠯᠬᠦ᠌᠎ᠶ᠋ᠢᠨ ᠵᠠᠩᠭᠢᠯᠠᠭ᠎ᠠ᠎ᠨᠢ ᠨᠢᠭᠡ ᠴᠣᠭ᠍ᠴᠠᠵᠢᠭᠤᠯᠬᠤ ᠳᠡᠭᠡᠷ᠎ᠡ ᠬᠦᠴᠦ᠍ ᠲᠠᠯᠪᠢᠵᠤ᠂ ᠤᠯᠤᠰ᠎ᠤᠨ ᠪᠠᠢᠯᠳᠤᠬᠤ ᠪᠣᠳᠣᠯᠭ᠎ᠠ᠎ᠶ᠋ᠢᠨ ᠴᠢᠳᠠᠪᠤᠷᠢ ᠵᠢ ᠬᠠᠮᠤᠭ᠎ᠤᠨ ᠶᠡᠬᠡ ᠪᠣᠯᠭᠠᠬᠤ ᠵᠢ ᠪᠡᠶᠡᠯᠡᠭᠦᠯᠬᠦ᠌᠎ᠳᠦ ᠪᠠᠢᠨ᠎ᠠ᠃ ᠨᠠᠮ᠎ᠤᠨ ᠲᠥᠪ ᠬᠣᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠡᠯ᠎ᠡ ᠬᠦᠷᠢᠶ᠎ᠠ ᠴᠠᠷᠠᠭ᠎ᠠ ᠳ᠋ᠡᠬᠢ ᠪᠠᠢᠯᠳᠤᠬᠤ ᠪᠤᠳᠤᠯᠭ᠎ᠠ᠎ᠶ᠋ᠢᠨ ᠪᠠᠢᠷᠢᠱᠢᠭᠤᠯᠤᠯᠲᠠ᠎ᠶ᠋ᠢ ᠨᠢᠭᠡ ᠴᠤᠬ᠍ᠴᠠᠵᠢᠭᠤᠯᠤᠨ ᠠᠭᠤᠰᠤᠯᠴᠠᠭᠤᠯᠬᠤ᠂ ᠪᠠᠢᠯᠳᠤᠬᠤ ᠪᠤᠳᠤᠯᠭ᠎ᠠ᠎ᠶ᠋ᠢᠨ ᠡᠬᠢ ᠪᠠᠶᠠᠯᠢᠭ᠎ᠢ ᠨᠢᠭᠡ ᠴᠤᠬ᠍ᠴᠠᠵᠢᠭᠤᠯᠤᠨ ᠨᠡᠢᠳᠭᠡᠬᠦ᠌᠂ ᠪᠠᠢᠯᠳᠤᠬᠤ ᠪᠤᠳᠤᠯᠭ᠎ᠠ᠎ᠶ᠋ᠢᠨ ᠬᠦᠴᠦᠨ᠎ᠢ ᠨᠢᠭᠡ ᠴᠤᠬ᠍ᠴᠠᠵᠢᠭᠤᠯᠤᠨ ᠬᠡᠷᠡᠭ᠌ᠯᠡᠬᠦ᠌᠎ᠶ᠋ᠢ ᠴᠢᠩᠭᠠᠳᠭᠠᠵᠤ᠂ ᠮᠠᠨ᠎ᠤ ᠤᠯᠤᠰ᠎ᠤᠨ ᠪᠠᠢᠯᠳᠤᠬᠤ ᠪᠤᠳᠤᠯᠭ᠎ᠠ᠎ᠶ᠋ᠢᠨ ᠠᠶᠤᠯ ᠲᠦᠭ᠌ᠰᠢᠭᠦᠷᠢ᠎ᠶ᠋ᠢ ᠠᠷᠭᠠᠴᠠᠭᠠᠬᠤ᠂ ᠪᠠᠢᠯᠳᠤᠬᠤ ᠪᠤᠳᠤᠯᠭ᠎ᠠ᠎ᠶ᠋ᠢᠨ ᠠᠱᠢᠭ ᠲᠤᠰᠠ᠎ᠶ᠋ᠢ ᠬᠠᠮᠠᠭᠠᠯᠠᠬᠤ᠂ ᠪᠠᠢᠯᠳᠤᠬᠤ ᠪᠤᠳᠤᠯᠭ᠎ᠠ᠎ᠶ᠋ᠢᠨ ᠬᠠᠷᠠᠯᠲᠠ᠎ᠶ᠋ᠢ ᠪᠡᠶᠡᠯᠡᠭᠦᠯᠬᠦ᠌ ᠪᠦᠬᠦᠯᠢ ᠴᠣᠭ᠍ᠴᠠ᠎ᠶ᠋ᠢᠨ ᠪᠣᠳᠠᠲᠤ ᠬᠦᠴᠦᠨ᠎ᠢ ᠱᠢᠰᠲ᠋ᠧᠮ᠎ᠲᠡᠶ ᠳᠡᠭᠡᠭ᠌ᠰᠢᠯᠡᠭᠦᠯᠬᠦ᠌ ᠬᠡᠷᠡᠭ᠌ᠲᠡᠢ ᠭᠡᠵᠤ ᠴᠢᠬᠤᠯᠠᠴᠢᠯᠠᠪᠠ᠃

