2023-03-09 10:28:37
ᠵᠤᠤ ᠯᠸ ᠵᠢᠢ ᠬᠤᠷᠠᠯ᠎ᠢ ᠡᠷᠬᠢᠯᠡᠵᠡᠢ
ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢᠳ᠎ᠦᠨ ᠬᠣᠶᠠᠳᠤᠭᠠᠷ ᠤᠳᠠᠭ᠎ᠠ ᠵᠢᠨ ᠬᠤᠷᠠᠯ 8 ᠤ᠋ ᠦᠳᠡ᠎ᠶ᠋ᠢᠨ ᠡᠮᠦᠨ᠎ᠡ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠬᠤᠷᠠᠯᠳᠤᠪᠠ᠃ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠵᠤᠤ ᠯᠸ ᠵᠶ᠋ᠢ ᠬᠤᠷᠠᠯ᠎ᠢ ᠡᠷᠬᠢᠯᠡᠪᠡ᠃
ᠬᠤᠷᠠᠯ᠎ᠠᠴᠠ ᠶᠡᠬᠡ ᠬᠤᠷᠠᠯ᠎ᠤᠨ ᠳᠡᠳ᠋ ᠨᠠᠷᠢᠨ ᠪᠢᠴᠢᠭ᠎ᠦᠨ ᠳᠠᠷᠤᠭ᠎ᠠ ᠯᠢᠦ ᠵᠢᠶᠦ᠋ᠨ ᠴᠧᠨ᠎ᠦ ᠬᠢᠭ᠌ᠰᠡᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠬᠢᠨᠠᠨ ᠵᠥᠪᠯᠡᠭ᠌ᠰᠡᠨ ᠪᠠ ᠵᠠᠰᠠᠪᠤᠷᠢ ᠣᠷᠣᠭᠤᠯᠤᠬᠰᠠᠨ ᠪᠠᠢᠳᠠᠯ᠎ᠤᠨ ᠲᠤᠬᠠᠢ ᠶᠡᠬᠡ ᠬᠤᠷᠠᠯ᠎ᠤᠨ ᠨᠠᠷᠢᠨ ᠪᠢᠴᠢᠭ᠎ᠦᠨ ᠭᠠᠵᠠᠷ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ ᠵᠠᠰᠠᠭ ᠤ᠋ᠨ ᠣᠷᠳᠣᠨ᠎ᠤ ᠠᠵᠢᠯ᠎ᠤᠨ ᠢᠯᠡᠳᠭᠡᠯ᠎ᠦᠨ ᠲᠤᠬᠠᠢ ᠱᠢᠢᠳᠪᠦᠷᠢ᠎ᠶ᠋ᠢᠨ ᠲᠥᠰᠦᠯ᠎ᠤᠨ ᠨᠤᠤᠷᠠᠭ᠎ᠢ ᠬᠢᠨᠠᠨ ᠵᠥᠪᠯᠡᠪᠡ᠃
ᠬᠤᠷᠠᠯ᠎ᠠᠴᠠ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠡᠳ᠋᠎ᠦᠨ ᠵᠠᠰᠠᠭ ᠠᠵᠤ ᠠᠬᠤᠶ᠎ᠶ᠋ᠢᠨ ᠵᠥᠪᠯᠡᠯ᠎ᠦᠨ ᠡᠷᠬᠢᠯᠡᠭ᠌ᠴᠢ ᠭᠡᠱᠢᠭᠦᠨ ᠵᠥᠩ ᠱᠠᠨ᠎ᠤ ᠬᠢᠭ᠌ᠰᠡᠨ 2022 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠬᠡᠷᠡᠭ᠌ᠵᠢᠭᠦᠯᠦᠭ᠌ᠰᠡᠨ ᠪᠠᠢᠳᠠᠯ ᠬᠢᠭᠡᠳ 2023 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠥᠰᠦᠯ᠎ᠢ ᠬᠢᠨᠠᠨ ᠪᠠᠢᠴᠠᠭᠠᠭ᠍ᠰᠠᠨ ᠦᠷ᠎ᠡ ᠳ᠋ᠦᠩ᠎ᠦᠨ ᠮᠡᠳᠡᠭᠦᠯᠦᠯᠲᠡ᠎ᠶ᠋ᠢᠨ ᠬᠣᠯᠪᠣᠭ᠍ᠳᠠᠯ ᠪᠥᠬᠥᠶ ᠪᠠᠢᠳᠠᠯ᠎ᠤᠨ ᠲᠤᠬᠠᠶ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠡᠳ᠋᠎ᠦᠨ ᠵᠠᠰᠠᠭ ᠠᠵᠤ ᠠᠬᠤᠶ᠎ᠶ᠋ᠢᠨ ᠵᠥᠪᠯᠡᠯ᠎ᠦᠨ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ ᠬᠢᠨᠠᠨ ᠪᠠᠢᠴᠠᠭᠠᠭ᠍ᠰᠠᠨ ᠦᠷ᠎ᠡ ᠳ᠋ᠦᠩ᠎ᠦᠨ ᠮᠡᠳᠡᠭᠦᠯᠦᠯᠲᠡ᠎ᠶ᠋ᠢ ᠬᠢᠨᠠᠨ ᠵᠥᠪᠯᠡᠪᠡ᠃
ᠬᠤᠷᠠᠯ᠎ᠠᠴᠠ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠡᠳ᠋᠎ᠦᠨ ᠵᠠᠰᠠᠭ ᠠᠵᠤ ᠠᠬᠤᠶ᠎ᠶ᠋ᠢᠨ ᠵᠥᠪᠯᠡᠯ᠎ᠦᠨ ᠳᠡᠳ᠋ ᠡᠷᠬᠢᠯᠡᠭ᠌ᠴᠢ ᠭᠡᠱᠢᠭᠦᠨ ᠱ᠌ᠢ ᠶᠣᠣ ᠪᠢᠨ᠎ᠤ ᠬᠢᠭ᠌ᠰᠡᠨ 2022 ᠣᠨ᠎ᠤ ᠲᠥᠪ ᠤᠨ ᠪᠠ ᠣᠷᠣᠨ ᠨᠤᠲᠤᠭ᠎ᠤᠨ ᠲᠥᠰᠦᠪ᠎ᠢ ᠭᠦᠶ᠋ᠴᠡᠳᠭᠡᠭ᠌ᠰᠡᠨ ᠪᠠᠢᠳᠠᠯ ᠬᠢᠭᠡᠳ 2023 ᠣᠨ᠎ᠤ ᠲᠥᠪ ᠤᠨ ᠪᠠ ᠣᠷᠣᠨ ᠨᠤᠲᠤᠭ᠎ᠤᠨ ᠲᠥᠰᠦᠪ᠎ᠦᠨ ᠲᠥᠰᠦᠯ᠎ᠢ ᠬᠢᠨᠠᠨ ᠪᠠᠢᠴᠠᠭᠠᠭ᠍ᠰᠠᠨ ᠦᠷ᠎ᠡ ᠳ᠋ᠦᠩ᠎ᠦᠨ ᠮᠡᠳᠡᠭᠦᠯᠦᠯᠲᠡ᠎ᠶ᠋ᠢᠨ ᠬᠣᠯᠪᠣᠭ᠍ᠳᠠᠯ ᠪᠥᠬᠥᠶ ᠪᠠᠢᠳᠠᠯ᠎ᠤᠨ ᠲᠤᠬᠠᠢ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠡᠳ᠋᠎ᠦᠨ ᠵᠠᠰᠠᠭ ᠠᠵᠤ ᠠᠬᠤᠶ᠎ᠶ᠋ᠢᠨ ᠵᠥᠪᠯᠡᠯ᠎ᠦᠨ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ ᠬᠢᠨᠠᠨ ᠪᠠᠢᠴᠠᠭᠠᠭ᠍ᠰᠠᠨ ᠦᠷ᠎ᠡ ᠳ᠋ᠦᠩ᠎ᠦᠨ ᠮᠡᠳᠡᠭᠦᠯᠦᠯᠲᠡ᠎ᠶ᠋ᠢ ᠬᠢᠨᠠᠨ ᠵᠥᠪᠯᠡᠪᠡ᠃
