2023ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2023-03-09 09:50:48

ᠵᠣᠬᠢᠶᠠᠭ᠍ᠴᠢ᠄ ᠰᠦᠩ ᠱᠤᠸᠠᠩ ᠣᠩᠱᠢᠭ᠍ᠰᠠᠨ ᠣᠳᠠᠭ᠎ᠠ᠄ 3

ᠵᠠᠩ ᠶᠠᠨ ᠺᠦᠨ ᠣᠷᠣᠯᠴᠠᠵᠠᠢ

3 ᠰᠠᠷ᠎ᠠ᠎ᠶᠢᠨ 8 ᠎ᠤ᠋ ᠦᠳᠡ᠎ᠶᠢᠨ ᠡᠮᠦᠨ᠎ᠡ᠂ ᠥᠪᠥᠷ ᠮᠣᠩᠭᠣᠯ᠎ᠳᠤ ᠰᠠᠭᠤᠭ᠎ᠠ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠦ ᠭᠡᠰᠢᠭᠦᠳ ᠳᠤᠭᠤᠢᠯᠠᠩ ᠬᠤᠪᠢᠶᠠᠵᠦ ᠤᠯᠤᠰ ᠲᠦᠷᠦ᠎ᠶᠢᠨ ᠵᠥᠪᠯᠡᠯᠭᠡᠨ᠎ᠦ ᠳᠦᠷᠢᠮ᠎ᠳᠦ ᠵᠠᠰᠠᠪᠤᠷᠢ ᠣᠷᠣᠭᠤᠯᠬᠤ ᠲᠥᠰᠥᠯ᠎ᠦᠨ ᠡᠬᠡ ᠨᠣᠣᠷᠠᠭ᠎ᠢ ᠬᠢᠨᠠᠨ ᠵᠥᠪᠯᠡᠪᠡ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠍᠎ᠶᠢᠨ ᠵᠥᠪᠯᠡᠯᠭᠡᠨ᠎ᠦ ᠲᠡᠷᠢᠭᠦᠯᠡᠭᠴᠢ ᠵᠠᠩ ᠶᠠᠨ ᠺᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠩᠭᠤ᠎ᠶᠢᠨ ᠭᠡᠰᠢᠭᠦᠨ᠂ ᠨᠢᠭᠡᠳᠦᠮᠡᠯ ᠹᠷᠣᠨᠲ᠎ᠤᠨ ᠬᠡᠯᠲᠡᠰ᠎ᠦᠨ ᠳᠠᠷᠤᠭ᠎ᠠ ᠬᠦᠦᠳᠠᠭᠤᠯᠠ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠪᠠᠢ ᠴᠢᠩ ᠶᠤᠸᠠᠨ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠍᠎ᠶᠢᠨ ᠵᠥᠪᠯᠡᠯᠭᠡᠨ᠎ᠦ ᠳᠡᠳ᠋ ᠲᠡᠷᠢᠭᠦᠯᠡᠭᠴᠢ ᠠᠨ ᠷᠦᠨ ᠱᠧᠩ᠂ ᠰᠦᠨ ᠵᠢᠶᠦ᠋ᠨ ᠴᠢᠩ ᠲᠣᠰ ᠲᠣᠰ᠎ᠤᠨ ᠪᠠᠢᠭ᠎ᠠ ᠡᠲᠡᠭᠡᠳ ᠢᠯᠭᠠᠯ᠎ᠤᠨ ᠳᠤᠭᠤᠢᠯᠠᠩ᠎ᠤᠨ ᠬᠢᠨᠠᠨ ᠵᠥᠪᠯᠡᠬᠦ᠎ᠳᠦ ᠣᠷᠣᠯᠴᠠᠪᠠ᠃

ᠭᠡᠰᠢᠭᠦᠳ᠂ ᠲᠤᠰ ᠤᠳᠠᠭ᠎ᠠ ᠤᠯᠤᠰ ᠲᠦᠷᠦ᠎ᠶᠢᠨ ᠵᠥᠪᠯᠡᠯᠭᠡᠨ᠎ᠦ ᠳᠦᠷᠢᠮ᠎ᠳᠦ ᠵᠠᠰᠠᠪᠤᠷᠢ ᠣᠷᠣᠭᠤᠯᠬᠤ ᠨᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ᠋ ᠰᠠᠨᠠᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠴᠠᠭ ᠦᠶ᠎ᠡ᠎ᠶᠢᠨ ᠱᠠᠭᠠᠷᠳᠠᠯᠭ᠎ᠠ ᠪᠣᠯᠣᠨ᠎ᠠ᠂ ᠨᠠᠮ᠎ᠤᠨ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ᠎ᠦ ᠠᠵᠢᠯ᠎ᠳᠠᠬᠢ ᠪᠦᠬᠦ ᠲᠠᠯ᠎ᠠ᠎ᠶᠢᠨ ᠤᠳᠤᠷᠢᠳᠤᠯᠭ᠎ᠠ᠎ᠶᠢ ᠪᠠᠷᠢᠮᠲᠠᠯᠠᠬᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠭᠰᠠᠨ ᠤᠯᠠᠨ ᠨᠠᠮ᠎ᠤᠨ ᠬᠠᠮᠲᠤᠷᠠᠨ ᠠᠵᠢᠯᠯᠠᠬᠤ ᠪᠠ ᠤᠯᠤᠰ ᠲᠦᠷᠦ᠎ᠶᠢᠨ ᠵᠥᠪᠯᠡᠯᠭᠡ ᠬᠢᠬᠦ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ᠂ ᠤᠯᠤᠰ ᠲᠦᠷᠦ᠎ᠶᠢᠨ ᠵᠥᠪᠯᠡᠯᠭᠡᠨ᠎ᠦ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠳᠤ ᠴᠢᠬᠤᠯᠠ ᠠᠴᠢ ᠬᠣᠯᠪᠣᠭᠳᠠᠯ᠎ᠲᠠᠢ ᠭᠡᠵᠦ ᠰᠠᠨᠠᠯ ᠨᠢᠭᠡᠲᠡᠢ ᠦᠵᠡᠵᠡᠭᠡᠪᠡ᠃

ᠳᠦᠷᠢᠮ᠎ᠳᠦ ᠵᠠᠰᠠᠪᠤᠷᠢ ᠣᠷᠣᠭᠤᠯᠬᠤ ᠲᠥᠰᠥᠯ᠎ᠦᠨ ᠨᠣᠣᠷᠠᠭ᠎ᠤᠨ ᠶᠡᠷᠦᠩᠬᠡᠢ ᠬᠥᠲᠥᠯᠪᠦᠷᠢ᠎ᠳᠦ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ᠎ᠶᠢ ᠪᠠᠷᠢᠮᠲᠠᠯᠠᠵᠤ᠂ 〈ᠲᠦᠷᠪᠡᠨ ᠤᠬᠠᠮᠰᠠᠷ〉 ᠢ᠋ᠢᠡᠨ ᠴᠢᠩᠭᠠᠳᠬᠠᠵᠤ᠂ 〈ᠲᠦᠷᠪᠡᠨ ᠢᠲᠡᠭᠡᠯ〉 ᠢ᠋ᠢᠡᠨ ᠪᠠᠲᠤᠳᠬᠠᠵᠤ᠂ 〈ᠬᠣᠶᠠᠷ᠎ᠢ ᠬᠠᠮᠠᠭᠠᠯᠠᠬᠤ〉 ᠵᠢ ᠪᠡᠶᠡᠯᠡᠭᠦᠯᠦᠨ᠎ᠡ》 ᠭᠡᠬᠦ ᠵᠡᠷᠭᠡ ᠥᠭᠦᠯᠡᠯᠲᠡ᠎ᠶᠢ ᠨᠡᠮᠡᠨ ᠤᠷᠤᠭᠤᠯᠵᠤ᠂ ᠳᠤᠮᠳᠠᠳᠤ ᠤᠯᠤᠰ᠎ᠤᠨ ᠣᠨᠴᠠᠯᠢᠭ᠋᠎ᠲᠠᠢ ᠨᠡᠢᠭᠡᠮ ᠵᠢᠷᠤᠮ᠎ᠤᠨ ᠵᠥᠪᠯᠡᠬᠦ ᠠᠷᠠᠳᠴᠢᠯᠠᠯ᠎ᠤᠨ ᠬᠠᠮᠤᠭ᠎ᠤᠨ ᠶᠡᠬᠡ ᠳᠠᠪᠠᠭᠤᠯᠢᠭ᠋ ᠪᠠ ᠬᠠᠮᠤᠭ᠎ᠤᠨ ᠢᠯᠡ ᠲᠣᠳᠣ᠌ ᠣᠨᠴᠠᠯᠢᠭ᠋᠎ᠢ ᠢᠯᠡᠷᠡᠭᠦᠯᠵᠦ᠂ ᠰᠢᠨ᠎ᠡ ᠴᠠᠭ ᠦᠶ᠎ᠡ᠎ᠶᠢᠨ ᠤᠯᠤᠰ ᠲᠦᠷᠦ᠎ᠶᠢᠨ ᠵᠥᠪᠯᠡᠯᠭᠡᠨ᠎ᠦ ᠠᠵᠢᠯ᠎ᠤᠨ ᠵᠥᠪ ᠣᠨᠣᠪᠴᠢᠲᠠᠢ ᠤᠯᠤᠰ ᠲᠦᠷᠦ᠎ᠶᠢᠨ ᠴᠢᠭᠯᠡᠯ᠎ᠢ ᠦᠨᠳᠦᠰᠦᠨ᠎ᠡᠴᠡ ᠨᠢ ᠪᠠᠲᠤᠯᠠᠪᠠ᠃ ᠯᠢᠩ ᠶᠦᠨ ᠬᠡᠰᠢᠭᠦᠨ᠂ ᠤᠯᠤᠰ ᠲᠥᠷᠥ᠍᠎ᠶᠢᠨ ᠵᠥᠪᠯᠡᠯᠭᠡᠨ᠎ᠦ ᠳᠦᠷᠢᠮ᠎ᠳᠦ ᠵᠠᠰᠠᠪᠤᠷᠢ ᠣᠷᠣᠭᠤᠯᠬᠤ ᠲᠥᠰᠥᠯ᠎ᠢ ᠪᠠᠲᠤᠯᠠᠭᠰᠠᠨ᠎ᠤ ᠳᠠᠷᠠᠭ᠎ᠠ᠂ ᠲᠡᠭᠦᠨ᠎ᠢᠶᠡᠷ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠪᠠᠷᠢᠮᠵᠢᠶ᠎ᠠ᠎ᠶᠢᠨ ᠦᠨᠳᠦᠰᠦᠯᠡᠯ ᠪᠣᠯᠭᠠᠵᠤ᠂ ᠢᠳᠡᠪᠬᠢᠲᠡᠢ ᠠᠵᠢᠯᠯᠠᠨ᠂ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠭᠰᠡᠨ ᠰᠢᠯᠢᠳᠡᠭ ᠬᠠᠷᠢᠭᠤᠯᠳᠠ ᠵᠢ ᠲᠤᠰᠢᠶᠠᠬᠤ᠎ᠪᠠᠷ ᠴᠢᠷᠮᠠᠢᠨ᠎ᠠ ᠭᠡᠵᠦ ᠢᠯᠡᠳᠬᠡᠪᠡ᠃

《ᠳᠦᠷᠢᠮ᠎ᠳᠦ ᠵᠠᠰᠠᠪᠤᠷᠢ ᠣᠷᠣᠭᠤᠯᠬᠤ ᠲᠥᠰᠥᠯ᠎ᠦᠨ ᠨᠣᠣᠷᠠᠭ᠎ᠲᠤ ᠨᠡᠮᠡᠵᠦ ᠤᠷᠤᠭᠤᠯᠤᠬᠰᠠᠨ 〈ᠦᠵᠡᠯ ᠰᠠᠨᠠᠭ᠎ᠠ ᠤᠯᠤᠰ ᠲᠦᠷᠦ᠎ᠪᠡᠷ ᠬᠥᠲᠥᠯᠥᠨ ᠳᠠᠭᠠᠭᠤᠯᠬᠤ᠎ᠶᠢ ᠴᠢᠩᠭᠠᠳᠬᠠᠬᠤ᠂ ᠬᠠᠮᠲᠤ᠎ᠶᠢᠨ ᠲᠠᠨᠢᠯᠲᠠ᠎ᠶᠢ ᠥᠷᠭᠡᠨ᠎ᠢᠶᠡᠷ ᠨᠢᠭ᠍ᠲᠠᠷᠠᠭᠤᠯᠬᠤ᠎ᠶᠢ ᠡᠭᠦᠷᠭᠡ ᠲᠤᠰᠢᠶᠠᠯ᠎ᠢᠶᠠᠨ ᠭᠦᠢᠴᠡᠳᠬᠡᠬᠦ ᠠᠵᠢᠯ᠎ᠤᠨ ᠳᠤᠮᠳᠠ ᠲᠤᠭᠤᠰᠢᠯᠠᠭᠤᠯᠬᠤ ᠬᠡᠷᠡᠭᠲᠡᠢ〉 ᠭᠡᠬᠦ ᠵᠡᠷᠭᠡ ᠥᠭᠦᠯᠡᠯᠲᠡ ᠨᠢ ᠰᠢᠨ᠎ᠡ ᠴᠠᠭ ᠦᠶ᠎ᠡ᠎ᠶᠢᠨ ᠢᠯᠡ ᠲᠣᠳᠣ᠌ ᠣᠨᠴᠠᠯᠢᠭ᠋ ᠪᠠ ᠦᠢᠯᠡᠳᠦᠯᠭᠡ᠎ᠶᠢᠨ ᠱᠠᠭᠠᠷᠳᠠᠯᠭ᠎ᠠ᠎ᠶᠢ ᠲᠤᠰᠬᠠᠵᠠᠢ》 ᠭᠡᠵᠦ ᠳᠦ ᠮᠢᠩ ᠶᠠᠨ ᠭᠡᠰᠢᠭᠦᠨ ᠬᠡᠯᠡᠪᠡ᠃

《ᠤᠯᠤᠰ ᠲᠦᠷᠦ ᠵᠢᠨ ᠵᠥᠪᠯᠡᠯᠭᠡᠨ᠎ᠦ ᠲᠦᠷᠢᠮ᠎ᠳᠦ ᠵᠠᠰᠠᠪᠤᠷᠢ ᠤᠷᠤᠭᠤᠯᠬᠤ ᠨᠢ ᠴᠠᠭ ᠲᠠᠭᠠᠨ ᠮᠠᠰᠢ ᠲᠤᠬᠢᠷᠠᠵᠠᠢ》᠃ ᠨᠡᠷᠡᠨᠪᠢᠯᠢᠭ ᠬᠡᠰᠢᠬᠦᠨ ᠤ᠋ ᠦᠵᠡᠬᠦ ᠪᠡᠷ᠂ ᠤᠯᠤᠰ ᠲᠦᠷᠦ᠎ᠶᠢᠨ ᠵᠥᠪᠯᠡᠯᠭᠡᠨ᠎ᠦ ᠳᠦᠷᠢᠮ ᠨᠢ ᠲᠠᠰᠤᠷᠠᠯᠳᠠ ᠦᠭᠡᠢ ᠰᠢᠨ᠎ᠡ ᠪᠠᠢᠳᠠᠯ᠎ᠳᠤ ᠵᠣᠬᠢᠴᠠᠵᠤ᠂ ᠰᠢᠨ᠎ᠡ ᠵᠢᠷᠤᠮᠵᠢᠯ ᠭᠠᠷᠭᠠᠪᠠᠯ ᠰᠠᠶᠢ ᠦᠢᠯᠡᠳᠦᠯ᠎ᠢᠶᠡᠨ ᠨᠡᠩ ᠰᠠᠢᠨ ᠪᠠᠳᠠᠷᠠᠭᠤᠯᠵᠤ᠂ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ᠎ᠦ ᠦᠢᠯᠡᠰ᠎ᠦᠨ ᠬᠥᠭᠵᠢᠯᠲᠡ᠎ᠶᠢ ᠠᠬᠢᠭᠤᠯᠵᠤ ᠴᠢᠳᠠᠨ᠎ᠠ᠃

ᠤᠯᠤᠰ ᠲᠦᠷᠦ᠎ᠶᠢᠨ ᠵᠥᠪᠯᠡᠯᠭᠡᠨ᠎ᠦ ᠳᠦᠷᠢᠮ᠎ᠳᠦ ᠵᠠᠰᠠᠪᠤᠷᠢ ᠣᠷᠣᠭᠤᠯᠬᠤ ᠲᠥᠰᠥᠯ᠎ᠢ ᠪᠠᠲᠤᠯᠠᠭᠰᠠᠨ᠎ᠤ ᠲᠠᠷᠠᠭ᠎ᠠ᠂ ᠰᠢᠨ᠎ᠡ ᠳᠦᠷᠢᠮ᠎ᠢ ᠰᠤᠷᠤᠯᠴᠠᠵᠤ᠂ ᠰᠢᠨ᠎ᠡ ᠳᠦᠷᠢᠮ᠎ᠢ ᠵᠢᠷᠤᠮᠯᠠᠵᠤ᠂ ᠰᠢᠨ᠎ᠡ ᠳᠦᠷᠢᠮ᠎ᠢ ᠲᠤᠭᠤᠰᠢᠯᠠᠭᠤᠯᠵᠤ᠂ ᠰᠢᠨ᠎ᠡ ᠳᠦᠷᠢᠮ᠎ᠢ ᠬᠠᠮᠠᠭᠠᠯᠠᠵᠤ᠂ ᠳᠦᠷᠢᠮ᠎ᠦᠨ ᠡᠯ᠎ᠡ ᠵᠦᠢᠯ᠎ᠦᠨ ᠱᠠᠭᠠᠷᠳᠠᠯᠭ᠎ᠠ᠎ᠶᠢ ᠲᠡᠷᠡ ᠬᠡᠪ᠎ᠢᠶᠡᠷ ᠨᠢ ᠪᠣᠳᠠᠲᠠᠢ᠎ᠳᠤ ᠨᠠᠢᠳᠠᠪᠤᠷᠢᠵᠢᠭᠤᠯᠬᠤ᠎ᠶᠢ ᠦᠨᠡᠨ ᠬᠦ᠌ ᠪᠠᠲᠤᠯᠠᠨ᠎ᠠ ᠭᠡᠵᠦ ᠭᠡᠰᠢᠭᠦᠳ ᠢᠯᠡᠳᠬᠡᠵᠡᠭᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面