ᠰᠢ ᠵᠢᠨ ᠫᠢᠩ᠂ ᠨᠢᠭᠡ ᠴᠤᠬ᠍ᠴᠠᠵᠢᠭᠰᠠᠨ ᠤᠯᠤᠰ᠎ᠤᠨ ᠪᠠᠢᠯᠳᠤᠬᠤ ᠪᠤᠳᠤᠯᠭ᠎ᠠ᠎ᠶ᠋ᠢᠨ ᠱᠢᠰᠲ᠋ᠧᠮ ᠪᠣᠯᠤᠨ ᠴᠢᠳᠠᠪᠤᠷᠢ᠎ᠶ᠋ᠢ ᠪᠡᠬᠢᠵᠢᠭᠦᠯᠦᠨ ᠳᠡᠭᠡᠭ᠌ᠰᠢᠯᠡᠭᠦᠯᠬᠦ᠌ ᠪᠣᠯ ᠨᠠᠷᠢᠨ ᠪᠤᠳᠤᠯᠢᠶᠠᠨᠲᠠᠢ ᠱᠢᠰᠲ᠋ᠧᠮᠲᠦ ᠢᠨᠵᠧᠨᠧᠷᠢᠩ ᠮᠥᠨ᠂ ᠪᠦᠬᠦ᠌ ᠲᠠᠯ᠎ᠠ᠎ᠶ᠋ᠢ ᠨᠢᠭᠡᠳᠦᠯᠲᠡᠢ ᠲᠥᠯᠥᠪᠵᠢᠭᠦᠯᠵᠦ᠍᠂ ᠭᠣᠣᠯᠳᠠᠯᠭ᠎ᠠ᠎ᠶ᠋ᠢ ᠲᠤᠪᠤᠢ᠌ᠯᠭᠠᠵᠤ᠂ ᠭᠣᠣᠯᠳᠠᠯᠭ᠎ᠠ᠎ᠲᠠᠶ ᠱᠢᠪᠲᠤᠯᠤᠯᠲᠠ᠎ᠪᠠᠷ ᠪᠦᠬᠦᠯᠢ ᠴᠣᠭ᠍ᠴᠠ᠎ᠵᠢᠨ ᠠᠬᠢᠴᠠ ᠵᠢ ᠳᠠᠢᠴᠢᠯᠠᠬᠤ ᠬᠡᠷᠡᠭ᠌ᠲᠡᠢ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠠᠮᠵᠢᠯᠴᠠᠨ ᠱᠢᠨ᠎ᠡ᠎ᠶ᠋ᠢ ᠡᠭᠦᠳᠬᠦ᠌᠎ᠶ᠋ᠢ ᠭᠦᠨᠵᠡᠭᠡᠢᠷᠡᠭᠦᠯᠵᠦ᠍᠂ ᠤᠯᠤᠰ᠎ᠤᠨ ᠲᠤᠷᠱᠢᠯᠲᠠ᠎ᠶ᠋ᠢᠨ ᠲᠠᠰᠤᠭ᠎ᠢ ᠰᠠᠢᠲᠤᠷ ᠪᠦᠲᠦᠭᠡᠨ ᠪᠠᠢᠭᠤᠯᠵᠤ᠂ ᠰᠠᠢᠲᠤᠷ ᠬᠠᠮᠢᠶᠠᠷᠴᠤ᠌᠂ ᠰᠠᠢᠲᠤᠷ ᠬᠡᠷᠡᠭ᠌ᠯᠡᠵᠦ᠍᠂ ᠪᠡᠶ᠎ᠡ᠎ᠪᠡᠨ ᠳᠠᠭᠠᠭᠠᠵᠤ ᠱᠢᠨ᠎ᠡ᠎ᠶ᠋ᠢ ᠡᠭᠦᠳᠬᠦ᠌᠂ ᠠᠩᠬᠠᠨ᠎ᠤ ᠱᠢᠨ᠎ᠡ᠎ᠶ᠋ᠢ ᠡᠭᠦᠳᠬᠦ᠌᠎ᠶ᠋ᠢ ᠬᠦᠴᠦ᠍᠎ᠪᠡᠨ ᠲᠥᠪᠯᠡᠷᠡᠭᠦᠯᠦᠨ ᠴᠢᠩᠭᠠᠳᠭᠠᠵᠤ᠂ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠠᠯ᠎ᠠ ᠪᠡᠷ ᠪᠡᠶ᠎ᠡ᠎ᠪᠡᠨ ᠳᠠᠭᠠᠭᠠᠵᠤ ᠦᠪᠡᠷ ᠢ᠋ ᠪᠠᠨ ᠬᠦᠴᠦᠷᠬᠡᠭ᠌ᠵᠢᠭᠦᠯᠬᠦ᠎ᠶ᠋ᠢ ᠲᠦᠷᠭᠡᠳᠭᠡᠨ ᠠᠬᠢᠭᠤᠯᠬᠤ ᠬᠡᠷᠡᠭ᠌ᠲᠡᠢ᠃ ᠱᠢᠨ᠎ᠡ᠎ᠪᠡᠷ ᠮᠠᠨᠳᠤᠭ᠍ᠰᠠᠨ ᠬᠦᠷᠢᠶ᠎ᠠ ᠴᠠᠷᠠᠭ᠎ᠠ ᠵᠢᠨ ᠪᠠᠢᠯᠳᠤᠬᠤ ᠪᠤᠳᠤᠯᠭ᠎ᠠ᠎ᠶ᠋ᠢᠨ ᠴᠢᠳᠠᠪᠤᠷᠢ ᠵᠢ ᠲᠦᠷᠭᠡᠪᠴᠢᠯᠠᠨ ᠳᠡᠭᠡᠭ᠌ᠰᠢᠯᠡᠭᠦᠯᠵᠦ᠍᠂ ᠤᠯᠤᠰ᠎ᠤᠨ ᠬᠥᠭ᠌ᠵᠢᠯᠲᠡ ᠪᠣᠯᠤᠨ ᠳᠡᠯᠡᠬᠡᠢ ᠲᠡᠬᠡᠷᠡᠬᠢ ᠥᠷᠢᠰᠥᠯᠳᠦᠭᠡᠨ᠎ᠦ ᠱᠢᠨ᠎ᠡ ᠳᠠᠪᠠᠭᠤᠯᠢᠭ᠎ᠢ ᠡᠷᠢᠯᠬᠢᠯᠡᠬᠦ ᠬᠡᠷᠡᠭᠳᠠᠢ᠃ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠤ ᠦᠢᠯᠡᠳᠪᠦᠷᠢ᠎ᠶ᠋ᠢᠨ ᠴᠡᠷᠢᠭ᠎ᠢ ᠬᠦᠴᠦᠷᠬᠡᠭ᠌ᠵᠢᠭᠦᠯᠬᠦ᠌ ᠳᠠᠢᠨ᠎ᠤ ᠢᠯᠠᠯᠲᠠ᠎ᠶ᠋ᠢ ᠤᠯᠬᠤ᠎ᠳᠤ ᠦᠢᠯᠡᠴᠢᠯᠡᠬᠦ᠌ ᠤᠳᠤᠷᠢᠳᠤᠮᠵᠢ᠎ᠶ᠋ᠢ ᠴᠢᠩᠭᠠᠳᠭᠠᠵᠤ᠂ ᠱᠢᠰᠲ᠋ᠧᠮ᠎ᠦᠨ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠵᠦ᠍᠂ ᠬᠥᠭ᠌ᠵᠢᠯᠲᠡ᠎ᠶ᠋ᠢᠨ ᠵᠠᠭ᠍ᠪᠤᠷ᠎ᠤᠨ ᠱᠢᠨ᠎ᠡ᠎ᠶ᠋ᠢ ᠡᠭᠦᠳᠴᠦ᠍᠂ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠤᠶᠠᠨ ᠬᠠᠳᠠᠨ ᠴᠢᠨᠠᠷ᠎ᠢ ᠴᠢᠩᠭᠠᠳᠭᠠᠬᠤ ᠬᠡᠷᠡᠭ᠌ᠲᠡᠢ᠃ ᠴᠢᠬᠤᠯᠠ ᠶᠡᠬᠡ ᠰᠠᠭᠤᠷᠢ ᠲᠥᠬᠥᠭᠡᠷᠦᠮᠵᠢ᠎ᠶ᠋ᠢ ᠨᠢᠭᠡᠳᠦᠯᠲᠡᠶ ᠲᠥᠯᠥᠪᠵᠢᠭᠦᠯᠦᠨ ᠪᠥᠲᠥᠭᠡᠨ ᠪᠠᠢᠭᠤᠯᠬᠤ᠎ᠶ᠋ᠢ ᠴᠢᠩᠭᠠᠳᠭᠠᠵᠤ᠂ ᠶᠡᠬᠡ ᠲᠠᠩᠰᠠ᠂ ᠶᠡᠷᠦᠩᠬᠡᠢᠯᠡᠭ᠌ᠰᠡᠨ ᠲᠠᠩᠰᠠ᠂ ᠠᠯᠤᠰ ᠬᠡᠲᠦ᠍᠎ᠶ᠋ᠢᠨ ᠲᠠᠩᠰᠠ᠎ᠶ᠋ᠢ ᠪᠤᠳᠤᠬᠤ᠎ᠳᠠᠭᠠᠨ ᠴᠢᠳᠠᠮᠠᠭᠠᠶ ᠪᠠᠢᠵᠤ᠂ ᠬᠠᠮᠲᠤ᠎ᠪᠠᠷ ᠪᠠᠢᠭᠤᠯᠵᠤ ᠬᠠᠮᠲᠤ᠎ᠪᠠᠷ ᠬᠡᠷᠡᠭ᠌ᠯᠡᠵᠦ᠍ ᠬᠠᠮᠲᠤ᠎ᠪᠠᠷ ᠡᠳ᠋ᠯᠡᠬᠦ᠌ ᠲᠦᠪᠱᠢᠨ᠎ᠢ ᠳᠡᠭᠡᠭ᠌ᠰᠢᠯᠡᠭᠦᠯᠬᠦ᠌ ᠬᠡᠷᠡᠭ᠌ᠲᠡᠶ᠃ ᠲᠤᠮᠤ ᠤᠯᠤᠰ᠎ᠤᠨ ᠨᠥᠭᠡᠴᠡ᠎ᠶ᠋ᠢᠨ ᠱᠢᠰᠲ᠋ᠧᠮ᠎ᠢ ᠲᠦᠷᠭᠡᠳᠬᠡᠨ ᠪᠠᠢᠭᠤᠯᠵᠤ᠂ ᠤᠯᠤᠰ᠎ᠤᠨ ᠨᠥᠭᠡᠴᠡ᠎ᠶ᠋ᠢᠨ ᠤᠯᠤᠰ᠎ᠤᠨ ᠠᠮᠤᠷ ᠲᠦᠪᠱᠢᠨ᠎ᠢ ᠬᠠᠮᠠᠭᠠᠯᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠢ ᠭᠡᠵᠤ ᠵᠢᠭᠠᠵᠤ ᠭᠠᠷᠭᠠᠵᠠᠢ᠃

ᠰᠢ ᠵᠢᠨ ᠫᠢᠩ᠂ ᠨᠢᠭᠡ ᠴᠤᠬ᠍ᠴᠠᠵᠢᠭᠰᠠᠨ ᠤᠯᠤᠰ᠎ᠤᠨ ᠪᠠᠢᠯᠳᠤᠬᠤ ᠪᠤᠳᠤᠯᠭ᠎ᠠ᠎ᠶ᠋ᠢᠨ ᠱᠢᠰᠲ᠋ᠧᠮ ᠪᠣᠯᠤᠨ ᠴᠢᠳᠠᠪᠤᠷᠢ᠎ᠶ᠋ᠢ ᠪᠡᠬᠢᠵᠢᠭᠦᠯᠦᠨ ᠳᠡᠭᠡᠭ᠌ᠰᠢᠯᠡᠭᠦᠯᠬᠦ᠌᠎ᠳᠦ ᠡᠷᠬᠡᠪᠰᠢ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠡᠴᠡ ᠬᠥᠳᠡᠯᠭᠡᠬᠦ᠌ ᠬᠦᠴᠦᠨ ᠤᠯᠬᠤ ᠬᠡᠷᠡᠭ᠌ᠲᠡᠢ᠃ ᠡᠳᠡᠭᠡᠷ ᠵᠢᠯ᠎ᠦᠳ᠎ᠲᠦ᠂ ᠡᠯ᠎ᠡ ᠬᠣᠯᠪᠣᠭ᠍ᠳᠠᠯ ᠪᠦᠬᠦᠢ ᠲᠠᠯ᠎ᠠ᠎ᠶ᠋ᠢᠨ ᠬᠢᠨ ᠨᠠᠮ᠎ᠤᠨ ᠲᠥᠪ ᠬᠣᠷᠢᠶ᠎ᠠ ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠵᠤ᠂ ᠬᠣᠯᠪᠣᠭ᠍ᠳᠠᠯ ᠪᠦᠬᠦᠢ ᠴᠢᠬᠤᠯᠠ ᠶᠡᠬᠡ ᠥᠭᠡᠷᠡᠴᠢᠯᠡᠯᠲᠡ᠎ᠶ᠋ᠢ ᠬᠦᠴᠦ᠍᠎ᠪᠡᠨ ᠬᠠᠮᠲᠤᠳᠭᠠᠨ ᠠᠬᠢᠭᠤᠯᠵᠤ᠂ ᠴᠥᠭᠡᠨ ᠪᠤᠰᠤ ᠴᠢᠬᠤᠯᠠ ᠦᠷ᠎ᠡ ᠪᠦᠲᠦᠭᠡᠯ ᠤᠯᠪᠠ᠃ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠪᠠᠢᠭᠤᠯᠤᠮᠵᠢ ᠲᠣᠭ᠍ᠲᠠᠴᠠ᠎ᠶ᠋ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠲᠥᠷᠥ᠎ᠶ᠋ᠢᠨ ᠪᠣᠳᠣᠯᠭ᠎ᠠ ᠲᠦᠷᠢᠮ᠎ᠢ ᠲᠡᠭᠦᠯᠳᠡᠷᠵᠢᠭᠦᠯᠵᠦ᠍᠂ ᠲᠣᠰ ᠲᠣᠰ᠎ᠤᠨ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠭᠰᠡᠨ᠂ ᠨᠢᠭ᠍ᠲᠠ ᠬᠠᠮᠵᠢᠯᠴᠠᠬᠰᠠᠨ᠂ ᠵᠢᠷᠤᠮᠵᠢᠩᠭᠤᠢ ᠡᠮᠬᠢ ᠲᠢᠭᠯᠢᠮ᠎ᠲᠠᠶ ᠠᠵᠢᠯ᠎ᠤᠨ ᠪᠠᠢᠷᠢᠱᠢᠯ᠎ᠢ ᠪᠦᠷᠢᠯᠳᠦᠭᠦᠯᠵᠦ᠍᠂ ᠨᠢᠭᠡ ᠴᠣᠭ᠍ᠴᠠᠵᠢᠭᠤᠯᠤᠭᠰᠠᠨ ᠤᠯᠤᠰ᠎ᠤᠨ ᠪᠠᠢᠯᠳᠤᠬᠤ ᠪᠣᠳᠣᠯᠭ᠎ᠠ᠎ᠶ᠋ᠢᠨ ᠱᠢᠰᠲ᠋ᠧᠮ ᠪᠣᠯᠤᠨ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠨᠠᠩ ᠰᠠᠢᠲᠤᠷ ᠠᠬᠢᠭᠤᠯᠬᠤ ᠬᠡᠷᠡᠭ᠌ᠲᠡᠶ ᠭᠡᠵᠤ ᠴᠢᠬᠤᠯᠠᠴᠢᠯᠠᠵᠠᠢ᠃

ᠰᠢ ᠵᠢᠨ ᠫᠢᠩ᠂ ᠡᠨᠡ ᠵᠢᠯ ᠪᠣᠯ ᠶᠠᠨ ᠠᠨ᠎ᠤ ᠬᠣᠶᠠᠷ᠎ᠢ ᠬᠦᠷᠢᠶᠡᠯᠡᠬᠦ᠌ ᠬᠥᠳᠡᠯᠭᠡᠭᠡᠨ᠎ᠦ 80 ᠵᠢᠯ᠎ᠦᠨ ᠤᠢ ᠪᠣᠯᠤᠨ᠎ᠠ᠃ ᠵᠠᠰᠠᠭ᠎ᠢᠶᠠᠨ ᠬᠦᠷᠢᠶᠡᠯᠡᠨ ᠠᠷᠠᠳ᠎ᠢᠶᠠᠨ ᠬᠠᠢᠷᠠᠯᠠᠬᠤ᠂ ᠴᠡᠷᠢᠭ᠎ᠢᠶᠡᠨ ᠬᠦᠷᠢᠶᠡᠯᠡᠨ ᠭᠡᠷ ᠪᠦᠯᠢ᠎ᠶ᠋ᠢ ᠨᠢ ᠬᠠᠷᠠᠭᠠᠯᠵᠠᠬᠤ ᠢᠷᠠᠭᠤ ᠠᠯᠳᠠᠷᠲᠤ ᠤᠯᠠᠮᠵᠢᠯᠠᠯ᠎ᠢ ᠪᠠᠳᠠᠷᠠᠭᠤᠯᠵᠤ᠂ ᠱᠢᠨ᠎ᠡ ᠴᠠᠭ ᠦᠶ᠎ᠡ᠎ᠶ᠋ᠢᠨ ᠴᠡᠷᠢᠭ ᠵᠠᠰᠠᠭ ᠴᠡᠷᠢᠭ ᠠᠷᠠᠳ᠎ᠤᠨ ᠪᠦᠯᠬᠦᠮᠳᠡᠯ᠎ᠢ ᠪᠡᠬᠢᠵᠢᠭᠦᠯᠦᠨ ᠬᠥᠭ᠌ᠵᠢᠭᠦᠯᠵᠦ᠍᠂ ᠪᠦᠬᠦ᠌ ᠨᠡᠢᠭᠡᠮ᠎ᠳᠦ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢ ᠬᠠᠯᠠᠮᠵᠢᠯᠠᠬᠤ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢ ᠬᠠᠢᠷᠠᠯᠠᠬᠤ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢ ᠪᠦᠳᠦᠭᠡᠨ ᠪᠠᠢᠭᠤᠯᠬᠤ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢ ᠬᠠᠮᠠᠭᠠᠯᠠᠬᠤ ᠬᠦᠨ ᠵᠤᠵᠠᠭᠠᠨ ᠠᠭᠤᠷ ᠠᠮᠢᠰᠭᠤᠯ᠎ᠢ ᠪᠤᠢ ᠪᠣᠯᠭᠠᠵᠤ᠂ ᠨᠢᠭᠡ ᠴᠤᠬ᠍ᠴᠠᠵᠢᠬ᠍ᠰᠠᠨ ᠤᠯᠤᠰ᠎ᠤᠨ ᠪᠠᠢᠯᠳᠤᠬᠤ ᠪᠤᠳᠤᠯᠭ᠎ᠠ᠎ᠶ᠋ᠢᠨ ᠱᠢᠰᠲ᠋ᠧᠮ ᠪᠣᠯᠤᠨ ᠴᠢᠳᠠᠪᠤᠷᠢ᠎ᠶ᠋ᠢ ᠪᠡᠬᠢᠵᠢᠭᠦᠯᠦᠨ ᠳᠡᠭᠡᠭ᠌ᠰᠢᠯᠡᠭᠦᠯᠬᠦ᠌᠂ ᠤᠯᠤᠰ᠎ᠢᠶᠠᠨ ᠬᠦᠴᠦᠷᠬᠡᠭ᠌ᠵᠢᠭᠦᠯᠬᠦ᠌ ᠴᠡᠷᠢᠭ᠎ᠢ ᠬᠦᠴᠦᠷᠬᠡᠭ᠌ᠵᠢᠭᠦᠯᠬᠦ᠌᠎ᠶ᠋ᠢ ᠠᠬᠢᠭᠤᠯᠬᠤ᠎ᠳᠤ ᠬᠦᠴᠦᠷᠬᠡᠭ ᠶᠡᠬᠡ ᠬᠦᠴᠦᠨ ᠴᠢᠳᠠᠯ᠎ᠢ ᠨᠢᠭ᠍ᠲᠠᠷᠠᠭᠤᠯᠬᠤ ᠬᠡᠷᠡᠭ᠌ᠲᠡᠢ ᠭᠡᠵᠤ ᠵᠢᠭᠠᠵᠤ ᠭᠠᠷᠭᠠᠵᠠᠢ᠃

ᠬᠤᠷᠠᠯ᠎ᠠᠴᠠ ᠡᠮᠦᠨ᠎ᠡ᠂ ᠰᠢ ᠵᠢᠨ ᠫᠢᠩ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠳᠤ ᠣᠷᠣᠯᠴᠠᠵᠤ ᠪᠠᠢᠭ᠎ᠠ ᠴᠢᠯᠥᠭᠡᠯᠡᠬᠦ᠌ ᠴᠡᠷᠢᠭ ᠪᠣᠯᠤᠨ ᠵᠡᠪᠰᠡᠭ᠌ᠲᠦ ᠴᠠᠭ᠍ᠳᠠᠭ᠎ᠠ᠎ᠶ᠋ᠢᠨ ᠴᠡᠷᠢᠭ ᠠᠩᠬᠢ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠪᠦᠬᠦ᠌ ᠲᠥᠯᠥᠭᠡᠯᠡᠭ᠌ᠴᠢᠳ᠎ᠲᠡᠶ ᠳᠣᠲᠣᠨᠣ᠎ᠪᠠᠷ ᠠᠭᠤᠯᠵᠠᠭ᠍ᠰᠠᠨ ᠪᠥᠭᠡᠳ ᠤᠯᠠᠨ᠎ᠲᠠᠶ ᠬᠠᠮᠲᠤ᠎ᠭᠡᠷᠡᠯ ᠵᠢᠷᠤᠭ ᠳᠠᠳᠠᠭᠤᠯᠵᠤ ᠳᠤᠷᠠᠰᠭᠠᠯ ᠦᠯᠡᠳᠡᠭᠡᠪᠡ᠃

ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶ᠎ᠠ ᠵᠢᠨ ᠭᠡᠱᠢᠭᠦᠨ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠳᠡᠳ᠋ ᠲᠡᠷᠢᠭᠦᠯᠡᠭ᠌ᠴᠢ ᠵᠠᠩ ᠶᠢᠦ ᠱᠢᠶᠠ ᠬᠤᠷᠠᠯ᠎ᠢ ᠡᠷᠬᠢᠯᠡᠵᠦ᠍᠂ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶ᠎ᠠ ᠵᠢᠨ ᠭᠡᠱᠢᠭᠦᠨ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠳᠡᠳ᠋ ᠲᠡᠷᠢᠭᠦᠯᠡᠭ᠌ᠴᠢ ᠾᠧ ᠸᠧᠢ ᠳ᠋ᠦᠩ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠭᠡᠱᠢᠭᠦᠨ ᠯᠢ ᠱᠠᠩ ᠹᠦ᠋᠂ ᠯᠢᠦ ᠵᠧᠨ ᠯᠢ᠂ ᠮᠢᠶᠣᠣ ᠬᠤᠸᠠ᠂ ᠵᠠᠩ ᠱᠧᠩ ᠮᠢᠨ ᠬᠤᠷᠠᠯ᠎ᠳᠤ ᠣᠷᠣᠯᠴᠠᠵᠠᠢ᠃


jie4.png


3 ᠰᠠᠷ᠎ᠠ᠎ᠶ᠋ᠢᠨ 8 ᠤ᠋ ᠦᠳᠡ ᠵᠢᠨ ᠬᠤᠢᠨ᠎ᠠ᠂ ᠨᠠᠮ᠎ᠤᠨ ᠲᠥᠪ ᠬᠣᠷᠢᠶ᠎ᠠ ᠵᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭ᠌ᠴᠢ ᠰᠢ ᠵᠢᠨ ᠫᠢᠩ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ ᠳ᠋ᠤ ᠤᠷᠤᠯᠴᠠᠵᠤ ᠪᠠᠢᠭ᠎ᠠ ᠴᠢᠯᠥᠭᠡᠯᠡᠬᠦ᠌ ᠴᠡᠷᠢᠭ ᠪᠠ ᠵᠡᠪᠰᠡᠭ᠌ᠲᠦ ᠴᠠᠭ᠍ᠳᠠᠭ᠎ᠠ᠎ᠶ᠋ᠢᠨ ᠴᠡᠷᠢᠭ ᠠᠩᠭᠢ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠪᠥᠬᠥᠳᠡ ᠬᠤᠷᠠᠯ᠎ᠳᠤ ᠣᠷᠣᠯᠴᠠᠭᠰᠠᠨ ᠪᠦᠭᠡᠳ ᠴᠢᠬᠤᠯᠠ ᠶᠠᠷᠢᠶ᠎ᠠ ᠲᠠᠯᠪᠢᠪᠠ᠃