ᠬᠤᠷᠠᠯ᠎ᠠᠴᠠ ᠯᠢᠦ ᠵᠢᠶᠦ᠋ᠨ ᠴᠧᠨ᠎ᠦ ᠬᠢᠭ᠌ᠰᠡᠨ 2022 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠬᠡᠷᠡᠭ᠌ᠵᠢᠭᠦᠯᠦᠭ᠌ᠰᠡᠨ ᠪᠠᠢᠳᠠᠯ ᠬᠢᠭᠡᠳ 2023 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠤᠬᠠᠢ ᠱᠢᠶ᠋ᠳᠪᠦᠷᠢ᠎ᠶ᠋ᠢᠨ ᠲᠥᠰᠦᠯ᠎ᠤᠨ ᠨᠤᠤᠷᠠᠭ᠂ 2022 ᠣᠨ᠎ᠤ ᠲᠥᠪ ᠤᠨ ᠪᠠ ᠣᠷᠣᠨ ᠨᠤᠲᠤᠭ᠎ᠤᠨ ᠲᠥᠰᠦᠪ᠎ᠢ ᠭᠦᠶ᠋ᠴᠡᠳᠭᠡᠭ᠌ᠰᠡᠨ ᠪᠠᠢᠳᠠᠯ ᠬᠢᠭᠡᠳ 2023 ᠣᠨ᠎ᠤ ᠲᠥᠪ ᠤᠨ ᠪᠠ ᠣᠷᠣᠨ ᠨᠤᠲᠤᠭ᠎ᠤᠨ ᠲᠥᠰᠦᠪ᠎ᠦᠨ ᠲᠤᠬᠠᠢ ᠱᠢᠶ᠋ᠳᠪᠦᠷᠢ᠎ᠶ᠋ᠢᠨ ᠲᠥᠰᠦᠯ᠎ᠤᠨ ᠨᠤᠤᠷᠠᠭ᠎ᠤᠨ ᠲᠤᠬᠠᠶ ᠶᠡᠬᠡ ᠬᠤᠷᠠᠯ᠎ᠤᠨ ᠨᠠᠷᠢᠨ ᠪᠢᠴᠢᠭ᠎ᠦᠨ ᠭᠠᠵᠠᠷ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ ᠬᠣᠶᠠᠷ ᠱᠢᠶ᠋ᠳᠪᠦᠷᠢ᠎ᠶ᠋ᠢᠨ ᠲᠥᠰᠦᠯ᠎ᠦᠨ ᠨᠤᠤᠷᠠᠭ᠎ᠢ ᠬᠢᠨᠠᠨ ᠵᠥᠪᠯᠡᠪᠡ᠃
ᠬᠤᠷᠠᠯ᠎ᠠᠴᠠ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠦᠨᠳᠦᠰᠦᠨ ᠬᠠᠤᠯᠢ ᠪᠠ ᠬᠠᠤᠯᠢ ᠴᠠᠭᠠᠵᠠ᠎ᠶ᠋ᠢᠨ ᠵᠥᠪᠯᠡᠯ᠎ᠦᠨ ᠡᠷᠬᠢᠯᠡᠭ᠌ᠴᠢ ᠭᠡᠱᠢᠭᠦᠨ ᠱᠢᠨ ᠴᠦᠨ ᠶᠢᠩ᠎ᠦᠨ ᠬᠢᠭ᠌ᠰᠡᠨ ᠬᠠᠤᠯᠢ ᠲᠣᠭ᠍ᠲᠠᠭᠠᠬᠤ ᠬᠠᠤᠯᠢ᠎ᠳᠤ ᠵᠠᠰᠠᠪᠤᠷᠢ ᠣᠷᠣᠭᠤᠯᠬᠤ ᠲᠥᠰᠦᠯ᠎ᠢ ᠬᠢᠨᠠᠨ ᠵᠥᠪᠯᠡᠭ᠌ᠰᠡᠨ ᠦᠷ᠎ᠡ ᠳ᠋ᠦᠩ᠎ᠦᠨ ᠲᠤᠬᠠᠢ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠦᠨᠳᠦᠰᠦᠨ ᠬᠠᠤᠯᠢ ᠪᠣᠯᠤᠨ ᠬᠠᠤᠯᠢ ᠴᠠᠭᠠᠵᠠ ᠵᠢᠨ ᠵᠦᠪᠯᠡᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ ᠬᠠᠤᠯᠢ ᠲᠣᠭ᠍ᠲᠠᠭᠠᠬᠤ ᠬᠠᠤᠯᠢ᠎ᠳᠤ ᠵᠠᠰᠠᠪᠤᠷᠢ ᠣᠷᠣᠭᠤᠯᠬᠤ ᠲᠤᠬᠠᠢ ᠲᠤᠬᠲᠠᠭᠠᠯ ᠤᠨ ᠲᠥᠰᠦᠯ᠎ᠢ ᠬᠢᠨᠠᠨ ᠵᠥᠪᠯᠡᠪᠡ᠃
ᠬᠤᠷᠠᠯ᠎ᠠᠴᠠ ᠯᠢᠦ ᠵᠢᠶᠦ᠋ᠨ ᠴᠧᠨ᠎ᠦ ᠬᠢᠭ᠌ᠰᠡᠨ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠤᠨ ᠰᠣᠩᠭᠣᠭᠤᠯᠢ ᠬᠢᠬᠦ᠌ ᠪᠠ ᠲᠤᠱᠢᠶᠠᠯ᠎ᠳᠤ ᠲᠣᠮᠢᠯᠠᠬᠤ ᠪᠡᠷ ᠲᠤᠭᠳᠠᠭᠠᠬᠤ ᠠᠷᠭ᠎ᠠ᠎ᠶ᠋ᠢᠨ ᠲᠥᠰᠦᠯ᠎ᠢ ᠲᠤᠭᠤᠷᠪᠢᠭ᠍ᠰᠠᠨ ᠲᠤᠬᠠᠶ ᠶᠡᠬᠡ ᠬᠤᠷᠠᠯ᠎ᠤᠨ ᠨᠠᠷᠢᠨ ᠪᠢᠴᠢᠭ᠎ᠦᠨ ᠭᠠᠵᠠᠷ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠪᠠ᠃
ᠬᠤᠷᠠᠯ᠎ᠠᠴᠠ ᠳᠡᠭᠡᠷ᠎ᠡ ᠳᠤᠷᠠᠳᠤᠭ᠍ᠰᠠᠨ ᠲᠥᠰᠦᠯ᠂ ᠮᠡᠳᠡᠭᠦᠯᠦᠯᠲᠡ ᠵᠡᠷᠭᠡ᠎ᠶ᠋ᠢ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠬᠣᠶᠠᠳᠤᠭᠠᠷ ᠤᠳᠠᠭ᠎ᠠ ᠵᠢᠨ ᠬᠤᠷᠠᠯ᠎ᠳᠤ ᠳᠡᠪᠱᠢᠭᠦᠯᠦᠨ ᠬᠢᠨᠠᠨ ᠵᠥᠪᠯᠡᠭᠦᠯᠬᠦ᠌᠎ᠶ᠋ᠢ ᠵᠥᠪᠱᠢᠶᠡᠷᠡᠪᠡ᠃
ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠯᠢ ᠭᠠᠨ ᠵᠢᠶᠧ᠂ ᠯᠢ ᠬᠣᠩ ᠵᠥᠩ᠂ ᠸᠠᠩ ᠳ᠋ᠦᠩ ᠮᠢᠩ᠂ ᠱᠢᠶᠤᠤ ᠵᠢᠶᠧ᠂ ᠵᠧᠩ ᠵᠢᠶᠠᠨ ᠪᠠᠩ᠂ ᠳ᠋ᠢᠩ ᠵᠥᠩ ᠯᠢ᠂ ᠬᠤᠤ ᠮᠢᠩ ᠵᠢᠨ᠂ ᠼᠠᠢ ᠳ᠋ᠠ ᠹᠸᠩ᠂ ᠾᠧ ᠸᠧᠶ᠂ ᠦ᠋ ᠸᠧᠶ ᠬᠤᠸᠠ ᠬᠤᠷᠠᠯ᠎ᠳᠤ ᠣᠷᠣᠯᠴᠠᠪᠠ᠃
(ᠱᠢᠨᠬᠤᠸᠠ ᠬᠤᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 8 ᠤ᠋ ᠴᠠᠬᠢᠯᠭᠠᠨ ᠮᠡᠳᠡᠭᠡ )
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