ᠱᠢᠨᠬᠤᠸᠠ ᠬᠤᠷᠢᠶᠠᠨ᠎ᠤ ᠰᠤᠷᠪᠤᠯᠵᠢᠯᠠᠭ᠍ᠴᠢ ᠯᠢ ᠭᠠᠩ ᠰᠡᠭᠦᠳᠡᠷᠯᠡᠪᠡ



jie5.png


3 ᠰᠠᠷ᠎ᠠ᠎ᠶ᠋ᠢᠨ 8 ᠤ᠋ ᠦᠳᠡ ᠵᠢᠨ ᠬᠤᠢᠨ᠎ᠠ᠂ ᠨᠠᠮ᠎ᠤᠨ ᠲᠥᠪ ᠬᠣᠷᠢᠶ᠎ᠠ ᠵᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭ᠌ᠴᠢ ᠰᠢ ᠵᠢᠨ ᠫᠢᠩ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ ᠳ᠋ᠤ ᠤᠷᠤᠯᠴᠠᠵᠤ ᠪᠠᠢᠭ᠎ᠠ ᠴᠢᠯᠥᠭᠡᠯᠡᠬᠦ᠌ ᠴᠡᠷᠢᠭ ᠪᠠ ᠵᠡᠪᠰᠡᠭ᠌ᠲᠦ ᠴᠠᠭ᠍ᠳᠠᠭ᠎ᠠ᠎ᠶ᠋ᠢᠨ ᠴᠡᠷᠢᠭ ᠠᠩᠭᠢ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠪᠥᠬᠥᠳᠡ ᠬᠤᠷᠠᠯ᠎ᠳᠤ ᠣᠷᠣᠯᠴᠠᠪᠠ᠃ ᠵᠢᠷᠤᠭ ᠪᠤᠯ ᠬᠤᠷᠠᠯ᠎ᠠᠴᠠ ᠡᠮᠦᠨ᠎ᠡ᠂ ᠰᠢ ᠵᠢᠨ ᠫᠢᠩ ᠲᠥᠯᠥᠭᠡᠯᠡᠭ᠌ᠴᠢᠳ᠎ᠦᠨ ᠪᠦᠯᠬᠦᠮ᠎ᠦᠨ ᠪᠦᠬᠦ᠌ ᠲᠥᠯᠥᠭᠡᠯᠡᠭ᠌ᠴᠢᠳ᠎ᠲᠡᠶ ᠳᠣᠲᠣᠨᠣ᠎ᠪᠠᠷ ᠠᠭᠤᠯᠵᠠᠭ᠍ᠰᠠᠨ ᠪᠥᠭᠡᠳ ᠤᠯᠠᠨ᠎ᠲᠠᠶ ᠬᠠᠮᠲᠤ᠎ᠭᠡᠷᠡᠯ ᠵᠢᠷᠤᠭ ᠳᠠᠳᠠᠭᠤᠯᠵᠤ ᠳᠤᠷᠠᠰᠭᠠᠯ ᠦᠯᠡᠳᠡᠭᠡᠪᠡ᠃

ᠱᠢᠨᠬᠤᠸᠠ ᠬᠤᠷᠢᠶᠠᠨ ᠎ᠤ ᠰᠤᠷᠪᠤᠯᠵᠢᠯᠠᠭ᠍ᠴᠢ ᠯᠢ ᠭᠠᠩ ᠰᠡᠭᠦᠳᠡᠷᠯᠡᠪᠡ


(ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 8 ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面